ᠶᠦᠩ ᠵᠢᠦᠢ ᠵᠡᠭᠡᠯᠢ ᠭᠤᠳᠤᠮᠵᠢ ᠳᠦᠷᠪᠡ ᠶᠢ ᠪᠡᠶᠡᠯᠡᠭᠦᠯᠦᠨ ᠬᠠᠷᠢᠶ᠎ᠠ ᠲᠤᠭᠤᠷᠢᠭ ᠤᠨ ᠭᠠᠯ  ᠰᠡᠷᠭᠡᠶᠢᠯᠡᠯᠲᠡ ᠶᠢᠨ ᠠᠮᠤᠷ ᠲᠦᠪᠰᠢᠨ ᠢ ᠪᠠᠳᠤᠯᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2015-12-11
         ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠠᠬᠢᠵᠢᠭᠦᠯᠬᠦ ᠶᠢᠨ ᠲᠦᠯᠦᠭᠡ᠂  ᠶᠦᠩ ᠵᠢᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠳᠡᠪᠬᠢᠲᠡᠢ ᠪᠠᠶᠢᠷᠢᠯᠠᠭᠤᠯᠤᠨ᠂ ᠤᠬᠠᠭᠤᠯᠭ᠎ᠠ᠂  ᠡᠩᠨᠡᠭᠡ᠂ ᠰᠤᠷᠢᠯᠲᠠ ᠪᠤᠯᠤᠨ ᠬᠠᠮᠢᠶᠠᠷᠤᠯᠲᠠ ᠵᠡᠷᠭᠡ ᠲᠠᠯ᠎ᠠ ᠠᠴᠠ ᠬᠦᠴᠦᠯᠡᠴᠡ ᠪᠠᠨ ᠴᠢᠩᠭᠠᠳᠬᠠᠵᠤ᠂ ᠬᠠᠷᠢᠶ᠎ᠠ ᠲᠤᠭᠤᠷᠢᠭ ᠤᠨ ᠤᠯᠠᠨ ᠲᠦᠮᠡᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠠᠢ᠃          ᠨᠢᠭᠡ ᠳᠤ᠂  ᠶᠡᠭᠡ ᠬᠦᠴᠦᠨ ᠢᠶᠠᠷ ᠤᠬᠠᠭᠤᠯᠭ᠎ᠠ ᠬᠢᠵᠡᠢ᠃ ᠨᠡᠶᠢᠭᠡᠮ ᠲᠤᠭᠤᠷᠢᠭ ᠠᠴᠠ ᠤᠯᠠᠷᠢᠯ ᠪᠦᠷᠢ ᠠᠳᠠᠭ ᠲᠤ ᠪᠠᠨ ᠬᠤᠶᠠᠷ ᠤᠳᠠᠭ᠎ᠠ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠰᠤᠷᠲᠠᠯ ᠤᠬᠠᠭᠤᠯᠭ᠎ᠠ ᠶᠢᠨ ᠬᠦᠮᠦᠵᠢᠯ ᠤᠨ ᠠᠵᠢᠯᠯᠠᠭᠠᠨ ᠦᠷᠨᠢᠭᠦᠯᠵᠦ᠂  ᠨᠡᠶᠢᠭᠡᠮ ᠲᠤᠭᠤᠷᠢᠭ ᠤᠨ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠭᠠᠷ ᠳᠡᠪᠲᠡᠷ᠂  ᠲᠤᠰᠬᠠᠢ ᠰᠡᠳᠦᠪᠲᠦ ᠶᠡᠷᠢᠶ᠎ᠠ ᠢᠯᠡᠳᠬᠡᠯ ᠵᠡᠷᠭᠡ ᠬᠡᠯᠪᠡᠷᠢ ᠪᠠᠷ ᠳᠠᠮᠵᠢᠨ᠂ ᠰᠠᠭᠤᠭᠠᠯᠢ ᠠᠷᠠᠳ ᠲᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠤᠯᠢ ᠲᠤᠭᠲᠠᠭᠠᠯ ᠪᠠ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ  ᠭᠠᠯ ᠰᠡᠷᠭᠡᠶᠢᠯᠡᠬᠦ᠂  ᠭᠠᠯ ᠤᠨᠲᠠᠷᠠᠭᠠᠬᠤ᠂  ᠠᠮᠢ ᠵᠢᠭᠤᠳᠠᠬᠤ ᠦᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠶᠢ ᠤᠶᠢᠯᠠᠭᠠᠭᠤᠯᠵᠠᠢ᠃  ᠬᠤᠶᠠᠷ ᠲᠤ᠂ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠡᠯ᠎ᠡ ᠬᠤᠪᠢᠳᠠᠨ ᠬᠠᠮᠢᠶᠠᠷᠬᠤ ᠨᠡᠶᠢᠭᠡᠮ ᠲᠤᠭᠤᠷᠢᠭ ᠤᠨ ᠤᠳᠤᠷᠢᠳᠤᠯᠭ᠎ᠠ ᠪᠠᠷ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯ ᠤᠨ ᠲᠡᠷᠢᠭᠦᠨ ᠬᠠᠷᠢᠭᠤᠴᠠᠯᠭᠠᠲᠠᠨ ᠪᠤᠯᠭᠠᠨ᠂ ᠨᠡᠶᠢᠭᠡᠮ ᠲᠤᠭᠤᠷᠢᠭ ‍ᠤᠨ‌‍ᠱᠦ᠋ᠵᠢ ᠪᠡᠷ‌ᠨᠡᠶᠢᠭᠡᠮ‌‍ᠲ᠋ᠤᠭᠤᠷᠢᠭ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠰᠢᠭᠤᠳ ᠬᠠᠷᠢᠭᠤᠴᠠᠯᠭᠠᠲᠠᠨ ᠪᠤᠯᠭᠠᠵᠠᠢ᠃ ᠲᠤᠰᠬᠠᠢ ᠬᠦᠮᠦᠨ ᠲᠤᠮᠢᠯᠠᠨ ᠡᠳᠦᠷ ᠪᠦᠷᠢ ᠬᠠᠷᠢᠶ᠎ᠠ ᠲᠤᠭᠤᠷᠢᠭ ᠲᠤ  ᠴᠠᠭᠲᠠᠨ  ᠪᠠᠶᠢᠴᠠᠭᠠᠵᠦ᠂ ᠲᠠᠮᠠᠬᠢᠨ ᠶᠤᠵᠤᠭᠤᠷ ᠢᠶᠠᠨ ᠲᠤᠷ᠎ᠠ ᠪᠠᠷ ᠬᠠᠶᠠᠬᠤ ᠵᠡᠷᠭᠡ ᠭᠠᠯ ᠤᠨ ᠠᠶᠤᠯ ᠡᠭᠦᠰᠬᠡᠵᠦ ᠮᠡᠳᠡᠬᠦ ᠪᠤᠯᠪᠠᠰᠤᠨ ᠪᠤᠰᠤ ᠠᠵᠢᠯᠯᠠᠭ᠎ᠠ  ᠶᠢ ᠴᠠᠭ ᠲᠤᠬᠠᠢ ᠳᠤᠨᠢ ᠪᠦᠲᠦᠮᠵᠢᠲᠡᠢ ᠪᠠᠷ  ᠬᠤᠷᠢᠭᠯᠠᠨ ᠵᠤᠭᠰᠤᠭᠠᠵᠠᠢ᠃  ᠭᠤᠷᠪᠠ ᠳᠤ᠂  ᠭᠠᠯ ᠰᠡᠷᠭᠡᠶᠢᠯᠡᠯᠲᠡ ᠶᠢᠨ ᠰᠤᠷᠢᠯᠲᠠ ᠬᠢᠪᠡ᠃  ᠬᠡᠷᠡᠭ ᠡᠷᠬᠢᠯᠡᠬᠦ ᠭᠠᠵᠠᠷ ᠠᠴᠠ ᠲᠤᠲᠤᠭᠠᠲᠤ ᠶᠢ ᠬᠠᠮᠠᠭᠠᠯᠠᠬᠤ ᠭᠠᠯ ᠰᠡᠷᠭᠡᠶᠢᠯᠡᠬᠦ ᠪᠠᠶᠢᠭᠤᠯᠤᠮᠵᠢ ᠶᠢ ᠤᠷᠢᠵᠤ᠂  ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠭᠠᠯ ᠰᠡᠷᠭᠡᠶᠢᠯᠡᠯᠲᠡ ᠶᠢᠨ ᠮᠡᠳᠡᠯᠭᠡ ᠶᠢᠨ ᠬᠠᠮᠢᠶ᠎ᠠ ᠪᠦᠬᠦᠢ ᠮᠡᠷᠭᠡᠵᠢᠯ ᠤᠨ ᠪᠤᠯᠪᠠᠰᠤᠷᠠᠯ ᠬᠢᠯᠭᠡᠨ ᠂  ᠭᠠᠯ ᠤᠨ ᠠᠶᠤᠯ ᠤᠨ ᠲᠤᠬᠠᠢ ᠶᠢᠨ ᠲᠠᠯᠠᠪᠤᠷ ᠢ ᠳᠠᠭᠤᠷᠢᠶᠠᠵᠤ᠂  ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠰᠤᠷᠢᠯᠲᠠ ᠬᠢᠵᠦ᠂  ᠰᠠᠭᠤᠭᠠᠯᠢ ᠠᠷᠠᠳ ᠲᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠪᠠ ᠭᠠᠯ ᠤᠨ ᠠᠶᠤᠯ ᠡᠭᠦᠰᠬᠦ ᠦᠶ᠎ᠡ ᠳᠤ ᠳᠠᠷᠤᠢ ᠲᠦᠷᠭᠡᠨ ᠤᠨᠲᠠᠷᠠᠭᠠᠬᠤ ᠭᠠᠯ ᠠᠴᠠ ᠠᠪᠤᠷᠠᠬᠤ ᠮᠡᠷᠭᠡᠵᠢᠯ ᠢ ᠤᠶᠢᠯᠠᠭᠠᠭᠤᠯᠤᠨ ᠡᠵᠡᠮᠰᠢᠭᠦᠯᠵᠡᠢ᠃  ᠳᠦᠷᠪᠡ  ᠳᠤ᠂  ᠬᠠᠮᠢᠶᠠᠷᠤᠯᠲᠠ ᠪᠠᠨ ᠴᠢᠩᠭᠠᠳᠬᠠᠪᠠ᠃  ᠨᠡᠶᠢᠭᠡᠮ ᠲᠤᠭᠤᠷᠢᠭ ᠪᠤᠳᠠᠳᠤ ᠱᠠᠭᠠᠷᠳᠠᠯᠭ᠎ᠠ ᠶᠢ ᠦᠨᠳᠦᠰᠦᠯᠡᠨ᠂  ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠲᠦᠬᠦᠭᠡᠷᠦᠮᠵᠢ ᠶᠢ ᠡᠳᠦᠷ ᠪᠦᠷᠢ ᠪᠠᠶᠢᠴᠠᠭᠠᠵᠤ᠂  ᠭᠠᠯ ᠰᠡᠷᠭᠡᠶᠢᠯᠡᠯᠲᠡ ᠶᠢᠨ ᠤᠰᠤᠨ ᠤ ᠬᠠᠩᠭᠠᠯᠭ᠎ᠠ ᠂ ᠭᠠᠯ ᠤᠨᠲᠠᠷᠠᠭᠠᠭᠤᠷ ᠵᠡᠷᠭᠡ ᠲᠦᠬᠦᠭᠡᠷᠦᠮᠵᠢ ᠶᠢᠨ ᠬᠡᠪ ᠤᠨ  ᠪᠦᠳᠦᠮᠵᠢᠲᠠᠢ ᠪᠠᠶᠢᠬᠤ ᠶᠢ  ᠪᠠᠳᠤᠯᠠᠪᠠ᠃  ᠬᠠᠭᠤᠴᠢᠷᠠᠭᠰᠠᠨ ᠴᠠᠬᠢᠯᠭᠠᠨ ᠤᠲᠠᠰᠤ ᠶᠢ ᠴᠠᠭ ᠲᠤᠬᠠᠢ   ᠳᠤᠨᠢ ᠰᠢᠨᠡᠳᠬᠡᠵᠦ᠂  ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号