ᠪᠤᠭᠢᠷᠲᠤᠯ ᠦᠭᠡᠢ ᠬᠦᠭᠵᠢᠯᠲᠠ ᠶᠢ ᠪᠠᠢᠷᠮᠲᠠᠯᠠᠵᠤ ᠠᠮᠢ ᠠᠬᠤᠢ ᠵᠢᠨ‌ᠤᠷᠴᠢᠨ ᠲᠤᠭᠤᠷᠢᠨ ᠢ ᠬᠦᠴᠤᠯᠠᠨ ᠰᠠᠶᠢᠵᠢᠷᠠᠭᠤᠯᠰᠤᠭᠠᠢ
ᠨᠡᠶᠢᠲᠡᠯᠡᠭᠰᠡᠨ ᠴᠠᠭ᠄
2015/11/19
             ᠠᠷᠠᠳ ᠤᠨ ᠡᠲᠤᠷ ᠤᠨ ᠰᠤᠨᠢᠨ ᠤ ᠰᠢᠬᠦᠮᠵᠢᠯᠡᠭᠴᠢ        ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠡᠰᠡᠬᠦ ᠳᠤ ᠠᠮᠢ ᠠᠬᠤᠢ ᠶᠢᠨ ᠤᠷᠴᠢᠨ ᠲᠤᠭᠤᠷᠢᠨ ᠲᠦᠢᠯ ᠤᠨ ᠵᠠᠩᠬᠢᠯᠠᠭ᠎ᠠ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ︽ᠪᠤᠬᠢᠷᠳᠤᠯ ᠦᠬᠡᠢ ᠬᠦᠭᠵᠢᠯᠳᠠ︾ ᠶᠢ ᠲᠠᠪᠤᠳᠤᠭᠠᠷ ᠪᠦᠬᠦᠳᠠ ᠬᠤᠷᠠᠯ ᠤᠨ ᠬᠦᠭᠵᠢᠯᠳᠠ ᠶᠢᠨ ᠤᠢᠢᠯᠠᠭᠠᠬᠳᠠᠬᠤᠨ ᠤ ᠨᠢᠬᠡ ᠪᠤᠯᠭᠠᠵᠤ᠂ ᠬᠦᠮᠤᠨ ᠪᠠ ᠪᠠᠶᠢᠭᠠᠯᠢ ᠡᠶ᠎ᠡ ᠵᠤᠬᠢᠴᠠᠩᠭᠤᠢ ᠪᠠᠷ ᠤᠷᠤᠰᠢᠬᠤ ᠠᠰᠠᠭᠤᠳᠠᠯ ᠢ ᠰᠢᠢᠳᠪᠤᠷᠢᠯᠡᠬᠦ ᠶᠢ ᠴᠢᠬᠤᠯᠠᠴᠢᠯᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠪᠢᠳᠠ ᠡᠷᠬᠡᠪᠰᠢ ᠡᠬᠢ ᠪᠠᠶᠠᠯᠢᠬ ᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠦᠨᠳᠤᠰᠤᠨ ᠤᠯᠤᠰ ᠤᠨ ᠪᠤᠳᠤᠯᠭ᠎ᠠ ᠶᠢ ᠪᠠᠷᠢᠮᠳᠠᠯᠠᠵᠤ᠂ ᠤᠢᠢᠯᠡᠳᠪᠤᠷᠢᠯᠠᠯ ᠬᠦ᠋ᠭᠵᠢᠭᠰᠡᠨ᠂ ᠠᠮᠢᠳᠤᠷᠠᠯ ᠪᠡᠶᠡᠨ ᠴᠢᠨᠡᠭᠡᠯᠢᠭ᠂ ᠠᠮᠢ ᠠᠬᠤᠢ ᠰᠠᠶᠢᠨ ᠰᠠᠶᠢᠬᠠᠨ ᠪᠤᠯᠪᠠᠰᠤᠨ ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠤ᠂ ᠠᠷᠠᠳ ᠲᠦᠮᠡᠨ ᠪᠠᠶᠠᠨ ᠴᠢᠨᠡᠭᠡᠯᠢᠭ᠂ ᠤᠯᠤᠰ ᠭᠦᠷᠤᠨ ᠪᠠᠶᠠᠨ ᠬᠦᠴᠦᠷᠭᠡᠭ᠂ ᠳᠤᠮᠳᠠᠳᠤ ᠤᠯᠤᠰ ᠦᠵᠡᠰᠬᠦᠯᠠᠩᠳᠤ ᠰᠠᠶᠢᠬᠠᠨ ᠪᠤᠯᠬᠤ ᠶᠢ ᠵᠤᠬᠢᠴᠠᠩᠭᠤᠢ ᠪᠠᠷ ᠠᠬᠢᠭᠤᠯᠵᠤ᠂ ᠬᠦᠮᠤᠨ ᠪᠠ ᠪᠠᠶᠢᠭᠠᠯᠢ ᠶᠢᠨ ᠡᠶ᠎ᠡ ᠵᠤᠬᠢᠴᠠᠩᠭᠤᠢ ᠪᠠᠷ ᠬᠦᠭᠵᠢᠭᠰᠡᠨ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠶᠢᠨ ᠰᠢᠨ᠎ᠠ ᠪᠠᠶᠢᠷᠢᠰᠢᠯ ᠢ ᠪᠦᠷᠢᠯᠳᠤᠬᠦᠯᠬᠦ ᠭᠡᠷᠡᠭᠳᠠᠢ᠃      ᠪᠤᠬᠢᠷᠳᠤᠯ ᠦᠬᠡᠢ ᠬᠦᠭᠵᠢᠯᠳᠠ ᠶᠢ ᠪᠠᠷᠢᠮᠳᠠᠯᠠᠬᠤ ᠳᠤ ᠡᠷᠬᠡᠪᠰᠢ ᠪᠤᠬᠢᠷᠳᠤᠯ ᠦᠬᠡᠢ ᠪᠠᠷ ᠤᠯᠤᠰ ᠢᠶᠠᠨ ᠬᠦᠴᠦᠷᠭᠡᠭᠵᠢᠬᠦᠯᠬᠦ᠂ ᠪᠤᠬᠢᠷᠳᠤᠯ ᠦᠬᠡᠢ ᠪᠠᠷ ᠠᠷᠠᠳ ᠲᠤ ᠠᠰᠢᠬ ᠬᠦᠷᠳᠡᠭᠡᠬᠦ ᠶᠢ ᠪᠠᠷᠢᠮᠳᠠᠯᠠᠵᠤ᠂ ᠪᠤᠬᠢᠷᠳᠤᠯ ᠦᠬᠡᠢ ᠬᠦᠭᠵᠢᠯᠳᠠ ᠶᠢᠨ ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠤᠬᠦᠯᠬᠦ ᠶᠢ ᠠᠬᠢᠭᠤᠯᠵᠤ᠂ ᠠᠷᠠᠳ ᠲᠦᠮᠡᠨ ᠳᠤ ᠨᠡᠩ ᠴᠢᠨᠠᠷ ᠰᠠᠶᠢᠳᠠᠢ ᠠᠮᠢ ᠠᠬᠤᠢ ᠶᠢᠨ ᠤᠢᠢᠯᠡᠳᠬᠦᠨ ᠢ ᠬᠠᠩᠭᠠᠬᠤ ᠭᠡᠷᠡᠭᠳᠠᠢ᠃ ᠬᠦᠮᠤᠨ ᠪᠠ ᠪᠠᠶᠢᠭᠠᠯᠢ ᠡᠶ᠎ᠡ ᠵᠤᠬᠢᠴᠠᠩᠭᠤᠢ ᠪᠠᠷ ᠤᠷᠤᠰᠢᠬᠤ ᠶᠢ ᠠᠬᠢᠭᠤᠯᠵᠤ᠂ ᠭᠤᠤᠯ ᠴᠤᠬᠴᠠ ᠶᠢᠨ ᠴᠢᠳᠠᠮᠵᠢᠳᠤ ᠤᠷᠤᠨ ᠢ ᠲᠦᠷᠬᠡᠪᠴᠢᠯᠡᠨ ᠪᠦᠳᠤᠬᠡᠨ ᠪᠠᠶᠢᠭᠤᠯᠵᠤ᠂ ᠨᠡᠬᠦᠷᠡᠰᠦᠳᠦ᠋ᠷᠦᠭᠴᠢ ᠪᠠᠭ᠎ᠠ ᠡᠷᠭᠢᠯᠳᠡᠳᠤ ᠬᠦᠭᠵᠢᠯᠳᠠ ᠶᠢ ᠠᠬᠢᠭᠤᠯᠵᠤ᠂ ᠡᠬᠢ ᠪᠠᠶᠠᠯᠢᠬ ᠢ ᠪᠦᠬᠦ ᠲᠠᠯ᠎ᠠ ᠪᠠᠷ ᠠᠷᠪᠢᠯᠠᠬᠤ ᠪᠠ ᠦᠨᠳᠤᠷ ᠦᠷ᠎ᠠ ᠠᠰᠢᠬᠳᠠᠢ ᠪᠠᠷ ᠠᠰᠢᠬᠯᠠᠵᠤ᠂ ᠤᠷᠴᠢᠨ ᠲᠤᠭᠤᠷᠢᠨ ᠤ ᠵᠠᠰᠠᠯᠳᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠭᠡᠷᠡᠭᠳᠠᠢ᠂ ᠲᠠᠪᠤᠳᠤᠭᠠᠷ ᠪᠦᠬᠦᠳᠠ ᠬᠤᠷᠠᠯ ᠠᠴᠠ ᠭᠤᠤᠯᠳᠠᠭᠤ ᠡᠨᠡ ᠵᠢᠷᠭᠤᠭᠠᠨ ᠲᠠᠯ᠎ᠠ ᠪᠠᠷ ᠠᠯᠢ ᠤᠯᠠᠨ ᠨᠢᠮᠪᠠᠢ ᠪᠠᠶᠢᠷᠢᠯᠠᠭᠤᠯᠤᠯᠳᠠ ᠬᠢᠵᠤ᠂ ᠪᠤᠬᠢᠷᠳᠤᠯ ᠦᠬᠡᠢ ᠬᠦᠭᠵᠢᠯᠳᠠ ᠳᠤ ᠴᠢᠭᠯᠡᠯ ᠢ ᠵᠢᠭᠠᠵᠤ ᠦᠭᠴᠠᠢ᠃      ᠪᠤᠬᠢᠷᠳᠤᠯ ᠦᠭᠡᠢ ᠬᠦᠭᠵᠢᠯᠳᠡ ᠶᠢ ᠠᠬᠢᠭᠤᠯᠬᠤ ᠳᠤ ᠦᠨᠡᠨᠬᠦ ᠠᠳᠬᠤᠵᠤ ᠪᠤᠳᠠᠳᠠᠢ ᠠᠵᠢᠯᠯᠠᠪᠠᠯ ᠰᠠᠶᠢ ᠦᠷ᠎ᠠ ᠠᠰᠢᠬ ᠤᠯᠵᠦ ᠴᠢᠳᠠᠨ᠎ᠠ᠃ ᠪᠤᠬᠢᠷᠳᠤᠯ ᠦᠭᠡᠢ ᠶᠢᠨ ᠭᠦᠢᠴᠡᠳᠭᠡᠬᠦ ᠲᠤᠭ᠎ᠠ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠪᠦᠬᠦ ᠭᠦᠢᠴᠡᠳᠭᠡᠬᠦ ᠲᠤᠭ᠎ᠠ ᠳᠠᠬᠢ ᠬᠤᠪᠢ ᠶᠢᠨ ᠵᠢᠩ ᠢ ᠤᠯᠠᠮ ᠨᠡᠮᠡᠭᠳᠡᠭᠦᠯᠵᠤ᠂ ᠠᠷᠠᠳ ᠤᠯᠠᠨ ᠤ ᠡᠷᠡᠭᠦᠯ ᠴᠢᠬᠢᠷᠠᠬ ᠢ ᠪᠠᠲᠤᠯᠠᠬᠤ ᠪᠠ ᠤᠷᠴᠢᠨ ᠲᠤᠭᠤᠷᠢᠨ ᠤ ᠶᠠᠰᠦ ᠴᠢᠨᠠᠷ ᠢ ᠰᠠᠶᠢᠵᠢᠷᠠᠭᠤᠯᠬᠤ ᠶᠢ ᠨᠡᠩ ᠢᠯᠡᠬᠦᠦ ᠬᠢᠵᠠᠭᠠᠷᠯᠠᠬᠤ ᠴᠢᠨᠠᠷᠳᠠᠢ ᠬᠠᠳᠠᠭᠤ ᠭᠦᠢᠴᠡᠳᠭᠡᠬᠦ ᠲᠤᠭ᠎ᠠ ᠪᠤᠯᠭᠠᠬᠤ ᠪᠤᠯ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠬᠤ ᠲᠦᠷᠦ ᠶᠢᠨ ᠪᠤᠳᠤᠯᠭ᠎ᠠ ᠲᠦᠷᠢᠮ ᠤᠨ ᠪᠠᠳᠤᠯᠠᠭ᠎ᠠ ᠪᠤᠯᠤᠨ᠎ᠠ᠃ ᠬᠠᠮᠤᠭ ᠤᠨ ᠴᠢᠩᠭ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠪᠤᠯᠤᠨ ᠤᠰᠤᠨ ᠤ ᠡᠬᠢ ᠪᠠᠶᠠᠯᠢᠬ ᠤᠨ ᠬᠠᠮᠢᠶᠠᠷᠤᠯᠳᠠ ᠶᠢᠨ ᠲᠦᠷᠢᠮ ᠢ ᠭᠡᠷᠡᠭᠵᠢᠬᠦᠯᠵᠦ᠂ ᠮᠤᠵᠢ ᠶᠢᠨ ᠱᠠᠳᠤᠨ ᠠᠴᠠ ᠲᠤᠷᠤᠬᠰᠢᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠶᠢᠭᠤᠯᠤᠮᠵᠢ ᠶᠢᠨ ᠬᠢᠨᠠᠨ ᠬᠡᠮᠵᠢᠯᠳᠡ ᠬᠢᠨᠠᠨ ᠪᠠᠶᠢᠴᠠᠭᠠᠯᠳᠠ ᠶᠢᠨ ᠬᠠᠤᠯᠢ ᠭᠡᠷᠡᠭᠵᠢᠭᠦᠯᠤᠯᠳᠡ ᠶᠢ ᠰᠢᠭᠤᠳ ᠬᠠᠮᠢᠶᠠᠷᠬᠤ ᠲᠦᠷᠢᠮ ᠢ ᠭᠡᠷᠡᠭᠵᠢᠭᠦᠯᠦᠭᠰᠡᠡ‌‍ᠴᠦ ᠲᠡᠷᠡ᠂ ᠡᠰᠡᠭᠦᠯ᠎ᠡ ᠠᠭᠠᠷ ᠮᠠᠨᠳᠠᠯ᠂ ᠤᠰᠦ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠶᠢ ᠭᠡᠷᠡᠭᠵᠢᠭᠦᠯᠵᠦ᠂ ᠠᠭᠤᠯᠠ ᠤᠰᠦ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠦᠮ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠰᠡᠯᠪᠢᠨ ᠵᠠᠰᠠᠬᠤ ᠢᠨᠵᠧᠨᠧᠷᠢᠩ ᠢ ᠭᠡᠷᠡᠭᠵᠢᠭᠦᠯᠦᠭᠰᠡᠡ ᠴᠦ ᠲᠡᠷᠠ ᠴᠦᠮ ᠠᠮᠢ ᠠᠬᠤᠢ ᠶᠢᠨ ᠤᠷᠴᠢᠨ ᠲᠤᠭᠤᠷᠢᠨ ᠤ ᠮᠠᠭᠤᠳᠠᠯ ᠤᠨ ᠬᠠᠨᠳᠤᠰᠢ ᠶᠢ ᠠᠯᠢ ᠲᠦᠷᠭᠡᠨ ᠢᠶᠠᠷ ᠬᠤᠷᠢᠬᠯᠠᠨ ᠵᠤᠭᠰᠤᠭᠠᠵᠤ᠂ ᠪᠤᠬᠢᠷᠳᠤᠯ ᠦᠭᠡᠢ ᠬᠦᠭᠵᠢᠯᠳᠡ ᠶᠢᠨ ᠬᠤᠷᠢᠭ᠎ᠠ ᠱᠤᠭᠤᠮ ᠢ ᠪᠠᠬᠢᠵᠢᠭᠦᠯᠬᠦ ᠶᠢᠨ ᠲᠦᠯᠦᠭᠡ ᠶᠤᠮ᠃      ᠪᠤᠬᠢᠷᠳᠤᠯ ᠦᠭᠡᠢ ᠨᠡᠬᠦᠷᠡᠰᠦᠳᠦ᠋ᠷᠦᠭᠴᠢ ᠪᠠᠭ᠎ᠠ ᠡᠷᠬᠢᠯᠳᠡᠳᠦ ᠬᠦᠭᠵᠢᠯᠳᠡ ᠪᠤᠯ ᠤᠳᠤ ᠦᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠤᠯᠤᠨ ᠠᠵᠦ ᠦᠢᠯᠡᠰ ᠤᠨ ᠬᠤᠪᠢᠰᠤᠯᠳᠠ ᠶᠢᠨ ᠬᠠᠨᠳᠤᠰᠢ ᠮᠦᠨ᠂ ᠬᠠᠮᠤᠭ ᠤᠨ ᠠᠯᠤᠰ ᠢᠷᠡᠭᠡᠳᠦᠢ ᠲᠠᠢ ᠬᠦᠭᠵᠢᠯᠳᠡ ᠶᠢᠨ ᠬᠦᠷᠢᠶ᠎ᠠ ᠮᠦᠨ᠂ ᠮᠠᠨ ᠤ ᠤᠯᠤᠰ ᠤᠨ ᠡᠨᠡ ᠲᠠᠯ᠎ᠠ ᠶᠢᠨ ᠲᠠᠯᠳᠠ ᠬᠦᠴᠦᠨ ᠯᠤᠳᠦ ᠶᠡᠭᠡ ᠪᠠᠶᠢᠬᠤ ᠪᠤᠯᠬᠤᠷ ᠮᠠᠰᠢ ᠤᠯᠠᠨ ᠰᠢᠨ᠎ᠠ ᠠᠵᠦ ᠠᠬᠤᠢ ᠶᠢᠨ ᠨᠡᠮᠡᠭᠳᠡᠯ ᠤᠨ ᠴᠡᠭ ᠢ ᠪᠦᠷᠢᠯᠳᠦᠬᠦᠯᠵᠦ᠂ ᠠᠵᠦ ᠠᠬᠤᠢ ᠶᠢᠨ ᠪᠦᠳᠦᠴᠡ ᠶᠢ ᠬᠤᠪᠢᠷᠠᠭᠤᠯᠤᠨ ᠲᠡᠰ ᠲᠡᠪᠰᠢᠬᠦᠯᠬᠦ ᠳᠤ ᠨᠡᠩ ᠬᠦᠴᠦ ᠲᠠᠢ ︽ᠪᠤᠬᠢᠷᠳᠤᠯ ᠦᠭᠡᠢ ᠬᠦᠳᠡᠯᠭᠡᠬᠦ ᠬᠦᠴᠦᠨ︾ ᠤᠯᠭᠤᠬᠤ ᠪᠤᠯᠤᠨ᠎ᠠ᠃ ᠮᠠᠨ ᠤ ᠤᠯᠤᠰ ᠤᠨ ᠠᠵᠦ ᠠᠬᠤᠢ ᠶᠢᠨ ᠬᠦᠭᠵᠢᠯᠳᠡ ᠶᠢᠨ ᠪᠤᠬᠢᠷᠳᠤᠯ ᠦᠭᠡᠢ ᠲᠦᠪᠰᠢᠨ ᠢ ᠲᠠᠰᠤᠷᠠᠯᠳᠠ‌ᠦᠭᠡᠢ ᠲᠡᠭᠡᠭᠰᠢᠯᠡᠭᠦᠯᠪᠠᠯ᠂ ᠪᠢᠳᠡ ᠠᠵᠦ ᠠᠬᠤᠢ ᠶᠢ ᠬᠦᠭᠵᠢᠭᠦᠯᠬᠦ ᠪᠠ ᠠᠮᠢ ᠠᠬᠤᠢ ᠶᠢ ᠰᠠᠶᠢᠵᠢᠷᠠᠭᠤᠯᠬᠤ ᠬᠤᠤᠰ ᠠᠮᠵᠢᠯᠳᠠ ᠶᠢ ᠤᠯᠵᠤ ᠴᠢᠳᠠᠨ᠎ᠠ᠃                ︵ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 2 ᠤᠨ ᠴᠠᠬᠢᠯᠭᠠᠨ ᠮᠡᠳᠡᠭᠡ ᠠᠴᠠ︶                                                                                      
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号