ᠲᠢᠶᠧ ᠨᠠᠨ ᠵᠡᠭᠡᠯᠢ ᠭᠤᠳᠤᠮᠵᠢ ᠶᠢᠨ《 ᠳᠦᠷᠪᠡᠨ  ᠭᠦᠳᠡᠯᠭᠡᠭᠴᠢ ᠭᠦᠴᠦᠨ 》 ᠪᠤᠯᠪᠠᠰᠤᠨ ᠬᠤᠲᠠ ᠶᠢᠨ ᠪᠠᠶᠢᠭᠤᠯᠤᠯᠲᠠ ᠳᠤ  ᠭᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2015-12-17
          ᠡᠨᠡ ᠵᠢᠯ ᠠᠴᠠ ᠡᠬᠢᠯᠡᠨ᠂  ᠲᠢᠶᠧ ᠨᠠᠨ ᠵᠡᠭᠡᠯᠢ ᠭᠤᠳᠤᠮᠵᠢ ᠨᠢ《 ᠳᠡᠰ  ᠳᠡᠰ ᠢᠶᠠᠷ ᠳᠠᠶᠢᠴᠢᠯᠠᠨ ᠬᠦᠳᠡᠯᠬᠦ᠂  ᠳᠡᠭᠡᠷ᠎ᠡ ᠳᠤᠤᠷ᠎ᠠ ᠱᠠᠲᠤ ᠬᠤᠯᠪᠤᠭᠠᠯᠠᠨ ᠬᠦᠳᠡᠯᠬᠦ᠂  ᠬᠦᠴᠦᠲᠡᠢ ᠠᠬᠢᠭᠤᠯᠬᠤ᠂  ᠳᠠᠭᠤᠷᠢᠶᠠᠯ ᠦᠵᠡᠭᠦᠯᠦᠨ ᠳᠠᠶᠢᠴᠢᠯᠠᠬᠤ》 ᠰᠡᠳᠬᠢᠮᠵᠢ ᠶᠢ ᠪᠠᠷᠢᠮᠲᠠᠯᠠᠨ᠂  ᠨᠠᠷᠢᠯᠢᠭ ᠵᠤᠬᠢᠶᠠᠨ ᠪᠠᠶᠢᠭᠤᠯᠵᠤ᠂  ᠬᠠᠷᠢᠭᠤᠴᠠᠯᠭ᠎ᠠ ᠶᠢ ᠲᠤᠳᠤᠷᠬᠠᠶᠢᠯᠠᠨ᠂  ᠰᠡᠳᠬᠢᠯ ᠨᠢᠭᠡᠲᠤᠨ ᠬᠦᠴᠦᠨ ᠬᠠᠮᠲᠤᠳᠬᠠᠵᠤ᠂  ᠴᠢᠩᠭ᠎ᠠ ᠨᠠᠶᠢᠳᠠᠪᠤᠷᠢᠵᠢᠭᠤᠯᠤᠨ᠂  ᠪᠦᠬᠦ ᠤᠯᠤᠰ ᠤᠨ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ  ᠯᠠᠪᠳᠠᠭᠤᠨ ᠦᠷᠨᠢᠭᠦᠯᠵᠡᠢ᠃            ᠨᠢᠭᠡ ᠳᠤ᠂  ᠳᠡᠰ  ᠳᠡᠰ ᠢᠶᠠᠷ ᠳᠠᠶᠢᠴᠢᠯᠠᠨ ᠬᠦᠳᠡᠯᠬᠦ ᠶᠢ ᠤᠬᠠᠭᠤᠯᠤᠨ ᠪᠠᠶᠢᠷᠢᠯᠠᠭᠤᠯᠵᠠᠢ᠃ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 