ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠠᠷᠪᠠᠨ ᠳᠥᠷᠪᠡᠨ ᠶᠡᠭᠡ ᠭᠢᠯᠠᠰ ᠴᠡᠭ
ᠨᠡᠶᠢᠲᠡᠯᠡᠭᠰᠡᠨ ᠴᠠᠭ᠄
2016-12-02
       ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠭᠤᠣᠯ ᠰᠡᠳᠦᠪ ᠪᠣᠯᠭᠠᠭᠰᠠᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠬᠤ ᠪᠠ ᠵᠢᠷᠤᠮᠵᠢᠭᠤᠯᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ ᠪᠠᠷ ᠪᠦᠬᠦ ᠨᠠᠮ ᠤᠨ ᠬᠠᠮᠲᠤ ᠶᠢᠨ ᠡᠭᠦᠷᠭᠡ ᠪᠣᠯᠭᠠᠭᠰᠠᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠨᠢ ︽ᠰᠢᠨ᠎ᠡ ᠪᠠᠶᠢᠳᠠᠯ ᠳᠣᠣᠷᠠᠬᠢ ᠨᠠᠮ ᠤᠨ ᠲᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠶᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠵᠥᠪᠯᠡᠭᠡᠳ ᠪᠠᠲᠤᠯᠠᠪᠠ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠲᠥᠪ ᠬᠤᠷᠢᠶ᠎ᠠ ᠶᠢᠨ ᠨᠡᠶᠢᠲᠡᠯᠡᠨ ᠬᠡᠷᠡᠭᠵᠢᠭᠦᠯᠦᠭᠰᠡᠨ ᠪᠤᠶᠤ ᠵᠠᠰᠠᠪᠤᠷᠢ ᠣᠷᠣᠭᠤᠯᠤᠭᠰᠠᠨ ᠨᠠᠮ ᠤᠨ ᠳᠣᠲᠣᠭᠠᠳᠤ ᠶᠢᠨ 50 ᠭᠠᠷᠤᠢ ᠬᠠᠤᠯᠢ ᠲᠣᠭᠲᠠᠭᠠᠯ ᠳᠣᠲᠣᠷ᠎ᠠ᠂ ᠡᠨᠡ ᠬᠤᠶᠠᠷ ᠪᠢᠴᠢᠭ ᠮᠠᠲ᠋ᠧᠷᠢᠶᠠᠯ ᠤᠨ ᠴᠢᠬᠤᠯᠠ ᠴᠢᠨᠠᠷ ᠪᠠ ᠵᠠᠩᠭᠢᠯᠠᠭ᠎ᠠ ᠶᠢᠨ ᠴᠢᠨᠠᠷ ᠨᠢ ︽ᠳᠦᠷᠢᠮ ᠤᠨ ᠰᠢᠩᠭᠡᠯᠢᠭ︾ ᠢ ᠤᠯᠠᠮ ᠪᠠᠬᠢᠯᠡᠬᠦ ᠳᠤ ᠠᠰᠢᠭᠲᠠᠢ ᠮᠥᠷᠲᠡᠭᠡᠨ ᠪᠠᠰᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠨᠡᠩ ᠪᠠᠲᠤ ᠪᠠᠬᠢ ᠳᠦᠷᠢᠮ ᠤᠨ ᠲᠦᠰᠢᠭ ᠲᠤᠯᠭᠠᠭᠤᠷᠢ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠳᠤ ᠠᠰᠢᠭᠲᠠᠢ ᠶᠤᠮ᠃        ᠡᠭᠦᠨ ᠤ ᠲᠤᠯᠠᠳᠠ᠂ ︽ᠰᠢᠨ᠎ᠡ ᠪᠠᠶᠢᠳᠠᠯ ᠳᠣᠣᠷᠠᠬᠢ ᠨᠠᠮ ᠤᠨ ᠲᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠤᠨ ᠶᠢᠰᠦᠨ ᠶᠡᠭᠡ ᠭᠢᠯᠠᠰ ᠴᠡᠭ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ ︵ᠲᠤᠷᠰᠢᠨ ᠬᠡᠷᠡᠭᠵᠢᠭᠦᠯᠬᠦ︶︾ ᠤᠨ ᠲᠠᠪᠤᠨ ᠶᠡᠭᠡ ᠭᠢᠯᠠᠰ ᠴᠡᠭ ᠢ ᠣᠶᠢᠯᠭᠠᠬᠤ ᠴᠢᠬᠤᠯᠠ ᠲᠠᠢ ᠪᠠᠶᠢᠨ᠎ᠠ᠃        ᠨᠢᠭᠡ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠷᠠᠬᠢ ᠤᠯᠤᠰ ᠲᠦᠷᠦ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠤᠨ ᠶᠢᠰᠦᠨ ᠶᠡᠭᠡ ᠭᠢᠯᠠᠰ ᠴᠡᠭ ᠭᠢᠯᠠᠰ ᠴᠡᠭ ᠨᠢᠭᠡ᠄ ᠴᠢᠬᠤᠯᠠ ᠵᠣᠷᠢᠯᠭ᠎ᠠ — ︽ᠨᠠᠮ ᠤᠨ ᠲᠥᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠬᠤ ᠬᠡᠷᠡᠭᠲᠡᠶ︾᠃        ᠭᠢᠯᠠᠰ ᠴᠡᠭ ᠬᠤᠶᠠᠷ᠄ ᠭᠤᠣᠯᠳᠠᠯᠭ᠎ᠠ᠂ ᠵᠠᠩᠭᠢᠯᠠᠭ᠎ᠠ — ᠡᠮᠦᠨᠡᠬᠢ ᠨᠢ ︽ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷ︾ ᠲᠤ ᠴᠢᠭᠯᠡᠭᠦᠯᠵᠦ᠂ ᠬᠤᠶᠢᠨᠠᠬᠢ ᠨᠢ ︽ᠳᠡᠭᠡᠳᠦ ᠳᠡᠰ ᠤᠨ ᠺᠠᠳ᠋ᠷᠴᠤᠳ ᠢᠯᠠᠩᠭᠤᠶ᠎ᠠ ᠲᠥᠪ ᠬᠤᠷᠢᠶ᠎ᠠ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ︾ ᠲᠤ ᠴᠢᠭᠯᠡᠭᠦᠯᠪᠡ᠃        ᠭᠢᠯᠠᠰ ᠴᠡᠭ ᠭᠤᠷᠪᠠ᠄ ᠦᠨᠳᠦᠰᠦᠨ ᠱᠤᠭᠤᠮ — ︽ᠨᠠᠮ ᠪᠠ ᠤᠯᠤᠰ ᠣᠷᠣᠨ ᠤ ᠠᠮᠢᠨ ᠰᠤᠳᠠᠰᠤ᠂ ᠠᠷᠠᠳ ᠲᠦᠮᠡᠨ ᠤ ᠵᠣᠯ ᠵᠢᠷᠭᠠᠯ ᠤᠨ ᠰᠤᠳᠠᠰᠤ᠂ ᠮᠥᠨᠴᠦ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠬᠡᠪ ᠤᠨ ᠪᠠᠶᠢᠳᠠᠯ ᠢᠶᠠᠷ ᠥᠷᠨᠢᠭᠦᠯᠬᠦ ᠦᠨᠳᠦᠰᠦᠨ ᠪᠠᠲᠤᠯᠠᠭ᠎ᠠ ᠮᠥᠨ᠃︾        ᠭᠢᠯᠠᠰ ᠴᠡᠭ ᠳᠥᠷᠪᠡ᠄ ᠰᠠᠬᠢᠯᠭ᠎ᠠ ᠪᠠᠲᠤ ᠲᠥᠪ ᠴᠢᠩᠭ᠎ᠠ — ︽ᠪᠦᠬᠦ ᠨᠠᠮ ᠢᠶᠠᠷ ᠢᠶᠠᠨ ᠵᠣᠷᠢᠭ ᠰᠠᠨᠠᠭ᠎ᠠ ᠨᠢᠭᠡᠲᠡᠢ᠂ ᠦᠢᠯᠡ ᠠᠵᠢᠯᠯᠠᠭ᠎ᠠ ᠨᠢᠭᠡᠲᠡᠢ᠂ ᠠᠯᠬᠤᠮ ᠨᠢᠭᠡᠲᠡᠶ ᠤᠷᠤᠭᠰᠢᠯᠠᠬᠤ ᠶᠢᠨ ᠴᠢᠬᠤᠯᠠ ᠪᠠᠲᠤᠯᠠᠭ᠎ᠠ ᠮᠥᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠴᠢᠬᠤᠯᠠ ᠠᠭᠤᠯᠭ᠎ᠠ ᠮᠥᠨ᠃︾ ︽ᠨᠠᠮ ᠤᠨ ᠲᠣᠲᠣᠭᠠᠳᠤ ᠳᠤ ᠬᠠᠷᠢᠯᠴᠠᠨ ᠲᠠᠲᠠᠯᠴᠠᠵᠤ᠂ ᠡᠷᠭᠦᠨ ᠮᠠᠭᠲᠠᠯᠴᠠᠵᠤ᠂ ᠰᠠᠶᠢᠮᠰᠤᠷᠠᠨ ᠪᠢᠯᠳᠠᠤᠴᠢᠯᠠᠵᠤ ᠪᠣᠯᠬᠤ ᠦᠭᠡᠢ᠃ ᠤᠳᠤᠷᠢᠳᠬᠤ ᠬᠥᠮᠦᠨ ᠤ ᠲᠤᠬᠠᠶ ᠤᠬᠠᠭᠤᠯᠭ᠎ᠠ ᠬᠢᠬᠦ ᠳᠡᠭᠡᠨ ᠦᠨᠡᠨ ᠢ ᠪᠠᠷᠢᠮᠲᠠᠯᠠᠵᠤ᠂ ᠡᠷᠭᠦᠨ ᠮᠠᠭᠲᠠᠬᠤ ᠶᠢ ᠴᠠᠭᠠᠵᠠᠯᠠᠨ᠎ᠠ᠃︾        ᠭᠢᠯᠠᠰ ᠴᠡᠭ ᠲᠠᠪᠤ᠄ ᠦᠨᠳᠦᠰᠦᠨ ᠱᠠᠭᠠᠷᠳᠠᠯᠭ᠎ᠠ — ︽ᠨᠠᠮ ᠪᠣᠯᠤᠨ ᠠᠷᠠᠳ ᠲᠦᠮᠡᠨ ᠤ ᠬᠤᠭᠤᠷᠣᠨᠳᠣᠬᠢ ᠰᠠᠯᠵᠤ ᠪᠣᠯᠤᠰᠢ ᠦᠭᠡᠢ ᠬᠠᠷᠢᠴᠠᠭ᠎ᠠ ᠶᠢ ᠪᠠᠷᠢᠮᠲᠠᠯᠠᠬᠤ ᠬᠡᠷᠡᠭᠲᠡᠢ︾᠃        ᠭᠢᠯᠠᠰ ᠴᠡᠭ ᠵᠢᠷᠭᠤᠭ᠎ᠠ᠄ ᠴᠢᠬᠤᠯᠠ ᠰᠠᠭᠤᠷᠢ — ︽ᠨᠠᠮ ᠤᠨ ᠳᠣᠲᠣᠭᠠᠳᠤ ᠶᠢᠨ ᠠᠷᠠᠳᠴᠢᠯᠠᠯ ᠪᠣᠯ ᠨᠠᠮ ᠤᠨ ᠠᠮᠢ ᠨᠠᠰᠤ ᠮᠥᠨ︾᠃ ︽ᠨᠠᠮ ᠤᠨ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ᠂ ᠬᠡᠷᠡᠭᠵᠢᠭᠦᠯᠦᠯᠲᠡ᠂ ᠬᠢᠨᠠᠯᠲᠠ ᠵᠡᠷᠭᠡ ᠠᠵᠢᠯ ᠳᠤ ᠡᠷᠬᠡᠪᠰᠢ ᠨᠠᠮ ᠤᠨ ᠲᠦᠷᠢᠮ ᠨᠠᠮ ᠤᠨ ᠲᠣᠭᠲᠠᠭᠠᠯ ᠳᠤ ᠲᠤᠭᠲᠠᠭᠠᠭᠰᠠᠨ ᠠᠷᠠᠳᠴᠢᠯᠠᠯ ᠤᠨ ᠵᠠᠷᠴᠢᠮ ᠪᠠ ᠳᠡᠰ ᠳᠠᠷᠠᠭᠠᠯᠠᠯ ᠢ ᠬᠡᠷᠡᠭᠵᠢᠭᠦᠯᠬᠦ ᠬᠡᠷᠡᠭᠲᠡᠶ᠂ ᠶᠠᠮᠠᠷᠪᠠ ᠨᠠᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠴᠥᠮ ᠨᠠᠮ ᠤᠨ ᠳᠣᠲᠣᠭᠠᠳᠤ ᠶᠢᠨ ᠠᠷᠠᠳᠴᠢᠯᠠᠯ ᠢ ᠳᠠᠷᠤᠵᠤ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠡᠪᠳᠡᠵᠦ ᠪᠣᠯᠬᠤ ᠦᠭᠡᠢ︾᠃        ᠭᠢᠯᠠᠰ ᠴᠡᠭ ᠳᠣᠯᠤᠭ᠎ᠠ᠄ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ — ︽ᠬᠥᠮᠦᠨ ᠢ ᠵᠥᠪ ᠢᠶᠠᠷ ᠰᠣᠩᠭᠤᠬᠤ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ︾᠃ ︽ᠵᠣᠷᠢᠭᠲᠠᠶ ᠪᠠᠷ ᠡᠭᠦᠷᠭᠡᠯᠡᠳᠡᠭ ᠺᠠᠳ᠋ᠷ ᠲᠤ ᠡᠭᠦᠷᠭᠡᠯᠡᠭᠦᠯᠵᠦ᠂ ᠵᠣᠷᠢᠭᠲᠠᠶ ᠪᠠᠷ ᠬᠠᠷᠢᠭᠤᠴᠠᠳᠠᠭ ᠺᠠᠳ᠋ᠷ ᠢᠶᠠᠷ ᠬᠠᠷᠢᠭᠤᠴᠠᠭᠤᠯᠬᠤ ᠬᠡᠷᠡᠭᠲᠡᠢ︾᠃ ︽ᠶᠠᠮᠠᠷᠪᠠ ᠬᠥᠮᠦᠨ ᠴᠦ ᠭᠡᠳ ᠨᠠᠮ ᠤᠨ ᠺᠠᠳ᠋ᠷ ᠢ ᠬᠤᠪᠢ ᠶᠢᠨ ᠡᠳ᠋ ᠬᠦᠷᠦᠩᠭᠡ ᠪᠣᠯᠭᠠᠵᠤ ᠪᠣᠯᠬᠤ ᠦᠭᠡᠢ᠂ ᠨᠠᠮ ᠤᠨ ᠲᠣᠲᠣᠭᠠᠳᠤ ᠳᠤ ᠪᠡᠶ᠎ᠡ ᠶᠢᠨ ᠬᠠᠷᠢᠶᠠᠲᠤ ᠬᠠᠷᠢᠴᠠᠭ᠎ᠠ ᠪᠠᠶᠢᠯᠭᠠᠵᠤ ᠪᠣᠯᠬᠤ ᠤᠢᠭᠡᠢ᠃ ᠨᠠᠮ ᠤᠨ ᠲᠣᠲᠣᠭᠠᠳᠤ ᠶᠢᠨ ᠨᠥᠬᠦᠳ ᠨᠠᠷ ᠤᠨ ᠬᠠᠷᠢᠴᠠᠭ᠎ᠠ ᠶᠢ ᠵᠢᠷᠤᠮᠵᠢᠭᠤᠯᠬᠤ ᠪᠠ ᠴᠡᠪᠡᠷᠰᠢᠭᠦᠯᠵᠦ᠂ ᠤᠳᠤᠷᠢᠳᠬᠤ ᠺᠠᠳ᠋ᠷᠴᠤᠳ ᠨᠢ ᠨᠠᠮ ᠤᠨ ᠭᠡᠰᠢᠭᠦᠳ ᠢ ᠡᠷᠬᠡ ᠰᠦᠷ ᠢᠶᠠᠷ ᠢᠶᠠᠨ ᠵᠠᠬᠢᠷᠴᠤ ᠪᠣᠯᠬᠤ ᠦᠭᠡᠢ᠂ ᠨᠠᠮ ᠤᠨ ᠭᠡᠰᠢᠭᠦᠨ ᠨᠦᠭᠦᠳ ᠤᠳᠤᠷᠢᠳᠬᠤ ᠺᠠᠳ᠋ᠷᠴᠤᠳ ᠢ ᠰᠠᠶᠢᠮᠰᠤᠷᠠᠨ ᠪᠢᠯᠳᠠᠤᠴᠢᠯᠠᠵᠤ ᠪᠣᠯᠬᠤ ᠦᠭᠡᠢ᠃ ᠪᠤᠷᠤᠭᠤ ᠶᠢ ᠪᠠᠭᠲᠠᠭᠠᠵᠤ ᠠᠯᠳᠠᠭ᠎ᠠ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠂ ᠺᠠᠳ᠋ᠷᠴᠤᠳ ᠤᠨ ᠠᠵᠢᠯ ᠤᠨ ᠳᠤᠮᠳᠠ ᠪᠠᠨ ᠢᠯᠠᠩᠭᠤᠶ᠎ᠠ ᠥᠭᠡᠷᠡᠴᠢᠯᠡᠯᠲᠡ ᠬᠢᠬᠦ ᠰᠢᠨ᠎ᠡ ᠶᠢ ᠡᠭᠦᠳᠬᠦ ᠳᠤᠮᠳᠠᠬᠢ ᠠᠯᠳᠠᠭ᠎ᠠ ᠶᠢ ᠨᠢ ᠠᠭᠤᠴᠢᠯᠠᠨ᠎ᠠ᠃︾        ᠭᠢᠯᠠᠰ ᠴᠡᠭ ᠨᠠᠢᠮᠠ᠄ ᠬᠤᠷᠴᠠ ᠵᠡᠪᠰᠡᠭ — ︽ᠰᠢᠭᠦᠮᠵᠢᠯᠡᠯ ᠪᠠ ᠥᠪᠡᠷ ᠤᠨ ᠰᠢᠭᠦᠮᠵᠢᠯᠡᠯ︾᠂ ︽ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠳᠡᠰ ᠤᠨ ᠺᠠᠳ᠋ᠷᠴᠤᠳ ᠡᠷᠬᠡᠪᠰᠢ ᠪᠡᠶ᠎ᠡ ᠪᠠᠷ ᠢᠶᠠᠨ ᠲᠦᠷᠦᠭᠦᠯᠡᠨ ᠰᠠᠨᠠᠯ ᠳᠤᠷᠠᠳᠤᠯᠭ᠎ᠠ ᠶᠢ ᠳᠠᠷᠤᠤ ᠰᠣᠨᠤᠰᠴᠤ᠂ ᠦᠨᠡᠨᠴᠢ ᠰᠢᠳᠤᠷᠭᠤ ᠠᠵᠢᠯᠯᠠᠬᠤ ᠬᠡᠷᠡᠭᠲᠡᠢ︾᠃        ᠭᠢᠯᠠᠰ ᠴᠡᠭ ᠶᠢᠰᠦ᠄ ᠬᠤᠷᠠᠯ ᠳᠤ ᠰᠤᠯᠠ ᠤᠷᠤᠯᠴᠠᠬᠤ — ᠲᠥᠪ ᠬᠤᠷᠢᠶ᠎ᠠ ᠶᠢᠨ ᠪᠥᠬᠦᠳᠡ ᠬᠤᠷᠠᠯ ᠳᠤ ᠶᠡᠷᠦ ᠳᠡᠭᠡᠨ ᠲᠥᠪ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠰᠤᠯᠠ ᠤᠷᠤᠯᠴᠠᠳᠠᠭ᠂ ᠲᠤᠰ ᠬᠤᠭᠤᠴᠠᠭᠠᠨ ᠤ ᠬᠤᠷᠠᠯ ᠳᠤ ᠲᠥᠪ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠳ ᠰᠤᠯᠠ ᠤᠷᠤᠯᠴᠠᠭᠰᠠᠨ ᠪᠠᠶᠢᠨ᠎ᠠ᠃        ᠬᠤᠶᠠᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ᠤᠨ ᠲᠤᠬᠠᠢ ᠵᠢᠷᠭᠤᠳᠤᠭᠠᠷ ᠪᠥᠬᠦᠳᠡ ᠬᠤᠷᠠᠯ ᠤᠨ ᠲᠠᠪᠤᠨ ᠶᠡᠭᠡ ᠭᠢᠯᠠᠰ ᠴᠡᠭ        ᠭᠢᠯᠠᠰ ᠴᠡᠭ ᠨᠢᠭᠡ᠄ ᠨᠠᠮ ᠤᠨ ᠲᠥᠪ ᠬᠤᠷᠢᠶ᠎ᠠ ᠠᠴᠠ ᠨᠢᠭᠡᠳᠦᠯᠲᠡᠶ ᠤᠳᠤᠷᠢᠳᠬᠤ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠡᠢ᠃ ︽ᠨᠠᠮ ᠤᠨ ᠲᠥᠪ ᠬᠤᠷᠢᠶ᠎ᠠ ᠨᠢᠭᠡᠳᠦᠯᠲᠡᠶ ᠤᠳᠤᠷᠢᠳᠬᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠲᠤᠰᠬᠠᠶᠢᠯᠠᠨ ᠬᠢᠨᠠᠯᠲᠠ ᠲᠠᠯᠪᠢᠬᠤ᠂ ᠨᠠᠮ ᠤᠨ ᠠᠵᠢᠯ ᠤᠨ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠬᠢᠨᠠᠯᠲᠠ ᠲᠠᠯᠪᠢᠬᠤ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠡᠳᠦᠷ ᠲᠤᠳᠤᠮ ᠤᠨ ᠬᠢᠨᠠᠯᠲᠠ ᠲᠠᠯᠪᠢᠬᠤ᠂ ᠨᠠᠮ ᠤᠨ ᠭᠡᠰᠢᠭᠦᠳ ᠠᠷᠠᠳᠴᠢᠯᠠᠯ ᠢᠶᠠᠷ ᠬᠢᠨᠠᠯᠲᠠ ᠲᠠᠯᠪᠢᠬᠤ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ︾᠃        ᠭᠢᠯᠠᠰ ᠴᠡᠭ ᠬᠤᠶᠠᠷ᠄ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠭᠤᠣᠯ ᠴᠣᠭᠴᠠᠲᠤ ᠬᠠᠷᠢᠭᠤᠴᠠᠯᠭ᠎ᠠ ᠶᠢ ᠲᠣᠳᠣᠷᠬᠠᠶᠢᠯᠠᠵᠡᠢ᠃ ︽ᠨᠠᠮ ᠤᠨ ᠲᠥᠪ ᠬᠤᠷᠢᠶ᠎ᠠ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠳᠣᠲᠤᠭᠠᠳᠤ ᠶᠢᠨ ᠬᠢᠨᠠᠯᠲᠠ ᠲᠠᠯᠪᠢᠬᠤ ᠠᠵᠢᠯ ᠢ ᠪᠦᠬᠦ ᠲᠠᠯ᠎ᠠ ᠪᠠᠷ ᠤᠳᠤᠷᠢᠳᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠱᠦᠵᠢ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶ ᠪᠣᠯᠣᠨ ᠨᠠᠮ ᠤᠨ ᠬᠤᠷᠢᠶ᠎ᠠ ᠶᠢᠨ ᠭᠡᠰᠢᠭᠦᠨ ᠨᠢ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︾᠃        ᠭᠢᠯᠠᠰ ᠴᠡᠭ ᠭᠤᠷᠪᠠ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠤᠨ ᠳᠤᠮᠳᠠᠬᠢ ᠲᠤᠰᠬᠠᠶ ᠬᠠᠷᠢᠭᠤᠴᠠᠯᠭ᠎ᠠ ᠶᠢ ᠲᠣᠳᠣᠷᠬᠠᠶᠢᠯᠠᠵᠡᠢ᠃ ︽ᠨᠠᠮ ᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠲᠤᠯᠭᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ︾᠃        ᠭᠢᠯᠠᠰ ᠴᠡᠭ ᠳᠦᠷᠪᠡ᠄ ᠬᠢᠨᠠᠯᠲᠠ ᠲᠠᠯᠪᠢᠬᠤ ᠶᠢᠨ ᠪᠦᠬᠦ ᠲᠠᠯ᠎ᠠ ᠶᠢ ᠲᠣᠳᠣᠷᠬᠠᠶᠢᠯᠠᠵᠡᠢ᠃ ︽ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠢᠲᠡᠭᠡᠯ ᠣᠯᠭᠤᠨ ᠤᠷᠮᠠᠰᠢᠭᠤᠯᠬᠤ ᠬᠢᠭᠡᠳ ᠲᠥᠪ ᠴᠢᠩᠭ᠎ᠠ ᠬᠢᠨᠠᠯᠲᠠ ᠲᠠᠯᠪᠢᠬᠤ ᠶᠢ ᠤᠶᠠᠯᠳᠤᠭᠤᠯᠵᠤ᠂ ᠳᠡᠭᠡᠷ᠎ᠡ ᠠᠴᠠ ᠳᠣᠷᠤᠭᠰᠢᠬᠢ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠳᠣᠣᠷ᠎ᠠ ᠠᠴᠠ ᠳᠡᠭᠡᠭᠰᠢᠬᠢ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ ᠰᠠᠶᠢᠵᠢᠷᠠᠭᠤᠯᠵᠤ᠂ ᠠᠳᠠᠯᠢ ᠱᠠᠲᠤᠨ ᠤ ᠬᠠᠷᠢᠯᠴᠠᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ︾᠃        ᠭᠢᠯᠠᠰ ᠴᠡᠭ ᠲᠠᠪᠤ᠄ ᠪᠦᠬᠦ ᠨᠠᠮ ᠤᠨ ᠬᠠᠮᠲᠤ ᠶᠢᠨ ᠡᠭᠦᠷᠭᠡ ᠶᠢ ᠲᠣᠳᠣᠷᠬᠠᠶᠢᠯᠠᠵᠡᠢ᠃ ︽ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠪᠣᠯ ᠪᠦᠬᠦ ᠨᠠᠮ ᠤᠨ ᠬᠠᠮᠲᠤ ᠶᠢᠨ ᠡᠭᠦᠷᠭᠡ ᠮᠥᠨ᠂ ᠡᠷᠬᠡᠪᠰᠢ ᠪᠦᠬᠦ ᠨᠠᠮ ᠢᠶᠠᠷ ᠢᠶᠠᠨ ᠬᠠᠮᠲᠤ ᠪᠠᠷ ᠬᠥᠳᠡᠯᠦᠯᠴᠡᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠲᠤᠪᠤᠶᠢᠮ᠎ᠠ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭᠠᠳᠬᠠᠬᠤ ᠪᠠ ᠵᠢᠷᠤᠮᠵᠢᠭᠤᠯᠬᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠡᠯ᠎ᠡ ᠵᠦᠢᠯ ᠤᠨ ᠡᠭᠦᠷᠭᠡ ᠶᠢ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︾᠃        ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠨᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠠᠭᠠᠷᠢᠯᠲᠠ ᠶᠢᠨ ᠪᠦᠷᠢᠶ᠎ᠡ ᠶᠢ ᠴᠤᠤᠷᠢᠶᠠᠳᠤᠭᠤᠯᠤᠭᠰᠠᠨ ᠢᠶᠠᠷ ᠢᠶᠠᠨ ᠲᠡᠦᠬᠡᠨ ᠳᠤ ᠲᠡᠮᠳᠡᠭᠯᠡᠭᠳᠡᠬᠦ ᠪᠠᠷ ᠪᠠᠷᠠᠬᠤ ᠦᠭᠡᠢ ᠪᠠᠰᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠶᠠᠨ ᠳᠤ ᠡᠷᠬᠡ ᠪᠠᠷ ᠢᠯᠵᠠᠷᠠᠯ ᠢ ᠡᠰᠡᠷᠭᠦᠴᠡᠵᠦ ᠪᠠᠶᠢᠭᠰᠠᠨ ᠠᠴᠠ ᠪᠠᠨ ᠳᠦᠷᠢᠮ ᠢᠶᠠᠷ ᠢᠯᠵᠠᠷᠠᠯ ᠢ ᠡᠰᠡᠷᠭᠦᠴᠡᠬᠦ ᠲᠡᠰᠢ ᠤᠯᠠᠷᠢᠭᠤᠯᠬᠤ᠂ ᠡᠷᠬᠡ ᠪᠠᠷ ᠬᠢᠨᠠᠯᠲᠠ ᠲᠠᠯᠪᠢᠵᠤ ᠪᠠᠶᠢᠭᠰᠠᠨ ᠠᠴᠠ ᠪᠠᠨ ᠲᠦᠷᠢᠮ ᠢᠶᠠᠷ ᠬᠢᠨᠠᠯᠲᠠ ᠲᠠᠯᠪᠢᠬᠤ ᠲᠡᠰᠢ ᠤᠯᠠᠷᠢᠭᠤᠯᠬᠤ᠂ ᠡᠷᠬᠡ ᠪᠠᠷ ᠨᠠᠮ ᠢ ᠵᠠᠰᠠᠵᠤ ᠪᠠᠶᠢᠭᠰᠠᠨ ᠠᠴᠠ ᠪᠠᠨ ᠲᠦᠷᠢᠮ ᠢᠶᠠᠷ ᠨᠠᠮ ᠢ ᠵᠠᠰᠠᠬᠤ ᠲᠡᠰᠢ ᠤᠯᠠᠷᠢᠭᠤᠯᠬᠤ ᠶᠢ ᠠᠬᠢᠭᠤᠯᠬᠤ ᠴᠢᠬᠤᠯᠠ ᠪᠡᠯᠭᠡ ᠲᠡᠮᠳᠡᠭ ᠪᠣᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号