ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠲᠠᠲᠠᠪᠤᠷᠢᠯᠠᠨ ᠲᠤᠰᠢᠶᠠᠬᠤ ᠠᠵᠢᠯ ᠤᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016-12-20
                 ᠥᠪᠥᠷ ᠵᠠᠰᠠᠭ ᠠᠯᠪᠠᠨ ᠲᠠᠷᠬᠠᠭᠠᠭᠰᠠᠨ ︹2016︺ 77 ᠳ᠋ᠤᠭᠠᠷ ᠲᠤᠭᠠᠳᠤ                   6 ᠳ᠋ᠤᠭᠠᠷ ᠰᠠᠷ᠎ᠠ ᠶᠢᠨ 12 ᠤᠨ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠥᠪᠡᠷᠲᠡᠭᠡᠨ ᠵᠠᠰᠠᠬᠤ ᠣᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠡ ᠳᠤ᠄        ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠲᠠᠲᠠᠪᠤᠷᠢᠯᠠᠨ ᠲᠤᠰᠢᠶᠠᠬᠤ ᠠᠵᠢᠯ ᠤᠨ ᠬᠡᠷᠡᠭᠵᠢᠭᠦᠯᠬᠦ ᠲᠦᠰᠦᠯ ︾ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ᠲᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃        ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠲᠠᠲᠠᠪᠤᠷᠢᠯᠠᠨ ᠲᠤᠰᠢᠶᠠᠬᠤ ᠠᠵᠢᠯ ᠤᠨ ᠬᠡᠷᠡᠭᠵᠢᠭᠦᠯᠬᠦ ᠲᠦᠰᠦᠯ        ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠦ ᠲᠠᠷᠬᠠᠭᠠᠭᠰᠠᠨ ︹2015︺ 2 ᠳ᠋ᠤᠭᠠᠷ ᠲᠣᠭᠠᠳᠤ︶ ᠤᠨ ᠵᠣᠷᠢᠭ ᠰᠠᠨᠠᠭ᠎ᠠ ᠪᠣᠯᠤᠨ ︽ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠦᠷ ᠵᠠᠰᠠᠭ ᠠᠯᠪᠠᠨ ᠲᠠᠷᠬᠠᠭᠠᠭᠰᠠᠨ ︹2015︺ 127 ᠳ᠋ᠤᠭᠠᠷ ᠲᠣᠭᠠᠳᠤ︶ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ︵ᠠᠵᠢᠯ ᠮᠡᠷᠭᠡᠵᠢᠯ ᠤᠨ ᠤᠨ ᠤ ᠵᠤᠭᠤᠰ ᠪᠠᠭᠲᠠᠨ᠎ᠠ᠂ ᠳᠣᠷᠤᠭᠰᠢ ᠠᠳᠠᠯᠢ︶ ᠢ ᠲᠠᠲᠠᠪᠤᠷᠢᠯᠠᠨ ᠲᠤᠰᠢᠶᠠᠬᠤ ᠠᠵᠢᠯ ᠢ ᠦᠨᠡᠨᠬᠦ ᠰᠠᠶᠢᠳᠤᠷ ᠬᠢᠬᠦ ᠶᠢᠨ ᠲᠤᠰᠠᠳᠠ᠂ ᠲᠤᠰ ᠲᠦᠰᠦᠯ ᠢ ᠲᠣᠭᠲᠠᠭᠠᠪᠠ᠃        ᠨᠢᠭᠡ᠂ ᠶᠡᠷᠦᠩᠬᠡᠢ ᠱᠠᠭᠠᠷᠳᠠᠯᠭ᠎ᠠ        ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠴᠠᠭ ᠲᠤᠨᠢ ᠲᠤᠭ᠎ᠠ ᠶᠣᠰᠤᠭᠠᠷ ᠭᠦᠢᠴᠡᠳ ᠲᠠᠲᠠᠪᠤᠷᠢᠯᠠᠨ ᠲᠤᠰᠢᠶᠠᠬᠤ ᠪᠠ ᠨᠠᠰᠤᠵᠢᠯ ᠤᠨ ᠮᠦᠩᠭᠦ ᠶᠢ ᠬᠡᠪ ᠤᠨ ᠪᠠᠶᠢᠳᠠᠯ ᠢᠶᠠᠷ ᠲᠠᠷᠬᠠᠭᠠᠨ ᠣᠯᠭᠤᠬᠤ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠤᠯᠴᠠᠭᠰᠠᠨ ᠨᠢᠭᠡᠴᠡ ᠪᠣᠯᠤᠨ ᠬᠤᠪᠢ ᠬᠦᠮᠦᠨ ᠤ ᠠᠰᠢᠭ ᠲᠤᠰᠠ᠂ ᠪᠡᠯᠡ ᠮᠦᠩᠭᠦ ᠶᠢᠨ ᠬᠠᠮᠢᠶᠠᠷᠤᠯᠲᠠ ᠶᠢᠨ ᠵᠢᠷᠤᠮᠵᠢᠯ ᠠᠮᠤᠷ ᠲᠦᠪᠰᠢᠨ ᠢ ᠪᠠᠲᠤᠯᠠᠬᠤ ᠵᠠᠷᠴᠢᠮ ᠤᠨ ᠶᠣᠰᠤᠭᠠᠷ᠂ ᠠᠵᠢᠯ ᠤᠨ ᠬᠤᠪᠢᠶᠠᠷᠢᠯᠠᠯ ᠢᠯᠭᠠᠪᠤᠷᠢ ᠲᠠᠢ᠂ ᠡᠷᠬᠡ ᠬᠠᠷᠢᠭᠤᠴᠠᠯᠭ᠎ᠠ ᠲᠣᠳᠤᠷᠬᠠᠢ᠂ ᠴᠢᠩᠭ᠎ᠠ ᠨᠢᠭᠲᠠ ᠳᠡᠭᠡᠳᠤ ᠪᠦᠲᠦᠮᠵᠢᠲᠠᠢ᠂ ᠠᠵᠢᠯᠯᠠᠭᠠᠨ ᠨᠢ ᠡᠮᠬᠢ ᠵᠢᠷᠤᠮ ᠲᠠᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠳᠦᠷᠢᠮ ᠤᠨ ᠲᠣᠭᠲᠠᠴᠠ ᠶᠢ ᠪᠠᠶᠢᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃        ᠬᠤᠶᠠᠷ᠂ ᠲᠠᠲᠠᠪᠤᠷᠢᠯᠠᠨ ᠲᠤᠰᠢᠶᠠᠬᠤ ᠵᠠᠭᠪᠤᠷ        ᠪᠦᠬᠦ ᠣᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠠᠵᠤ ᠠᠬᠤᠶᠢᠯᠠᠯ ᠤᠨ ᠠᠵᠢᠯᠲᠡᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠯᠤᠭ᠎ᠠ ᠠᠳᠠᠯᠢ ᠪᠠᠷ ᠬᠡᠷᠡᠭᠵᠢᠬᠦᠯᠵᠦ᠂ ᠣᠷᠤᠨ ᠨᠤᠲᠤᠭ ᠤᠨ ᠭᠠᠶᠢᠯᠢ ᠶᠢᠨ ᠪᠠᠶᠢᠭᠤᠯᠭ᠎ᠠ ᠨᠢ ᠲᠥᠷᠦ ᠲᠠᠷᠬᠠᠭᠠᠭᠰᠠᠨ ︹2015︺ 2 ᠳ᠋ᠤᠭᠠᠷ ᠲᠣᠭᠠᠳᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠤᠭᠠᠷ᠂ 2014 ᠣᠨ ᠤ 10 ᠳ᠋ᠤᠭᠠᠷ ᠰᠠᠷ᠎ᠠ ᠠᠴᠠ ᠡᠬᠢᠯᠡᠵᠤ ᠬᠠᠤᠯᠢ ᠶᠣᠰᠤᠭᠠᠷ ᠪᠦᠬᠦ ᠲᠤᠭ᠎ᠠ ᠪᠠᠷ ᠨᠢ ᠲᠠᠲᠠᠪᠤᠷᠢᠯᠠᠨ ᠲᠤᠰᠢᠶᠠᠬᠤ ᠬᠡᠷᠡᠭᠲᠡᠢ᠃        ᠭᠤᠷᠪᠠ᠂ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ        ᠪᠦᠬᠦ ᠣᠷᠤᠨ ᠤ ᠡᠯ᠎ᠡ ᠱᠠᠳᠤᠨ ᠤ ᠣᠷᠤᠨ ᠨᠤᠲᠤᠭ ᠤᠨ ᠭᠠᠶᠢᠯᠢ ᠶᠢᠨ ᠪᠠᠶᠢᠭᠤᠯᠭ᠎ᠠ ᠨᠤᠭᠤᠳ ᠭᠠᠶᠢᠯᠢ ᠰᠦᠢᠳᠭᠡᠯ ᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠣᠯᠠᠨ ᠡᠰᠢᠵᠢᠯ ᠤᠨ᠂ ᠳᠦᠭᠦᠮ ᠳᠦᠲᠡ ᠲᠠᠲᠠᠪᠤᠷᠢᠯᠠᠨ ᠲᠤᠰᠢᠶᠠᠬᠤ ᠠᠷᠭ᠎ᠠ ᠮᠠᠶ᠋ᠢᠭ ᠢ ᠢᠳᠡᠪᠬᠢᠲᠠᠢ ᠬᠠᠩᠭᠠᠵᠤ᠂ ᠲᠠᠲᠠᠪᠤᠷᠢᠯᠠᠨ ᠲᠤᠰᠢᠶᠠᠬᠤ ᠠᠰᠢᠭ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠦᠪᠡᠷᠳᠡᠭᠡᠨ ᠵᠠᠰᠠᠬᠤ ᠣᠷᠤᠨ ᠤ ᠣᠷᠤᠨ ᠨᠤᠲᠤᠭ ᠤᠨ ᠭᠠᠶᠢᠯᠢ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠣᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠪᠣᠳᠠᠲᠠᠢ ᠬᠢᠬᠦ ᠠᠷᠭ᠎ᠠ ᠪᠣᠯᠤᠨ ᠬᠡᠷᠡᠭᠵᠢᠭᠦᠯᠬᠦ ᠨᠠᠷᠢᠨ ᠲᠦᠰᠦᠯ ᠢ ᠲᠣᠭᠲᠠᠭᠠᠬᠤ ᠶᠢᠨ ᠬᠠᠮᠳᠤ᠂ ᠡᠯ᠎ᠡ ᠭᠠᠵᠠᠷ ᠣᠷᠤᠨ ᠤ ᠲᠠᠲᠠᠪᠤᠷᠢᠯᠠᠨ ᠲᠤᠰᠢᠶᠠᠬᠤ ᠠᠵᠢᠯ ᠦᠷᠨᠢᠭᠦᠯᠦᠭᠰᠡᠨ ᠪᠠᠶᠢᠳᠠᠯ ᠳᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠢ᠃        ᠳᠦᠷᠪᠡ᠂ ᠠᠵᠢᠯ ᠤᠨ ᠱᠠᠭᠠᠷᠳᠠᠯᠭ᠎ᠠ        ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠵᠢᠯ ᠨᠢ ᠪᠦᠬᠦ ᠣᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠨᠦᠯᠦᠭᠡᠯᠡᠬᠦ ᠬᠡᠪᠴᠢᠶ᠎ᠡ ᠪᠠᠷ ᠥᠷᠭᠡᠨ᠂ ᠲᠥᠷᠦ ᠶᠢᠨ ᠪᠣᠳᠤᠯᠭᠠᠳᠤ ᠴᠢᠨᠠᠷ ᠢᠶᠠᠷ ᠴᠢᠩᠭ᠎ᠠ ᠪᠠᠶᠢᠳᠠᠭ᠃ ᠡᠯ᠎ᠡ ᠭᠠᠵᠠᠷ ᠣᠷᠤᠨ ᠨᠤᠭᠤᠳ ᠦᠪᠡᠷᠲᠡᠭᠡᠨ ᠵᠠᠰᠠᠬᠤ ᠣᠷᠤᠨ ᠤ ᠨᠢᠭᠡᠳᠦᠯᠲᠠᠢ ᠲᠤᠬᠢᠷᠠᠭᠤᠯᠤᠯᠳᠠ ᠪᠠᠶᠢᠷᠢᠰᠢᠭᠤᠯᠤᠯᠲᠠ ᠶᠢᠨ ᠶᠣᠰᠤᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠦᠨᠡᠨᠬᠦ ᠶᠠᠪᠤᠭᠳᠠᠭᠤᠰᠢᠲᠠᠢ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠣᠯᠤᠨ ᠠᠬᠢᠴᠠ ᠶᠢᠨ ᠲᠣᠬᠢᠷᠠᠭᠤᠯᠤᠯᠳᠠ ᠪᠠᠨ ᠲᠣᠲᠤᠷᠬᠠᠶᠢᠯᠠᠵᠤ᠂ ᠪᠡᠯᠡ ᠮᠦᠩᠭᠦ ᠶᠢᠨ ᠪᠠᠲᠤᠯᠠᠭ᠎ᠠ ᠪᠠᠨ ᠴᠢᠩᠭᠠᠳᠬᠠᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠵᠢᠴᠢ ᠠᠵᠢᠯᠳᠡᠨ ᠤ ᠳᠠᠭᠠᠳᠬᠠᠯ ᠳᠤ ᠣᠷᠤᠯᠴᠠᠨ ᠰᠦᠢᠳᠭᠡᠯ ᠲᠤᠰᠢᠶᠠᠬᠤ ᠶᠢ ᠢᠳᠡᠪᠬᠢᠲᠠᠢ ᠠᠬᠢᠭᠤᠯᠬᠤ ᠬᠡᠷᠡᠭᠲᠡᠢ᠃        ︵ᠬᠤᠶᠠᠷ︶ ᠨᠢᠭᠲᠠ ᠵᠣᠬᠢᠴᠠᠯᠳᠤᠨ ᠬᠠᠮᠵᠢᠯᠴᠠᠬᠤ ᠬᠡᠷᠡᠭᠲᠡᠢ᠃ ᠡᠯ᠎ᠡ ᠱᠠᠳᠤᠨ ᠤ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠤᠨ ᠨᠤᠲᠤᠭ ᠤᠨ ᠭᠠᠶᠢᠯᠢ᠂ ᠠᠷᠠᠳ ᠤᠨ ᠪᠠᠩᠬᠢ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠠᠵᠢᠯᠯᠠᠬᠤ ᠨᠡᠶᠢᠯᠡᠮᠡᠯ ᠬᠦᠴᠦᠨ ᠢ ᠪᠤᠢ ᠪᠤᠯᠭᠠᠵᠤ᠂ ᠲᠠᠲᠠᠪᠤᠷᠢᠯᠠᠨ ᠲᠤᠰᠢᠶᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠣᠬᠠᠢ ᠳᠤᠨᠢ ᠵᠦᠪᠳᠡᠯᠴᠡᠨ ᠰᠢᠢᠳᠪᠦᠷᠢᠯᠡᠵᠦ᠂ ᠰᠠᠭᠤᠷᠢ ᠲᠤᠭ᠎ᠠ ᠶᠢ ᠬᠠᠷᠭᠤᠭᠤᠯᠤᠨ ᠲᠣᠭᠲᠠᠭᠠᠬᠤ ᠪᠠ ᠰᠠᠯᠠᠭ᠎ᠠ ᠮᠦᠴᠢᠷ ᠤᠨ ᠬᠤᠭᠤᠷᠤᠨᠳᠤ ᠶᠢᠨ ᠳᠠᠩᠰᠠ ᠲᠠᠭᠠᠷᠠᠭᠤᠯᠬᠤ ᠠᠵᠢᠯ ᠢ ᠰᠠᠶᠢᠳᠤᠷ ᠬᠢᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠵᠢᠯ ᠤᠨ ᠤᠷᠤᠭᠰᠢᠲᠠᠢ ᠦᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃        ︵ᠭᠤᠷᠪᠠ︶ ᠶᠠᠷᠢᠶ᠎ᠠ ᠬᠡᠯᠡᠯᠴᠡᠭᠡ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠤᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠯ᠎ᠡ ᠵᠦᠢᠯ ᠤᠨ ᠵᠠᠮ ᠮᠦᠷ ᠢ ᠭᠦᠢᠴᠡᠳ ᠠᠰᠢᠭᠯᠠᠵᠤ ᠂ ᠣᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠮᠠᠶ᠋ᠢᠭ ᠢ ᠠᠪᠴᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠴᠢᠬᠤᠯᠠ ᠠᠴᠢ ᠬᠤᠯᠪᠤᠭᠳᠠᠯ ᠢ ᠶᠡᠬᠡᠪᠡᠷ ᠤᠬᠠᠭᠤᠯᠵᠤ᠂ ᠡᠯ᠎ᠡ ᠵᠦᠢᠯ ᠤᠨ ᠲᠠᠲᠠᠪᠤᠷᠢᠯᠠᠨ ᠲᠤᠰᠢᠶᠠᠬᠤ ᠲᠥᠷᠦ ᠶᠢᠨ ᠪᠣᠳᠤᠯᠭ᠎ᠠ ᠶᠢ ᠣᠨᠣᠪᠴᠢᠲᠠᠢ ᠲᠠᠶᠢᠯᠪᠤᠷᠢᠯᠠᠨ᠂ ᠶᠠᠷᠢᠶ᠎ᠠ ᠬᠡᠯᠡᠯᠴᠡᠭᠡ ᠶᠢᠨ ᠰᠠᠶᠢᠨ ᠰᠠᠶᠢᠬᠠᠨ ᠣᠷᠴᠢᠨ ᠨᠦᠬᠦᠴᠡᠯ ᠢ ᠴᠢᠷᠮᠠᠶᠢᠨ ᠡᠭᠦᠳᠬᠦ ᠬᠡᠷᠡᠭᠲᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号