ᠰᠢ ᠴᠧᠩ  ᠵᠡᠭᠡᠯᠢ  ᠭᠤᠳᠤᠮᠵᠢ《 ᠲᠠᠪᠤ ᠶᠢ ᠲᠤᠭᠲᠠᠭᠠᠨ》 ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ ᠂  ᠬᠠᠷᠢᠶ᠎ᠠ ᠤᠷᠤᠨ ᠤ ᠲᠤᠭᠲᠠᠭᠤᠨ ᠢ ᠬᠠᠮᠠᠭᠠᠯᠠᠨ᠂ ᠨᠡᠶᠢᠭᠡᠮ ᠤᠨ ᠬᠦᠭᠵᠢᠯᠲᠡ ᠳᠤ ᠦᠢᠯᠡᠴᠢᠯᠡᠪᠡ
ᠨᠡᠶᠢᠲᠡᠯᠡᠭᠰᠡᠨ ᠴᠠᠭ᠄
2015-12-10
        ᠬᠤᠪᠢ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠦᠭᠵᠢᠯᠲᠡ ᠨᠡᠯᠢᠶᠡᠳ ᠲᠦᠷᠭᠡᠨ᠂  ᠠᠵᠤ ᠠᠬᠤᠢ ᠶᠢᠨ ᠤᠯᠠᠨ ᠡᠰᠢᠵᠢᠯᠲᠡ ᠶᠢᠨ ᠬᠠᠨᠳᠤᠰᠢ ᠢᠯᠡᠷᠬᠡᠢ᠂  ᠬᠦᠳᠡᠯᠮᠦᠷᠢ ᠶᠢᠨ ᠮᠠᠷᠭᠤᠭᠠᠨ‌ᠬᠠᠶᠠ‌ᠭᠠᠷᠴᠤ ᠪᠠᠶᠢᠭ᠎ᠠ ᠪᠤᠳᠠᠳᠤ ᠪᠠᠶᠢᠳᠠᠯ ᠳᠤ ᠬᠠᠨᠳᠤᠭᠤᠯᠤᠨ᠂  ᠬᠦᠳᠡᠯᠮᠦᠷᠢ ᠵᠢᠨ‌ᠬᠠᠷᠢᠴᠠᠭ᠎ᠠ ᠶᠢ ᠵᠤᠬᠢᠴᠠᠭᠤᠯᠬᠤ ᠠᠵᠢᠯ ᠢ ᠴᠢᠩᠭᠠᠳᠬᠠᠨ᠂  ᠡᠶ᠎ᠡ ᠵᠤᠬᠢᠴᠠᠯᠲᠤ ᠬᠦᠳᠡᠯᠮᠦᠷᠢ ᠶᠢᠨ ᠬᠠᠷᠢᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂  ᠬᠥᠳᠡᠯᠮᠦᠷᠢ ᠶᠢᠨ ᠪᠠᠲᠤᠯᠠᠭ᠎ᠠ ᠶᠢᠨ ᠠᠵᠢᠯ ᠤᠨ ᠲᠠᠪᠴᠠᠩ ᠤᠨ ᠵᠤᠬᠢᠴᠠᠭᠤᠯᠬᠤ ᠴᠢᠳᠠᠮᠵᠢ ᠶᠢ ᠦᠨᠡᠨᠬᠦ  ᠪᠠᠳᠠᠷᠠᠭᠤᠯᠬᠤ ᠶᠢᠨ ᠲᠦᠯᠦᠭᠡ᠂ ᠰᠢ ᠴᠧᠩ ᠵᠡᠭᠡᠯᠢ ᠭᠤᠳᠤᠮᠵᠢ ᠨᠢ《 ᠦᠨᠳᠦᠰᠦᠨ ᠱᠠᠲᠤᠨ ᠳᠤ ᠰᠢᠢᠳᠪᠦᠷᠢᠯᠡᠨ᠂   ᠰᠤᠶᠤᠭᠠᠯᠠᠯ ᠤᠨ ᠪᠠᠶᠢᠳᠠᠯ ᠳᠤᠨᠢ ᠰᠢᠢᠳᠪᠦᠷᠢᠯᠡᠬᠦ》 ᠠᠵᠢᠯ ᠤᠨ ᠴᠢᠭᠯᠡᠯᠲᠡ ᠪᠠᠷ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ ᠠᠵᠢᠯ ᠢ ᠤᠯᠠᠨ ᠠᠷᠭ᠎ᠠ ᠠᠪᠴᠠᠯ ᠢᠶᠠᠷ  ᠨᠠᠶᠢᠳᠠᠪᠤᠷᠢᠵᠢᠭᠤᠯᠤᠨ ᠢᠯᠡᠷᠬᠡᠢ ᠪᠦᠲᠦᠮᠵᠢ ᠤᠯᠵᠠᠢ᠃         ᠨᠢᠭᠡ ᠳᠤ᠂  ᠠᠵᠢᠯᠲᠠᠨ ᠢ ᠲᠤᠭᠲᠠᠭᠠᠵᠠᠢ᠃  ᠰᠢ ᠴᠧᠩ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ᠂  ᠡᠯ᠎ᠡ ᠲᠤᠰᠬᠤᠨ ︵ᠰᠠᠭᠤᠭᠠᠯᠢ ᠠᠷᠠᠳ︶ ᠤ ᠵᠦᠪᠯᠡᠯ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠦᠯᠦᠭᠡᠯᠡᠭᠴᠢᠳ ᠨᠡᠶᠢᠲᠡ 15 ᠬᠦᠮᠦᠨ ᠢᠶᠠᠷ ᠪᠦᠷᠢᠯᠳᠦᠭᠰᠡᠨ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ ᠵᠦᠪᠯᠡᠯ ᠪᠠᠶᠢᠭᠤᠯᠵᠤ᠂  ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠨ᠎ᠠ᠃  ᠬᠤᠶᠠᠷ ᠲᠤ᠂  ᠠᠵᠢᠯ ᠤᠨ ᠬᠦᠷᠢᠶ᠎ᠡ ᠬᠡᠪᠴᠢᠶ᠎ᠡ ᠶᠢ ᠲᠤᠭᠲᠠᠭᠠᠵᠠᠢ᠃  ᠬᠦᠳᠡᠯᠮᠦᠷᠢ ᠶᠢᠨ ᠬᠠᠷᠢᠴᠠᠭ᠎ᠠ ᠶᠢᠨ ᠤᠳᠤᠬᠢ ᠪᠠᠶᠢᠳᠠᠯ᠂  ᠬᠦᠭᠵᠢᠯᠲᠡ ᠶᠢᠨ ᠬᠠᠨᠳᠤᠰᠢ ᠵᠢᠴᠢ ᠲᠤᠪᠤᠶᠢᠮ᠎ᠠ ᠠᠰᠠᠭᠤᠳᠠᠯ ᠢ ᠰᠤᠳᠤᠯᠵᠤ᠂ ᠬᠦᠨᠳᠦ ᠴᠢᠬᠤᠯᠠ ᠬᠦᠳᠡᠯᠮᠦᠷᠢ ᠶᠢᠨ ᠮᠠᠷᠭᠤᠭᠠᠨ ᠳᠤᠮᠳᠠᠬᠢ ᠴᠢᠬᠤᠯᠠ‌ᠠᠰᠠᠭᠤᠳᠠᠯ ᠳᠤ ᠰᠠᠨᠠᠯ ᠵᠦᠪᠯᠡᠯᠭᠡ ᠦᠭᠬᠦ ᠵᠡᠷᠭᠡ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ ᠵᠦᠪᠯᠡᠯ ᠤᠨ ᠦᠨᠳᠦᠰᠦᠨ ᠬᠠᠷᠢᠭᠤᠴᠠᠯᠭ᠎ᠠ ᠶᠢ ᠲᠤᠳᠤᠷᠬᠠᠶᠢᠯᠠᠵᠠᠢ᠃  ᠭᠤᠷᠪᠠ ᠳᠤ᠂  ᠠᠵᠢᠯ ᠤᠨ ᠲᠠᠯᠠᠪᠤᠷ ᠢ ᠲᠤᠭᠲᠠᠭᠠᠵᠠᠢ᠃  ᠵᠦᠪᠯᠡᠯ ᠳᠤ ᠲᠤᠰᠬᠠᠢ ᠠᠯᠪᠠᠨ ᠭᠡᠷ ᠲᠤᠬᠢᠷᠠᠭᠤᠯᠵᠤ᠂  ᠬᠦᠳᠡᠯᠮᠦᠷᠢ ᠶᠢᠨ ᠮᠠᠷᠭᠤᠭᠠᠨ ᠵᠦᠷᠢᠴᠡᠯ ᠢ ᠵᠤᠬᠢᠴᠠᠭᠤᠯᠵᠤ ᠰᠢᠢᠳᠪᠦᠷᠢᠯᠡᠬᠦ ᠪᠠ ᠠᠰᠠᠭᠤᠵᠤ ᠯᠠᠪᠯᠠᠬᠤ ᠲᠠᠯᠠᠪᠤᠷ ᠬᠠᠩᠭᠠᠵᠠᠢ᠃  ᠳᠦᠷᠪᠡ ᠳᠤ᠂  ᠬᠠᠤᠯᠢ ᠴᠠᠭᠠᠵᠠ ᠶᠢᠨ ᠦᠨᠳᠦᠰᠦᠯᠡᠯ ᠢ ᠲᠤᠭᠲᠠᠭᠠᠵᠠᠢ᠃  ᠬᠠᠤᠯᠢ ᠶᠤᠰᠤᠭᠠᠷ ᠵᠤᠬᠢᠴᠠᠭᠤᠯᠬᠤ ᠶᠢ ᠪᠠᠷᠢᠮᠲᠠᠯᠠᠨ᠂ ᠬᠦᠳᠡᠯᠮᠦᠷᠢ ᠪᠠ ᠬᠦᠷᠦᠩᠭᠡ ᠶᠢᠨ ᠵᠦᠷᠢᠴᠡᠯ ᠢ ᠰᠢᠢᠳᠪᠦᠷᠢᠯᠡᠬᠦ ᠦᠶᠡᠰ᠂  ᠡᠯ᠎ᠡ ᠲᠦᠷᠦᠯ ᠤᠨ ᠵᠦᠷᠢᠴᠡᠯ ᠢ ᠬᠠᠤᠯᠢ ᠶᠤᠰᠤᠭᠠᠷ ᠰᠢᠢᠳᠪᠦᠷᠢᠯᠡᠨ᠂  ᠵᠦᠷᠢᠴᠡᠯ ᠤᠨ ᠦᠷᠭᠡᠳᠬᠦ ᠪᠠ ᠬᠤᠷᠴᠠᠳᠬᠤ ᠠᠴᠠ ᠵᠠᠶᠢᠯᠠᠰᠬᠢᠪᠠ᠃  ᠲᠠᠪᠤ ᠳᠤ᠂  ᠠᠵᠢᠯ ᠤᠨ ᠴᠢᠭᠯᠡᠯ ᠢ ᠲᠤᠭᠲᠠᠭᠠᠵᠠᠢ᠃  ᠡᠯ᠎ᠡ ᠲᠠᠯ᠎ᠠ ᠶᠢᠨ ᠬᠠᠤᠯᠢ ᠶᠤᠰᠤᠨ ᠤ ᠡᠷᠬᠡ ᠠᠰᠢᠭ ᠢ  ᠪᠠᠲᠤᠯᠠᠨ᠂  ᠨᠡᠶᠢᠭᠡᠮ ᠤᠨ ᠡᠶ᠎ᠡ ᠵᠤᠬᠢᠴᠠᠯ ᠠᠮᠤᠷ ᠲᠤᠭᠲᠠᠭᠤᠨ ᠢ ᠬᠠᠮᠠᠭᠠᠯᠠᠵᠤ᠂  ᠤᠷᠤᠨ ᠬᠡᠪᠴᠢᠶᠡᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠪᠠᠷ ᠬᠠᠷᠠᠯᠲᠠ ᠪᠤᠯᠭᠠᠨ᠂  ᠵᠤᠬᠢᠴᠠᠭᠤᠯᠬᠤ ᠶᠠᠪᠤᠴᠠ ᠳᠤ ᠬᠦᠳᠡᠯᠮᠦᠷᠢᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠪᠠᠷ ᠪᠠᠷᠠᠬᠤ ᠦᠭᠡᠢ᠂  ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ  ᠬᠠᠮᠠᠭᠠᠯᠠᠵᠦ᠂  ᠬᠠᠤᠯᠢ ᠳᠦᠷᠢᠮ ᠢ ᠴᠢᠩᠭ᠎ᠠ ᠬᠡᠷᠡᠭᠵᠢᠭᠦᠯᠬᠦ ᠪᠠᠷ ᠪᠠᠷᠠᠬᠤ ᠦᠭᠡᠢ᠂  ᠪᠠᠰᠠ ᠬᠠᠷᠢᠶ᠎ᠡ ᠤᠷᠤᠨ ᠤ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ᠂  ᠤᠷᠤᠨ ᠬᠡᠪᠴᠢᠶᠡᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号