ᠬᠤᠩ ᠱᠠᠨ ᠲᠤᠭᠤᠷᠢᠭ ᠤᠨ ᠸᠧᠨ ᠵᠦᠩ ᠪᠠᠯᠭᠠᠰᠤ ᠠᠵᠤ ᠦᠢᠯᠡᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠶᠢᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/11/25
        11ᠰᠠᠷ᠎ᠠ ᠶᠢᠨ19 ᠤ ᠡᠳᠦᠷ᠂ ᠬᠤᠩ ᠱᠠᠨ ᠲᠤᠭᠤᠷᠢᠭ ᠤᠨ ᠸᠧᠨ ᠵᠦᠩ ᠪᠠᠯᠭᠠᠰᠤᠨ ᠤ ᠠᠵᠤ ᠦᠢᠯᠡᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠵᠢᠨ‌‍ᠰᠠᠭᠤᠳᠠᠯ ‍ᠤᠨ‌ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩ ᠱᠠᠨ ᠲᠤᠭᠤᠷᠢᠭ ‍ᠤᠨ‌ᠨᠠᠮ ᠤᠨ ᠬᠤᠷᠢᠶᠠᠨ ᠤ ᠱᠦᠵᠢ ᠯᠢᠦ ᠸᠠᠨ ᠬᠤ᠋᠂ ᠲᠤᠭᠤᠷᠢᠭ ᠤᠨ ᠤᠳᠤᠷᠢᠳᠤᠯᠭ᠎ᠠ ᠢᠤᠢ ᠹᠧᠩ ᡁᠢ᠂ ᠳ᠋ᠦ᠋ ᠱᠢ ᠮᠢᠩ᠂  ᠮᠠ ᠯᠢ ᠬᠤᠸᠠ᠂  ᠵᠧᠦ ᠵᠢᠩ ᠮᠢᠨ᠂  ᠮᠢᠶᠤᠤ ᠰᠢᠤ ᠮᠢᠩ᠂  ᠦᠪᠡᠷᠳᠡᠭᠡᠨ ᠵᠠᠰᠠᠬᠤ ᠤᠷᠤᠨ ᠤ ᠬᠤᠩ ᠱᠠᠨ ᠲᠤᠭᠤᠷᠢᠭ ᠲᠤ ᠰᠠᠭᠤᠭ᠎ᠠ ᠰᠤᠳᠤᠯᠤᠨ ᠵᠢᠯᠦᠭᠤᠳᠬᠤ ᠲᠤᠭᠤᠶᠢᠯᠠᠩ ᠤᠨ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠫᠧᠷᠤᠹᠧᠰᠰᠤᠷ ᠪᠢᠯᠢᠭᠦᠨ ᠬᠤᠷᠠᠯ ᠳᠤ ᠤᠷᠤᠯᠴᠠᠵᠠᠢ᠃         ᠰᠠᠭᠤᠳᠠᠯ ᠤᠨ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩ ᠱᠠᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠸᠠᠨ ᠬᠤ᠋ ᠡᠷᠬᠢᠯᠡᠵᠡᠢ᠃ ᠸᠧᠨ ᠵᠦᠩ ᠪᠠᠯᠭᠠᠰᠤᠨ ᠤ ᠰᠢᠦᠢ ᠯᠦᠩ ᠱᠦᠵᠢ ᠸᠧᠨ ᠵᠦᠩ ᠪᠠᠯᠭᠠᠰᠤᠨ ᠤ ᠠᠵᠤ ᠦᠢᠯᠡᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠨᠡᠶᠢᠷᠡᠭᠤᠯᠤᠭᠰᠡᠨ ᠪᠠᠶᠢᠳᠠᠯ ᠳᠤ ᠲᠤᠪᠴᠢ ᠮᠡᠳᠡᠭᠦᠯᠦᠯᠲᠡ ᠬᠢᠵᠡᠢ᠃  ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠯᠢᠦ ᠯᠢᠨ᠂ ᠭᠧᠦ ᠲᠢᠶᠠᠨ ᠯᠠᠢ ᠬᠤᠶᠠᠷ ᠫᠧᠷᠤᠹᠧᠰᠰᠤᠷ ᠸᠧᠨ ᠵᠦᠩ ᠪᠠᠯᠭᠠᠰᠤᠨ ᠤ ᠠᠵᠤ ᠦᠢᠯᠡᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠶᠢᠨ ᠶᠡᠷᠦᠩᠬᠡᠢ ᠪᠠᠶᠢᠳᠠᠯ ᠳᠤ ᠲᠤᠳᠤᠷᠬᠠᠶᠢᠯᠠᠯᠲᠠ ᠬᠢᠵᠡᠢ᠃ ᠸᠧᠨ ᠵᠦᠩ ᠪᠠᠯᠭᠠᠰᠤᠨ ᠤ ᠡᠯ᠎ᠡ ᠲᠤᠰᠬᠤᠨ ᠤ ᠱᠦᠵᠢ᠂  ᠲᠤᠰᠬᠤᠨ ᠤ ᠳᠠᠷᠤᠭ᠎ᠠ᠂  ᠬᠤᠩ ᠱᠠᠨ ᠲᠤᠭᠤᠷᠢᠭ ᠤᠨ ᠡᠯ᠎ᠡ ᠵᠦᠪᠯᠡᠯ ᠠᠯᠪᠠᠨ ᠭᠡᠷ ᠲᠤᠪᠴᠢᠶᠠᠨ ᠤ ᠭᠤᠤᠯ ᠬᠠᠷᠢᠭᠤᠴᠠᠯᠭᠠᠲᠠᠨ ᠵᠢᠴᠢ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠲᠤᠰᠪᠤᠷᠢ ᠸᠧᠨ ᠵᠦᠩ ᠪᠠᠯᠭᠠᠰᠤᠨ ᠤ ᠠᠵᠤ ᠦᠢᠯᠡᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠶᠢᠨ ᠤᠳᠤᠬᠢ ᠪᠠᠶᠢᠳᠠᠯ ᠤᠨ ᠵᠠᠳᠠᠯᠤᠯᠲᠠ᠂  ᠠᠵᠤ ᠦᠢᠯᠡᠰ ᠤᠨ ᠪᠠᠶᠢᠷᠢᠯᠠᠭᠤᠯᠤᠯᠲᠠ᠂  ᠰᠤᠶᠤᠯ ᠤᠨ ᠬᠦᠭᠵᠢᠯᠲᠡ᠂  ᠵᠤᠭᠠᠴᠠᠯ ᠤᠨ ᠦᠢᠯᠡᠰ᠂  ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ᠂  ᠰᠡᠯᠡᠭᠦᠴᠡᠯ ᠲᠠᠷᠢᠶᠠᠯᠠᠩ ᠵᠢᠴᠢ ᠠᠷᠪᠠ ᠶᠢ ᠪᠦᠷᠬᠦᠭᠦᠯᠬᠦ  