ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016-12-21
                   ᠥᠪᠥᠷ ᠵᠠᠰᠠᠭ ᠠᠯᠪᠠᠨ ᠥᠰᠥᠭ ︹2016︺ 105 ᠳ᠋ᠤᠭᠠᠷ ᠲᠤᠭᠠᠳᠤ                   6 ᠳ᠋ᠤᠭᠠᠷ ᠰᠠᠷ᠎ᠠ ᠶᠢᠨ 12 ᠤᠨ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠲᠦᠰᠦᠯ︾ ᠢ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃        ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠲᠦᠰᠦᠯ        ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︹ 2016︺ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠠᠬᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠬᠦ ᠶᠢ ᠪᠡᠶᠡᠯᠡᠭᠦᠯᠦᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠪᠠᠶᠢᠬᠤ ᠶᠢ ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠠᠵᠢᠯ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠡᠳᠦᠭᠡ ᠲᠤᠰ ᠲᠦᠰᠦᠯ ᠢ ᠲᠣᠭᠲᠠᠭᠠᠪᠠ᠃        ᠨᠢᠭᠡ᠂ ᠬᠠᠷᠠᠯᠲᠠ ᠶᠢᠨ ᠡᠭᠦᠷᠭᠡ        ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠤᠨ ᠬᠠᠮᠤᠷᠬᠤ ᠬᠡᠪᠴᠢᠶ᠎ᠡ᠂ ᠪᠡᠯᠡ ᠬᠤᠷᠠᠮᠳᠤᠭᠤᠯᠬᠤ ᠲᠥᠷᠥ ᠶᠢᠨ ᠪᠣᠳᠣᠯᠭ᠎ᠠ᠂ ᠪᠠᠲᠤᠯᠠᠭ᠎ᠠ ᠶᠢᠨ ᠣᠯᠭᠤᠮᠵᠢ ᠂ ᠡᠮᠴᠢᠯᠡᠭᠡ ᠶᠢᠨ ᠳᠠᠭᠠᠳᠬᠠᠯ ᠤᠨ ᠭᠠᠷᠴᠠᠭ᠂ ᠲᠣᠭᠲᠠᠭᠰᠠᠨ ᠴᠢᠭ ᠤᠨ ᠬᠠᠮᠢᠶᠠᠷᠤᠯᠲᠠ᠂ ᠰᠠᠭᠤᠷᠢ ᠮᠦᠩᠭᠦ ᠶᠢᠨ ᠬᠠᠮᠢᠶᠠᠷᠤᠯᠲᠠ ᠭᠡᠬᠦ ︽ᠵᠢᠷᠭᠤᠭ᠎ᠠ ᠶᠢ ᠨᠢᠭᠡᠳᠭᠡᠬᠦ︾ ᠶᠢ ᠪᠡᠶᠡᠯᠡᠭᠦᠯᠵᠦ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠠᠴᠠ ᠡᠭᠦᠷᠭᠡᠯᠡᠵᠦ ᠪᠦᠬᠦᠢ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ︵ᠳᠣᠷᠤᠭᠰᠢ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠭᠡᠵᠦ ᠲᠣᠪᠴᠢᠯᠠᠨ᠎ᠠ︶ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠵᠢᠴᠢ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠡᠭᠦᠷᠭᠡᠯᠡᠵᠦ ᠪᠦᠬᠦᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ︵ᠳᠣᠷᠤᠭᠰᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠨᠡᠶᠢᠯᠡᠭᠦᠯᠦᠨ᠂ ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ︵ᠳᠣᠷᠤᠭᠰᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠳᠦᠷᠢᠮ ᠢ ᠪᠠᠶᠢᠭᠤᠯᠵᠤ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠨᠢᠭᠡᠲᠦᠯᠲᠡᠢ ᠡᠭᠦᠷᠭᠡᠯᠡᠨ᠎ᠡ᠃        ᠬᠤᠶᠠᠷ᠂ ᠦᠨᠳᠦᠰᠦᠨ ᠵᠠᠷᠴᠢᠮ        ︵ᠨᠢᠭᠡ︶ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ ᠵᠣᠬᠢᠴᠠᠭᠤᠯᠤᠨ ᠬᠥᠭᠵᠢᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠢ ᠪᠦᠬᠦ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠢᠰᠲ᠋ᠧᠮᠵᠢ ᠶᠢᠨ ᠬᠥᠭᠵᠢᠯᠲᠡ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠦᠬᠦ ᠪᠠᠶᠢᠳᠠᠯ ᠳᠤ ᠣᠷᠤᠭᠤᠯᠵᠤ᠂ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠵᠦᠢ ᠵᠣᠬᠢᠰᠲᠠᠢ ᠲᠦᠯᠦᠪᠵᠢᠭᠦᠯᠦᠨ᠂ ᠡᠮᠴᠢᠯᠡᠭᠡ᠂ ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ ᠭᠤᠷᠪᠠ ᠶᠢᠨ ᠬᠠᠮᠲᠤᠷᠠᠨ ᠬᠦᠳᠡᠯᠦᠯᠴᠡᠬᠦ ᠶᠢ ᠳᠤᠪᠤᠶᠢᠯᠭᠠᠨ᠂ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠤᠨᠴᠠᠭᠠᠢ ᠬᠦᠨᠳᠦ ᠡᠪᠡᠳᠴᠢᠨ ᠢ ᠡᠮᠴᠢᠯᠡᠵᠦ ᠠᠪᠤᠷᠠᠨ ᠲᠤᠰᠠᠯᠠᠬᠤ᠂ ᠡᠪᠡᠳᠴᠢᠨ ᠤ ᠪᠠᠴᠢᠮ ᠪᠠᠶᠢᠳᠠᠯ ᠢ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢ ᠵᠤᠯᠭᠠᠯᠳᠤᠭᠤᠯᠬᠤ ᠶᠢ ᠴᠢᠩᠭᠠᠳᠬᠠᠵᠤ᠂ ᠳᠦᠷᠢᠮ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠴᠢᠩᠭᠠᠷᠠᠭᠤᠯᠬᠤ ᠬᠡᠷᠡᠭᠲᠡᠢ᠃        ︵ᠬᠤᠶᠠᠷ︶ ᠦᠨᠳᠦᠰᠦᠨ ᠪᠠᠶᠢᠳᠠᠯ ᠳᠤ ᠰᠠᠭᠤᠷᠢᠯᠠᠵᠤ᠂ ᠲᠥᠪ ᠭᠤᠣᠯᠴᠢ ᠪᠠᠶᠢᠬᠤ ᠶᠢ ᠪᠠᠲᠤᠯᠠᠨ᠎ᠠ᠃ ᠪᠦᠷᠢᠨ ᠪᠦᠷᠭᠦᠭᠦᠯᠬᠦ᠂ ᠦᠨᠳᠦᠰᠦᠨ ᠪᠠᠶᠢᠳᠠᠯ ᠢ ᠪᠠᠲᠤᠯᠠᠬᠤ᠂ ᠣᠯᠠᠨ ᠱᠠᠳᠤ ᠳᠠᠪᠬᠤᠷᠭ᠎ᠠ ᠲᠠᠢ᠂ ᠦᠷᠭᠦᠯᠵᠢᠯᠡᠭᠦᠯᠬᠦ ᠴᠢᠭᠯᠡᠯᠲᠡ ᠶᠢ ᠪᠠᠷᠢᠮᠲᠠᠯᠠᠵᠤ᠂ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠳᠠᠷᠤᠭᠠᠰᠤ ᠪᠠ ᠰᠠᠭᠤᠷᠢ ᠮᠦᠩᠭᠦ ᠶᠢᠨ ᠳᠠᠭᠠᠭᠠᠬᠤ ᠴᠢᠳᠠᠪᠤᠷᠢ ᠳᠤ ᠰᠠᠭᠤᠷᠢᠯᠠᠨ᠂ ᠬᠤᠲᠠ ᠬᠦᠳᠡᠭᠡ ᠶᠢᠨ ᠵᠦᠷᠢᠶ᠎ᠡ ᠪᠠ ᠭᠠᠵᠠᠷ ᠣᠷᠣᠨ ᠤ ᠢᠯᠭᠠᠭ᠎ᠠ ᠶᠢ ᠭᠦᠢᠴᠡᠳ ᠪᠣᠳᠤᠯᠬᠢᠯᠬᠤ ᠶᠢᠨ ᠬᠠᠮᠲᠤ ᠠᠯᠬᠤᠮ ᠠᠯᠬᠤᠮ ᠢᠶᠠᠷ ᠪᠠᠭᠠᠰᠬᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠣᠯᠭᠤᠮᠵᠢ ᠶᠢ ᠲᠥᠪ ᠭᠤᠣᠯᠴᠢ ᠪᠠᠷ ᠡᠳ᠋ᠯᠡᠬᠦ ᠶᠢ ᠪᠠᠲᠤᠯᠠᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃        ︵ᠭᠤᠷᠪᠠ︶ ᠲᠣᠬᠠᠢ ᠶᠢᠨ ᠭᠠᠵᠠᠷ ᠣᠷᠣᠨ ᠤ ᠪᠤᠳᠠᠳᠤ ᠪᠠᠶᠢᠳᠠᠯ ᠳᠠᠭᠠᠨ ᠲᠣᠬᠢᠷᠠᠭᠤᠯᠤᠨ᠂ ᠡᠮᠬᠢ ᠵᠢᠷᠤᠮ ᠲᠠᠢ ᠡᠮᠬᠢᠯᠡᠨ ᠨᠡᠶᠢᠯᠡᠭᠦᠯᠦᠨ᠎ᠡ᠃ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠬᠦ᠂ ᠪᠠᠶᠢᠭᠤᠯᠤᠯ ᠢ ᠰᠢᠯᠤᠭᠤᠳᠬᠠᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ ᠴᠤᠪᠤᠷᠠᠯ ᠶᠤᠰᠤᠭᠠᠷ ᠪᠦᠬᠦ ᠣᠷᠣᠨ ᠤ ᠬᠡᠪᠴᠢᠶᠡᠨ ᠳᠤ ᠪᠦᠬᠦᠯᠢ ᠴᠣᠭᠴᠠ ᠪᠠᠷ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢ ᠨᠢᠭᠡᠲᠦᠯᠲᠡᠢ ᠬᠠᠮᠢᠶᠠᠷᠴᠤ᠂ ᠨᠢᠭᠡᠲᠦᠯᠲᠡᠢ ᠠᠵᠢᠯᠯᠠᠭᠤᠯᠤᠨ᠂ ᠨᠢᠭᠡᠲᠦᠯᠲᠡᠢ ᠲᠣᠭᠠᠴᠠᠭ᠎ᠠ ᠬᠢᠵᠦ᠂ ᠵᠠᠷᠴᠢᠮ ᠳᠡᠭᠡᠷ᠎ᠡ ᠪᠠᠨ ᠠᠶᠢᠮᠠᠭ ᠬᠤᠲᠠ ᠶᠢᠨ ᠱᠠᠲᠤ ᠠᠴᠠ ᠨᠢᠭᠡᠲᠦᠯᠲᠡᠢ ᠲᠦᠯᠦᠪᠯᠡᠬᠦ ᠶᠢ ᠬᠡᠷᠡᠭᠵᠢᠭᠦᠯᠦᠨ᠎ᠡ᠃ ᠡᠮᠬᠢᠯᠡᠨ ᠨᠡᠶᠢᠯᠡᠭᠦᠯᠬᠦ ᠶᠢᠨ ᠡᠮᠦᠨ᠎ᠡ ᠬᠤᠶᠢᠨᠠᠬᠢ ᠶᠢ ᠵᠤᠯᠭᠠᠯᠳᠤᠭᠤᠯᠬᠤ ᠶᠢ ᠴᠢᠩᠭᠠᠳᠬᠠᠵᠤ᠂ ᠠᠵᠢᠯ ᠤᠨ ᠣᠷᠤᠭᠰᠢᠲᠠᠢ ᠵᠠᠯᠭᠠᠬᠤ᠂ ᠡᠮᠬᠢ ᠵᠢᠷᠤᠮ ᠲᠠᠢ ᠰᠢᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ︔ ᠣᠯᠠᠨ ᠲᠦᠮᠡᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠣᠯᠭᠤᠮᠵᠢ ᠶᠢ ᠨᠦᠯᠦᠭᠡᠯᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠣᠯᠠᠨ ᠲᠦᠮᠡᠨ ᠤ ᠨᠡᠩ ᠢᠯᠡᠭᠦᠦ ᠬᠦᠷᠲᠡᠵᠦ ᠣᠯᠬᠤ ᠰᠡᠳᠬᠢᠯᠭᠡ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠰᠠᠭᠤᠷᠢ ᠮᠦᠩᠭᠦ ᠶᠢᠨ ᠠᠮᠦᠷ ᠲᠥᠪᠰᠢᠨ ᠪᠠ ᠳᠦᠷᠢᠮ ᠤᠨ ᠠᠵᠢᠯᠯᠠᠭᠠᠨ ᠤ ᠲᠣᠭᠲᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃          ︵ᠳᠥᠷᠪᠡ︶ ᠲᠣᠭᠲᠠᠴᠠ ᠳᠤ ᠰᠢᠨ᠎ᠡ ᠶᠢ ᠡᠭᠦᠳᠴᠦ᠂ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃        ᠬᠠᠮᠢᠶᠠᠷᠴᠤ ᠭᠦᠢᠴᠡᠳᠭᠡᠬᠦ ᠶᠢ ᠰᠠᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶᠠᠷᠴᠤ ᠠᠵᠢᠯᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠣᠭᠤᠰ ᠥᠭᠬᠦ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢ ᠬᠡᠷᠡᠭᠯᠡᠬᠦ ᠠᠰᠢᠭᠯᠠᠮᠵᠢ ᠪᠠ ᠭᠠᠷᠳᠠᠨ ᠭᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠦᠴᠦᠨ ᠢ ᠳᠠᠶᠢᠴᠢᠯᠠᠨ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠦᠢᠯᠡᠴᠢᠯᠡᠭᠡ ᠳᠤ ᠣᠷᠤᠯᠴᠠᠭᠤᠯᠬᠤ ᠬᠡᠷᠡᠭᠲᠡᠢ᠃        ᠭᠤᠷᠪᠠ᠂ ᠡᠮᠬᠢᠯᠡᠨ ᠨᠡᠶᠢᠯᠡᠭᠦᠯᠬᠦ ᠠᠭᠤᠯᠭ᠎ᠠ        ︽ᠵᠢᠷᠭᠤᠭ᠎ᠠ ᠶᠢ ᠨᠢᠭᠡᠳᠭᠡᠬᠦ︾ ᠱᠠᠭᠠᠷᠳᠠᠯᠭ᠎ᠠ ᠶᠤᠰᠤᠭᠠᠷ᠂ ᠮᠠᠨ ᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠤᠨ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠤᠯᠪᠣᠭᠳᠠᠯ ᠪᠦᠬᠦᠢ ᠪᠠᠶᠢᠭᠤᠯᠤᠮᠵᠢ᠂ ᠡᠭᠦᠷᠭᠡ ᠴᠢᠳᠠᠪᠤᠷᠢ᠂ ᠣᠷᠣᠨ ᠲᠤᠭ᠎ᠠ᠂ ᠠᠵᠢᠯᠲᠠᠨ᠂ ᠬᠦᠷᠦᠩᠭᠡ ᠪᠠ ᠵᠠᠷᠤᠳᠠᠯ ᠢ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠲᠤ ᠪᠦᠬᠦᠯᠢ ᠴᠣᠭᠴᠠ ᠪᠠᠷ ᠬᠤᠪᠢᠶᠠᠷᠢᠯᠠᠨ ᠣᠷᠤᠭᠤᠯᠵᠤ᠂ ᠨᠢᠭᠡᠲᠦᠯᠲᠡᠢ ᠬᠠᠮᠢᠶᠠᠷᠤᠯᠲᠠ ᠶᠢ ᠬᠡᠷᠡᠭᠵᠢᠭᠦᠯᠦᠨ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠩ ᠲᠥᠪ ᠭᠤᠣᠯᠴᠢ᠂ ᠦᠷᠭᠦᠯᠵᠢᠯᠡᠨ ᠬᠥᠭᠵᠢᠬᠦ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠬᠡᠷᠡᠭᠲᠡᠢ᠃        ︵ᠨᠢᠭᠡ︶ ᠬᠠᠮᠤᠷᠬᠤ ᠬᠡᠪᠴᠢᠶ᠎ᠡ ᠶᠢ ᠨᠢᠭᠡᠳᠭᠡᠨ᠎ᠡ᠃        ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠤᠨ ᠬᠠᠮᠤᠷᠬᠤ ᠬᠡᠪᠴᠢᠶ᠎ᠡ ᠳᠤ ᠣᠳᠣ ᠶᠢᠨ ᠪᠠᠶᠢᠭ᠎ᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠳᠠᠭᠠᠳᠬᠠᠯ ︵ᠬᠤᠷᠰᠢᠭᠰᠠᠨ ᠡᠮᠴᠢᠯᠡᠭᠡ︶ ᠳᠤ ᠣᠷᠤᠯᠴᠠᠪᠠᠰᠤ ᠵᠣᠬᠢᠬᠤ ᠠᠯᠢᠪᠠ ᠬᠦᠮᠦᠰ ᠪᠠᠭᠲᠠᠨ᠎ᠠ᠂ ᠳᠠᠷᠤᠢ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠤᠯᠴᠠᠪᠠᠰᠤ ᠵᠣᠬᠢᠬᠤ ᠬᠦᠮᠦᠰ ᠠᠴᠠ ᠭᠠᠳᠠᠨᠠᠬᠢ ᠪᠤᠰᠤᠳ ᠠᠯᠢᠪᠠ ᠬᠤᠲᠠ ᠬᠦᠳᠡᠭᠡ ᠶᠢᠨ ᠰᠠᠭᠤᠭᠠᠯᠢ ᠠᠷᠠᠳ ᠢ ᠬᠠᠮᠤᠷᠤᠨ᠎ᠠ᠃ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠶᠢ ᠲᠡᠮᠲᠡᠭᠯᠡᠬᠦ ᠲᠦᠯᠦᠪᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠣᠣᠯ ᠤᠨ ᠡᠷᠦᠬᠡ ᠪᠠᠷ ᠨᠢᠭᠡᠴᠢ ᠪᠣᠯᠭᠠᠨ ᠳᠠᠭᠠᠳᠬᠠᠯ ᠳᠤ ᠣᠷᠤᠯᠴᠠᠬᠤ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠦᠮᠦᠨ ᠢᠶᠠᠷ ᠨᠢᠭᠡᠴᠢ ᠪᠣᠯᠭᠠᠨ ᠳᠠᠭᠠᠳᠬᠠᠯ ᠳᠤ ᠣᠷᠤᠯᠴᠠᠬᠤ ᠠᠷᠭ᠎ᠠ ᠮᠠᠶ᠋ᠢᠭ ᠪᠣᠯᠭᠠᠨ ᠦᠭᠡᠷᠡᠴᠢᠯᠡᠵᠦ᠂ ᠳᠠᠭᠠᠳᠬᠠᠯ ᠳᠤ ᠣᠷᠤᠯᠴᠠᠪᠠᠰᠤ ᠵᠣᠬᠢᠬᠤ ᠶᠢ ᠨᠢ ᠪᠦᠭᠦᠳᠡ ᠶᠢ ᠣᠷᠤᠯᠴᠠᠭᠤᠯᠬᠤ ᠶᠢ ᠠᠬᠢᠭᠤᠯᠤᠨ᠂ ᠳᠠᠬᠢᠨ ᠳᠠᠪᠳᠠᠨ ᠳᠠᠭᠠᠳᠬᠠᠯ ᠳᠤ ᠣᠷᠤᠯᠴᠠᠬᠤ ᠠᠴᠠ ᠵᠠᠶᠢᠯᠠᠰᠬᠢᠬᠦ ᠬᠡᠷᠡᠭᠲᠡᠢ᠃        ︵ᠬᠤᠶᠠᠷ︶ ᠪᠡᠯᠡ ᠬᠤᠷᠠᠮᠳᠤᠭᠤᠯᠬᠤ ᠲᠥᠷᠥ ᠶᠢᠨ ᠪᠣᠳᠣᠯᠭ᠎ᠠ ᠶᠢ ᠨᠢᠭᠡᠳᠭᠡᠨ᠎ᠡ᠃        ᠪᠦᠬᠦ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠪᠡᠯᠡ ᠬᠤᠷᠠᠮᠳᠤᠭᠤᠯᠬᠤ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ ᠤᠨ ᠨᠦᠬᠦᠪᠦᠷᠢ ᠥᠭᠬᠦ ᠪᠠᠷᠢᠮᠵᠢᠶ᠎ᠠ ᠶᠢ ᠨᠢᠭᠡᠳᠭᠡᠬᠦ ᠬᠡᠷᠡᠭᠲᠡᠢ᠃ ᠬᠤᠪᠢ ᠬᠦᠮᠦᠨ ᠠᠴᠠ ᠵᠠᠷᠤᠳᠠᠯ ᠲᠤᠰᠢᠶᠠᠬᠤ ᠪᠠ ᠵᠠᠰᠠᠭ ᠤᠨ ᠣᠷᠳᠣᠨ ᠠᠴᠠ ᠨᠦᠬᠦᠪᠦᠷᠢᠯᠡᠬᠦ ᠶᠢ ᠬᠠᠷᠢᠯᠴᠠᠨ ᠤᠶᠠᠯᠳᠤᠭᠤᠯᠬᠤ ᠪᠠᠷ ᠭᠤᠣᠯ ᠪᠣᠯᠭᠠᠭᠰᠠᠨ᠂ ᠬᠠᠮᠲᠤ ᠨᠡᠶᠢᠲᠡ᠂ ᠨᠢᠭᠡᠴᠡ ᠪᠣᠶᠣ ᠨᠡᠶᠢᠭᠡᠮ ᠤᠨ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠲᠡᠳᠭᠦᠮᠵᠢ ᠣᠯᠭᠤᠬᠤ ᠪᠣᠶᠣ ᠪᠡᠯᠡ ᠮᠦᠩᠭᠦ ᠪᠠᠷ ᠲᠤᠰᠠᠯᠠᠬᠤ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢ ᠦᠷᠭᠦᠯᠵᠢᠯᠡᠨ ᠬᠡᠷᠡᠭᠵᠢᠭᠦᠯᠵᠦ᠂ ᠡᠭᠦᠨ ᠳᠤ ᠡᠳ᠋ ᠤᠨ ᠵᠠᠰᠠᠭ ᠤᠨ ᠨᠦᠬᠦᠪᠦᠷᠢ ᠥᠭᠬᠦ ᠪᠠᠷᠢᠮᠵᠢᠶ᠎ᠠ ᠶᠢ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠠᠷᠢᠶ᠎ᠠ ᠭᠠᠵᠠᠷ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ᠃ ᠬᠤᠪᠢ ᠬᠦᠮᠦᠨ ᠤ ᠳᠠᠭᠠᠳᠬᠠᠯ ᠳᠤ ᠣᠷᠤᠯᠴᠠᠬᠤ ᠵᠠᠷᠤᠳᠠᠯ ᠢ ᠬᠠᠷᠢᠶ᠎ᠠ ᠭᠠᠵᠠᠷ ᠤᠨ ᠵᠠᠷᠤᠳᠠᠯ ᠲᠤᠰᠢᠶᠠᠬᠤ ᠲᠣᠭᠲᠠᠭᠠᠯ ᠶᠤᠰᠤᠭᠠᠷ ᠪᠦᠬᠦ ᠲᠤᠭ᠎ᠠ ᠪᠠᠷ ᠲᠤᠰᠢᠶᠠᠵᠤ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠷᠢᠭᠤᠴᠠᠨ ᠲᠠᠲᠠᠪᠤᠷᠢᠯᠠᠵᠤ᠂ ᠵᠠᠷᠴᠢᠮ ᠳᠡᠭᠡᠷ᠎ᠡ ᠪᠠᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠳᠣ ᠶᠢᠨ ᠪᠠᠶᠢᠭ᠎ᠠ ᠵᠠᠷᠤᠳᠠᠯ ᠲᠤᠰᠢᠶᠠᠬᠤ ᠬᠢᠷᠢ ᠬᠡᠮᠵᠢᠶ᠎ᠡ ᠪᠠᠷ ᠯᠠᠪᠯᠠᠯᠲᠠ ᠪᠣᠯᠭᠠᠵᠤ ︽ᠨᠢᠭᠡ ᠳᠦᠷᠢᠮ ᠳᠤ ᠬᠤᠶᠠᠷ ᠳᠡᠰ ᠲᠠᠢ︾ ᠪᠠᠶᠢᠯᠭᠠᠵᠤ᠂ ᠨᠦᠬᠦᠴᠡᠯ ᠲᠠᠢ ᠭᠠᠵᠠᠷ ᠣᠷᠣᠨ ᠨᠢ ︽ᠨᠢᠭᠡ ᠳᠦᠷᠢᠮ ᠳᠤ ᠨᠢᠭᠡ ᠳᠡᠰ ᠲᠠᠢ︾ ᠪᠠᠶᠢᠯᠭᠠᠬᠤ ᠶᠢ ᠬᠡᠷᠡᠭᠵᠢᠭᠦᠯᠬᠦ ᠶᠢ ᠵᠣᠷᠢᠬᠵᠢᠭᠤᠯᠤᠨ᠎ᠠ᠃        ︵ᠭᠤᠷᠪᠠ︶ ᠪᠠᠲᠤᠯᠠᠭ᠎ᠠ ᠶᠢᠨ ᠣᠯᠭᠤᠮᠵᠢ ᠶᠢ ᠨᠢᠭᠡᠳᠭᠡᠨ᠎ᠡ᠃        ᠪᠠᠲᠤᠯᠠᠭ᠎ᠠ ᠲᠣᠬᠢᠷᠠᠮᠵᠢᠲᠠᠢ᠂ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠ ᠡᠷᠬᠡ ᠠᠰᠢᠭ ᠡᠭᠦᠷᠭᠡ ᠶᠢᠨ ᠲᠡᠩᠴᠡᠭᠦᠦ ᠪᠠᠶᠢᠬᠤ ᠵᠠᠷᠴᠢᠮ ᠢ ᠵᠢᠷᠤᠮᠯᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠡᠬᠢᠯᠡᠵᠦ ᠲᠤᠰᠢᠶ᠋ᠬᠠᠤ ᠪᠠᠷᠢᠮᠵᠢᠶ᠎ᠠ᠂ ᠳᠠᠩᠰᠠᠨ ᠠᠴᠠ ᠲᠠᠶᠢᠯᠬᠤ ᠬᠠᠷᠢᠴᠠᠯ ᠪᠠ ᠬᠠᠮᠤᠭ ᠤᠨ ᠦᠨᠳᠦᠷ ᠲᠤᠰᠢᠶ᠋ᠬᠠᠤ ᠬᠢᠵᠠᠭᠠᠷ ᠲᠤᠭ᠎ᠠ ᠵᠡᠷᠭᠡ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤᠲᠤᠷ᠎ᠠ ᠡᠮᠨᠡᠯᠭᠡ ᠳᠤ ᠰᠠᠭᠤᠭᠰᠠᠨ ᠡᠮᠴᠢᠯᠡᠭᠡ ᠶᠢᠨ ᠵᠠᠷᠤᠳᠠᠯ ᠤᠨ ᠳᠠᠩᠰᠠᠨ ᠠᠴᠠ ᠲᠠᠶᠢᠯᠬᠤ ᠬᠠᠷᠢᠴᠠᠯ ᠢ 75% ᠣᠷᠴᠢᠮ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠡᠮᠬᠢᠯᠡᠨ ᠨᠡᠶᠢᠯᠡᠭᠦᠯᠬᠦ ᠶᠢᠨ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠰᠢᠯᠵᠢᠯᠲᠠ ᠪᠠ ᠵᠤᠯᠭᠠᠯᠲᠠ ᠶᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃        ︵ᠳᠥᠷᠪᠡ︶ ᠡᠮᠴᠢᠯᠡᠭᠡ ᠶᠢᠨ ᠳᠠᠭᠠᠳᠬᠠᠯ ᠤᠨ ᠭᠠᠷᠴᠠᠭ ᠢ ᠨᠢᠭᠡᠳᠭᠡᠨ᠎ᠡ᠃        ᠤᠯᠤᠰ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠬᠡᠷᠡᠭᠯᠡᠬᠦ ᠬᠠᠮᠢᠶᠠᠷᠤᠯᠲᠠ ᠪᠠ ᠦᠨᠳᠦᠰᠦᠨ ᠡᠮ ᠤᠨ ᠵᠦᠢᠯ ᠤᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ᠂ ᠡᠮᠴᠢᠯᠡᠭᠡᠨ ᠳᠤ ᠴᠢᠬᠤᠯᠠ ᠬᠡᠷᠡᠭᠴᠡᠭᠡᠲᠡᠢ᠂ ᠠᠮᠦᠷ ᠲᠥᠪᠰᠢᠨ ᠪᠦᠲᠦᠮᠵᠢᠲᠡᠢ᠂ ᠦᠨ᠎ᠡ ᠬᠠᠩᠰᠢ ᠨᠢ ᠵᠦᠢ ᠵᠣᠬᠢᠰᠲᠠᠢ᠂ ᠮᠡᠷᠭᠡᠵᠢᠯ ᠨᠢ ᠲᠣᠬᠢᠷᠠᠮᠵᠢᠲᠠᠢ᠂ ᠰᠠᠭᠤᠷᠢ ᠮᠦᠩᠭᠦ ᠳᠠᠭᠠᠭᠠᠵᠤ ᠳᠡᠶᠢᠯᠬᠦ ᠵᠠᠷᠴᠢᠮ ᠢ ᠵᠢᠷᠤᠮᠯᠡᠨ᠂ ᠬᠤᠲᠠ ᠪᠠᠯᠭᠠᠰᠤ ᠶᠢᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠣᠨᠣᠰᠢᠯᠠᠨ ᠡᠮᠨᠡᠬᠦ ᠲᠦᠷᠦᠯ ᠵᠦᠢᠯ ᠪᠠ ᠡᠮᠴᠢᠯᠡᠭᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠪᠠᠷᠢᠮᠵᠢᠶ᠎ᠠ ︵ᠳᠤᠷᠤᠭᠰᠢ ︽ᠭᠤᠷᠪᠠᠨ ᠭᠠᠷᠴᠠᠭ︾ ᠭᠡᠵᠦ ᠲᠣᠪᠴᠢᠯᠠᠨ᠎ᠠ︶ ᠶᠢ ᠨᠢᠭᠡᠲᠦᠯᠲᠡᠢ ᠬᠡᠷᠡᠭᠵᠢᠭᠦᠯᠦᠨ᠎ᠡ᠃ ᠡᠮᠴᠢᠯᠡᠭᠡ ᠶᠢᠨ ᠳᠠᠭᠠᠳᠬᠠᠯ ᠤᠨ ᠭᠠᠷᠴᠠᠭ ᠢ ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠤᠯᠤᠰ ᠤᠨ ᠲᠣᠭᠲᠠᠭᠠᠯ ᠢ ᠦᠨᠳᠦᠰᠦᠯᠡᠨ ᠨᠢᠭᠡᠲᠦᠯᠲᠡᠢ ᠬᠠᠮᠢᠶᠠᠷᠬᠤ ᠶᠢᠨ ᠬᠠᠮᠲᠤ᠂ ᠬᠦᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃        ︵ᠲᠠᠪᠤ︶ ᠲᠣᠭᠲᠠᠭᠰᠠᠨ ᠴᠢᠭ ᠤᠨ ᠬᠠᠮᠢᠶᠠᠷᠤᠯᠲᠠ ᠶᠢ ᠨᠢᠭᠡᠳᠭᠡᠨ᠎ᠡ᠃        ᠤᠷᠢᠳᠠᠪᠠᠷ ᠣᠷᠤᠭᠤᠯᠤᠨ᠂ ᠳᠠᠷᠠᠭ᠎ᠠ ᠨᠢ ᠵᠢᠷᠤᠮᠵᠢᠭᠤᠯᠬᠤ ᠵᠠᠷᠴᠢᠮ ᠶᠤᠰᠤᠭᠠᠷ᠂ ᠬᠠᠤᠯᠢ ᠶᠤᠰᠤᠭᠠᠷ ᠪᠠᠶᠢᠭᠤᠯᠤᠭᠰᠠᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠲᠣᠭᠲᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠪᠦᠬᠦᠨ ᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠲᠣᠭᠲᠠᠭᠰᠠᠨ ᠴᠢᠭ ᠤᠨ ᠬᠡᠪᠴᠢᠶ᠎ᠡ ᠳᠤ ᠣᠷᠤᠭᠤᠯᠤᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠲᠣᠭᠲᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠨᠢᠭᠡᠳᠭᠡᠵᠦ᠂ ᠣᠯᠠᠨ ᠲᠠᠯ᠎ᠠ ᠶᠢᠨ ᠦᠨᠡᠯᠡᠯᠲᠡ ᠵᠢᠱᠢᠯᠲᠡ ᠶᠢ ᠲᠠᠲᠠᠨ ᠣᠷᠤᠭᠤᠯᠵᠤ᠂ ᠲᠣᠭᠲᠠᠭᠰᠠᠨ ᠴᠢᠭ ᠤᠨ ᠦᠢᠯᠡᠴᠢᠯᠡᠭᠡᠨ ᠤ ᠬᠡᠯᠡᠯᠴᠡᠭᠡᠷᠳᠤ ᠬᠠᠮᠢᠶᠠᠷᠤᠯᠲᠠ ᠶᠢ ᠴᠢᠩᠭᠠᠷᠠᠭᠤᠯᠤᠨ᠂ ᠰᠢᠯᠭᠠᠨ ᠬᠢᠨᠠᠵᠤ ᠦᠨᠡᠯᠡᠬᠦ ᠲᠣᠭᠲᠠᠴᠠ ᠪᠠ ︽ᠣᠷᠤᠬᠤ ᠳᠤ ᠠᠭᠤᠵᠢᠭᠤ ᠪᠠᠶᠢᠯᠭᠠᠬᠤ ᠭᠠᠷᠬᠤ ᠳᠤ ᠴᠢᠩᠭ᠎ᠠ ᠱᠠᠭᠠᠷᠳᠠᠬᠤ︾ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠣᠭᠲᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠨᠢᠭᠡᠲᠦᠯᠲᠡᠢ ᠲᠦᠯᠦᠪᠯᠡᠬᠦ ᠭᠠᠵᠠᠷ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠠᠴᠠ ᠬᠠᠷᠢᠭᠤᠴᠠᠨ᠎ᠠ᠃        ︵ᠵᠢᠷᠭᠤᠭ᠎ᠠ︶ ᠰᠠᠭᠤᠷᠢ ᠮᠦᠩᠭᠦ ᠶᠢᠨ ᠬᠠᠮᠢᠶᠠᠷᠤᠯᠲᠠ ᠶᠢ ᠨᠢᠭᠡᠳᠭᠡᠨ᠎ᠡ᠃        ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠰᠠᠭᠤᠷᠢ ᠮᠦᠩᠭᠦ ᠶᠢ ᠨᠢᠭᠡᠲᠦᠯᠲᠡᠢ ᠬᠠᠮᠢᠶᠠᠷᠴᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠭᠡᠵᠦ ᠨᠢᠭᠡᠲᠦᠯᠲᠡᠢ ᠨᠡᠷᠡᠶᠢᠳᠦᠨ᠎ᠡ᠃ ᠡᠮᠬᠢᠯᠡᠨ ᠨᠡᠶᠢᠯᠡᠭᠦᠯᠬᠦ ᠠᠴᠠ ᠡᠮᠦᠨ᠎ᠡ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠰᠠᠭᠤᠷᠢ ᠮᠦᠩᠭᠦ ᠶᠢ ᠬᠢᠨᠠᠨ ᠪᠤᠳᠤᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠵᠦ᠂ ᠰᠠᠭᠤᠷᠢ ᠮᠦᠩᠭᠦ ᠶᠢᠨ ᠲᠤᠳᠠᠪᠤᠷᠢ ᠶᠢ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠬᠠᠷᠢᠭᠤᠴᠠᠨ ᠰᠢᠢᠳᠪᠦᠷᠢᠯᠡᠬᠦ ᠬᠡᠷᠡᠭᠲᠡᠢ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢᠨ ᠬᠠᠮᠢᠶᠠᠷᠤᠯᠲᠠ ᠳᠤ ᠤᠯᠤᠰ ᠤᠨ ᠨᠢᠭᠡᠲᠦᠯᠲᠡᠢ ᠰᠠᠭᠤᠷᠢ ᠮᠦᠩᠭᠦ ᠶᠢᠨ ᠡᠳ᠋ ᠤᠨ ᠶᠠᠪᠤᠳᠠᠯ ᠤᠨ ᠳᠦᠷᠢᠮ᠂ ᠨᠢᠭᠲᠠᠯᠠᠨ ᠪᠤᠳᠤᠭᠴᠢ ᠶᠢᠨ ᠳᠦᠷᠢᠮ ᠪᠠ ᠰᠠᠭᠤᠷᠢ ᠮᠦᠩᠭᠦ ᠶᠢᠨ ᠲᠦᠰᠦᠪ ᠪᠠ ᠲᠦᠰᠦᠪ ᠤᠨ ᠭᠦᠢᠴᠡᠳᠭᠡᠯ ᠤᠨ ᠬᠠᠮᠢᠶᠠᠷᠤᠯᠲᠠ ᠤᠨ ᠳᠦᠷᠢᠮ ᠢ ᠬᠡᠷᠡᠭᠵᠢᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢ ᠡᠳ᠋ ᠤᠨ ᠵᠠᠰᠠᠭ ᠤᠨ ᠲᠤᠰᠬᠠᠢ ᠳᠠᠩᠰᠠᠨ ᠡᠷᠦᠬᠡ ᠳᠤ ᠣᠷᠤᠭᠤᠯᠵᠤ᠂ ᠲᠤᠰᠠᠭᠠᠷ ᠲᠣᠭᠠᠴᠠᠭ᠎ᠠ ᠬᠢᠵᠦ᠂ ︽ᠣᠷᠤᠯᠭ᠎ᠠ ᠵᠠᠷᠤᠯᠭ᠎ᠠ ᠶᠢ ᠠᠰ ᠲᠤᠨᠢ ᠪᠤᠳᠤᠬᠤ︾ ᠶᠢ ᠬᠡᠷᠡᠭᠵᠢᠭᠦᠯᠦᠨ᠂ ᠶᠠᠮᠠᠷᠪᠠ ᠨᠢᠭᠡᠴᠡ ᠪᠠ ᠬᠤᠪᠢ ᠬᠦᠮᠦᠨ ᠠᠴᠠ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ᠃ ᠰᠠᠭᠤᠷᠢ ᠮᠦᠩᠭᠦ ᠶᠢ ᠬᠡᠷᠡᠭᠯᠡᠬᠦ ᠳᠤ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠶᠢᠬᠤ᠂ ᠪᠠᠭᠠᠬᠠᠨ ᠦᠯᠡᠳᠡᠪᠦᠷᠢ ᠲᠠᠢ ᠪᠠᠶᠢᠯᠭᠠᠬᠤ ᠵᠠᠷᠴᠢᠮ ᠢ ᠵᠢᠷᠤᠮᠯᠡᠵᠦ᠂ ᠲᠤᠰᠢᠶᠠᠪᠠᠰᠤ ᠵᠣᠬᠢᠬᠤ ᠵᠠᠷᠤᠳᠠᠯ ᠢ ᠴᠠᠭ ᠲᠣᠬᠠᠢ ᠳᠤᠨᠢ ᠲᠤᠭ᠎ᠠ ᠶᠤᠰᠤᠭᠠᠷ ᠭᠦᠢᠴᠡᠳ ᠰᠠᠯᠭᠠᠨ ᠥᠭᠬᠦ ᠶᠢ ᠦᠨᠡᠨᠬᠦ ᠪᠠᠲᠤᠯᠠᠨ᠂ ᠰᠠᠭᠤᠷᠢ ᠮᠦᠩᠭᠦ ᠶᠢᠨ ᠲᠣᠬᠠᠢ ᠶᠢᠨ ᠵᠢᠯ ᠤᠨ ᠦᠯᠡᠳᠡᠪᠦᠷᠢ ᠶᠢᠨ ᠨᠣᠷᠮ᠎ᠠ ᠪᠠ ᠨᠡᠶᠢᠲᠡ ᠦᠯᠡᠳᠡᠪᠦᠷᠢ ᠶᠢᠨ ᠨᠣᠷᠮ᠎ᠠ ᠶᠢ ᠵᠦᠢ ᠵᠣᠬᠢᠰᠲᠠᠢ ᠡᠵᠡᠮᠳᠡᠬᠦ ᠬᠡᠷᠡᠭᠲᠡᠢ᠃        ᠳᠥᠷᠪᠡ᠂ ᠭᠠᠷᠳᠠᠨ ᠭᠦᠢᠴᠡᠳᠭᠡᠬᠦ ᠦᠢᠯᠡᠴᠢᠯᠡᠭᠡ        ︵ᠨᠢᠭᠡ︶ ᠨᠢᠭᠡᠲᠦᠯᠲᠡᠢ ᠲᠦᠯᠦᠪᠯᠡᠬᠦ ᠱᠠᠳᠤ ᠳᠠᠪᠬᠤᠷᠭ᠎ᠠ ᠶᠢ ᠳᠡᠭᠡᠭᠰᠢᠯᠡᠭᠦᠯᠦᠨ᠎ᠡ᠃        ᠵᠠᠷᠴᠢᠮ ᠳᠡᠭᠡᠷ᠎ᠡ ᠪᠠᠨ ᠠᠶᠢᠮᠠᠭ ᠬᠤᠲᠠ ᠶᠢᠨ ᠱᠠᠲᠤᠨ ᠠᠴᠠ ᠨᠢᠭᠡᠲᠦᠯᠲᠡᠢ ᠲᠦᠯᠦᠪᠯᠡᠬᠦ ᠶᠢ ᠬᠡᠷᠡᠭᠵᠢᠭᠦᠯᠵᠦ᠂ ᠡᠯ᠎ᠡ ᠨᠢᠭᠡᠲᠦᠯᠲᠡᠢ ᠲᠦᠯᠦᠪᠯᠡᠬᠦ ᠭᠠᠵᠠᠷ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠨᠢ ᠲᠦᠷᠥ ᠶᠢᠨ ᠪᠣᠳᠣᠯᠭ᠎ᠠ᠂ ᠣᠯᠭᠤᠮᠵᠢ ᠶᠢᠨ ᠪᠠᠷᠢᠮᠵᠢᠶ᠎ᠠ᠂ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠴᠤᠪᠤᠷᠠᠯ᠂ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶᠠᠷᠤᠯᠲᠠ ᠪᠠᠨ ᠨᠢᠭᠡᠳᠭᠡᠵᠦ᠂ ᠨᠦᠬᠦᠴᠡᠯ ᠲᠠᠢ ᠭᠠᠵᠠᠷ ᠣᠷᠣᠨ ᠨᠢ ᠰᠠᠭᠤᠷᠢ ᠮᠦᠩᠭᠦ ᠶᠢ ᠨᠢᠭᠡᠲᠦᠯᠲᠡᠢ ᠬᠤᠷᠢᠶᠠᠵᠤ ᠵᠠᠷᠤᠬᠤ ᠶᠢ ᠬᠡᠷᠡᠭᠵᠢᠭᠦᠯᠦᠨ᠎ᠡ᠃ ᠡᠮᠴᠢᠯᠡᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠪᠠ ᠵᠠᠯᠭᠠᠬᠤ ᠠᠵᠢᠯ ᠢ ᠴᠢᠩᠭᠠᠳᠬᠠᠵᠤ᠂ ᠬᠤᠲᠠ ᠣᠷᠤᠭᠰᠠᠨ ᠮᠠᠯᠴᠢᠨ ᠲᠠᠷᠢᠶᠠᠴᠢᠳ ᠰᠠᠭᠤᠭ᠎ᠠ ᠭᠠᠵᠠᠷ ᠤᠨ ᠢᠶᠠᠨ ᠳᠡᠭᠡᠳᠦ ᠳᠡᠰ ᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠰᠠᠶᠢᠨ ᠳᠤᠷ᠎ᠠ ᠠᠴᠠ ᠪᠠᠨ ᠣᠷᠤᠯᠴᠠᠵᠤ ᠪᠣᠯᠣᠨ᠎ᠠ᠃ ᠣᠨᠳᠣᠣ ᠭᠠᠵᠠᠷ ᠡᠮᠨᠡᠭᠦᠯᠬᠦ ᠳᠤ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠬᠡᠷᠡᠭᠵᠢᠭᠦᠯᠬᠦ ᠬᠡᠷᠡᠭᠲᠡᠢ᠃ ᠰᠠᠭᠤᠷᠢ ᠮᠦᠩᠭᠦ ᠶᠢ ᠳᠡᠰ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠠᠶᠢᠮᠠᠭ ᠬᠤᠲᠠ ᠬᠢᠭᠡᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠢᠳᠡᠪᠬᠢ ᠴᠢᠨᠠᠷ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃        ︵ᠬᠤᠶᠠᠷ︶ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃        ᠪᠠᠷᠢᠮᠵᠢᠶ᠎ᠠ ᠶᠢ ᠨᠢᠭᠡᠳᠭᠡᠬᠦ᠂ ᠲᠤᠭ᠎ᠠ ᠪᠠᠷᠢᠮᠲᠠ ᠶᠢ ᠲᠦᠪᠯᠡᠷᠡᠭᠦᠯᠬᠦ᠂ ᠦᠢᠯᠡᠴᠢᠯᠡᠭᠡ ᠶᠢ ᠤᠷᠳᠤᠳᠬᠠᠬᠤ ᠵᠠᠷᠴᠢᠮ ᠶᠣᠰᠤᠭᠠᠷ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠨᠢᠭᠡᠳᠭᠡᠵᠦ᠂ ᠳᠠᠭᠠᠳᠬᠠᠯ ᠳᠤ ᠣᠷᠤᠯᠴᠠᠭᠰᠠᠳ ᠤᠨ ᠦᠨᠳᠦᠰᠦᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠨ ᠬᠠᠷᠢᠴᠠᠭᠤᠯᠬᠤ ᠶᠢ ᠴᠢᠩᠭᠠᠳᠬᠠᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠨᠢᠭᠡᠲᠦᠯᠲᠡᠢ ᠵᠣᠬᠢᠶᠠᠨ ᠲᠠᠷᠬᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠢ ᠬᠠᠮᠤᠷᠤᠭᠰᠠᠨ ᠬᠠᠮᠢᠶᠠᠷᠤᠯᠲᠠ ᠦᠢᠯᠡᠴᠢᠯᠡᠭᠡ ᠶᠢᠨ ᠰᠦᠯᠵᠢᠶ᠎ᠡ ᠶᠢ ᠪᠠᠶᠢᠭᠤᠯᠤᠨ᠂ ᠲᠠᠭᠠᠳᠬᠠᠯ ᠪᠠ ᠨᠡᠶᠢᠭᠡᠮ ᠤᠨ ᠪᠠᠲᠤᠯᠠᠭ᠎ᠠ ᠶᠢᠨ ᠢᠨᠵᠧᠨᠧᠷᠢᠩ ᠤᠨ ᠦᠢᠯᠡᠴᠢᠯᠡᠭᠡᠨ ᠤ ᠰᠦᠯᠵᠢᠶ᠎ᠡ ᠶᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠲᠡᠯ᠎ᠡ ᠤᠷᠳᠤᠳᠬᠠᠵᠦ᠂ ᠣᠯᠠᠨ ᠲᠦᠮᠡᠨ ᠳᠤ ᠳᠦᠭᠦᠮ ᠳᠦᠳᠡ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠣᠭᠲᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ᠂ ᠡᠮᠴᠢᠯᠡᠭᠡ ᠶᠢᠨ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠯᠦᠭᠡ ᠲᠣᠬᠠᠶᠢᠯᠠᠭᠰᠠᠨ ᠠᠵᠢᠯ ᠢᠶᠠᠨ ᠬᠠᠮᠵᠢᠯᠴᠠᠬᠤ ᠪᠠ ᠮᠡᠳᠡᠭᠡ ᠵᠠᠩᠭᠢ ᠪᠠᠨ ᠬᠠᠮᠲᠤᠪᠠᠷ ᠡᠳ᠋ᠯᠡᠵᠤ ᠪᠤᠯᠬᠤ ᠶᠢ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠦᠢᠯᠡᠴᠢᠯᠡᠭᠡ ᠶᠢᠨ ᠬᠡᠯᠡᠯᠴᠡᠭᠡᠷ ᠪᠠ ᠪᠠᠷᠢᠮᠵᠢᠶ᠎ᠠ ᠶᠢ ᠴᠢᠩᠭ᠎ᠠ ᠵᠢᠷᠤᠮᠯᠡᠨ ᠲᠣᠭᠲᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠦᠢᠯᠡᠴᠢᠯᠡᠭᠡ ᠬᠠᠩᠭᠠᠬᠤ ᠬᠡᠷᠡᠭᠲᠡᠢ᠃ ᠮᠡᠳᠡᠭᠡ ᠵᠠᠩᠭᠢ ᠶᠢᠨ ᠠᠮᠤᠷ ᠲᠦᠪᠰᠢᠨ ᠪᠠᠶᠢᠬᠤ ᠪᠠ ᠡᠪᠡᠳᠴᠢᠲᠡᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠪᠠᠨ ᠴᠢᠩᠭᠠᠷᠠᠭᠤᠯᠬᠤ ᠬᠡᠷᠡᠭᠲᠡᠢ᠃ 2017 ᠣᠨ ᠠᠴᠠ ᠡᠬᠢᠯᠡᠵᠦ᠂ ᠳᠠᠭᠠᠳᠬᠠᠯ ᠳᠤ ᠣᠷᠤᠯᠴᠠᠭᠰᠠᠳ ᠤᠨ ᠮᠡᠳᠡᠭᠡ ᠵᠠᠩᠭᠢ ᠪᠠ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠠᠴᠠ ᠨᠢᠭᠡᠲᠦᠯᠲᠡᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠬᠡᠷᠡᠭᠲᠡᠢ᠃        ︵ᠭᠤᠷᠪᠠ︶ ᠵᠣᠭᠤᠰ ᠥᠭᠬᠦ ᠠᠷᠭ᠎ᠠ ᠮᠠᠶ᠋ᠢᠭ ᠢ ᠦᠭᠡᠷᠡᠴᠢᠯᠡᠨ᠎ᠡ᠃        ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠥᠭᠬᠦ ᠶᠡᠷᠦᠩᠬᠡᠢ ᠲᠤᠭ᠎ᠠ ᠪᠠᠷ ᠡᠵᠡᠮᠳᠡᠬᠦ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠪᠡᠳᠴᠢᠨ ᠤ ᠵᠦᠢᠯ ᠢᠶᠠᠷ ᠵᠠᠷᠤᠳᠠᠯ ᠥᠭᠬᠦ᠂ ᠬᠦᠮᠦᠨ ᠤ ᠲᠤᠭ᠎ᠠ ᠪᠠᠷ ᠵᠠᠷᠤᠳᠠᠯ ᠥᠭᠬᠦ᠂ ᠣᠷᠣ ᠪᠠᠷ ᠡᠳᠦᠷ ᠲᠤ ᠵᠠᠷᠤᠳᠠᠯ ᠥᠭᠬᠦ ᠵᠡᠷᠭᠡ ᠣᠯᠠᠨ ᠵᠦᠢᠯ ᠤᠨ ᠵᠠᠷᠤᠳᠠᠯ ᠥᠭᠬᠦ ᠠᠷᠭ᠎ᠠ ᠮᠠᠶ᠋ᠢᠭ ᠢ ᠬᠠᠷᠢᠯᠴᠠᠨ ᠤᠶᠠᠯᠳᠤᠭᠤᠯᠤᠭᠰᠠᠨ ᠵᠤᠭᠤᠰ ᠥᠭᠬᠦ ᠨᠡᠶᠢᠯᠡᠮᠡᠯ ᠠᠷᠭ᠎ᠠ ᠶᠢᠨ ᠦᠭᠡᠷᠡᠴᠢᠯᠡᠯᠲᠡ ᠶᠢ ᠰᠢᠰᠲ᠋ᠧᠮ ᠲᠠᠢ ᠠᠬᠢᠭᠤᠯᠬᠤ ᠬᠡᠷᠡᠭᠲᠡᠢ᠃ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠪᠠ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠷᠤᠳᠠᠯ ᠤᠨ ᠡᠵᠡᠮᠳᠡᠯ ᠢᠶᠠᠨ ᠳᠦᠭᠦᠮᠴᠢᠯᠡᠬᠦ ᠶᠢ ᠰᠡᠷᠭᠡᠶᠢᠯᠡᠨ᠂ ᠶᠡᠷᠦᠩᠬᠡᠢ ᠲᠤᠭ᠎ᠠ ᠪᠠᠷ ᠳᠠᠭᠠᠭᠠᠴᠢᠯᠠᠬᠤ ᠠᠴᠠ ᠵᠠᠶᠢᠯᠠᠰᠬᠢᠬᠦ ᠬᠡᠷᠡᠭᠲᠡᠢ᠃ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠶᠢᠨ ᠡᠮᠴᠢᠯᠡᠭᠡᠨ ᠤ ᠪᠠᠶᠢᠭᠤᠯᠤᠮᠵᠢ ᠵᠢᠴᠢ ᠡᠮ ᠤᠨ ᠵᠦᠢᠯ ᠤᠨ ᠬᠠᠩᠭᠠᠯᠭ᠎ᠠ ᠶᠢᠨ ᠬᠤᠳᠠᠯᠳᠤᠭᠠᠴᠢᠨ ᠯᠤᠭ᠎ᠠ ᠬᠡᠯᠡᠯᠴᠡᠨ ᠵᠦᠪᠳᠡᠯᠴᠡᠬᠦ ᠲᠤᠭᠲᠠᠴᠠ ᠪᠠ ᠲᠥᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠳᠡᠰ ᠬᠤᠪᠢᠶᠠᠨ ᠣᠨᠤᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠳᠤ ᠠᠩᠬ᠎ᠠ ᠡᠮᠨᠡᠭᠦᠯᠬᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ᠂ ᠳᠡᠭᠡᠳᠦ ᠳᠣᠣᠷ᠎ᠠ ᠬᠠᠮᠲᠤᠷᠠᠨ ᠬᠦᠳᠡᠯᠦᠯᠴᠡᠭᠰᠡᠨ ᠡᠪᠡᠳᠴᠢᠨ ᠡᠮᠨᠡᠭᠦᠯᠬᠦ ᠶᠢᠨ ᠰᠢᠨ᠎ᠡ ᠡᠮᠬᠢ ᠲᠢᠭᠯᠢᠮ ᠢ ᠠᠯᠬᠤᠮ ᠠᠯᠬᠤᠮ ᠢᠶᠠᠷ ᠪᠣᠢ ᠪᠣᠯᠭᠠᠬᠤ ᠬᠡᠷᠡᠭᠲᠡᠢ᠃        ︵ᠳᠥᠷᠪᠡ︶ ᠡᠮᠴᠢᠯᠡᠭᠡ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃        ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠢ ᠨᠢᠭᠡᠲᠦᠯᠲᠡᠢ ᠬᠠᠮᠢᠶᠠᠷᠬᠤ ᠳᠠᠪᠠᠭᠤᠯᠢᠭ ᠲᠤ ᠲᠦᠰᠢᠭᠯᠡᠵᠦ᠂ ᠡᠮᠴᠢᠯᠡᠭᠡ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠡᠮᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠡᠮᠴᠢᠯᠡᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠠᠢ ᠬᠠᠮᠲᠤᠷᠠᠨ ᠡᠮᠴᠢᠯᠡᠭᠡ ᠶᠢᠨ ᠦᠢᠯᠡᠴᠢᠯᠡᠭᠡᠨ ᠤ ᠦᠨᠡᠯᠡᠯᠲᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠂ ᠡᠮᠴᠢᠯᠡᠭᠡ ᠶᠢᠨ ᠳᠠᠭᠠᠳᠬᠠᠯ ᠤᠨ ᠤᠶᠤᠨᠴᠢ ᠪᠠᠷ ᠬᠢᠨᠠᠨ ᠬᠠᠷᠭᠤᠭᠤᠯᠬᠤ ᠪᠠ ᠴᠠᠭ ᠲᠣᠬᠠᠢ ᠳᠤᠨᠢ ᠬᠢᠨᠠᠨ ᠡᠵᠡᠮᠳᠡᠬᠦ ᠶᠢ ᠪᠦᠬᠦ ᠲᠠᠯ᠎ᠠ ᠪᠠᠷ ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠴᠠᠭ ᠲᠣᠬᠠᠢ ᠳᠤᠨᠢ ᠬᠠᠤᠯᠢ ᠶᠣᠰᠤᠭᠠᠷ ᠰᠢᠢᠳᠪᠦᠷᠢᠯᠡᠨ ᠰᠢᠳᠭᠡᠨ ᠲᠣᠷᠭᠠᠬᠤ ᠬᠡᠷᠡᠭᠲᠡᠢ        ︵ᠲᠠᠪᠤ︶ ᠡᠮᠴᠢᠯᠡᠭᠡ ᠶᠢᠨ ᠳᠠᠭᠠᠳᠬᠠᠯ ᠤᠨ ᠬᠠᠮᠢᠶᠠᠷᠤᠯᠲᠠ ᠦᠢᠯᠡᠴᠢᠯᠡᠭᠡ ᠳᠤ ᠰᠢᠨ᠎ᠡ ᠶᠢ ᠡᠭᠦᠳᠦᠨ᠎ᠡ᠃        ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠬᠠᠮᠲᠤᠪᠠᠷ ᠣᠷᠤᠯᠴᠠᠬᠰᠠᠨ᠂ ᠵᠠᠰᠠᠭ ᠵᠠᠬᠢᠷᠭᠠᠨ ᠤ ᠬᠠᠮᠢᠶᠠᠷᠤᠯᠲᠠ ᠬᠢᠭᠡᠳ ᠲᠤᠰᠬᠠᠢ ᠰᠤᠳᠤᠯᠭᠠᠨ ᠢ ᠬᠠᠷᠢᠯᠴᠠᠨ ᠤᠶᠠᠯᠳᠤᠭᠤᠯᠤᠭᠰᠠᠨ ᠡᠮᠴᠢᠯᠡᠭᠡ ᠶᠢᠨ ᠳᠠᠭᠠᠳᠬᠠᠯ ᠤᠨ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡ ᠶᠢᠨ ᠳᠠᠭᠠᠳᠬᠠᠯ ᠤᠨ ᠠᠵᠢᠯᠯᠠᠭᠠᠨ ᠳᠠᠬᠢ ᠭᠤᠷᠪᠠᠳᠡᠬᠢ ᠡᠲᠡᠭᠡᠳ ᠠᠴᠠ ᠦᠨᠡᠯᠡᠨ ᠵᠢᠱᠢᠬᠦ ᠲᠣᠭᠲᠠᠴᠠ ᠪᠠ ᠡᠮᠴᠢᠯᠡᠭᠡ ᠶᠢᠨ ᠦᠢᠯᠡᠴᠢᠯᠡᠭᠡᠨ ᠳᠠᠬᠢ ᠨᠡᠶᠢᠭᠡᠮ ᠤᠨ ᠬᠢᠨ ᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠷᠳᠠᠨ ᠭᠦᠢᠴᠡᠳᠭᠡᠬᠦ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠡᠮᠴᠢᠯᠡᠭᠡ ᠶᠢᠨ ᠳᠠᠭᠠᠳᠬᠠᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠨᠴᠢᠯᠠᠯᠲᠠ ᠪᠠ ᠤᠳᠤᠬᠢᠴᠢᠯᠠᠯᠲᠠ ᠶᠢ ᠠᠬᠢᠭᠤᠯᠬᠤ ᠬᠡᠷᠡᠭᠲᠡᠢ᠃        ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ        ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠃        ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠳᠤᠭᠤᠶᠢᠯᠠᠩ ᠤᠨ ᠳᠠᠷᠤᠭ᠎ᠠ ᠶᠢ ᠡᠭᠦᠷᠭᠡᠯᠡᠭᠰᠡᠨ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠡᠮ ᠡᠮᠨᠡᠯᠭᠡ ᠶᠢᠨ ᠲᠦᠷᠢᠮ ᠤᠨ ᠦᠭᠡᠷᠡᠴᠢᠯᠡᠯᠲᠡ ᠶᠢᠨ ᠠᠯᠪᠠᠨ ᠭᠡᠷ᠂ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ᠂ ᠰᠤᠷᠭᠠᠨ ᠬᠦᠮᠦᠵᠢᠯ᠂ ᠳᠣᠲᠤᠭᠠᠲᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠣᠷᠣᠨ ᠨᠣᠲᠤᠭ ᠤᠨ ᠭᠠᠶᠢᠯᠢ ᠶᠢᠨ ᠶᠠᠪᠤᠳᠠᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠲᠤᠭ᠎ᠠ ᠪᠦᠷᠢᠳᠭᠡᠯ᠂ ᠵᠡᠮᠳᠡᠭᠴᠦᠳ ᠤᠨ ᠬᠤᠯᠪᠣᠭ᠎ᠠ᠂ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠣᠷᠤᠯᠴᠠᠭᠰᠠᠨ ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠤᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠪᠠᠶᠢᠭᠤᠯᠤᠨ᠎ᠠ᠃ ᠡᠯ᠎ᠡ ᠠᠶᠢᠮᠠᠭ ᠬᠤᠲᠠ ᠨᠤᠭᠤᠳ ᠴᠦ ᠵᠣᠬᠢᠬᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃        ︵ᠬᠤᠶᠠᠷ︶ ᠴᠠᠭ ᠬᠤᠭᠤᠴᠠᠭ᠎ᠠ ᠶᠢᠨ ᠲᠣᠬᠢᠷᠠᠭᠤᠯᠤᠯᠲᠠ᠃        1. 2016 ᠣᠨ ᠤ 6 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ︽ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠲᠦᠰᠦᠯ︾ ᠢ ᠨᠡᠶᠢᠲᠡᠯᠡᠵᠦ᠂ ᠪᠦᠬᠦ ᠣᠷᠣᠨ ᠤ ᠡᠮᠬᠢᠯᠡᠨ ᠨᠡᠶᠢᠯᠡᠭᠦᠯᠬᠦ ᠠᠵᠢᠯ ᠢ ᠲᠦᠯᠦᠪᠵᠢᠭᠦᠯᠬᠦ ᠪᠠ ᠪᠠᠶᠢᠷᠢᠯᠠᠭᠤᠯᠵᠤ᠂ ᠴᠠᠭ ᠬᠤᠭᠤᠴᠠᠭ᠎ᠠ ᠶᠢᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠤᠳᠤᠷᠬᠠᠶᠢᠯᠠᠨ᠂ ᠠᠵᠢᠯ ᠢ ᠠᠬᠢᠭᠤᠯᠬᠤ ᠪᠠ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃        2. 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠪᠡᠷᠲᠡᠭᠡᠨ ᠵᠠᠰᠬᠠᠤ ᠣᠷᠣᠨ ᠤ ᠲᠤᠰ ᠱᠠᠲᠤ ᠨᠢ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠪᠠᠶᠢᠭᠤᠯᠤᠮᠵᠢ᠂ ᠡᠭᠦᠷᠭᠡ ᠴᠢᠳᠠᠪᠤᠷᠢ᠂ ᠣᠷᠣᠨ ᠲᠤᠭ᠎ᠠ᠂ ᠠᠵᠢᠯᠲᠠᠨ᠂ ᠬᠦᠷᠦᠩᠭᠡ ᠶᠢ ᠪᠦᠬᠦ᠋ᠢᠯᠡ ᠪᠠᠶᠢᠭᠤᠯᠤᠯ ᠤᠨ ᠳᠦᠷᠢᠮ ᠢᠶᠠᠷ ᠰᠢᠯᠵᠢᠭᠦᠯᠦᠨ ᠲᠤᠰᠢᠶᠠᠬᠤ ᠪᠠ ᠵᠠᠷᠤᠳᠠᠯ ᠢ ᠨᠢ ᠬᠤᠪᠢᠶᠠᠷᠢᠯᠠᠨ ᠰᠢᠯᠵᠢᠭᠦᠯᠬᠦ ᠠᠵᠢᠯ ᠢ ᠪᠡᠶᠡᠯᠡᠭᠦᠯᠦᠨ᠎ᠡ︔ ᠡᠭᠦᠷᠭᠡ ᠴᠢᠳᠠᠪᠤᠷᠢ ᠶᠢ ᠨᠢ ᠰᠢᠯᠵᠢᠭᠦᠯᠦᠨ ᠲᠤᠰᠢᠶᠠᠵᠤ ᠬᠦᠯᠢᠶᠡᠨ ᠠᠪᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠳᠣᠷᠤᠭᠰᠢ ᠲᠠᠷᠬᠠᠭᠠᠨ᠎ᠠ᠃ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠬᠠᠷᠢᠶ᠎ᠠ ᠪᠦᠬᠦᠢ ᠦᠪᠡᠷᠲᠡᠭᠡᠨ ᠵᠠᠰᠬᠠᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠠᠮᠢᠶᠠᠷᠤᠯᠲᠠ ᠶᠢᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠬᠤᠪᠢᠶᠠᠷᠢᠯᠠᠨ ᠡᠭᠡᠭᠦᠯᠵᠦ᠂ ᠬᠠᠮᠢᠶ᠎ᠠ ᠪᠦᠬᠦᠢ ᠠᠵᠢᠯ ᠤᠨ ᠪᠠᠶᠢᠭᠤᠯᠤᠮᠵᠢ ᠶᠢ ᠦᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠡᠷᠦᠩᠬᠡᠶᠢᠯᠡᠨ ᠲᠣᠬᠢᠷᠠᠭᠤᠯᠤᠨ᠎ᠠ᠃ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠡᠭᠦᠷᠭᠡ ᠴᠢᠳᠠᠪᠤᠷᠢ ᠶᠢ ᠨᠢᠭᠡᠳᠭᠡᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠤᠨ ᠡᠭᠦᠷᠭᠡᠯᠡᠵᠦ ᠪᠦᠬᠦᠢ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠠᠳᠠᠯᠢ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠲᠤ ᠬᠤᠪᠢᠶᠠᠷᠢᠯᠠᠨ ᠣᠷᠤᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠣᠳᠣ ᠶᠢᠨ ᠪᠠᠶᠢᠭ᠎ᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠭᠠᠷᠳᠠᠨ ᠭᠦᠢᠴᠡᠳᠭᠡᠬᠦ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ᠂ ᠠᠵᠢᠯᠲᠠᠨ ᠪᠠ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ︽ᠣᠷᠣᠨ ᠲᠤᠭ᠎ᠠ ᠨᠢ ᠠᠵᠢᠯᠲᠠᠨ ᠤ ᠶᠠᠪᠤᠳᠠᠯ ᠢ ᠲᠠᠭᠠᠵᠤ᠂ ᠬᠦᠮᠦᠨ ᠨᠢ ᠣᠷᠣᠨ ᠲᠤᠭ᠎ᠠ ᠶᠢ ᠲᠠᠭᠠᠬᠤ︾ ᠵᠠᠷᠴᠢᠮ ᠶᠣᠰᠤᠭᠠᠷ ᠠᠵᠢᠯᠲᠠᠨ ᠤ ᠣᠷᠣᠨ ᠲᠤᠭ᠎ᠠ ᠶᠢ ᠵᠣᠬᠢᠬᠤ ᠬᠡᠮᠵᠢᠶ᠎ᠡ ᠪᠠᠷ ᠬᠤᠪᠢᠶᠠᠷᠢᠯᠠᠨ ᠰᠢᠯᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠲᠤᠰᠬᠠᠢ ᠪᠠ ᠬᠠᠪᠰᠤᠷᠭᠠᠭᠰᠠᠨ ᠲᠤᠰᠢᠶᠠᠯ ᠲᠠᠢ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠠᠵᠢᠯᠲᠠᠨ ᠢ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠣᠬᠠᠶᠢᠯᠠᠭᠰᠠᠨ ᠠᠵᠢᠯ ᠢ ᠦᠷᠨᠢᠭᠦᠯᠬᠦ ᠬᠡᠷᠡᠭᠴᠡᠭᠡ ᠶᠤᠰᠤᠭᠠᠷ ᠣᠷᠣᠨ ᠲᠤᠭ᠎ᠠ᠂ ᠠᠵᠢᠯᠲᠠᠨ ᠪᠠ ᠵᠠᠷᠤᠳᠠᠯ ᠢ ᠲᠣᠬᠢᠷᠠᠭᠤᠯᠬᠤ ᠬᠡᠷᠡᠭᠲᠡᠢ᠃        3. 2016 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠪᠡᠷᠲᠡᠭᠡᠨ ᠵᠠᠰᠠᠬᠤ ᠣᠷᠣᠨ ᠠᠴᠠ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠲᠣᠬᠠᠢ ᠰᠠᠨᠠᠯ︾ ᠢ ᠨᠡᠶᠢᠲᠡᠯᠡᠨ᠎ᠡ︔ ᠠᠶᠢᠮᠠᠭ ᠬᠤᠲᠠ ᠨᠢ ᠪᠣᠲᠠᠲᠠᠢ ᠡᠮᠬᠢᠯᠡᠨ ᠨᠡᠶᠢᠯᠡᠭᠦᠯᠬᠦ ᠠᠵᠢᠯ ᠤᠨ ᠬᠡᠷᠡᠭᠵᠢᠭᠦᠯᠬᠦ ᠲᠦᠰᠦᠯ ᠢ ᠨᠡᠶᠢᠲᠡᠯᠡᠬᠦ ᠶᠢᠨ ᠬᠠᠮᠲᠤ᠂ ᠰᠢᠯᠵᠢᠭᠦᠯᠦᠨ ᠲᠤᠰᠢᠶᠠᠬᠤ ᠠᠵᠢᠯ ᠢ ᠪᠡᠶᠡᠯᠡᠭᠦᠯᠬᠦ ᠬᠡᠷᠡᠭᠲᠡᠢ᠃        4. 2016 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠭᠤᠷᠪᠠᠨ ᠭᠠᠷᠴᠠᠭ︾ ᠢ ᠨᠢᠭᠡᠳᠭᠡᠬᠦ ᠠᠵᠢᠯ ᠢ ᠪᠡᠶᠡᠯᠡᠭᠦᠯᠬᠦ ᠬᠡᠷᠡᠭᠲᠡᠢ᠃        5. 2016 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠢᠨᠠᠨ ᠪᠤᠳᠤᠬᠤ ᠵᠠᠬᠢᠷᠭ᠎ᠠ ᠶᠢᠨ ᠪᠦᠬᠦ ᠤᠯᠤᠰ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠳᠤ ᠬᠢᠭᠰᠡᠨ ᠨᠢᠭᠡᠲᠦᠯᠲᠡᠢ ᠬᠢᠨᠠᠨ ᠪᠣᠳᠤᠯᠲᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠰᠠᠭᠤᠷᠢ ᠮᠦᠩᠭᠦ ᠶᠢ ᠬᠢᠨᠠᠨ ᠪᠤᠳᠤᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠦᠯᠵᠢᠶ᠎ᠡ ᠶᠢ ᠡᠮᠬᠢᠯᠡᠨ ᠨᠡᠶᠢᠯᠡᠭᠦᠯᠬᠦ ᠠᠵᠢᠯ ᠢ ᠪᠡᠶᠡᠯᠡᠭᠦᠯᠬᠦ ᠬᠡᠷᠡᠭᠲᠡᠢ︔ ᠠᠶᠢᠮᠠᠭ ᠬᠤᠲᠠ ᠨᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠣᠲᠠᠲᠠᠢ ᠳᠦᠷᠢᠮ ᠢ ᠨᠡᠶᠢᠲᠡᠯᠡᠬᠦ ᠬᠡᠷᠡᠭᠲᠡᠢ᠃        6. 