ᠲᠢᠶᠧ ᠨᠠᠨ DNA ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2016-10-10
       ᠲᠢᠶᠧ ᠨᠠᠨ ᠤ ᠵᠡᠭᠡᠯᠢ ᠭᠤᠳᠤᠮᠵᠢ ᠶᠢᠨ ᠬᠠᠷᠢᠶ᠎ᠠ ᠲᠤᠭᠤᠷᠢᠭ ᠤᠨ ᠠᠮᠤᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠲᠤᠮᠢᠯᠠᠭᠰᠠᠨ ᠰᠠᠯᠪᠤᠷᠢ ᠶᠢᠨ ᠡᠯ᠎ᠡ ᠵᠦᠢᠯ ᠤᠨ ᠠᠵᠢᠯ ᠢ ᠪᠦᠲᠦᠮᠵᠢᠲᠡᠢ ᠦᠷᠨᠢᠭᠦᠯᠵᠦ᠂ DNA ᠶᠢᠨ ᠮᠡᠳᠡᠭᠡ ᠵᠠᠩᠭᠢ ᠴᠤᠭᠯᠠᠭᠤᠯᠬᠤ ᠠᠵᠢᠯ ᠢ ᠵᠢᠷᠤᠮᠵᠢᠭᠤᠯᠬᠤ ᠶᠢᠨ ᠲᠦᠯᠦᠭᠡ᠂ ᠲᠢᠶᠧ ᠨᠠᠨ ᠳᠠᠬᠢ ᠲᠤᠮᠢᠯᠠᠭᠰᠠᠨ ᠰᠠᠯᠪᠤᠷᠢ ᠨᠢ ᠬᠠᠷᠢᠶᠠᠲᠤ ᠲᠤᠭᠤᠷᠢᠭ ᠤᠨ ᠪᠤᠳᠠᠲᠠᠢ ᠲᠠᠢ ᠪᠠᠨ ᠤᠶᠠᠯᠳᠤᠭᠤᠯᠵᠤ᠂ ᠪᠠᠷᠢᠯᠭ᠎ᠠ ᠶᠢᠨ ᠭᠠᠵᠠᠷ᠂ ᠳᠦᠷᠢᠶᠡᠰᠦᠨ ᠭᠡᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠡᠭᠦᠳᠡᠯ ᠬᠦᠮᠦᠰ ᠤᠨ DNA ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠴᠠᠭᠳᠠᠭ᠎ᠠ ᠶᠢ ᠵᠤᠬᠢᠶᠠᠨ ᠪᠠᠶᠢᠭᠤᠯᠤᠨ ᠬᠠᠷᠢᠶᠠᠲᠤ ᠲᠤᠭᠤᠷᠢᠭ ᠲᠤ ᠭᠦᠨᠵᠡᠭᠡᠶᠢᠷᠡᠨ᠂ ᠴᠢᠦᠢ ᠵᠢᠶᠠ ᠭᠸᠦ ᠳᠤ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠶᠦᠨ ᠴᠧᠩ ᠪᠠᠷᠢᠯᠭ᠎ᠠ ᠶᠢᠨ ᠺᠣᠮᠫᠠᠨᠢ ᠶᠢᠨ ᠠᠵᠢᠯᠲᠠᠨ ᠤ DNA ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠦᠷᠨᠢᠭᠦᠯᠵᠦ᠂ ᠠᠷᠠᠳ ᠤᠨ ᠴᠠᠭᠳᠠᠭ᠎ᠠ ᠦᠳᠡ ᠪᠤᠯᠤᠨ ᠤᠷᠤᠢ ᠶᠢᠨ ᠬᠤᠭᠤᠯᠠᠨ ᠤ ᠳᠠᠷᠠᠭ᠎ᠠ ᠬᠦᠮᠦᠨ ᠬᠠᠷᠢᠴᠠᠩᠭᠤᠢ ᠲᠦᠪᠯᠡᠷᠡᠬᠦ ᠴᠠᠭ ᠲᠤ ᠴᠤᠭᠯᠠᠭᠤᠯᠬᠤ ᠠᠵᠢᠯ ᠬᠢᠵᠦ ᠪᠤᠢ᠃ ᠴᠢᠷᠮᠠᠶᠢᠯᠭ᠎ᠠ ᠪᠠᠷ ᠳᠠᠮᠵᠢᠨ 9 ᠰᠠᠷ᠎ᠠ ᠶᠢᠨ 18 ᠤ ᠡᠳᠦᠷ ᠪᠤᠯᠲᠠᠯ᠎ᠠ DNA ᠶᠢᠨ ᠴᠢᠰᠤᠨ ᠤ ᠦᠯᠢᠭᠡᠷ ᠢ 110 ᠬᠤᠪᠢ ᠴᠤᠭᠯᠠᠭᠤᠯᠵᠤ᠂ DNA ᠶᠢᠨ ᠴᠢᠰᠤᠨ ᠤ ᠦᠯᠢᠭᠡᠷ ᠴᠤᠭᠯᠠᠭᠤᠯᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号