ᠢᠨᠵᠧᠨᠧᠷᠢᠩ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠶᠠᠷᠢᠯᠴᠠᠵᠠᠢ᠃         ᠶᠠᠷᠢᠯᠴᠠᠭᠠᠨ ᠤ ᠳᠤᠮᠳᠠ᠂  ᠯᠢᠦ ᠸᠠᠨ ᠬᠤ᠋ ᠰᠤᠨᠤᠰᠬᠤ ᠶᠢᠨ ᠳᠠᠭᠠᠤ ᠳᠡᠮᠳᠡᠭᠯᠡᠵᠦ᠂ ᠸᠧᠨ ᠵᠦᠩ ᠪᠠᠯᠭᠠᠰᠤᠨ ᠤ ᠠᠵᠤ ᠦᠢᠯᠡᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠶᠢᠨ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠭᠦᠨ ᠭᠦᠨᠵᠡᠬᠡᠢ ᠶᠠᠷᠢᠯᠴᠠᠨ ᠰᠤᠳᠤᠯᠬᠤ ᠶᠢᠨ ᠬᠠᠮᠲᠤ᠂ ᠬᠤᠷᠠᠯ ᠳᠤ ᠤᠷᠤᠯᠴᠠᠭᠰᠠᠳ ᠢ ᠦᠪᠡᠷ ᠤᠨ ᠰᠠᠯᠠᠭ᠎ᠠ ᠮᠦᠴᠢᠷ ᠤᠨ ᠤᠨᠴᠠᠯᠢᠭ ᠲᠠᠢ ᠪᠠᠨ‌ᠤᠶᠠᠯᠳᠤᠭᠤᠯᠤᠨ ᠰᠠᠨᠠᠯ ᠳᠤᠷᠠᠳᠴᠤ᠂ ᠲᠦᠯᠦᠪᠵᠢᠭᠦᠯᠭᠡ ᠶᠢ ᠵᠢᠩᠬᠢᠨᠢ ᠸᠧᠨ ᠵᠦᠩ ᠪᠠᠯᠭᠠᠰᠤᠨ ᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠦᠲᠦᠯᠪᠦᠷᠢ ᠪᠤᠯᠭᠠᠬᠤ ᠬᠡᠷᠡᠭᠲᠡᠢ ᠭᠡᠵᠦ ᠬᠦᠰᠡᠨ ᠨᠠᠶᠢᠳᠠᠵᠠᠢ᠃         ᠯᠢᠦ ᠸᠠᠨ ᠬᠤ᠋ ᠵᠢᠭᠠᠬᠤ ᠳᠤ ᠪᠠᠨ᠂  ᠸᠧᠨ ᠵᠦᠩ ᠪᠠᠯᠭᠠᠰᠤᠨ ᠤ ᠭᠠᠵᠠᠷ ᠵᠦᠢ ᠶᠢᠨ ᠪᠠᠶᠢᠷᠢᠰᠢᠯ ᠤᠨᠴᠠᠭᠠᠢ  ᠂  ᠤᠯᠠᠭᠠᠨᠬᠠᠳᠠ ᠬᠤᠲᠠ ᠵᠢᠴᠢ ᠬᠤᠩ ᠱᠠᠨ ᠲᠤᠭᠤᠷᠢᠭ ᠤᠨ ᠡᠮᠦᠨ᠎ᠡ ᠡᠭᠦᠳᠡ ᠪᠠᠶᠢᠵᠤ᠂ ᠤᠯᠠᠭᠠᠨᠬᠠᠳᠠ ᠬᠤᠲᠠ ᠶᠢᠨ ᠴᠡᠴᠡᠷᠯᠢᠭ᠂  ᠤᠯᠠᠭᠠᠨᠬᠠᠳᠠ ᠬᠤᠲᠠ ᠶᠢᠨ ᠠᠵᠤ ᠦᠢᠯᠡᠰ ᠤᠨ ᠰᠢᠯᠵᠢᠯᠲᠡ ᠶᠢᠨ ᠴᠢᠬᠤᠯᠠ ᠠᠴᠢᠶᠠᠯᠠᠭᠴᠢ ᠤᠷᠤᠨ ᠤ ᠨᠢᠭᠡ᠂  ᠨᠡᠩ ᠴᠦ ᠤᠯᠠᠭᠠᠨᠬᠠᠳᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠨ ᠵᠠᠢ  ᠶᠢ ᠦᠷᠭᠡᠳᠬᠡᠭᠦ ᠴᠢᠬᠤᠯᠠ ᠭᠠᠵᠠᠷ ᠤᠷᠤᠨ ᠤ ᠨᠢᠭᠡ ᠪᠤᠯᠤᠨ᠎ᠠ᠃ ᠡᠯ᠎ᠡ ᠱᠠᠳᠤᠨ ᠤ ᠤᠳᠤᠷᠢᠳᠤᠯᠭ᠎ᠠ ᠸᠧᠨ ᠵᠦᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠩᠬᠠᠷᠤᠨ ᠬᠠᠯᠠᠮᠵᠢᠯᠠᠵᠤ ᠪᠠᠶᠢᠨ᠎ᠠ᠃  ᠬᠤᠩ ᠱᠠᠨ ᠲᠤᠭᠤᠷᠢᠭ ᠲᠡᠦᠬᠡᠨ ᠠᠴᠠ ᠪᠠᠨ ᠸᠧᠨ ᠵᠦᠩ ᠪᠠᠯᠭᠠᠰᠤᠨ ᠤ  ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠸᠧᠨ ᠵᠦᠩ ᠪᠠᠯᠭᠠᠰᠤᠨ ᠤ ᠬᠤᠶᠠᠳᠤᠭᠠᠷ ᠠᠵᠤ ᠦᠢᠯᠡᠰ ᠨᠢᠭᠡᠳᠦᠭᠡᠷ ᠠᠵᠤ ᠦᠢᠯᠡᠰ ᠠᠴᠠ ᠦᠨᠳᠦᠷ᠂  ᠲᠠᠷᠢᠶᠠᠯᠠᠩ ᠤᠨ ᠤᠳᠤᠬᠢᠴᠢᠯᠠᠯᠲᠠ ᠶᠢᠨ ᠬᠢᠷᠢ ᠲᠦᠪᠰᠢᠨ ᠦᠨᠳᠦᠷ ᠪᠤᠰᠤ ᠵᠡᠷᠭᠡ ᠤᠳᠤᠬᠢ ᠪᠠᠶᠢᠳᠠᠯ ᠳᠤ ᠬᠠᠨᠳᠤᠭᠤᠯᠵᠤ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠨᠢᠮᠪᠠᠢ ᠰᠤᠳᠤᠯᠵᠤ ᠬᠢᠨᠠᠮᠠᠭᠠᠢ ᠲᠦᠯᠦᠪᠵᠢᠭᠦᠯᠬᠦ ᠬᠡᠷᠡᠭᠲᠡᠢ᠃  ᠬᠤᠲᠠ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠲᠦᠷᠭᠡᠳᠬᠦ ᠠᠰᠢᠭᠲᠠᠢ ᠲᠤᠬᠢᠶᠠᠯ ᠢ ᠠᠳᠬᠤᠵᠦ᠂   ᠸᠧᠨ ᠵᠦᠩ ᠪᠠᠯᠭᠠᠰᠤ ᠶᠢ ᠬᠤᠩ ᠱᠠᠨ ᠲᠤᠭᠤᠷᠢᠭ ᠤᠨ ᠴᠢᠬᠤᠯᠠ ᠠᠵᠤ ᠦᠢᠯᠡᠰ ᠤᠨ ᠠᠴᠢᠶᠠᠯᠠᠭᠴᠢ ᠤᠷᠤᠨ ᠪᠤᠯᠭᠠᠨ ᠪᠦᠲᠦᠭᠡᠨ ᠪᠠᠶᠢᠭᠤᠯᠬᠤ ᠬᠡᠷᠡᠭᠲᠡᠢ᠃  ᠡᠭᠦᠨ ᠤ ᠬᠠᠮᠲᠤ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠸᠧᠨ ᠵᠦᠩ ᠪᠠᠯᠭᠠᠰᠤᠨ ᠤ ᠬᠦᠭᠵᠢᠯᠲᠡ ᠶᠢᠨ ᠲᠤᠭᠲᠠᠭᠰᠡᠨ ᠪᠠᠶᠢᠷᠢ ᠵᠢᠴᠢ ᠭᠦᠭᠵᠢᠯᠲᠠ ᠶᠢᠨ ᠤᠳᠤᠬᠢ ᠪᠠᠶᠢᠳᠠᠯ ᠤᠨ ᠲᠤᠭᠤᠷᠢᠨ ᠳᠤ  ᠂ ᠠᠷᠪᠠ ᠶᠢ ᠪᠦᠷᠬᠦᠭᠦᠯᠬᠦ  ᠢᠨᠵᠧᠨᠧᠷᠢᠩ᠂ ᠨᠠᠮ ᠤᠨ ᠪᠦᠲᠦᠭᠡᠨ ᠪᠠᠶᠢᠭᠤᠯᠤᠯᠲᠠ᠂  ᠶᠠᠳᠠᠭᠤ ᠶᠢ ᠳᠡᠳᠬᠦᠨ ᠨᠡᠭᠡᠭᠡᠨ ᠭᠦᠭᠵᠢᠭᠦᠯᠬᠦ᠂ ᠨᠡᠶᠢᠭᠡᠮ ᠤᠨ ᠰᠤᠷᠭᠠᠨ ᠬᠦᠮᠦᠵᠢᠯ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠯᠲᠡ ᠵᠡᠷᠭᠡ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃   ᠳᠡᠭᠡᠷ᠎ᠡ ᠱᠠᠲᠤᠨ ᠤ ᠰᠠᠯᠠᠭ᠎ᠠ ᠮᠦᠴᠢᠷ ᠤᠨ ᠲᠦᠷᠦᠯ ᠵᠦᠢᠯ ᠢ ᠴᠢᠩᠭ᠎ᠠ ᠡᠵᠡᠮᠳᠡᠵᠦ ᠠᠷᠭ᠎ᠠ ᠰᠦᠪᠡᠭᠴᠢᠯᠡᠬᠦ ᠪᠠᠷ ᠪᠠᠷᠠᠬᠤ ᠦᠭᠡᠢ᠂  ᠨᠡᠩ ᠴᠦ ᠨᠢᠲᠦᠨ ᠬᠠᠷᠠᠴᠠ ᠪᠠᠨ ᠦᠨᠳᠦᠰᠦᠨ ᠱᠠᠲᠤᠨ ᠳᠤ ᠲᠠᠯᠪᠢᠵᠤ᠂ ᠠᠷᠠᠳ ᠤᠨ ᠳᠤᠮᠳᠠ ᠬᠦᠷᠴᠦ᠂ ᠬᠦᠳᠡᠭᠡ ᠲᠤᠰᠬᠤᠨ ᠳᠤ ᠤᠴᠢᠵᠦ᠂ ᠠᠷᠠᠳ‌ᠤᠯᠠᠨ ᠤ ᠬᠦᠰᠡᠯ ᠪᠤᠳᠤᠯ ᠂ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠬᠤ ᠬᠡᠷᠡᠭᠲᠡᠢ᠃ ᠠᠵᠢᠯ ᠤᠨ ᠰᠤᠷᠲᠠᠯ ᠢ ᠦᠨᠡᠨᠬᠦ ᠬᠤᠪᠢᠷᠠᠭᠤᠯᠵᠤ᠂  ᠤᠶᠢᠯᠠᠭᠠᠭᠳᠠᠬᠤᠨ ᠢᠶᠠᠨ ᠬᠤᠪᠢᠷᠠᠭᠤᠯᠬᠤ ᠬᠡᠷᠡᠭᠲᠡᠢ᠃  ᠨᠢᠭᠡ ᠰᠡᠳᠬᠢᠯ ᠨᠢᠭᠡ ᠵᠤᠷᠢᠭ ᠢᠶᠠᠷ ᠸᠧᠨ ᠵᠦᠩ ᠪᠠᠯᠭᠠᠰᠤᠨ ᠤ ᠤᠴᠢᠷ ᠶᠠᠪᠤᠳᠠᠯ ᠢ ᠰᠠᠶᠢᠳᠤᠷ ᠪᠡᠶᠡᠯᠡᠭᠦᠯᠵᠦ᠂  ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠨᠢ ᠠᠷᠠᠳ ᠲᠤ ᠠᠰᠢᠭᠲᠠᠢ ᠪᠠᠶᠢᠬᠤ ᠶᠢ ᠪᠠᠲᠤᠯᠠᠬᠤ ᠬᠡᠷᠡᠭᠲᠡᠢ᠃      
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号