ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠢᠨ᠎ᠡ ᠦᠭᠡᠷᠡᠴᠢᠯᠡᠯᠲᠡ ᠶᠢᠨ 8 ᠭᠢᠯᠠᠰ ᠴᠡᠭ
ᠨᠡᠶᠢᠲᠡᠯᠡᠭᠰᠡᠨ ᠴᠠᠭ᠄
2016-10-12
       9 ᠰᠠᠷ᠎ᠠ ᠶᠢᠨ 7 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ︽ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠤᠵᠢ ᠠᠯᠤᠰᠯᠠᠨ ᠡᠮᠨᠡᠭᠦᠯᠵᠦ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠬᠤ ᠡᠮᠨᠡᠯᠭᠡ ᠶᠢᠨ ᠬᠤᠷᠢᠶ᠎ᠠ ᠰᠤᠯᠢᠬᠤ ᠳᠡᠰ ᠳᠠᠷᠠᠭᠠᠯᠠᠯ ᠪᠤᠯᠤᠨ ᠮᠡᠳᠡᠭᠡ ᠵᠠᠩᠭᠢ ᠰᠤᠯᠢᠯᠴᠠᠬᠤ ᠶᠢ ᠬᠡᠷᠡᠭᠵᠢᠭᠦᠯᠬᠦ ᠳᠦᠷᠢᠮᠵᠢᠯ ︵ᠲᠤᠷᠰᠢᠨ ᠬᠡᠷᠡᠭᠵᠢᠭᠦᠯᠬᠦ︶︾ ︵ᠳᠤᠤᠷ᠎ᠠ ︽ᠳᠦᠷᠢᠮᠵᠢᠯ︾ ᠭᠡᠵᠦ ᠳᠦᠭᠦᠮᠴᠢᠯᠡᠨ᠎ᠡ︶ ᠢ ᠲᠤᠭᠲᠠᠭᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠤᠷᠤᠯᠴᠠᠭᠰᠠᠳ ᠤᠨ ᠮᠤᠵᠢ ᠠᠯᠤᠰᠯᠠᠨ ᠡᠮᠨᠡᠭᠦᠯᠵᠦ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠬᠤ ᠡᠮᠨᠡᠯᠭᠡ ᠶᠢᠨ ᠬᠤᠷᠢᠶ᠎ᠠ ᠰᠤᠯᠢᠬᠤ ᠳᠡᠰ ᠳᠠᠷᠠᠭᠠᠯᠠᠯ ᠪᠤᠯᠤᠨ ᠮᠡᠳᠡᠭᠡ ᠵᠠᠩᠭᠢ ᠰᠤᠯᠢᠯᠴᠠᠬᠤ ᠠᠵᠢᠯ ᠢ ᠳᠦᠷᠢᠮᠵᠢᠭᠦᠯᠵᠡᠢ᠃ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠳᠤ ᠤᠷᠤᠯᠴᠠᠭᠰᠠᠳ ᠮᠤᠵᠢ ᠤᠷᠤᠨ ᠤ ᠲᠤᠲᠤᠭᠠᠲᠤ ᠶᠢᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠦᠭᠡᠳ ᠢᠯᠡᠷᠡᠶᠢᠰᠢᠭᠰᠡᠨ ᠦᠭᠡᠢ ᠪᠠᠶᠢᠳᠠᠯ ᠳᠤᠤᠷ᠎ᠠ᠂ ︽ᠡᠮᠨᠡᠯᠭᠡ ᠶᠢᠨ ᠬᠤᠷᠢᠶ᠎ᠠ ᠰᠤᠯᠢᠬᠤ ᠪᠠᠷᠢᠮᠲᠠ︾ ᠪᠠᠨ ᠠᠪᠴᠤ ᠮᠤᠵᠢ ᠠᠯᠤᠰᠯᠠᠨ ᠡᠮᠨᠡᠭᠦᠯᠵᠦ᠂ ᠰᠦᠢᠳᠬᠡᠯ ᠢᠶᠠᠨ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠵᠦ ᠪᠤᠯᠤᠨ᠎ᠠ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠤᠷᠤᠯᠴᠠᠭᠰᠠᠳ ᠤᠨ ᠬᠦᠷᠲᠡᠭᠡᠮᠵᠢ ᠤᠯᠭᠤᠮᠵᠢ ᠶᠢ ᠲᠠ ᠠᠳᠡ ᠠᠴᠠ ᠤᠶᠢᠯᠠᠭᠠᠵᠤ ᠠᠪᠤᠭᠠᠷᠠᠢ︕        ᠶᠠᠮᠠᠷ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠬᠤᠷᠢᠶ᠎ᠠ ᠰᠤᠯᠢᠬᠤ ᠡᠪᠡᠳᠴᠢᠲᠡᠨ ᠢ ᠬᠦᠯᠢᠶᠡᠨ ᠠᠪᠴᠤ ᠴᠢᠳᠠᠬᠤ ᠪᠤᠢ︖        ᠮᠤᠵᠢ ᠶᠢᠨ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠠᠢ ᠲᠤᠷᠰᠢᠯᠲᠠ ᠶᠢᠨ ᠴᠢᠭ ᠤᠨ ᠬᠡᠯᠡᠯᠴᠡᠭᠡᠷ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ᠃        ︽ᠳᠦᠷᠢᠮᠵᠢᠯ︾ ᠠᠴᠠ ᠲᠤᠳᠤᠷᠬᠠᠶᠢᠯᠠᠭᠰᠠᠨ ᠨᠢ᠂ ᠮᠤᠵᠢ ᠠᠯᠤᠰᠯᠠᠨ ᠡᠮᠨᠡᠭᠦᠯᠵᠦ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠬᠤ ᠲᠤᠷᠰᠢᠯᠲᠠ ᠶᠢᠨ ᠴᠢᠭ ᠤᠨ ᠡᠮᠴᠢᠯᠡᠭᠡᠨ ᠤ ᠪᠠᠶᠢᠭᠤᠯᠤᠮᠵᠢ ᠨᠢ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ︽ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠤᠵᠢ ᠠᠯᠤᠰᠯᠠᠨ ᠡᠮᠨᠡᠭᠦᠯᠵᠦ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠬᠤ ᠡᠮᠴᠢᠯᠡᠭᠡᠨ ᠤ ᠪᠠᠶᠢᠭᠤᠯᠤᠮᠵᠢ ᠶᠢ ᠰᠢᠯᠢᠨ ᠰᠤᠩᠭᠤᠬᠤ ᠶᠢᠨ ᠵᠡᠷᠭᠡᠪᠡᠷ ᠮᠡᠳᠡᠭᠦᠯᠦᠨ ᠬᠦᠷᠭᠡᠬᠦ ᠪᠤᠯᠤᠨ ᠲᠤᠷᠰᠢᠯᠲᠠ ᠶᠢᠨ ᠴᠢᠭ ᠤᠨ ᠨᠢᠭᠡᠲᠦᠯᠲᠡᠢ ᠲᠦᠯᠦᠪᠵᠢᠭᠦᠯᠦᠭᠰᠡᠨ ᠭᠠᠵᠠᠷ ᠤᠷᠤᠨ ᠤ ᠮᠡᠳᠡᠭᠡ ᠵᠠᠩᠭᠢ ᠶᠢᠨ ᠲᠤᠬᠠᠢ ᠮᠡᠳᠡᠭᠳᠡᠯ︾ ᠶᠤᠰᠤᠭᠠᠷ ᠰᠢᠯᠢᠵᠦ ᠭᠠᠷᠭᠠᠭᠰᠠᠨ ᠰᠦᠯᠵᠢᠶᠡᠵᠢᠭᠦᠯᠬᠦ ᠨᠦᠬᠦᠴᠡᠯ ᠢ ᠪᠦᠷᠢᠯᠳᠦᠭᠦᠯᠬᠦ ᠶᠢᠨ ᠵᠡᠷᠭᠡᠪᠡᠷ ᠮᠤᠵᠢ ᠶᠢᠨ ᠱᠠᠲᠤᠨ ᠤ ︵ᠪᠤᠶᠤ ᠨᠢᠭᠡᠲᠦᠯᠲᠡᠢ ᠲᠦᠯᠦᠪᠵᠢᠭᠦᠯᠦᠭᠰᠡᠨ ᠭᠠᠵᠠᠷ ᠤᠷᠤᠨ︶ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠠᠢ ᠲᠤᠷᠰᠢᠯᠲᠠ ᠶᠢᠨ ᠴᠢᠭ ᠤᠨ ᠬᠡᠯᠡᠯᠴᠡᠭᠡᠷ ᠲᠤᠭᠲᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠤᠵᠢ ᠠᠯᠤᠰᠯᠠᠨ ᠡᠮᠨᠡᠭᠦᠯᠵᠦ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠬᠤ ᠠᠵᠢᠯ ᠢ ᠡᠭᠦᠷᠭᠡᠯᠡᠬᠦ ᠡᠮᠴᠢᠯᠡᠭᠡᠨ ᠤ ᠪᠠᠶᠢᠭᠤᠯᠤᠮᠵᠢ ᠶᠢ ᠵᠢᠭᠠᠵᠤ ᠪᠠᠶᠢᠨ᠎ᠠ᠃ ᠬᠡᠯᠡᠯᠴᠡᠭᠡᠷ ᠡᠰᠡ ᠲᠤᠭᠲᠠᠭᠰᠠᠨ ᠲᠤᠷᠰᠢᠯᠲᠠ ᠶᠢᠨ ᠴᠢᠭ ᠤᠨ ᠡᠮᠨᠡᠯᠭᠡ ᠶᠢᠨ ᠬᠤᠷᠢᠶ᠎ᠠ ᠰᠣᠯᠢᠬᠤ ᠡᠮᠴᠢᠯᠡᠭᠡᠨ ᠤ ᠪᠠᠶᠢᠭᠤᠯᠤᠮᠵᠢ ᠨᠢ᠂ ᠮᠤᠵᠢ ᠠᠯᠤᠰᠯᠠᠨ ᠡᠮᠨᠡᠯᠭᠡ ᠶᠢᠨ ᠬᠤᠷᠢᠶ᠎ᠠ ᠰᠤᠯᠢᠬᠤ ᠴᠢᠳᠠᠪᠬᠢ ᠪᠤᠯᠤᠨ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠬᠤ ᠠᠵᠢᠯ ᠢ ᠬᠠᠷᠢᠭᠤᠴᠠᠬᠤ ᠦᠭᠡᠢ᠃ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠭᠠᠵᠠᠷ ᠤᠨ ᠭᠠᠷ ᠭᠦᠢᠴᠡᠳᠬᠡᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠠᠴᠠ ᠡᠪᠡᠳᠴᠢᠲᠡᠨ ᠤ ᠡᠪᠡᠳᠴᠢᠨ ᠦᠵᠡᠭᠦᠯᠦᠭᠰᠡᠨ ᠭᠠᠵᠠᠷ ᠠᠴᠠ ᠬᠡᠳᠦᠨ ᠲᠤᠷᠰᠢᠯᠲᠠ ᠶᠢᠨ ᠴᠢᠭ ᠤᠨ ᠡᠮᠴᠢᠯᠡᠭᠡᠨ ᠤ ᠪᠠᠶᠢᠭᠤᠯᠤᠮᠵᠢ ᠶᠢ ᠰᠤᠩᠭᠤᠨ ᠡᠪᠡᠳᠴᠢᠲᠡᠨ ᠤ ᠰᠢᠯᠵᠢᠨ ᠤᠷᠤᠬᠤ ᠡᠮᠨᠡᠯᠭᠡ ᠶᠢᠨ ᠬᠤᠷᠢᠶ᠎ᠠ ᠪᠤᠯᠭᠠᠵᠤ᠂ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠡᠪᠡᠳᠴᠢᠲᠡᠨ ᠡᠳᠡᠭᠡᠷ ᠰᠤᠩᠭᠤᠭᠰᠠᠨ ᠡᠮᠨᠡᠯᠭᠡ ᠶᠢᠨ ᠬᠤᠷᠢᠶ᠎ᠠ ᠶᠢᠨ ᠳᠤᠮᠳᠠ ᠠᠴᠠ ᠦᠪᠡᠰᠦᠪᠡᠨ ᠡᠵᠡᠨ ᠮᠡᠳᠡᠵᠦ ᠰᠤᠩᠭᠤᠯᠲᠠ ᠬᠢᠨ᠎ᠡ᠃        ᠶᠠᠮᠠᠷ ᠪᠠᠶᠢᠳᠠᠯ ᠳᠤᠤᠷ᠎ᠠ ᠮᠤᠵᠢ ᠠᠯᠤᠰᠯᠠᠨ ᠡᠮᠨᠡᠯᠭᠡ ᠶᠢᠨ ᠬᠤᠷᠢᠶ᠎ᠠ ᠰᠤᠯᠢᠵᠤ ᠪᠣᠯᠬᠤ ᠪᠤᠢ︖        ᠮᠤᠵᠢ ᠶᠢᠨ ᠲᠤᠲᠤᠭᠠᠲᠤ ᠳᠤ ᠡᠮᠨᠡᠭᠦᠯᠵᠦ ᠢᠯᠡᠷᠡᠶᠢᠰᠢᠭᠰᠡᠨ ᠦᠭᠡᠢ ᠬᠦᠨᠳᠦ ᠡᠪᠡᠳᠴᠢᠨ ᠲᠤᠬᠢᠶᠠᠯᠳᠤᠭᠰᠠᠨ ᠪᠠᠶᠢᠳᠠᠯ᠃        ︽ᠳᠦᠷᠢᠮᠵᠢᠯ︾ ᠠᠴᠠ ᠵᠢᠭᠠᠵᠤ ᠭᠠᠷᠭᠠᠭᠰᠠᠨ ᠨᠢ᠂ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠡᠪᠡᠳᠴᠢᠲᠡᠨ ᠮᠤᠵᠢ ᠶᠢᠨ ᠲᠤᠲᠤᠭᠠᠲᠤ ᠶᠢᠨ ᠡᠮᠴᠢᠯᠡᠭᠡᠨ ᠤ ᠪᠠᠶᠢᠭᠤᠯᠤᠮᠵᠢ ᠳᠤ ᠤᠨᠤᠰᠢᠯᠠᠵᠤ ᠦᠯᠦ ᠳᠡᠶᠢᠯᠬᠦ ᠪᠤᠶᠤ ᠤᠨᠤᠰᠢᠯᠠᠭᠰᠠᠨ ᠤ ᠳᠠᠷᠠᠭ᠎ᠠ ᠡᠮᠨᠡᠨ ᠵᠠᠰᠠᠬᠤ ᠨᠦᠬᠦᠴᠡᠯ ᠨᠢ ᠪᠦᠷᠢᠨ ᠦᠭᠡᠢ ᠶᠠᠷᠰᠢᠭ ᠪᠤᠳᠤᠯᠢᠶᠠᠨᠲᠠᠢ ᠡᠪᠡᠳᠴᠢᠨ ᠲᠤᠬᠢᠶᠠᠯᠳᠤᠪᠠᠯ ᠲᠤᠭᠲᠠᠭᠠᠯ ᠶᠤᠰᠤᠭᠠᠷ ᠮᠤᠵᠢ ᠠᠯᠤᠰᠯᠠᠨ ᠡᠮᠨᠡᠯᠭᠡ ᠶᠢᠨ ᠬᠤᠷᠢᠶ᠎ᠠ ᠰᠤᠯᠢᠬᠤ ᠭᠠᠷ ᠭᠦᠢᠴᠡᠳᠬᠡᠯ ᠢ ᠭᠦᠢᠴᠡᠳᠬᠡᠵᠦ ᠪᠤᠯᠤᠨ᠎ᠠ᠃ ᠭᠠᠳᠠᠭᠰᠢ ᠭᠠᠷᠴᠤ ᠬᠦᠯᠦᠰᠦᠨ ᠠᠵᠢᠯ ᠬᠢᠬᠦ᠂ ᠠᠶᠢᠯ ᠭᠡᠷ ᠲᠦᠷᠦᠯ ᠰᠠᠳᠤᠨ ᠢᠶᠠᠨ ᠡᠷᠭᠢᠨ ᠦᠵᠡᠬᠦ᠂ ᠪᠤᠰᠤᠳ ᠭᠠᠵᠠᠷ ᠳᠦᠷᠭᠡᠨ ᠡᠮᠨᠡᠯᠭᠡ ᠳᠤ ᠤᠷᠤᠭᠰᠠᠨ ᠵᠡᠷᠭᠡ ᠡᠪᠡᠳᠴᠢᠲᠡᠨ ᠵᠠᠷᠴᠢᠮ ᠳᠡᠭᠡᠷ᠎ᠡ ᠪᠠᠨ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠨ᠂ ᠦᠨᠳᠦᠰᠦᠨ ᠱᠠᠲᠤᠨ ᠳᠤ ᠠᠩᠬᠠᠨ ᠤ ᠡᠮᠴᠢᠯᠡᠭᠡ ᠬᠦᠷᠲᠡᠬᠦ᠂ ᠮᠤᠵᠢ ᠠᠯᠤᠰᠯᠠᠨ ᠡᠮᠨᠡᠯᠭᠡ ᠶᠢᠨ ᠬᠤᠷᠢᠶ᠎ᠠ ᠰᠤᠯᠢᠵᠤ ᠡᠮᠨᠡᠭᠦᠯᠬᠦ ᠡᠮᠬᠢ ᠵᠢᠷᠤᠮ ᠢ ᠵᠢᠷᠤᠮᠯᠠᠪᠠᠯ ᠵᠤᠬᠢᠨ᠎ᠠ᠃ ᠡᠮᠨᠡᠯᠭᠡ ᠳᠤ ᠰᠠᠭᠤᠭᠰᠠᠨ ᠬᠤᠶᠠᠳᠤᠭᠠᠷ ᠡᠳᠦᠷ ᠠᠴᠠ ᠡᠬᠢᠯᠡᠭᠰᠡᠨ 5 ᠠᠵᠢᠯᠯᠠᠬᠤ ᠡᠳᠦᠷ ᠤᠨ ᠲᠤᠲᠤᠷ᠎ᠠ᠂ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠲᠤᠬᠠᠢ ᠶᠢᠨ ᠭᠠᠵᠠᠷ ᠤᠨ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠬᠢᠬᠦ ᠭᠠᠷ ᠭᠦᠢᠴᠡᠳᠬᠡᠯ ᠢ ᠭᠠᠷᠳᠠᠨ ᠭᠦᠢᠴᠡᠳᠬᠡᠬᠦ ᠰᠠᠯᠠᠭ᠎ᠠ ᠮᠦᠴᠢᠷ ᠲᠤ ᠮᠡᠳᠡᠭᠦᠯᠵᠦ᠂ ᠡᠮᠨᠡᠯᠭᠡ ᠰᠤᠯᠢᠬᠤ ᠶᠢ ᠳᠡᠭᠡᠭᠰᠢ ᠮᠡᠳᠡᠭᠦᠯᠬᠦ ︵ᠳᠠᠩᠰᠠᠨ ᠳᠤ ᠲᠡᠮᠳᠡᠭᠯᠡᠬᠦ︶ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠢ᠃ ᠭᠠᠷᠠᠭ ᠤᠨ ᠵᠢᠷᠭᠤᠭᠠᠨ ᠭᠠᠷᠠᠭ ᠤᠨ ᠡᠳᠦᠷ᠂ ᠬᠠᠤᠯᠢ ᠳᠤ ᠲᠤᠭᠲᠠᠭᠰᠠᠨ ᠪᠠᠶᠠᠷ ᠳᠤᠷᠠᠰᠬᠠᠯ ᠤᠨ ᠡᠳᠦᠷ ᠵᠡᠷᠭᠡ ᠰᠢᠯᠲᠠᠭᠠᠨ ᠢᠶᠠᠷ ᠡᠮᠨᠡᠯᠭᠡ ᠶᠢᠨ ᠬᠤᠷᠢᠶ᠎ᠠ ᠰᠤᠯᠢᠬᠤ ᠶᠢ ᠳᠡᠭᠡᠭᠰᠢ ᠮᠡᠳᠡᠭᠦᠯᠬᠦ ︵ᠳᠠᠩᠰᠠᠨ ᠳᠤ ᠲᠡᠮᠳᠡᠭᠯᠡᠬᠦ︶ ᠭᠠᠷ ᠭᠦᠢᠴᠡᠳᠬᠡᠯ ᠢ ᠭᠦᠢᠴᠡᠳᠬᠡᠵᠦ ᠳᠡᠶᠢᠯᠬᠦ ᠦᠭᠡᠢ ᠡᠪᠡᠳᠴᠢᠲᠡᠨ᠂ ᠡᠮᠨᠡᠯᠭᠡ ᠠᠴᠠ ᠭᠠᠷᠴᠤ ᠲᠠᠰᠤᠯᠤᠨ ᠪᠤᠳᠤᠬᠤ ᠠᠴᠠ ᠡᠮᠦᠨ᠎ᠡ᠂ ᠤᠲᠠᠰᠤ ᠠᠪᠬᠤ ᠪᠤᠶᠤ ᠰᠦᠯᠵᠢᠶ᠎ᠡ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠢᠭᠡᠲᠦᠯᠲᠡᠢ ᠲᠦᠯᠦᠪᠵᠢᠭᠦᠯᠦᠭᠰᠡᠨ ᠭᠠᠵᠠᠷ ᠤᠷᠤᠨ ᠤ ᠭᠠᠷ ᠭᠦᠢᠴᠡᠳᠬᠡᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠳᠤ ᠡᠮᠨᠡᠯᠭᠡ ᠰᠤᠯᠢᠬᠤ ᠶᠢ ᠭᠤᠶᠤᠴᠢᠯᠠᠬᠤ ᠭᠠᠷ ᠭᠦᠢᠴᠡᠳᠬᠡᠯ ᠢᠶᠠᠨ ᠨᠦᠬᠦᠪᠦᠷᠢᠯᠡᠵᠦ ᠪᠤᠯᠤᠨ᠎ᠠ᠃ ᠤᠷᠲᠤ ᠬᠤᠭᠤᠴᠠᠭ᠎ᠠ ᠪᠠᠷ ᠭᠠᠳᠠᠭᠰᠢ ᠭᠠᠷᠴᠤ ᠬᠦᠯᠦᠰᠦᠨ ᠠᠵᠢᠯ ᠬᠢᠬᠦ ᠶᠢᠨ ᠵᠡᠷᠭᠡᠪᠡᠷ ᠲᠤᠭᠲᠠᠭᠤᠨ ᠬᠦᠳᠡᠯᠮᠦᠷᠢ ᠵᠢᠨ‌‍ᠭᠡᠷ᠎ᠡ ᠶᠢᠨ ᠬᠠᠷᠢᠴᠠᠭ᠎ᠠ  ᠲᠠᠢ ᠬᠦᠮᠦᠰ᠂ ᠦᠷ᠎ᠡ ᠬᠡᠦᠬᠡᠳ ᠢᠶᠠᠨ ᠲᠦᠰᠢᠵᠦ ᠪᠠᠶᠢᠭ᠎ᠠ ᠨᠠᠰᠤᠲᠠᠶᠢᠴᠤᠳ ᠪᠤᠯᠤᠨ ᠤᠨᠳᠤᠤ ᠪᠤᠰᠤᠳ ᠭᠠᠵᠠᠷ ᠤᠷᠲᠤ ᠬᠤᠭᠤᠴᠠᠭ᠎ᠠ ᠪᠠᠷ ᠤᠷᠤᠰᠢᠨ ᠰᠠᠭᠤᠵᠤ ᠪᠦᠬᠦᠢ ᠬᠦᠮᠦᠰ᠂ ︽ᠰᠠᠭᠤᠬᠤ ᠦᠨᠡᠮᠡᠯᠡᠯ ᠢ ᠲᠦᠷ ᠬᠡᠷᠡᠭᠵᠢᠭᠦᠯᠬᠦ ᠳᠦᠷᠢᠮ ᠲᠤᠭᠲᠠᠭᠠᠯ︾ ᠶᠤᠰᠤᠭᠠᠷ ᠰᠠᠭᠤᠬᠤ ᠦᠨᠡᠮᠡᠯᠡᠯ ᠭᠤᠶᠤᠴᠢᠯᠠᠨ ᠠᠪᠴᠤ᠂ ᠬᠦᠯᠦᠰᠦᠨ ᠠᠵᠢᠯ ᠬᠢᠵᠦ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠤᠷᠤᠯᠴᠠᠵᠤ ᠪᠤᠯᠤᠨ᠎ᠠ᠃        ᠮᠤᠵᠢ ᠠᠯᠤᠰᠯᠠᠨ ᠡᠮᠨᠡᠭᠦᠯᠪᠡᠯ ᠬᠡᠷᠬᠢᠨ ᠳᠠᠩᠰᠠᠨ ᠠᠴᠠ ᠲᠠᠶᠢᠯᠬᠤ ᠪᠤᠢ︖        ︽ᠡᠮᠨᠡᠯᠭᠡ ᠰᠤᠯᠢᠬᠤ ᠪᠠᠷᠢᠮᠲᠠ︾ ᠶᠢ ᠲᠠᠭᠯᠠᠵᠤ᠂ ᠤᠯᠤᠰ ᠤᠨ ᠮᠡᠳᠡᠭᠡ ᠵᠠᠩᠭᠢ ᠶᠢᠨ ᠲᠠᠪᠴᠠᠩ ᠳᠤ ᠮᠡᠳᠡᠭᠦᠯᠦᠭᠰᠡᠨ ᠪᠠᠶᠢᠬᠤ ᠬᠡᠷᠡᠭᠲᠡᠢ᠃        ︽ᠳᠦᠷᠢᠮᠵᠢᠯ︾ ᠳᠤ ᠲᠤᠭᠲᠠᠭᠠᠭᠰᠠᠨ ᠨᠢ᠂ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠡᠪᠡᠳᠴᠢᠲᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ︵ᠪᠤᠶᠤ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠦᠨᠡᠮᠡᠯᠡᠯ︶᠂ ᠪᠡᠶ᠎ᠡ ᠶᠢᠨ ᠦᠨᠡᠮᠡᠯᠡᠯ ︵ᠪᠤᠶᠤ ᠡᠷᠦᠬᠡ ᠠᠮᠠ ᠶᠢᠨ ᠳᠡᠪᠲᠡᠷ ᠪᠤᠯᠤᠨ ᠬᠠᠷᠠᠭᠠᠯᠵᠠᠨ ᠬᠠᠮᠠᠭᠠᠯᠠᠭᠴᠢ ᠶᠢᠨ ᠪᠡᠶ᠎ᠡ ᠶᠢᠨ ᠦᠨᠡᠮᠡᠯᠡᠯ︶ ᠢᠶᠠᠨ ᠠᠪᠴᠤ᠂ ᠤᠯᠠᠨ ᠵᠦᠢᠯ ᠤᠨ ᠬᠡᠯᠪᠡᠷᠢ ᠪᠠᠷ ᠳᠠᠮᠵᠢᠨ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠭᠠᠵᠠᠷ ᠲᠤ ᠡᠮᠨᠡᠯᠭᠡ ᠶᠢᠨ ᠬᠤᠷᠢᠶ᠎ᠠ ᠰᠤᠯᠢᠬᠤ ᠭᠠᠷ ᠭᠦᠢᠴᠡᠳᠬᠡᠯ ᠢᠶᠠᠨ ᠭᠦᠢᠴᠡᠳᠬᠡᠨ᠎ᠡ᠃ ᠨᠢᠭᠡᠲᠦᠯᠲᠡᠢ ᠲᠦᠯᠦᠪᠵᠢᠭᠦᠯᠦᠭᠰᠡᠨ ᠭᠠᠵᠠᠷ ᠤᠷᠤᠨ ᠤ ᠭᠠᠷ ᠭᠦᠢᠴᠡᠳᠬᠡᠯ ᠢ ᠭᠠᠷᠳᠠᠨ ᠭᠦᠢᠴᠡᠳᠬᠡᠬᠦ ᠠᠵᠢᠯᠲᠠᠨ ᠮᠡᠳᠡᠭᠡ ᠵᠠᠩᠭᠢ ᠶᠢᠨ ᠰᠢᠰᠲ᠋ᠧᠮ ᠢᠶᠠᠷ ︽ᠡᠮᠨᠡᠯᠭᠡ ᠶᠢᠨ ᠬᠤᠷᠢᠶ᠎ᠠ ᠰᠤᠯᠢᠬᠤ ᠪᠠᠷᠢᠮᠲᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠲᠠᠭᠯᠠᠵᠤ᠂ ᠮᠤᠵᠢ ᠶᠢᠨ ᠱᠠᠲᠤᠨ ᠤ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠨ ᠡᠮᠨᠡᠯᠭᠡ ᠰᠤᠯᠢᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠤᠯᠤᠰ ᠤᠨ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠡᠳᠡᠭᠡ ᠵᠠᠩᠭᠢ ᠶᠢᠨ ᠲᠠᠪᠴᠠᠩ ᠳᠤ ᠮᠡᠳᠡᠭᠦᠯᠦᠭᠰᠡᠨ ᠪᠠᠶᠢᠬᠤ ᠬᠡᠷᠡᠭᠲᠡᠢ᠃ ᠲᠤᠭᠲᠠᠭᠠᠯ ᠶᠤᠰᠤᠭᠠᠷ᠂ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠭᠠᠵᠠᠷ ᠤᠨ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠬᠢᠬᠦ ᠭᠠᠷ ᠭᠦᠢᠴᠡᠳᠬᠡᠯ ᠢ ᠭᠠᠷᠳᠠᠨ ᠭᠦᠢᠴᠡᠳᠬᠡᠬᠦ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠨ ᠳᠤ ᠲᠡᠮᠳᠡᠭᠯᠡᠭᠦᠯᠦᠭᠰᠡᠨ ᠦᠭᠡᠢ ᠪᠠ ᠨᠢᠭᠡᠨᠲᠡ ᠡᠮᠨᠡᠯᠭᠡ ᠶᠢᠨ ᠬᠤᠷᠢᠶ᠎ᠠ ᠰᠤᠯᠢᠭᠰᠠᠨ ᠡᠪᠡᠳᠴᠢᠲᠡᠨ ᠤ ᠮᠤᠵᠢ ᠠᠯᠤᠰᠯᠠᠨ ᠡᠮᠨᠡᠭᠦᠯᠦᠭᠰᠡᠨ ᠡᠮᠴᠢᠯᠡᠭᠡᠨ ᠤ ᠰᠦᠢᠳᠬᠡᠯ ᠢ ᠰᠢᠭᠤᠳ ᠳᠠᠩᠰᠠᠨ ᠠᠴᠠ ᠲᠠᠶᠢᠯᠵᠤ ᠦᠭᠬᠦ ᠦᠭᠡᠢ᠃        ᠡᠮᠨᠡᠯᠭᠡ ᠶᠢᠨ ᠬᠤᠷᠢᠶ᠎ᠠ ᠰᠤᠯᠢᠬᠤ ᠬᠤᠭᠤᠴᠠᠭ᠎ᠠ ᠨᠢ ᠬᠢᠵᠠᠭᠠᠷ ᠲᠠᠢ ᠦᠦ︖        3 ᠰᠠᠷ᠎ᠠ ᠶᠢᠨ ᠬᠦᠴᠦᠨ ᠲᠠᠢ ᠬᠤᠭᠤᠴᠠᠭᠠᠨ ᠠᠴᠠ ᠬᠡᠲᠦᠷᠡᠪᠡᠯ ᠳᠠᠩᠰᠠᠨ ᠠᠴᠠ ᠲᠠᠶᠢᠯᠵᠤ ᠦᠭᠬᠦ ᠦᠭᠡᠢ᠃        ︽ᠳᠦᠷᠢᠮᠵᠢᠯ︾ ᠠᠴᠠ ᠵᠢᠭᠠᠵᠤ ᠭᠠᠷᠭᠠᠭᠰᠠᠨ ᠨᠢ᠂ ᠮᠤᠵᠢ ᠠᠯᠤᠰᠯᠠᠨ ᠡᠮᠨᠡᠭᠦᠯᠵᠦ ᠰᠦᠯᠵᠢᠶᠡᠵᠢᠭᠦᠯᠬᠦ ᠪᠠᠷ ᠳᠠᠮᠵᠢᠨ ᠳᠠᠩᠰᠠᠨ ᠠᠴᠠ ᠲᠠᠶᠢᠯᠬᠤ ᠡᠮᠨᠡᠯᠭᠡ ᠶᠢᠨ ᠬᠤᠷᠢᠶ᠎ᠠ ᠰᠤᠯᠢᠬᠤ ᠪᠠᠷᠢᠮᠲᠠ ᠶᠢᠨ ᠬᠦᠴᠦᠨ ᠲᠠᠢ ᠬᠤᠭᠤᠴᠠᠭ᠎ᠠ ᠨᠢ 3 ᠰᠠᠷ᠎ᠠ ᠪᠤᠯᠤᠨ᠎ᠠ᠃ ᠬᠦᠴᠦᠨ ᠲᠠᠢ ᠬᠤᠭᠤᠴᠠᠭᠠᠨ ᠠᠴᠠ ᠨᠢ ᠬᠡᠲᠦᠷᠡᠵᠦ ᠴᠠᠭ ᠲᠤᠬᠠᠢ ᠳᠤᠨᠢ ᠭᠠᠷ ᠭᠦᠢᠴᠡᠳᠬᠡᠯ ᠢᠶᠠᠨ ᠭᠦᠢᠴᠡᠳᠬᠡᠵᠦ ᠴᠢᠳᠠᠭᠰᠠᠨ ᠦᠭᠡᠢ ᠬᠤᠶᠢᠰᠢᠯᠠᠭᠤᠯᠤᠭᠰᠠᠨ ᠠᠴᠠ ᠪᠤᠯᠵᠤ ᠡᠭᠦᠰᠦᠭᠰᠡᠨ ᠰᠦᠢᠳᠬᠡᠯ ᠢ ᠬᠤᠷᠰᠢᠭᠰᠠᠨ ᠡᠮᠨᠡᠯᠭᠡ ᠶᠢᠨ ᠰᠢᠭᠤᠳ ᠳᠠᠩᠰᠠᠨ ᠠᠴᠠ ᠲᠠᠶᠢᠯᠬᠤ ᠬᠡᠪᠴᠢᠶᠡᠨ ᠳᠤ ᠤᠷᠤᠭᠤᠯᠬᠤ ᠦᠭᠡᠢ ᠃ ᠨᠢᠭᠡ ᠡᠪᠡᠳᠴᠢᠨ ᠢ ᠤᠯᠠᠨᠲᠠ ᠡᠮᠨᠡᠨ ᠵᠠᠰᠠᠭᠤᠯᠤᠭᠰᠠᠨ ᠡᠮᠨᠡᠯᠭᠡ ᠶᠢᠨ ᠬᠤᠷᠢᠶ᠎ᠠ ᠰᠣᠯᠢᠬᠤ ᠡᠪᠡᠳᠴᠢᠲᠡᠨ ᠨᠢᠭᠡᠲᠦᠯᠲᠡᠢ ᠲᠦᠯᠦᠪᠵᠢᠭᠦᠯᠦᠭᠰᠡᠨ ᠭᠠᠵᠠᠷ ᠤᠷᠤᠨ ᠳᠠᠭᠠᠨ ᠭᠤᠶᠤᠴᠢᠯᠠᠵᠤ᠂ ᠭᠠᠷ ᠭᠦᠢᠴᠡᠳᠬᠡᠯ ᠢ ᠭᠦᠢᠴᠡᠳᠬᠡᠬᠦ ᠠᠵᠢᠯᠲᠠᠨ ᠠᠴᠠ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠨ ᠲᠤᠰ ᠡᠪᠡᠳᠴᠢᠲᠡᠨ ᠤ ᠳᠡᠭᠡᠷ᠎ᠡ ᠨᠢᠭᠡ ᠤᠳᠠᠭᠠᠨ ᠤ ᠡᠮᠨᠡᠯᠭᠡ ᠶᠢᠨ ᠬᠤᠷᠢᠶ᠎ᠠ ᠰᠤᠯᠢᠬᠤ ᠪᠠᠷᠢᠮᠲᠠ ᠶᠢ ᠲᠠᠬᠢᠨᠲᠠ ᠰᠡᠷᠭᠦᠭᠡᠵᠦ ᠬᠦᠴᠦᠨ ᠲᠠᠢ ᠪᠤᠯᠭᠠᠪᠠᠯ ᠳᠠᠷᠤᠢ ᠡᠮᠨᠡᠯᠭᠡ ᠰᠤᠯᠢᠬᠤ ᠭᠠᠷ ᠭᠦᠢᠴᠡᠳᠬᠡᠯ ᠢᠶᠠᠨ ᠪᠦᠷᠢᠨ ᠭᠦᠢᠴᠡᠳᠬᠡᠭᠰᠡᠨ ᠳ᠋ᠦ‌‍ᠲ᠋ᠤᠭᠠᠴᠠᠭᠳᠠᠨ᠎ᠠ᠃ ᠤᠲᠠᠰᠤ᠂ ᠹᠠᠺᠰ᠂ ᠰᠦᠯᠵᠢᠶ᠎ᠡ ᠵᠡᠷᠭᠡ ᠬᠡᠯᠪᠡᠷᠢ ᠪᠠᠷ ᠳᠠᠮᠵᠢᠨ ᠨᠢᠭᠡᠲᠦᠯᠲᠡᠢ ᠲᠦᠯᠦᠪᠵᠢᠭᠦᠯᠦᠭᠰᠡᠨ ᠭᠠᠵᠠᠷ ᠤᠷᠤᠨ ᠤ ᠭᠠᠷ ᠭᠦᠢᠴᠡᠳᠬᠡᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠳᠤ ᠭᠤᠶᠤᠴᠢᠯᠠᠨ ᠰᠡᠷᠭᠦᠭᠡᠵᠦ ᠬᠦᠴᠦᠨ ᠲᠠᠢ ᠪᠤᠯᠭᠠᠵᠤ ᠪᠤᠯᠤᠨ᠎ᠠ᠃ ᠨᠢᠭᠡᠲᠦᠯᠲᠡᠢ ᠲᠦᠯᠦᠪᠵᠢᠭᠦᠯᠦᠭᠰᠡᠨ ᠭᠠᠵᠠᠷ ᠤᠷᠤᠨ ᠤ ᠭᠠᠷ ᠭᠦᠢᠴᠡᠳᠬᠡᠯ ᠢ ᠭᠠᠷᠳᠠᠨ ᠭᠦᠢᠴᠡᠳᠬᠡᠬᠦ ᠠᠵᠢᠯᠲᠠᠨ ᠠᠴᠠ ᠲᠤᠰ ᠱᠠᠲᠤᠨ ᠤ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠡᠳᠡᠭᠡ ᠵᠠᠩᠭᠢ ᠶᠢᠨ ᠰᠢᠰᠲ᠋ᠧᠮ ᠢ ᠳᠠᠮᠵᠢᠬᠤ ᠪᠤᠶᠤ ᠤᠯᠤᠰ ᠤᠨ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠡᠳᠡᠭᠡ ᠵᠠᠩᠭᠢ ᠶᠢᠨ ᠲᠠᠪᠴᠠᠩ ᠳᠤ ᠮᠡᠳᠡᠭᠦᠯᠦᠨ᠎ᠡ᠃        ᠮᠠᠨ ᠤ ᠤᠷᠤᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠤᠶᠤᠨᠴᠢ ᠬᠢᠨᠠᠨ ᠬᠠᠷᠭᠤᠭᠤᠯᠬᠤ ᠰᠢᠰᠲ᠋ᠧᠮ ᠢ ᠡᠬᠢᠯᠡᠨ ᠬᠡᠷᠡᠭᠵᠢᠭᠦᠯᠵᠡᠢ        ᠪᠦᠬᠦ ᠤᠷᠤᠨ ᠤ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠷᠭᠡᠨ ᠤᠯᠠᠨ ᠮᠠᠯᠴᠢᠨ ᠲᠦᠮᠡᠨ ᠤ ᠡᠷᠡᠭᠦᠯ ᠴᠢᠬᠢᠷᠠᠭ ᠤᠨ ᠡᠷᠬᠡ ᠠᠰᠢᠭ ᠢ ᠪᠠᠲᠤᠯᠠᠬᠤ ᠶᠢᠨ ᠲᠤᠰᠠᠳᠠ᠂ 11 ᠰᠠᠷ᠎ᠠ ᠶᠢᠨ 2 ᠤ ᠡᠳᠦᠷ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠪᠦᠬᠦ ᠤᠷᠤᠨ ᠳᠤ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠳᠤᠮᠳᠠ᠂ ᠤᠶᠤᠨᠴᠢ ᠬᠢᠨᠠᠨ ᠬᠠᠷᠭᠤᠭᠤᠯᠬᠤ ᠰᠢᠰᠲ᠋ᠧᠮ ᠢ ᠬᠡᠷᠡᠭᠯᠡᠵᠡᠢ᠃ ᠤᠳᠤᠬᠠᠨ ᠳᠤ ᠲᠤᠷᠰᠢᠨ ᠬᠡᠷᠡᠭᠵᠢᠭᠦᠯᠬᠦ ᠱᠠᠲᠤᠨ ᠳᠠᠭᠠᠨ ᠪᠠᠶᠢᠵᠤ᠂ 2016 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠵᠡᠢ᠃ ᠤᠶᠢᠯᠠᠭᠠᠭᠰᠠᠨ ᠢᠶᠠᠷ ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠤᠶᠤᠨᠴᠢ ᠬᠢᠨᠠᠨ ᠬᠠᠯᠭᠤᠭᠤᠯᠬᠤ ᠰᠢᠰᠲ᠋ᠧᠮ ᠤᠨ ᠬᠢᠨᠠᠨ ᠬᠠᠷᠭᠤᠭᠤᠯᠬᠤ ᠵᠢᠷᠤᠮᠵᠢᠯ ᠢ ᠲᠦᠷ 6 ᠲᠦᠷᠦᠯ ᠢᠶᠠᠷ ᠲᠤᠭᠲᠠᠵᠤ᠂ ᠲᠤᠰ ᠲᠤᠰ᠄ ᠲᠤᠭᠠᠴᠠᠭ᠎ᠠ ᠬᠢᠬᠦ ᠲᠦᠷᠦ ᠶᠢᠨ ᠪᠤᠳᠤᠯᠭ᠎ᠠ ᠵᠢᠨ‌‍ᠴᠢᠨᠠᠷᠲᠠᠢ ᠳᠦᠷᠢᠮᠵᠢᠯ᠂ ᠵᠤᠬᠢᠰᠲᠠᠢ ᠲᠠᠢ ᠡᠮ ᠬᠡᠷᠡᠭᠯᠡᠬᠦ ᠳᠦᠷᠢᠮᠵᠢᠯ᠂ ᠤᠨᠤᠰᠢᠯᠠᠨ ᠵᠠᠰᠠᠬᠤ ᠦᠢᠯᠡᠴᠢᠯᠡᠭᠡᠨ ᠤ ᠳᠦᠷᠢᠮᠵᠢᠯ᠂ ᠡᠮᠨᠡᠯᠭᠡ ᠳᠤ ᠬᠡᠷᠡᠭᠯᠡᠬᠦ ᠮᠠᠲ᠋ᠧᠷᠢᠶᠠᠯ ᠤᠨ ᠳᠦᠷᠢᠮᠵᠢᠯ᠂ ᠰᠢᠯᠭᠠᠨ ᠪᠠᠶᠢᠴᠠᠭᠠᠬᠤ ᠳᠦᠷᠢᠮᠵᠢᠯ ᠪᠤᠯᠤᠨ ᠡᠮᠴᠢᠯᠡᠭᠡᠨ ᠤ ᠲᠤᠷᠰᠢᠯᠭ᠎ᠠ ᠶᠢᠨ ᠴᠢᠨᠠᠷᠲᠠᠢ ᠳᠦᠷᠢᠮᠵᠢᠯ ᠪᠤᠯᠤᠨ᠎ᠠ᠃ ᠪᠦᠬᠦ ᠤᠷᠤᠨ ᠤ ᠡᠯ᠎ᠡ ᠠᠶᠢᠮᠠᠭ ᠬᠤᠲᠠ ᠪᠦᠬᠦᠨ ᠤᠶᠤᠨᠴᠢ ᠬᠢᠨᠠᠨ ᠬᠠᠷᠭᠤᠭᠤᠯᠬᠤ ᠰᠢᠰᠲ᠋ᠧᠮ ᠢ ᠬᠡᠷᠡᠭᠯᠡᠵᠦ᠂ ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠵᠤ ᠳᠠᠩᠰᠠᠨ ᠠᠴᠠ ᠲᠠᠶᠢᠯᠤᠭᠰᠠᠨ ᠡᠪᠡᠳᠴᠢᠨ ᠤ ᠲᠡᠦᠬᠡ ᠪᠦᠷᠢ ᠶᠢ ᠡᠷᠬᠡᠪᠰᠢ ᠤᠷᠢᠳᠠᠪᠠᠷ ᠤᠶᠤᠨᠴᠢ ᠬᠢᠨᠠᠨ ᠬᠠᠷᠭᠤᠭᠤᠯᠬᠤ ᠰᠢᠰᠲ᠋ᠧᠮ ᠢᠶᠠᠷ ᠬᠢᠨᠠᠨ ᠬᠠᠷᠭᠤᠭᠤᠯᠬᠤ ᠪᠠᠷ ᠳᠠᠮᠵᠢᠪᠠᠯ ᠰᠠᠶ᠋ᠢ ᠳᠠᠩᠰᠠᠨ ᠠᠴᠠ ᠲᠠᠶᠢᠯᠬᠤ ᠳᠡᠰ ᠳᠠᠷᠠᠭᠠᠯᠠᠯ ᠳᠤ ᠤᠷᠤᠵᠤ ᠪᠤᠯᠤᠨ᠎ᠠ᠃        ᠮᠠᠨ ᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠦᠮᠦᠨ ᠳᠤᠮᠳᠠᠴᠢ ᠶᠢᠨ ᠪᠡᠯᠡ ᠮᠦᠩᠭᠦ ᠴᠤᠭᠯᠠᠭᠤᠯᠬᠤ ᠪᠠᠷᠢᠮᠵᠢᠶ᠎ᠠ ᠨᠡᠮᠡᠭᠳᠡᠭᠡᠳ 540 ᠲᠦᠭᠦᠷᠢᠭ ᠪᠤᠯᠵᠠᠢ        ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠤᠶᠢᠷ᠎ᠠ ᠳᠤ ︽2016 ᠤᠨ ᠤ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠨᠦᠬᠦᠪᠦᠷᠢᠯᠡᠬᠦ ᠲᠦᠰᠦᠯ ᠤᠨ ᠲᠤᠬᠠᠢ ᠵᠢᠯᠤᠭᠤᠳᠬᠤ ᠰᠠᠨᠠᠯ︾ ᠢ ᠲᠤᠭᠲᠠᠭᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠦᠮᠦᠨ ᠳᠤᠮᠳᠠᠴᠢ ᠶᠢᠨ ᠪᠡᠯᠡ ᠮᠦᠩᠭᠦ ᠴᠤᠭᠯᠠᠭᠤᠯᠬᠤ ᠪᠠᠷᠢᠮᠵᠢᠶ᠎ᠠ ᠨᠢ 70 ᠲᠦᠭᠦᠷᠢᠭ ᠨᠡᠮᠡᠭᠳᠡᠵᠦ᠂ ᠬᠦᠮᠦᠨ ᠪᠦᠷᠢ ᠶᠢᠨ 540 ᠲᠦᠭᠦᠷᠢᠭ ᠲᠤ ᠬᠦᠷᠴᠡᠢ᠃ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠵᠢᠭᠠᠵᠤ ᠭᠠᠷᠭᠠᠭᠰᠠᠨ ᠨᠢ᠂ 2016 ᠤᠨ ᠳᠤ ᠪᠦᠬᠦ ᠤᠷᠤᠨ ᠤᠨᠤᠰᠢᠯᠠᠨ ᠵᠠᠰᠠᠬᠤ ᠲᠦᠷᠦᠯ ᠵᠦᠢᠯ ᠪᠤᠯᠤᠨ ᠡᠮ ᠤᠨ ᠵᠦᠢᠯᠡᠰ ᠤᠨ ᠭᠠᠷᠴᠠᠭ ᠤᠨ ᠳᠠᠩᠰᠠᠨ ᠠᠴᠠ ᠲᠠᠶᠢᠯᠬᠤ ᠬᠡᠪᠴᠢᠶ᠎ᠡ ᠶᠢ ᠦᠷᠭᠡᠳᠬᠡᠵᠦ᠂ ᠲᠤᠭᠠᠴᠠᠭ᠎ᠠ ᠬᠢᠬᠦ ᠬᠡᠯᠪᠡᠷᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠤᠶᠤᠨᠴᠢ ᠬᠢᠨᠠᠨ ᠬᠠᠷᠭᠤᠭᠤᠯᠬᠤ ᠰᠢᠰᠲ᠋ᠧᠮ ᠠᠰᠢᠭᠯᠠᠯᠲᠠ ᠳᠤ ᠤᠷᠤᠵᠠᠢ︔ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠤᠵᠢ ᠠᠯᠤᠰᠯᠠᠨ ᠡᠮᠨᠡᠭᠦᠯᠦᠭᠰᠡᠨ ᠰᠦᠢᠳᠬᠡᠯ ᠢ ᠬᠢᠨᠠᠨ ᠪᠠᠶᠢᠴᠠᠭᠠᠬᠤ ᠪᠤᠯᠤᠨ ᠳᠠᠩᠰᠠᠨ ᠠᠴᠠ ᠲᠠᠶᠢᠯᠬᠤ ᠠᠵᠢᠯ ᠢ ᠠᠬᠢᠭᠤᠯᠵᠠᠢ᠃        ᠤᠶᠢᠯᠠᠭᠠᠭᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠦᠮᠦᠨ ᠳᠤᠮᠳᠠᠴᠢ ᠶᠢᠨ ᠪᠡᠯᠡ ᠮᠦᠩᠭᠦ ᠴᠤᠭᠯᠠᠭᠤᠯᠬᠤ ᠪᠠᠷᠢᠮᠵᠢᠶ᠎ᠠ ᠨᠢ 2010 ᠤᠨ ᠤ 150 ᠲᠦᠭᠦᠷᠢᠭ ᠠᠴᠠ 2015 ᠤᠨ ᠤ 470 ᠲᠦᠭᠦᠷᠢᠭ ᠪᠤᠯᠤᠨ ᠨᠡᠮᠡᠭᠳᠡᠵᠦ᠂ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠤᠳᠤᠷᠠᠬᠢ ᠡᠮᠨᠡᠯᠭᠡ ᠳᠤ ᠰᠠᠭᠤᠬᠤ ᠰᠦᠢᠳᠬᠡᠯ ᠤᠨ ᠳᠠᠩᠰᠠᠨ ᠠᠴᠠ ᠲᠠᠶᠢᠯᠬᠤ ᠬᠠᠷᠢᠴᠠᠯ ᠨᠢ 60% ᠠᠴᠠ 70% ᠪᠤᠯᠤᠨ ᠳᠡᠭᠡᠭᠰᠢᠯᠡᠵᠦ᠂ ᠬᠦᠨᠳᠦ ᠡᠪᠡᠳᠴᠢᠨ ᠤ ᠳᠠᠭᠠᠳᠬᠠᠯ ᠨᠢ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠮᠠᠯᠴᠢᠨ ᠲᠠᠷᠢᠶᠠᠴᠢᠨ ᠢ ᠪᠦᠷᠬᠦᠭᠦᠯᠬᠦ ᠶᠢ ᠪᠡᠶᠡᠯᠡᠭᠦᠯᠵᠦ᠂ ᠡᠪᠡᠳᠴᠢᠨ ᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠳᠦᠷᠢᠮ ᠢ ᠡᠬᠢᠯᠡᠭᠦᠯᠦᠨ ᠬᠡᠷᠡᠭᠵᠢᠭᠦᠯᠵᠡᠢ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠨᠢ ᠳᠡᠭᠡᠭᠰᠢᠯᠡᠭᠡᠳ 380 ᠲᠦᠭᠦᠷᠢᠭ ᠪᠤᠯᠵᠤ᠂ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠨᠤᠷᠮ᠎ᠠ ᠨᠢ 98% ᠳᠤ ᠬᠦᠷᠴᠡᠢ᠃        ᠮᠠᠨ ᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠬᠤ ᠰᠦᠢᠳᠬᠡᠯ ᠤᠨ ᠳᠠᠩᠰᠠᠨ ᠠᠴᠠ ᠲᠠᠶᠢᠯᠬᠤ ᠬᠠᠷᠢᠴᠠᠯ ᠨᠢ 75% ᠭᠠᠷᠤᠢ ᠪᠤᠯᠵᠠᠢ        ᠡᠨᠡ ᠵᠢᠯ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠠᠷᠠᠳ ᠲᠦᠮᠡᠨ ᠤ ᠡᠷᠡᠭᠦᠯ ᠴᠢᠬᠢᠷᠠᠭ ᠢ ᠪᠠᠲᠤᠯᠠᠬᠤ ᠶᠢ ᠠᠯᠢᠪᠠ ᠠᠵᠢᠯ ᠤᠨ ᠵᠤᠭᠰᠤᠴᠠ ᠪᠠᠨ ᠪᠤᠯᠭᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠬᠤ ᠰᠦᠢᠳᠬᠡᠯ ᠤᠨ ᠳᠠᠩᠰᠠᠨ ᠠᠴᠠ ᠲᠠᠶᠢᠯᠬᠤ ᠬᠠᠷᠢᠴᠠᠯ ᠢ 75% ᠠᠴᠠ ᠳᠡᠭᠡᠭᠰᠢ ᠪᠤᠯᠭᠠᠵᠠᠢ᠃ ᠤᠶᠢᠯᠠᠭᠠᠭᠰᠠᠨ ᠢᠶᠠᠷ᠂ ᠡᠨᠡ ᠵᠢᠯ ᠡᠮ ᠡᠮᠨᠡᠯᠭᠡ ᠶᠢᠨ ᠪᠠᠲᠤᠯᠠᠭ᠎ᠠ ᠶᠢᠨ ᠲᠤᠭᠲᠠᠴᠠ ᠶᠢᠨ ᠪᠠᠶᠢᠭᠤᠯᠤᠯᠲᠠ ᠶᠢᠨ ᠲᠠᠯ᠎ᠠ ᠳᠤ᠂ ᠦᠪᠡᠷᠲᠡᠭᠡᠨ ᠵᠠᠰᠠᠬᠤ ᠤᠷᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠡᠷᠴᠢᠮ ᠢᠶᠠᠨ ᠴᠢᠩᠭᠠᠷᠠᠭᠤᠯᠵᠠᠢ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠦᠷᠭᠦᠯᠵᠢᠯᠡᠨ ᠪᠡᠯᠡ ᠮᠦᠩᠭᠦ ᠴᠤᠭᠯᠠᠭᠤᠯᠬᠤ ᠪᠤᠯᠤᠨ ᠳᠠᠩᠰᠠᠨ ᠠᠴᠠ ᠲᠠᠶᠢᠯᠬᠤ ᠬᠠᠷᠢᠴᠠᠯ ᠢ ᠵᠤᠬᠢᠴᠠᠭᠤᠯᠬᠤ ᠲᠤᠭᠲᠠᠴᠠ ᠶᠢ ᠲᠡᠭᠦᠯᠳᠡᠷᠵᠢᠭᠦᠯᠵᠦ᠂ ᠬᠤᠷᠰᠢᠭᠰᠠᠨ ᠡᠮᠨᠡᠯᠭᠡ ᠶᠢᠨ ᠬᠦᠮᠦᠨ ᠳᠤᠮᠳᠠᠴᠢ ᠶᠢᠨ ᠪᠡᠯᠡ ᠮᠦᠩᠭᠦ ᠴᠤᠭᠯᠠᠭᠤᠯᠬᠤ ᠪᠠᠷᠢᠮᠵᠢᠶ᠎ᠠ 70 ᠲᠦᠭᠦᠷᠢᠭ ᠨᠡᠮᠡᠭᠳᠡᠵᠦ᠂ 540 ᠲᠦᠭᠦᠷᠢᠭ \ ᠬᠦᠮᠦᠨ ᠳᠤ ᠬᠦᠷᠴᠡᠢ᠂ ᠡᠭᠦᠨ ᠳᠤ᠂ ᠵᠠᠰᠠᠭ ᠤᠨ ᠤᠷᠳᠤᠨ ᠤ ᠨᠦᠬᠦᠪᠦᠷᠢ 40 ᠲᠦᠭᠦᠷᠢᠭ \ ᠬᠦᠮᠦᠨ ᠨᠡᠮᠡᠭᠳᠡᠵᠦ᠂ ᠬᠤᠪᠢ ᠬᠦᠮᠦᠨ ᠤ ᠲᠤᠰᠢᠶᠠᠬᠤ ᠰᠦᠢᠳᠬᠡᠯ ᠨᠢ 30 ᠲᠦᠭᠦᠷᠢᠭ \ ᠬᠦᠮᠦᠨ ᠨᠡᠮᠡᠭᠳᠡᠵᠦ᠂ ᠬᠤᠷᠰᠢᠭᠰᠠᠨ ᠡᠮᠨᠡᠯᠭᠡ ᠶᠢᠨ ᠲᠦᠷᠦ ᠶᠢᠨ ᠪᠤᠳᠤᠯᠭ᠎ᠠ ᠶᠢᠨ ᠬᠡᠪᠴᠢᠶᠡᠨ ᠲᠤᠲᠤᠷᠠᠬᠢ ᠡᠮᠨᠡᠯᠭᠡ ᠳᠤ ᠰᠠᠭᠤᠬᠤ ᠰᠦᠢᠳᠬᠡᠯ ᠤᠨ ᠳᠠᠩᠰᠠᠨ ᠠᠴᠠ ᠲᠠᠶᠢᠯᠬᠤ ᠬᠠᠷᠢᠴᠠᠯ ᠨᠢ 75 ᠠᠴᠠ ᠳᠡᠭᠡᠭᠰᠢ ᠪᠤᠯᠵᠠᠢ᠃ ᠡᠭᠦᠨ ᠠᠴᠠ ᠭᠠᠳᠠᠨ᠎ᠠ᠂ ᠪᠠᠰᠠ ᠡᠮᠨᠡᠯᠭᠡ ᠶᠢᠨ ᠳᠠᠭᠠᠳᠬᠠᠯ ᠤᠨ ᠲᠤᠭᠠᠴᠠᠭ᠎ᠠ ᠬᠢᠬᠦ ᠬᠡᠯᠪᠡᠷᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠡᠵᠡᠮᠰᠢᠬᠦ ᠦᠢᠯᠡᠳᠦᠯ ᠢ ᠪᠠᠳᠠᠷᠠᠭᠤᠯᠵᠤ᠂ ᠡᠮᠴᠢᠯᠡᠭᠡᠨ ᠤ ᠵᠠᠷᠤᠳᠠᠯ ᠤᠨ ᠵᠣᠬᠢᠰ ᠦᠭᠡᠢ ᠨᠡᠮᠡᠭᠳᠡᠯ ᠢ ᠴᠢᠩᠭ᠎ᠠ ᠬᠢᠵᠠᠭᠠᠷᠯᠠᠵᠠᠢ᠃        ᠮᠠᠨ ᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠦᠨᠳᠦ ᠡᠪᠡᠳᠴᠢᠨ ᠢᠶᠠᠷ ᠡᠮᠨᠡᠯᠭᠡ ᠳᠤ ᠰᠠᠭᠤᠭᠰᠠᠨ ᠡᠪᠡᠳᠴᠢᠲᠡᠨ ᠬᠠᠮᠤᠭ ᠤᠨ ᠦᠨᠳᠦᠷ ᠲᠡᠭᠡᠨ 15 ᠲᠦᠮᠡᠨ ᠲᠦᠭᠦᠷᠢᠭ ᠤᠨ ᠨᠦᠬᠦᠪᠦᠷᠢ ᠬᠦᠷᠲᠡᠨ᠎ᠡ        ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ︽2016 ᠤᠨ ᠤ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠨᠦᠬᠦᠪᠦᠷᠢᠯᠡᠬᠦ ᠲᠦᠰᠦᠯ ᠤᠨ ᠲᠤᠬᠠᠢ ᠵᠢᠯᠤᠭᠤᠳᠬᠤ ᠰᠠᠨᠠᠯ︾ ︵ᠳᠤᠷᠤᠭᠰᠢ ︽ᠰᠠᠨᠠᠯ︾ ᠭᠡᠵᠦ ᠲᠤᠪᠴᠢᠯᠠᠨ᠎ᠠ︶ ᠢ ᠲᠤᠭᠲᠠᠭᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠬᠤ ᠨᠦᠬᠦᠪᠦᠷᠢ ᠶᠢᠨ ᠬᠠᠮᠤᠭ ᠤᠨ ᠳᠡᠭᠡᠳᠦ ᠬᠢᠵᠠᠭᠠᠷ ᠢ ᠲᠤᠳᠤᠷᠬᠠᠶᠢᠯᠠᠵᠤ᠂ ᠲᠤᠬᠠᠢ ᠶᠢᠨ ᠵᠢᠯ ᠤᠨ ᠨᠢᠭᠡ ᠡᠪᠡᠳᠴᠢᠲᠡᠨ ᠤ ᠪᠤᠲᠠᠲᠠᠢ ᠬᠦᠷᠲᠡᠬᠦ ᠬᠦᠨᠳᠦ ᠡᠪᠡᠳᠴᠢᠨ ᠤ ᠨᠢᠭᠡᠲᠦᠯᠲᠡᠢ ᠲᠦᠯᠦᠪᠵᠢᠭᠦᠯᠦᠭᠰᠡᠨ ᠨᠦᠬᠦᠪᠦᠷᠢ ᠮᠦᠩᠭᠦ ᠨᠢ ᠨᠡᠶᠢᠲᠡ 15 ᠲᠦᠮᠡᠨ ᠲᠦᠭᠦᠷᠢᠭ ᠠᠴᠠ ᠬᠡᠲᠦᠷᠡᠵᠦ ᠪᠤᠯᠬᠤ ᠦᠭᠡᠢ᠃ ︽ᠰᠠᠨᠠᠯ︾ ᠳᠤ ᠲᠤᠭᠲᠠᠭᠰᠠᠨ ᠡᠮᠨᠡᠯᠭᠡ ᠳᠤ ᠰᠠᠭᠤᠬᠤ ᠨᠦᠬᠦᠪᠦᠷᠢ ᠶᠢᠨ ᠪᠠᠷᠢᠮᠵᠢᠶ᠎ᠠ ᠨᠢ᠄ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠭᠠᠴᠠᠭ᠎ᠠ ᠬᠢᠬᠦ ᠬᠠᠮᠤᠭ ᠤᠨ ᠳᠤᠤᠷ᠎ᠠ ᠬᠢᠵᠠᠭᠠᠷ ᠨᠢ 150 ᠲᠦᠭᠦᠷᠢᠭ᠂ ᠨᠦᠬᠦᠪᠦᠷᠢᠯᠡᠬᠦ ᠬᠠᠷᠢᠴᠠᠯ ᠨᠢ 100%︔ ᠬᠤᠰᠢᠭᠤ ᠰᠢᠶᠠᠨ ᠤ ᠬᠤᠶᠠᠳᠤᠭᠠᠷ ᠳᠡᠰ ᠠᠴᠠ ᠳᠤᠷᠤᠭᠰᠢᠬᠢ ᠡᠮᠨᠡᠯᠭᠡ ᠶᠢᠨ ᠬᠤᠷᠢᠶ᠎ᠠ ︵ᠬᠤᠶᠠᠳᠤᠭᠠᠷ ᠳᠡᠰ ᠢ ᠪᠠᠭᠲᠠᠭᠠᠨ᠎ᠠ︶ ᠶᠢᠨ ᠲᠤᠭᠠᠴᠠᠭ᠎ᠠ ᠬᠢᠬᠦ ᠬᠠᠮᠤᠭ ᠤᠨ ᠳᠤᠤᠷ᠎ᠠ ᠬᠢᠵᠠᠭᠠᠷ ᠨᠢ 400 ᠲᠦᠭᠦᠷᠢᠭ᠂ ᠨᠦᠬᠦᠪᠦᠷᠢᠯᠡᠬᠦ ᠬᠠᠷᠢᠴᠠᠯ ᠨᠢ 85%︔ ᠬᠤᠰᠢᠭᠤ ᠰᠢᠶᠠᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠲᠤᠭᠠᠴᠠᠭ᠎ᠠ ᠬᠢᠬᠦ ᠬᠠᠮᠤᠭ ᠤᠨ ᠳᠤᠤᠷ᠎ᠠ ᠬᠢᠵᠠᠭᠠᠷ ᠨᠢ 600 ᠲᠦᠭᠦᠷᠢᠭ᠂ ᠨᠦᠬᠦᠪᠦᠷᠢᠯᠡᠬᠦ ᠬᠠᠷᠢᠴᠠᠯ ᠨᠢ 80%︔ ᠠᠶᠢᠮᠠᠭ ᠬᠤᠲᠠ ᠶᠢᠨ ︵I ᠲᠦᠷᠦᠯ︶ ᠬᠤᠶᠠᠳᠤᠭᠠᠷ ᠳᠡᠰ ᠠᠴᠠ ᠳᠤᠷᠤᠭᠰᠢᠬᠢ ᠡᠮᠨᠡᠯᠭᠡ ᠶᠢᠨ ᠬᠤᠷᠢᠶ᠎ᠠ ︵ᠬᠤᠶᠠᠳᠤᠭᠠᠷ ᠳᠡᠰ ᠢ ᠪᠠᠭᠲᠠᠭᠠᠨ᠎ᠠ︶ ᠶᠢᠨ ᠲᠤᠭᠠᠴᠠᠭ᠎ᠠ ᠬᠢᠬᠦ ᠬᠠᠮᠤᠭ ᠤᠨ ᠳᠤᠤᠷ᠎ᠠ ᠬᠢᠵᠠᠭᠠᠷ ᠨᠢ 600 ᠲᠦᠭᠦᠷᠢᠭ᠂ ᠨᠦᠬᠦᠪᠦᠷᠢᠯᠡᠬᠦ ᠬᠠᠷᠢᠴᠠᠯ ᠨᠢ 75%︔ ᠠᠶᠢᠮᠠᠭ ᠬᠤᠲᠠ ᠶᠢᠨ ︵II ᠲᠦᠷᠦᠯ︶ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠲᠤᠭᠠᠴᠠᠭ᠎ᠠ ᠬᠢᠬᠦ ᠬᠠᠮᠤᠭ ᠤᠨ ᠳᠤᠤᠷ᠎ᠠ ᠬᠢᠵᠠᠭᠠᠷ ᠨᠢ 1000 ᠲᠦᠭᠦᠷᠢᠭ᠂ ᠨᠦᠬᠦᠪᠦᠷᠢᠯᠡᠬᠦ ᠬᠠᠷᠢᠴᠠᠯ ᠨᠢ 65%︔ ᠦᠪᠡᠷᠲᠡᠭᠡᠨ ᠵᠠᠰᠠᠬᠤ ᠤᠷᠤᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠲᠤᠭᠠᠴᠠᠭ᠎ᠠ ᠬᠢᠬᠦ ᠬᠠᠮᠤᠭ ᠤᠨ ᠳᠤᠤᠷ᠎ᠠ ᠬᠢᠵᠠᠭᠠᠷ ᠨᠢ 1500 ᠲᠦᠭᠦᠷᠢᠭ᠂ ᠨᠦᠬᠦᠪᠦᠷᠢᠯᠡᠬᠦ ᠬᠠᠷᠢᠴᠠᠯ ᠨᠢ 65%︔ ᠦᠪᠡᠷᠲᠡᠭᠡᠨ ᠵᠠᠰᠠᠬᠤ ᠤᠷᠤᠨ ᠤ ᠭᠠᠳᠠᠨᠠᠬᠢ ᠡᠮᠨᠡᠯᠭᠡ ᠶᠢᠨ ᠬᠤᠷᠢᠶ᠎ᠠ ᠶᠢᠨ ᠲᠣᠭᠠᠴᠠᠭ᠎ᠠ ᠬᠢᠬᠦ ᠬᠠᠮᠤᠭ ᠤᠨ ᠳᠤᠤᠷ᠎ᠠ ᠬᠢᠵᠠᠭᠠᠷ ᠨᠢ 2000 ᠲᠦᠭᠦᠷᠢᠭ᠂ ᠨᠦᠬᠦᠪᠦᠷᠢᠯᠡᠬᠦ ᠬᠠᠷᠢᠴᠠᠯ ᠨᠢ 55%᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号