ᠡᠷᠡᠭᠦᠦ ᠶᠢᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠠᠷᠪᠠᠨ ᠬᠢᠯᠠᠰ ᠴᠡᠭ
ᠨᠡᠶᠢᠲᠡᠯᠡᠭᠰᠡᠨ ᠴᠠᠭ᠄
2016-11-25
        2014 ᠤᠨ ᠤ 10 ᠰᠠᠷ᠎ᠠ ᠶᠢᠨ 27 ᠤ ᠡᠲᠦᠷ ᠠᠷᠪᠠᠨ ᠬᠤᠶᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠷᠪᠠᠨ ᠨᠢᠭᠡᠲᠦᠭᠡᠷ ᠬᠤᠷᠠᠯ ᠳᠤ ᠲᠡᠪᠰᠢᠭᠦᠯᠦᠨ ᠬᠢᠨᠠᠨ ᠵᠦᠪᠯᠡᠭᠦᠯᠦᠭᠰᠡᠨ ᠡᠷᠡᠭᠦᠦ ᠶᠢᠨ ᠬᠠᠤᠯᠢ ᠳᠤ ᠵᠠᠰᠠᠪᠤᠷᠢ ᠤᠷᠤᠭᠤᠯᠬᠤ ᠨᠤᠤᠷᠠᠭ ︵ᠶᠢᠰᠦ︶ ᠤᠨ ᠲᠦᠰᠦᠯ ᠨᠢ ᠠᠯᠠᠬᠤ ᠡᠷᠡᠭᠦᠦ ᠶᠢᠨ ᠨᠡᠷ᠎ᠡ ᠶᠢ ᠪᠠᠭᠠᠰᠬᠠᠬᠤ᠂ ᠢᠯᠵᠢᠷᠡᠯ ᠢ ᠡᠰᠡᠷᠭᠦᠴᠡᠵᠤ ᠵᠠᠯᠬᠠᠭᠠᠨ ᠰᠢᠳᠭᠡᠬᠦ ᠡᠷᠴᠢᠮ ᠢ ᠴᠢᠩᠭᠠᠷᠠᠭᠤᠯᠬᠤ ᠵᠡᠷᠭᠡ ᠤᠯᠠᠨ ᠲᠠᠯ᠎ᠠ ᠪᠠᠷ ᠵᠠᠰᠠᠪᠤᠷᠢ ᠤᠷᠤᠭᠤᠯᠵᠡᠢ᠃        ᠬᠢᠯᠠᠰ ᠴᠡᠭ 1᠄ ᠪᠡᠯᠡ ᠴᠤᠭᠯᠠᠭᠤᠯᠵᠤ ᠮᠡᠬᠡᠯᠡᠬᠦ ᠵᠡᠷᠭᠡ 9 ᠵᠦᠢᠯ ᠤᠨ ᠶᠠᠯ᠎ᠠ ᠶᠢ ᠠᠯᠠᠬᠤ ᠠᠴᠠ ᠬᠡᠯᠲᠦᠷᠢᠭᠦᠯᠵᠤ ᠪᠤᠯᠤᠨ᠎ᠠ        ᠵᠠᠰᠠᠪᠤᠷᠢ ᠤᠷᠤᠭᠤᠯᠬᠤ ᠨᠤᠤᠷᠠᠭ ᠤᠨ ᠲᠦᠰᠦᠯ ᠳᠤ 9 ᠠᠯᠠᠬᠤ ᠡᠷᠡᠭᠦᠦ ᠶᠢᠨ ᠶᠠᠯ᠎ᠠ ᠶᠢᠨ ᠨᠡᠷ᠎ᠡ ᠶᠢ ᠬᠦᠴᠦᠨ ᠦᠭᠡᠢ ᠪᠤᠯᠭᠠᠵᠡᠢ᠄ ᠵᠡᠷ ᠵᠡᠪᠰᠡᠭ ᠲᠠᠷᠢ ᠰᠤᠮᠤ ᠶᠢ ᠨᠢᠭᠤᠴᠠ ᠪᠠᠷ ᠠᠷᠠᠯᠵᠢᠶᠠᠯᠠᠭᠰᠠᠨ ᠶᠠᠯ᠎ᠠ᠂ ᠴᠦᠮ᠎ᠠ ᠶᠢᠨ ᠮᠠᠲ᠋ᠧᠷᠢᠶᠠᠯ ᠢ ᠨᠢᠭᠤᠴᠠ ᠪᠠᠷ ᠠᠷᠠᠯᠵᠢᠶᠠᠯᠠᠭᠰᠠᠨ ᠶᠠᠯ᠎ᠠ᠂ ᠬᠠᠭᠤᠷᠮᠠᠭ ᠵᠤᠭᠤᠰ ᠢ ᠨᠢᠭᠤᠴᠠ ᠪᠠᠷ ᠠᠷᠠᠯᠵᠢᠶᠠᠯᠠᠭᠰᠠᠨ ᠶᠠᠯ᠎ᠠ᠂ ᠵᠤᠭᠤᠰ ᠬᠠᠭᠤᠷᠮᠠᠭᠯᠠᠨ ᠵᠤᠬᠢᠶᠠᠭᠰᠠᠨ ᠶᠠᠯ᠎ᠠ᠂ ᠪᠡᠯᠡ ᠴᠤᠭᠯᠠᠭᠤᠯᠵᠤ ᠮᠡᠬᠡᠯᠡᠭᠰᠡᠨ ᠶᠠᠯ᠎ᠠ᠂ ᠶᠠᠩᠬᠠᠯᠠᠬᠤ ᠶᠢ ᠵᠤᠬᠢᠶᠠᠨ ᠪᠠᠶᠢᠭᠤᠯᠤᠭᠰᠠᠨ ᠶᠠᠯ᠎ᠠ᠂ ᠠᠯᠪᠠᠲᠠᠵᠤ ᠶᠠᠩᠬᠠᠯᠠᠭᠤᠯᠤᠭᠰᠠᠨ ᠶᠠᠯ᠎ᠠ᠂ ᠴᠡᠷᠢᠭ ᠤᠨ ᠶᠠᠪᠤᠲᠠᠯ ᠤᠨ ᠲᠤᠰᠢᠶᠠᠯ ᠭᠦᠢᠴᠡᠳᠭᠡᠬᠦ ᠶᠢ ᠬᠠᠷᠰᠢᠯᠠᠭᠰᠠᠨ ᠶᠠᠯ᠎ᠠ᠂ ᠲᠠᠶᠢᠨ ᠤ ᠦᠶ᠎ᠡ ᠳᠤ ᠴᠤᠤᠷᠬᠠᠯ ᠲᠠᠷᠬᠠᠭᠠᠵᠤ ᠤᠯᠠᠨ ᠢ ᠰᠠᠮᠠᠭᠤᠷᠠᠭᠤᠯᠤᠭᠰᠠᠨ ᠶᠠᠯ᠎ᠠ ᠵᠡᠷᠭᠡ ᠪᠤᠯᠤᠨ᠎ᠠ᠃ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠠᠯᠠᠬᠤ ᠡᠷᠡᠭᠦᠦ ᠶᠢ ᠴᠦᠭᠡᠳᠭᠡᠬᠦ ᠪᠤᠯᠤᠨ ᠪᠤᠯᠭᠤᠮᠵᠢᠲᠠᠢ ᠬᠡᠷᠡᠭᠯᠡᠬᠦ ᠨᠢ ᠤᠯᠠᠨ ᠤᠯᠤᠰ ᠤᠨ ᠬᠠᠨᠲᠤᠰᠢ ᠲᠠᠢ ᠨᠡᠶᠢᠴᠡᠬᠦ ᠠᠷᠭ᠎ᠠ ᠬᠢᠲᠡᠯ ᠪᠤᠯᠤᠨ᠎ᠠ᠂ ᠲᠡᠷᠡ ᠨᠢ ᠦᠨᠲᠦᠰᠦᠨ ᠬᠠᠤᠯᠢ ᠶᠢᠨ ︽ᠬᠦᠮᠦᠨ ᠤ ᠡᠷᠬᠡ ᠶᠢ ᠪᠠᠲᠤᠯᠠᠬᠤ ᠪᠤᠯᠤᠨ ᠬᠦᠨᠲᠦᠳᠭᠡᠬᠦ︾ ᠵᠤᠷᠢᠭ ᠰᠠᠨᠠᠭ᠎ᠠ ᠶᠢ ᠢᠯᠡᠷᠡᠭᠦᠯᠵᠤ ᠪᠤᠢ᠃        ᠬᠢᠯᠠᠰ ᠴᠡᠭ 2᠄ ︽ᠡᠳ᠋ ᠬᠦᠷᠦᠩᠭᠡ ᠶᠢᠨ ᠡᠷᠡᠭᠦᠦ︾ ᠶᠢ ᠨᠡᠮᠡᠭᠲᠡᠭᠦᠯᠵᠤ ᠬᠠᠭ᠋ᠤᠤᠯᠢ ᠲᠦᠯᠬᠢᠭᠰᠡᠳ ᠤᠨ ᠵᠦᠢ ᠪᠤᠰᠤ ᠠᠰᠢᠭ ᠢ ᠲᠤᠰᠢᠶᠠᠯᠭᠠᠨ᠎ᠠ        ᠤᠲᠤ ᠶᠢᠨ ᠬᠡᠷᠡᠭᠵᠢᠭᠦᠯᠵᠤ ᠪᠠᠶᠢᠭ᠎ᠠ ᠡᠷᠡᠭᠦᠦ ᠶᠢᠨ ᠬᠠᠤᠯᠢ ᠶᠢᠨ ᠬᠠᠭ᠋ᠤᠤᠯᠢ ᠲᠦᠯᠬᠢᠭᠰᠡᠳ ᠢ ᠰᠢᠳᠭᠡᠬᠦ ᠲᠤᠭᠲᠠᠭᠠᠯ ᠳᠤ ᠵᠤᠭᠤᠰ ᠢᠶᠠᠷ ᠲᠤᠷᠭᠠᠬᠤ ᠲᠤᠭᠲᠠᠭᠠᠯ ᠪᠠᠶᠢᠬᠤ ᠦᠭᠡᠢ᠃ ᠲᠤᠰ ᠤᠲᠠᠭ᠎ᠠ ᠶᠢᠨ ᠵᠠᠰᠠᠪᠤᠷᠢ ᠤᠷᠤᠭᠤᠯᠬᠤ ᠨᠤᠤᠷᠠᠭ ᠤᠨ ᠲᠦᠰᠦᠯ ᠤᠨ ᠬᠠᠭ᠋ᠤᠤᠯᠢ ᠲᠦᠯᠬᠢᠭᠰᠡᠳ ᠢ ᠰᠢᠳᠭᠡᠬᠦ ᠵᠦᠢᠯ ᠵᠤᠷᠪᠤᠰ ᠲᠤ ᠵᠤᠭᠤᠰ ᠢᠶᠠᠷ ᠲᠤᠷᠭᠠᠬᠤ ᠠᠭᠤᠯᠭ᠎ᠠ ᠶᠢ ᠤᠯᠠᠨ ᠨᠡᠮᠡᠵᠡᠢ᠃        ᠲᠤᠮᠲᠠᠲᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠫᠷᠤᠹᠧᠰᠰᠤᠷ ᠬᠤᠸᠠᠩ ᠵᠢᠩ ᠫᠢᠡᠭ ᠤᠨ ᠦᠵᠡᠬᠦ ᠪᠠᠷ᠂ ᠢᠯᠵᠢᠷᠡᠯ ᠤᠨ ᠶᠠᠯᠠᠲᠤ ᠠᠵᠢᠯᠯᠠᠭ᠎ᠠ ᠶᠢᠨ ᠡᠳ᠋ ᠬᠦᠷᠦᠩᠭᠡ ᠶᠢᠨ ᠡᠷᠡᠭᠦᠦ ᠶᠢ ᠪᠦᠷᠢᠨᠰᠢᠭᠦᠯᠬᠦ ᠪᠠᠷ ᠲᠠᠮᠵᠢᠭᠤᠯᠤᠨ᠂ ᠶᠠᠯᠠᠲᠤ ᠡᠲᠡᠭᠡᠳ ᠲᠤ ᠪᠡᠶ᠎ᠡ ᠮᠠᠬᠠᠪᠤᠳ ᠤᠨ ᠲᠠᠯ᠎ᠠ ᠳᠤ ᠰᠢᠳᠭᠡᠯ ᠦᠭᠬᠦ ᠶᠢᠨ ᠬᠠᠮᠲᠤ ᠠᠵᠤ ᠠᠬᠤᠢ ᠶᠢᠨ ᠲᠠᠯ᠎ᠠ ᠪᠠᠷ ᠴᠤ ᠠᠰᠢᠭ ᠬᠦᠷᠲᠡᠭᠡᠵᠤ ᠪᠤᠯᠬᠤ ᠦᠭᠡᠢ᠃        ᠭᠢᠯᠠᠰ ᠴᠡᠭ 3᠄ ᠢᠯᠵᠢᠷᠡᠯ ᠤᠨ ᠬᠠᠲᠠᠭᠤ ᠴᠢᠨᠠᠷᠲᠠᠢ ᠲᠤᠭ᠎ᠠ ᠬᠡᠮᠵᠢᠶ᠎ᠡ ᠶᠢᠨ ᠪᠠᠷᠢᠮᠵᠢᠶ᠎ᠠ ᠶᠢ ︽ᠲᠤᠭ᠎ᠠ ᠬᠡᠮᠵᠢᠶ᠎ᠡ + ᠦᠢᠯᠡ ᠪᠠᠶᠢᠲᠠᠯ︾ ᠪᠤᠯᠭᠠᠨ ᠬᠤᠪᠢᠷᠠᠭᠤᠯᠵᠡᠢ        ᠵᠠᠰᠠᠪᠤᠷᠢ ᠤᠷᠤᠭᠤᠯᠬᠤ ᠨᠤᠤᠷᠠᠭ ᠤᠨ ᠲᠦᠰᠦᠯ ᠳᠤ ᠤᠲᠤ ᠶᠢᠨ ᠬᠡᠷᠡᠭᠵᠢᠭᠦᠯᠵᠤ ᠪᠠᠶᠢᠭ᠎ᠠ ᠡᠷᠡᠭᠦᠦ ᠶᠢᠨ ᠬᠠᠤᠯᠢ ᠳᠠᠬᠢ ᠱᠠᠮᠰᠢᠵᠤ ᠬᠡᠭᠡᠯᠢ ᠢᠲᠡᠭᠰᠡᠨ ᠶᠠᠯᠠᠲᠤ ᠠᠵᠢᠯᠯᠠᠭ᠎ᠠ ᠶᠢᠨ ᠶᠠᠯ᠎ᠠ ᠲᠤᠭᠲᠠᠭᠠᠵᠤ ᠡᠷᠡᠭᠦᠦ ᠨᠤᠭᠲᠠᠭᠤᠯᠬᠤ ᠪᠠᠷᠢᠮᠵᠢᠶ᠎ᠠ ᠶᠢᠨ ᠪᠤᠲᠠᠲᠤ ᠲᠤᠭ᠎ᠠ ᠬᠡᠮᠵᠢᠶ᠎ᠡ ᠶᠢᠨ ᠪᠠᠷᠢᠮᠵᠢᠶ᠎ᠠ ᠶᠢ ᠦᠢᠯᠡ ᠪᠠᠶᠢᠲᠠᠯ ᠢ ᠨᠢ ᠦᠵᠡᠵᠤ ᠲᠤᠭᠲᠠᠭᠠᠨ᠎ᠠ ᠭᠡᠵᠤ ᠬᠤᠪᠢᠷᠠᠭᠤᠯᠵᠡᠢ᠃        ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠵᠸᠦ ᠭᠤᠸᠠᠩ ᠴᠢᠤᠸᠠᠨ ᠤ ᠦᠵᠡᠬᠦ ᠪᠠᠷ᠂ ᠤᠲᠤ ᠶᠢᠨ ᠬᠡᠷᠡᠭᠵᠢᠭᠦᠯᠵᠤ ᠪᠠᠶᠢᠭ᠎ᠠ ᠡᠷᠡᠭᠦᠦ ᠶᠢᠨ ᠬᠠᠤᠯᠢ ᠱᠠᠮᠰᠢᠵᠤ ᠬᠡᠭᠡᠯᠢ ᠢᠲᠡᠭᠰᠡᠨ ᠲᠤᠭ᠎ᠠ ᠬᠡᠮᠵᠢᠶ᠎ᠡ ᠪᠠᠷ ᠨᠢ ᠶᠠᠯ᠎ᠠ ᠲᠤᠭᠲᠠᠭᠠᠵᠤ ᠪᠠᠶᠢᠨ᠎ᠠ᠃ ᠭᠡᠲᠡᠯ᠎ᠡ ᠡ᠊ᠨᠡ ᠨᠢ ᠠᠷᠪᠠᠨ ᠬᠡᠲᠦᠨ ᠵᠢᠯ ᠤᠨ ᠡᠮᠦᠨ᠎ᠠ ᠲᠤᠭᠲᠠᠭᠠᠭᠰᠠᠨ ᠮᠦᠷᠲᠡᠭᠡᠨ ᠲᠤᠭ᠎ᠠ ᠬᠡᠮᠵᠢᠶ᠎ᠡ ᠶᠢᠨ ᠲᠤᠭᠲᠠᠭᠠᠯ ᠨᠢ ᠭᠡᠲᠦ ᠦᠭᠦᠮᠡᠯ᠂ ᠵᠠᠷᠢᠮ ᠪᠠᠶᠢᠲᠠᠯ ᠲᠤᠤᠷ᠎ᠠ ᠬᠡᠷᠡᠭ ᠤᠨ ᠠᠲᠠᠯᠢ ᠪᠤᠰᠤ ᠪᠠᠶᠢᠲᠠᠯ ᠢ ᠦᠨᠲᠦᠰᠦᠯᠡᠨ ᠶᠠᠯ᠎ᠠ ᠡᠷᠡᠭᠦᠦ ᠶᠢ ᠵᠤᠬᠢᠴᠠᠭᠤᠯᠬᠤ ᠳᠤ ᠬᠦᠴᠢᠷ ᠪᠠᠶᠢᠨ᠎ᠠ᠃        ᠭᠢᠯᠠᠰ ᠴᠡᠭ 4᠄ ᠡᠷ᠎ᠡ ᠬᠦᠢᠰᠦᠲᠡᠨ ᠢ ᠠᠯᠪᠠᠲᠠᠨ ᠱᠠᠯᠢᠭᠯᠠᠬᠤ ᠶᠢ ᠴᠤ ᠡᠷᠡᠭᠦᠦ ᠰᠢᠳᠭᠡᠯ ᠳᠤ ᠤᠷᠤᠭᠤᠯᠬᠤ ᠪᠤᠯᠤᠨ᠎ᠠ        ᠮᠠᠨ ᠤ ᠤᠯᠤᠰ ᠤᠨ ᠡᠷᠡᠭᠦᠦ ᠶᠢᠨ ᠬᠠᠤᠯᠢ ᠶᠢᠨ 237 ᠳ᠋ᠤᠭᠠᠷ ᠵᠦᠢᠯ ᠳᠤ᠂ ᠬᠦᠴᠦᠷᠬᠡᠭᠯᠡᠯ ᠠᠯᠪᠠᠲᠠᠯᠭ᠎ᠠ ᠪᠠᠷ ᠪᠤᠶᠤ ᠪᠤᠰᠤᠳ ᠠᠷᠭ᠎ᠠ ᠪᠠᠷ ᠡᠮᠡᠭᠲᠡᠶᠢᠴᠤᠳ ᠲᠠᠢ ᠱᠠᠯᠢᠭᠯᠠᠬᠤ ᠪᠤᠶᠤ ᠭᠤᠲᠤᠭᠠᠪᠠᠯ᠂ ᠲᠠᠪᠤᠨ ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠲᠡᠯᠮᠦᠷᠢᠯᠡᠭᠦᠯᠦᠨ᠎ᠡ ᠭᠡᠵᠤ ᠲᠤᠭᠲᠠᠭᠠᠵᠡᠢ᠃ ᠲᠦᠰᠦᠯ ᠳᠤ᠂ ︽ᠡᠮᠡᠭᠲᠡᠶᠢᠴᠤᠳ︾ ᠭᠡᠬᠦ ᠨᠡᠷᠡᠶᠢᠲᠦᠯ ᠢ ᠬᠤᠪᠢᠷᠠᠭᠤᠯᠤᠨ ︽ᠪᠤᠰᠤᠳ ᠬᠦᠮᠦᠨ︾ ᠪᠤᠯᠭᠠᠵᠡᠢ᠃ ᠲᠤᠮᠲᠠᠲᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠷᠤᠸᠠᠨ ᠴᠢ ᠯᠢᠨ ᠤ ᠦᠵᠡᠬᠦ ᠪᠠᠷ᠂ ᠡᠷᠡᠭᠦᠦ ᠶᠢᠨ ᠬᠠᠤᠯᠢ ᠳᠤ ᠲᠤᠭᠲᠠᠭᠠᠭᠰᠠᠨ ᠱᠠᠯᠢᠭᠯᠠᠬᠤ ᠡᠲᠡᠭᠡᠳ ᠨᠢ ᠡᠮᠡᠭᠲᠡᠶᠢᠴᠤᠳ ᠢᠶᠠᠷ ᠬᠢᠵᠠᠭᠠᠷᠯᠠᠭᠲᠠᠵᠡᠢ᠂ ᠭᠡᠲᠡᠯ᠎ᠡ ᠤᠲᠤ ᠶᠢᠨ ᠨᠡᠶᠢᠬᠡᠮ ᠳᠤ ᠡᠷᠡᠭᠲᠡᠶᠢᠴᠤᠳ ᠤᠨ ᠪᠡᠯᠭᠡ ᠶᠢᠨ ᠡᠷᠬᠡ ᠴᠢᠯᠦᠭᠡ ᠴᠤ ᠬᠠᠤᠯᠢ ᠴᠠᠭᠠᠵᠠ ᠶᠢᠨ ᠬᠠᠮᠠᠭᠠᠯᠠᠯᠲᠠ ᠶᠢ ᠬᠦᠷᠲᠡᠬᠦ ᠴᠢᠬᠤᠯᠠ ᠲᠠᠢ᠂ ᠲᠦᠰᠦᠯ ᠳᠤ ᠬᠢ ᠰᠢᠨ᠎ᠠ ᠲᠤᠭᠲᠠᠭᠠᠯ ᠨᠢ ᠠᠯᠪᠠᠲᠠᠯᠭ᠎ᠠ ᠪᠠᠷ ᠱᠠᠯᠢᠭᠯᠠᠬᠤ ᠡᠲᠡᠭᠡᠳ ᠦᠷᠭᠡᠲᠦᠭᠰᠡᠨ ᠪᠠᠶᠢᠲᠠᠯ ᠢ ᠦᠨᠲᠦᠰᠦᠯᠡᠨ ᠭᠠᠷᠭᠠᠭᠰᠠᠨ ᠪᠠᠶᠢᠨ᠎ᠠ᠃        ᠭᠢᠯᠠᠰ ᠴᠡᠭ 5᠄ ᠠᠰᠠᠷᠠᠭᠴᠢ ᠨᠠᠰᠤᠲᠠᠨ ᠨᠢᠯᠬ᠎ᠠ ᠬᠡᠤᠬᠡᠳ ᠢ ᠬᠠᠷᠠᠲᠠᠨ ᠲᠠᠮᠤᠯᠠᠬᠤ ᠶᠢ ᠴᠤ ᠡᠷᠡᠭᠦᠦ ᠰᠢᠳᠭᠡᠯ ᠳᠤ ᠤᠷᠤᠭᠤᠯᠬᠤ ᠪᠤᠯᠤᠨ᠎ᠠ        ᠤᠲᠤ ᠶᠢᠨ ᠬᠡᠷᠡᠭᠵᠢᠭᠦᠯᠵᠤ ᠪᠠᠶᠢᠭ᠎ᠠ ᠡᠷᠡᠭᠦᠦ ᠶᠢᠨ ᠬᠠᠤᠯᠢ ᠨᠢ ᠵᠦᠪᠬᠡᠨ ᠭᠡᠷ ᠪᠦᠯᠢ ᠶᠢᠨ ᠪᠦᠷᠢᠯᠲᠦᠭᠦᠨ ᠢᠶᠠᠨ ᠬᠠᠷᠠᠲᠠᠨ ᠲᠠᠮᠤᠯᠠᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠤ ᠪᠠᠶᠢᠭ᠎ᠠ ᠪᠠᠶᠢᠲᠠᠯ ᠲᠤᠤᠷ᠎ᠠ᠂ ᠲᠦᠰᠦᠯ ᠳᠤ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ᠂ ᠡᠪᠡᠳᠴᠢᠲᠡᠨ᠂ ᠵᠡᠮᠲᠡᠭᠴᠤᠤᠯ ᠵᠡᠷᠭᠡ ᠶᠢ ᠬᠠᠷᠠᠵᠤ ᠬᠠᠷᠠᠭᠠᠯᠵᠠᠬᠤ ᠬᠠᠷᠢᠭᠤᠴᠠᠯᠭ᠎ᠠ ᠲᠠᠢ ᠬᠦᠮᠦᠰ ᠨᠢ ᠬᠠᠷᠠᠲᠠᠨ ᠲᠠᠮᠤᠯᠠᠪᠠᠯ᠂ ᠦᠢᠯᠡ ᠪᠠᠶᠢᠲᠠᠯ ᠨᠢ ᠬᠦᠨᠲᠦ ᠨᠤᠴᠢᠲᠠᠢ ᠪᠤᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠷᠤᠸᠠᠨ ᠴᠢ ᠯᠢᠨ ᠤ ᠦᠵᠡᠬᠦ ᠪᠠᠷ᠂ ᠤᠲᠤ ᠶᠢᠨ ᠬᠡᠷᠡᠭᠵᠢᠭᠦᠯᠵᠤ ᠪᠠᠶᠢᠭ᠎ᠠ ᠡᠷᠡᠭᠦᠦ ᠶᠢᠨ ᠬᠠᠤᠯᠢ ᠳᠤ ᠲᠤᠭᠲᠠᠭᠠᠭᠰᠠᠨ ᠬᠦᠷᠢᠶ᠎ᠡ ᠬᠡᠪᠴᠢᠶ᠎ᠡ ᠨᠢ ᠲᠡᠩᠲᠡᠭᠦᠦ ᠢᠪᠴᠤᠤ᠃ ᠲᠤᠰ ᠤᠲᠠᠭ᠎ᠠ ᠶᠢᠨ ᠵᠠᠰᠠᠪᠤᠷᠢ ᠤᠷᠤᠭᠤᠯᠬᠤ ᠨᠤᠤᠷᠠᠭ ᠤᠨ ᠲᠦᠰᠦᠯ ᠳᠤ ᠬᠦᠷᠢᠶ᠎ᠡ ᠬᠡᠪᠴᠢᠶ᠎ᠡ ᠶᠢ ᠨᠢ ᠦᠷᠭᠡᠳᠭᠡᠭᠰᠡᠨ ᠨᠢ ᠲᠤᠩ ᠰᠠᠶᠢᠨ᠃        ᠭᠢᠯᠠᠰ ᠴᠡᠭ 6᠄ ᠫᠠᠨᠽᠠᠯᠠᠭᠲᠠᠭᠰᠠᠨ ᠡᠮᠡᠭᠲᠡᠶᠢᠴᠤᠳ ᠬᠡᠤᠬᠡᠳ ᠢ ᠬᠤᠲᠠᠯᠲᠤᠨ ᠠᠪᠤᠭᠰᠠᠳ ᠤᠨ ᠡᠷᠡᠭᠦᠦ ᠰᠢᠳᠭᠡᠯ ᠢ ᠬᠦᠨᠲᠦᠷᠡᠭᠦᠯᠦᠨ᠎ᠡ        ᠲᠦᠰᠦᠯ ᠳᠤ ᠤᠲᠤ ᠶᠢᠨ ᠬᠡᠷᠡᠭᠵᠢᠭᠦᠯᠵᠤ ᠪᠠᠶᠢᠭ᠎ᠠ ᠡᠷᠡᠭᠦᠦ ᠶᠢᠨ ᠬᠠᠤᠯᠢ ᠳᠤ ᠬᠢ ᠫᠠᠨᠽᠠᠯᠠᠭᠲᠠᠭᠰᠠᠨ ᠡᠮᠡᠭᠲᠡᠶᠢᠴᠤᠳ ᠬᠡᠤᠬᠡᠳ ᠢ ᠬᠤᠲᠠᠯᠲᠤᠨ ᠠᠪᠤᠭᠰᠠᠨ ᠠᠵᠢᠯᠯᠠᠭ᠎ᠠ ᠳᠤ ᠴᠢᠭᠯᠡᠭᠦᠯᠦᠭᠰᠡᠨ ᠫᠠᠨᠽᠠᠯᠠᠭᠲᠠᠭᠰᠠᠨ ᠡᠮᠡᠭᠲᠡᠶᠢᠴᠤᠳ ᠤᠨ ᠬᠦᠰᠡᠯ ᠶᠤᠰᠤᠭᠠᠷ ᠤᠤᠯ ᠤᠨ ᠰᠠᠭᠤᠵᠤ ᠪᠠᠶᠢᠭ᠎ᠠ ᠭᠠᠵᠠᠷ ᠲᠤ ᠪᠠᠨ ᠪᠤᠴᠠᠬᠤ ᠶᠢ ᠬᠠᠷᠰᠢᠯᠠᠬᠤ ᠦᠭᠡᠢ᠂ ᠫᠠᠨᠽᠠᠯᠠᠭᠲᠠᠭᠰᠠᠨ ᠬᠠᠷᠠᠲᠠᠨ ᠲᠠᠮᠤᠯᠠᠭᠰᠠᠨ ᠠᠵᠢᠯᠯᠠᠭ᠎ᠠ ᠦᠭᠡᠢ᠂ ᠲᠡᠭᠦᠨ ᠢ ᠠᠪᠤᠷᠠᠨ ᠭᠠᠷᠭᠠᠬᠤ ᠶᠢ ᠬᠠᠷᠰᠢᠯᠠᠭᠰᠠᠨ ᠠᠵᠢᠯᠯᠠᠭ᠎ᠠ ᠦᠭᠡᠢ ᠪᠤᠯ ︽ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠦᠭᠡᠢ︾ ᠭᠡᠰᠡᠨ ᠲᠤᠭᠲᠠᠭᠠᠯ ᠢ ︽ᠬᠦᠡᠭᠭᠡᠨ ᠢᠶᠠᠷ ᠰᠢᠳᠭᠡᠬᠦ᠂ ᠡᠷᠡᠭᠦᠦ ᠰᠢᠳᠭᠡᠯ ᠢ ᠬᠦᠡᠭᠭᠡᠷᠡᠭᠦᠯᠬᠦ ᠪᠤᠶᠤ ᠡᠷᠡᠭᠦᠦ ᠰᠢᠳᠭᠡᠯ ᠢ ᠬᠡᠯᠲᠦᠷᠢᠭᠦᠯᠵᠤ ᠪᠤᠯᠤᠨ᠎ᠠ︾ ᠭᠡᠵᠤ ᠵᠠᠰᠠᠪᠤᠷᠢ ᠤᠷᠤᠭᠤᠯᠵᠡᠢ᠃        ᠷᠤᠸᠠᠨ ᠴᠢ ᠯᠢᠨ ᠤ ᠦᠵᠡᠬᠦ ᠪᠠᠷ᠂ ᠡᠮᠡᠭᠲᠡᠶᠢᠴᠤᠳ ᠬᠡᠤᠬᠡᠳ ᠢ ᠫᠠᠨᠽᠠᠯᠠᠬᠤ ᠶᠠᠪᠤᠲᠠᠯ ᠮᠠᠨ ᠤ ᠤᠯᠤᠰ ᠲᠤ ᠤᠲᠠᠭ᠎ᠠ ᠲᠠᠷᠠᠭᠠᠯᠠᠨ ᠡᠭᠦᠰᠴᠤ ᠪᠠᠶᠢᠬᠤ ᠶᠢᠨ ᠭᠤᠤᠯ ᠰᠢᠯᠲᠠᠭᠠᠨ ᠨᠢ᠂ ᠵᠠᠬ᠎ᠠ ᠲᠡᠯᠭᠡᠭᠦᠷ ᠲᠠᠢ ᠠᠴᠠ ᠪᠤᠯᠵᠡᠢ᠃ ᠲᠤᠰ ᠤᠲᠠᠭ᠎ᠠ ᠡ᠊ᠨᠡ ᠬᠦ ᠵᠦᠢᠯ ᠵᠤᠷᠪᠤᠰ ᠲᠤ ᠵᠠᠰᠠᠪᠤᠷᠢ ᠤᠷᠤᠭᠤᠯᠤᠭᠰᠠᠨ ᠨᠢ ᠮᠠᠰᠢ ᠴᠢᠬᠤᠯᠠ ᠠᠴᠢ ᠬᠤᠯᠪᠤᠭᠲᠠᠯ ᠲᠠᠢ᠃        ᠬᠢᠯᠠᠰ ᠴᠡᠭ 7᠄ ᠤᠷᠤᠯᠠᠨ ᠰᠢᠯᠭᠠᠬᠤ ᠨᠢ ᠶᠠᠯᠠᠲᠤ ᠠᠵᠢᠯᠯᠠᠭ᠎ᠠ ᠳᠤ ᠲᠤᠭᠠᠴᠠᠭᠲᠠᠨ᠎ᠠ        ᠲᠦᠰᠦᠯ ᠳᠤ᠂ ᠰᠢᠯᠭᠠᠯᠲᠠ ᠳᠤ ᠬᠡᠮ ᠬᠢᠬᠦ ᠶᠢ ᠵᠤᠬᠢᠶᠠᠨ ᠪᠠᠶᠢᠭᠤᠯᠬᠤ ᠵᠡᠷᠭᠡ ᠶᠠᠯᠠᠲᠤ ᠠᠵᠢᠯᠯᠠᠭ᠎ᠠ ᠶᠢ ᠨᠡᠮᠡᠵᠤ᠂ ᠤᠯᠤᠰ ᠠᠴᠠ ᠲᠤᠭᠲᠠᠭᠠᠭᠰᠠᠨ ᠰᠢᠯᠭᠠᠯᠲᠠ ᠳᠤ᠂ ᠰᠢᠯᠭᠠᠭᠠᠤᠯᠤᠭᠰᠠᠳ ᠢ ᠵᠤᠬᠢᠶᠠᠨ ᠪᠠᠶᠢᠭᠤᠯᠵᠤ ᠬᠡᠮ ᠬᠢᠬᠦ ᠂ ᠪᠤᠰᠤᠳ ᠲᠤ ᠬᠡᠮ ᠬᠢᠬᠦ ᠪᠠᠭᠠᠵᠢ ᠬᠠᠨᠭ᠍ᠭᠠᠬᠤ᠂ ᠪᠤᠰᠤᠳ ᠲᠤ ᠬᠠᠤᠯᠢ ᠪᠤᠰᠤ ᠪᠠᠷ ᠰᠢᠯᠭᠠᠯᠲᠠ ᠶᠢᠨ ᠰᠡᠲᠦᠪ ᠪᠠ ᠬᠠᠷᠢᠭᠤᠯᠲᠠ ᠶᠢ ᠬᠤᠲᠠᠯᠲᠤᠬᠤ᠂ ᠪᠤᠰᠤᠳ ᠢ ᠤᠷᠤᠯᠠᠨ ᠰᠢᠯᠭᠠᠬᠤ ᠪᠤᠶᠤ ᠪᠤᠰᠤᠳ ᠢᠶᠠᠷ ᠤᠷᠤᠯᠠᠭᠤᠯᠤᠨ ᠰᠢᠯᠭᠠᠭᠤᠯᠬᠤ ᠵᠡᠷᠭᠡ ᠰᠢᠯᠭᠠᠯᠲᠠ ᠶᠢᠨ ᠡᠮᠬᠢ ᠵᠢᠷᠤᠮ ᠢ ᠡᠪᠲᠡᠭᠰᠡᠨ ᠠᠵᠢᠯᠯᠠᠭ᠎ᠠ ᠶᠢ ᠶᠠᠯᠠᠲᠤ ᠠᠵᠢᠯᠯᠠᠭ᠎ᠠ ᠪᠠᠷ ᠲᠤᠭᠲᠠᠭᠠᠵᠡᠢ᠃        ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠡᠷᠬᠢᠯᠡᠭᠴᠢ ᠯᠢ ᠱᠢ ᠱᠢ ᠶᠢᠨ ᠲᠠᠨᠢᠯᠴᠠᠭᠤᠯᠤᠭᠰᠠᠨ ᠢᠶᠠᠷ᠂ ᠤᠲᠤᠬᠠᠨ ᠤ ᠨᠡᠶᠢᠬᠡᠮ ᠲᠡᠭᠡᠷ᠎ᠡ ᠢᠲᠡᠭᠡᠯ ᠠᠯᠲᠠᠬᠤ᠂ ᠮᠡᠬᠡᠯᠡᠬᠦ ᠵᠡᠷᠭᠡ ᠢᠲᠡᠭᠡᠯ ᠠᠴᠠ ᠲᠡᠷᠰᠯᠡᠭᠰᠡᠨ ᠠᠵᠢᠯᠯᠠᠭ᠎ᠠ ᠤᠯᠠᠰᠢᠷᠠᠵᠤ ᠪᠠᠶᠢᠭ᠎ᠠ ᠪᠠᠶᠢᠲᠠᠯ ᠳᠤ ᠴᠢᠭᠯᠡᠭᠦᠯᠵᠤ᠂ ᠡᠷᠡᠭᠦᠦ ᠶᠢᠨ ᠬᠠᠤᠯᠢ ᠶᠢᠨ ᠠᠷᠠᠳ ᠢᠷᠭᠡᠳ ᠤᠨ ᠠᠵᠢᠯᠯᠠᠭ᠎ᠠ ᠶᠢᠨ ᠦᠷᠲᠡᠭ ᠤᠨ ᠬᠠᠨᠲᠤᠰᠢ ᠶᠢ ᠬᠦᠲᠦᠯᠦᠨ ᠲᠠᠭᠠᠭᠤᠯᠬᠤ ᠦᠢᠯᠡᠲᠦᠯ ᠢ ᠪᠠᠲᠠᠷᠠᠭᠤᠯᠬᠤ ᠶᠢᠨ ᠲᠦᠯᠦᠭᠡ ᠡ᠊ᠨᠡ ᠬᠦ ᠲᠤᠭᠲᠠᠭᠠᠯ ᠢ ᠨᠡᠮᠡᠵᠡᠢ᠃        ᠬᠢᠯᠠᠰ ᠴᠡᠭ 8᠄ ᠬᠠᠭᠤᠷᠮᠠᠭ ᠪᠡᠶ᠎ᠡ ᠶᠢᠨ ᠦᠨᠡᠮᠯᠡᠯ ᠬᠡᠷᠡᠭᠯᠡᠬᠦ ᠨᠢ ᠶᠠᠯ᠎ᠠ ᠬᠢᠭᠰᠡᠨ ᠳᠤ ᠲᠤᠭᠠᠴᠠᠭᠲᠠᠨ᠎ᠠ        ᠲᠦᠰᠦᠯ ᠳᠤ᠂ ᠤᠲᠤ ᠶᠢᠨ ᠬᠡᠷᠡᠭᠵᠢᠭᠦᠯᠵᠤ ᠪᠠᠶᠢᠭ᠎ᠠ ᠡᠷᠡᠭᠦᠦ ᠶᠢᠨ ᠬᠠᠤᠯᠢ ᠳᠤ ᠬᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠵᠤᠬᠢᠶᠠᠬᠤ᠂ ᠬᠤᠪᠢᠷᠠᠭᠤᠯᠤᠨ ᠵᠤᠬᠢᠶᠠᠬᠤ ᠲᠤᠬᠠᠢ ᠲᠤᠭᠲᠠᠭᠠᠯ ᠳᠤ ᠵᠠᠰᠠᠪᠤᠷᠢ ᠤᠷᠤᠭᠤᠯᠵᠤ᠂ ᠬᠡᠷᠡᠴᠢ ᠦᠨᠡᠮᠡᠯᠡᠯ ᠤᠨ ᠬᠦᠷᠢᠶ᠎ᠡ ᠬᠡᠪᠴᠢᠶ᠎ᠡ ᠶᠢ ᠫᠠᠰᠫᠤᠷᠲ᠂ ᠨᠡᠶᠢᠬᠡᠮ ᠤᠨ ᠪᠠᠲᠤᠯᠠᠪᠤᠷᠢ ᠶᠢᠨ ᠺᠠᠷᠲ᠂ ᠵᠢᠯᠤᠭᠤᠴᠢ ᠶᠢᠨ ᠦᠨᠡᠮᠯᠡᠯ ᠵᠡᠷᠭᠡ ᠬᠦᠷᠲᠡᠯ᠎ᠡ ᠦᠷᠭᠡᠳᠭᠡᠵᠡᠢ︔ ᠡᠭᠦᠨ ᠤ ᠵᠡᠷᠭᠡᠪᠡᠷ ᠪᠡᠶ᠎ᠡ ᠶᠢᠨ ᠦᠨᠡᠮᠯᠡᠯ᠂ ᠫᠠᠰᠫᠤᠷᠲ ᠵᠡᠷᠭᠡ ᠭᠡᠷᠡᠴᠢ ᠦᠨᠡᠮᠡᠯᠡᠯ ᠢ ᠠᠷᠠᠯᠵᠢᠶᠠᠯᠠᠬᠤ ᠠᠵᠢᠯᠯᠠᠭ᠎ᠠ ᠪᠤᠯᠤᠨ ᠬᠠᠭᠤᠷᠮᠠᠭᠯᠠᠨ ᠵᠤᠬᠢᠶᠠᠭᠰᠠᠨ᠂ ᠬᠤᠪᠢᠷᠠᠭᠤᠯᠤᠨ ᠵᠤᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠡᠯᠡᠯ ᠢ ᠬᠡᠷᠡᠭᠯᠡᠬᠦ ᠠᠵᠢᠯᠯᠠᠭ᠎ᠠ ᠶᠢ ᠶᠠᠯᠠᠲᠤ ᠠᠵᠢᠯᠯᠠᠭ᠎ᠠ ᠪᠠᠷ ᠲᠤᠭᠲᠠᠭᠠᠵᠡᠢ᠃        ᠷᠤᠸᠠᠨ ᠴᠢ ᠯᠢᠨ ᠵᠢᠭᠠᠵᠤ ᠭᠠᠷᠭᠠᠭᠰᠠᠨ ᠨᠢ᠂ ᠤᠤᠯ ᠳᠤ ᠪᠠᠨ ᠪᠡᠶ᠎ᠡ ᠶᠢᠨ ᠦᠨᠡᠮᠡᠯᠡᠯ ᠢ ᠬᠠᠭᠤᠷᠮᠠᠭᠯᠠᠨ ᠵᠤᠬᠢᠶᠠᠬᠤ ᠨᠢ ᠭᠤᠤᠯᠲᠠᠭᠤ ᠬᠤᠲᠠᠯᠲᠤᠭᠠᠨ ᠤ ᠴᠢᠨᠠᠷᠲᠠᠢ ᠬᠠᠭᠤᠷᠮᠠᠭᠯᠠᠨ ᠵᠤᠬᠢᠶᠠᠬᠤ ᠠᠵᠢᠯᠯᠠᠭ᠎ᠠ ᠪᠠᠶᠢᠵᠡᠢ᠂ ᠡ᠊ᠨᠡ ᠬᠦ ᠠᠵᠢᠯᠯᠠᠭ᠎ᠠ ᠳᠤ ᠬᠡᠯᠡᠯᠭᠡᠨ ᠦᠭᠡᠢ ᠴᠤᠬᠢᠯᠲᠠ ᠦᠭᠬᠦ ᠴᠢᠬᠤᠯᠠ ᠲᠠᠢ᠃ ᠭᠡᠲᠡᠯ᠎ᠡ ᠦᠨᠡᠨ ᠬᠦ ᠬᠤᠬᠢᠷᠠᠯ ᠤᠴᠡᠷᠠᠭᠤᠯᠬᠤ ᠦᠢᠯᠡᠲᠦᠯ ᠭᠠᠷᠭᠠᠬᠤ ᠨᠢ ᠬᠠᠭᠤᠷᠮᠠᠭ ᠭᠡᠷᠡᠴᠢ ᠶᠢ ᠬᠡᠷᠡᠭᠯᠡᠬᠦ ᠶᠠᠪᠤᠲᠠᠯ ᠪᠤᠯᠬᠤ ᠶᠤᠮ᠃ ᠤᠲᠤᠬᠠᠨ ᠳᠤ ᠤᠯᠠᠨ ᠡᠭᠦᠰᠴᠤ ᠪᠠᠶᠢᠬᠤ ᠬᠠᠭᠤᠷᠤᠨ ᠮᠡᠬᠡᠯᠡᠬᠦ ᠠᠵᠢᠯᠯᠠᠭ᠎ᠠ ᠶᠢ ᠰᠡᠷᠭᠡᠶᠢᠯᠡᠬᠦ ᠳᠤ ᠲᠡᠭᠡᠷᠡᠬᠢ ᠲᠤᠭᠲᠠᠭᠠᠯ ᠨᠢ ᠮᠠᠰᠢ ᠴᠢᠬᠤᠯᠠ ᠠᠬᠤᠢᠢᠴᠢ ᠠᠴᠢ ᠬᠤᠯᠪᠤᠭᠲᠠᠯ ᠲᠠᠢ᠃        ᠬᠢᠯᠠᠰ ᠴᠡᠭ 9᠄ ᠬᠤᠲᠠᠯ ᠬᠠᠭᠤᠷᠮᠠᠭ ᠲᠦᠭᠰᠢᠭᠦᠷᠢ᠂ ᠬᠢᠵᠢᠭ ᠤᠨ ᠪᠠᠶᠢᠲᠠᠯ ᠵᠡᠷᠭᠡ ᠶᠢ ᠨᠠᠶᠢᠷᠠᠭᠤᠯᠤᠨ ᠵᠤᠬᠢᠶᠠᠵᠤ ᠰᠦᠯᠵᠢᠶ᠎ᠡ ᠲᠡᠭᠡᠷ᠎ᠡ ᠲᠠᠷᠬᠠᠭᠠᠬᠤ ᠶᠢ ᠡᠷᠡᠭᠦᠦ ᠰᠢᠳᠭᠡᠯ ᠳᠤ ᠤᠷᠤᠭᠤᠯᠤᠨ᠎ᠠ ᠲᠦᠰᠦᠯ ᠳᠤ ᠲᠤᠭᠲᠠᠭᠠᠭᠰᠠᠨ ᠨᠢ᠂ ᠬᠤᠲᠠᠯ ᠬᠠᠭᠤᠷᠮᠠᠭ ᠲᠦᠭᠰᠢᠭᠦᠷᠢ᠂ ᠬᠢᠵᠢᠭ᠂ ᠭᠠᠮᠰᠢᠭ ᠤᠨ ᠪᠠᠶᠢᠲᠠᠯ ᠢ ᠨᠠᠶᠢᠷᠠᠭᠤᠯᠤᠨ ᠵᠤᠬᠢᠶᠠᠵᠤ᠂ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠲᠡᠭᠡᠷ᠎ᠡ ᠲᠠᠮᠵᠢᠭᠤᠯᠤᠨ ᠲᠠᠷᠬᠠᠭᠠᠵᠤ᠂ ᠨᠡᠶᠢᠬᠡᠮ ᠤᠨ ᠡᠮᠬᠢ ᠵᠢᠷᠤᠮ ᠢ ᠬᠦᠨᠲᠦ ᠨᠤᠴᠢᠲᠠᠢ ᠰᠠᠮᠠᠭᠤᠷᠠᠭᠤᠯᠤᠭᠰᠠᠨ ᠪᠠᠶᠢᠪᠠᠯ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃        ᠠᠷᠠᠳ ᠤᠨ ᠲᠡᠭᠡᠲᠦ ᠰᠢᠭᠦᠬᠦ ᠬᠤᠷᠢᠶ᠎ᠠ ᠶᠢᠨ ᠡᠷᠡᠭᠦᠦ ᠶᠢᠨ ᠬᠡᠷᠡᠭ ᠢ ᠰᠢᠭᠦᠨ ᠲᠠᠰᠤᠯᠬᠤ ᠭᠤᠷᠪᠠᠲᠤᠭᠠᠷ ᠲᠢᠩᠬᠢᠮ ᠤᠨ ᠲᠡᠳ᠋ ᠲᠠᠷᠤᠭ᠎ᠠ ᠯᠢ ᠷᠦᠢ ᠢ ᠶᠢᠨ ᠦᠵᠡᠬᠦ ᠪᠠᠷ᠂ ᠨᠡᠶᠢᠬᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠲᠦᠨ ᠴᠢᠩᠭᠠᠳᠬᠠᠬᠰᠠᠨ ᠤ ᠰᠠᠭᠤᠷᠢᠨ ᠲᠡᠭᠡᠷ᠎ᠡ᠂ ᠨᠡᠶᠢᠬᠡᠮ ᠳᠠᠬᠢ ᠬᠤᠤᠷ ᠬᠦᠨᠦᠭᠡᠯ ᠨᠢ ᠶᠡᠭᠡ᠂ ᠨᠢᠭᠡᠨᠲᠡ ᠬᠦᠨᠲᠦ ᠨᠤᠴᠢᠲᠠᠢ ᠦᠷ᠎ᠡ ᠨᠦᠯᠦᠭᠡ ᠭᠠᠷᠭᠠᠭᠰᠠᠨ ᠵᠠᠷᠢᠮ ᠬᠤᠲᠠᠯ ᠬᠠᠭᠤᠷᠮᠠᠠᠭ ᠰᠦᠯᠵᠢᠶᠡᠨ ᠤ ᠴᠤᠤᠷᠬᠠᠯ ᠲᠠᠷᠬᠠᠭᠠᠬᠤ ᠠᠵᠢᠯᠯᠠᠭ᠎ᠠ ᠶᠢ ᠡᠷᠡᠭᠦᠦ ᠶᠢᠨ ᠬᠡᠷᠡᠭ ᠤᠨ ᠬᠦᠷᠢᠶ᠎ᠡ ᠭᠡᠪᠴᠢᠶᠡᠨ ᠳᠤ ᠤᠷᠤᠭᠤᠯᠬᠤ ᠨᠢ ᠲᠤᠩ ᠴᠢᠬᠤᠯᠠ ᠲᠠᠢ᠂ ᠡ᠊ᠨᠡ ᠨᠢ ᠶᠠᠯ᠎ᠠ ᠪᠤᠯᠤᠨ ᠪᠦᠷᠢᠯᠲᠦᠭᠰᠡᠨ ᠰᠦᠯᠵᠢᠶᠡᠨ ᠤ ᠴᠤᠤᠷᠬᠠᠯ ᠢ ᠬᠠᠤᠯᠢ ᠶᠤᠰᠤᠭᠠᠷ᠂ ᠲᠦᠪ ᠴᠢᠩᠭ᠎ᠠ ᠪᠠᠷ᠂ ᠤᠨᠤᠪᠴᠢᠲᠠᠢ ᠵᠠᠯᠬᠠᠭᠠᠨ ᠰᠢᠳᠭᠡᠬᠦ ᠳᠤ ᠠᠰᠢᠭ ᠲᠠᠢ᠃        ᠭᠢᠯᠠᠰ ᠴᠡᠭ 10᠄ ᠵᠠᠰᠠᠮᠠᠯ ᠵᠠᠮ ᠤᠨ ᠠᠶᠠᠨᠴᠢᠳ ᠤᠨ ᠵᠦᠭᠡᠭᠡᠪᠦᠷᠢ ᠶᠢᠨ ᠮᠠᠰᠢᠨ ᠲᠡᠷᠭᠡ ᠬᠡᠮᠵᠢᠶ᠎ᠡ ᠠᠴᠠ ᠪᠠᠨ ᠭᠡᠲᠦᠷᠡᠬᠦ᠂ ᠬᠢᠵᠠᠭᠠᠷᠯᠠᠭᠰᠠᠨ ᠬᠤᠷᠲᠤᠴᠠ ᠠᠴᠠ ᠲᠠᠪᠠᠭ᠋ᠤ ᠪᠠᠶᠢᠲᠠᠯ ᠢ ᠠᠶᠤᠯ ᠲᠠᠢ ᠪᠠᠷ ᠲᠡᠷᠭᠡ ᠵᠢᠯᠤᠭᠤᠳᠬᠤ ᠶᠠᠯ᠎ᠠ ᠳᠤ ᠤᠷᠤᠭᠤᠯᠤᠨ᠎ᠠ        ᠲᠦᠰᠦᠯ ᠳᠤ ᠠᠶᠤᠯ ᠲᠠᠢ ᠪᠠᠷ ᠲᠡᠷᠭᠡ ᠵᠢᠯᠤᠭᠤᠳᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠦᠢᠯᠡ ᠪᠠᠶᠢᠲᠠᠯ ᠢ ᠨᠡᠮᠡᠪᠡ᠄ ᠵᠠᠰᠠᠮᠠᠯ ᠵᠠᠮ ᠲᠡᠭᠡᠷ᠎ᠡ ᠠᠶᠠᠨᠴᠢᠳ ᠤᠨ ᠵᠦᠭᠡᠭᠡᠪᠦᠷᠢ ᠶᠢᠨ ᠠᠵᠢᠯ ᠬᠢᠬᠦ ᠳᠤ ᠪᠠᠨ ᠲᠤᠭᠲᠠᠭᠰᠠᠨ ᠲᠤᠭ᠎ᠠ ᠠᠴᠠ ᠬᠦᠨᠲᠦ ᠨᠤᠴᠢᠲᠠᠢ ᠲᠠᠪᠠᠭᠰᠠᠨ᠂ ᠡᠰᠡᠬᠦᠯ᠎ᠡ ᠭᠢᠵᠠᠭᠠᠷᠯᠠᠭᠰᠠᠨ ᠬᠤᠷᠲᠤᠴᠠ ᠠᠴᠠ ᠬᠦᠨᠲᠦ ᠨᠤᠴᠢᠲᠠᠢ ᠭᠡᠲᠦᠷᠡᠭᠰᠡᠨ ᠪᠠᠶᠢᠲᠠᠯ︔ ᠠᠶᠤᠯ ᠲᠠᠢ ᠬᠢᠮᠢ ᠶᠢᠨ ᠪᠤᠲᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠭᠲᠠᠭᠠᠯ ᠠᠴᠠ ᠵᠦᠷᠢᠴᠡᠵᠤ᠂ ᠠᠶᠤᠯ ᠲᠠᠢ ᠬᠢᠮᠢ ᠶᠢᠨ ᠪᠤᠲᠠᠰ ᠢ ᠵᠦᠭᠡᠭᠡᠪᠦᠷᠢᠯᠡᠭᠰᠡᠨ᠃        ᠲᠤᠰᠬᠠᠢ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠡᠷᠡᠭᠦᠦ ᠶᠢᠨ ᠬᠠᠤᠯᠢ ᠳᠤ ᠵᠠᠰᠠᠪᠤᠷᠢ ᠤᠷᠤᠭᠤᠯᠬᠤ ᠨᠤᠤᠷᠠᠭ ︵ᠨᠠᠢᠮᠠ︶ ᠲᠤ ᠠᠶᠤᠯ ᠲᠠᠢ ᠪᠠᠷ ᠲᠡᠷᠭᠡ ᠵᠢᠯᠤᠭᠤᠳᠬᠤ ᠶᠠᠯ᠎ᠠ ᠶᠢ ᠨᠡᠮᠡᠵᠤ᠂ ᠰᠤᠭᠲᠤᠭᠤ ᠪᠠᠷ ᠲᠡᠷᠭᠡ ᠵᠢᠯᠤᠭᠤᠳᠬᠤ ᠠᠵᠢᠯᠯᠠᠭ᠎ᠠ ᠶᠢ ᠶᠠᠯᠠᠲᠤ ᠠᠵᠢᠯᠯᠠᠭ᠎ᠠ ᠪᠠᠷ ᠲᠤᠭᠲᠠᠭᠠᠭᠰᠠᠨ ᠨᠢ᠂ ᠠᠷᠢᠬᠢ ᠤᠤᠭᠤᠭᠰᠠᠨ ᠤ ᠲᠠᠷᠠᠭ᠎ᠠ ᠲᠡᠷᠭᠡ ᠵᠢᠯᠤᠭᠤᠳᠬᠤ ᠠᠵᠢᠯᠯᠠᠭ᠎ᠠ ᠳᠤ ᠴᠤᠬᠢᠯᠲᠠ ᠦᠭᠬᠦ ᠳᠤ ᠴᠢᠬᠤᠯᠠ ᠬᠠᠤᠯᠢ ᠴᠠᠭᠠᠵᠠ ᠶᠢᠨ ᠦᠨᠲᠦᠰᠦᠯᠡᠯ ᠬᠠᠨᠭ᠍ᠭᠠᠵᠠᠢ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号