ᠭᠤᠷᠪᠠᠳᠤᠭᠠᠷ ᠳᠤᠮᠳᠠ ᠵᠡᠭᠡᠯᠢ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2016-10-16
        ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠶᠢᠯᠠᠭᠠᠯᠲᠠ ᠪᠠ ᠳᠡᠮᠵᠢᠯᠭᠡ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠠᠨ ᠲᠦᠮᠡᠨ ᠤ ᠬᠦᠴᠦᠨ ᠢ ᠲᠦᠪᠯᠡᠷᠡᠭᠦᠯᠦᠨ᠂ ᠬᠤᠲᠠ ᠶᠢᠨ ᠠᠷᠠᠳ ᠢᠶᠠᠷ ᠭᠤᠤᠯ ᠴᠤᠭᠴᠠ ᠪᠤᠯᠭᠠᠭᠰᠠᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠦᠷᠨᠢᠭᠦᠯᠬᠦ ᠶᠢ ᠪᠡᠶᠡᠯᠡᠭᠦᠯᠬᠦ ᠶᠢᠨ ᠲᠦᠯᠦᠭᠡ᠂ ᠬᠤᠩ ᠱᠠᠨ ᠲᠤᠭᠤᠷᠢᠭ ᠤᠨ ᠭᠤᠷᠪᠠᠳᠤᠭᠠᠷ ᠳᠤᠮᠳᠠ ᠵᠡᠭᠡᠯᠢ ᠵᠡᠭᠡᠯᠢ ᠭᠤᠳᠤᠮᠵᠢ ᠶᠢᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠤᠯᠪᠠᠰᠤᠷᠠᠯ ᠪᠠ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭᠠᠨ ᠦᠷᠨᠢᠭᠦᠯᠵᠦ᠂ ᠡᠯ᠎ᠡ ᠨᠡᠶᠢᠭᠡᠮ ᠲᠤᠭᠤᠷᠢᠭ᠂ ᠵᠡᠭᠡᠯᠢ ᠭᠤᠳᠤᠮᠵᠢ ᠳᠤ ᠰᠠᠭᠤᠭ᠎ᠠ ᠨᠢᠭᠡᠴᠡ ᠵᠢᠴᠢ ᠳᠡᠯᠭᠡᠭᠦᠷ ᠬᠤᠳᠠᠯᠳᠤᠭ᠎ᠠ ᠶᠢ ᠵᠤᠬᠢᠶᠠᠨ ᠪᠠᠶᠢᠭᠤᠯᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭᠠᠨ ᠳᠤ ᠤᠷᠤᠯᠴᠠᠭᠤᠯᠵᠤ᠂ ᠪᠦᠬᠦ ᠠᠷᠠᠳ ᠤᠨ ᠤᠬᠠᠭᠤᠯᠭ᠎ᠠ ᠶᠢᠨ ᠠᠵᠢᠯᠯᠠᠭᠠᠨ ᠢ ᠬᠠᠮᠲᠤᠪᠠᠷ ᠡᠷᠬᠢᠯᠡᠪᠡ᠃        ᠲᠤᠰ ᠤᠳᠠᠭᠠᠨ ᠤ ᠤᠬᠠᠭᠤᠯᠭ᠎ᠠ ᠶᠢᠨ ᠡᠳᠦᠷ ᠤᠨ ᠠᠵᠢᠯᠯᠠᠭᠠᠨ ᠨᠢ ᠬᠤᠶᠠᠷ ᠲᠠᠯ᠎ᠠ ᠪᠠᠷ ᠶᠠᠪᠤᠭᠳᠠᠵᠤ᠂ ᠨᠢᠭᠡ ᠳᠤ᠂ 9 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ ᠡᠯ᠎ᠡ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠨᠡᠶᠢᠲᠡ 100 ᠭᠠᠷᠤᠢ ᠬᠦᠮᠦᠨ ᠢ ᠵᠤᠬᠢᠶᠠᠨ ᠪᠠᠶᠢᠭᠤᠯᠵᠤ ᠭᠤᠷᠪᠠᠳᠤᠭᠠᠷ ᠳᠤᠮᠳᠠ ᠵᠡᠭᠡᠯᠢ ᠶᠢᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠤᠯᠪᠠᠰᠤᠷᠠᠯ ᠡᠷᠬᠢᠯᠡᠭᠰᠡᠨ ᠮᠦᠷᠲᠡᠭᠡᠨ ᠪᠤᠯᠪᠠᠰᠤᠷᠠᠯ ᠳᠡᠭᠡᠷ᠎ᠡ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠴᠢ ᠬᠤᠯᠪᠤᠭᠳᠠᠯ᠂ ᠦᠨᠡᠯᠡᠯᠲᠡ ᠶᠢᠨ ᠪᠠᠷᠢᠮᠵᠢᠶ᠎ᠠ ᠪᠠ ᠮᠡᠳᠡᠯᠭᠡ ᠶᠢᠨ ᠴᠢᠬᠤᠯᠠ ᠵᠦᠢᠯ ᠢ ᠲᠤᠳᠤᠷᠬᠠᠶᠢᠯᠠᠵᠤ᠂ ᠪᠤᠯᠪᠠᠰᠤᠨ ᠤ ᠨᠡᠶᠢᠲᠡ ᠶᠢᠨ ᠭᠡᠷ᠎ᠡ᠂ ᠨᠡᠶᠢᠭᠡᠮ ᠤᠨ ᠶᠤᠰᠤ ᠰᠤᠷᠲᠠᠬᠤᠨ᠂ ᠲᠤᠬᠠᠶᠢᠯᠠᠭᠰᠠᠨ ᠠᠵᠢᠯ ᠤᠨ ᠶᠤᠰᠤ ᠮᠤᠷᠠᠯ ᠪᠠ ᠭᠡᠷ ᠪᠦᠯᠢ ᠶᠢᠨ ᠡᠷᠬᠢᠮ ᠰᠤᠷᠲᠠᠯ ᠵᠡᠷᠭᠡ ᠲᠠᠯ᠎ᠠ ᠪᠠᠷ ᠤᠬᠠᠭᠤᠯᠭ᠎ᠠ ᠶᠢᠨ ᠲᠠᠶᠢᠯᠤᠮᠵᠢ ᠬᠢᠵᠦ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠠᠬᠢ ᠤᠯᠠᠨ ᠨᠡᠶᠢᠲᠡ ᠶᠢᠨ ᠳᠡᠮᠵᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠤᠯᠪᠠᠰᠤᠨ ᠡᠶ᠎ᠡ ᠵᠤᠬᠢᠴᠠᠯᠲᠤ ᠠᠭᠤᠷ ᠠᠮᠢᠰᠬᠤᠯ ᠢ ᠪᠤᠢ ᠪᠤᠯᠭᠠᠪᠠ᠃ ᠬᠤᠶᠠᠷ ᠲᠤ᠂ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠨᠡᠶᠢᠭᠡᠮ ᠲᠤᠭᠤᠷᠢᠭ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠢ ᠵᠤᠬᠢᠶᠠᠨ ᠪᠠᠶᠢᠭᠤᠯᠵᠤ᠂ ᠨᠡᠶᠢᠭᠡᠮ ᠲᠤᠭᠤᠷᠢᠭ ᠤᠨ ᠰᠠᠶᠢᠨ ᠳᠤᠷᠠᠴᠤᠤᠯ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠪᠠ ᠵᠡᠭᠡᠯᠢ ᠭᠤᠳᠤᠮᠵᠢ ᠳᠤ ᠰᠠᠭᠤᠭ᠎ᠠ 50 ᠭᠠᠷᠤᠢ ᠰᠠᠭᠤᠭᠠᠯᠢ ᠠᠷᠠᠳ ᠢ ᠳᠠᠶᠢᠴᠢᠯᠠᠨ᠂ ᠵᠡᠭᠡᠯᠢ ᠳᠠᠭᠠᠤ ᠡᠷᠦᠬᠡ ᠪᠠᠷ ᠭᠦᠨᠵᠡᠭᠡᠶᠢᠷᠡᠨ 3000 ᠭᠠᠷᠤᠢ ᠬᠠᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠨᠡᠶᠢᠲᠡ 2180 ᠳᠡᠯᠭᠡᠭᠦᠷ ᠬᠤᠳᠠᠯᠳᠤᠭ᠎ᠠ᠂ 820 ᠰᠠᠭᠤᠭᠠᠯᠢ ᠠᠷᠠᠳ ᠢ ᠪᠦᠷᠬᠦᠵᠦ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠶᠢᠯᠠᠭᠠᠯᠲᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号