ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ 2013 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2015-07-27
      2013 ᠤᠨ ᠳᠤ᠂ ᠨᠠᠷᠢᠨ ᠪᠤᠳᠤᠯᠢᠶᠠᠨᠲᠠᠢ ᠤᠯᠠᠨ ᠬᠤᠪᠢᠷᠠᠯᠲᠠ ᠪᠦᠭᠦᠢ ᠬᠤᠷᠸ᠎ᠠ ᠪᠠᠶᠢᠳᠠᠯ ᠳᠤ ᠴᠢᠭᠯᠡᠭᠦᠯᠦᠨ᠂ ᠪᠦᠬᠦ ᠲᠤᠭᠤᠷᠢᠭ ᠤᠨ ᠠᠷᠠᠳ ᠲᠦᠮᠡᠨ ᠲᠤᠭᠤᠷᠢᠭ ᠤᠨ ᠨᠡᠮ ᠤᠨ ᠬᠤᠷᠢᠶ᠎ᠡ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ "8337" ᠬᠦᠭᠵᠢᠯᠳᠡ ᠶᠢᠨ ᠰᠡᠳᠬᠢᠮᠵᠢ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠦᠨᠳᠦᠰᠦᠨ ᠰᠠᠨᠠᠭ᠎ᠠ ᠶᠢ ᠪᠠᠷᠢᠮᠳᠠᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠲᠤᠭᠲᠠᠭᠤᠨ ᠮᠦᠷᠳᠡᠭᠡᠨ ᠤᠷᠤᠭᠰᠢᠯᠠᠯᠳᠠ ᠲᠠᠢ᠂ ᠢᠯᠭᠤᠮ ᠬᠦᠭᠵᠢᠯᠳᠡ ᠶᠢᠨ ᠰᠠᠶᠢᠨ ᠡᠬᠢᠯᠡᠯᠲᠡ ᠶᠢ ᠪᠤᠢ ᠪᠤᠯᠭᠠᠵᠠᠢ᠃          ᠨᠢᠭᠡ᠂ ᠶᠡᠷᠦᠩᠬᠡᠶᠢᠯᠡᠯ       ᠠᠵᠤ ᠠᠬᠤᠢ ᠶᠢᠨ ᠡᠷᠬᠢᠯᠲᠡ ᠳᠤᠭᠳᠠᠭᠤᠨ ᠳᠤᠮᠳᠠ ᠠᠬᠢᠪᠡ᠃ ᠠᠩᠬ᠎ᠠ ᠠᠯᠬᠤᠮ ᠤᠨ ᠪᠤᠳᠤᠯᠲᠠ ᠪᠠᠷ᠂ ᠪᠦᠬᠦ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 270.11 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠬᠠᠷᠢᠴᠠᠭᠤᠯᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠠᠴᠠ 9.3 % ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ 7.25 ᠳ᠋ᠦᠩᠰᠢᠭᠤᠷ ᠲᠦᠭᠦᠷᠢᠭ᠂ 4.4% ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 136.99 ᠳ᠋ᠦᠩᠰᠢᠭᠤᠷ ᠲᠦᠭᠦᠷᠢᠭ᠂ 10.3% ᠨᠡᠮᠡᠭᠳᠡᠵᠡᠢ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 125.87 ᠳ᠋ᠦᠩᠰᠢᠭᠤᠷ ᠲᠦᠭᠦᠷᠢᠭ᠂ 8.2% ᠨᠡᠮᠡᠭᠳᠡᠵᠡᠢ᠃ ᠪᠠᠶᠢᠩᠭᠤ ᠰᠠᠭᠤᠭ᠎ᠠ ᠬᠦᠮᠦᠨ ᠠᠮᠠ ᠪᠠᠷ ᠪᠤᠳᠤᠪᠠᠯ᠂ ᠬᠦᠮᠦᠨ ᠳᠤᠮᠳᠠᠴᠢ ᠶᠢᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 59462 ᠲᠦᠭᠦᠷᠢᠭ᠃         ᠭᠤᠷᠪᠡᠨ ᠠᠵᠤ ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠡᠢ᠃ ᠠᠵᠤ ᠦᠢᠯᠡᠰ ᠤᠨ ᠪᠦᠲᠦᠴᠡ ᠠᠴᠠ ᠦᠵᠡᠪᠡᠯ᠂ ᠭᠤᠷᠪᠠᠨ ᠠᠵᠤ ᠦᠢᠯᠡᠰ ᠤᠨ ᠬᠠᠷᠢᠴᠠᠯ ᠳᠡᠭᠡᠷ᠎ᠡ ᠵᠢᠯ ᠤᠨ 2.6᠄ 52.6᠄ 44.8 ᠠᠴᠠ 2.7᠄ 50.7᠄ 46.6 ᠪᠤᠯᠤᠨ ᠲᠤᠬᠢᠷᠠᠭᠤᠯᠤᠭᠳᠠᠵᠦ᠂ ᠬᠤᠶᠠᠳᠤᠭᠠᠷ ᠠᠵᠤ ᠦᠢᠯᠡᠰ ᠤᠨ ᠬᠠᠷᠢᠴᠠᠯ 1.9 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ ᠭᠤᠷᠪᠠᠳᠤᠭᠠᠷ ᠠᠵᠤ ᠦᠢᠯᠡᠰ ᠤᠨ ᠬᠠᠷᠢᠴᠠᠯ 1.8 ᠵᠠᠭᠤᠨ ᠤ ᠬᠤᠪᠢ ᠶᠢᠨ ᠴᠡᠭ ᠨᠡᠮᠡᠭᠳᠡᠵᠡᠢ︔ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠤᠶᠠᠳᠤᠭᠠᠷ ᠠᠵᠤ ᠦᠢᠯᠡᠰ 10.3% ᠬᠦᠷᠴᠦ᠂ ᠲᠤᠰᠪᠦᠷᠢ ᠨᠢᠭᠡ᠂ ᠭᠤᠷᠪᠠᠳᠤᠭᠠᠷ ᠠᠵᠤ ᠦᠢᠯᠡᠰ ᠠᠴᠠ 5.9 ᠪᠠ 2.1 ᠵᠠᠭᠤᠨ ᠤ ᠬᠤᠪᠢ ᠶᠢᠨ ᠴᠡᠭ ᠦᠨᠳᠦᠷ ᠪᠠᠶᠢᠵᠤ᠂ ᠭᠤᠷᠪᠠᠨ ᠶᠡᠭᠡ ᠠᠵᠤ ᠦᠢᠯᠡᠰ ᠤᠨ ᠲᠡᠷᠢᠭᠦᠨ ᠳᠤ ᠪᠠᠶᠢᠷᠢᠯᠠᠵᠠᠢ᠃ ᠬᠤᠪᠢ ᠨᠡᠮᠡᠷᠢ ᠶᠢᠨ ᠪᠠᠶᠢᠳᠠᠯ ᠠᠴᠠ ᠦᠵᠡᠪᠡᠯ᠂ ᠭᠤᠷᠪᠠᠨ ᠶᠡᠭᠡ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠲᠤᠰᠪᠦᠷᠢ 1.1% 、59.2% ᠪᠠ 39.8%᠂ ᠬᠤᠶᠠᠳᠤᠭᠠᠷ ᠠᠵᠤ ᠦᠢᠯᠡᠰ ᠳᠡᠭᠡᠷ᠎ᠡ ᠵᠢᠯ ᠠᠴᠠ 3.7 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ ᠭᠤᠷᠪᠠᠳᠤᠭᠠᠷ ᠠᠵᠤ ᠦᠢᠯᠡᠰ 3.7 ᠵᠠᠭᠤᠨ ᠤ ᠬᠤᠪᠢ ᠶᠢᠨ ᠴᠡᠭ ᠳᠡᠭᠡᠭᠰᠢᠯᠡᠵᠡᠢ︔ ᠠᠵᠤ ᠠᠬᠤᠢ ᠶᠢᠨ ᠨᠡᠮᠡᠭᠳᠡᠯ ᠢ ᠠᠬᠢᠭᠤᠯᠤᠭᠰᠠᠨ ᠪᠠᠶᠢᠳᠠᠯ ᠠᠴᠠ ᠦᠵᠡᠪᠡᠯ᠂ ᠭᠤᠷᠪᠠᠨ ᠠᠵᠤ ᠦᠢᠯᠡᠰ ᠲᠤᠰᠪᠦᠷᠢ 0.1᠂ 5.5 ᠪᠠ 3.7 ᠵᠠᠭᠤᠨ ᠤ ᠬᠤᠪᠢ ᠶᠢᠨ ᠴᠡᠭ ᠠᠬᠢᠭᠤᠯᠵᠠᠢ᠃ ᠬᠤᠶᠠᠷ᠂ ᠭᠤᠷᠪᠠᠳᠤᠭᠠᠷ ᠠᠵᠤ ᠦᠢᠯᠡᠰ ᠨᠢᠭᠡᠳᠦᠭᠡᠷ ᠠᠵᠤ ᠦᠢᠯᠡᠰ ᠠᠴᠠ ᠲᠤᠰᠪᠦᠷᠢ 5.4 ᠪᠠ 1.8 ᠵᠠᠭᠤᠨ ᠤ ᠬᠤᠪᠢ ᠶᠢᠨ ᠴᠡᠭ ᠦᠨᠳᠦᠷ᠃        ᠠᠵᠢᠯ ᠤᠯᠭᠤᠯᠳᠠ ᠶᠢᠨ ᠪᠠᠶᠢᠳᠠᠯ ᠦᠨᠳᠤᠰᠦᠨ ᠳᠤ ᠪᠠᠨ ᠲᠤᠭᠳᠠᠪᠦᠷᠢᠲᠠᠢ᠃ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 8700 ᠬᠦᠮᠦᠨ᠂ ᠰᠢᠯᠵᠢᠭᠦᠯᠦᠭᠰᠡᠨ ᠪᠤᠶᠤ ᠪᠤᠯᠪᠠᠰᠤᠷᠠᠯ ᠬᠦᠷᠳᠡᠭᠡᠭᠰᠡᠨ ᠬᠦᠳᠡᠭᠡ ᠲᠤᠰᠬᠤᠨ ᠤ ᠬᠥᠳᠡᠯᠮᠦᠷᠢ ᠬᠦᠴᠦᠨ 1.35 ᠲᠦᠮᠡᠨ ᠬᠦᠮᠦᠨ ᠤᠳᠠᠭ᠎ᠠ᠂ ᠪᠤᠳᠠᠳᠠᠢ ᠴᠢᠳᠠᠪᠤᠷᠢ ᠶᠢᠨ ᠪᠤᠯᠪᠠᠰᠤᠷᠠᠯ ᠬᠦᠷᠳᠡᠭᠰᠡᠳ 3650 ᠬᠦᠮᠦᠨ᠂ ᠦᠢᠯᠡᠰ ᠪᠤᠰᠬᠠᠬᠤ ᠪᠤᠯᠪᠠᠰᠤᠷᠠᠯ ᠬᠦᠷᠳᠡᠭᠰᠡᠳ 475 ᠬᠦᠮᠦᠨ᠂ ᠦᠢᠯᠡᠰ ᠪᠤᠰᠬᠠᠬᠤ ᠪᠠᠷ ᠠᠵᠢᠯ ᠤᠯᠭᠤᠯᠲᠠ ᠶᠢ ᠠᠬᠢᠭᠤᠯᠤᠭᠰᠠᠳ 1425 ᠬᠦᠮᠦᠨ᠃ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ 800 ᠶᠢ ᠨᠡᠭᠡᠭᠡᠵᠦ᠂ 800 ᠠᠵᠢᠯ ᠤᠯᠬᠤ ᠳᠤ ᠬᠦᠴᠢᠷᠳᠡᠭᠰᠡᠳ ᠢ ᠲᠤᠬᠢᠷᠠᠭᠤᠯᠵᠠᠢ᠃ ᠪᠠᠭ᠎ᠠ ᠲᠤᠭᠠᠨ ᠤ ᠪᠠᠳᠤᠯᠠᠨ ᠳᠠᠭᠠᠭᠠᠯᠳᠠ ᠶᠢᠨ ᠵᠢᠭᠡᠯᠡᠯᠭᠡ 1737 ᠲᠦᠮᠡᠨ ᠲᠦᠭᠦᠷᠢᠭ ᠲᠠᠷᠬᠠᠭᠠᠵᠠᠢ᠃ 1137 ᠠᠵᠢᠯ ᠠᠯᠳᠠᠭᠰᠠᠳ ᠲᠤ ᠲᠠᠬᠢᠨ ᠠᠵᠢᠯ ᠤᠯᠭᠤᠵᠤ᠂ 2320 ᠠᠵᠢᠯ ᠤᠯᠬᠤ ᠳᠤ ᠬᠦᠴᠢᠷᠳᠡᠭᠰᠡᠳ ᠲᠤ ᠲᠠᠬᠢᠨ ᠠᠵᠢᠯ ᠤᠯᠭᠤᠵᠠᠢ᠃ ᠬᠤᠲᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠭᠰᠠᠨ ᠨᠤᠷᠮ᠎ᠠ 2.95%᠃       ᠡᠳ᠋ ᠤᠨ ᠵᠠᠰᠠᠭ ᠤᠨ ᠤᠷᠤᠯᠭ᠎ᠠ ᠲᠤᠭᠳᠠᠭᠤᠨ ᠪᠠᠷ ᠨᠡᠮᠡᠭᠳᠡᠪᠡ᠃ ᠪᠦᠬᠦ ᠵᠢᠯ ᠤᠨ ᠭᠠᠵᠠᠷ ᠤᠷᠤᠨ ᠤ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 30.04 ᠳ᠋ᠦᠩᠰᠢᠭᠤᠷ ᠲᠦᠭᠦᠷᠢᠭ ᠢ ᠪᠠᠶᠠᠯᠡᠭᠦᠯᠵᠦ᠂ ᠳᠡᠭᠡᠷ᠎ᠡ ᠵᠢᠯ ᠠᠴᠠ 3.84 ᠳ᠋ᠦᠩᠰᠢᠭᠤᠷ ᠲᠦᠭᠦᠷᠢᠭ ᠨᠡᠮᠡᠭᠳᠡᠵᠦ᠂ 14.6% ᠨᠡᠮᠡᠭᠳᠡᠵᠡᠢ᠃ ᠡᠭᠦᠨ ᠳᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 11.86 ᠳ᠋ᠦᠩᠰᠢᠭᠤᠷ ᠲᠦᠭᠦᠷᠢᠭ᠂ 33.3% ᠨᠡᠮᠡᠭᠳᠡᠵᠡᠢ᠃ ᠳᠡᠭᠡᠭᠰᠢ ᠰᠢᠯᠵᠢᠭᠦᠯᠦᠭᠰᠡᠨ ᠲᠦᠪ ᠪᠠ ᠦᠪᠡᠷᠳᠡᠭᠡᠨ ᠵᠠᠰᠠᠬᠤ ᠤᠷᠤᠨ ᠤ ᠭᠠᠶᠢᠯᠢ ᠶᠢᠨ ᠤᠷᠤᠯᠭ᠎ᠠ 11.88 ᠳ᠋ᠦᠩᠰᠢᠭᠤᠷ ᠲᠦᠭᠦᠷᠢᠭ᠂ 5.6 % ᠳᠤᠷᠤᠭᠰᠢᠯᠠᠵᠠᠢ᠃ ᠪᠦᠬᠦ ᠵᠢᠯ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 23.18 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 5.06 ᠳ᠋ᠦᠩᠰᠢᠭᠤᠷ ᠲᠦᠭᠦᠷᠢᠭ ᠨᠡᠮᠡᠭᠳᠡᠵᠦ᠂ 28% ᠨᠡᠮᠡᠭᠳᠡᠵᠡᠢ᠃ ᠡᠭᠦᠨ ᠳᠤ᠂ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 2.05 ᠳ᠋ᠦᠩᠰᠢᠭᠤᠷ ᠲᠦᠭᠦᠷᠢᠭ᠂ 38.1% ᠨᠡᠮᠡᠭᠳᠡᠵᠡᠢ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 1.2 ᠳ᠋ᠦᠩᠰᠢᠭᠤᠷ ᠲᠦᠭᠦᠷᠢᠭ᠂ 2.5% ᠨᠡᠮᠡᠭᠳᠡᠵᠡᠢ︔ ᠰᠤᠷᠭᠠᠨ ᠬᠦᠮᠦᠵᠢᠯ ᠤᠨ ᠵᠠᠷᠤᠯᠭ᠎ᠠ 4.8 ᠳ᠋ᠦᠩᠰᠢᠭᠤᠷ ᠲᠦᠭᠦᠷᠢᠭ᠂ 21.4% ᠨᠡᠮᠡᠭᠳᠡᠵᠡᠢ︔ ᠰᠢᠨᠵᠢᠯᠡᠭᠡ ᠮᠡᠷᠭᠡᠵᠢᠯ ᠤᠨ ᠵᠠᠷᠤᠯᠭ᠎ᠠ 0.19 ᠳ᠋ᠦᠩᠰᠢᠭᠤᠷ ᠲᠦᠭᠦᠷᠢᠭ᠂ 48.5% ᠨᠡᠮᠡᠭᠳᠡᠵᠡᠢ︔ ᠨᠡᠶᠢᠭᠡᠮ ᠤᠨ ᠪᠠᠳᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 3.39 ᠳ᠋ᠦᠩᠰᠢᠭᠤᠷ ᠲᠦᠭᠦᠷᠢᠭ᠂ 22% ᠨᠡᠮᠡᠭᠳᠡᠵᠡᠢ︔ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ 1.09 ᠳ᠋ᠦᠩᠰᠢᠭᠤᠷ ᠲᠦᠭᠦᠷᠢᠭ᠂ 6.4% ᠳᠤᠷᠤᠭᠰᠢᠯᠠᠵᠠᠢ︔ ᠬᠤᠲᠠ ᠪᠠᠯᠭᠠᠰᠤᠨ ᠤ ᠨᠡᠶᠢᠭᠡᠮ ᠲᠤᠭᠤᠷᠢᠭ ᠤᠨ ᠶᠠᠪᠤᠳᠠᠯ ᠤᠴᠢᠷ ᠤᠨ ᠵᠠᠷᠤᠯᠭ᠎ᠠ 4.43 ᠳ᠋ᠦᠩᠰᠢᠭᠤᠷ ᠲᠦᠭᠦᠷᠢᠭ᠂ 3.2 ᠲᠠᠬᠢᠨ ᠨᠡᠮᠡᠭᠳᠡᠵᠡᠢ︔ ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠲᠠ ᠤᠨ ᠶᠠᠪᠤᠳᠠᠯ ᠤᠨ ᠵᠠᠷᠤᠯᠭ᠎ᠠ 0.89 ᠳ᠋ᠦᠩᠰᠢᠭᠤᠷ ᠲᠦᠭᠦᠷᠢᠭ᠂ 23.4% ᠳᠤᠷᠤᠭᠰᠢᠯᠠᠵᠠᠢ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 0.32 ᠳ᠋ᠦᠩᠰᠢᠭᠤᠷ ᠲᠦᠭᠦᠷᠢᠭ᠂ 28% ᠳᠤᠷᠤᠭᠰᠢᠯᠠᠵᠠᠢ︔ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 2.12 ᠳ᠋ᠦᠩᠰᠢᠭᠤᠷ ᠲᠦᠭᠦᠷᠢᠭ᠂ 1.4 ᠲᠠᠬᠢᠨ ᠨᠡᠮᠡᠭᠳᠡᠵᠡᠢ᠃         ᠬᠤᠶᠠᠷ᠂ ᠲᠠᠷᠢᠶᠠᠯᠠᠩ ᠲᠠᠷᠢᠶᠠᠯᠠᠩ ᠤᠨ ᠦᠢᠯᠡᠳᠪᠦᠷᠢᠯᠡᠯ ᠳᠤᠭᠳᠠᠭᠤᠨ ᠪᠠᠷ ᠨᠡᠮᠡᠭᠳᠡᠪᠡ᠃ ᠪᠦᠬᠦ ᠲᠤᠭᠤᠷᠢᠭ ᠤᠨ ᠲᠡᠷᠢᠶᠡᠯᠡᠩ ᠤᠨ ᠲᠠᠷᠢᠮᠠᠯ ᠤᠨ ᠲᠠᠯᠠᠪᠠᠢ 13062 ᠾᠧᠺᠲ᠋ᠠᠷ᠂ ᠳᠡᠭᠡᠷ᠎ᠡ ᠵᠢᠯ ᠠᠴᠠ 4.7% ᠳᠤᠷᠤᠭᠰᠢᠯᠠᠵᠠᠢ᠃ ᠡᠭᠦᠨ ᠳᠤ᠂ ᠠᠮᠤ ᠪᠤᠳᠠᠭᠠᠨ ᠤ ᠲᠠᠷᠢᠮᠠᠯ 11388 ᠾᠧᠺᠲ᠋ᠠᠷ᠂ 1.1% ᠳᠤᠷᠤᠭᠰᠢᠯᠠᠵᠠᠢ︔ ᠠᠵᠤ ᠠᠬᠤᠢ ᠶᠢᠨ ᠲᠠᠷᠢᠮᠠᠯ 1674 ᠾᠧᠺᠲ᠋ᠠᠷ᠂ 23.3% ᠳᠤᠷᠤᠭᠰᠢᠯᠠᠵᠠᠢ︔ ᠪᠦᠬᠦ ᠲᠤᠭᠤᠷᠢᠭ ᠤᠨ ᠠᠮᠤ ᠪᠤᠳᠠᠭᠠᠨ ᠤ ᠭᠠᠷᠤᠯᠳᠠ 5.35 ᠲᠦᠮᠡᠨ ᠲᠤᠨ᠂ 17.7% ᠳᠤᠷᠤᠭᠰᠢᠯᠠᠵᠠᠢ᠃ ᠡᠭᠦᠨ ᠳᠤ᠂ ᠠᠮᠤ ᠪᠤᠳᠠᠭ᠎ᠠ 5.31 ᠲᠦᠮᠡᠨ ᠲᠤᠨ᠂ 17.9% ᠳᠤᠷᠤᠭᠰᠢᠯᠠᠵᠠᠢ︔ ᠪᠤᠷᠴᠠᠭ ᠤᠨ ᠵᠦᠢᠯ 318 ᠲᠤᠨ᠂ 17.3% ᠨᠡᠮᠡᠭᠳᠡᠵᠡᠢ᠃ ᠠᠵᠤ ᠠᠬᠤᠢ ᠶᠢᠨ ᠲᠠᠷᠢᠮᠠᠯ ᠤᠨ ᠭᠠᠷᠤᠯᠳᠠ ᠨᠡᠮᠡᠭᠳᠡᠯ ᠲᠠᠢ ᠮᠦᠷᠳᠡᠭᠡᠨ ᠬᠠᠰᠤᠭᠳᠠᠯ ᠲᠠᠢ᠂ ᠡᠭᠦᠨ ᠳᠤ᠂ ᠲᠤᠰᠤᠨ ᠤ ᠭᠠᠷᠤᠯᠳᠠ 549 ᠲᠤᠨ᠂ 1.1% ᠨᠡᠮᠡᠭᠳᠡᠵᠡᠢ︔ ᠢᠳᠡᠰᠢᠨ ᠨᠤᠭᠤᠭ᠎ᠠ 12.35 ᠲᠦᠮᠡᠨ ᠲᠤᠨ᠂ 22.4% ᠳᠤᠷᠤᠭᠰᠢᠯᠠᠵᠠᠢ︔ ᠭᠤᠸᠠ ᠶᠢᠨ ᠵᠦᠢᠯ 1304 ᠲᠤᠨ᠂ 123.7% ᠨᠡᠮᠡᠭᠳᠡᠵᠡᠢ᠃      ᠲᠦᠬᠦᠭᠡᠷᠦᠮᠵᠢ ᠶᠢᠨ ᠲᠠᠷᠢᠶᠠᠯᠠᠩ ᠲᠠᠰᠤᠷᠠᠯᠳᠠ ᠦᠭᠡᠢ ᠰᠠᠶᠢᠵᠢᠷᠠᠵᠠᠢ᠃ ᠪᠦᠬᠦ ᠲᠤᠭᠤᠷᠢᠭ ᠤᠨ ᠬᠤᠸᠠᠷ ᠴᠡᠴᠡᠭ᠂ ᠤᠨᠴᠠᠯᠢᠭᠳᠤ ᠵᠢᠮᠢᠰ ᠤᠨ ᠲᠠᠷᠢᠮᠠᠯ ᠤᠨ ᠬᠦᠷᠢᠶᠡᠯᠡᠩ 11 ᠰᠠᠭᠤᠷᠢ ᠪᠠᠶᠢᠵᠤ᠂ ᠶᠡᠷᠦᠩᠬᠡᠢ ᠲᠠᠯᠠᠪᠠᠢ 1037 ᠮᠦ︔ ᠰᠢᠨ᠎ᠡ ᠪᠠᠷ ᠪᠦᠳᠦᠭᠡᠨ ᠪᠠᠶᠢᠭᠤᠯᠤᠭᠰᠠᠨ ᠲᠠᠷᠢᠮᠠᠯ ᠤᠨ ᠬᠦᠷᠢᠶᠡᠯᠡᠩ 2 ᠰᠠᠭᠤᠷᠢ︔ 17 ᠲᠦᠮᠡᠨ ᠮᠦ ᠭᠠᠵᠠᠷ ᠢ ᠬᠡᠮᠵᠢᠨ ᠰᠢᠯᠭᠠᠵᠤ ᠵᠤᠷ ᠲᠤᠬᠢᠷᠠᠭᠤᠯᠤᠨ ᠪᠤᠷᠳᠤᠭᠤᠷ ᠤᠷᠤᠭᠤᠯᠬᠤ ᠮᠡᠷᠭᠡᠵᠢᠯ ᠢ ᠳᠠᠯᠭᠡᠷᠡᠭᠦᠯᠦᠨ ᠨᠠᠶᠢᠳᠡᠪᠦᠷᠢᠵᠢᠭᠤᠯᠪᠠ᠃ 7 ᠰᠠᠭᠤᠷᠢ ᠪᠠᠭ᠎ᠠ ᠬᠡᠯᠪᠡᠷᠢ ᠶᠢᠨ ᠡᠷᠦᠬᠡ ᠬᠤᠯᠪᠤᠭᠠᠯᠠᠭᠰᠠᠨ ᠨᠠᠮᠤᠭ ᠤᠨ ᠬᠡᠢ ᠶᠢᠨ ᠪᠦᠲᠦᠭᠡᠨ ᠪᠠᠶᠢᠭᠤᠯᠤᠯᠳᠠ ᠶᠢ ᠪᠡᠶᠡᠯᠡᠭᠦᠯᠵᠡᠢ︔ ᠲᠠᠷᠢᠶᠠᠯᠠᠩ ᠤᠨ ᠮᠠᠰᠢᠨ ᠮᠧᠬᠠᠨᠢᠭ ᠬᠤᠳᠠᠯᠳᠤᠨ ᠠᠪᠬᠤ ᠨᠦᠬᠦᠪᠦᠷᠢ ᠮᠦᠩᠭᠦ 185 ᠲᠦᠮᠡᠨ ᠲᠦᠭᠦᠷᠢᠭ ᠢ ᠨᠡᠶᠢᠳᠡᠪᠦᠷᠢᠵᠢᠭᠤᠯᠵᠠᠢ᠃ ᠮᠠᠰᠢᠨ ᠢᠶᠠᠷ ᠲᠠᠷᠢᠵᠤ ᠮᠠᠰᠢᠨ ᠢᠶᠠᠷ ᠬᠠᠭᠠᠯᠪᠦᠷᠢᠯᠠᠬᠤ ᠠᠵᠢᠯ ᠢ ᠲᠤᠰᠪᠦᠷᠢ 14 ᠲᠦᠮᠡᠨ ᠮᠦ᠂ 17.5 ᠲᠦᠮᠡᠨ ᠮᠦ ᠳᠤ ᠭᠦᠷᠭᠡᠵᠡᠢ᠃ 5 ᠲᠦᠮᠡᠨ ᠮᠦ ᠭᠠᠵᠠᠷ ᠲᠤ ᠮᠧᠬᠠᠨᠢᠭ ᠢᠶᠠᠷ ᠭᠦᠨ ᠳᠠᠪᠬᠤᠷᠭ᠎ᠠ ᠳᠤ ᠪᠤᠷᠳᠤᠭᠤᠷ ᠤᠷᠤᠭᠤᠯᠬᠤ ᠶᠢ ᠪᠡᠶᠡᠯᠡᠭᠦᠯᠵᠡᠢ︔ 8 ᠲᠦᠮᠡᠨ ᠮᠦ ᠭᠠᠵᠠᠷ ᠲᠤ ᠮᠧᠬᠠᠨᠢᠭ ᠢᠶᠠᠷ ᠴᠦᠭᠡᠨ ᠬᠡᠮᠵᠢᠶᠡᠨ ᠤ ᠰᠢᠯᠢᠳᠡᠭ ᠦᠷ᠎ᠡ ᠪᠤᠶᠢᠵᠢᠭᠤᠯᠵᠠᠢ᠃ 5 ᠲᠦᠮᠡᠨ ᠮᠦ ᠭᠠᠵᠠᠷ ᠲᠤ ᠠᠲᠠᠷ ᠬᠠᠭᠠᠯᠪᠤᠷᠢᠯᠠᠬᠤ ᠦᠭᠡᠢ ᠪᠠᠷ ᠦᠷ᠎ᠡ ᠪᠤᠶᠢᠵᠢᠭᠤᠯᠬᠤ ᠶᠢ ᠪᠡᠶᠡᠯᠡᠭᠦᠯᠵᠡᠢ︔ 1.5 ᠲᠦᠮᠡᠨ ᠮᠦ ᠭᠠᠵᠠᠷ ᠲᠤ ᠡᠷᠳᠡᠨᠢ ᠰᠢᠰᠢ ᠶᠢᠨ ᠪᠦᠷᠭᠦᠪᠴᠢ ᠶᠢᠨ ᠲᠤᠤᠷ᠎ᠠ ᠲᠤᠰᠤᠯᠭᠠᠨ ᠤᠰᠤᠯᠠᠵᠦ ᠲᠠᠷᠢᠬᠤ ᠶᠢ ᠪᠡᠶᠡᠯᠡᠭᠦᠯᠵᠡᠢ︔ᠬᠠᠭᠠᠯᠪᠤᠷᠢᠯᠠᠬᠤ᠂ ᠪᠤᠶᠢᠵᠢᠭᠤᠯᠬᠤ᠂ ᠬᠤᠷᠢᠶᠠᠬᠤ ᠶᠡᠷᠦᠩᠬᠡᠶᠢᠯᠡᠭᠰᠡᠨ ᠮᠧᠬᠠᠨᠢᠭᠵᠢᠯᠳᠠ ᠶᠢᠨ ᠲᠦᠪᠰᠢᠨ 56.7% ᠬᠦᠷᠴᠦ᠂ ᠳᠡᠭᠡᠷ᠎ᠡ ᠵᠢᠯ ᠠᠴᠠ 3.3 ᠵᠠᠭᠤᠨ ᠤ ᠬᠤᠪᠢ ᠶᠢᠨ ᠴᠡᠭ ᠨᠡᠮᠡᠭᠳᠡᠵᠡᠢ᠃ ᠪᠦᠬᠦ ᠲᠤᠭᠤᠷᠢᠭ ᠤᠨ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠭᠴᠢ ᠬᠦᠴᠦ 9.0 ᠲᠦᠮᠡᠨ ᠺᠢᠯᠤᠸᠠᠲ᠂ ᠳᠡᠭᠡᠷ᠎ᠡ ᠵᠢᠯ ᠠᠴᠠ 11% ᠨᠡᠮᠡᠭᠳᠡᠵᠡᠢ᠃         ᠲᠠᠷᠢᠶᠠᠯᠠᠩ ᠤᠨ ᠠᠵᠦ ᠦᠢᠯᠡᠰᠵᠢᠯᠲᠡ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠡᠢ᠃ ᠲᠤᠯᠤᠭᠠᠶᠢᠯᠠᠭᠴᠢ ᠠᠵᠤ ᠠᠬᠤᠶᠢᠯᠠᠯ ᠦᠳᠳᠦᠷ ᠲᠦᠷᠭᠡᠨ ᠬᠦᠭᠵᠢᠵᠦ᠂ ᠤᠳᠤᠬᠠᠨ ᠳᠤ ᠪᠦᠬᠦ ᠲᠤᠭᠤᠷᠢᠭ ᠲᠤ 73 ᠲᠤᠯᠤᠭᠠᠶᠢᠯᠠᠭᠴᠢ ᠠᠵᠤ ᠠᠬᠤᠶᠢᠯᠠᠯ᠂ ᠦᠪᠡᠷᠳᠡᠭᠡᠨ ᠵᠠᠰᠠᠬᠤ ᠤᠷᠤᠨ ᠤ ᠳᠡᠰ ᠤᠨ 17 ᠠᠵᠤ ᠠᠬᠤᠶᠢᠯᠠᠯ᠂ ᠬᠤᠲᠠ ᠶᠢᠨ ᠳᠡᠰ ᠤᠨ 10 ᠠᠵᠤ ᠠᠬᠤᠶᠢᠯᠠᠯ ᠪᠤᠢ᠃ ᠡᠭᠦᠨ ᠳᠤ᠂ 48 ᠪᠤᠯᠪᠠᠰᠤᠷᠠᠭᠤᠯᠬᠤ ᠮᠠᠶ᠋ᠢᠭ ᠤᠨ ᠲᠤᠯᠤᠭᠠᠶᠢᠯᠠᠭᠴᠢ ᠠᠵᠤ ᠠᠬᠤᠶᠢᠯᠠᠯ᠂ 25 ᠭᠦᠢᠯᠭᠡᠭᠡᠨ ᠤ ᠮᠠᠶ᠋ᠢᠭ ᠤᠨ ᠠᠵᠤ ᠠᠬᠤᠶᠢᠯᠠᠯ ᠪᠠᠶᠢᠵᠤ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠲᠦᠷᠦᠯ ᠵᠦᠢᠯ ᠢ ᠪᠦᠷᠢᠯᠳᠦᠭᠦᠯᠵᠦ᠂ ᠡᠷᠭᠢᠨ ᠲᠤᠭᠤᠷᠢᠨ ᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠦ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠤᠨ ᠪᠦᠯᠦᠭᠯᠡᠯ ᠢ ᠳᠠᠶᠢᠴᠢᠯᠡᠨ ᠳᠠᠭᠠᠭᠤᠯᠪᠠ᠃       ᠮᠠᠯ ᠠᠵᠤ ᠠᠬᠤᠢ ᠶᠢᠨ ᠦᠢᠯᠡᠳᠪᠦᠷᠢᠯᠡᠯ ᠪᠠᠭ᠎ᠠ ᠪᠠᠭᠤᠷᠠᠯᠲᠠ ᠲᠠᠢ᠃ ᠮᠠᠯᠵᠢᠯ ᠤᠨ ᠤᠯᠠᠷᠢᠯ ︵ 6 ᠰᠠᠷ᠎ᠠ ᠶᠢᠨ ᠰᠡᠭᠦᠯᠴᠢ︶ ᠤᠨ ᠮᠠᠯ ᠤᠨ ᠵᠤᠭᠰᠤᠭ᠎ᠠ ᠲᠤᠭ᠎ᠠ 12.21 ᠲᠦᠮᠡᠨ ᠲᠤᠯᠤᠭᠠᠢ ᠪᠠᠶᠢᠵᠤ᠂ ᠳᠡᠭᠡᠷ᠎ᠡ ᠵᠢᠯ ᠠᠴᠠ 8.5% ᠨᠡᠮᠡᠭᠳᠡᠵᠡᠢ᠃ ᠡᠭᠦᠨ ᠳᠤ᠂ ᠪᠤᠳᠠ ᠮᠠᠯ 4.73 ᠲᠦᠮᠡᠨ ᠲᠤᠯᠤᠭᠠᠢ᠂ 1.9% ᠳᠤᠷᠤᠭᠰᠢᠯᠠᠵᠠᠢ︔ ᠪᠤᠭ ᠮᠠᠯ 3.47 ᠲᠦᠮᠡᠨ ᠲᠤᠯᠤᠭᠠᠢ᠂ 4.3% ᠳᠤᠷᠤᠭᠰᠢᠯᠠᠵᠠᠢ︔ ᠭᠠᠭ᠋ᠠᠢ 4 ᠲᠦᠮᠡᠨ ᠲᠤᠯᠤᠭᠠᠢ᠂ 43.3% ᠨᠡᠮᠡᠭᠳᠡᠵᠡᠢ᠃ 12 ᠰᠠᠷ᠎ᠠ ᠶᠢᠨ ᠰᠡᠭᠦᠯᠴᠢ ᠶᠢᠨ ᠮᠠᠯ ᠤᠨ ᠵᠤᠭᠰᠤᠭ᠎ᠠ ᠲᠤᠭ᠎ᠠ 5.58 ᠲᠦᠮᠡᠨ ᠲᠤᠯᠤᠭᠠᠢ ᠪᠠᠶᠢᠵᠤ᠂ ᠳᠡᠭᠡᠷ᠎ᠡ ᠵᠢᠯ ᠠᠴᠠ 2.3% ᠳᠤᠷᠤᠭᠰᠢᠯᠠᠵᠠᠢ᠃ ᠡᠭᠦᠨ ᠳᠤ᠂ ᠪᠤᠳᠠ ᠮᠠᠯ 1.68 ᠲᠦᠮᠡᠨ ᠲᠤᠯᠤᠭᠠᠢ᠂ 4.8% ᠳᠤᠷᠤᠭᠰᠢᠯᠠᠵᠠᠢ︔ ᠪᠤᠭ ᠮᠠᠯ 2.57 ᠲᠦᠮᠡᠨ ᠲᠤᠯᠤᠭᠠᠢ᠂ 0.03% ᠳᠤᠷᠤᠭᠰᠢᠯᠠᠵᠠᠢ᠃ 1.34 ᠲᠦᠮᠡᠨ ᠲᠤᠯᠤᠭᠠᠢ ᠭᠠᠭ᠋ᠠᠢ᠂ 3.4% ᠳᠤᠷᠤᠭᠰᠢᠯᠠᠵᠠᠢ᠃ ᠪᠦᠬᠦ ᠵᠢᠯ ᠤᠨ ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ 4849 ᠲᠤᠨ᠂ 4.4% ᠳᠤᠷᠤᠭᠰᠢᠯᠠᠵᠠᠢ᠃ ᠦᠨᠢᠶᠡᠨ ᠰᠦ 5439 ᠲᠤᠨ ᠂ 15.7% ᠳᠤᠷᠤᠭᠰᠢᠯᠠᠵᠠᠢ᠃ ᠵᠢᠭᠦᠷᠲᠡᠨ ᠤ ᠦᠨᠳᠡᠭᠡ 3500 ᠲᠤᠨ᠂ 3.2% ᠳᠤᠷᠤᠭᠰᠢᠯᠠᠵᠠᠢ᠃        ᠤᠢ ᠰᠢᠭᠤᠢ ᠶᠢᠨ ᠦᠢᠯᠡᠳᠪᠦᠷᠢᠯᠡᠯ ᠲᠤᠭᠳᠠᠭᠤᠨ ᠬᠦᠭᠵᠢᠯᠳᠡ ᠲᠠᠢ᠃ ᠪᠦᠬᠦ ᠵᠢᠯ ᠳᠤ 1957 ᠮᠦ ᠤᠶᠢᠵᠢᠭᠤᠯᠵᠤ᠂ ᠭᠤᠤᠯᠳᠠᠯᠭ᠎ᠠ ᠲᠠᠢ ᠤᠷᠤᠨ ᠭᠦᠷᠢᠶᠡᠨ ᠤ ᠨᠤᠭᠤᠭᠠᠷᠠᠭᠤᠯᠤᠯᠳᠠ ᠶᠢᠨ ᠲᠠᠯᠠᠪᠠᠢ 1074 ᠮᠦ᠂ ᠠᠯᠪᠠᠨ ᠵᠢᠷᠦᠮ ᠢᠶᠠᠷ 13 ᠲᠦᠮᠡᠨ ᠰᠠᠭᠤᠷᠢ ᠮᠤᠳᠤ ᠲᠠᠷᠢᠬᠤ ᠶᠢ ᠪᠠᠶᠠᠯᠡᠭᠦᠯᠵᠦ᠂ ᠬᠠᠵᠠᠭᠤ ᠬᠠᠪᠢᠷᠭ᠎ᠠ ᠶᠢᠨ ᠮᠤᠳᠤ 6 ᠲᠦᠮᠡᠨ ᠰᠠᠭᠤᠷᠢ ᠤᠶᠢᠵᠢᠭᠤᠯᠵᠤ᠂ ᠰᠢᠨ᠎ᠡ ᠪᠠᠷ ᠴᠢᠬᠢ ᠪᠤᠶᠢᠵᠢᠭᠤᠯᠤᠭᠰᠠᠨ ᠲᠠᠯᠠᠪᠠᠢ 200 ᠮᠦ᠂ 1557 ᠮᠦ ᠤᠷᠭᠤᠮᠡᠯ ᠤᠨ ᠪᠦᠷᠭᠦᠴᠡ ᠶᠢ ᠰᠡᠷᠭᠦᠭᠡᠨ ᠤᠶᠢᠵᠢᠭᠤᠯᠵᠤ᠂ ᠠᠵᠤ ᠠᠬᠤᠢ ᠶᠢᠨ ᠤᠢ 400 ᠮᠦ ᠤᠶᠢᠵᠢᠭᠤᠯᠵᠠᠢ᠃ ᠤᠢ ᠰᠢᠭᠤᠢ ᠶᠢᠨ ᠪᠦᠷᠭᠦᠴᠡ ᠶᠢᠨ ᠨᠤᠷᠮ᠎ᠠ 30.33% ᠬᠦᠷᠴᠦ᠂ ᠪᠦᠳᠦᠭᠡᠨ ᠪᠠᠶᠢᠭᠤᠯᠤᠭᠰᠠᠨ ᠤᠷᠤᠨ ᠤ ᠨᠤᠭᠤᠭᠠᠷᠠᠭᠤᠯᠤᠯᠳᠠ ᠶᠢᠨ ᠪᠦᠷᠭᠦᠴᠡ ᠶᠢᠨ ᠨᠤᠷᠮ᠎ᠡ 38.57%᠃ ᠪᠦᠬᠦ ᠲᠤᠭᠤᠷᠢᠭ ᠤᠨ ᠬᠤᠷᠤᠬᠠᠢ ᠰᠢᠪᠡᠵᠢ  ᠶᠢᠨ ᠡᠭᠦᠰᠭᠡᠭᠰᠡᠨ ᠤᠢ ᠰᠢᠭᠤᠢ ᠶᠢᠨ ᠡᠪᠡᠳᠴᠢᠨ ᠤ ᠬᠢᠨᠡᠨ ᠬᠡᠮᠵᠢᠭᠰᠡᠨ ᠲᠠᠯᠠᠪᠠᠢ 1.4 ᠲᠦᠮᠡᠨ ᠮᠦ ᠳᠤ ᠭᠦᠷᠴᠦ᠂ ᠰᠡᠷᠭᠡᠶᠢᠯᠡᠨ ᠵᠠᠰᠠᠭᠰᠠᠨ ᠨᠤᠷᠮ᠎ᠠ ᠡᠵᠡᠮᠳᠡᠭᠰᠡᠨ ᠨᠤᠷᠮ᠎ᠠ ᠪᠦᠷ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃         ᠭᠤᠷᠪᠠ᠂ ᠠᠵᠤ ᠦᠢᠯᠡᠳᠪᠦᠷᠢ ᠪᠤᠯᠤᠨ ᠪᠠᠷᠢᠯᠭ᠎ᠠ ᠶᠢᠨ ᠦᠢᠯᠡᠰ        ᠠᠵᠤ ᠦᠢᠯᠡᠳᠪᠦᠷᠢ ᠶᠢᠨ ᠦᠢᠯᠡᠳᠪᠦᠷᠢᠯᠡᠯ ᠲᠤᠭᠳᠠᠭᠤᠨ ᠨᠡᠮᠡᠭᠳᠡᠯ ᠲᠠᠢ᠃ ᠪᠦᠬᠦ ᠵᠢᠯ ᠳᠤ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 122.26 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 9.8% ᠨᠡᠮᠡᠭᠳᠡᠵᠡᠢ᠃ ᠡᠭᠦᠨ ᠳᠤ᠂ 67 ᠬᠡᠪᠴᠢᠶᠡᠵᠢᠯ ᠠᠴᠠ ᠳᠠᠭᠡᠭᠰᠢᠬᠢ ᠠᠵᠤ ᠦᠢᠯᠡᠳᠪᠦᠷᠢ ᠤᠨ ︵ᠵᠢᠯ ᠤᠨ ᠡᠵᠡᠩᠨᠡᠯᠳᠡ ᠶᠢᠨ ᠤᠷᠤᠯᠭ᠎ᠠ 2000 ᠲᠦᠮᠡᠨ ᠲᠦᠭᠦᠷᠢᠭ ᠠᠴᠠ ᠲᠡᠭᠡᠭᠰᠢ ᠬᠠᠤᠯᠢ ᠶᠢᠨ ᠡᠷᠬᠡᠳᠡᠨ ᠠᠵᠤ ᠦᠢᠯᠡᠳᠪᠦᠷᠢ ᠶᠢᠨ ᠠᠵᠤ ᠠᠬᠤᠶᠢᠯᠠᠯ︶ ᠨᠡᠮᠡᠭᠳᠡᠯ ᠦᠷᠳᠡᠭ 8.4% ᠨᠡᠮᠡᠭᠳᠡᠵᠡᠢ︔ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠶᠡᠷᠦᠩᠬᠡᠢ ᠦᠷᠳᠡᠭ 438.83 ᠳ᠋ᠦᠩᠰᠢᠭᠤᠷ ᠲᠦᠭᠦᠷᠢᠭ᠂ 7.2% ᠨᠡᠮᠡᠭᠳᠡᠵᠡᠢ᠃ ᠠᠵᠤ ᠠᠬᠤᠶᠢᠯᠠᠯ ᠤᠨ ᠬᠡᠪᠴᠢᠶ᠎ᠡ ᠪᠠᠷ ᠬᠤᠪᠢᠶᠠᠪᠠᠯ᠂ ᠲᠤᠮᠤ ᠲᠤᠮᠳᠠ ᠬᠡᠯᠪᠡᠷᠢ ᠶᠢᠨ ᠠᠵᠤ ᠦᠢᠯᠡᠳᠪᠦᠷᠢ 7.8% ᠨᠡᠮᠡᠭᠳᠡᠵᠡᠢ︔ ᠠᠵᠤ ᠠᠬᠤᠶᠢᠯᠠᠯ ᠤᠨ ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠪᠠᠯ᠂ ᠤᠯᠤᠰ ᠤᠨ ᠦᠮᠴᠢᠯᠡᠯᠳᠦ ᠠᠵᠤ ᠠᠬᠤᠶᠢᠯᠠᠯ 1.1% ᠨᠡᠮᠡᠭᠳᠡᠵᠦ᠂ ᠪᠤᠰᠤᠳ ᠲᠦᠷᠦᠯ ᠤᠨ ᠠᠵᠤ ᠠᠬᠤᠶᠢᠯᠠᠯ 9.6% ᠨᠡᠮᠡᠭᠳᠡᠵᠡᠢ︔ ᠬᠦᠨᠳᠦ ᠬᠦᠩᠭᠡᠨ ᠠᠵᠤ ᠦᠢᠯᠡᠳᠪᠦᠷᠢ ᠪᠠᠷ ᠬᠤᠪᠢᠶᠠᠪᠠᠯ᠂ ᠬᠦᠩᠭᠡᠨ ᠠᠵᠤ ᠦᠢᠯᠡᠳᠪᠦᠷᠢ 4.2% ᠨᠡᠮᠡᠭᠳᠡᠵᠦ᠂ ᠬᠦᠨᠳᠦ ᠠᠵᠤ ᠦᠢᠯᠡᠳᠪᠦᠷᠢ 8.2% ᠨᠡᠮᠡᠭᠳᠡᠵᠡᠢ᠃  ᠭᠤᠤᠯ ᠨᠡᠮᠡᠭᠳᠡᠯ ᠤᠨ ᠡᠯᠧᠮᠧᠨ᠋ᠲ ᠠᠴᠠ ᠦᠵᠡᠪᠡᠯ᠂ ᠭᠤᠤᠯᠳᠠᠯᠭ᠎ᠠ ᠲᠠᠢ ᠠᠵᠤ ᠦᠢᠢᠯᠡᠰ ᠨᠢ ᠠᠵᠤ ᠦᠢᠯᠡᠳᠪᠦᠷᠢ  ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠡᠨ ᠳᠠᠭᠠᠭᠤᠯᠬᠤ ᠭᠤᠤᠯ ᠬᠦᠴᠦᠨ ᠵᠦᠢᠯ ᠪᠤᠯᠵᠠᠢ᠃ ᠡᠭᠦᠨ ᠳᠤ ᠲᠡᠮᠦᠷᠯᠢᠭ ᠪᠤᠯᠪᠠᠰᠤᠷᠠᠭᠤᠯᠬᠤ ᠦᠢᠯᠡᠰ ᠤᠨ ᠦᠢᠯᠡᠳᠪᠦᠷᠢᠯᠡᠯ ᠤᠨ ᠦᠷᠳᠡᠭ 322.91 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 6.7% ᠨᠡᠮᠡᠭᠳᠡᠵᠡᠢ᠃        ᠠᠵᠤ ᠦᠢᠯᠡᠳᠪᠦᠷᠢ ᠶᠢᠨ ᠠᠵᠦ ᠠᠬᠤᠶᠢᠯᠡᠯ ᠤᠨ ᠦᠷ᠎ᠡ ᠠᠰᠢᠭ ᠲᠤᠭᠳᠠᠭᠤᠨ ᠢᠶᠠᠷ ᠳᠡᠭᠡᠭᠰᠢᠯᠡᠪᠡ᠃ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠦ ᠠᠬᠤᠶᠢᠯᠡᠯ ᠤᠨ ᠪᠠᠶᠠᠯᠡᠭᠦᠯᠦᠭᠰᠡᠨ ᠡᠵᠡᠩᠨᠡᠯᠳᠡ ᠶᠢᠨ ᠤᠷᠤᠯᠭ᠎ᠠ 443.46 ᠳ᠋ᠦᠩᠰᠢᠭᠤᠷ ᠲᠦᠭᠦᠷᠢᠭ᠂ 5.3% ᠨᠡᠮᠡᠭᠳᠡᠵᠡᠢ︔ ᠠᠰᠢᠭ ᠭᠠᠶᠢᠯᠢ 48.74 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ 22.7% ᠨᠡᠮᠡᠭᠳᠡᠵᠡᠢ︔ ᠠᠰᠢᠭ ᠤᠷᠤᠯᠭ᠎ᠠ 43.22 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ 30.5% ᠨᠡᠮᠡᠭᠳᠡᠵᠡᠢ︔ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠦ ᠠᠬᠤᠶᠢᠯᠡᠯ ᠤᠨ ᠪᠦᠳᠦᠭᠡᠭᠳᠡᠭᠦᠨ ᠤ ᠪᠤᠷᠤᠯᠠᠭᠤᠯᠭ᠎ᠠ ᠶᠢᠨ ᠨᠤᠷᠮ᠎ᠠ 99.6% ᠪᠠᠶᠢᠵᠦ᠂ ᠳᠡᠭᠡᠷ᠎ᠡ ᠵᠢᠯ ᠠᠴᠠ 0.5 ᠵᠠᠭᠤᠨ ᠤ ᠬᠤᠪᠢ ᠶᠢᠨ ᠴᠡᠭ ᠳᠡᠭᠡᠭᠰᠢᠯᠠᠵᠡᠢ᠃ 8 ᠪᠡᠯᠡ ᠠᠯᠳᠠᠭᠰᠠᠨ ᠠᠵᠤ ᠠᠬᠤᠶᠢᠯᠠᠯ ᠪᠠᠶᠢᠵᠤ᠂ 1.14 ᠳ᠋ᠦᠩᠰᠢᠭᠤᠷ ᠲᠦᠭᠦᠷᠢᠭ ᠬᠤᠬᠢᠷᠠᠵᠤ᠂ ᠳᠡᠭᠡᠷ᠎ᠡ ᠵᠢᠯ ᠠᠴᠠ 43.3% ᠲᠤᠷᠤᠭᠰᠢᠯᠠᠵᠠᠢ᠃         ᠪᠠᠷᠢᠯᠭ᠎ᠠ ᠶᠢᠨ ᠦᠢᠯᠡᠰ ᠲᠤᠭᠳᠠᠭᠤᠨ ᠬᠦᠭᠵᠢᠯᠳᠡ ᠲᠠᠢ᠃ ᠪᠦᠬᠦ ᠵᠢᠯ ᠤᠨ ᠪᠠᠷᠢᠯᠭ᠎ᠠ ᠶᠢᠨ ᠦᠢᠯᠡᠰ ᠤᠨ ᠪᠠᠶᠡᠯᠡᠭᠦᠯᠦᠭᠰᠡᠨ ᠨᠡᠮᠡᠭᠳᠡᠯ ᠦᠷᠳᠡᠭ 14.73 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 14.5% ᠨᠡᠮᠡᠭᠳᠡᠵᠦ᠂ GDP ᠶᠢᠨ ᠶᠡᠷᠦᠩᠬᠡᠢ ᠬᠡᠮᠵᠢᠶᠡᠨ ᠤ 5.5% ᠶᠢ ᠡᠵᠡᠯᠡᠨ᠎ᠡ᠃ ᠪᠦᠬᠦ ᠲᠤᠭᠤᠷᠢᠭ ᠲᠤ 22 ᠬᠢᠷᠢ ᠭᠡᠮ ᠠᠴᠠ ᠳᠡᠭᠡᠭᠰᠢᠬᠢ ᠪᠠᠷᠢᠯᠭ᠎ᠠ ᠶᠢᠨ ᠠᠵᠦ ᠠᠬᠤᠶᠢᠯᠡᠯ ᠪᠠᠶᠢᠵᠤ᠂ ᠠᠰᠢᠭ ᠤᠷᠤᠯᠭ᠎ᠠ 1.96 ᠳ᠋ᠦᠩᠰᠢᠭᠤᠷ ᠲᠦᠭᠦᠷᠢᠭ ᠬᠦᠷᠴᠦ᠂ 17.7% ᠲᠤᠷᠤᠭᠰᠢᠯᠠᠵᠠᠢ︔ ᠭᠠᠶᠢᠯᠢ ᠶᠢᠨ ᠮᠦᠩᠭᠦ 1.4 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ 21.9% ᠨᠡᠮᠡᠭᠳᠡᠵᠡᠢ᠃           ᠳᠦᠷᠪᠡ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠨᠡᠯᠢᠶᠡᠳ ᠲᠦᠷᠭᠡᠨ᠃ ᠪᠦᠬᠦ ᠵᠢᠯ ᠤᠨ ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ 192.65 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ ᠳᠡᠭᠡᠷ᠎ᠡ ᠵᠢᠯ ᠠᠴᠠ 22.6% ᠨᠡᠮᠡᠭᠳᠡᠵᠡᠢ᠃ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠪᠡᠯᠡ ᠤᠷᠤᠭᠤᠯᠤᠯᠳᠠ ︵ᠬᠤᠲᠠ ᠪᠠᠯᠭᠠᠰᠤᠨ ᠤ 50 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ︶ 192.65 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ 23.1% ᠨᠡᠮᠡᠭᠳᠡᠵᠡᠢ᠃ ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠪᠠᠯ᠂ ᠤᠯᠤᠰ ᠤᠨ ᠦᠮᠴᠢᠯᠡᠯᠳᠦ ᠠᠵᠦ ᠠᠬᠤᠢ ᠶᠢᠨ ᠨᠢᠭᠡᠴᠡ ᠶᠢᠨ ᠪᠡᠯᠡ ᠤᠷᠤᠭᠤᠯᠤᠯᠳᠠ 32.58 ᠳ᠋ᠦᠩᠰᠢᠭᠤᠷ ᠲᠦᠭᠦᠷᠢᠭ᠂ 33.6% ᠲᠤᠷᠤᠭᠰᠢᠯᠠᠵᠠᠢ︔ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠪᠡᠯᠡ ᠤᠷᠤᠭᠤᠯᠤᠯᠳᠠ 105.38 ᠳ᠋ᠦᠩᠰᠢᠭᠤᠷ ᠲᠦᠭᠦᠷᠢᠭ᠂ 94.1% ᠨᠡᠮᠡᠭᠳᠡᠵᠡᠢ︔ ᠲᠦᠷᠦᠯ ᠵᠦᠢᠯ ᠤᠨ ᠬᠠᠷᠢᠶᠠᠯᠠᠭᠳᠠᠬᠤ ᠬᠠᠷᠢᠴᠠᠭ᠎ᠠ ᠪᠠᠷ ᠬᠤᠪᠢᠶᠠᠪᠠᠯ᠂ ᠭᠠᠵᠠᠷ ᠤᠷᠤᠨ ᠤ ᠲᠦᠷᠦᠯ ᠵᠦᠢᠯ ᠤᠨ ᠪᠡᠯᠨ ᠤᠷᠤᠭᠤᠯᠤᠯᠲᠠ 192.65 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ 23.1% ᠨᠡᠮᠡᠭᠳᠡᠵᠡᠢ᠃         ᠪᠡᠯᠡ ᠤᠷᠤᠭᠤᠯᠤᠯᠳᠠ ᠶᠢᠨ ᠪᠦᠲᠦᠴᠡ ᠠᠭᠠᠵᠢᠮ ᠢᠶᠠᠷ ᠰᠢᠯᠢᠳᠡᠭᠵᠢᠵᠡᠢ᠃ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠪᠦᠲᠦᠴᠡ ᠠᠴᠠ ᠦᠵᠡᠪᠡᠯ᠂ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠳᠠ ᠲᠤᠰᠪᠦᠷᠢ 0.56᠂ 44.25 ᠪᠠ 147.84 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ ᠲᠤᠰᠪᠦᠷᠢ ᠬᠡᠪᠴᠢᠶᠡᠵᠢᠯ ᠠᠴᠠ ᠳᠡᠭᠡᠭᠰᠢᠬᠢ ᠪᠡᠯᠡ ᠤᠷᠤᠭᠤᠯᠤᠯᠳᠠ ᠶᠢᠨ 0.3%᠂ 23% ᠪᠠ 76.6% ᠶᠢ ᠡᠵᠡᠯᠡᠨ᠂ ᠨᠢᠭᠡᠳᠦᠭᠡᠷ ᠠᠵᠤ ᠦᠢᠯᠡᠰ ᠤᠨ ᠡᠵᠡᠯᠡᠬᠦ ᠬᠠᠷᠢᠴᠠᠯ ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 0.1 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ ᠬᠤᠶᠠᠳᠤᠭᠠᠷ ᠠᠵᠤ ᠦᠢᠯᠡᠰ ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 7.2 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ ᠭᠤᠷᠪᠠᠳᠤᠭᠠᠷ ᠠᠵᠤ ᠦᠢᠯᠡᠰ ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 7.3 ᠵᠠᠭᠤᠨ ᠤ ᠬᠤᠪᠢ ᠶᠢᠨ ᠴᠡᠭ ᠨᠡᠮᠡᠭᠳᠡᠵᠡᠢ᠃ ᠠᠵᠢᠯ ᠦᠢᠯᠡᠰ ᠤᠨ ᠪᠡᠯᠡ ᠤᠷᠤᠭᠤᠯᠤᠯᠳᠠ ᠠᠴᠠ ᠦᠵᠡᠪᠡᠯ᠂ ᠠᠵᠤ ᠦᠢᠯᠡᠳᠪᠦᠷᠢ ᠶᠢᠨ ᠪᠡᠯᠡ ᠤᠷᠤᠭᠤᠯᠤᠯᠳᠠ 44.14 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ 5.1% ᠳᠤᠷᠤᠭᠰᠢᠯᠠᠵᠤ᠂ ᠬᠡᠪᠴᠢᠶᠡᠵᠢᠯ ᠠᠴᠠ ᠳᠡᠭᠡᠭᠰᠢᠬᠢ ᠪᠡᠯᠡ ᠤᠷᠤᠭᠤᠯᠤᠯᠳᠠ  ᠶᠢᠨ 22.9% ᠶᠢ ᠡᠵᠡᠯᠡᠨ᠂ ᠡᠵᠡᠯᠡᠬᠦ ᠬᠠᠷᠢᠴᠠᠯ ᠨᠢ ᠳᠡᠭᠡᠷ᠎ᠡ ᠵᠢᠯ ᠠᠴᠠ 7.1 ᠵᠠᠭᠤᠨ ᠤ ᠬᠤᠪᠢ ᠶᠢᠨ ᠴᠡᠭ ᠲᠤᠷᠤᠭᠰᠢᠯᠠᠵᠠᠢ᠃ ᠭᠤᠷᠪᠠᠳᠤᠭᠠᠷ ᠠᠵᠤ ᠦᠢᠯᠡᠰ ᠤᠨ ᠲᠤᠳᠤᠷᠠᠬᠢ ᠵᠠᠮ ᠲᠡᠭᠡᠭᠡᠪᠦᠷᠢ ᠶᠢᠨ ᠦᠢᠯᠡᠰ᠂ ᠬᠤᠷᠢᠶᠠᠵᠤ ᠬᠠᠳᠠᠭᠠᠯᠠᠬᠤ ᠪᠤᠯᠤᠨ ᠰᠢᠤᠳᠠᠨ ᠤ ᠦᠢᠯᠡᠰ᠂ ᠪᠦᠭᠡᠮ ᠢᠶᠠᠷ ᠪᠤᠷᠤᠯᠠᠭᠤᠯᠬᠤ ᠰᠤᠯᠠ ᠪᠠᠷ ᠬᠤᠳᠠᠯᠳᠤᠬᠤ ᠦᠢᠯᠡᠰ᠂ ᠭᠡᠷ ᠬᠦᠷᠦᠩᠭᠡ ᠶᠢᠨ ᠦᠢᠯᠡᠰ ᠪᠤᠯᠤᠨ ᠰᠤᠷᠠᠭ ᠴᠢᠮᠡᠭᠡ ᠳᠠᠮᠵᠢᠭᠤᠯᠬᠤ᠂ ᠵᠦᠭᠡᠯᠡᠨ ᠲᠤᠨᠤᠭ ᠪᠤᠯᠤᠨ ᠰᠤᠷᠠᠭ ᠴᠢᠮᠡᠭᠡᠨ ᠤ ᠮᠡᠷᠭᠡᠵᠢᠯ ᠤᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠨᠡᠮᠡᠭᠳᠡᠯ ᠲᠠᠢ᠃          ᠭᠡᠷ ᠬᠦᠷᠦᠩᠭᠡ ᠶᠢᠨ ᠵᠠᠬ᠎ᠠ ᠳᠡᠯᠭᠡᠭᠦᠷ ᠤᠨ ᠡᠷᠬᠢᠯᠲᠡ ᠲᠤᠭᠳᠠᠭᠤᠨ᠃ ᠪᠦᠬᠦ ᠵᠢᠯ ᠳᠤ ᠭᠡᠷ ᠬᠦᠷᠦᠩᠭᠡ ᠶᠢᠨ ᠦᠢᠯᠡᠰ ᠤᠨ ᠨᠡᠭᠡᠭᠡᠯᠳᠡ ᠶᠢᠨ ᠪᠡᠯᠡ ᠤᠷᠤᠭᠤᠯᠤᠯᠳᠠ 27.11 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ ᠲᠡᠭᠡᠷ᠎ᠡ ᠵᠢᠯ ᠠᠴᠠ 12.8% ᠨᠡᠮᠡᠭᠳᠡᠵᠡᠢ᠃ ᠲᠠᠸᠠᠷ ᠤᠨ ᠭᠡᠷ ᠬᠦᠷᠦᠩᠭᠡ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠴᠡᠭᠡ ᠠᠴᠠ ᠦᠵᠡᠪᠡᠯ᠂ ᠤᠷᠤᠨ ᠰᠠᠭᠤᠴᠠ ᠶᠢᠨ ᠪᠡᠯᠡ ᠤᠷᠤᠭᠤᠯᠤᠯᠳᠠ 15.47 ᠳ᠋ᠦᠩᠰᠢᠭᠤᠷ ᠲᠦᠭᠦᠷᠢᠭ᠂ 24.9% ᠨᠡᠮᠡᠭᠳᠡᠵᠡᠢ︔ ᠬᠤᠳᠠᠯᠳᠤᠭᠠᠨ ᠤ ᠦᠢᠯᠡᠰ ᠤᠨ ᠡᠵᠡᠩᠨᠡᠯᠳᠡ ᠳᠤ ᠬᠡᠷᠡᠭᠯᠡᠬᠦ ᠭᠡᠷ ᠪᠠᠷᠢᠯᠭ᠎ᠠ ᠶᠢᠨ ᠪᠡᠯᠡ ᠤᠷᠤᠭᠤᠯᠤᠯᠳᠠ 8.04 ᠳ᠋ᠦᠩᠰᠢᠭᠤᠷ ᠲᠦᠭᠦᠷᠢᠭ᠂ 26.3% ᠨᠡᠮᠡᠭᠳᠡᠵᠡᠢ︔ ᠪᠦᠬᠦ ᠵᠢᠯ ᠳᠤ ᠪᠦᠳᠦᠭᠡᠨ ᠪᠠᠶᠢᠭᠤᠯᠤᠭᠰᠡᠨ ᠭᠡᠷ ᠪᠠᠶᠢᠰᠢᠩ ᠤᠨ ᠲᠠᠯᠠᠪᠠᠢ 251.56 ᠲᠦᠮᠡᠨ ᠲᠡᠭᠰᠢ ᠳᠦᠷᠪᠡᠯᠵᠢᠨ ᠮᠧᠲᠷ ᠲᠤ ᠭᠦᠷᠪᠡ᠃ ᠡᠭᠦᠨ ᠳᠤ᠂ ᠤᠷᠤᠨ ᠰᠠᠭᠤᠴᠠ 163.79 ᠲᠦᠮᠡᠨ ᠲᠡᠭᠰᠢ ᠳᠦᠷᠪᠡᠯᠵᠢᠨ ᠮᠧᠲᠷ︔ ᠬᠤᠳᠠᠯᠳᠤᠭᠠᠨ ᠤ ᠦᠢᠯᠡᠰ ᠤᠨ ᠡᠵᠡᠩᠨᠡᠯᠳᠡ ᠶᠢᠨ ᠭᠡᠷ ᠪᠠᠷᠢᠯᠭ᠎ᠠ 41.49 ᠲᠦᠮᠡᠨ ᠲᠡᠭᠰᠢ ᠳᠦᠷᠪᠡᠯᠵᠢᠨ ᠮᠧᠲᠷ᠃            ᠲᠠᠪᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠪᠤᠯᠤᠨ ᠵᠤᠭᠠᠴᠠᠯ ᠤᠨ ᠦᠢᠯᠡᠰ ᠵᠠᠮ ᠲᠡᠭᠡᠭᠡᠪᠦᠷᠢ ᠶᠢᠨ ᠦᠢᠯᠡᠰ ᠲᠤᠭᠳᠠᠭᠤᠨ ᠬᠦᠭᠵᠢᠯᠳᠡ ᠲᠠᠢ᠃ ᠵᠢᠯ ᠤᠨ ᠡᠴᠦᠰ ᠤᠨ ᠪᠦᠬᠦ ᠲᠤᠭᠤᠷᠢᠭ ᠤᠨ ᠵᠠᠰᠠᠮᠠᠯ ᠵᠠᠮ ᠤᠨ ᠪᠦᠬᠦ ᠤᠷᠳᠦ 429.84 ᠺᠢᠯᠤᠮᠧᠲᠷ ᠲᠤ ᠭᠦᠷᠴᠦ᠂ ᠲᠡᠭᠡᠷ᠎ᠡ ᠵᠢᠯ ᠠᠴᠠ 4.3% ᠨᠡᠮᠡᠭᠳᠡᠵᠡᠢ᠃ ᠡᠭᠦᠨ ᠳᠤ ᠤᠯᠤᠰ ᠤᠨ ᠳᠡᠰ ᠤᠨ ᠵᠠᠮ 10.9 ᠺᠢᠯᠤᠮᠧᠲᠷ᠂ ᠮᠤᠵᠢ ᠶᠢᠨ ᠳᠡᠰ ᠤᠨ ᠵᠠᠮ 16.75 ᠺᠢᠯᠤᠮᠧᠲᠷ᠂ ᠰᠢᠶᠠᠨ ᠤ ᠳᠡᠰ ᠤᠨ ᠵᠠᠮ 28.9 ᠺᠢᠯᠤᠮᠧᠲᠷ᠂ ᠰᠢᠶᠠᠩ ᠤᠨ ᠳᠡᠰ ᠤᠨ ᠵᠠᠮ 125.22 ᠺᠢᠯᠤᠮᠧᠲᠷ᠂ ᠲᠤᠰᠬᠤᠨ  ᠤ ᠳᠡᠰ ᠤᠨ ᠵᠠᠮ 248.08 ᠺᠢᠯᠤᠮᠧᠲᠷ᠃   ᠪᠦᠬᠦ ᠵᠢᠯ ᠤᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 668 ᠲᠦᠮᠡᠨ ᠲᠤᠨ ᠢ ᠪᠠᠶᠠᠯᠡᠭᠦᠯᠵᠦ᠂ 2.4% ᠨᠡᠮᠡᠭᠳᠡᠵᠡᠢ︔ ᠪᠠᠷᠠᠭᠠᠨ ᠤ ᠡᠷᠬᠢᠯᠲᠡ ᠶᠢᠨ ᠬᠡᠮᠵᠢᠶ᠎ᠡ 89530 ᠲᠦᠮᠡᠨ ᠲᠤᠨ ᠭᠦᠷᠴᠦ᠂ 2% ᠨᠡᠮᠡᠭᠳᠡᠵᠡᠢ᠃ ᠵᠠᠰᠠᠮᠠᠯ ᠵᠠᠮ ᠤᠨ ᠠᠶᠠᠨᠴᠢᠨ ᠤ ᠲᠡᠭᠡᠭᠡᠪᠦᠷᠢ ᠶᠢᠨ ᠬᠡᠮᠵᠢᠶ᠎ᠡ 136.36 ᠲᠦᠮᠡᠨ ᠬᠦᠮᠦᠨ ᠤᠳᠠᠭ᠎ᠠ᠂ 1.7% ᠨᠡᠮᠡᠭᠳᠡᠵᠡᠢ︔ ᠠᠶᠠᠨᠴᠢᠨ ᠤ ᠲᠡᠭᠡᠭᠡᠪᠦᠷᠢ ᠶᠢᠨ ᠡᠷᠬᠢᠯᠲᠡ ᠶᠢᠨ ᠬᠡᠮᠵᠢᠶ᠎ᠡ ᠺᠢᠯᠤᠮᠧᠲᠷ ᠪᠦᠷᠢ 8120 ᠲᠦᠮᠡᠨ ᠬᠦᠮᠦᠨ ᠳᠤ ᠭᠦᠷᠴᠦ᠂ 1.7% ᠨᠡᠮᠡᠭᠳᠡᠵᠡᠢ᠃         ᠵᠤᠭᠠᠴᠠᠯ ᠤᠨ ᠦᠢᠯᠡᠰ ᠨᠡᠯᠢᠶᠡᠳ ᠲᠦᠷᠭᠡᠨ ᠬᠦᠭᠵᠢᠯᠳᠡ ᠲᠠᠢ᠃ ᠪᠦᠬᠦ ᠲᠤᠭᠤᠷᠢᠭ ᠲᠤ ᠨᠡᠶᠢᠲᠡ 7 ᠤᠳᠤᠨ ᠳᠡᠰ ᠤᠨ ᠪᠠᠭᠤᠳᠠᠯ᠂ 186 ᠵᠤᠭᠠᠴᠠᠯ ᠤᠨ ᠪᠦᠯᠬᠦᠮ ᠢ ᠵᠤᠴᠢᠯᠠᠬᠤ ᠴᠢᠳᠠᠪᠤᠷᠢ ᠲᠠᠢ ᠬᠤᠭᠤᠯᠠᠨ ᠲᠠᠩᠬᠢᠮ ᠪᠤᠯᠤᠨ ᠤᠨᠴᠠᠯᠢᠭᠳᠤ ᠢᠳᠡᠭᠡᠨ ᠤᠮᠳᠠᠭᠠᠨ ᠤ ᠠᠵᠤ ᠠᠬᠤᠶᠢᠯᠠᠯ ᠪᠤᠢ᠃ ᠪᠦᠬᠦ ᠵᠢᠯ ᠤᠨ ᠨᠡᠶᠢᠳᠡ ᠬᠦᠯᠢᠶᠡᠨ ᠵᠤᠴᠢᠯᠠᠭᠰᠠᠨ ᠵᠢᠭᠤᠯᠴᠢᠯᠠᠭᠰᠠᠳ 168 ᠲᠦᠮᠡᠨ ᠬᠦᠮᠦᠨ ᠤᠳᠠᠭ᠎ᠠ᠂ ᠳᠡᠭᠡᠷ᠎ᠡ ᠵᠢᠯ ᠠᠴᠠ 8% ᠨᠡᠮᠡᠭᠳᠡᠵᠦ᠂ ᠵᠤᠭᠠᠴᠠᠯ ᠤᠨ ᠤᠷᠤᠯᠭ᠎ᠠ 17.8 ᠳ᠋ᠦᠩᠰᠢᠭᠤᠷ ᠲᠦᠭᠦᠷᠢᠭ ᠢ ᠪᠠᠶᠡᠯᠡᠭᠦᠯᠵᠦ᠂ 7% ᠨᠡᠮᠡᠭᠳᠡᠵᠡᠢ᠃           ᠵᠢᠷᠭᠤᠭ᠎ᠠ᠂ ᠤᠯᠤᠰ ᠤᠨ ᠲᠤᠳᠤᠭᠠᠳᠤ ᠶᠢᠨ ᠠᠷᠠᠯᠵᠢᠶ᠎ᠠ ᠬᠡᠷᠡᠭᠯᠡᠭᠡᠨ ᠤ ᠡᠳ᠋ ᠤᠨ ᠵᠠᠬ᠎ᠠ ᠲᠡᠯᠭᠡᠭᠦᠷ ᠦᠷᠭᠦᠯᠵᠢᠯᠡᠨ ᠦᠷᠨᠢᠭᠦᠨ ᠬᠦᠭᠵᠢᠯᠳᠡ ᠲᠠᠢ᠃ ᠪᠦᠬᠦ ᠵᠢᠯ ᠤᠨ ᠨᠡᠶᠢᠭᠡᠮ  ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠡᠨ ᠶᠡᠷᠦᠩᠬᠡᠢ ᠬᠡᠮᠵᠢᠶ᠎ᠡ 105.07 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 13.5% ᠨᠡᠮᠡᠭᠳᠡᠵᠡᠢ᠃ ᠠᠵᠤ ᠦᠢᠯᠡᠰ ᠢᠶᠠᠷ ᠠᠩᠭᠢᠯᠠᠪᠠᠯ᠂ ᠪᠦᠭᠡᠮ ᠢᠶᠠᠷ ᠪᠤᠷᠤᠯᠠᠭᠤᠯᠬᠤ ᠦᠢᠯᠡᠰ ᠵᠢᠵᠢᠭᠯᠡᠨ ᠪᠤᠷᠤᠯᠠᠭᠤᠯᠬᠤ ᠦᠢᠯᠡᠰ 92.35 ᠳ᠋ᠦᠩᠰᠢᠭᠤᠷ ᠲᠦᠭᠦᠷᠢᠭ᠂ 13.3% ᠨᠡᠮᠡᠭᠳᠡᠵᠡᠢ︔ ᠪᠠᠭᠤᠳᠠᠯ ᠢᠳᠡᠭᠡᠨ ᠣᠮᠳᠠᠭᠠᠨ ᠤ ᠦᠢᠯᠡᠰ 12.72 ᠳ᠋ᠦᠩᠰᠢᠭᠤᠷ ᠲᠦᠭᠦᠷᠢᠭ᠂ 14.5% ᠨᠡᠮᠡᠭᠳᠡᠵᠡᠢ᠃ ᠪᠦᠬᠦ ᠵᠢᠯ ᠤᠨ ᠲᠠᠸᠠᠷ ᠤᠨ ᠪᠤᠷᠤᠯᠠᠭᠤᠯᠭ᠎ᠠ ︵ᠡᠵᠡᠩᠨᠡᠯᠳᠡ︶ ᠶᠢᠨ ᠲᠤᠭ᠎ᠠ 306.19 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 15.9% ᠨᠡᠮᠡᠭᠳᠡᠵᠡᠢ᠃ ᠠᠵᠤ ᠦᠢᠯᠡᠰ ᠢᠶᠠᠷ ᠠᠩᠭᠢᠯᠠᠪᠠᠯ᠂ ᠪᠦᠭᠡᠮ ᠢᠶᠠᠷ ᠪᠤᠷᠤᠯᠠᠭᠤᠯᠬᠤ ᠦᠢᠯᠡᠰ ᠤᠨ ᠪᠤᠷᠤᠯᠠᠭᠤᠯᠭ᠎ᠠ 187.47 ᠳ᠋ᠦᠩᠰᠢᠭᠤᠷ ᠲᠦᠭᠦᠷᠢᠭ᠂ 16.1% ᠨᠡᠮᠡᠭᠳᠡᠵᠡᠢ︔ ᠵᠢᠵᠢᠭᠯᠡᠨ ᠬᠤᠳᠠᠯᠳᠤᠭᠰᠡᠨ ᠬᠡᠮᠵᠢᠶ᠎ᠡ 100.53 ᠳ᠋ᠦᠩᠰᠢᠭᠤᠷ ᠲᠦᠭᠦᠷᠢᠭ᠂ 15.3% ᠨᠡᠮᠡᠭᠳᠡᠵᠡᠢ︔ ᠪᠠᠭᠤᠳᠠᠯ ᠤᠨ ᠡᠵᠡᠩᠨᠡᠯᠳᠡ ᠶᠢᠨ ᠤᠷᠤᠯᠭ᠎ᠠ 4.75 ᠳ᠋ᠦᠩᠰᠢᠭᠤᠷ ᠲᠦᠭᠦᠷᠢᠭ᠂ 13.2% ᠨᠡᠮᠡᠭᠳᠡᠵᠡᠢ︔ ᠢᠳᠡᠭᠡᠨ ᠣᠮᠳᠠᠭᠠᠨ ᠤ ᠦᠢᠯᠡᠰ ᠤᠨ ᠡᠵᠡᠩᠨᠡᠯᠳᠡ ᠶᠢᠨ ᠤᠷᠤᠯᠭ᠎ᠠ 13.44 ᠳ᠋ᠦᠩᠰᠢᠭᠤᠷ ᠲᠦᠭᠦᠷᠢᠭ᠂ 18.5% ᠨᠡᠮᠡᠭᠳᠡᠵᠡᠢ᠃ ᠵᠢᠯ ᠤᠨ ᠡᠴᠦᠰ ᠲᠤ ᠮᠠᠨ ᠤ ᠲᠤᠭᠤᠷᠢᠭ ᠤᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ 4 ᠲᠠᠸᠠᠷ ᠤᠨ ᠰᠤᠯᠢᠯᠴᠠᠭᠠᠨ ᠤ ᠵᠠᠬ᠎ᠠ ᠳᠡᠯᠭᠡᠭᠦᠷ ᠤᠨ ᠰᠤᠯᠢᠯᠴᠠᠭᠠᠨ ᠤ ᠮᠦᠩᠭᠦ 38.4 ᠳ᠋ᠦᠩᠰᠢᠭᠤᠷ ᠲᠦᠭᠦᠷᠢᠭ ᠬᠦᠷᠴᠦ᠂ ᠳᠡᠭᠡᠷ᠎ᠡ ᠵᠢᠯ ᠠᠴᠠ 4.5% ᠳᠤᠷᠤᠭᠰᠢᠯᠠᠵᠠᠢ᠃          ᠳᠤᠯᠤᠭ᠎ᠠ᠂ ᠰᠢᠨᠵᠢᠯᠡᠭᠡ ᠮᠡᠷᠭᠡᠵᠢᠯ ᠪᠤᠯᠤᠨ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠪᠤᠳᠠᠳᠤ ᠬᠦᠴᠦᠨ ᠲᠤᠭᠲᠠᠭᠤᠨ ᠢᠶᠠᠷ ᠴᠢᠩᠭᠠᠷᠠᠵᠠᠢ᠃ ᠪᠦᠬᠦ ᠵᠢᠯ ᠳᠤ ᠨᠡᠶᠢᠲᠡ 1700 ᠭᠠᠷᠤᠢ ᠲᠦᠮᠡᠨ ᠲᠦᠭᠦᠷᠢᠭ ᠤᠨ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠪᠤᠯᠤᠨ ᠨᠡᠭᠡᠭᠡᠯᠲᠡ ᠶᠢᠨ ᠠᠯᠪᠠᠨ ᠵᠠᠷᠤᠳᠠᠯ ᠲᠤᠬᠢᠷᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠪᠤᠯᠤᠨ ᠮᠡᠯ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠪᠠᠷ ᠳᠡᠮᠵᠢᠪᠡ᠃ 6 ᠤᠯᠤᠰ ᠤᠨ ᠪᠤᠯᠤᠨ ᠤᠷᠤᠨ ᠤ ᠳᠡᠰ ᠤᠨ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠢ ᠭᠤᠶᠤᠴᠢᠯᠡᠨ ᠤᠯᠵᠦ᠂ ᠳᠡᠭᠡᠷ᠎ᠡ ᠱᠠᠳᠤᠨ ᠤ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠤᠨ ᠪᠡᠯᠨ ᠮᠦᠩᠭᠦ ᠶᠢ ᠨᠡᠶᠢᠲᠡ 290 ᠲᠦᠮᠡᠨ ᠲᠦᠭᠦᠷᠢᠭ ᠤᠯᠵᠠᠢ︔ 3 ᠵᠦᠢᠯ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠳᠦᠬᠡᠯ ᠨᠢ ᠬᠤᠳᠠ ᠶᠢᠨ ᠳᠡᠰ ᠤᠨ ᠬᠢᠨᠠᠨ ᠰᠢᠯᠭᠠᠯᠳᠠ ᠶᠢ ᠦᠩᠭᠡᠷᠡᠭᠦᠯᠵᠡᠢ︔ ᠪᠦᠬᠦ ᠵᠢᠯ ᠳᠤ 95 ᠵᠦᠢᠯ ᠤᠨ ᠲᠤᠰᠬᠠᠢ ᠠᠰᠢᠭ ᠤᠨ ᠡᠷᠬᠡ ᠭᠤᠶᠤᠴᠢᠯᠡᠵᠦ᠂ 55 ᠲᠦᠷᠦᠯ ᠨᠢ ᠲᠤᠰᠬᠠᠢ ᠠᠰᠢᠭ ᠤᠨ ᠡᠷᠬᠡ ᠭᠦᠷᠲᠡᠵᠦ᠂ ᠡᠭᠦᠨ ᠳᠤ ᠭᠠᠳᠠᠷ ᠦᠵᠡᠮᠵᠢ ᠶᠢᠨ ᠲᠦᠰᠦᠪᠯᠡᠯ 9᠂ ᠰᠢᠨ᠎ᠡ ᠬᠡᠯᠪᠡᠷᠢ ᠶᠢᠨ ᠬᠡᠷᠡᠭᠯᠡᠭᠡᠨ ᠤ ᠲᠦᠰᠦᠪᠯᠡᠯ 46 ᠪᠤᠢ᠃ ᠡᠨᠡ ᠵᠢᠯ ᠮᠠᠨ ᠤ ᠲᠤᠭᠤᠷᠢᠭ ᠨᠢ ᠠᠮᠵᠢᠯᠳᠠ ᠲᠠᠢ ᠪᠠᠷ ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ ᠳᠠᠪᠰᠢᠯᠳᠠ ᠶᠢᠨ ᠲᠡᠷᠢᠭᠦᠨ ᠤ ᠲᠤᠭᠤᠷᠢᠭ ᠤᠨ ᠬᠢᠨᠠᠨ ᠰᠢᠯᠭᠠᠯᠳᠠ ᠶᠢ ᠦᠩᠭᠡᠷᠡᠭᠡᠵᠦ᠂ “ ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ ᠳᠠᠪᠰᠢᠯᠳᠠ ᠶᠢᠨ ᠲᠡᠷᠢᠭᠦᠨ ᠤ ᠤᠷᠤᠨ ” ᠤ ᠴᠤᠯᠠ ᠶᠢ ᠬᠦᠷᠳᠡᠵᠡᠢ᠃ ᠰᠤᠷᠭᠠᠨ ᠬᠦᠮᠦᠵᠢᠯ ᠤᠨ ᠦᠢᠯᠡᠰ ᠪᠦᠬᠦ ᠲᠠᠯ᠎ᠠ ᠪᠠᠷ ᠵᠤᠬᠢᠴᠠᠩᠭᠤᠢ ᠬᠦᠭᠵᠢᠵᠡᠢ᠃ ᠪᠦᠬᠦ ᠲᠤᠭᠤᠷᠢᠭ ᠲᠤ ᠡᠯ᠎ᠡ ᠲᠦᠷᠦᠯ ᠤᠨ ᠰᠤᠷᠭᠠᠭᠤᠯᠢ ᠨᠡᠶᠢᠳᠡ 134 ᠰᠠᠭᠤᠷᠢ ᠪᠤᠢ᠃  ᠡᠭᠦᠨ ᠳᠤ᠂ 38 ᠰᠠᠭᠤᠷᠢ ᠪᠠᠭ᠎ᠠ ᠰᠤᠷᠭᠠᠭᠤᠯᠢ᠂ 11 ᠰᠠᠭᠤᠷᠢ ᠠᠩᠬ᠎ᠠ ᠲᠤᠮᠳᠠᠳᠤ᠂ 5 ᠰᠠᠭᠤᠷᠢ ᠡᠩ ᠤᠨ ᠦᠨᠳᠦᠷ ᠲᠤᠮᠳᠠᠳᠤ᠂ 7 