ᠢᠳᠡᠭᠡᠨ ᠤ ᠠᠮᠦᠷ ᠲᠥᠪᠰᠢᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2016-12-19
                  ᠥᠪᠥᠷ ᠵᠠᠰᠠᠭ ᠲᠠᠷᠬᠠᠭᠠᠭᠰᠠᠨ ︹2016︺ 65 ᠳ᠋ᠤᠭᠠᠷ ᠲᠤᠭᠠᠳᠤ                   2016 ᠣᠨ ᠤ 5 ᠳ᠋ᠤᠭᠠᠷ ᠰᠠᠷ᠎ᠠ ᠶᠢᠨ 27 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠪᠠ ᠵᠠᠩ ᠳ᠋ᠧ ᠵᠢᠶᠠᠩ ᠬᠤᠷᠢᠶᠠᠨ ᠳᠠᠷᠤᠭ᠎ᠠ ᠶᠢᠨ ᠮᠠᠨ ᠤ ᠣᠷᠣᠨ ᠳᠠᠬᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠦᠷ ᠲᠥᠪᠰᠢᠨ ᠤ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠨᠢᠭᠦᠯᠬᠦ ᠳᠤ ᠶᠠᠷᠢᠭᠰᠠᠨ ᠴᠢᠬᠤᠯᠠ ᠶᠠᠷᠢᠶ᠎ᠠ᠂ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 158 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ︵ᠦᠷᠭᠡᠳᠭᠡᠭᠰᠡᠨ︶ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠦᠷ ᠲᠥᠪᠰᠢᠨᠳᠤ ᠦᠪᠦᠷ ᠮᠣᠩᠭᠤᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠪᠦᠬᠦ ᠣᠷᠣᠨ ᠳᠠᠬᠢ ᠡᠯ᠎ᠡ ᠦᠨᠳᠦᠰᠦᠲᠡᠨ ᠤ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠦᠷ ᠲᠥᠪᠰᠢᠨ︾ ᠢ ᠪᠦᠲᠦᠮᠵᠢᠲᠡᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠪᠦᠬᠦ ᠣᠷᠣᠨ ᠤ ᠢᠳᠡᠭᠡᠨ ᠤ ᠠᠮᠦᠷ ᠲᠥᠪᠰᠢᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃        ᠨᠢᠭᠡ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ ᠨᠦᠬᠦᠳ ᠤᠨ ᠴᠢᠬᠤᠯᠠ ᠶᠠᠷᠢᠶ᠎ᠠ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠢᠳᠡᠭᠡᠨ ᠤ ᠠᠮᠦᠷ ᠲᠥᠪᠰᠢᠨ ᠤ ᠠᠵᠢᠯ ᠤᠨ ᠴᠢᠬᠤᠯᠠ ᠴᠢᠨᠠᠷ ᠤᠨ ᠲᠠᠯ᠎ᠠ ᠪᠠᠷ ᠬᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ        ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠢᠳᠡᠭᠡᠨ ᠤ ᠠᠮᠦᠷ ᠲᠥᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ ᠨᠦᠬᠦᠳ ᠢᠳᠡᠭᠡᠨ ᠤ ᠠᠮᠦᠷ ᠲᠥᠪᠰᠢᠨ ᠤ ᠠᠵᠢᠯ ᠢ ᠴᠢᠩᠭᠠᠳᠬᠠᠬᠤ ᠪᠠᠷ ᠠᠯᠢ ᠣᠯᠠᠨ ᠴᠢᠬᠤᠯᠠ ᠶᠠᠷᠢᠶ᠎ᠠ᠂ ᠴᠣᠬᠤᠯᠠᠪᠤᠷᠢ ᠪᠠ ᠵᠢᠭᠠᠪᠤᠷᠢ ᠭᠠᠷᠭᠠᠪᠠ᠃ 2016 ᠣᠨ ᠤ 5 ᠳ᠋ᠤᠭᠠᠷ ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠠᠷᠤᠭ᠎ᠠ ᠵᠠᠩ ᠳ᠋ᠧ ᠵᠢᠶᠠᠩ ᠨᠦᠬᠦᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠳᠠᠬᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠦᠷ ᠲᠥᠪᠰᠢᠨ ᠤ ᠬᠠᠤᠯᠢ︾ ︵ᠳᠣᠷᠣᠭᠰᠢ ︽ᠢᠳᠡᠭᠡᠨ ᠤ ᠠᠮᠦᠷ ᠲᠥᠪᠰᠢᠨ ᠤ ᠬᠠᠤᠯᠢ︾ ᠭᠡᠵᠦ ᠲᠣᠪᠴᠢᠯᠠᠨ᠎ᠠ︶ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠤᠭᠤᠳᠴᠤ᠂ ᠤᠷᠢᠳ ᠬᠤᠵᠢᠳ ᠬᠦᠬᠡᠬᠤᠲᠠ᠂ ᠪᠠᠶᠠᠨᠨᠠᠭᠤᠷ ᠬᠤᠲᠠ ᠳᠤ ᠭᠦᠨᠵᠡᠭᠡᠶᠢᠷᠡᠨ ᠲᠣᠬᠠᠢ ᠶᠢᠨ ᠭᠠᠵᠠᠷ ᠲᠤᠨᠢ ᠪᠠᠶᠢᠴᠠᠭᠠᠨ ᠵᠢᠯᠤᠭᠤᠳᠬᠤ ᠶᠢᠨ ᠬᠠᠮᠲᠤ ᠴᠢᠬᠤᠯᠠ ᠵᠢᠭᠠᠪᠤᠷᠢ ᠳᠤᠷᠠᠳᠴᠦ᠂ ᠦᠨᠳᠦᠰᠦᠨ ᠱᠠᠲᠤᠨ ᠳᠤ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠭᠤᠳᠠᠯ ᠤᠨ ᠬᠤᠷᠠᠯ ᠪᠠ ᠦᠪᠡᠷᠲᠡᠭᠡᠨ ᠵᠠᠰᠠᠬᠤ ᠣᠷᠣᠨ ᠤ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠲᠤᠰ ᠲᠤᠰ ᠴᠢᠬᠤᠯᠠ ᠶᠠᠷᠢᠶ᠎ᠠ ᠲᠠᠯᠪᠢᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠦᠪᠦᠷ ᠮᠣᠩᠭᠤᠯ ᠤᠨ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯᠣᠨ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠵᠦ ᠤᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠨ᠂ ᠦᠪᠦᠷ ᠮᠣᠩᠭᠤᠯ ᠤᠨ ᠠᠵᠢᠯ ᠢᠯᠠᠩᠭᠤᠶ᠎ᠠ ᠢᠳᠡᠭᠡᠨ ᠤ ᠠᠮᠦᠷ ᠲᠥᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠠᠯ᠎ᠠ ᠳᠤ ᠨᠠᠨᠳᠢᠨ ᠬᠦᠰᠡᠯ ᠲᠠᠯᠪᠢᠵᠤ᠂ ᠲᠤᠳᠤᠷᠬᠠᠢ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ᠂ ᠬᠤᠷᠢᠶ᠎ᠠ ᠶᠢᠨ ᠳᠠᠷᠤᠭ᠎ᠠ ᠵᠠᠩ ᠳ᠋ᠧ ᠵᠢᠶᠠᠩ ᠵᠡᠷᠭᠡ ᠲᠥᠪ ᠤᠨ ᠤᠳᠤᠷᠢᠳᠬᠤ ᠨᠦᠬᠦᠳ ᠤᠨ ᠴᠢᠬᠤᠯᠠ ᠶᠠᠷᠢᠶ᠎ᠠ᠂ ᠴᠣᠬᠤᠯᠠᠪᠤᠷᠢ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠢᠳᠡᠭᠡᠨ ᠤ ᠠᠮᠦᠷ ᠲᠥᠪᠰᠢᠨ ᠤ ᠠᠵᠢᠯ ᠤᠨ ᠴᠢᠬᠤᠯᠠ ᠴᠢᠨᠠᠷ ᠤᠨ ᠲᠠᠯ᠎ᠠ ᠪᠠᠷ ᠬᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠰᠡᠷᠭᠡᠶᠢᠯᠡᠬᠦ ᠪᠠᠷ ᠭᠤᠣᠯ ᠪᠣᠯᠭᠠᠬᠤ᠂ ᠲᠥᠭᠰᠢᠭᠦᠷᠢ ᠶᠢ ᠬᠠᠮᠢᠶᠠᠷᠬᠤ᠂ ᠪᠦᠬᠦ ᠶᠠᠪᠤᠴᠠ ᠶᠢ ᠡᠵᠡᠮᠳᠡᠬᠦ᠂ ᠨᠡᠶᠢᠭᠡᠮ ᠳᠠᠶᠠᠭᠠᠷ ᠬᠠᠮᠲᠤ ᠪᠠᠷ ᠵᠠᠰᠠᠬᠤ︾ ᠵᠠᠷᠴᠢᠮ ᠢ ᠪᠠᠷᠢᠮᠲᠠᠯᠠᠵᠤ᠂ ᠢᠳᠡᠭᠡᠨ ᠤ ᠠᠮᠦᠷ ᠲᠥᠪᠰᠢᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠪᠠᠷ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠬᠤ᠂ ᠡᠬᠡ ᠤᠯᠤᠰ ᠤᠨ ᠤᠮᠠᠷᠠᠲᠤ ᠬᠢᠯᠢ ᠶᠢᠨ ᠭᠤᠶᠢᠲᠠ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠶᠢᠨ ᠴᠢᠬᠤᠯᠠ ᠡᠭᠦᠷᠭᠡ ᠪᠣᠯᠭᠠᠵᠤ᠂ ᠨᠡᠩ ᠰᠠᠶᠢᠨ ᠡᠷᠡᠰ ᠵᠣᠷᠢᠭ ᠰᠢᠭᠤᠳᠴᠦ᠂ ᠨᠡᠩ ᠶᠡᠭᠡ ᠬᠦᠴᠦᠨ ᠴᠢᠳᠠᠯ ᠢᠶᠠᠷ ᠢᠳᠡᠭᠡᠨ ᠤ ᠠᠮᠦᠷ ᠲᠥᠪᠰᠢᠨᠲᠦ ᠦᠪᠦᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠤᠨ᠂ ᠮᠠᠨ ᠤ ᠣᠷᠣᠨ ᠤ ᠢᠳᠡᠭᠡᠨ ᠤ ᠠᠮᠦᠷ ᠲᠥᠪᠰᠢᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ ᠪᠣᠢ ᠪᠣᠯᠭᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠬᠤᠶᠠᠷ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ ᠬᠠᠤᠯᠢ ᠶᠢ ᠮᠡᠳᠡᠬᠦ ᠬᠠᠤᠯᠢ ᠶᠢ ᠵᠢᠷᠤᠮᠯᠠᠬᠤ ᠬᠠᠤᠯᠢ ᠶᠢ ᠬᠡᠷᠡᠭᠯᠡᠬᠦ ᠥᠳᠭᠡᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠬᠡᠷᠡᠭᠲᠡᠢ        ︽7 · 5︾ ᠶᠢᠨ ᠬᠠᠤᠯᠢ ᠲᠦᠭᠡᠮᠡᠯᠵᠢᠭᠦᠯᠬᠦ ᠠᠵᠢᠯ ᠢ ᠦᠷᠨᠢᠭᠦᠯᠬᠦ ᠲᠠᠢ ᠤᠶᠠᠯᠳᠤᠭᠤᠯᠤᠨ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾᠂ ︽ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠱᠠᠭᠠᠷᠳᠠᠯᠭ᠎ᠠ ᠶᠤᠰᠤᠭᠠᠷ᠂ ᠤᠳᠤᠷᠢᠳᠬᠤ ᠺᠠᠳ᠋ᠷ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠪᠠ ᠠᠵᠢᠯᠯᠠᠬᠰᠠᠳ ᠤᠨ ᠬᠠᠤᠯᠢ ᠪᠠᠷ ᠵᠠᠰᠠᠬᠤ ᠬᠦᠮᠦᠵᠢᠯ ᠪᠣᠯᠪᠠᠰᠤᠷᠠᠭᠤᠯᠤᠯ ᠤᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ ︵ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ᠂ ᠳᠣᠲᠤᠭᠠᠲᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶᠃ ᠤᠬᠠᠭᠤᠯᠤᠨ ᠲᠠᠶᠢᠯᠪᠤᠷᠢᠯᠠᠬᠤ ᠪᠦᠯᠬᠦᠮ ᠵᠣᠬᠢᠶᠠᠨ ᠪᠠᠶᠢᠭᠤᠯᠤᠨ ᠪᠦᠬᠦ ᠣᠷᠣᠨ ᠳᠤ ᠲᠣᠭᠤᠷᠢᠨ ᠤᠬᠠᠭᠤᠯᠬᠤ ᠪᠠ ᠬᠠᠪᠰᠤᠷᠤᠨ ᠵᠢᠯᠤᠭᠤᠳᠴᠤ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢᠨ ᠮᠡᠳᠡᠯᠭᠡ ᠶᠢᠨ ᠤᠷᠤᠯᠳᠤᠭᠠᠨ ᠪᠠ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠶᠢ ᠦᠷᠨᠢᠭᠦᠯᠦᠨ᠂ ︽ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠢᠳᠡᠭᠡᠨ ᠤ ᠠᠮᠦᠷ ᠲᠥᠪᠰᠢᠨ ᠤ ᠠᠵᠢᠯᠲᠠᠨ ᠢ ᠪᠣᠯᠪᠠᠰᠤᠷᠠᠭᠤᠯᠤᠨ ᠰᠢᠯᠭᠠᠨ ᠬᠢᠨᠠᠬᠤ ᠠᠷᠭ᠎ᠠ︾ ᠶᠢ ᠨᠡᠶᠢᠲᠡᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠪᠣᠯᠣᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠤᠯᠢ ᠪᠠᠷ ᠵᠠᠰᠠᠬᠤ ᠮᠡᠳᠡᠯᠭᠡ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠢᠳᠡᠭᠡᠨ ᠤ ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠢ ᠵᠢᠷᠤᠮᠯᠠᠬᠤ ᠦᠵᠡᠯ ᠤᠬᠠᠮᠰᠠᠷ ᠪᠠ ᠪᠡᠶ᠎ᠡ ᠪᠠᠨ ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ ᠃ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠢ ᠠᠰᠢᠭᠯᠠᠨ᠂ ︽ᠢᠳᠡᠭᠡᠨ ᠤ ᠠᠮᠦᠷ ᠲᠥᠪᠰᠢᠨ ᠤ ᠤᠬᠠᠭᠤᠯᠭ᠎ᠠ ᠶᠢᠨ ᠭᠠᠷᠠᠭ︾ ᠪᠣᠯᠣᠨ ︽ᠢᠳᠡᠭᠡᠨ ᠤ ᠠᠮᠦᠷ ᠲᠥᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ︽ᠵᠢᠷᠭᠤᠭᠠᠨ ᠬᠦᠷᠭᠡᠬᠦ︾ ︵ᠨᠡᠶᠢᠭᠡᠮ ᠲᠣᠭᠤᠷᠢᠭ ᠲᠤ ᠬᠦᠷᠭᠡᠬᠦ᠂ ᠮᠠᠯᠵᠢᠬᠤ ᠲᠠᠷᠢᠶᠠᠯᠠᠬᠤ ᠣᠷᠣᠨ ᠳᠤ ᠬᠦᠷᠭᠡᠬᠦ᠂ ᠠᠯᠪᠠᠨ ᠪᠠᠶᠢᠭᠤᠯᠭ᠎ᠠ ᠳᠤ ᠬᠦᠷᠭᠡᠬᠦ᠂ ᠰᠤᠷᠭᠠᠭᠤᠯᠢ ᠳᠤ ᠬᠦᠷᠭᠡᠬᠦ᠂ ᠠᠵᠤ ᠠᠬᠤᠶᠢᠯᠠᠯ ᠳᠤ ᠬᠦᠷᠭᠡᠬᠦ᠂ ᠭᠡᠷ ᠪᠦᠯᠢ ᠳᠤ ᠬᠦᠷᠭᠡᠬᠦ︶ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠬᠡᠷᠡᠭᠲᠡᠢ᠃ ᠲᠤᠰᠬᠠᠢ ᠮᠡᠷᠭᠡᠵᠢᠯᠲᠡᠨ ᠢᠶᠠᠷ ᠬᠠᠤᠯᠢ ᠲᠠᠶᠢᠯᠪᠤᠷᠢᠯᠠᠭᠤᠯᠬᠤ᠂ ᠬᠡᠷᠡᠭ ᠤᠨ ᠵᠢᠱᠢᠶ᠎ᠡ ᠪᠠᠷ ᠬᠠᠤᠯᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠪᠣᠯᠣᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠶᠢ ᠠᠪᠴᠤ ᠪᠠᠶᠢᠭᠠᠳ ᠪᠦᠬᠦ ᠨᠡᠶᠢᠭᠡᠮ ᠳᠤ ᠬᠠᠨᠳᠤᠭᠤᠯᠤᠭᠰᠠᠨ ᠤᠬᠠᠭᠤᠯᠭ᠎ᠠ ᠪᠠ ᠤᠬᠠᠭᠤᠯᠬᠤ ᠲᠠᠶᠢᠯᠤᠮᠵᠢ ᠶᠢ ᠰᠠᠶᠢᠲᠤᠷ ᠠᠳᠬᠤᠵᠤ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠡᠷᠦᠬᠡ ᠪᠦᠷᠢ ᠬᠦᠮᠦᠨ ᠪᠦᠬᠦᠨ ᠳᠤ ᠮᠡᠳᠡᠭᠦᠯᠵᠦ᠂ ᠬᠦᠮᠦᠰ ᠤᠨ ᠰᠡᠳᠬᠢᠯ ᠳᠤ ᠭᠦᠨ ᠰᠠᠭᠤᠭᠳᠠᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠬᠠᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠲᠣᠳᠤᠭᠠᠲᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠭᠤᠷᠪᠠ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠢᠭᠡᠲᠦᠯᠲᠡᠢ ᠡᠷᠬᠡ ᠰᠦᠷᠲᠦ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ        ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠷᠠᠬᠠᠨ ᠲᠤᠰᠠᠭᠠᠷ ᠪᠠᠶᠢᠷᠢᠯᠠᠭᠤᠯᠤᠭᠠᠳᠤᠢ ᠠᠶᠢᠮᠠᠭ ᠬᠤᠲᠠ ᠨᠢ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠤᠰᠠᠭᠠᠷ ᠪᠠᠶᠢᠷᠢᠯᠠᠭᠤᠯᠬᠤ ᠶᠢᠨ ᠬᠠᠮᠲᠤ᠂ ᠠᠵᠢᠯᠲᠠᠨ ᠢ ᠬᠤᠪᠢᠶᠠᠷᠢᠯᠠᠨ ᠰᠢᠯᠵᠢᠭᠦᠯᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠷᠢᠯᠠᠭᠤᠯᠬᠤ ᠳᠤ ᠪᠤᠲᠠᠲᠠᠢ ᠠᠴᠠ ᠡᠭᠦᠰᠴᠦ᠂ ᠵᠠᠷᠴᠢᠮ ᠳᠡᠭᠡᠷ᠎ᠡ ᠪᠠᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠢᠳᠡᠭᠡᠨ ᠤ ᠦᠢᠯᠡᠳᠪᠦᠷᠢᠯᠡᠵᠦ ᠡᠳ᠋ᠰᠢᠭᠦᠯᠭᠦ ᠬᠤᠪᠢ ᠶᠢᠨ ᠵᠢᠩ ᠢᠶᠠᠷ ᠶᠡᠭᠡ ᠪᠠᠶᠢᠬᠤ ᠭᠠᠵᠠᠷ ᠣᠷᠣᠨ ᠨᠤᠭᠤᠳ ᠴᠦᠮ ᠲᠤᠰᠠᠭᠠᠷ ᠪᠠᠶᠢᠷᠢᠯᠠᠭᠤᠯᠪᠠᠯ ᠵᠣᠬᠢᠨ᠎ᠠ︔ ︽ᠬᠤᠶᠠᠷ ᠢ ᠨᠢᠭᠡ ᠪᠣᠯᠭᠠᠬᠤ︾᠂ ︽ᠭᠤᠷᠪᠠ ᠶᠢ ᠨᠢᠭᠡ ᠪᠣᠯᠭᠠᠬᠤ︾ ᠪᠠᠶᠢᠷᠢᠯᠠᠭᠤᠯᠤᠯᠲᠠ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠨᠢ ᠲᠦᠷᠭᠡᠳᠭᠡᠨ ᠪᠠᠶᠢᠭᠤᠯᠤᠨ ᠲᠡᠭᠦᠯᠳᠡᠷᠵᠢᠭᠦᠯᠵᠦ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠦᠨᠡᠨᠬᠦ ᠰᠠᠶᠢᠲᠤᠷ ᠭᠦᠢᠴᠡᠳᠭᠡᠨ᠂ ᠢᠳᠡᠭᠡᠨ ᠤ ᠠᠮᠦᠷ ᠲᠥᠪᠰᠢᠨ ᠤ ᠠᠵᠢᠯ ᠢ ᠴᠢᠩᠭᠠᠳᠬᠠᠬᠤ ᠠᠴᠠ ᠪᠢᠰᠢ ᠰᠤᠯᠠᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠤᠳᠠᠳᠠᠶᠢᠵᠢᠭᠤᠯᠬᠤ ᠠᠴᠠ ᠪᠢᠰᠢ ᠬᠡᠶᠢᠰᠪᠦᠷᠢᠯᠡᠭᠦᠯᠵᠦ ᠪᠣᠯᠬᠤ ᠦᠭᠡᠢ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠪᠠ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠤᠰᠬᠠᠢ ᠲᠤᠰᠢᠶᠠᠯᠲᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠪᠦᠷᠢᠨ ᠲᠣᠬᠢᠷᠠᠭᠤᠯᠬᠤ ᠪᠠ ᠴᠢᠩᠭᠠᠳᠬᠠᠬᠤ ᠬᠡᠷᠡᠭᠲᠡᠢ᠃ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠮᠡᠳᠡᠭᠡ ᠵᠠᠩᠬᠢᠴᠢᠨ᠂ ᠬᠤᠯᠪᠣᠭᠠᠴᠢᠨ ᠢ ᠡᠯᠰᠡᠨ ᠬᠡᠷᠡᠭᠯᠡᠬᠦ ᠳᠡᠭᠡᠨ ᠬᠠᠮᠢᠶᠠᠷᠤᠯᠲᠠ ᠬᠢᠵᠦ ᠰᠢᠯᠭᠠᠨ ᠬᠢᠨᠠᠬᠤ ᠶᠢ ᠴᠢᠩᠭᠠᠳᠬᠠᠵᠤ᠂ ᠲᠡᠳᠡᠨ ᠤ ᠠᠵᠢᠯ ᠤᠨ ᠣᠯᠭᠤᠮᠵᠢ ᠶᠢ ᠦᠨᠡᠨᠬᠦ ᠰᠢᠢᠳᠪᠦᠷᠢᠯᠡᠨ᠂ ᠲᠡᠳᠡᠨ ᠤ ᠦᠢᠯᠡᠳᠦᠯ ᠢ ᠵᠢᠩᠬᠢᠨᠢ ᠪᠠᠷ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠲᠣᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠢᠳᠡᠪᠬᠢᠲᠡᠢ ᠰᠦᠪᠡᠭᠴᠢᠯᠡᠵᠦ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠡᠭᠴᠡᠯᠡᠨ ᠲᠤᠳᠤᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠨᠢᠭᠲᠠ ᠴᠢᠩᠭ᠎ᠠ ᠪᠣᠯᠭᠠᠨ᠂ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠤᠯᠠᠮ ᠨᠢᠭᠡ ᠠᠯᠬᠤᠮ ᠦᠨᠳᠦᠰᠦᠨ ᠱᠠᠲᠦᠨ ᠳᠤ ᠴᠢᠭᠯᠡᠬᠦᠯᠵᠦ᠂ ᠰᠠᠯᠠᠭ᠎ᠠ ᠮᠦᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠳᠥᠷᠪᠡ᠂ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠢᠳᠡᠭᠡᠨ ᠤ ᠠᠮᠦᠷ ᠲᠥᠪᠰᠢᠨ ᠤ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠢ ᠢᠳᠡᠭᠡᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠡᠪᠴᠡᠩ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠳᠦᠷᠪᠡᠨ ᠱᠠᠲᠤᠨ ᠤ ᠢᠳᠡᠭᠡᠨ ᠤ ᠠᠮᠦᠷ ᠲᠥᠪᠰᠢᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠥᠪ᠂ ᠪᠤᠭᠤᠳᠤ ᠶᠢᠨ ᠢᠳᠡᠭᠡᠨ ᠪᠠ ᠡᠮ ᠤᠨ ᠵᠦᠢᠯ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠥᠪ᠂ ᠰᠢᠯᠢ ᠶᠢᠨ ᠭᠤᠣᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠥᠪ ᠢ ᠬᠦᠴᠦᠯᠡᠨ ᠪᠣᠢ ᠪᠣᠯᠭᠠᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠢᠳᠡᠪᠬᠢᠲᠡᠢ ᠪᠠᠷ ᠨᠦᠬᠦᠴᠡᠯ ᠪᠦᠷᠢᠯᠳᠦᠭᠦᠯᠵᠦ᠂ ᠢᠳᠡᠭᠡᠨ ᠤ ᠠᠮᠦᠷ ᠲᠥᠪᠰᠢᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠬᠤ ᠬᠡᠷᠡᠭᠲᠡᠢ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠥᠷᠭᠡᠨ ᠪᠠᠶᠢᠴᠠᠭᠠᠯᠲᠠ ᠬᠢᠬᠦ ᠲᠥᠭᠦᠭᠡᠷᠦᠮᠵᠢ ᠬᠡᠮᠵᠢᠭᠦᠷᠯᠢᠭ ᠢ ᠳᠠᠷᠦ᠋ᠢᠬᠠᠨ ᠲᠣᠬᠢᠷᠠᠭᠤᠯᠬᠤ ᠬᠡᠷᠡᠭᠲᠡᠢ᠃ ᠲᠤᠮᠤ ᠬᠡᠯᠪᠡᠷᠢ ᠶᠢᠨ ᠬᠡᠳᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠢᠳᠡᠭᠡᠨ ᠤ ᠲᠦᠷᠭᠡᠨ ᠪᠠᠶᠢᠴᠠᠭᠠᠯᠲᠠ ᠬᠢᠬᠦ ᠲᠠᠰᠤᠭ ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ ᠠᠵᠤ ᠠᠬᠤᠶᠢᠯᠠᠯ ᠤᠳ ᠰᠢᠮᠳᠠᠭᠤᠯᠤᠨ ᠵᠢᠯᠤᠭᠤᠳᠴᠦ ᠪᠠᠶᠢᠭᠠᠳ ᠢᠳᠡᠭᠡᠨ ᠳᠤ ᠦᠪᠡᠰᠦᠪᠠᠨ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠵᠠᠷᠤᠳᠠᠯ ᠢ ᠲᠤᠭ᠎ᠠ ᠶᠤᠰᠤᠭᠠᠷ ᠭᠦᠢᠴᠡᠳ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ ᠨᠤᠭᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠲᠠᠪᠤ᠂ ᠬᠠᠤᠯᠢ ᠪᠠᠷ ᠵᠠᠰᠠᠬᠤ ᠰᠡᠳᠬᠢᠭᠦᠢ ᠪᠣᠯᠣᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠬᠦ ᠶᠢ ᠪᠠᠷᠢᠮᠲᠠᠯᠠᠵᠤ᠂ ᠣᠷᠣᠨ ᠨᠤᠲᠤᠭ ᠤᠨ ᠴᠢᠨᠠᠷᠲᠠᠢ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠪᠠᠷᠢᠮᠵᠢᠶᠠᠲᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ        ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠦᠷ ᠲᠥᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠠᠤᠯᠢ ᠲᠣᠭᠲᠠᠭᠠᠵᠤ ᠪᠠᠶᠢᠴᠠᠭᠠᠨ ᠰᠤᠳᠤᠯᠬᠤ ᠶᠢ ᠡᠬᠢᠯᠡᠭᠦᠯᠵᠦ᠂ ᠳᠦᠬᠦᠷ ᠳᠦᠷᠢᠮ ᠲᠣᠭᠲᠠᠭᠠᠯ ᠪᠣᠯᠣᠨ ᠳᠦᠷᠢᠮ ᠵᠢᠷᠤᠮᠯᠡᠯ ᠤᠨ ᠬᠦᠴᠦᠨ ᠦᠭᠡᠢ ᠪᠣᠯᠭᠠᠬᠤ᠂ ᠦᠭᠡᠷᠡᠴᠢᠯᠡᠬᠦ᠂ ᠲᠣᠭᠲᠠᠭᠠᠬᠤ᠂ ᠲᠠᠶᠢᠯᠪᠤᠷᠢᠯᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ︽ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠦᠢᠲᠡᠨ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠠᠮᠤ ᠪᠤᠳᠠᠭ᠎ᠠ ᠶᠢᠨ ᠠᠮᠦᠷ ᠲᠥᠪᠰᠢᠨ ᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠰᠠᠨᠠᠯ︾᠂ ︽ᠭᠠᠳᠠᠭᠠᠲᠤ ᠳᠤ ᠭᠠᠷᠭᠠᠬᠤ ᠢᠳᠡᠭᠡᠨ ᠤ ᠬᠢᠨᠠᠯᠲᠠ ᠲᠠᠯᠪᠢᠵᠦ ᠰᠤᠭᠤᠴᠠᠨ ᠪᠠᠶᠢᠴᠠᠭᠠᠬᠤ ᠠᠵᠢᠯᠯᠠᠭᠠᠨ ᠤ ᠵᠢᠷᠤᠮᠯᠡᠯ︾᠂ ︽ᠭᠠᠳᠠᠭᠠᠲᠤ ᠠᠴᠠ ᠣᠷᠤᠭᠤᠯᠵᠤ ᠭᠠᠷᠭᠠᠬᠤ ᠢᠳᠡᠭᠡᠨ ᠤ ᠠᠵᠤ ᠠᠬᠤᠶᠢᠯᠠᠯ ᠤᠨ ᠲᠦᠷᠦᠯ ᠬᠤᠪᠢᠶᠠᠨ ᠬᠠᠮᠢᠶᠠᠷᠬᠤ ᠠᠵᠢᠯ ᠤᠨ ᠵᠢᠷᠤᠮᠯᠡᠯ︾᠂ ︽ᠢᠳᠡᠭᠡᠨ ᠤ ᠵᠢᠵᠢᠭ ᠳᠡᠯᠭᠡᠭᠡ ᠮᠠᠶᠢᠮᠠᠶᠢᠴᠢᠨ ᠢ ᠪᠦᠷᠢᠳᠭᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾᠂ ︽ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠣᠷᠰᠢᠨ ᠬᠡᠷᠡᠭᠵᠢᠭᠦᠯᠬᠦ︶︾ ᠵᠡᠷᠭᠡ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠬᠤᠭᠤᠰᠤᠨ ᠢ ᠨᠦᠬᠦᠪᠦᠷᠢᠯᠡᠨ᠂ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ᠂ ᠬᠠᠤᠯᠢ ᠳᠦᠷᠢᠮ ᠤᠨ ᠠᠯᠪᠠᠨ ᠭᠡᠷ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ ᠨᠤᠭᠤᠳ ᠨᠠᠶᠢᠳᠠᠪᠤᠷᠢᠵᠢᠭᠤᠯᠤᠨ᠎ᠠ︶        ᠢᠳᠡᠭᠡᠨ ᠤ ᠠᠮᠦᠷ ᠲᠥᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ 2016 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠣᠷᠣᠨ ᠤ ᠣᠨᠴᠠᠯᠢᠭᠲᠤ ᠢᠳᠡᠭᠡᠨ ᠤ ᠣᠷᠣᠨ ᠨᠣᠲᠤᠭ ᠤᠨ ᠪᠠᠷᠢᠮᠵᠢᠶ᠎ᠠ ᠶᠢᠨ ᠨᠠᠷᠢᠨ ᠬᠠᠭᠤᠳᠠᠰᠤ ᠵᠢᠴᠢ ᠠᠵᠢᠯ ᠤᠨ ᠲᠦᠰᠦᠯ ᠢ ᠲᠣᠭᠲᠠᠭᠠᠬᠤ ᠬᠡᠷᠡᠭᠲᠡᠢ᠃ ᠦᠷᠦᠮ᠎ᠡ᠂ ᠬᠤᠷᠤᠳ ᠵᠡᠷᠭᠡ ᠶᠢᠨ ᠣᠷᠣᠨ ᠨᠤᠲᠤᠭ ᠤᠨ ᠪᠠᠷᠢᠮᠵᠢᠶ᠎ᠠ ᠳᠤ ᠱᠠᠯᠠᠪᠳᠠᠨ ᠵᠠᠰᠠᠪᠤᠷᠢ ᠣᠷᠤᠭᠤᠯᠵᠤ᠂ ᠰᠢᠷ᠎ᠠ ᠲᠤᠰᠤ᠂ ᠬᠡᠭᠦᠦ ᠶᠢᠨ ᠰᠦ᠂ ᠲᠡᠮᠡᠭᠡᠨ ᠤ ᠰᠦ ᠵᠡᠷᠭᠡ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠬᠤᠭᠤᠷᠤᠭᠰᠠᠨ ᠪᠤᠳᠠᠭ᠎ᠠ᠂ ᠴᠡᠭᠡ ᠵᠡᠷᠭᠡ ᠶᠢᠨ ᠣᠷᠣᠨ ᠨᠤᠲᠤᠭ ᠤᠨ ᠪᠠᠷᠢᠮᠵᠢᠶ᠎ᠠ ᠵᠢᠴᠢ ᠦᠬᠡᠷ ᠬᠤᠨᠢᠨ ᠤ ᠮᠢᠬ᠎ᠠ ᠶᠢ ᠬᠡᠰᠡᠭᠯᠡᠬᠦ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠶᠢ ᠡᠳ᠋ᠰᠢᠭᠦᠯᠬᠦ ᠶᠢᠨ ᠡᠷᠡᠭᠦᠯ ᠬᠠᠮᠠᠭᠠᠯᠠᠯ ᠤᠨ ᠵᠢᠷᠤᠮᠯᠡᠯ ᠢ ᠵᠢᠯ ᠤᠨ ᠳᠤᠲᠤᠷ᠎ᠠ ᠡᠬᠢᠯᠡᠭᠦᠯᠦᠨ᠂ ᠪᠣᠷᠴᠠᠭ ᠤᠨ ᠴᠢᠴᠢᠭᠡᠰᠦ᠂ ᠪᠣᠯᠭᠤᠭᠰᠠᠨ ᠮᠢᠬᠠᠨ ᠢᠳᠡᠭᠡᠨ ᠵᠡᠷᠭᠡ ᠢᠳᠡᠭᠡᠨ ᠤ ᠪᠠᠷᠢᠮᠵᠢᠶ᠎ᠠ ᠶᠢ ᠰᠦᠪᠡᠭᠴᠢᠯᠡᠨ ᠲᠣᠭᠲᠠᠭᠠᠬᠤ ᠬᠡᠷᠡᠭᠲᠡᠢ᠃ ᠠᠵᠤ ᠠᠬᠤᠶᠢᠯᠠᠯ ᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ ᠠᠵᠤ ᠠᠬᠤᠶᠢᠯᠠᠯ ᠤᠨ ᠢᠳᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠴᠠᠭᠠᠨ ᠢᠳᠡᠭᠡ᠂ ᠮᠢᠬᠠᠨ ᠢᠳᠡᠭᠡᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠤᠯᠤᠰ ᠤᠨ ᠪᠠᠷᠢᠮᠵᠢᠶ᠎ᠠ ᠠᠴᠠ ᠦᠨᠳᠦᠷ᠂ ᠣᠯᠠᠨ ᠤᠯᠤᠰ ᠤᠨ ᠪᠠᠷᠢᠮᠵᠢᠶ᠎ᠠ ᠲᠠᠢ ᠵᠡᠷᠭᠡᠴᠡᠬᠦ‍ ᠨᠢᠭᠡ ᠪᠦᠯᠦᠭ ᠠᠵᠤ ᠠᠬᠤᠶᠢᠯᠠᠯ ᠤᠨ ᠢᠳᠡᠭᠡᠨ ᠤ ᠪᠠᠷᠢᠮᠵᠢᠶ᠎ᠠ ᠶᠢ ᠲᠣᠭᠲᠠᠭᠠᠬᠤ ᠪᠠᠷ ᠴᠢᠷᠮᠠᠶᠢᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶          ᠵᠢᠷᠭᠤᠭ᠎ᠠ᠂ ᠢᠷᠡᠯᠲᠡ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠢ ᠦᠨᠡᠨᠬᠦ ᠪᠠᠲᠤᠯᠠᠬᠤ ᠬᠡᠷᠡᠭᠲᠡᠢ        ᠢᠷᠡᠯᠲᠡ ᠠᠴᠠ ᠨᠢ ᠵᠠᠰᠠᠬᠤ ᠶᠢ ᠴᠢᠩᠭᠠᠷᠠᠭᠤᠯᠵᠤ᠂ ᠲᠠᠷᠢᠶᠠᠨ ᠤ ᠡᠮ᠂ ᠮᠠᠯ ᠤᠨ ᠪᠠᠺᠲ᠋ᠧᠷᠢ ᠲᠠᠷᠤᠬᠤ ᠡᠮ᠂ ᠬᠠᠷ᠎ᠠ ᠮᠢᠬᠠᠯᠠᠭᠤᠯᠬᠤ ᠬᠠᠨᠳᠠ ᠶᠢ ᠬᠡᠷᠡᠭᠯᠡᠬᠦ ᠪᠠ ᠮᠠᠯ ᠲᠡᠵᠢᠭᠡᠪᠦᠷᠢ ᠤᠰᠤᠨ ᠤ ᠭᠠᠷᠤᠯᠲᠠ ᠳᠤ ᠪᠠᠺᠲ᠋ᠧᠷᠢ ᠳᠠᠷᠤᠬᠤ ᠡᠮ ᠢ ᠲᠣᠭᠲᠠᠭᠠᠯ ᠠᠴᠠ ᠵᠦᠷᠢᠴᠡᠨ ᠬᠡᠷᠡᠭᠯᠡᠬᠦ ᠶᠢ ᠴᠠᠭᠠᠵᠠᠯᠠᠨ ᠬᠢᠵᠠᠭᠠᠷᠯᠠᠬᠤ ᠪᠠᠷ ᠭᠤᠣᠯᠳᠠᠯᠭ᠎ᠠ ᠪᠣᠯᠭᠠᠭᠰᠠᠨ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠦᠷᠨᠢᠭᠦᠯᠬᠦ ᠬᠡᠷᠡᠭᠲᠡᠢ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠭᠦᠨ ᠢ ᠲᠠᠷᠢᠬᠤ᠂ ᠮᠠᠯ ᠲᠡᠵᠢᠭᠡᠪᠦᠷᠢ ᠤᠰᠤᠨ ᠤ ᠭᠠᠷᠤᠯᠲᠠ ᠶᠢ ᠲᠡᠵᠢᠭᠡᠨ ᠦᠷᠡᠵᠢᠭᠦᠯᠬᠦ ᠵᠡᠷᠭᠡ ᠭᠤᠭᠴᠤᠭ᠎ᠠ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠴᠠᠭᠠᠵᠠ ᠲᠠᠢ ᠡᠮ ᠤᠨ ᠵᠦᠢᠯ ᠢ ᠬᠠᠤᠯᠢ ᠪᠤᠰᠤ ᠪᠠᠷ ᠨᠡᠮᠡᠬᠦ᠂ ᠡᠪᠡᠳᠴᠢᠨ ᠢᠶᠠᠷ ᠦᠬᠦᠭᠰᠡᠨ ᠪᠠ ᠡᠪᠡᠳᠴᠢᠨ ᠬᠢᠵᠢᠭ ᠲᠠᠢ ᠮᠠᠯ ᠲᠡᠵᠢᠭᠡᠪᠦᠷᠢ ᠶᠢ ᠬᠤᠳᠠᠯᠳᠤᠨ ᠠᠪᠬᠤ ᠪᠠ ᠨᠢᠳᠤᠯᠬᠤ ᠂ ᠲᠠᠷᠢᠶᠠᠯᠠᠩ ᠤᠨ ᠡᠳ᠋ ᠪᠠᠷᠠᠭ᠎ᠠ ᠶᠢ ᠬᠠᠭᠤᠷᠮᠠᠬᠯᠠᠨ ᠦᠢᠯᠡᠳᠴᠦ ᠪᠣᠷᠤᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠦᠷᠦᠰᠦ ᠰᠢᠷᠤᠢ᠂ ᠤᠰᠤ ᠂ ᠬᠦᠨᠳᠦ ᠲᠡᠮᠦᠷᠯᠢᠭ ᠤᠨ ᠪᠣᠬᠢᠷᠳᠤᠯ ᠢ ᠵᠠᠰᠠᠬᠤ ᠡᠷᠴᠢᠮ ᠪᠠ ᠲᠡᠵᠢᠭᠡᠯ ᠪᠤᠷᠳᠤᠭ᠎ᠠ᠂ ᠲᠡᠵᠢᠭᠡᠯ ᠪᠤᠷᠳᠤᠭ᠎ᠠ ᠶᠢᠨ ᠨᠡᠮᠡᠯᠲᠡ ᠡᠳ᠋ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠣᠷᠤᠭᠤᠯᠤᠯᠲᠠ ᠶᠢᠨ ᠡᠳ᠋ ᠢ ᠬᠡᠷᠡᠭᠯᠡᠬᠦ ᠶᠢ ᠡᠵᠡᠮᠳᠡᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠦᠢᠯᠡᠳᠪᠦᠷᠢᠯᠡᠯ ᠤᠨ ᠣᠷᠴᠢᠨ ᠲᠣᠭᠤᠷᠢᠨ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠠᠩᠬᠠᠨ ᠤ ᠪᠤᠭᠤᠮᠲᠠ ᠶᠢ ᠪᠠᠲᠤ ᠰᠠᠬᠢᠬᠤ ᠬᠡᠷᠡᠭᠲᠡᠢ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠲᠤᠳᠤᠭᠠᠲᠤ ᠶᠢ ᠬᠠᠮᠠᠭᠠᠯᠠᠬᠤ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶᠃ ᠭᠤᠣᠯᠳᠠᠯᠭ᠎ᠠ ᠲᠠᠢ ᠲᠥᠭᠰᠢᠭᠦᠷᠢ ᠶᠢᠨ ᠳᠠᠯᠳᠠ ᠭᠡᠮ ᠢ ᠬᠢᠨᠠᠨ ᠬᠠᠮᠢᠶᠠᠷᠬᠤ ᠨᠡᠷᠡᠰ ᠤᠨ ᠵᠢᠭᠰᠠᠭᠠᠯᠲᠠ ᠶᠢ ᠪᠠᠶᠢᠭᠤᠯᠵᠤ᠂ ᠲᠤᠭᠤᠷᠢᠨ ᠪᠠᠶᠢᠴᠠᠭᠠᠬᠤ ᠪᠠ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠠᠶᠢᠴᠠᠭᠠᠯᠲᠠ ᠬᠢᠵᠦ ᠴᠣᠬᠢᠯᠲᠠ ᠥᠭᠬᠦ ᠳᠤ ᠬᠠᠮᠲᠤᠷᠠᠨ ᠦᠢᠯᠡᠳᠦᠯᠴᠡᠬᠦ ᠶᠢ ᠬᠡᠷᠡᠭᠵᠢᠭᠦᠯᠬᠦ ᠬᠡᠷᠡᠭᠲᠡᠢ᠃ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠳᠠᠪᠠᠭᠤᠯᠢᠭ ᠣᠷᠣᠨ ᠪᠦᠰᠡ ᠪᠣᠯᠣᠨ ︽ᠬᠤᠯᠢᠰᠢᠨ ᠢᠳᠡᠭᠡᠨ︾ ᠤ ᠪᠦᠲᠦᠭᠡᠭᠳᠡᠭᠦᠨ ᠢᠶᠠᠷ ᠭᠤᠣᠯᠳᠠᠯᠭ᠎ᠠ ᠪᠣᠯᠭᠠᠵᠤ᠂ ᠢᠳᠡᠰᠢᠨ ᠨᠤᠭᠤᠭ᠎ᠠ᠂ ᠵᠢᠮᠢᠰ ᠤᠨ ᠪᠠᠷᠢᠮᠵᠢᠶᠠᠲᠦ ᠬᠦᠷᠢᠶᠡᠯᠡᠩ ᠪᠣᠯᠣᠨ ᠮᠠᠯ ᠲᠡᠵᠢᠭᠡᠪᠦᠷᠢ ᠲᠡᠵᠢᠭᠡᠨ ᠦᠷᠡᠵᠢᠭᠦᠯᠬᠦ ᠪᠠᠷᠢᠮᠵᠢᠶᠠᠲᠦ ᠵᠢᠱᠢᠶ᠎ᠡ ᠦᠵᠡᠭᠦᠯᠬᠦ ᠲᠠᠯᠠᠪᠠᠢ᠂ ᠤᠰᠤᠨ ᠤ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠬᠰᠠᠨ ᠦᠢᠯᠡᠳᠪᠦᠷᠢᠯᠡᠯ ᠢ ᠠᠬᠢᠭᠤᠯᠬᠤ ᠬᠡᠷᠡᠭᠲᠡᠢ᠃ ᠬᠢᠮᠢ ᠶᠢᠨ ᠪᠤᠷᠳᠤᠭᠤᠷ ᠲᠠᠷᠢᠶᠠᠨ ᠤ ᠡᠮ ᠢ ᠦᠴᠦᠬᠡᠨ ᠴᠦ ᠨᠡᠮᠡᠭᠳᠡᠭᠦᠯᠬᠦ ᠦᠭᠡᠢ ᠠᠵᠢᠯᠯᠠᠭ᠎ᠠ ᠶᠢ ᠦᠷᠨᠢᠭᠦᠯᠵᠦ᠂ ᠣᠯᠠᠨ ᠨᠡᠶᠢᠲᠡ ᠳᠤ ᠬᠤᠣᠷᠳᠠᠬᠳᠠᠯ ᠦᠭᠡᠢ᠂ ᠪᠣᠬᠢᠷᠳᠤᠯ ᠦᠭᠡᠢ᠂ ᠤᠷᠭᠠᠨᠢᠭ ᠂ ᠭᠠᠵᠠᠷ ᠵᠦᠢ ᠶᠢᠨ ᠲᠡᠮᠳᠡᠭ ᠵᠡᠷᠭᠡ ᠠᠮᠦᠷ ᠲᠥᠪᠰᠢᠨ ᠴᠢᠨᠠᠷ ᠰᠠᠶᠢᠲᠠᠢ ᠨᠡᠷᠡᠲᠦ ᠲᠦᠷᠦᠯ ᠲᠡᠮᠲᠡᠭᠲᠦ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠬᠥᠭᠵᠢᠭᠦᠯᠬᠦ ᠬᠡᠷᠡᠭᠲᠡᠢ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠠ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠦᠨ᠂ 2016 ᠣᠨ ᠳᠤ ᠤᠯᠤᠰ ᠤᠨ ᠳᠡᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠰᠢᠶᠠᠨ 3 ᠪᠠ ᠦᠪᠡᠷᠲᠡᠭᠡᠨ ᠵᠠᠰᠬᠠᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ 8 ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠮᠦᠷᠳᠡᠨ ᠤᠬᠤᠴᠢᠯᠠᠬᠤ ᠮᠡᠳᠡᠭᠡ ᠵᠠᠩᠭᠢ ᠶᠢᠨ ᠲᠡᠪᠴᠡᠩ ᠢ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠷᠰᠢᠯᠲᠠ ᠶᠢᠨ ᠴᠡᠭ ᠤᠨ ᠲᠣᠷᠰᠢᠯᠭ᠎ᠠ ᠪᠠᠨ ᠳ᠋ᠦᠩᠨᠡᠨ᠂ ᠮᠦᠷᠳᠡᠨ ᠤᠬᠤᠴᠢᠯᠠᠬᠤ ᠬᠡᠪᠴᠢᠶ᠎ᠡ ᠶᠢ ᠦᠷᠭᠡᠳᠭᠡᠵᠦ᠂ ᠭᠠᠷᠤᠯᠲᠠ ᠶᠢᠨ ᠣᠷᠣᠨ ᠤ ᠭᠡᠷᠡᠴᠢᠯᠡᠬᠦ ᠠᠵᠢᠯ ᠢ ᠦᠷᠨᠢᠭᠦᠯᠦᠨ᠂ ᠪᠦᠬᠦ ᠣᠷᠣᠨ ᠤ ᠠᠵᠤ ᠦᠢᠯᠡᠰᠵᠢᠭᠰᠡᠨ ᠬᠦᠲᠦᠴᠢ ᠠᠵᠤ ᠠᠬᠤᠶᠢᠯᠠᠯ᠂ ᠣᠯᠠᠨ ᠨᠡᠶᠢᠲᠡ ᠳᠤ ᠬᠤᠣᠷᠳᠠᠯ ᠦᠭᠡᠢ᠂ ᠪᠣᠬᠢᠷᠳᠤᠯ ᠦᠭᠡᠢ᠂ ᠤᠷᠭᠠᠨᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠠ ᠭᠠᠵᠠᠷ ᠵᠦᠢ ᠶᠢᠨ ᠲᠡᠮᠳᠡᠭ ᠢᠶᠠᠷ ᠮᠠᠭᠠᠳᠯᠠᠨ ᠨᠤᠲᠠᠯᠠᠭᠰᠠᠨ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠪᠦᠲᠦᠭᠡᠭᠳᠡᠭᠦᠨ ᠪᠦᠬᠦᠨ ᠢ ᠮᠦᠷᠳᠡᠨ ᠤᠬᠤᠴᠢᠯᠠᠵᠤ ᠪᠣᠯᠬᠤ ᠶᠢ ᠳᠠᠷᠦ᠋ᠢᠬᠠᠨ ᠪᠡᠶᠡᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠳᠤᠯᠤᠭ᠎ᠠ᠂ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠳᠤᠪᠤᠶᠢᠯᠭᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ        ᠲᠥᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠭᠰᠢᠭᠦᠷᠢ ᠶᠢ ᠬᠢᠨᠠᠨ ᠰᠢᠨᠵᠢᠬᠦ ᠤᠯᠤᠰ ᠤᠨ ᠲᠦᠯᠦᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠬᠢᠨᠠᠨ ᠰᠢᠨᠵᠢᠬᠦ ᠲᠦᠰᠦᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠭᠦᠨ᠂ ᠢᠳᠡᠭᠡᠨ᠂ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠭᠦᠨ ᠤ ᠲᠥᠭᠰᠢᠭᠦᠷᠢ ᠶᠢ ᠬᠢᠨᠠᠨ ᠰᠢᠨᠵᠢᠬᠦ ᠪᠠ ᠰᠤᠳᠤᠯᠤᠨ ᠮᠠᠭᠠᠳᠯᠠᠬᠤ ᠠᠵᠢᠯ ᠢ ᠴᠢᠩᠭᠠᠳᠬᠠᠵᠤ᠂ ᠭᠠᠳᠠᠭᠠᠲᠤ ᠠᠴᠠ ᠣᠷᠤᠭᠤᠯᠵᠤ ᠭᠠᠷᠭᠠᠬᠤ ᠢᠳᠡᠭᠡᠨ ᠢ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠲᠥᠭᠰᠢᠭᠦᠷᠢ ᠶᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠴᠠᠭ ᠲᠣᠬᠠᠢ ᠳᠤᠨᠢ ᠳᠡᠭᠡᠭᠰᠢ ᠮᠡᠳᠡᠭᠦᠯᠬᠦ ᠪᠠ ᠮᠡᠳᠡᠭᠡᠯᠡᠵᠦ᠂ ᠡᠷᠲᠡ ᠠᠳᠬᠤᠨ ᠪᠠᠭ᠎ᠠ ᠠᠴᠠ ᠨᠢ ᠠᠳᠬᠤᠵᠦ ᠢᠯᠡᠷᠡᠯ ᠠᠴᠠ ᠨᠢ ᠠᠳᠬᠤᠬᠤ ᠶᠢ ᠪᠠᠷᠢᠮᠲᠠᠯᠠᠨ᠂ ᠢᠳᠡᠭᠡᠨ ᠤ ᠠᠮᠦᠷ ᠲᠥᠪᠰᠢᠨ ᠤ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠲᠠᠷᠢᠶᠠᠯᠠᠩ ᠮᠠᠯ ᠠᠵᠤ ᠠᠬᠤᠢ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠦᠴᠢᠷ ᠤᠳ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠬᠢᠨᠠᠨ ᠰᠢᠨᠵᠢᠭᠰᠡᠨ ᠪᠠᠶᠢᠳᠠᠯ ᠢᠶᠠᠨ ᠦᠨᠳᠦᠰᠦᠯᠡᠨ᠂ ᠲᠠᠷᠢᠶᠠᠨ ᠤ ᠡᠮ᠂ ᠮᠠᠯ ᠤᠨ ᠡᠮ᠂ ᠬᠢᠮᠢ ᠶᠢᠨ ᠪᠣᠷᠳᠤᠭᠤᠷ᠂ ᠲᠡᠵᠢᠭᠡᠯ ᠪᠣᠷᠳᠤᠭᠠᠨ ᠤ ᠨᠡᠮᠡᠯᠲᠡ ᠡᠳ᠋ ᠵᠡᠷᠭᠡ ᠲᠠᠷᠢᠶᠠᠯᠠᠩ ᠤᠨ ᠣᠷᠤᠭᠤᠯᠤᠯᠲᠠ ᠶᠢᠨ ᠡᠳ᠋᠂ ᠨᠢᠯᠬ᠎ᠠ ᠨᠢᠷᠠᠢ ᠬᠡᠦᠬᠡᠳ ᠲᠤ ᠵᠤᠷᠢᠬᠵᠢᠭᠤᠯᠤᠬᠰᠠᠨ ᠨᠠᠶᠢᠷᠠᠯᠭ᠎ᠠ ᠲᠠᠢ ᠢᠳᠡᠭᠡᠨ᠂ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠣᠨᠴᠤᠭᠤᠢ ᠬᠡᠷᠡᠭᠴᠡᠭᠡ ᠲᠠᠢ ᠨᠠᠶᠢᠷᠠᠯᠭ᠎ᠠ ᠲᠠᠢ ᠢᠳᠡᠭᠡᠨ ᠵᠡᠷᠭᠡ ᠣᠨᠴᠤᠭᠤᠢ ᠢᠳᠡᠭᠡᠨ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ᠂ ᠪᠠᠷᠢᠯᠭ᠎ᠠ ᠶᠢᠨ ᠭᠠᠵᠠᠷ᠂ ᠳᠡᠭᠡᠳᠦ ᠬᠤᠷᠳᠤ ᠶᠢᠨ ᠵᠠᠰᠠᠮᠠᠯ ᠵᠠᠮ ᠳᠠᠭᠠᠤ ᠵᠡᠷᠭᠡ ᠭᠤᠣᠯᠳᠠᠯᠭ᠎ᠠ ᠲᠠᠢ ᠭᠠᠵᠠᠷ ᠲᠤ ᠬᠤᠶᠠᠷ ᠰᠠᠷ᠎ᠠ ᠶᠢᠨ ᠬᠤᠭᠤᠴᠠᠭ᠎ᠠ ᠲᠠᠢ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ︽ᠳᠠᠬᠢᠵᠦ ᠦᠵᠡᠬᠦ︾ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠰᠢᠨ ᠬᠤᠣᠷ ᠲᠠᠢ᠂ ᠶᠡᠭᠡ ᠬᠤᠣᠷ ᠲᠠᠢ ᠲᠠᠷᠢᠶᠠᠨ ᠤ ᠡᠮ ᠢ ᠬᠠᠤᠯᠢ ᠴᠠᠭᠠᠵᠠ ᠳᠤ ᠲᠤᠳᠤᠷᠬᠠᠢ ᠴᠠᠭᠠᠵᠠᠯᠠᠭᠰᠠᠨ ᠲᠠᠷᠢᠮᠠᠯ ᠤᠨ ᠵᠦᠢᠯ ᠤᠨ ᠦᠢᠯᠡᠳᠪᠦᠷᠢᠯᠡᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠂ ᠮᠠᠨ ᠤ ᠣᠷᠣᠨ ᠤ ᠴᠠᠭᠠᠨ ᠢᠳᠡᠭᠡ᠂ ᠮᠢᠬᠠᠨ ᠢᠳᠡᠭᠡᠨ ᠵᠢᠴᠢ ᠣᠷᠣᠨ ᠨᠤᠲᠤᠭ ᠪᠠ ᠦᠨᠳᠦᠰᠦᠲᠡᠨ ᠤ ᠣᠨᠴᠠᠯᠢᠭᠲᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠲᠤᠳᠤᠮ ᠤᠨ ᠬᠢᠨᠠᠨ ᠪᠠᠶᠢᠴᠠᠭᠠᠬᠤ ᠳᠤ ᠲᠣᠣᠷᠵᠢᠭᠤᠯᠤᠭᠰᠠᠨ᠂ ᠬᠦᠰᠦᠨᠦᠭᠵᠢᠭᠦᠯᠦᠭᠰᠡᠨ᠂ ᠣᠷᠤᠮᠵᠢᠭᠤᠯᠤᠭᠰᠠᠨ᠂ ᠤᠶᠤᠨᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠰᠦ᠂ ᠮᠢᠬ᠎ᠠ᠂ ᠠᠮᠤ ᠪᠤᠳᠠᠭ᠎ᠠ ᠢᠳᠡᠰᠢᠨ ᠲᠤᠰᠤ᠂ ᠬᠠᠷ᠎ᠠ ᠠᠷᠢᠬᠢ ᠵᠡᠷᠭᠡ ᠭᠤᠣᠯᠳᠠᠯᠭ᠎ᠠ ᠲᠠᠢ ᠢᠳᠡᠭᠡᠨ ᠤ ᠲᠣᠭᠤᠷᠢᠨ ᠳᠤ ︽ᠢᠳᠡᠰᠢᠨ ᠤ ᠪᠤᠰᠦ ᠡᠳ᠋ ᠢ ᠬᠠᠤᠯᠢ ᠪᠤᠰᠤ ᠪᠠᠷ ᠨᠡᠮᠡᠬᠦ ᠪᠠ ᠬᠤᠶᠠᠷ ᠢ ᠬᠡᠲᠦᠷᠡᠭᠦᠯᠬᠦ︾᠂ ᠬᠤᠳᠠᠯ ᠵᠦᠢᠯ ᠢ ᠬᠤᠯᠢᠵᠤ ᠬᠠᠭᠤᠷᠮᠠᠬᠯᠠᠬᠤ᠂ ᠮᠢᠺᠷᠣᠪ ᠨᠢ ᠪᠠᠷᠢᠮᠵᠢᠶ᠎ᠠ ᠠᠴᠠ ᠬᠡᠲᠦᠷᠡᠬᠦ᠂ ᠬᠡᠪᠰᠢᠭᠦᠯᠦᠭᠴᠢ ᠡᠳ᠋ ᠤᠨ ᠪᠤᠬᠢᠷᠳᠤᠯ ᠵᠡᠷᠭᠡ ᠭᠤᠣᠯᠳᠠᠯᠭ᠎ᠠ ᠲᠠᠢ ᠠᠰᠠᠭᠤᠳᠠᠯ ᠢᠶᠠᠷ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠳᠤ ᠲᠤᠰᠬᠠᠶᠢᠯᠠᠨ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠦᠷᠨᠢᠭᠦᠯᠬᠦ ᠬᠡᠷᠡᠭᠲᠡᠢ᠃ ᠵᠠᠰᠠᠬ ᠵᠠᠬᠢᠷᠭᠠᠨ ᠤ ᠬᠡᠷᠡᠭᠵᠢᠭᠦᠯᠬᠦ ᠬᠠᠤᠯᠢ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠵᠤᠯᠭᠠᠭᠤᠯᠬᠤ ᠶᠢ ᠴᠢᠩᠭᠠᠷᠠᠭᠤᠯᠵᠤ᠂ ᠬᠡᠷᠡᠭ ᠢ ᠲᠠᠩᠨᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠦᠴᠦᠬᠡᠨ ᠴᠦ ᠬᠦᠯᠢᠴᠡᠬᠦ ᠦᠭᠡᠢ᠂ ᠲᠥᠷᠭᠡᠨ ᠬᠦᠳᠡᠯᠬᠦ᠂ ᠬᠦᠨᠳᠦ ᠴᠣᠬᠢᠯᠲᠠ ᠥᠭᠬᠦ᠂ ᠲᠦᠢᠯ ᠤᠨ ᠣᠨᠣᠪᠴᠢᠲᠠᠢ ᠪᠠᠷ ᠴᠣᠬᠢᠯᠲᠠ ᠥᠭᠬᠦ᠂ ᠲᠦᠷᠭᠡᠨ ᠪᠠᠶᠢᠴᠠᠭᠠᠨ ᠭᠦᠢᠴᠡᠳᠭᠡᠵᠦ᠂ ᠢᠳᠡᠭᠡᠨ ᠤ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠲᠤᠳᠤᠭᠠᠲᠤ ᠶᠢ ᠬᠠᠮᠠᠭᠠᠯᠠᠬᠤ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠨᠠᠢᠮᠠ᠂ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠶᠤᠨᠴᠢ ᠪᠠᠷ ᠬᠢᠨᠠᠨ ᠬᠠᠮᠢᠶᠠᠷᠬᠤ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ        ︽ᠨᠢᠭᠡ ᠱᠠᠲᠤ ᠠᠴᠠ ᠪᠠᠶᠢᠷᠢᠯᠠᠭᠤᠯᠵᠤ᠂ ᠳᠥᠷᠪᠡᠨ ᠱᠠᠲᠤᠨ ᠤ ᠬᠢᠨ ᠬᠡᠷᠡᠭᠯᠡᠬᠦ︾ ᠵᠠᠷᠴᠢᠮ ᠤᠨ ᠶᠤᠰᠤᠭᠠᠷ ᠳᠡᠭᠡᠳᠦ ᠳᠡᠰ ᠤᠨ ᠵᠢᠷᠤᠭ ᠲᠦᠯᠦᠪᠯᠡᠭᠡ ᠶᠢ ᠰᠠᠶᠢᠲᠤᠷ ᠬᠢᠵᠦ᠂ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠬᠢᠨ ᠬᠡᠷᠡᠭᠯᠡᠬᠦ ᠶᠢᠨ ᠳᠡᠭᠡᠷ᠎ᠡ ᠳᠡᠭᠡᠲᠦ ᠳᠤᠤᠷᠠᠲᠦ ᠱᠠᠲᠦ ᠪᠠᠷ ᠨᠡᠪᠲᠡᠷᠡᠯᠴᠡᠭᠰᠡᠨ᠂ ᠪᠦᠷᠢᠯᠳᠦᠭᠦᠨ ᠨᠢᠭᠡᠴᠡ ᠨᠦᠭᠦᠳ ᠬᠠᠮᠲᠤᠪᠠᠷ ᠬᠦᠷᠳᠡᠬᠦ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠡᠪᠴᠡᠩ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠬᠢ ᠪᠠᠶᠠᠯᠢᠭ ᠢ ᠬᠠᠮᠲᠤᠪᠠᠷ ᠬᠦᠷᠲᠡᠬᠦ ᠪᠠ ᠮᠡᠳᠡᠭᠡ ᠵᠠᠩᠭᠢ ᠰᠣᠯᠢᠯᠴᠠᠬᠤ ᠶᠢ ᠴᠢᠩᠭᠠᠳᠬᠠᠬᠤ ᠬᠡᠷᠡᠭᠲᠡᠢ᠃ 2016 ᠣᠨ ᠤ ᠵᠢᠯ ᠤᠨ ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠱᠠᠲᠤᠨ ᠤ ᠲᠡᠪᠴᠡᠩ ᠢ ᠪᠠᠶᠢᠭᠤᠯᠬᠤ ᠶᠢ ᠪᠡᠶᠡᠯᠡᠭᠦᠯᠬᠦ ᠶᠢᠨ ᠬᠠᠮᠲᠤ᠂ ᠡᠯ᠎ᠡ ᠠᠶᠢᠮᠠᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠰᠦᠯᠵᠢᠶ᠎ᠡ ᠨᠡᠪᠲᠡᠷᠡᠬᠦ ᠶᠢ ᠪᠡᠶᠡᠯᠡᠭᠦᠯᠬᠦ ᠪᠠᠷ ᠴᠢᠷᠮᠠᠶᠢᠵᠤ᠂ 2017 ᠣᠨ ᠪᠣᠯᠬᠤ ᠳᠤ ᠪᠦᠬᠦ ᠣᠷᠣᠨ ᠤ 102 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠦᠷᠲᠡᠯ᠎ᠡ ᠦᠷᠭᠡᠳᠭᠡᠨ᠂ ᠭᠤᠣᠯᠳᠠᠯᠭ᠎ᠠ ᠲᠠᠢ ᠠᠵᠤ ᠠᠬᠤᠶᠢᠯᠠᠯ᠂ ᠨᠢᠭᠡᠴᠡ ᠶᠢᠨ ᠡᠯᠧᠺᠲᠷᠤᠨ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠭᠦᠭᠦᠯᠬᠦ ᠶᠢ ᠪᠡᠶᠡᠯᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠳᠣᠲᠤᠭᠠᠲᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠨᠠᠶᠢᠳᠠᠪᠤᠷᠢᠵᠢᠭᠤᠯᠤᠨ᠎ᠠ︶        ᠰᠦ᠂ ᠮᠢᠬ᠎ᠠ᠂ ᠠᠮᠤ᠂ ᠲᠤᠰᠤ᠂ ᠠᠷᠢᠬᠢ ᠵᠡᠷᠭᠡ ᠲᠦᠷᠦᠯ ᠤᠨ ᠢᠳᠡᠭᠡᠨ ᠢᠶᠠᠷ ᠭᠤᠣᠯᠳᠠᠯᠭ᠎ᠠ ᠪᠣᠯᠭᠠᠵᠤ᠂ ᠬᠡᠳᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠢᠴᠢ ᠲᠤᠮᠤ ᠬᠡᠯᠪᠡᠷᠢ ᠶᠢᠨ ᠢᠳᠡᠭᠡᠨ ᠤ ᠦᠢᠯᠡᠳᠪᠦᠷᠢᠯᠡᠯ ᠡᠳ᠋ᠰᠢᠭᠦᠯᠭᠡ ᠡᠵᠡᠩᠨᠡᠯᠲᠡ ᠶᠢᠨ ᠠᠵᠤ ᠠᠬᠤᠶᠢᠯᠠᠯ ᠳᠤ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠡᠭ ᠤᠨ ᠬᠡᠪᠴᠢᠶ᠎ᠡ ᠶᠢ ᠦᠷᠭᠡᠳᠭᠡᠬᠦ ᠬᠡᠷᠡᠭᠲᠡᠢ᠃ ᠰᠦ ᠵᠢᠴᠢ ᠴᠠᠭᠠᠨ ᠢᠳᠡᠭᠡ᠂ ᠦᠬᠡᠷ ᠬᠤᠨᠢᠨ ᠮᠢᠬ᠎ᠠ ᠵᠢᠴᠢ ᠮᠢᠬᠠᠨ ᠢᠳᠡᠭᠡᠨ᠂ ᠲᠦᠮᠦᠰᠦ᠂ ᠬᠠᠷ᠎ᠠ ᠠᠷᠢᠬᠢ ᠵᠡᠷᠭᠡ ᠦᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠪᠦᠲᠦᠭᠡᠭᠳᠡᠭᠦᠨ ᠪᠠ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠭᠦᠨ ᠤ ᠶᠠᠰᠤ ᠴᠢᠨᠠᠷ ᠢ ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠵᠤ᠂ 2017 ᠣᠨ ᠤ ᠵᠢᠯ ᠤᠨ ᠰᠡᠭᠦᠯᠴᠢ ᠠᠴᠠ ᠡᠮᠦᠨ᠎ᠡ ᠭᠤᠣᠯᠳᠠᠯᠭ᠎ᠠ ᠲᠠᠢ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠠ ᠢᠳᠡᠭᠡᠨ ᠤ ᠶᠠᠰᠤ ᠴᠢᠨᠠᠷ ᠤᠨ ᠠᠮᠦᠷ ᠲᠥᠪᠰᠢᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠬᠤ᠂ ᠢᠷᠡᠯᠲᠡ ᠶᠢ ᠨᠢ ᠮᠦᠷᠳᠡᠨ ᠤᠬᠤᠴᠢᠯᠠᠵᠤ ᠪᠣᠯᠬᠤ᠂ ᠶᠠᠪᠤᠴᠠ ᠶᠢ ᠨᠢ ᠡᠵᠡᠮᠳᠡᠵᠦ ᠪᠣᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶        ᠶᠢᠰᠦ᠂ ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠲᠠᠢ ᠠᠵᠢᠯ ᠤᠨ ᠪᠠᠶᠢᠷᠢ ᠲᠠᠢ ᠠᠵᠢᠯᠲᠠᠨ ᠲᠠᠢ ᠠᠷᠭ᠎ᠠ ᠠᠪᠴᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ        ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠢᠳᠡᠭᠡᠨ ᠤ ᠠᠮᠦᠷ ᠲᠥᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ︵ᠦᠪᠦᠷ ᠨᠠᠮ ᠲᠠᠷᠬᠠᠭᠠᠭᠰᠠᠨ ︹ 2016︺ 8 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠣᠷᠣᠨ ᠨᠤᠲᠤᠭ ᠢᠶᠠᠨ ᠬᠠᠮᠠᠭᠠᠯᠠᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ ᠪᠠᠶᠢᠭᠤᠯᠤᠯ ᠤᠨ ᠦᠭᠡᠷᠡᠴᠢᠯᠡᠯᠲᠡ᠂ ᠡᠩᠨᠡᠭᠡ ᠶᠢᠨ ᠪᠠᠶᠢᠭᠤᠯᠤᠯᠲᠠ ᠪᠠ ᠮᠡᠷᠭᠡᠵᠢᠯ ᠤᠨ ᠲᠤᠯᠭᠠᠭᠤᠷᠢᠯᠠᠯ ᠵᠡᠷᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ︽ᠡᠭᠦᠷᠭᠡ ᠬᠠᠷᠢᠭᠤᠴᠠᠯᠭ᠎ᠠ ᠲᠠᠢ᠂ ᠠᠵᠢᠯ ᠤᠨ ᠪᠠᠶᠢᠷᠢ ᠲᠠᠢ᠂ ᠠᠵᠢᠯᠲᠠᠨ ᠲᠠᠢ᠂ ᠠᠷᠭ᠎ᠠ ᠠᠪᠴᠠᠯ ᠲᠠᠢ ᠪᠠᠶᠢᠬᠤ︾ ᠶᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ ᠠᠵᠢᠯ ᠢ ᠲᠤᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠪᠣᠯᠣᠨ ᠬᠠᠷᠠᠯᠲᠠᠲᠦ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠤᠭᠤᠯᠤᠨ᠂ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ 2016 ᠣᠨ ᠳᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠬᠦᠮᠦᠨ ᠨᠢᠭᠡᠪᠦᠷᠢ ᠳᠤ ᠳᠤᠮᠳᠠᠴᠢ ᠪᠠᠷ 15 ᠲᠦᠭᠦᠷᠢᠭ ᠤᠨ ᠪᠠᠷᠢᠮᠵᠢᠶ᠎ᠠ ᠳᠤ ᠬᠦᠷᠦᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠮᠦ ᠪᠦᠷᠢ ᠳᠤ 1.3 ᠲᠦᠭᠦᠷᠢᠭ᠂ ᠮᠠᠯ ᠤᠨ ᠲᠤᠭ᠎ᠠ ᠲᠤᠯᠤᠭᠠᠢ ᠪᠦᠷᠢ ᠳᠤ 0.5 ᠲᠦᠭᠦᠷᠢᠭ ᠤᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠪᠠᠶᠢᠴᠠᠭᠠᠨ ᠬᠠᠤᠯᠢ ᠬᠡᠷᠡᠭᠵᠢᠭᠦᠯᠬᠦ᠂ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ᠂ ᠶᠡᠷᠦᠩᠬᠡᠶᠢᠯᠡᠨ ᠵᠣᠬᠢᠴᠠᠭᠤᠯᠬᠤ ᠵᠡᠷᠭᠡ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠵᠦᠢ ᠵᠣᠬᠢᠰᠲᠠᠢ ᠲᠣᠬᠢᠷᠠᠭᠤᠯᠵᠤ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠪᠠᠲᠤᠵᠢᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠷᠢᠮᠵᠢᠶᠠᠵᠢᠬᠰᠠᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠯᠠᠬᠤ ᠲᠠᠯᠠᠪᠤᠷ᠂ ᠬᠠᠤᠯᠢ ᠬᠡᠷᠡᠭᠵᠢᠭᠦᠯᠬᠦ ᠲᠤᠨᠤᠭ ᠲᠥᠭᠦᠭᠡᠷᠦᠮᠵᠢ᠂ ᠬᠠᠤᠯᠢ ᠬᠡᠷᠡᠭᠵᠢᠭᠦᠯᠬᠦ ᠲᠡᠷᠭᠡ ᠬᠦᠰᠭᠡ᠂ ᠥᠳᠲᠡᠷ ᠲᠥᠷᠭᠡᠨ ᠪᠠᠶᠢᠴᠠᠭᠠᠨ ᠬᠡᠮᠵᠢᠬᠦ ᠬᠡᠮᠵᠢᠭᠦᠷᠯᠢᠭ ᠵᠡᠷᠭᠡ ᠶᠢ ᠨᠠᠶᠢᠳᠠᠪᠤᠷᠢᠵᠢᠭᠤᠯᠤᠨ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ 60% ᠠᠴᠠ ᠳᠡᠭᠡᠭᠰᠢᠬᠢ ᠳᠤ ᠪᠠᠷᠢᠮᠵᠢᠶᠠᠵᠢᠬᠰᠠᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 2017 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠬᠠᠮᠢᠶ᠎ᠠ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠯᠭᠠᠨ ᠬᠢᠨᠠᠬᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠠᠷᠪᠠ᠂ ᠦᠯᠢᠭᠡᠷ ᠳᠠᠭᠤᠷᠢᠶᠠᠯ ᠡᠭᠦᠳᠬᠦ ᠠᠵᠢᠯ ᠢ ᠢᠳᠡᠪᠬᠢᠲᠡᠢ ᠦᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨᠲᠦ ᠦᠪᠦᠷ ᠮᠣᠩᠭᠤᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ        ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ︽ᠬᠤᠶᠠᠷ ᠢ ᠡᠭᠦᠳᠴᠦ ᠨᠢᠭᠡ ᠶᠢ ᠪᠠᠶᠢᠭᠤᠯᠬᠤ︾ ︵ᠤᠯᠤᠰ ᠤᠨ ᠢᠳᠡᠭᠡᠨ ᠤ ᠠᠮᠦᠷ ᠲᠥᠪᠰᠢᠨ ᠤ ᠬᠤᠲᠠ᠂ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠰᠢᠶᠠᠨ ᠢ ᠡᠭᠦᠳᠬᠦ ᠪᠤᠯᠤᠨ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨᠲᠦ ᠦᠪᠦᠷ ᠮᠣᠩᠭᠤᠯ ᠢ ᠪᠦᠲᠦᠭᠡᠨ ᠪᠠᠶᠢᠭᠤᠯᠬᠤ︶ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠭᠦᠷᠭᠡ᠂ ᠠᠷᠭ᠎ᠠ ᠬᠡᠮᠵᠢᠶ᠎ᠡ᠂ ᠴᠠᠭ ᠬᠤᠭᠤᠴᠠᠭ᠎ᠠ ᠂ ᠬᠠᠷᠢᠭᠤᠴᠠᠯᠭ᠎ᠠ ᠶᠢ ᠲᠣᠭᠲᠠᠭᠠᠨ᠂ ᠦᠷᠭᠦᠯᠵᠢᠯᠡᠨ ᠬᠦᠴᠦᠯᠡᠵᠦ᠂ ᠳᠦᠷᠪᠡᠨ ᠱᠠᠲᠤ ᠪᠠᠷ ᠢᠶᠠᠨ ᠬᠠᠮᠲᠤᠷᠠᠨ ᠬᠦᠳᠡᠯᠦᠯᠴᠡᠵᠦ᠂ ᠬᠤᠭᠤᠴᠠᠭ᠎ᠠ ᠬᠤᠪᠢᠶᠠᠨ ᠪᠠᠷᠢᠮᠵᠢᠶ᠎ᠠ ᠳᠤ ᠬᠦᠷᠦᠭᠦᠯᠦᠨ᠂ ᠱᠠᠭᠠᠷᠳᠠᠯᠭ᠎ᠠ ᠶᠤᠰᠤᠭᠠᠷ ᠲᠣᠭᠲᠠᠭᠰᠠᠨ ᠬᠤᠭᠤᠴᠠᠭᠠᠨ ᠳᠠᠭᠠᠨ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠬᠦᠬᠡᠬᠤᠲᠠ᠂ ᠤᠯᠠᠭᠠᠨᠴᠠᠪ ᠬᠤᠲᠠ ᠨᠢ ᠤᠯᠤᠰ ᠤᠨ ᠳᠡᠰ ᠤᠨ ᠢᠳᠡᠭᠡᠨ ᠤ ᠠᠮᠦᠷ ᠲᠥᠪᠰᠢᠨᠲᠦ ᠬᠤᠲᠠ ᠶᠢᠨ ᠳᠤᠮᠳᠠ ᠬᠤᠭᠤᠴᠠᠭᠠᠨ ᠤ ᠰᠢᠯᠭᠠᠨ ᠬᠤᠷᠢᠶᠠᠵᠤ ᠦᠨᠡᠯᠡᠨ ᠵᠢᠱᠢᠬᠦ ᠶᠢᠨ ᠤᠭᠲᠤᠬᠤ ᠠᠵᠢᠯ ᠢ ᠰᠠᠶᠢᠲᠤᠷ ᠬᠢᠵᠦ᠂ ᠪᠤᠰᠤᠳ ᠠᠶᠢᠮᠠᠭ ᠬᠤᠲᠠ ᠨᠢ ᠢᠳᠡᠭᠡᠨ ᠤ ᠠᠮᠦᠷ ᠲᠥᠪᠰᠢᠨ ᠤ ᠬᠤᠲᠠ ᠶᠢ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠢᠳᠡᠭᠡᠨ ᠤ ᠠᠮᠦᠷ ᠲᠥᠪᠰᠢᠨ ᠤ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠵᠡᠭᠡᠯᠢ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨᠲᠦ ᠦᠪᠦᠷ ᠮᠣᠩᠭᠤᠯ ᠢ ᠪᠦᠲᠦᠭᠡᠨ ᠪᠠᠶᠢᠭᠤᠯᠬᠤ ᠪᠠᠷᠢᠮᠵᠢᠶ᠎ᠠ ᠶᠢᠨ ᠱᠠᠭᠠᠷᠳᠠᠯᠭ᠎ᠠ ᠶᠤᠰᠤᠭᠠᠷ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠢᠳᠡᠭᠡᠨ ᠤ ᠡᠳ᠋ᠰᠢᠭᠦᠯᠭᠡ ᠶᠢᠨ ᠬᠦᠷᠢᠶᠡᠯᠡᠩ ᠲᠣᠭᠤᠷᠢᠭ ᠢ 1 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠵᠤ᠂ ᠡᠮᠦᠨᠡᠬᠢ ᠬᠤᠭᠤᠴᠠᠭᠠᠨ ᠳᠤ ᠡᠳᠦᠷ ᠲᠤᠳᠤᠮ ᠤᠨ ᠬᠡᠷᠡᠭᠯᠡᠭᠡ ᠶᠢᠨ ᠬᠡᠮᠵᠢᠶ᠎ᠡ ᠪᠠᠷ ᠶᠡᠭᠡ ᠹᠧᠨᠲ᠋ᠢᠶᠣᠣᠷ᠂ ᠮᠠᠨᠳᠠᠤ᠂ ᠪᠣᠷᠴᠠᠭ ᠤᠨ ᠴᠢᠴᠢᠭᠡᠰᠦ᠂ ᠳ᠋ᠧᠥᠹᠦ᠋ ︽ᠳᠥᠷᠪᠡᠨ ᠴᠠᠭᠠᠨ︾ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠤᠭᠤᠯᠬᠤ ᠪᠠᠷ ᠴᠢᠷᠮᠠᠶᠢᠵᠤ᠂ 2017 ᠣᠨ ᠪᠣᠯᠬᠤ ᠳᠤ ᠵᠢᠵᠢᠭ ᠦᠢᠯᠡᠳᠭᠡᠯ ᠤᠨ ᠭᠠᠵᠠᠷ ᠢ ᠬᠦᠷᠢᠶᠡᠯᠡᠩ ᠳᠤ ᠣᠷᠤᠭᠤᠯᠤᠭᠰᠠᠨ ᠨᠤᠷᠮ᠎ᠠ ᠪᠠᠨ 60% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠦᠷᠢ ᠳᠡᠭᠡᠨ 2016 ᠣᠨ ᠤ ᠵᠢᠯ ᠤᠨ ᠰᠡᠭᠦᠯᠴᠢ ᠠᠴᠠ ᠡᠮᠦᠨ᠎ᠡ ᠬᠤᠭᠤᠯᠠ ᠪᠠ ᠲᠣᠭᠤᠭᠠᠨ ᠭᠡᠷ ᠤᠨ ᠬᠠᠶᠠᠭᠳᠠᠮᠠᠯ ᠪᠤᠳᠠᠰ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠶᠢ 1 ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠬᠤᠭᠤᠯᠠ ᠪᠠ ᠲᠣᠭᠤᠭᠠᠨ ᠭᠡᠷ ᠤᠨ ᠬᠠᠶᠠᠭᠳᠠᠮᠠᠯ ᠪᠤᠳᠠᠰ ᠢ ᠵᠢᠷᠤᠮᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠵᠢᠷᠤᠮᠵᠢᠭᠤᠯᠤᠭᠰᠠᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠦᠯᠢᠭᠡᠷ ᠳᠠᠭᠤᠷᠢᠶᠠᠯ ᠡᠭᠦᠳᠬᠦ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠰᠢᠨ ᠤ ᠲᠠᠷᠢᠶᠠᠯᠠᠩ ᠤᠨ ᠪᠦᠲᠦᠭᠡᠭᠳᠡᠭᠦᠨ ᠪᠠ ᠢᠳᠡᠭᠡᠨ ᠤ ᠲᠦᠪᠯᠡᠷᠡᠭᠦᠯᠦᠨ ᠰᠤᠯᠢᠯᠴᠠᠬᠤ ᠵᠠᠬ᠎ᠠ ᠳᠡᠯᠭᠡᠭᠦᠷ ᠢ 1 ᠠᠴᠠ 2 ᠦᠭᠡᠷᠡᠴᠢᠯᠡᠨ ᠪᠠᠶᠢᠭᠤᠯᠬᠤ ᠪᠤᠶᠤ ᠰᠢᠨ᠎ᠡ ᠪᠠᠷ ᠪᠠᠶᠢᠭᠤᠯᠬᠤ ᠶᠢ ᠠᠬᠢᠭᠤᠯᠵᠤ᠂ ᠲᠦᠪᠯᠡᠷᠡᠭᠦᠯᠦᠨ ᠰᠤᠯᠢᠯᠴᠠᠬᠤ ᠵᠠᠬ᠎ᠠ ᠳᠡᠯᠭᠡᠭᠦᠷ ᠢ ᠡᠷᠬᠢᠯᠡᠭᠰᠡᠨ ᠨᠢᠭᠡᠴᠡ ᠨᠢᠭᠡᠪᠦᠷᠢ ᠨᠢ ᠲᠦᠷᠭᠡᠨ ᠪᠠᠶᠢᠴᠠᠭᠠᠯᠲᠠ ᠬᠢᠬᠦ ᠲᠥᠭᠦᠭᠡᠷᠦᠮᠵᠢ ᠶᠢ ᠲᠣᠬᠢᠷᠠᠭᠤᠯᠤᠨ᠂ ᠪᠠᠶᠢᠴᠠᠭᠠᠨ ᠰᠢᠯᠭᠠᠬᠤ ᠠᠵᠢᠯ ᠢ ᠦᠷᠨᠢᠭᠦᠯᠵᠦ᠂ ᠥᠷᠭᠡᠨ ᠣᠯᠠᠨ ᠠᠷᠠᠳ ᠲᠦᠮᠡᠨ ᠢ ᠰᠠᠨᠠᠭ᠎ᠠ ᠠᠮᠦᠷ ᠬᠡᠷᠡᠭᠯᠡᠬᠦ ᠪᠤᠯᠭᠠᠵᠦ᠂ ᠢᠳᠡᠭᠡᠨ ᠤ ᠠᠮᠦᠷ ᠲᠥᠪᠰᠢᠨ ᠳᠤ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶        ᠠᠷᠪᠠᠨ ᠨᠢᠭᠡ᠂ ᠨᠡᠶᠢᠭᠡᠮ ᠳᠠᠶᠠᠭᠠᠷ ᠬᠠᠮᠲᠤ ᠪᠠᠷ ᠵᠠᠰᠠᠬᠤ ᠪᠠᠶᠢᠳᠠᠯ ᠢ ᠬᠦᠴᠦᠯᠡᠨ ᠪᠠᠶᠢᠭᠤᠯᠵᠤ᠂ ᠠᠷᠠᠳ ᠤᠯᠠᠨ ᠤ ᠵᠣᠯ ᠵᠢᠷᠭᠠᠯ ᠤᠨ ᠢᠯᠡᠳᠭᠡᠭᠴᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ        ᠢᠳᠡᠭᠡᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠮᠢᠶᠠᠷᠤᠯᠲᠠ ᠶᠢᠨ ᠵᠢᠷᠤᠮᠯᠡᠯ ᠢ ᠶᠡᠬᠡᠪᠡᠷ ᠬᠡᠷᠡᠭᠵᠢᠭᠦᠯᠵᠦ᠂ ᠲᠥᠭᠰᠢᠭᠦᠷᠢ ᠶᠢ ᠳᠡᠰ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠪᠠᠷᠠᠭ᠎ᠠ ᠤᠷᠤᠭᠤᠯᠬᠤ ᠶᠢ ᠪᠠᠶᠢᠴᠠᠭᠠᠬᠤ᠂ ᠦᠢᠯᠡᠳᠪᠦᠷᠢ ᠠᠴᠠ ᠭᠠᠷᠬᠤ ᠳᠤ ᠪᠠᠶᠢᠴᠠᠭᠠᠨ ᠰᠢᠯᠭᠠᠬᠤ᠂ ᠦᠨᠡᠮᠯᠡᠯ ᠦᠵᠡᠵᠦ ᠫᠢᠶᠤᠤ ᠪᠠᠶᠢᠴᠠᠭᠠᠬᠤ᠂ ᠬᠤᠳᠠᠯᠳᠤᠨ ᠠᠪᠬᠤ ᠪᠠ ᠪᠣᠷᠤᠯᠠᠭᠤᠯᠬᠤ ᠡᠬᠡ ᠳᠠᠩᠰᠠ ᠶᠢ ᠲᠡᠮᠲᠡᠭᠯᠡᠬᠦ᠂ ᠪᠣᠯᠪᠠᠰᠤᠷᠠᠭᠤᠯᠤᠨ ᠰᠢᠯᠭᠠᠨ ᠬᠢᠨᠠᠬᠤ᠂ ᠲᠥᠭᠰᠢᠭᠦᠷᠢ ᠶᠢ ᠦᠪᠡᠷ ᠢᠶᠠᠨ ᠪᠠᠶᠢᠴᠠᠭᠠᠬᠤ᠂ ᠪᠦᠲᠦᠭᠡᠭᠳᠡᠭᠦᠨ ᠢ ᠡᠭᠡᠭᠦᠯᠬᠦ᠂ ᠪᠦᠬᠦ ᠶᠠᠪᠤᠴᠠ ᠶᠢ ᠲᠡᠮᠲᠡᠭᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠪᠤᠯᠵᠤᠨ ᠶᠠᠷᠢᠯᠴᠠᠬᠤ ᠬᠡᠪᠰᠢᠭᠰᠡᠨ ᠲᠣᠭᠲᠠᠴᠠ ᠶᠢ ᠠᠬᠢᠭᠤᠯᠤᠨ ᠪᠠᠶᠢᠭᠤᠯᠵᠤ᠂ ᠠᠵᠤ ᠠᠬᠤᠶᠢᠯᠠᠯ ᠢ ᠰᠢᠮᠳᠠᠭᠤᠯᠤᠨ ᠢᠳᠡᠭᠡᠨ ᠤ ᠠᠮᠦᠷ ᠲᠥᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠬᠡᠷᠡᠭᠲᠡᠢ᠃ ᠠᠵᠢᠯᠯᠠᠭᠰᠠᠳ ᠤᠨ ᠨᠡᠶᠢᠭᠡᠮ ᠨᠡᠶᠢᠲᠡ ᠶᠢᠨ ᠶᠤᠰᠤ ᠮᠤᠷᠠᠯ ᠪᠠ ᠠᠵᠢᠯ ᠮᠡᠷᠭᠡᠵᠢᠯ ᠤᠨ ᠶᠤᠰᠤ ᠮᠤᠷᠠᠯ ᠤᠨ ᠬᠦᠮᠦᠵᠢᠯ ᠢ ᠦᠷᠨᠢᠭᠦᠯᠬᠦ ᠬᠡᠷᠡᠭᠲᠡᠢ ︵ᠦᠪᠡᠷᠲᠡᠭᠡᠨ ᠵᠠᠰᠬᠠᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶᠃ ᠢᠳᠡᠭᠡᠨ ᠤ ᠠᠮᠦᠷ ᠲᠥᠪᠰᠢᠨ ᠤ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠳᠡᠭᠡᠨ ᠤ ᠠᠮᠦᠷ ᠲᠥᠪᠰᠢᠨ ᠤ ᠠᠮᠠᠯᠠᠯᠲᠠ ᠶᠢᠨ ᠠᠵᠢᠯᠯᠠᠭ᠎ᠠ ᠶᠢ ᠦᠷᠨᠢᠭᠦᠯᠦᠨ᠂ ᠢᠳᠡᠭᠡᠨ ᠤ ᠠᠮᠦᠷ ᠲᠥᠪᠰᠢᠨ ᠤ ᠢᠲᠡᠭᠡᠯ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠢᠳᠡᠭᠡᠨ ᠤ ᠠᠮᠦᠷ ᠲᠥᠪᠰᠢᠨ ᠤ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠠᠵᠢᠯ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠣᠨᠣᠪᠴᠢᠲᠠᠢ ᠨᠡᠶᠢᠲᠡᠯᠡᠵᠦ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠠᠤᠯᠢ ᠲᠣᠭᠲᠠᠭᠠᠯ ᠠᠴᠠ ᠵᠦᠷᠢᠴᠡᠭᠰᠡᠨ ᠠᠵᠤ ᠠᠬᠤᠶᠢᠯᠠᠯ ᠪᠣᠯᠣᠨ ᠬᠤᠪᠢ ᠬᠦᠮᠦᠨ ᠤ ︽ᠨᠡᠷ᠎ᠡ ᠶᠢᠨ ᠬᠠᠷ᠎ᠠ ᠳᠠᠩᠰᠠ︾ ᠶᠢ ᠨᠡᠶᠢᠭᠡᠮ ᠨᠡᠶᠢᠲᠡ ᠳᠤ ᠨᠡᠶᠢᠲᠡᠯᠡᠨ ᠂ ᠨᠡᠶᠢᠭᠡᠮ ᠤᠨ ᠣᠯᠠᠨ ᠨᠡᠶᠢᠲᠡ ᠳᠤ ᠲᠥᠭᠰᠢᠭᠦᠷᠢ ᠶᠢᠨ ᠪᠠᠶᠢᠳᠠᠯ ᠢ ᠣᠶᠢᠯᠠᠭᠠᠭᠤᠯᠵᠤ᠂ ᠲᠥᠭᠰᠢᠭᠦᠷᠢ ᠠᠴᠠ ᠵᠠᠶᠢᠯᠠᠭᠤᠯᠤᠨ᠎ᠠ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠦᠷ ᠮᠣᠩᠭᠤᠯ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶᠃ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠵᠦ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠭᠤᠯᠬᠤ ᠬᠡᠷᠡᠭᠲᠡᠢ᠃ ᠢᠳᠡᠭᠡᠨ ᠤ ᠠᠮᠦᠷ ᠲᠥᠪᠰᠢᠨ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠬᠠᠭᠤᠯᠭ᠎ᠠ ᠶᠢᠨ ᠬᠡᠪᠴᠢᠶ᠎ᠡ ᠪᠣᠯᠣᠨ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ᠂ ᠠᠮᠦᠷ ᠲᠥᠪᠰᠢᠨ ᠤ ᠬᠦᠮᠦᠵᠢᠯ ᠤᠨ ᠠᠵᠢᠯᠯᠠᠭ᠎ᠠ ᠶᠢᠨ ᠠᠭᠤᠯᠭ᠎ᠠ ᠳᠤ ᠣᠷᠤᠭᠤᠯᠬᠤ ᠬᠡᠷᠡᠭᠲᠡᠢ᠃ ︽ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠱᠠᠩᠨᠠᠬᠤ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠡᠭᠦᠯᠳᠡᠷᠵᠢᠭᠦᠯᠵᠦ᠂ ᠱᠠᠩᠨᠠᠯ ᠲᠠᠢ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠬᠦ ᠬᠡᠷᠡᠭᠲᠡᠢ᠃ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢᠨ ᠰᠡᠷᠡᠮᠵᠢ ᠪᠤᠶᠤ ᠬᠡᠷᠡᠭᠯᠡᠭᠡ ᠶᠢᠨ ᠰᠠᠨᠠᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠨᠡᠶᠢᠲᠡᠯᠡᠵᠦ᠂ ᠬᠡᠷᠡᠭᠯᠡᠭᠴᠢᠳ ᠤᠨ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ︽ᠰᠠᠷ᠎ᠠ ᠪᠦᠷᠢ 3 · 15︾ ᠲᠠᠢ ᠪᠠᠶᠢᠬᠤ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠵᠡᠷᠭᠡ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠬᠡᠷᠡᠭᠲᠡᠢ᠃ ᠢᠳᠡᠭᠡᠨ ᠤ ᠠᠵᠢᠯ ᠲᠦᠷᠦᠯ ᠤᠨ ᠨᠡᠶᠢᠭᠡᠮᠯᠢᠭ ᠤᠨ ᠠᠵᠢᠯ ᠲᠦᠷᠦᠯ ᠢᠶᠠᠷ ᠢᠶᠠᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠶᠢ ᠨᠢ ᠠᠬᠢᠭᠤᠯᠵᠤ᠂ ᠢᠳᠡᠭᠡᠨ ᠤ ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠤᠰᠤᠭᠠᠷ ᠦᠢᠯᠡᠳᠪᠦᠷᠢᠯᠡᠨ ᠡᠵᠡᠩᠨᠡᠬᠦ ᠶᠢ ᠬᠦᠲᠦᠯᠦᠨ ᠵᠢᠯᠤᠭᠤᠳᠬᠤ ᠪᠠ ᠰᠢᠮᠳᠠᠭᠤᠯᠤᠨ᠂ ᠢᠳᠡᠭᠡᠨ ᠤ ᠠᠮᠦᠷ ᠲᠥᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠢᠳᠡᠭᠡᠨ ᠤ ᠠᠮᠦᠷ ᠲᠥᠪᠰᠢᠨ ᠤ ᠮᠡᠳᠡᠭᠡ ᠵᠠᠩᠬᠢᠴᠢᠨ᠂ ᠬᠤᠯᠪᠣᠭᠠᠴᠢᠨ᠂ ᠲᠣᠣᠷᠵᠢᠭᠤᠯᠤᠭᠴᠢ ᠶᠢᠨ ᠡᠩᠨᠡᠭᠡ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠱᠠᠲᠤᠨ ᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠦ ᠬᠤᠷᠠᠯ ᠨᠢ ᠢᠳᠡᠭᠡᠨ ᠤ ᠠᠮᠦᠷ ᠲᠥᠪᠰᠢᠨ ᠳᠤ ᠬᠢᠨᠠᠯᠲᠠ ᠲᠠᠯᠪᠢᠬᠤ ᠶᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠴᠢᠬᠤᠯᠠ ᠠᠭᠤᠯᠭ᠎ᠠ ᠪᠣᠯᠭᠠᠨ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠢᠳᠡᠭᠡᠨ ᠤ ᠠᠮᠦᠷ ᠲᠥᠪᠰᠢᠨ ᠳᠤ ᠬᠢᠨᠠᠯᠲᠠ ᠲᠠᠯᠪᠢᠬᠤ ᠳᠤ ᠣᠷᠤᠯᠴᠠᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶          ᠠᠷᠪᠠᠨ ᠬᠤᠶᠠᠷ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ︵ᠠᠯᠪᠠᠨ ᠭᠡᠷ︶ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠭᠡᠨ ᠤ ᠠᠮᠦᠷ ᠲᠥᠪᠰᠢᠨ ᠤ ᠠᠵᠢᠯ ᠤᠨ ᠨᠡᠶᠢᠯᠡᠮᠡᠯ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ        ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠲᠦᠷᠦᠭᠦᠯᠡᠨ ᠠᠳᠬᠤᠬᠤ ᠶᠡᠷᠦᠩᠬᠡᠢ ᠦᠢᠯᠡᠳᠦᠯ ᠪᠣᠯᠣᠨ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠵᠤ ᠭᠦᠢᠴᠡᠳᠭᠡᠯᠭᠡᠬᠦ᠂ ᠰᠢᠯᠭᠠᠨ ᠬᠢᠨᠠᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠢᠳᠡᠪᠬᠢᠲᠡᠢ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠡ ᠶᠢᠨ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠪᠦᠷᠢᠯᠳᠦᠭᠦᠨ ᠨᠢᠭᠡᠴᠡ ᠶᠢᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠰᠠᠨᠠᠯ︾ ᠢ ᠲᠣᠭᠲᠠᠭᠠᠨ ᠨᠡᠶᠢᠲᠡᠯᠡᠵᠦ᠂ ᠡᠯ᠎ᠡ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠨ᠂ ᠰᠠᠯᠠᠭ᠎ᠠ ᠮᠦᠴᠢᠷ ᠤᠳ ᠤᠨ ᠬᠤᠭᠤᠷᠤᠨᠳᠤᠬᠢ ᠬᠠᠮᠵᠢᠯᠴᠠᠬᠤ ᠬᠠᠷᠢᠴᠠᠭ᠎ᠠ ᠪᠣᠯᠣᠨ ᠬᠠᠮᠵᠢᠯᠴᠠᠬᠤ ᠲᠣᠭᠲᠠᠴᠠ ᠶᠢ ᠨᠠᠷᠢᠯᠢᠬᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠦᠷᠢᠨ ᠲᠡᠭᠦᠯᠳᠡᠷ᠂ ᠨᠢᠬᠲᠠᠴᠠ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠵᠦᠪᠯᠡᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠬᠠᠮᠵᠢᠯᠴᠠᠨ᠎ᠠ︶᠃ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠲᠣᠭᠲᠠᠮᠠᠯ ᠬᠤᠷᠠᠯ ᠪᠣᠯᠣᠨ ᠲᠤᠰᠬᠠᠶᠢᠯᠠᠨ ᠮᠡᠳᠡᠭᠦᠯᠬᠦ ᠳᠦᠷᠢᠮ ᠢ ᠨᠡᠶᠢᠲᠡᠯᠡᠬᠦ ᠬᠡᠷᠡᠭᠲᠡᠢ᠃ ᠤᠯᠠᠷᠢᠯ ᠪᠣᠯᠭᠠᠨ ᠳᠤ ᠨᠢᠭᠡ ᠤᠳᠠᠭ᠎ᠠ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠪᠦᠭᠦᠳᠡ ᠬᠤᠷᠠᠯ ᠢ ᠬᠤᠷᠠᠯᠳᠤᠭᠤᠯᠵᠤ᠂ ᠡᠯ᠎ᠡ ᠪᠦᠷᠢᠯᠳᠦᠭᠦᠨ ᠨᠢᠭᠡᠴᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠢᠳᠡᠭᠡᠨ ᠤ ᠠᠮᠦᠷ ᠲᠥᠪᠰᠢᠨ ᠤ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠬᠠᠮᠲᠤᠷᠠᠭᠰᠠᠨ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ 2 ᠰᠠᠷ᠎ᠠ ᠳᠤ ᠨᠢᠭᠡ ᠤᠳᠠᠭ᠎ᠠ ᠪᠦᠷᠢᠯᠳᠦᠭᠦᠨ ᠨᠢᠭᠡᠴᠡ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠤᠨ᠂ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠴᠠᠭ ᠲᠣᠬᠠᠢ ᠳᠤᠨᠢ ᠳ᠋ᠦᠩᠨᠡᠵᠦ᠂ ᠣᠷᠤᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠳᠠᠷᠠᠭ᠎ᠠ ᠠᠯᠬᠤᠮ ᠤᠨ ᠠᠵᠢᠯ ᠢ ᠰᠤᠳᠤᠯᠤᠨ ᠲᠣᠬᠢᠷᠠᠭᠤᠯᠵᠤ᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠰᠢᠮᠳᠠᠭᠤᠯᠤᠨ᠂ ᠢᠳᠡᠭᠡᠨ ᠤ ᠠᠮᠦᠷ ᠲᠥᠪᠰᠢᠨ ᠤ ᠠᠵᠢᠯ ᠤᠨ ᠪᠠᠶᠢᠳᠠᠯ ᠢ ᠴᠠᠭ ᠲᠣᠬᠠᠢ ᠳᠤᠨᠢ ᠮᠡᠳᠡᠭᠦᠯᠬᠦ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠮᠡᠳᠡᠭᠡ ᠵᠠᠩᠭᠢ ᠶᠢᠨ ᠰᠤᠯᠢᠯᠴᠠᠭᠠᠨ ᠤ ᠲᠡᠪᠴᠡᠩ ᠢ ᠪᠠᠶᠢᠭᠤᠯᠵᠤ᠂ ᠠᠵᠢᠯ ᠤᠨ ᠬᠦᠳᠡᠯᠦᠯ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠮᠵᠢᠯᠴᠠᠨ᠎ᠠ︶᠃ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠨᠡᠬᠡᠮᠵᠢᠯᠡᠬᠦ ᠶᠢᠨ ᠲᠦᠷ ᠬᠡᠷᠡᠭᠵᠢᠭᠦᠯᠬᠦ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ᠢᠳᠡᠭᠡᠨ ᠤ ᠠᠮᠦᠷ ᠲᠥᠪᠰᠢᠨ ᠤ ᠠᠵᠢᠯ ᠤᠨ ᠬᠠᠷᠢᠴᠠᠭᠤᠯᠭ᠎ᠠ ᠲᠠᠢ ᠬᠦᠮᠦᠰ  ᠯᠦᠭᠡ ᠶᠢᠨ ᠪᠤᠯᠵᠤᠨ ᠶᠠᠷᠢᠯᠴᠠᠬᠤ ᠳᠦᠷᠢᠮ ᠢ ᠪᠠᠶᠢᠭᠤᠯᠤᠨ᠂ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠮᠵᠢᠯᠴᠠᠨ᠎ᠠ︶        ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠪᠦᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠲᠥᠪᠰᠢᠨ ᠠᠴᠠ ᠢᠳᠡᠭᠡᠨ ᠤ ᠠᠮᠦᠷ ᠲᠥᠪᠰᠢᠨ ᠤ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠢ ᠪᠠᠲᠤᠯᠠᠬᠤ ᠶᠢ ᠠᠷᠠᠳ ᠤᠨ ᠠᠮᠢᠳᠤᠷᠠᠯ ᠤᠨ ᠲᠤᠮᠤ ᠬᠡᠷᠡᠭ᠂ ᠬᠥᠭᠵᠢᠯᠲᠡ ᠶᠢᠨ ᠢᠨᠵᠧᠨᠧᠷᠢᠩ ᠪᠣᠯᠣᠨ ᠤᠯᠤᠰ ᠲᠥᠷᠥ ᠶᠢᠨ ᠡᠭᠦᠷᠭᠡ ᠪᠣᠯᠭᠠᠨ᠂ ᠠᠵᠢᠯ ᠤᠨ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠦ᠂ ᠬᠠᠷᠢᠭᠤᠴᠠᠯᠭᠠᠲᠤ ᠨᠢᠭᠡᠴᠡ᠂ ᠪᠣᠲᠠᠲᠠᠢ ᠴᠠᠭ ᠬᠤᠭᠤᠴᠠᠭ᠎ᠠ ᠶᠢ ᠲᠤᠳᠤᠷᠬᠠᠶᠢᠯᠠᠨ᠂ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠠᠲᠤᠯᠠᠭ᠎ᠠ᠂ ᠠᠵᠢᠯᠲᠠᠨ ᠪᠠ ᠵᠠᠷᠤᠳᠠᠯ ᠤᠨ ᠪᠠᠲᠤᠯᠠᠭ᠎ᠠ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢᠨ ᠪᠠᠲᠤᠯᠠᠭ᠎ᠠ ᠵᠡᠷᠭᠡ ᠠᠷᠭ᠎ᠠ ᠬᠡᠮᠵᠢᠶ᠎ᠡ ᠶᠢ ᠠᠪᠴᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠦᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号