《 ᠭᠤᠷᠪᠠᠨ ᠱᠠᠲᠤ ᠬᠤᠯᠪᠤᠭᠠᠯᠠᠨ ᠬᠦᠳᠡᠯᠬᠦ》 ᠠᠵᠢᠯ ᠤᠨ ᠬᠡᠯᠪᠡᠷᠢ᠂  ᠳᠠᠷᠤᠢ  ᠨᠠᠮ ᠤᠨ ᠠᠵᠢᠯ ᠤᠨ ᠵᠦᠪᠯᠡᠯ  ᠤᠨ ᠭᠡᠰᠢᠭᠦᠨ ᠨᠢᠭᠡ ᠨᠡᠶᠢᠭᠡᠮ ᠲᠤᠭᠤᠷᠢᠭ ᠲᠠᠢ ᠬᠠᠷᠢᠯᠴᠠᠵᠤ᠂  ᠨᠡᠶᠢᠭᠡᠮ ᠲᠤᠭᠤᠷᠢᠭ ᠤᠨ ᠺᠠᠳ᠋ᠷ ᠨᠢᠭᠡ ᠪᠦᠯᠦᠭ ᠭᠤᠤᠯᠯᠠᠭᠴᠢ ᠶᠢ ᠭᠦᠮᠦᠵᠢᠭᠦᠯᠦᠨ  ᠂  ᠭᠤᠤᠯᠯᠠᠭᠴᠢ ᠬᠦᠴᠦᠨ ᠨᠢ ᠨᠢᠭᠡ ᠪᠦᠯᠦᠭ ᠰᠠᠭᠤᠭᠠᠯᠢ ᠠᠷᠠᠳ ᠢ ᠳᠠᠶᠢᠴᠢᠯᠠᠵᠤ᠂  ᠳᠡᠰ ᠳᠡᠰ ᠢᠶᠠᠷ ᠤᠬᠠᠭᠤᠯᠤᠨ ᠳᠠᠶᠢᠴᠢᠯᠠᠨ᠎ᠠ᠃  ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠷ ᠠᠮᠢᠰᠬᠤᠯ ᠢ ᠢᠳᠡᠪᠬᠢᠲᠡᠢ ᠪᠤᠢ ᠪᠤᠯᠭᠠᠨ᠂  ᠬᠠᠷᠢᠶ᠎ᠠ ᠲᠤᠭᠤᠷᠢᠭ ᠤᠨ LED ᠤᠭᠰᠠᠷᠠᠭᠰᠠᠨ ᠪᠠᠶᠢᠭᠤᠯᠭ᠎ᠠ ᠪᠠ  ᠠᠷᠠᠯᠵᠢᠶᠠᠴᠢᠳ ᠤᠨ《 ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ》 ᠶᠢᠨ ᠤᠬᠠᠭᠤᠯᠭ᠎ᠠ ᠬᠢᠬᠦ ᠶᠢ ᠤᠷᠢᠶᠠᠯᠠᠵᠤ᠂  ᠬᠠᠷᠢᠶ᠎ᠠ ᠲᠤᠭᠤᠷᠢᠭ ᠤᠨ ᠵᠠᠮ ᠵᠡᠭᠡᠯᠢ ᠪᠠ ᠪᠠᠭ᠎ᠠ ᠲᠤᠭᠤᠷᠢᠭ ᠤᠨ ᠡᠭᠦᠳᠡᠨ ᠳᠤ ᠤᠷᠢᠶ᠎ᠠ ᠯᠤᠽᠦ᠋ᠩ ᠡᠯᠭᠦᠨ᠂  ᠨᠡᠶᠢᠭᠡᠮ ᠲᠤᠭᠤᠷᠢᠭ ᠤᠨ ᠤᠬᠠᠭᠤᠯᠭ᠎ᠠ ᠶᠢᠨ ᠰᠠᠮᠪᠠᠷ᠎ᠠ ᠶᠢᠨ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠵᠦ᠂ 《 ᠳᠡᠭᠡᠷ᠎ᠡ ᠳᠤᠤᠷ᠎ᠠ ᠱᠠᠲᠤ ᠬᠠᠮᠲᠤᠪᠡᠷ ᠬᠦᠳᠡᠯᠦᠯᠴᠡᠨ᠂ ᠵᠡᠭᠦᠨ ᠪᠠᠷᠠᠭᠤᠨ ᠬᠠᠮᠵᠢᠯᠴᠠᠨ᠂  ᠬᠦᠴᠦᠨ ᠬᠠᠮᠲᠤᠳᠬᠠᠨ ᠡᠭᠦᠳᠦᠨ ᠪᠠᠶᠢᠭᠤᠯᠬᠤ》 ᠠᠭᠤᠷ ᠠᠮᠢᠰᠬᠤᠯ ᠢ ᠴᠢᠷᠮᠠᠶᠢᠨ  ᠪᠦᠷᠢᠯᠳᠦᠭᠦᠯᠵᠡᠢ  ᠃             ᠬᠤᠶᠠᠷ  ᠲᠤ᠂  ᠳᠡᠭᠡᠷ᠎ᠡ ᠳᠤᠤᠷ᠎ᠠ ᠱᠠᠲᠤ ᠬᠤᠯᠪᠤᠭᠠᠯᠠᠨ ᠭᠡᠷ ᠤᠷᠤᠨ ᠢᠶᠠᠨ ᠴᠡᠪᠡᠷᠰᠢᠭᠦᠯᠵᠡᠢ᠃  ᠪᠦᠬᠦ ᠤᠯᠤᠰ ᠤᠨ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂  ᠤᠷᠴᠢᠨ ᠲᠤᠭᠤᠷᠢᠨ ᠤ ᠶᠡᠷᠦᠩᠬᠡᠶᠢᠯᠡᠨ ᠴᠡᠭᠴᠡᠯᠡᠯᠲᠡ ᠶᠢᠨ ᠠᠵᠢᠯ  ᠢ ᠨᠠᠷᠢᠨ ᠬᠢᠨᠠᠮᠠᠭᠠᠢ ᠦᠷᠨᠢᠭᠦᠯᠵᠦ᠂  ᠵᠠᠮ ᠴᠡᠪᠡᠷᠯᠡᠬᠦ᠂  ᠪᠠᠭ᠎ᠠ ᠲᠤᠭᠤᠷᠢᠭ ᠤᠨ ᠴᠡᠭᠴᠡᠯᠡᠨ ᠵᠠᠰᠠᠯᠲᠠ᠂  ᠳᠦᠷᠢᠮ ᠵᠦᠷᠢᠴᠡᠬᠦ ᠶᠢ ᠴᠡᠪᠡᠷᠯᠡᠨ ᠠᠷᠢᠯᠭᠠᠬᠤ ᠵᠡᠷᠭᠡ ᠤᠯᠠᠨ ᠲᠦᠷᠦᠯ ᠤᠨ ᠡᠭᠦᠷᠭᠡ ᠶᠢ ᠨᠠᠷᠢᠯᠢᠭ ᠬᠤᠪᠢᠶᠠᠷᠢᠯᠠᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ᠂  ᠠᠷᠠᠯᠵᠢᠶᠠᠴᠢᠨ ᠡᠷᠦᠬᠡ ᠶᠢ  ᠬᠠᠷᠢᠶ᠎ᠠ ᠲᠤᠭᠤᠷᠢᠭ ᠤᠨ ᠠᠷᠢᠭᠤᠨ ᠴᠡᠪᠡᠷ ᠢ  ᠪᠠᠲᠤᠯᠠᠨ᠂ ᠤᠷᠴᠢᠨ ᠲᠤᠭᠤᠷᠢᠨ ᠤ ᠴᠡᠭᠴᠡᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠦᠪᠡᠷ ᠤᠨ ᠬᠤᠪᠢ ᠨᠠᠮᠡᠷᠢ ᠪᠠᠨ ᠦᠵᠡᠭᠦᠯᠬᠦ ᠶᠢ ᠤᠷᠢᠶᠠᠯᠠᠵᠠᠢ᠃  ᠠᠯᠪᠠᠨ ᠪᠠᠶᠢᠭᠤᠯᠭ᠎ᠠ ᠶᠢᠨ ᠠᠵᠢᠯᠲᠠᠨ᠂ ᠨᠡᠶᠢᠭᠡᠮ ᠲᠤᠭᠤᠷᠢᠭ ᠤᠨ ᠺᠠᠳ᠋ᠷ ᠪᠠ ᠨᠠᠮ ᠤᠨ ᠭᠡᠰᠢᠭᠦᠨ ᠰᠠᠶᠢᠨ ᠳᠤᠷᠠᠴᠤᠳ ᠢ ᠵᠤᠬᠢᠶᠠᠨ ᠪᠠᠶᠢᠭᠤᠯᠵᠤ᠂ ᠤᠷᠴᠢᠨ ᠲᠤᠭᠤᠷᠢᠨ ᠤ ᠴᠡᠭᠴᠡᠯᠡᠨ ᠴᠡᠪᠡᠷᠯᠡᠯᠲᠡ ᠶᠢᠨ ᠠᠵᠢᠯᠯᠠᠭ᠎ᠠ ᠦᠷᠨᠢᠭᠦᠯᠦᠨ᠂  ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠰᠢᠨ᠎ᠡ  ᠳᠦᠷᠰᠦ ᠪᠠᠶᠢᠳᠠᠯ  ᠲᠠᠢ ᠪᠤᠯᠤᠭᠰᠡᠨ ᠪᠠᠶᠢᠨ᠎ᠠ             ᠭᠤᠷᠪᠠ ᠳᠤ᠂  ᠪᠤᠯᠪᠠᠰᠤᠨ ᠤᠬᠠᠭᠤᠯᠭ᠎ᠠ ᠪᠠᠷ ᠬᠦᠴᠦᠲᠡᠢ ᠳᠠᠶᠢᠴᠢᠯᠠᠵᠠᠢ᠃  ᠬᠤᠲᠠ ᠶᠢᠨ ᠠᠷᠠᠳ  ᠤᠨ ᠰᠤᠷᠭᠠᠭᠤᠯᠢ᠂  ᠶᠤᠰᠤ ᠰᠤᠷᠲᠠᠬᠤᠨ ᠤ ᠶᠡᠷᠢᠶᠠᠨ ᠤ ᠲᠠᠪᠴᠠᠩ ᠢᠶᠠᠷ ᠪᠠᠬᠢᠯᠡᠯᠲᠡ ᠪᠤᠯᠭᠠᠨ᠂ ᠪᠦᠬᠦ ᠤᠯᠤᠰ ᠤᠨ ᠪᠤᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ᠂  ᠠᠴᠢ ᠬᠤᠯᠪᠤᠭᠳᠠᠯ᠂  ᠡᠭᠦᠷᠭᠡ ᠵᠢᠴᠢ ᠬᠡᠮᠵᠢᠨ ᠲᠤᠭᠲᠠᠭᠠᠬᠤ ᠰᠢᠰᠲ᠋ᠧᠮ ᠵᠡᠷᠭᠡ ᠠᠭᠤᠯᠭ᠎ᠠ ᠶᠢ ᠦᠷᠭᠡᠨ ᠳᠡᠯᠭᠡᠷᠡᠩᠭᠦᠢ ᠤᠬᠠᠭᠤᠯᠵᠤ᠂  ᠪᠤᠯᠪᠠᠰᠤᠨ ᠢᠶᠠᠷ ᠶᠠᠪᠤᠵᠤ ᠰᠠᠭᠤᠬᠤ᠂  ᠪᠤᠯᠪᠠᠰᠤᠨ ᠢᠶᠠᠷ ᠲᠤᠭᠯᠠᠯᠲᠠ ᠤᠷᠤᠯᠳᠤᠭᠠᠨ ᠰᠤᠨᠢᠷᠬᠠᠬᠤ᠂  ᠤᠷᠴᠢᠨ ᠲᠤᠭᠤᠷᠢᠨ ᠢ ᠬᠠᠮᠠᠭᠠᠯᠠᠬᠤ᠂  ᠨᠡᠶᠢᠲᠡ ᠶᠢᠨ ᠡᠳ᠋ ᠬᠦᠷᠦᠩᠭᠡ ᠶᠢ ᠬᠠᠶᠢᠷᠠᠯᠠᠨ  ᠬᠠᠮᠠᠭᠠᠯᠠᠬᠤ᠂  ᠡᠮᠬᠢ ᠲᠢᠭᠯᠢᠮ ᠢ ᠵᠢᠷᠤᠮᠯᠠᠬᠤ᠂  ᠦᠭᠡ ᠶᠠᠷᠢᠶ᠎ᠠ ᠦᠢᠯᠡ ᠠᠵᠢᠯᠯᠠᠭ᠎ᠠ ᠪᠠᠨ ᠳᠦᠷᠢᠮᠵᠢᠭᠦᠯᠬᠦ᠂  ᠨᠦᠬᠦᠷᠰᠡᠭ ᠢᠶᠠᠷ ᠬᠠᠷᠢᠯᠴᠠᠨ ᠬᠠᠪᠰᠤᠷᠤᠯᠴᠠᠬᠤ ᠵᠡᠷᠭᠡ ᠤᠯᠠᠨ ᠨᠡᠶᠢᠲᠡ ᠶᠢᠨ ᠪᠤᠯᠪᠠᠰᠤᠨ ᠬᠡᠪ ᠰᠤᠷᠲᠠᠯ ᠢ ᠭᠦᠨᠵᠡᠭᠡᠢ ᠰᠤᠷᠭᠠᠨ ᠬᠦᠮᠦᠵᠢᠭᠦᠯᠵᠦ᠂  ᠦᠵᠡᠯ ᠰᠠᠨᠠᠭ᠎ᠠ ᠶᠢ ᠤᠯᠠᠮ ᠨᠢᠭᠡ ᠠᠯᠬᠤᠮ ᠨᠢᠭᠡᠳᠬᠡᠨ᠂  ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠡᠮᠵᠢᠬᠦ ᠨᠤᠷᠮ᠎ᠠ ᠪᠠ ᠤᠷᠤᠯᠴᠠᠬᠤ ᠨᠤᠷᠮ᠎ᠠ ᠶᠢ ᠳᠡᠭᠡᠭᠰᠢᠯᠡᠭᠦᠯᠵᠡᠢ᠃             ᠳᠦᠷᠪᠡ ᠳᠤ᠂ ᠰᠠᠶᠢᠨ ᠳᠤᠷᠠᠴᠤᠳ ᠤᠨ ᠦᠢᠯᠡᠴᠢᠯᠡᠭᠡ ᠵᠢᠱᠢᠶ᠎ᠡ ᠪᠠᠷ ᠳᠠᠶᠢᠴᠢᠯᠠᠪᠠ᠃  ᠰᠠᠶᠢᠨ ᠳᠤᠷᠠᠴᠤᠳ ᠢ ᠡᠯᠰᠡᠨ ᠳᠠᠩᠰᠠᠯᠠᠬᠤ ᠠᠵᠢᠯ ᠢ ᠶᠡᠭᠡ ᠬᠦᠴᠦᠨ ᠢᠶᠠᠷ ᠦᠷᠨᠢᠭᠦᠯᠵᠦ᠂ ᠰᠠᠶᠢᠨ ᠳᠤᠷᠠᠴᠤᠳ ᠤᠨ ᠴᠢᠮᠡᠭᠡ ᠵᠠᠩᠭᠢ ᠶᠢᠨ ᠲᠠᠪᠴᠠᠩ ᠢ ᠳᠡᠭᠦᠯᠳᠡᠷᠵᠢᠭᠦᠯᠦᠨ᠂ ᠰᠠᠶᠢᠨ ᠳᠤᠷᠠᠴᠤᠳ ᠤᠨ ᠳ᠋ᠠᠶᠢᠲ᠋ᠠ ᠬᠦᠮᠦᠷᠭᠡ ᠳᠤ ᠤᠷᠤᠭᠤᠯᠵᠤ᠂ ᠰᠠᠶᠢᠨ ᠳᠤᠷᠠᠴᠤᠳ ᠤᠨ ᠦᠢᠯᠡᠴᠢᠯᠡᠭᠡᠨ ᠤ ᠴᠢᠮᠡᠭᠡ ᠵᠠᠩᠭᠢᠴᠢᠯᠠᠯᠲᠠ᠂ ᠳᠦᠷᠢᠮ ᠤᠨ ᠪᠠᠲᠤᠯᠠᠭ᠎ᠠ᠂  ᠦᠢᠯᠡᠴᠢᠯᠡᠭᠡᠨ  ᠤ ᠳᠦᠷᠢᠮᠵᠢᠭᠰᠡᠨ ᠬᠠᠮᠢᠶᠠᠷᠤᠯᠲᠠ ᠶᠢ  ᠪᠡᠶᠡᠯᠡᠭᠦᠯᠬᠦ ᠶᠢᠨ ᠬᠠᠮᠲᠤ᠂  ᠰᠠᠶᠢᠨ ᠳᠤᠷᠠᠴᠤᠳ ᠤᠨ ᠦᠢᠯᠡᠴᠢᠯᠡᠭᠡᠨ ᠤ ᠤᠷᠲᠤᠮᠵᠢ ᠶᠢᠨ ᠲᠤᠭᠲᠠᠴᠠ ᠶᠢ ᠢᠳᠡᠭ ᠢᠳᠡᠭ ᠢᠶᠠᠷ ᠪᠦᠷᠢᠯᠳᠦᠭᠦᠯᠪᠡ᠃  ᠰᠠᠶᠢᠨ ᠳᠤᠷᠠᠴᠤᠳ ᠤᠨ ᠦᠢᠯᠡᠴᠢᠯᠡᠭᠡᠨ ᠤ ᠬᠦᠳᠡᠯᠭᠡᠭᠡᠨ ᠢ ᠢᠳᠡᠪᠬᠢᠲᠡᠢ ᠵᠤᠬᠢᠶᠠᠨ ᠪᠠᠶᠢᠭᠤᠯᠵᠤ᠂  ᠨᠢᠯᠬᠠᠰ ᠢ ᠬᠠᠶᠢᠷᠠᠯᠠᠨ ᠨᠠᠰᠤᠲᠠᠨ ᠢ ᠬᠦᠨᠳᠦᠯᠡᠬᠦ᠂  ᠶᠠᠳᠠᠭᠤ ᠶᠢ ᠳᠡᠳᠬᠦᠬᠦ᠂ ᠬᠠᠨᠳᠢᠪ ᠡᠷᠭᠦᠬᠦ᠂ ᠠᠷᠠᠳ ᠲᠤ ᠠᠰᠢᠭ ᠬᠦᠷᠲᠡᠭᠡᠬᠦ᠂  ᠪᠤᠯᠪᠠᠰᠤᠨ ᠵᠠᠮ ᠬᠠᠷᠢᠯᠴᠠᠭ᠎ᠠ᠂ ᠭᠡᠷ ᠤᠷᠤᠨ ᠤ ᠠᠷᠢᠭᠤᠨ ᠴᠡᠪᠡᠷ ᠵᠡᠷᠭᠡ ᠰᠠᠶᠢᠨ ᠳᠤᠷᠠᠴᠤᠳ ᠤᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂  ᠰᠠᠶᠢᠨ ᠳᠤᠷᠠᠴᠤᠳ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠪᠦᠬᠦ ᠬᠦᠴᠦᠨ ᠢᠶᠠᠷ  ᠡᠭᠦᠳᠴᠡᠢ᠃            
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号