ᠰᠠᠭᠤᠷᠢ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ᠂ 72 ᠰᠠᠭᠤᠷᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ 1 ᠰᠠᠭᠤᠷᠢ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠪᠠᠶᠢᠵᠦ᠃ ᠡᠯ᠎ᠡ ᠲᠦᠷᠦᠯ ᠤᠨ ᠰᠤᠷᠭᠠᠭᠤᠯᠢ ᠶᠢᠨ ᠬᠢᠴᠢᠶᠡᠯᠯᠡᠵᠦ ᠪᠠᠶᠢᠭ᠎ᠠ ᠰᠤᠷᠤᠭᠴᠢ ᠨᠡᠶᠢᠲᠡ 64138 ᠬᠦᠮᠦᠨ᠂ ᠡᠭᠦᠨ ᠳᠤ ᠪᠠᠭ᠎ᠠ ᠰᠤᠷᠭᠠᠭᠤᠯᠢ 25154 ᠬᠦᠮᠦᠨ᠂ ᠠᠩᠬ᠎ᠠ ᠲᠤᠮᠳᠠᠳᠤ 12510 ᠬᠦᠮᠦᠨ᠂ ᠡᠩ ᠤᠨ ᠦᠨᠳᠦᠷ ᠲᠤᠮᠳᠠᠳᠤ 7731 ᠬᠦᠮᠦᠨ᠂ ᠠᠵᠢᠯ ᠮᠡᠷᠭᠡᠵᠢᠯ ᠤᠨ ᠦᠨᠳᠦᠷ ᠲᠤᠮᠳᠠᠳᠤ ᠳᠤ 6100 ᠬᠦᠮᠦᠨ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠭᠦᠮᠦᠵᠢᠯ ᠤᠨ ᠰᠤᠷᠭᠠᠭᠤᠯᠢ ︵ᠴᠡᠴᠡᠷᠯᠢᠭ︶ ᠳᠤ 12493 ᠬᠦᠮᠦᠨ᠂ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠳᠤ 150 ᠬᠦᠮᠦᠨ ᠪᠠᠶᠢᠨ᠎ᠡ᠃ ᠡᠯ᠎ᠡ ᠲᠦᠷᠦᠯ ᠤᠨ ᠰᠤᠷᠭᠠᠭᠤᠯᠢ ᠳᠤ ᠨᠡᠶᠢᠲᠡ 4724 ᠪᠠᠭᠰᠢ ᠲᠠᠢ ᠪᠠᠶᠢᠵᠦ᠂ ᠳᠡᠭᠡᠳᠦ ᠰᠢᠯᠭᠠᠯᠳᠠ ᠳᠤ ᠡᠯᠰᠡᠭᠳᠡᠭᠰᠡᠳ 3936 ᠬᠦᠮᠦᠨ᠃ ᠪᠦᠬᠦ ᠲᠤᠭᠤᠷᠢᠭ ᠤᠨ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠤᠷᠤᠬᠤ ᠨᠤᠷᠮ᠎ᠠ 100%᠂ ᠠᠩᠬ᠎ᠠ ᠲᠤᠮᠳᠠᠳᠤ ᠳᠤ ᠤᠷᠤᠬᠤ ᠨᠤᠷᠮ᠎ᠠ 100%᠂ ᠦᠨᠳᠦᠷ ᠲᠤᠮᠳᠠᠳᠤ ᠳᠤ ᠤᠷᠤᠬᠤ ᠨᠤᠷᠮ᠎ᠠ 95.5% ᠳᠤ ᠭᠦᠷᠪᠡ᠃         ᠨᠠᠢᠮᠠ᠂ ᠰᠤᠶᠤᠯ᠂ ᠡᠷᠡᠭᠦᠯ ᠬᠠᠮᠠᠭᠠᠯᠠᠯ ᠪᠤᠯᠤᠨ ᠲᠠᠮᠢᠷ ᠤᠨ ᠦᠢᠯᠡᠰ ᠰᠤᠶᠤᠯ ᠤᠨ ᠦᠢᠯᠡᠰ ᠦᠷᠨᠢᠭᠦᠨ ᠬᠦᠭᠵᠢᠯᠳᠡ ᠲᠠᠢ᠃ ᠵᠢᠯ ᠤᠨ ᠡᠴᠦᠰ ᠲᠤ ᠪᠦᠬᠦ ᠲᠤᠭᠤᠷᠢᠭ ᠲᠤ 13 ᠡᠯ᠎ᠡ ᠲᠦᠷᠦᠯ ᠤᠨ ᠤᠷᠠᠯᠢᠭ ᠤᠨ ᠪᠦᠯᠬᠦᠮ᠂ 1 ᠰᠤᠶᠤᠯ ᠤᠨ ᠤᠷᠳᠤᠨ᠂ 2 ᠨᠤᠮ ᠤᠨ ᠰᠠᠩ᠂ 4 ᠬᠤᠳᠠ ᠪᠠᠯᠭᠠᠰᠤᠨ ᠤ ᠰᠤᠶᠤᠯ ᠤᠨ ᠦᠷᠳᠡᠭᠡ᠂ 28 ᠲᠠᠯ᠎ᠠ ᠨᠤᠲᠤᠭ ᠤᠨ ᠨᠤᠮ ᠤᠨ ᠦᠷᠦᠭᠡ᠂ 1 ᠤᠷᠠᠨ ᠵᠢᠷᠤᠭ ᠤᠨ ᠦᠷᠦᠭᠡ ᠪᠤᠢ᠃ ᠡᠨᠡ ᠵᠢᠯ ᠮᠠᠨ ᠤ ᠲᠤᠭᠤᠷᠢᠭ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠴᠢᠬᠤᠯᠠ ᠶᠡᠭᠡ ᠬᠦᠳᠡᠯᠭᠡᠭᠡᠨ ᠢ ᠭᠦᠢᠴᠡᠳ ᠠᠰᠢᠭᠯᠠᠨ᠂ ᠠᠮᠢᠳᠤᠷᠠᠯ ᠳᠤ ᠤᠶᠢᠷᠠᠳᠤᠭᠰᠠᠨ ᠤᠯᠠᠨ ᠲᠦᠮᠡᠨᠴᠢ ᠰᠤᠶᠤᠯ ᠤᠨ ᠬᠦᠳᠡᠯᠭᠡᠭᠡᠨ ᠢ ᠦᠷᠭᠡᠨ ᠬᠡᠪᠴᠢᠶ᠎ᠡ ᠪᠠᠷ ᠦᠷᠨᠢᠭᠦᠯᠵᠦ᠂ ᠵᠢᠷᠭᠤᠳᠤᠭᠠᠷ ᠬᠤᠭᠤᠴᠠᠭᠠᠨ ᠤ ᠬᠤᠩ ᠱᠠᠨ ᠶᠠᠩᠭᠠᠷ ᠤᠨ ᠴᠤᠭᠯᠠᠭᠠᠨ᠂ ᠬᠤᠶᠠᠳᠤᠭᠠᠷ ᠬᠤᠭᠤᠴᠠᠭᠠᠨ ᠤ ᠬᠤᠩ ᠱᠠᠨ ᠴᠠᠭᠠᠰᠤᠨ ᠬᠠᠶᠢᠴᠢᠯᠠᠮᠠᠯ ᠤᠨ ᠦᠵᠡᠭᠦᠯᠭᠡ᠂ 《 ᠬᠡᠦᠬᠡᠳ ᠤᠨ ᠬᠦᠰᠡᠯ ᠨᠠᠷᠠᠨ ᠵᠦᠭ 》 ᠠᠷᠪᠠᠨ ᠲᠠᠪᠤᠳᠤᠭᠠᠷ ᠬᠤᠭᠤᠴᠠᠭᠠᠨ ᠤ ᠪᠠᠭᠠᠴᠤᠳ ᠬᠡᠦᠬᠡᠳ ᠤᠨ ᠤᠷᠠᠨ ᠪᠢᠴᠢᠯᠭᠡ ᠶᠢᠨ ᠱᠠᠩᠨᠠᠯᠳᠤ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠪᠠᠭᠠᠴᠤᠳ ᠬᠡᠦᠬᠡᠳ ᠤᠨ ᠨᠡᠪᠳᠡᠷᠡᠭᠦᠯᠦᠭᠴᠢ ᠬᠦᠳᠦᠯᠦᠭᠴᠢ ᠶᠢᠨ ᠤᠷᠤᠯᠳᠤᠭᠠᠨ ᠵᠡᠷᠭᠡ 20 ᠭᠠᠷᠤᠢ ᠲᠠᠯᠠᠪᠠᠢ ᠲᠤᠮᠤ ᠬᠡᠯᠪᠡᠷᠢ ᠶᠢᠨ ᠰᠤᠶᠤᠯ ᠤᠨ ᠠᠵᠢᠯᠯᠠᠭᠠᠨ ᠢ ᠠᠮᠵᠢᠯᠳᠠ ᠲᠠᠢ ᠡᠷᠬᠢᠯᠡᠵᠡᠢ᠃ ᠡᠭᠦᠨ ᠳᠤ᠂ ᠬᠤᠶᠠᠳᠤᠭᠠᠷ ᠬᠤᠭᠤᠴᠠᠭᠠᠨ ᠤ ᠬᠤᠩ ᠱᠠᠨ ᠴᠠᠭᠠᠰᠤᠨ ᠬᠠᠶᠢᠴᠢᠯᠠᠮᠠᠯ ᠤᠨ ᠦᠵᠡᠭᠦᠯᠭᠡ ᠪᠤᠯᠤᠨ 《 ᠳᠤᠷᠤᠨᠠᠳᠤ ᠶᠢᠨ ᠬᠤᠷᠳᠤᠨ ᠲᠡᠷᠭᠡ ᠬᠤᠨᠳᠠᠭᠠᠳᠤ 》 ᠪᠠᠭᠠᠴᠤᠳ ᠬᠡᠦᠬᠡᠳ ᠤᠨ ᠤᠷᠠᠨ ᠪᠢᠴᠢᠯᠭᠡ ᠤᠷᠠᠨ ᠵᠢᠷᠦᠭ ᠤᠨ ᠱᠠᠩᠨᠠᠯᠳᠤ ᠤᠷᠤᠯᠳᠤᠭᠠᠨ ᠤ ᠬᠡᠪᠴᠢᠶ᠎ᠡ ᠶᠡᠭᠡ᠂ ᠨᠦᠯᠦᠭᠡ ᠲᠤᠰᠬᠠᠯ ᠶᠡᠭᠡ᠃ ᠲᠤᠭᠤᠷᠢᠭ ᠤᠨ ᠤᠯᠠᠭᠠᠨᠬᠠᠲᠠ ᠤᠷᠠᠨ ᠵᠢᠷᠤᠭ ᠤᠨ ᠤᠷᠳᠤᠨ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠬᠤᠯᠤᠰᠤᠨ ᠰᠡᠶᠢᠯᠦᠮᠡᠯ ᠤᠨ ᠦᠵᠡᠭᠦᠯᠦᠯᠭᠡ᠂ ᠤᠯᠠᠭᠠᠨᠬᠠᠳᠠ ᠬᠤᠲᠠ ᠶᠢᠨ ᠰᠢᠦᠳᠠᠨ ᠲᠡᠮᠳᠡᠭᠳᠦ ᠴᠤᠭᠯᠠᠭᠠᠯᠭ᠎ᠠ ᠶᠢᠨ ᠦᠵᠡᠭᠦᠯᠦᠯᠭᠡ᠂ 2013 ᠤᠨ ᠤ ᠤᠯᠠᠭᠠᠨᠬᠠᠳᠠ ᠲᠤᠮᠳᠠᠳᠤ ᠤᠯᠤᠰ ᠤᠨ ᠤᠷᠠᠨ ᠵᠢᠷᠤᠭ ᠤᠨ ᠦᠵᠡᠭᠦᠯᠦᠯᠭᠡ ᠵᠡᠷᠭᠡ ᠲᠤᠮᠤ ᠬᠡᠯᠪᠡᠷᠢ ᠶᠢᠨ ᠦᠵᠡᠭᠦᠯᠦᠯᠭᠡ ᠶᠢ ᠠᠮᠵᠢᠯᠳᠠ ᠲᠠᠢ ᠳᠠᠭᠠᠭᠠᠴᠢᠯᠡᠨ ᠡᠷᠬᠢᠯᠡᠵᠦ᠂ ᠮᠠᠰᠢ ᠶᠡᠭᠡ ᠨᠦᠯᠦᠭᠡ ᠲᠤᠰᠬᠠᠯ ᠦᠵᠡᠭᠦᠯᠪᠡ᠃          ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠲᠤᠭᠲᠠᠭᠤᠨ ᠢᠶᠠᠷ ᠳᠡᠭᠡᠭᠰᠢᠯᠡᠵᠡᠢ᠃ ᠵᠢᠯ ᠤᠨ ᠡᠴᠦᠰ ᠲᠤ ᠪᠦᠬᠦ ᠲᠤᠭᠤᠷᠢᠭ ᠲᠤ 430 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠭᠦᠨ ᠳᠤ᠂ 26 ᠡᠮᠨᠡᠯᠭᠡ ᠶᠢᠨ ᠬᠤᠶᠢᠶ᠎ᠠ᠂ 3 ᠡᠷᠡᠭᠦᠯ ᠬᠠᠮᠠᠭᠠᠯᠠᠯ ᠤᠨ ᠬᠤᠷᠢᠶ᠎ᠠ᠂ 2 ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ 2 ᠲᠤᠰᠬᠠᠢ ᠮᠡᠷᠭᠡᠵᠢᠯ ᠤᠨ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠪᠤᠢ᠃ ᠵᠢᠯ ᠤᠨ ᠡᠴᠦᠰ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠭ᠎ᠠ ᠳᠤ 7262 ᠡᠪᠡᠳᠴᠢᠳᠡᠨ ᠤ ᠤᠷᠤ᠂ 8002 ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠠᠵᠢᠯᠳᠠᠨ ᠪᠠᠶᠢᠵᠦ᠂ ᠡᠭᠦᠨ ᠳᠤ 2890 ᠡᠮᠴᠢ ᠲᠠᠢ᠃ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ᠂ ᠤᠷᠤᠨ ᠨᠤᠳᠤᠭ ᠤᠨ ᠴᠢᠨᠠᠷᠲᠠᠢ ᠡᠪᠡᠳᠴᠢᠨ᠂ ᠳᠡᠯᠭᠡᠷᠡᠩᠭᠦᠢ ᠡᠪᠡᠳᠴᠢᠨ᠂ ᠬᠠᠯᠳᠠᠪᠦᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠵᠢᠯ ᠲᠠᠰᠤᠷᠠᠯᠳᠠ ᠦᠭᠡᠢ ᠴᠢᠩᠭᠠᠷᠠᠵᠠᠢ᠃           ᠪᠦᠬᠦ ᠠᠷᠠᠳ ᠤᠨ ᠲᠠᠮᠢᠷ ᠤᠨ ᠬᠦᠳᠡᠯᠭᠡᠭᠡᠨ ᠢ ᠭᠦᠨᠵᠡᠭᠡᠢ ᠦᠷᠨᠢᠭᠦᠯᠵᠡᠢ᠃ ᠡᠨᠡ ᠵᠢᠯ ᠮᠠᠨ ᠤ ᠲᠤᠭᠤᠷᠢᠭ 《 ᠪᠦᠬᠦ ᠠᠷᠠᠳ ᠢᠶᠠᠷ ᠢᠶᠠᠨ ᠴᠢᠬᠢᠷᠠᠭᠵᠢᠬᠤ ᠠᠵᠢᠯ ᠤᠨ ᠳᠦᠷᠢᠮ 》 ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠡᠯᠪᠡᠭ ᠪᠠᠶᠠᠯᠢᠭ ᠠᠭᠤᠯᠭ᠎ᠠ ᠪᠦᠭᠦᠢ ᠤᠯᠠᠨ ᠲᠦᠮᠡᠨᠴᠢ ᠲᠠᠮᠢᠷ ᠤᠨ ᠬᠥᠳᠡᠯᠭᠡᠭᠡᠨ ᠢ ᠦᠷᠨᠢᠭᠦᠯᠵᠠᠢ᠃ ᠴᠠᠭᠠᠨ ᠰᠠᠷ᠎ᠠ ᠶᠢᠨ ᠬᠤᠭᠤᠴᠠᠭᠠᠨ ᠳᠤ 12 ᠲᠦᠷᠦᠯ ᠤᠨ ᠤᠯᠠᠨ ᠲᠦᠮᠡᠨᠴᠢ ᠲᠠᠮᠢᠷ ᠤᠨ ᠤᠷᠤᠯᠳᠤᠭᠠᠨ ᠢ ᠶᠠᠪᠤᠭᠳᠠᠭᠤᠯᠵᠤ᠂ ᠲᠦᠮᠡ ᠢᠯᠡᠭᠦᠦ ᠬᠦᠮᠦᠨ ᠤᠷᠤᠯᠴᠠᠵᠠᠢ᠃ ᠮᠠᠨ ᠤ ᠲᠤᠭᠤᠷᠢᠭ ᠨᠡᠶᠢᠳᠡ 27 ᠡᠯ᠎ᠡ ᠲᠦᠷᠦᠯ ᠤᠨ ᠲᠠᠮᠢᠷ ᠤᠨ ᠤᠷᠤᠯᠳᠤᠭᠠᠨ ᠶᠠᠪᠤᠭᠳᠠᠭᠤᠯᠤᠨ᠂ ᠤᠷᠤᠯᠴᠠᠭᠰᠠᠳ 2000 ᠬᠦᠮᠦᠨ ᠤᠳᠠᠭ᠎ᠠ ᠳᠤ ᠭᠦᠷᠪᠡ᠃ ᠡᠭᠦᠨ ᠳᠤ ᠲᠤᠭᠤᠷᠢᠭ ᠤᠨ ᠲᠠᠮᠢᠷ ᠤᠨ ᠵᠦᠪᠯᠡᠯ ᠤᠨ ᠰᠢᠰᠲ᠋ᠧᠮ 21 ᠤᠳᠠᠭ᠎ᠠ ᠡᠷᠬᠢᠯᠡᠵᠦ᠂ ᠤᠷᠤᠯᠴᠠᠭᠰᠠᠳ 1500 ᠬᠦᠮᠦᠨ ᠤᠳᠠᠭ᠎ᠠ ᠳᠤ ᠭᠦᠷᠪᠡ᠃ ᠪᠦᠬᠦ ᠵᠢᠯ ᠬᠤᠲᠠ ᠶᠢᠨ ᠳᠡᠰ ᠤᠨ ᠤᠷᠤᠯᠳᠤᠭᠠᠨ ᠳᠤ 3 ᠤᠳᠠᠭ᠎ᠠ ᠤᠷᠤᠯᠴᠠᠵᠤ᠂ 2 ᠲᠡᠷᠢᠭᠦᠨ ᠨᠡᠷ᠎ᠡ᠂ 1 ᠳᠡᠳ᠋ ᠨᠡᠷ᠎ᠡ ᠶᠢᠨ ᠱᠠᠠᠩᠨᠠᠯ ᠲᠤᠰᠪᠠ︔ ᠤᠷᠤᠨ ᠤ ᠳᠡᠰ ᠠᠴᠠ ᠳᠡᠭᠡᠭᠰᠢᠬᠢ ᠤᠷᠤᠯᠳᠤᠭᠠᠨ ᠳᠤ 6 ᠤᠳᠠᠭ᠎ᠠ ᠤᠷᠤᠯᠴᠠᠵᠤ᠂ 18 ᠲᠡᠷᠢᠭᠦᠨ ᠨᠡᠷ᠎ᠡ᠂ 13 ᠬᠤᠶᠠᠳᠤᠭᠠᠷ ᠨᠡᠷ᠎ᠡ᠂ 14 ᠭᠤᠳᠠᠭᠠᠷ ᠨᠡᠷ᠎ᠡ ᠶᠢᠨ ᠰᠠᠶᠢᠨ ᠬᠢᠷᠢ ᠪᠦᠲᠦᠮᠵᠢ ᠤᠯᠵᠠᠢ᠃ ᠪᠦᠬᠦ ᠲᠤᠭᠤᠷᠢᠢᠭ ᠤᠨ ᠨᠠᠰᠤᠲᠠᠶᠢᠴᠤᠳ ᠤᠨ ᠲᠠᠮᠢᠷ ᠤᠨ ᠨᠡᠶᠢᠭᠡᠮᠯᠢᠭ 78 ᠪᠤᠯᠤᠨ ᠭᠦᠭᠵᠢᠵᠦ᠂ 2.65 ᠲᠦᠮᠡᠨ ᠨᠠᠰᠤᠲᠠᠶᠢᠴᠤᠤᠯ ᠦᠷᠭᠦᠯᠵᠢ ᠲᠠᠮᠢᠷ ᠤᠨ ᠪᠤᠯᠪᠠᠰᠤᠷᠠᠯ ᠳᠤ ᠤᠷᠤᠯᠴᠠᠵᠤ᠂ ᠨᠠᠰᠤᠲᠠᠶᠢᠴᠤᠳ ᠤᠨ ᠶᠡᠷᠦᠩᠬᠡᠢ ᠲᠤᠭᠠᠨ ᠤ 50 % ᠶᠢ ᠡᠵᠡᠯᠡᠨ᠎ᠡ᠃           ᠶᠢᠰᠦ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠬᠤᠲᠠ ᠶᠢᠨ ᠳᠦᠷᠰᠦ ᠪᠠᠶᠢᠳᠠᠯ ᠲᠠᠰᠤᠷᠠᠯᠳᠠ ᠦᠭᠡᠢ ᠰᠠᠶᠢᠵᠢᠷᠠᠵᠠᠢ᠃ ᠪᠦᠬᠦ ᠵᠢᠯ ᠳᠤ ᠪᠦᠬᠦ ᠲᠤᠭᠤᠷᠢᠭ ᠨᠡᠶᠢᠲᠠ 12 ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠠᠢ᠃ ᠵᠤᠤ ᠤᠳᠠ ᠬᠦᠭᠦᠷᠭᠡ ᠶᠢ ᠦᠷᠭᠡᠳᠬᠡᠨ ᠵᠠᠰᠠᠵᠤ᠂ ᠬᠠᠳᠠ ᠵᠡᠭᠡᠯᠢ ᠶᠢᠨ ᠭᠠᠵᠠᠷ ᠳᠤᠤᠭᠤᠷ ᠨᠡᠪᠳᠡᠷᠡᠬᠦ ᠵᠠᠮ ᠤᠨ ᠪᠠᠷᠢᠯᠭ᠎ᠠ ᠶᠢ ᠦᠨᠳᠦᠰᠦᠨ ᠳᠤ ᠪᠠᠨ ᠪᠡᠶᠡᠯᠡᠭᠦᠯᠵᠦ᠂ ᠰᠢᠨᠬᠤᠸᠠ ᠬᠦᠭᠦᠷᠭᠡ ᠶᠢᠨ ᠶᠡᠷᠦᠩᠬᠡᠢ ᠪᠠᠷᠢᠯᠭ᠎ᠠ ᠶᠢᠨ 80 % ᠶᠢ ᠳᠠᠭᠤᠰᠬᠠᠨ᠂ ᠴᠢᠯᠦᠭᠡᠯᠡᠯᠳᠡ ᠵᠠᠮ ᠢ ᠪᠠᠷᠠᠭᠤᠨᠰᠢ ᠨᠡᠪᠳᠡᠷᠡᠭᠦᠯᠬᠦ ᠢᠨᠵᠧᠨᠧᠷᠢᠩ ᠵᠠᠰᠠᠮᠠᠯ ᠵᠠᠮ ᠲᠡᠮᠦᠷ ᠵᠠᠮ ᠤᠨ ᠪᠤᠰᠤᠭ᠎ᠠ ᠰᠤᠯᠪᠢᠴᠠᠭᠠᠳᠤ ᠬᠦᠭᠦᠷᠭᠡ ᠶᠢᠨ ᠪᠦᠲᠦᠭᠡᠨ ᠪᠠᠶᠢᠭᠤᠯᠤᠯᠳᠠ ᠶᠢ ᠪᠠᠶᠠᠯᠡᠭᠦᠯᠵᠦ᠂ ᠵᠠᠮ ᠱᠤᠭᠤᠮ ᠠᠩᠬ᠎ᠠ ᠠᠯᠬᠤᠮ ᠲᠡᠷᠭᠡ ᠨᠡᠪᠳᠡᠷᠡᠬᠦ ᠨᠦᠬᠦᠴᠡᠯ ᠢ ᠪᠦᠷᠢᠯᠳᠦᠭᠦᠯᠵᠡᠢ᠃ ᠪᠠᠭ᠎ᠠ ᠵᠡᠭᠡᠯᠢ ᠭᠤᠳᠤᠮᠵᠢ ᠶᠢ ᠵᠠᠰᠠᠨ ᠴᠡᠭᠴᠡᠯᠡᠬᠦ ᠢᠨᠵᠧᠨᠧᠷᠢᠩ ᠢ ᠬᠡᠷᠡᠭᠵᠢᠭᠦᠯᠵᠦ᠂  ᠨᠠᠨ ᠰᠢᠶᠠᠨ ︵ᠡᠮᠦᠨ᠎ᠡ ᠱᠤᠭᠤᠮ︶ ᠭᠤᠳᠤᠮᠵᠢ᠂ ᠲᠢᠶᠧ ᠵᠢᠶᠠᠩ ᠶᠢᠩ ᠭᠤᠳᠤᠮᠵᠢ ᠵᠡᠷᠭᠡ 7 ᠵᠤᠷᠪᠤᠰ ᠭᠤᠳᠤᠮᠵᠢ ᠳᠤ ᠴᠡᠭᠴᠡᠯᠡᠨ ᠵᠠᠰᠠᠯᠳᠠ ᠬᠢᠵᠡᠢ᠃ 5 ᠵᠡᠭᠡᠯᠢ ᠭᠤᠳᠤᠮᠵᠢ ᠵᠠᠮ ᠤᠨ ᠠᠭᠤᠯᠵᠠᠷ ᠬᠡᠰᠡᠭ ᠵᠢᠴᠢ ᠭᠠᠵᠠᠷ ᠢ ᠰᠤᠪᠠᠭ ᠲᠠᠳᠠᠨ ᠵᠠᠰᠠᠵᠤ᠂ 12.6 ᠲᠦᠮᠡᠨ ᠲᠡᠭᠰᠢ ᠳᠦᠷᠪᠡᠯᠵᠢᠨ ᠮᠧᠲᠷ ᠭᠤᠤᠯ ᠳᠡᠳ᠋ ᠵᠠᠮ ᠱᠤᠭᠤᠮ ᠵᠢᠴᠢ ᠨᠡᠶᠢᠭᠡᠮ ᠲᠤᠭᠤᠷᠢᠭ ᠤᠨ ᠵᠠᠮ ᠢ ᠵᠠᠰᠠᠨ ᠰᠡᠯᠪᠢᠵᠦ᠂ ᠵᠠᠮ ᠤᠨ ᠬᠠᠵᠢᠭᠤ ᠳᠠᠬᠢ ᠴᠢᠯᠠᠭᠤ ᠢ 4815 ᠮᠧᠲᠷ ᠤᠷᠲᠤᠳᠬᠠᠨ ᠲᠤᠬᠢᠷᠠᠭᠤᠯᠤᠨ ᠦᠷᠦᠵᠦ᠂ ᠵᠠᠰᠠᠮᠠᠯ ᠵᠠᠮ ᠱᠤᠭᠤᠮ ᠤᠨ ᠬᠠᠭᠠᠷᠠᠵᠦ ᠢᠵᠢᠷᠠᠭᠰᠡᠨ ᠭᠠᠵᠠᠷ ᠢ 23 ᠲᠦᠮᠡᠨ ᠮᠧᠲᠷ ᠤᠷᠳᠤᠳᠬᠠᠨ ᠨᠦᠭᠦᠨ ᠵᠠᠰᠠᠵᠦ᠂ 3 ᠰᠠᠭᠤᠷᠢ ᠬᠤᠭ ᠯᠤᠪᠰᠢ ᠰᠢᠯᠵᠢᠭᠦᠯᠦᠨ ᠵᠦᠭᠡᠭᠡᠪᠦᠷᠢᠯᠡᠬᠦ ᠦᠷᠳᠡᠭᠡ᠂ 2 ᠰᠠᠭᠤᠷᠢ ᠨᠡᠶᠢᠳᠡ ᠶᠢᠨ ᠵᠤᠷᠯᠤᠩ ᠪᠠᠶᠢᠭᠤᠯᠪᠠ᠃  ᠪᠦᠬᠦ ᠵᠢᠯ ᠳᠤ 200 ᠡᠷᠦᠬᠡ ᠬᠦᠳᠡᠭᠡ ᠲᠤᠰᠬᠤᠨ ᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠪᠠ᠃ ᠴᠠᠩ ᠴᠢᠩ ᠴᠡᠴᠡᠷᠯᠢᠭ ᠤᠨ ᠨᠡᠪᠲᠡᠷᠡᠭᠦᠯᠦᠨ ᠦᠭᠡᠷᠡᠴᠢᠯᠡᠨ ᠵᠠᠰᠠᠬᠤ ᠢᠨᠵᠧᠨᠧᠷᠢᠩ᠂ ᠠᠮᠢᠳᠠᠨ ᠤ ᠬᠦᠷᠢᠶᠡᠯᠡᠩ ᠤᠨ ᠰᠠᠭᠤᠷᠢ ᠲᠦᠬᠦᠭᠦᠷᠦᠮᠵᠢ ᠶᠢᠨ ᠪᠦᠲᠦᠭᠡᠨ ᠪᠠᠶᠢᠭᠤᠯᠤᠯᠳᠠ ᠶᠢᠨ ᠢᠨᠵᠧᠨᠧᠷᠢᠩ᠂ ᠬᠤᠩ ᠱᠠᠨ ᠴᠡᠴᠡᠷᠯᠢᠭ ᠤᠨ ᠭᠤᠯᠳᠤᠩ ᠭᠦᠭᠦᠷᠭᠡ ᠶᠢᠨ ᠰᠡᠷᠢᠭᠦᠨ ᠲᠠᠭᠲᠦ ᠶᠢ ᠵᠠᠰᠠᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ︔ 8 ᠬᠤᠳᠠ ᠲᠤᠭᠤᠷᠢᠭ ᠤᠨ ᠵᠡᠭᠡᠯᠢ ᠶᠢᠨ ᠵᠠᠮ ᠤᠨ ᠬᠠᠵᠠᠭᠤ ᠶᠢᠨ ᠮᠤᠳᠤ ᠶᠢ ᠨᠡᠮᠡᠵᠦ ᠦᠢᠵᠢᠭᠤᠯᠵᠠᠢ︔ 3 ᠬᠦᠷᠢᠶᠡᠯᠡᠩ ᠲᠤᠭᠤᠷᠢᠭ ᠤᠨ ᠨᠤᠭᠤᠭᠠᠷᠠᠭᠤᠯᠤᠯᠳᠠ ᠪᠤᠯᠤᠨ ᠭᠤᠤᠯᠳᠠᠯᠭ᠎ᠠ  ᠲᠠᠢ ᠨᠤᠭᠤᠭᠠᠷᠠᠭᠤᠯᠤᠯᠳᠠ ᠶᠢᠨ ᠤᠷᠤᠨ ᠤ ᠤᠶᠢᠵᠢᠭᠤᠯᠤᠯᠳᠠ ᠶᠢ ᠴᠢᠩᠭᠠᠳᠬᠠᠵᠦ᠂ ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠲᠠᠯᠠᠪᠠᠢ 10.25 ᠾᠧᠺᠲ᠋ᠠᠷ ᠲᠤ ᠭᠦᠷᠪᠡ︔ 20 ᠬᠠᠭᠤᠴᠢᠨ ᠵᠢᠵᠢᠭ ᠲᠤᠭᠤᠷᠢᠭ ᠢ ᠨᠤᠭᠤᠭᠠᠷᠠᠭᠤᠯᠤᠨ ᠦᠭᠡᠷᠡᠴᠢᠯᠡᠨ ᠵᠠᠰᠠᠵᠦ᠂ ᠦᠭᠡᠷᠡᠴᠢᠯᠡᠨ ᠵᠠᠰᠠᠭᠰᠡᠨ ᠲᠠᠯᠠᠪᠠᠢ ᠨᠢ 7.4 ᠾᠧᠺᠲ᠋ᠠᠷ ᠲᠤ ᠭᠦᠷᠪᠡ᠃           ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠲᠠᠰᠤᠷᠠᠯᠳᠠ ᠦᠭᠡᠢ ᠴᠢᠩᠭᠠᠷᠠᠵᠠᠢ᠃ ᠡᠨᠡ ᠵᠢᠯ ᠮᠠᠨ ᠤ ᠲᠤᠭᠤᠷᠢᠭ ᠪᠤᠬᠢᠷᠳᠤᠯ ᠡᠳ᠋ ᠰᠢᠨ᠎ᠡ ᠨᠡᠮᠡᠭᠳᠡᠬᠦ ᠬᠡᠮᠵᠢᠶ᠎ᠡ ᠶᠢ ᠡᠵᠡᠮᠳᠡᠵᠦ᠂ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠬᠠᠮᠢᠶᠠᠷᠤᠯᠳᠠ ᠪᠠᠨ ᠴᠢᠩᠭᠠᠳᠬᠠᠵᠠᠢ᠃ ᠪᠦᠬᠦ ᠵᠢᠯ ᠳᠤ ᠨᠡᠶᠢᠲᠡ 63 ᠲᠦᠷᠦᠯ ᠵᠦᠢᠯ ᠢ ᠬᠢᠨᠡᠨ ᠵᠦᠪᠰᠢᠶᠡᠷᠡᠵᠦ᠂ 《 ᠤᠷᠴᠢᠨ ᠲᠤᠭᠤᠷᠢᠨ ᠤ ᠦᠨᠡᠯᠡᠯᠲᠡ 》 ᠪᠤᠯᠤᠨ 《 ᠭᠤᠷᠪᠠ ᠶᠢ ᠵᠡᠷᠭᠡᠪᠡᠷ ᠶᠠᠪᠤᠭᠤᠯᠬᠤ 》 ᠬᠡᠷᠡᠭᠵᠢᠭᠦᠯᠦᠯᠳᠡ ᠶᠢᠨ ᠨᠤᠷᠮ᠎ᠠ 100% ᠳᠤ ᠭᠦᠷᠪᠡ᠃ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠴᠦ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠷᠢᠶᠠᠵᠤ ᠰᠢᠯᠭᠠᠬᠤ ᠠᠵᠢᠯ ᠢ ᠢᠳᠡᠪᠬᠢᠲᠠᠢ ᠦᠷᠨᠢᠭᠦᠯᠵᠡᠢ᠃ ᠡᠷᠴᠢᠮ ᠲᠠᠢ ᠠᠷᠭ᠎ᠠ ᠬᠡᠮᠵᠢᠶ᠎ᠡ ᠠᠪᠴᠤ᠂ ᠬᠤᠲᠠ ᠶᠢᠨ ᠵᠠᠰᠠᠭ ᠤᠨ ᠤᠷᠳᠤᠨ ᠤ 《 ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ 》 ᠶᠢᠨ ᠪᠤᠬᠢᠷᠳᠤᠯ ᠤᠨ ᠶᠡᠷᠦᠩᠭᠡᠢ ᠬᠡᠮᠵᠢᠶ᠎ᠠ ᠶᠢ ᠡᠵᠡᠮᠳᠡᠵᠦ ᠪᠠᠭᠠᠰᠬᠠᠬᠤ ᠬᠠᠷᠠᠯᠲᠠ ᠶᠢ ᠠᠮᠵᠢᠯᠲᠠᠲᠠᠢ ᠪᠡᠶᠡᠯᠡᠭᠦᠯᠵᠡᠢ᠃ 《 ᠬᠠᠷ᠎ᠠ ᠤᠳᠤᠭ᠎ᠠ 》 ᠶᠢ ᠴᠢᠩᠭ᠎ᠠ ᠪᠠᠶᠢᠴᠠᠭᠠᠬᠤ ᠲᠤᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠲᠤᠰᠬᠠᠢ ᠲᠦᠷᠦᠯ ᠤᠨ ᠪᠠᠶᠢᠴᠠᠭᠠᠯᠲᠠ ᠪᠠᠷ ᠳᠠᠮᠵᠢᠨ 10 ᠪᠤᠬᠢᠷᠳᠤᠯ ᠲᠠᠢ ᠵᠤᠤᠬ᠎ᠠ ᠶᠢ ᠤᠰᠠᠳᠬᠠᠵᠦ᠂ ᠬᠠᠤᠯᠢ ᠶᠤᠰᠤᠭᠠᠷ ᠴᠠᠩ ᠴᠢᠩ ᠶᠡᠷᠦᠩᠬᠡᠶᠢᠯᠡᠭᠰᠡᠨ ᠠᠰᠠᠷ ᠤᠨ ᠳᠤᠤᠷᠠᠬᠢ 8 ᠡᠷᠦᠬᠡ ᠠᠷᠠᠳ ᠢ ᠬᠦᠨᠳᠦ ᠨᠤᠴᠢᠲᠠᠢ ᠨᠦᠯᠦᠭᠡᠯᠡᠬᠦ ᠬᠤᠭᠤᠯᠠᠨ ᠭᠡᠷ ᠢ ᠤᠰᠠᠳᠬᠠᠵᠦ᠂ ᠬᠤᠲᠠ ᠲᠤᠭᠤᠷᠢᠭ ᠤᠨ ᠠᠭᠠᠷ ᠮᠠᠨᠳᠠᠯ ᠤᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠨᠡᠨᠬᠦ ᠰᠠᠶᠢᠵᠢᠷᠠᠭᠤᠯᠵᠠᠢ᠃ ᠤᠷᠴᠢᠨ ᠲᠤᠭᠤᠷᠢᠨ ᠤ ᠠᠮᠤᠷ ᠲᠦᠪᠰᠢᠨ ᠤ ᠦᠢᠯᠡᠳᠪᠦᠷᠢᠯᠡᠯ ᠤᠨ ᠵᠠᠭᠤᠨ ᠡᠳᠦᠷ ᠤᠨ ᠪᠠᠶᠢᠴᠠᠭᠠᠯᠳᠠ ᠶᠢᠨ ᠠᠵᠢᠯᠯᠠᠭ᠎ᠠ ᠦᠷᠨᠢᠭᠦᠯᠵᠡᠢ᠃ ᠬᠠᠷᠢᠶ᠎ᠠ ᠲᠤᠭᠤᠷᠢᠭ ᠤᠨ ᠲᠤᠳᠤᠷ᠎ᠠ ᠪᠤᠬᠢᠷᠳᠤᠯ ᠤᠨ ᠬᠡᠷᠡᠭ ᠡᠭᠦᠰᠬᠡᠵᠦ ᠮᠡᠳᠡᠬᠦ 11 ᠠᠵᠤ ᠠᠬᠤᠶᠢᠯᠠᠯ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠡᠢ᠃ ᠤᠤᠭᠤᠬᠤ ᠤᠰᠤᠨ ᠰᠤᠷᠪᠤᠯᠵᠢ ᠶᠢᠨ ᠨᠢᠭᠡ᠂ ᠬᠤᠶᠠᠳᠤᠭᠠᠷ ᠳᠡᠰ ᠤᠨ ᠬᠠᠮᠠᠭᠠᠯᠠᠯᠳᠠ ᠶᠢᠨ ᠤᠷᠤᠨ ᠳᠠᠬᠢ ᠪᠠᠶᠢᠴᠠᠭᠠᠯᠳᠠ ᠶᠢᠨ ᠬᠦᠴᠦᠯᠡᠴᠡ ᠪᠤᠯᠤᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ ᠡᠷᠭᠢᠨ ᠲᠤᠭᠤᠷᠢᠨ ᠤ ᠪᠠᠶᠢᠳᠠᠯ ᠢ ᠴᠠᠭ ᠲᠤᠬᠠᠢ ᠳᠤ ᠨᠢ ᠡᠵᠡᠮᠰᠢᠵᠦ᠂ ᠠᠰᠠᠭᠤᠳᠠᠯ ᠭᠠᠷᠪᠠᠯ ᠴᠠᠭ ᠲᠤᠬᠠᠢ ᠳᠤᠨᠢ ᠰᠢᠢᠳᠪᠦᠷᠢᠯᠡᠵᠡᠢ᠃ ᠪᠦᠬᠦ ᠵᠢᠯ ᠳᠤ ᠮᠠᠨ ᠤ ᠲᠤᠭᠤᠷᠢᠭ ᠤᠨ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ 330 ᠡᠳᠦᠷ ᠲᠤ ᠭᠦᠷᠴᠡᠢ᠃           ᠡᠨᠧᠷᠬᠢ ᠠᠷᠪᠢᠯᠡᠵᠦ ᠪᠤᠬᠢᠷᠳᠦᠯ ᠭᠠᠳᠠᠭᠰᠢᠯᠠᠭᠤᠯᠬᠤ ᠶᠢ ᠯᠠᠪᠳᠠᠭᠤᠨ ᠪᠠᠳᠤᠳᠠᠢ ᠦᠷᠨᠢᠭᠦᠯᠪᠡ᠃ ᠪᠦᠬᠦ ᠵᠢᠯ ᠳᠤ ᠨᠢᠭᠡᠴᠢ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠬᠤᠷᠤᠭᠳᠠᠯ 1.7531 ᠳᠤᠨ ᠪᠠᠷᠢᠮᠵᠢᠶ᠎ᠠ ᠨᠡᠭᠦᠷᠡᠰᠦ / ᠲᠦᠮᠡᠨ ᠲᠦᠭᠦᠷᠢᠭ᠂ ᠳᠡᠭᠡᠷ᠎ᠡ ᠵᠢᠯ ᠠᠴᠠ 6.35% ᠪᠠᠭᠤᠷᠠᠪᠠ᠃ ᠬᠡᠪᠴᠢᠶᠡᠵᠢᠯ ᠤᠨ ᠠᠵᠦ ᠦᠢᠯᠡᠳᠪᠦᠷᠢ ᠶᠢᠨ ᠶᠡᠷᠦᠩᠭᠡᠶᠢᠯᠡᠭᠰᠡᠨ ᠡᠨᠧᠷᠬᠢ ᠶᠢᠨ ᠬᠡᠷᠡᠭᠯᠡᠭᠡᠨ ᠤ ᠬᠡᠮᠵᠢᠶ᠎ᠡ 245.18 ᠲᠦᠮᠡᠨ ᠳᠤᠨ ᠪᠠᠷᠢᠮᠵᠢᠶ᠎ᠠ ᠨᠡᠭᠦᠷᠡᠰᠦ᠂ 3.5% ᠪᠠᠭᠤᠷᠠᠪᠠ᠃            ᠠᠷᠪᠠ᠂ ᠬᠦᠮᠦᠨ ᠠᠮᠠ᠂ ᠠᠷᠠᠳ ᠤᠨ ᠠᠮᠢᠳᠤᠷᠠᠯ ᠪᠤᠯᠤᠨ ᠨᠡᠶᠢᠭᠡᠮ ᠤᠨ ᠪᠠᠳᠤᠯᠠᠭ᠎ᠠ ᠬᠦᠮᠦᠨ ᠠᠮᠠ ᠲᠤᠤᠷ᠎ᠠ ᠦᠰᠦᠯᠲᠡ ᠶᠢ ᠪᠠᠳᠤᠯᠠᠵᠠᠢ᠃ ᠬᠦᠮᠦᠨ ᠠᠮᠠ ᠶᠢᠨ ᠶᠠᠩᠵᠤ ᠰᠤᠭᠤᠯᠬᠤ ᠪᠠᠶᠢᠴᠠᠭᠠᠯᠳᠠ ᠶᠢᠨ ᠲᠤᠭ᠎ᠠ ᠪᠠᠷᠢᠮᠳᠠ ᠳᠤ ᠢᠯᠡᠷᠡᠭᠦᠯᠦᠭᠰᠡᠨ ᠢᠶᠠᠷ᠂ ᠵᠢᠯ ᠤᠨ ᠡᠴᠦᠰ ᠲᠤ ᠪᠦᠬᠦ ᠲᠤᠭᠤᠷᠢᠭ ᠤᠨ ᠪᠠᠶᠢᠩᠭᠤ ᠰᠠᠭᠤᠭ᠎ᠠ ᠬᠦᠮᠦᠨ ᠠᠮᠠ 45.6 ᠲᠦᠮᠡ᠂ ᠳᠡᠭᠡᠷ᠎ᠡ ᠵᠢᠯ ᠠᠴᠠ 0.35 ᠲᠦᠮᠡᠨ ᠬᠦᠮᠦᠨ ᠨᠡᠮᠡᠭᠳᠡᠵᠡᠢ᠃ ᠪᠦᠬᠦ ᠲᠤᠭᠤᠷᠢᠭ ᠤᠨ ᠡᠷᠦᠬᠡ ᠠᠮᠠ ᠶᠢᠨ ᠳᠠᠩᠰᠠ ᠲᠠᠢ ᠬᠦᠮᠦᠨ 35.9 ᠲᠦᠮᠡ᠂ ᠳᠡᠭᠡᠷ᠎ᠡ ᠵᠢᠯ ᠠᠴᠠ 0.6% ᠨᠡᠮᠡᠭᠳᠡᠵᠡᠢ᠃ᠡᠭᠦᠨ ᠳᠤ ᠲᠡᠷᠢᠶᠠᠯᠠᠩ ᠤᠨ ᠪᠤᠰᠤ ᠬᠦᠮᠦᠨ ᠠᠮᠠ 27.36 ᠲᠦᠮᠨ᠂ 0.3% ᠨᠡᠮᠡᠭᠳᠡᠵᠡᠢ᠃ ᠡᠷᠦᠬᠡ ᠶᠢᠨ ᠶᠡᠷᠦᠩᠬᠡᠢ ᠲᠤᠭ᠎ᠠ 14.31 ᠲᠦᠮᠡ᠂ 1.7% ᠨᠡᠮᠡᠭᠳᠡᠵᠡᠢ᠃ ᠬᠦᠮᠦᠨ ᠠᠮᠠ ᠶᠢᠨ ᠲᠦᠷᠦᠯᠲᠡ ᠶᠢᠨ ᠨᠤᠷᠮ᠎ᠠ 8.91‰᠂ ᠦᠬᠦᠯᠲᠡ ᠶᠢᠨ ᠨᠤᠷᠮ᠎ᠠ 2.3‰᠂ ᠠᠶᠠᠨᠳᠠᠭᠠᠨ ᠤ ᠦᠰᠦᠯᠲᠡ ᠶᠢᠨ ᠨᠤᠷᠮ᠎ᠠ 6.61‰᠃ ᠲᠡᠭᠰᠢᠳᠬᠡᠭᠰᠡᠨ ᠵᠢᠱᠢᠭᠰᠡᠨ ᠨᠠᠰᠤᠨ ᠬᠤᠳᠤᠭ 74.1 ᠨᠠᠰᠤ᠃         ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠦᠷᠭᠦᠯᠵᠢᠯᠡᠨ ᠨᠡᠮᠡᠭᠳᠡᠵᠡᠢ᠃ ᠪᠦᠬᠦ ᠵᠢᠯ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠳᠤᠮᠳᠠᠴᠢ ᠳᠤ ᠲᠡᠭᠰᠢᠳᠬᠡᠭᠰᠡᠨ ᠡᠵᠡᠮᠳᠡᠵᠦ ᠪᠤᠯᠬᠤ ᠤᠷᠤᠯᠭ᠎ᠠ 23140 ᠲᠦᠭᠦᠷᠢᠭ᠂ ᠳᠡᠭᠡᠷ᠎ᠡ ᠵᠢᠯ ᠠᠴᠠ 2293 ᠲᠦᠭᠦᠷᠢᠭ ᠨᠡᠮᠡᠭᠳᠡᠵᠦ᠂ 11% ᠨᠡᠮᠡᠭᠳᠡᠵᠡᠢ᠃ ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ 13626 ᠲᠦᠭᠦᠷᠢᠭ᠂ ᠳᠡᠭᠡᠷ᠎ᠡ ᠵᠢᠯ ᠠᠴᠠ 1515 ᠲᠦᠭᠦᠷᠢᠭ ᠨᠡᠮᠡᠭᠳᠡᠵᠦ᠂ 12.5% ᠨᠡᠮᠡᠭᠳᠡᠵᠡᠢ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 16298 ᠲᠦᠭᠦᠷᠢᠭ᠂ ᠳᠡᠭᠡᠷ᠎ᠡ ᠵᠢᠯ ᠠᠴᠠ 8.6% ᠨᠡᠮᠡᠭᠳᠡᠵᠡᠢ᠃ ᠲᠠᠷᠢᠶᠠᠴᠢᠨ ᠤ ᠬᠦᠮᠦᠨ ᠲᠤᠮᠳᠠᠴᠢ ᠶᠢᠨ ᠬᠡᠷᠡᠭᠯᠡᠭᠡᠨ ᠤ ᠴᠢᠨᠡᠷᠲᠡᠢ ᠵᠠᠷᠤᠯᠭ᠎ᠠ 8480 ᠲᠦᠭᠦᠷᠢᠭ᠂ ᠳᠡᠭᠡᠷ᠎ᠡ ᠵᠢᠯ ᠠᠴᠠ 12.0% ᠨᠡᠮᠡᠭᠳᠡᠵᠡᠢ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠩᠭᠧᠯ ᠬᠡᠮᠵᠢᠭᠳᠡᠯ ︵ᠢᠳᠡᠭᠡᠨ ᠤᠮᠳᠠᠭᠠᠨ ᠤ ᠵᠠᠷᠤᠯᠭ᠎ᠠ ᠶᠢᠨ ᠬᠡᠷᠡᠭᠯᠡᠭᠡᠨ ᠤ ᠶᠡᠷᠦᠩᠬᠡᠢ ᠵᠠᠷᠤᠯᠭ᠎ᠠ ᠳ᠋ᠬᠢ ᠬᠠᠷᠢᠴᠠᠯ︶ ᠲᠤᠰᠪᠦᠷᠢ 34.5% ᠪᠠ 20.7%᠃           ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠯᠠᠮ ᠨᠢᠭᠡ ᠠᠯᠬᠤᠮ ᠳᠡᠭᠦᠯᠳᠡᠷᠵᠢᠪᠡ᠃ ᠵᠢᠯ ᠤᠨ ᠡᠴᠦᠰ ᠪᠦᠬᠦ ᠲᠤᠭᠤᠷᠢᠭ ᠲᠤ ᠨᠡᠶᠢᠭᠡᠮ ᠤᠨ ᠠᠰᠠᠷᠠᠮᠵᠢ ᠶᠢᠨ ᠳᠡᠵᠢᠭᠡᠨ ᠠᠰᠠᠷᠠᠬᠤ ᠪᠠᠶᠢᠭᠤᠯᠭ᠎ᠠ 2 ᠪᠠᠶᠢᠵᠦ᠂ 259 ᠤᠷᠤ  ᠲᠠᠢ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ ᠤᠨ ᠪᠠᠳᠤᠯᠠᠭ᠎ᠠ 10560 ᠬᠦᠮᠦᠨ᠂ ᠪᠠᠷᠢᠮᠵᠢᠶ᠎ᠠ ᠨᠢ 2012 ᠤᠨ ᠤ ᠰᠠᠷ᠎ᠠ ᠪᠦᠷᠢ 380 ᠲᠦᠭᠦᠷᠢᠭ ᠠᠴᠠ 460 ᠲᠦᠭᠦᠷᠢᠭ ᠪᠤᠯᠭᠠᠨ ᠳᠡᠭᠡᠭᠰᠢᠯᠡᠭᠦᠯᠵᠡᠢ︔ ᠭᠦᠳᠡᠭᠡ ᠲᠤᠰᠬᠤᠨ ᠤ ᠬᠠᠮᠤᠭ ᠳᠤᠤᠷᠡᠳᠦ ᠠᠮᠢᠳᠤᠷᠠᠯ ᠤᠨ ᠪᠠᠳᠤᠯᠠᠭ᠎ᠠ ᠳᠤ 9111 ᠭᠦᠮᠦᠨ ᠂ ᠪᠠᠷᠢᠮᠵᠢᠶ᠎ᠠ ᠨᠢ 2012 ᠤᠨ ᠤ ᠵᠢᠯ ᠪᠦᠷᠢ 2785 ᠲᠦᠭᠦᠷᠢᠭ ᠠᠴᠠ 3390 ᠲᠦᠭᠦᠷᠢᠭ ᠪᠤᠯᠭᠠᠨ ᠳᠡᠭᠡᠭᠰᠢᠯᠡᠭᠦᠯᠵᠡᠢ᠃ ᠪᠦᠬᠦ ᠵᠢᠯ ᠤᠨ ᠲᠠᠷᠬᠠᠭᠠᠭᠰᠠᠨ ᠳᠤᠤᠷ᠎ᠠ ᠪᠠᠳᠤᠯᠠᠭ᠎ᠠ ᠶᠢᠨ ᠮᠦᠩᠭᠦ 6202.38 ᠲᠦᠮᠡᠨ ᠲᠦᠭᠦᠷᠢᠭ᠃ ᠮᠠᠨ ᠤ ᠲᠤᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ ᠨᠤᠷᠮ᠎ᠠ 99% ᠳᠤ ᠭᠦᠷᠪᠡ᠃ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠭᠰᠠᠨ ᠡᠮ ᠡᠮᠨᠡᠯᠭᠡ ᠳᠤ ᠤᠷᠤᠯᠴᠠᠭᠰᠠᠨ ᠬᠦᠮᠦᠨ ᠤ ᠲᠤᠭ᠎ᠠ 81898 ᠬᠦᠮᠦᠨ᠂ ᠤᠷᠤᠯᠴᠠᠭᠰᠠᠨ ᠨᠤᠷᠮ᠎ᠠ 97.2% ᠳᠤ ᠭᠦᠷᠪᠡ᠃            ᠲᠠᠶᠢᠯᠪᠤᠷᠢ᠄ 1. ᠲᠤᠰ ᠠᠯᠪᠠᠨ ᠮᠡᠳᠡᠭᠡ ᠪᠤᠯ ᠠᠩᠬ᠎ᠠ ᠠᠯᠬᠤᠮ ᠤᠨ ᠪᠦᠷᠢᠳᠬᠡᠯ ᠤᠨ ᠲᠤᠭ᠎ᠠ ᠪᠠᠷᠢᠮᠳᠠ᠃ 2. ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠡᠯ᠎ᠡ ᠠᠵᠢᠯ ᠦᠢᠯᠡᠰ ᠤᠨ ᠨᠡᠮᠡᠭᠳᠡᠯ ᠦᠷᠳᠡᠭ ᠢ ᠤᠳᠤᠬᠠᠨ ᠤ ᠦᠨ᠎ᠡ ᠪᠠᠷ ᠪᠤᠳᠤᠵᠤ᠂ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠬᠤ ᠦᠨ᠎ᠡ ᠪᠠᠷ ᠪᠤᠳᠤᠵᠠᠢ᠃ 3. ᠠᠯᠪᠠᠨ ᠮᠡᠳᠡᠭᠡᠨ ᠳᠠᠬᠢ ᠬᠡᠰᠡᠭ ᠲᠤᠭ᠎ᠠ ᠪᠠᠷᠢᠮᠳᠠ ᠶᠢ ᠬᠠᠮᠢᠶ᠎ᠠ ᠪᠦᠬᠦᠢ ᠰᠠᠯᠠᠭ᠎ᠠ ᠮᠦᠴᠢᠷ ᠬᠠᠩᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号