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠨᠢᠭᠡᠲᠦᠯᠲᠡᠢ ᠳᠦᠷᠢᠮ ᠢ ᠡᠬᠢᠯᠡᠭᠦᠯᠵᠦ ᠬᠡᠷᠡᠭᠵᠢᠭᠦᠯᠬᠦ ᠪᠠᠷ ᠴᠢᠷᠮᠠᠶᠢᠬᠤ ᠬᠡᠷᠡᠭᠲᠡᠢ᠃        ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ        ︵ᠨᠢᠭᠡ︶ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠳᠤᠲᠤᠷᠬᠠᠶᠢᠯᠠᠨ᠎ᠠ᠃        ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠳᠤ ᠬᠤᠯᠪᠣᠭᠳᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠠᠷᠬᠠᠭᠠᠭᠰᠠᠨ ᠡᠳᠦᠷ ᠠᠴᠠ ᠡᠬᠢᠯᠡᠵᠦ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠶᠢ ᠬᠡᠷᠡᠭᠵᠢᠭᠦᠯᠬᠦ ᠠᠴᠠ ᠡᠮᠦᠨ᠎ᠡ᠂ ᠪᠠᠳᠤᠯᠠᠬᠤ ᠴᠢᠬᠤᠯᠠ ᠲᠠᠢ ᠣᠯᠭᠤᠮᠵᠢ ᠶᠢ ᠥᠭᠬᠦ ᠠᠴᠠ ᠭᠠᠳᠠᠨ᠎ᠠ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠲᠥᠷᠥ ᠶᠢᠨ ᠪᠣᠳᠣᠯᠭ᠎ᠠ ᠳᠤ ᠳᠠᠬᠢᠵᠤ ᠲᠣᠬᠢᠷᠠᠭᠤᠯᠤᠯᠳᠠ ᠬᠢᠬᠦ ᠦᠬᠡᠢ᠂ ᠡᠯ᠎ᠡ ᠱᠠᠲᠤᠨ ᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠠᠮᠢᠶᠠᠷᠤᠯᠲᠠ᠂ ᠭᠠᠷᠳᠠᠨ ᠭᠦᠢᠴᠡᠳᠭᠡᠬᠦ ᠪᠠᠶᠢᠭᠤᠯᠤᠮᠵᠢ᠂ ᠣᠷᠣᠨ ᠲᠤᠭ᠎ᠠ᠂ ᠠᠵᠢᠯᠲᠠᠨ ᠵᠢᠴᠢ ᠡᠳ᠋ ᠬᠤᠭᠰᠢᠯ ᠳᠤ ᠳᠠᠬᠢᠵᠤ ᠲᠣᠬᠢᠷᠠᠭᠤᠯᠤᠯᠲᠠ ᠬᠢᠬᠦ ᠦᠭᠡᠢ ᠪᠠ ᠬᠤᠪᠢᠶᠠᠷᠢᠯᠠᠨ ᠰᠢᠯᠵᠢᠭᠦᠯᠬᠦ ᠦᠭᠡᠢ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠲᠤᠳᠤᠷᠬᠠᠶᠢᠯᠠᠵᠤ᠂ ᠲᠣᠭᠲᠠᠭᠠᠯ ᠠᠴᠠ ᠵᠦᠷᠢᠴᠡᠬᠦ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠂ ᠦᠪᠡᠷᠲᠡᠭᠡᠨ ᠵᠠᠰᠠᠬᠤ ᠣᠷᠣᠨ ᠤ ᠡᠮᠬᠢᠯᠡᠨ ᠨᠡᠶᠢᠯᠡᠭᠦᠯᠬᠦ ᠠᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠪᠠ ᠰᠠᠬᠢᠯᠭ᠎ᠠ ᠪᠠᠲᠤ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ᠂ ᠬᠠᠮᠢᠶ᠎ᠠ ᠪᠦᠬᠦᠢ ᠬᠦᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃        ︵ᠬᠤᠶᠠᠷ︶ ᠰᠢᠮᠳᠠᠭᠤᠯᠤᠨ ᠬᠢᠯᠭᠡᠵᠦ ᠬᠠᠮᠵᠢᠯᠴᠠᠬᠤ ᠶᠢ ᠴᠢᠩᠭᠠᠳᠬᠠᠨ᠎ᠠ᠃        ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠨᠢ ᠪᠦᠬᠦ ᠣᠷᠣᠨ ᠤ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠭᠰᠠᠨ ᠴᠢᠬᠤᠯᠠ ᠶᠡᠭᠡ ᠦᠭᠡᠷᠡᠴᠢᠯᠡᠯᠲᠡ ᠪᠦᠭᠡᠳ ᠨᠢᠭᠡ ᠵᠦᠢᠯ ᠤᠨ ᠲᠦᠢᠯ ᠤᠨ ᠲᠥᠪ ᠴᠢᠩᠭ᠎ᠠ ᠤᠯᠤᠰ ᠲᠥᠷᠥ ᠶᠢᠨ ᠡᠭᠦᠷᠭᠡ ᠪᠣᠯᠬᠤᠷ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠣᠷᠤᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠲᠠᠲᠠᠢ ᠬᠡᠷᠡᠭᠵᠢᠭᠦᠯᠬᠦ ᠲᠦᠰᠦᠯ ᠢ ᠲᠣᠭᠲᠠᠭᠠᠬᠤ ᠶᠢᠨ ᠬᠠᠮᠲᠤ᠂ ᠬᠡᠷᠡᠭᠵᠢᠭᠦᠯᠬᠦ ᠲᠦᠰᠦᠯ ᠢ ᠪᠣᠲᠠᠲᠠᠢ ᠠᠵᠢᠯ ᠤᠨ ᠲᠦᠯᠦᠪᠯᠡᠭᠡ ᠪᠣᠯᠭᠠᠨ ᠨᠠᠷᠢᠯᠢᠬᠵᠢᠭᠤᠯᠵᠤ᠂ ᠠᠵᠢᠯ ᠤᠨ ᠡᠭᠦᠷᠭᠡ᠂ ᠠᠵᠢᠯ ᠤᠨ ᠱᠠᠭᠠᠷᠳᠠᠯᠭ᠎ᠠ ᠪᠠ ᠠᠵᠢᠯ ᠤᠨ ᠬᠠᠷᠢᠭᠤᠴᠠᠯᠭ᠎ᠠ ᠶᠢ ᠵᠦᠢᠯ ᠳᠠᠷᠠᠭᠠᠯᠠᠨ ᠲᠣᠳᠤᠷᠬᠠᠶᠢᠯᠠᠵᠤ᠂ ᠲᠦᠯᠦᠪᠯᠡᠭᠡ ᠶᠤᠰᠤᠭᠠᠷ ᠵᠦᠢᠯ ᠳᠠᠷᠠᠭᠠᠯᠠᠨ ᠰᠢᠮᠳᠠᠭᠤᠯᠤᠨ ᠬᠢᠯᠭᠡᠵᠦ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠤᠰᠤᠭᠠᠷ᠂ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠬᠠᠮᠲᠤᠷᠠᠯᠴᠠᠨ᠂ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠢ ᠪᠣᠯᠭᠠᠨ᠂ ᠴᠠᠭ ᠤᠨ ᠵᠠᠩᠬᠢᠶᠠᠰᠤ ᠶᠤᠰᠤᠭᠠᠷ ᠵᠡᠷᠭᠡᠪᠡᠷ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠡᠮᠬᠢᠯᠡᠨ ᠨᠡᠶᠢᠯᠡᠭᠦᠯᠬᠦ ᠠᠵᠢᠯ ᠤᠨ ᠲᠣᠭᠲᠠᠭᠤᠨ ᠡᠮᠬᠢ ᠵᠢᠷᠤᠮ ᠲᠠᠢ᠂ ᠤᠷᠤᠭᠰᠢᠲᠠᠢ ᠠᠬᠢᠭᠤᠯᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃        ︵ᠭᠤᠷᠪᠠ︶ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃        ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠠᠰᠢᠭᠯᠠᠨ᠂ ᠡᠮᠬᠢᠯᠡᠨ ᠨᠡᠶᠢᠯᠡᠭᠦᠯᠬᠦ ᠠᠵᠢᠯ ᠢ ᠵᠥᠪ ᠲᠠᠯ᠎ᠠ ᠠᠴᠠ ᠤᠬᠠᠭᠤᠯᠬᠤ ᠪᠠ ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠴᠠᠭ ᠲᠣᠬᠠᠢ ᠳᠤᠨᠢ ᠵᠥᠪ ᠣᠨᠣᠪᠴᠢᠲᠠᠢ ᠤᠢᠢᠯᠠᠭᠠᠭᠤᠯᠤᠨ ᠲᠠᠶᠢᠯᠵᠦ᠂ ᠣᠯᠠᠨ ᠲᠦᠮᠡᠨ ᠤ ᠠᠩᠬᠠᠷᠤᠯ ᠳᠤ ᠲᠣᠬᠢᠲᠠᠢ ᠬᠠᠷᠢᠭᠤ ᠲᠤᠰᠬᠠᠵᠤ᠂ ᠨᠡᠶᠢᠭᠡᠮ ᠤᠨ ᠵᠢᠱᠢᠯᠲᠡ ᠶᠢ ᠵᠦᠢ ᠵᠣᠬᠢᠰᠲᠠᠢ ᠬᠦᠲᠦᠯᠦᠨ ᠵᠢᠯᠤᠭᠤᠳᠴᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号