ᠤᠷᠤᠨ ᠰᠠᠭᠤᠴᠠ ᠬᠤᠳᠠᠯᠳᠤᠨ ᠠᠪᠬᠤ ᠳᠤ ᠴᠢᠨᠢ ᠲᠤᠰᠠᠯᠠᠶ᠎ᠠ
ᠨᠡᠶᠢᠲᠡᠯᠡᠭᠰᠡᠨ ᠴᠠᠭ᠄
2016-10-13
         1. ᠪᠤᠷᠤᠯᠠᠭᠤᠯᠭ᠎ᠠ ᠠᠨᠠᠢ ᠦᠶ᠎ᠡ ᠳᠤ ᠬᠤᠳᠠᠯᠳᠤᠨ ᠠᠪᠬᠤ ᠨᠢ ᠬᠠᠮᠤᠭ ᠰᠠᠶᠢᠨ ᠲᠤᠬᠢᠶᠠᠯ ᠪᠤᠯᠤᠨ᠎ᠠ        ᠤᠷᠤᠨ ᠰᠠᠭᠤᠴᠠ ᠶᠢᠨ ᠤᠨᠴᠠᠯᠢᠭ ᠰᠢᠨᠵᠢ ᠪᠠ ᠴᠢᠨᠠᠷ ᠨᠢ ᠪᠦᠷ ᠠᠳᠠᠯᠢ ᠦᠭᠡᠢ ᠭᠡᠬᠦ ᠳᠤ ᠬᠦᠮᠦᠨ ᠪᠦᠷᠢ ᠶᠢᠨ ᠤᠷᠤᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠪᠠ ᠳᠤᠷ᠎ᠠ ᠳᠠᠭᠠᠰᠢᠶᠠᠯ ᠨᠢ ᠪᠦᠷ ᠦᠪᠡᠷ ᠦᠪᠡᠷ ᠤᠨ ᠤᠨᠴᠠᠯᠢᠭ ᠲᠠᠢ᠃ ᠵᠢᠱᠢᠶᠡᠯᠡᠪᠡᠯ ᠬᠡᠦᠬᠡᠳ ᠨᠢ ᠰᠤᠷᠭᠠᠭᠤᠯᠢ ᠳᠤ ᠤᠷᠤᠬᠤ ᠪᠠ ᠡᠷ᠎ᠡ ᠡᠮ᠎ᠡ ᠬᠤᠶᠠᠭᠤᠯᠠ ᠪᠠᠨ ᠬᠠᠮᠢᠭ᠎ᠠ ᠠᠵᠢᠯᠯᠠᠵᠤ ᠪᠠᠶᠢᠭ᠎ᠠ ᠵᠡᠷᠭᠡ ᠠᠴᠠ ᠰᠢᠯᠲᠠᠭᠠᠯᠠᠭᠳᠠᠵᠤ᠂ ᠤᠷᠤᠨ ᠰᠠᠭᠤᠴᠠ ᠬᠤᠳᠠᠯᠳᠤᠨ ᠠᠪᠬᠤ ᠰᠤᠩᠭᠤᠯᠲᠠ ᠤᠯᠠᠨ ᠪᠤᠯᠪᠠᠴᠤ ᠦᠪᠡᠷ ᠤᠨ ᠤᠷᠤᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠪᠠ ᠳᠤᠷ᠎ᠠ ᠰᠤᠨᠢᠷᠬᠠᠯ ᠳᠤ ᠪᠦᠷᠢᠮᠦᠰᠦᠨ ᠨᠡᠶᠢᠴᠡᠭᠰᠡᠨ ᠤᠷᠤᠨ ᠰᠠᠭᠤᠴᠠ ᠶᠢ ᠤᠯᠬᠤ ᠳᠤ ᠲᠡᠶᠢᠮᠦ ᠠᠮᠠᠷᠬᠠᠨ ᠶᠠᠪᠤᠳᠠᠯ ᠪᠢᠰᠢ᠃ ᠤᠷᠤᠨ ᠰᠠᠭᠤᠴᠠ ᠪᠠ ᠡᠳᠡᠭᠡᠷ ᠰᠢᠯᠲᠠᠭᠠᠨ ᠢ ᠪᠤᠳᠤᠯᠬᠢᠯᠠᠬᠤ ᠦᠭᠡᠢ᠂ ᠵᠦᠪᠬᠡᠨ ᠵᠠᠬ᠎ᠠ ᠳᠡᠯᠭᠡᠭᠦᠷ ᠤᠨ ᠪᠠᠶᠢᠳᠠᠯ ᠠᠴᠠ ᠪᠤᠳᠤᠯᠬᠢᠯᠠᠪᠠᠯ ᠪᠤᠷᠤᠯᠠᠭᠤᠯᠭ᠎ᠠ ᠠᠨᠠᠢ ᠦᠶ᠎ᠡ ᠳᠤ ᠤᠷᠤᠨ ᠰᠠᠭᠤᠴᠠ ᠬᠤᠳᠠᠯᠳᠤᠨ ᠠᠪᠬᠤ ᠨᠢ ᠬᠠᠮᠤᠭ ᠰᠠᠶᠢᠨ ᠲᠤᠬᠢᠶᠠᠯ ᠪᠤᠯᠤᠨ᠎ᠠ᠃        2. ᠢᠲᠡᠭᠡᠮᠵᠢᠲᠦ ᠵᠢᠭᠡᠯᠡᠯᠭᠡ ᠶᠢᠨ ᠬᠦᠦ ᠮᠦᠩᠭᠦ ᠨᠢ ᠳᠤᠤᠷ᠎ᠠ ᠦᠶ᠎ᠡ ᠳᠤ ᠬᠤᠳᠠᠯᠳᠤᠨ ᠠᠪᠤᠨ᠎ᠠ        ᠬᠡᠷᠪᠡ ᠤᠷᠤᠨ ᠰᠠᠭᠤᠴᠠ ᠬᠤᠳᠠᠯᠳᠤᠨ ᠠᠪᠤᠭᠴᠢ ᠶᠢᠨ ᠭᠠᠷ ᠲᠤᠲᠤᠷᠠᠬᠢ ᠵᠤᠭᠤᠰ ᠨᠢ ᠭᠦᠢᠴᠡᠳ ᠪᠤᠶᠤ ᠪᠡᠯᠡ ᠮᠦᠩᠭᠦᠨ ᠤ ᠡᠷᠭᠢᠯᠲᠡ ᠨᠢ ᠰᠢᠯᠤᠭᠤᠬᠠᠨ ᠦᠶ᠎ᠡ ᠳᠤ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠬᠦᠦ ᠮᠦᠩᠭᠦ ᠨᠢ ᠨᠡᠯᠢᠶᠡᠳ ᠳᠤᠤᠷ᠎ᠠ ᠪᠠᠶᠢᠭ᠎ᠠ ᠴᠠᠭ ᠬᠤᠭᠤᠴᠠᠭ᠎ᠠ ᠶᠢ ᠰᠤᠩᠭᠤᠵᠤ᠂ ᠵᠢᠭᠡᠯᠡᠯᠭᠡ ᠠᠪᠴᠤ ᠤᠷᠤᠨ ᠰᠠᠭᠤᠴᠠ ᠬᠤᠳᠠᠯᠳᠤᠨ ᠠᠪᠬᠤ ᠶᠢ ᠪᠤᠳᠤᠯᠬᠢᠯᠠᠵᠤ ᠪᠤᠯᠤᠨ᠎ᠠ᠃ ᠭᠡᠪᠡᠴᠦ ᠦᠪᠡᠷ ᠢᠶᠠᠨ ᠢᠲᠡᠭᠡᠮᠵᠢᠲᠦ ᠵᠢᠭᠡᠯᠡᠯᠭᠡ ᠶᠢᠨ ᠬᠦᠦ ᠮᠦᠩᠭᠦ ᠶᠢ ᠲᠦᠯᠦᠬᠦ ᠴᠢᠳᠠᠪᠤᠷᠢ ᠪᠠᠷ ᠢᠶᠠᠨ ᠰᠠᠭᠤᠷᠢ ᠪᠤᠯᠭᠠᠬᠤ ᠬᠡᠷᠡᠭᠲᠡᠢ᠃        3. ᠤᠷᠤᠨ ᠰᠠᠭᠤᠴᠠ ᠬᠤᠳᠠᠯᠳᠤᠨ ᠠᠪᠬᠤ ᠳᠠᠭᠠᠨ ᠤᠷᠤᠨ ᠪᠠᠶᠢᠷᠢ ᠶᠢ ᠠᠩᠬᠠᠷᠬᠤ ᠴᠢᠬᠤᠯᠠᠲᠠᠢ        ᠵᠠᠬ᠎ᠠ ᠳᠡᠯᠭᠡᠭᠦᠷ ᠬᠦᠭᠵᠢᠶᠡᠨᠲᠡᠢ ᠲᠠᠢ ᠦᠶ᠎ᠡ ᠳᠤ ᠰᠢᠨ᠎ᠡ ᠪᠠᠶᠢᠭᠤᠯᠤᠭᠰᠠᠨ ᠤᠷᠤᠨ ᠰᠠᠭᠤᠴᠠ ᠶᠢᠨ ᠦᠨ᠎ᠡ ᠬᠠᠩᠰᠢ ᠨᠢ ᠭᠠᠷ ᠳᠠᠮᠵᠢᠭᠰᠠᠨ ᠤᠷᠤᠨ ᠰᠠᠭᠤᠴᠠ ᠠᠴᠠ ᠦᠨᠡᠲᠡᠢ᠂ ᠵᠠᠬ᠎ᠠ ᠳᠡᠯᠭᠡᠭᠦᠷ ᠬᠦᠭᠵᠢᠶᠡᠨ ᠦᠭᠡᠢ ᠦᠶ᠎ᠡ ᠳᠤ ᠭᠠᠷ ᠳᠠᠮᠵᠢᠭᠰᠠᠨ ᠤᠷᠤᠨ ᠰᠠᠭᠤᠴᠠ ᠶᠢᠨ ᠦᠨ᠎ᠡ ᠬᠠᠩᠰᠢ ᠨᠢ ᠰᠢᠨ᠎ᠡ ᠪᠠᠶᠢᠭᠤᠯᠤᠭᠰᠠᠨ ᠤᠷᠤᠨ ᠰᠠᠭᠤᠴᠠ ᠠᠴᠠ ᠦᠨᠡᠲᠡᠢ᠃ ᠠᠳᠠᠯᠢᠬᠠᠨ ᠨᠢᠭᠡᠨ ᠤᠷᠤᠨ ᠲᠤᠭᠤᠷᠢᠭ ᠲᠤᠲᠤᠷ᠎ᠠ ᠴᠦ ᠵᠠᠬ᠎ᠠ ᠳᠡᠯᠭᠡᠭᠦᠷ ᠤᠨ ᠪᠠᠶᠢᠳᠠᠯ ᠢᠶᠠᠷ ᠦᠨᠳᠦᠰᠦᠯᠡᠯ ᠪᠤᠯᠭᠠᠨ᠎ᠠ᠃ ᠵᠢᠱᠢᠶᠡᠯᠡᠪᠡᠯ ᠰᠢᠨ᠎ᠡ a ᠪᠠᠶᠢᠭᠤᠯᠤᠭᠠᠨ ᠤᠷᠤᠨ ᠰᠠᠭᠤᠴᠠ ᠶᠢᠨ ᠬᠠᠩᠭᠠᠯᠭ᠎ᠠ ᠨᠢ ᠨᠡᠯᠢᠶᠡᠳ ᠭᠦᠢᠴᠡᠳ ᠦᠶ᠎ᠡ ᠳᠤ ᠤᠷᠤᠨ ᠰᠠᠭᠤᠴᠠ ᠶᠢᠨ ᠨᠡᠭᠡᠭᠡᠯᠲᠡ ᠬᠢᠭᠴᠢ ᠠᠴᠠ ᠤᠷᠤᠨ ᠰᠠᠭᠤᠴᠠ ᠪᠠᠨ ᠳᠠᠷᠤᠭᠳᠠᠭᠤᠯᠬᠤ ᠦᠭᠡᠢ᠂ ᠲᠦᠷᠭᠡᠨ ᠬᠤᠳᠠᠯᠳᠤᠨ ᠭᠠᠷᠭᠠᠬᠤ ᠶᠢᠨ ᠲᠦᠯᠦᠭᠡ ᠦᠨ᠎ᠡ ᠬᠠᠩᠰᠢ ᠪᠠᠨ ᠬᠠᠷᠢᠴᠠᠩᠭᠤᠢ ᠪᠠᠷ ᠳᠤᠤᠷ᠎ᠠ ᠪᠠᠶᠢᠯᠭᠠᠳᠠᠭ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号