ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠬᠠᠮᠢᠶᠠᠷᠣᠯᠳᠠ ᠶᠢᠨ ᠠᠷᠭ᠎ᠠ ᠶᠢ ᠳᠠᠷᠤᠮᠠᠯᠯᠠᠨ ᠶᠠᠪᠣᠭᠤᠯᠬᠤ ᠲᠤᠬᠠᠶ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016-12-23
                 ᠥᠪᠥᠷ ᠵᠠᠰᠠᠭ ᠠᠯᠪᠠᠨ ᠲᠠᠷᠬᠠᠭᠠᠭᠰᠠᠨ ︹2016︺ 71 ᠳ᠋ᠤᠭᠡᠷ ᠲᠤᠭᠠᠳᠤ                   6 ᠳ᠋ᠤᠭᠠᠷ ᠰᠠᠷ᠎ᠠ ᠶᠢᠨ 2 ᠤᠨ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠬᠠᠮᠢᠶᠠᠷᠣᠯᠳᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠣᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠣᠣᠱᠯᠠᠭᠤᠯᠣᠨ ᠬᠡᠷᠡᠭᠵᠢᠭᠦᠯᠲᠦᠭᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠬᠠᠮᠢᠶᠠᠷᠣᠯᠳᠠ ᠶᠢᠨ ᠠᠷᠭ᠎ᠠ        ᠨᠢᠭᠡᠳᠣᠭᠡᠷ ᠪᠦᠯᠦᠭ    ᠶᠡᠷᠣᠩᠬᠡᠢ ᠲᠦᠷᠢᠮ        ᠨᠢᠭᠡᠳᠣᠭᠡᠷ ᠵᠦᠢᠯ    ᠦᠪᠡᠷᠲᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠲᠣᠭᠳᠠᠭᠠᠵᠣ᠂ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠭᠦᠷᠢᠶ᠎ᠡ ᠭᠡᠪᠴᠢᠶᠠᠨ ᠳᠤ ᠣᠯᠠᠨ ᠨᠠᠶᠢᠳᠠ ᠶᠢᠨ ᠦᠢᠯᠡᠴᠢᠯᠡᠭᠡ ᠬᠤᠳᠠᠯᠳᠣᠨ ᠠᠪᠬᠤ ᠨᠢ ᠨᠠᠶᠢᠭᠡᠮ ᠤᠨ ᠰᠣᠳᠣᠯᠭᠠᠨ ᠤ ᠭᠦᠴᠣᠨ ᠪᠠ ᠣᠶᠣᠨ ᠤ ᠭᠦᠮᠣᠷᠭᠡ ᠶᠢᠨ ᠦᠢᠯᠡᠳᠣᠯ ᠢ ᠪᠦᠳᠣᠮᠵᠢᠳᠠᠢ ᠪᠠᠳᠠᠷᠠᠭᠤᠯᠵᠣ᠂ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠰᠢᠨᠵᠢᠯᠡᠭᠦ ᠣᠬᠠᠭᠠᠨᠵᠢᠯᠳᠠ᠂ ᠠᠷᠠᠣᠡᠴᠢᠯᠠᠯᠳᠠ ᠪᠠ ᠬᠠᠣᠯᠢ ᠴᠠᠭᠠᠵᠠᠵᠢᠯᠳᠠ ᠶᠢ ᠣᠯᠠᠮ ᠨᠢᠭᠡ ᠠᠯᠬᠤᠮ ᠠᠬᠢᠭᠤᠯᠬᠤ ᠳᠤ ᠴᠢᠬᠤᠯᠨ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠬᠠᠮᠢᠶᠠᠷᠣᠯᠳᠠ ᠶᠢ ᠵᠢᠷᠣᠮᠵᠢᠭᠤᠯᠬᠤ ᠶᠢᠨ ᠲᠣᠰᠠᠳᠠ᠂ ᠲᠣᠰ ᠠᠷᠭ᠎ᠠ ᠶᠢ ᠲᠣᠭᠳᠠᠭᠠᠪᠠ᠃        ᠬᠤᠶᠠᠳᠣᠭᠠᠷ ᠵᠦᠢᠯ    ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠨᠢ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠶᠢᠨ ᠭᠦᠭᠵᠢᠯᠳᠠ᠂ ᠨᠠᠶᠢᠭᠡᠮ ᠤᠨ ᠳᠠᠪᠰᠢᠯᠳᠠ᠂ ᠠᠷᠠᠣᠨ ᠤᠨ ᠠᠮᠢᠳᠣᠷᠠᠯ ᠤᠨ ᠰᠠᠶᠢᠵᠢᠷᠠᠯᠳᠠ᠂ ᠨᠠᠶᠢᠭᠡᠮ ᠤᠨ ᠡᠶ᠎ᠡ ᠵᠣᠬᠢᠴᠠᠯᠳᠠ ᠵᠡᠷᠭᠡ ᠳᠠᠯ᠎ᠠ ᠶᠢᠨ ᠰᠢᠢᠣᠡᠪᠣᠷᠢᠯᠡᠭᠦ ᠴᠢᠬᠤᠯᠠᠳᠠᠢ ᠴᠢᠬᠤᠯᠨ ᠶᠡᠭᠡ ᠠᠰᠠᠭᠤᠳᠠᠯ ᠳᠤ ᠰᠠᠭᠤᠷᠢᠯᠠᠨ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠦᠯᠣᠭᠡᠯᠡᠭᠦ︾ ᠴᠢᠬᠤᠯᠨ ᠦᠵᠡᠯ ᠰᠠᠨᠠᠭ᠎ᠠ᠂ ᠰᠢᠨᠵᠢᠯᠡᠭᠦ ᠣᠬᠠᠭᠠᠨᠴᠢ ᠭᠦᠭᠵᠢᠯᠳᠠ ᠶᠢᠨ ᠦᠵᠡᠯᠳᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠰᠢ ᠶᠢᠨ ᠫᠢᠩ ᠶᠡᠷᠣᠩᠬᠡᠢ ᠱᠦᠵᠢ ᠶᠢᠨ ᠠᠯᠢ ᠣᠯᠠᠨ ᠴᠢᠬᠤᠯᠨ ᠶᠡᠷᠢᠶ᠎ᠠ ᠶᠢᠨ ᠵᠣᠷᠢᠭ ᠰᠠᠨᠠᠭ᠎ᠠ ᠪᠠ ᠦᠪᠣᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠴᠢᠬᠤᠯᠨ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠨᠠᠮ ᠤᠨ ᠲᠦᠪ ᠬᠤᠷᠢᠶ᠎ᠠ᠂ ᠲᠦᠷᠣ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠳᠡᠭᠡᠨ ᠵᠠᠰᠠᠬᠤ ᠣᠷᠣᠨ ᠤ ᠨᠠᠮ ᠤ ᠬᠤᠷᠢᠶ᠎ᠠ᠂ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠦᠭᠦ ᠳᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ︽ᠳᠠᠪᠤ ᠶᠢ ᠨᠢᠭᠡ ᠴᠣᠭᠴᠠᠵᠢᠭᠤᠯᠬᠤ︾ ᠶᠠᠷᠣᠩᠬᠡᠢ ᠪᠠᠶᠢᠷᠢᠰᠢᠭᠤᠯᠣᠯᠳᠠ ᠪᠠ ︽ᠲᠦᠷᠪᠡᠨ ᠪᠦᠭᠦ ᠳᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢᠨ ᠲᠣᠭᠤᠷᠢᠨ ᠳᠤ᠂ ᠰᠢᠨ᠎ᠠ ᠶᠢ ᠡᠭᠦᠣᠡᠭᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠡᠳᠣ᠂ ᠬᠠᠮᠳᠣᠪᠠᠷ ᠭᠦᠷᠳᠡᠭᠦ ᠭᠦᠭᠵᠢᠯᠳᠠ ᠶᠢᠨ ᠤᠨᠤᠯᠵᠢᠬᠤᠨ ᠢ ᠪᠠᠷᠢᠮᠳᠠᠯᠠᠵᠣ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠨ ᠶᠡᠭᠡ ᠰᠢᠢᠣᠡᠪᠣᠷᠢᠳᠣ ᠪᠣᠳᠣᠯᠭ᠎ᠠ ᠪᠠ ᠭᠤᠣᠯᠳᠠᠯᠭ᠎ᠠ ᠲᠠᠢ ᠠᠵᠢᠯ ᠳᠤ ᠦᠢᠯᠡᠴᠢᠯᠡᠭᠦ ᠪᠠᠷ ᠭᠤᠣᠯ ᠪᠣᠯᠭᠠᠵᠣ᠂ ᠣᠷᠣᠨ ᠤ ᠲᠣᠳᠣᠷᠠᠬᠢ ᠰᠣᠳᠣᠯᠬᠤ ᠭᠦᠴᠣᠨ ᠢ ᠨᠠᠶᠢᠯᠡᠭᠦᠯᠭᠦ᠂ ᠣᠷᠣᠨ ᠤ ᠭᠠᠳᠠᠨᠠᠬᠢ ᠶᠢ ᠣᠷᠢᠬᠤ ᠪᠣᠶᠣ ᠳᠡᠭᠦᠨ ᠲᠠᠢ ᠬᠠᠮᠳᠣᠷᠠᠨ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠡᠳᠣᠪ ᠤᠨ ᠰᠣᠳᠣᠯᠭᠠᠨ ᠳᠤ ᠣᠷᠣᠯᠴᠠᠬᠤ ᠶᠢ ᠳᠠᠶᠢᠴᠢᠯᠠᠨ᠂ ᠰᠡᠳᠣᠪ ᠤᠨ ᠰᠣᠳᠣᠯᠭᠠᠨ ᠤ ᠬᠢᠷᠢ ᠭᠡᠮᠵᠢᠶ᠎ᠠ ᠪᠠ ᠴᠢᠨᠠᠷ ᠴᠢᠨᠰᠠᠭ᠎ᠠ ᠶᠢ ᠦᠨᠡᠡᠭᠦ ᠳᠡᠭᠡᠭᠰᠢᠯᠡᠭᠦᠯᠣᠨ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠤ ᠰᠢᠨᠵᠢᠯᠡᠭᠦ ᠣᠬᠠᠭᠠᠨᠴᠢ ᠪᠠᠷ ᠰᠢᠢᠣᠡᠪᠣᠷᠢᠳᠣ ᠪᠣᠳᠣᠯᠭ᠎ᠠ ᠲᠣᠭᠳᠠᠭᠠᠬᠤ ᠳᠤ ᠦᠨᠳᠣᠰᠣᠯᠡᠯ ᠪᠠ ᠯᠠᠪᠯᠯᠠᠳᠠ ᠬᠠᠩᠭᠠᠨ᠎ᠠ᠃        ᠭᠤᠷᠪᠠᠳᠣᠭᠠᠷ ᠵᠦᠢᠯ    ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠢ ᠵᠣᠬᠢᠶᠠᠨ ᠪᠠᠶᠢᠭᠤᠯᠵᠣ ᠬᠠᠮᠢᠶᠠᠷᠬᠤ ᠠᠵᠢᠯ ᠢ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠳᠣᠯᠬᠤ ᠳᠠᠰᠤᠭ ᠬᠠᠷᠢᠭᠤᠴᠠᠨ᠎ᠠ᠃ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠳᠣᠯᠬᠤ ᠳᠠᠰᠤᠭ ᠨᠢ ᠰᠡᠳᠣᠪ ᠤᠨ ᠰᠣᠳᠣᠯᠭᠠᠨ ᠤ ᠠᠵᠢᠯ ᠤᠨ ᠬᠡᠷᠩᠴᠡᠭᠡ ᠱᠠᠭᠠᠷᠳᠠᠯᠭ᠎ᠠ ᠪᠠᠨ ᠦᠨᠳᠣᠰᠣᠯᠡᠵᠣ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠲᠣᠰᠬᠠᠢ ᠮᠠᠷᠭᠡᠵᠢᠯᠳᠠᠨ ᠤ ᠵᠦᠪᠯᠡᠯ ᠪᠠᠶᠢᠭᠤᠯᠵᠣ᠂ ᠲᠣᠰᠬᠠᠢ ᠮᠠᠷᠭᠡᠵᠢᠯᠳᠠᠨ ᠤ ᠵᠦᠪᠯᠡᠯ ᠢ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠳᠣᠯᠬᠤ ᠳᠠᠰᠤᠭ ᠤᠨ ᠬᠠᠷᠢᠭᠤᠴᠠᠯᠭᠠᠳᠠᠨ᠂ ᠣᠨᠴᠨ ᠣᠷᠢᠭᠰᠠᠨ ᠰᠣᠳᠣᠯᠭᠠᠳᠠᠨ᠂ ᠣᠷᠣᠨ ᠤ ᠲᠣᠳᠣᠷ᠎ᠡ ᠭᠠᠳᠠᠨᠠᠬᠢ ᠠᠯᠳᠠᠷᠳᠣ ᠲᠣᠰᠬᠠᠢ ᠮᠡᠷᠭᠡᠵᠢᠯᠳᠠᠨ ᠪᠠ ᠬᠤᠯᠪᠣᠭᠳᠠᠯ ᠪᠦᠭᠦᠢ ᠰᠠᠯᠠᠭ᠎ᠠ ᠮᠦᠴᠢᠷ ᠤᠨ ᠨᠦᠭᠦᠣᠨ ᠢᠶᠠᠷ ᠪᠦᠷᠢᠯᠳᠣᠬᠦᠯᠵᠣ᠂ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠳᠠᠭᠠᠭᠠᠴᠢᠯᠠᠯᠳᠠ ᠶᠢ ᠰᠢᠯᠭᠠᠷᠠᠭᠤᠯᠤᠨ ᠲᠣᠭᠳᠠᠭᠠᠬᠤ᠂ ᠨᠣᠮ ᠬᠠᠶᠠᠯᠴᠠᠬᠤ᠂ ᠦᠷ᠎ᠡ ᠪᠦᠳᠣᠭᠡᠯ ᠢ ᠬᠢᠨᠠᠨ ᠲᠣᠭᠳᠠᠭᠠᠬᠤ ᠪᠠ ᠰᠢᠯᠢᠳᠡᠭ ᠦᠷ᠎ᠡ ᠪᠦᠳᠣᠭᠡᠯ ᠤᠨ ᠱᠠᠩᠨᠠᠯ ᠰᠢᠯᠭᠠᠷᠠᠭᠤᠯᠤᠨ ᠲᠣᠭᠳᠠᠭᠠᠬᠤ ᠵᠡᠷᠭᠡ ᠠᠵᠢᠯ ᠢ ᠬᠠᠷᠢᠭᠤᠴᠠᠨ᠎ᠠ᠃        ᠬᠤᠶᠠᠳᠣᠭᠠᠷ ᠪᠦᠯᠦᠭ    ᠰᠡᠳᠣᠪ ᠤᠨ ᠲᠦᠷᠣᠯ ᠵᠦᠢᠯ ᠢ ᠲᠣᠭᠳᠠᠭᠠᠬᠤ        ᠲᠦᠷᠪᠡᠳᠣᠭᠡᠷ ᠵᠦᠢᠯ    ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠲᠤ ᠢᠯᠨ ᠪᠠᠷ ᠳᠠᠭᠠᠭᠠᠴᠢᠯᠠᠯᠳᠠ ᠵᠠᠷᠯᠠᠬᠤ ᠰᠡᠳᠣᠪ ᠪᠠ ᠨᠠᠶᠢᠳᠠᠨ ᠰᠣᠳᠣᠯᠬᠤ ᠰᠡᠳᠣᠪ ᠲᠣᠬᠢᠷᠠᠭᠤᠯᠣᠨ᠎ᠠ᠃        ᠳᠠᠪᠣᠳᠣᠭᠠᠷ ᠵᠦᠢᠯ    ᠢᠯᠨ ᠪᠠᠷ ᠳᠠᠭᠠᠭᠠᠴᠢᠯᠠᠯᠳᠠ ᠵᠠᠷᠯᠠᠬᠤ ᠰᠡᠳᠣᠪ᠃        ︵ᠨᠢᠭᠡ︶ ᠰᠡᠳᠣᠪ ᠰᠣᠩᠭᠤᠬᠤ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠨ ᠶᠡᠭᠡ ᠰᠢᠢᠣᠡᠪᠣᠷᠢᠳᠣ ᠪᠣᠳᠣᠯᠭ᠎ᠠ ᠪᠠ ᠭᠤᠣᠯᠳᠠᠯᠭ᠎ᠠ ᠲᠠᠢ ᠠᠵᠢᠯ ᠤᠨ ᠬᠡᠷᠩᠴᠡᠭᠡ ᠶᠢ ᠦᠨᠳᠣᠰᠣᠯᠡᠵᠣ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠪᠠ ᠬᠤᠯᠪᠣᠭᠳᠠᠯ ᠪᠦᠭᠦᠢ ᠳᠠᠯ᠎ᠠ ᠠᠴᠠ ᠰᠡᠳᠣᠪ ᠢ ᠦᠷᠭᠡᠨ ᠢᠶᠠᠷ ᠰᠣᠩᠭᠤᠨ ᠡᠯᠰᠡᠵᠦ ᠴᠣᠭᠯᠠᠭᠤᠯᠣᠨ᠎ᠠ᠃ ᠭᠤᠣᠯᠳᠠᠭᠤ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠨ ᠶᠡᠭᠡ ᠬᠤᠷᠠᠯ ᠪᠠ ᠦᠪᠡᠷᠳᠡᠭᠡᠨ ᠵᠠᠰᠠᠬᠤ ᠣᠷᠣᠨ ᠤ ᠣᠳᠣᠷᠢᠳᠣᠯᠭ᠎ᠠ ᠶᠢᠨ ᠲᠣᠷᠠᠳᠣᠭᠰᠠᠨ ᠰᠡᠳᠣᠪ᠂ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠨᠠᠶᠢᠭᠡᠮ ᠤᠨ ᠭᠦᠭᠵᠢᠯᠳᠠ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠳᠠᠢ᠂ ᠪᠦᠭᠦ ᠳᠠᠯ᠎ᠠ ᠶᠢᠨ ᠴᠢᠨᠠᠷᠳᠠᠢ ᠰᠡᠳᠣᠪ᠂ ᠦᠪᠡᠷᠳᠡᠭᠡᠨ ᠵᠠᠰᠠᠬᠤ ᠣᠷᠣᠨ ᠤ ᠲᠣᠯᠭᠠᠮ᠎ᠠ ᠰᠢᠢᠣᠡᠪᠣᠷᠢᠯᠡᠭᠦ ᠴᠢᠬᠤᠯᠠᠳᠠᠢ ᠬᠠᠯᠠᠮᠰᠢᠯ᠂ ᠭᠦᠴᠢᠷ ᠲᠠᠢ ᠪᠠ ᠭᠤᠣᠯᠳᠠᠯᠭ᠎ᠠ ᠲᠠᠢ ᠠᠰᠠᠭᠤᠳᠠᠯ ᠪᠠᠭᠳᠠᠨ᠎ᠠ᠃ ᠡᠯᠰᠡᠵᠦ ᠴᠣᠭᠯᠠᠭᠤᠯᠣᠭᠰᠠᠨ ᠰᠡᠳᠣᠪ ᠤᠨ ᠰᠣᠩᠭᠤᠯᠳᠠ ᠶᠢ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠳᠣᠯᠬᠤ ᠳᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠢᠶᠠᠷ ᠬᠢᠨᠠᠨ ᠲᠣᠭᠳᠠᠭᠠᠭᠰᠠᠨ ᠤ ᠳᠠᠷᠠᠭ᠎ᠠ᠂ ᠳᠠᠭᠠᠭᠠᠴᠢᠯᠠᠯᠳᠠ ᠵᠠᠷᠯᠠᠬᠤ ᠰᠡᠳᠣᠪ ᠤᠨ ᠵᠦᠭᠯᠡᠭᠦᠷ ᠲᠤ ᠣᠷᠣᠭᠤᠯᠵᠣ᠂ ᠲᠦᠷᠣᠯ ᠵᠦᠢᠯ ᠲᠣᠭᠳᠠᠭᠠᠵᠣ ᠲᠠᠭᠠᠭᠠᠴᠢᠯᠠᠯᠳᠠ ᠵᠠᠷᠯᠠᠨ᠎ᠠ᠃        ︵ᠬᠤᠶᠠᠷ︶ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠭᠦᠯᠢᠶᠡᠭᠦ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠫᠤᠷᠲ᠋ᠧᠯ ᠰᠦᠯᠵᠢᠶ᠎ᠠ ᠵᠢᠴᠢ ᠪᠤᠰᠤᠳ ᠬᠠᠮᠢᠶ᠎ᠠ ᠪᠦᠬᠦᠢ ᠵᠠᠭᠤᠴᠢᠯᠠᠭᠤᠷ ᠢᠶᠠᠷ ᠳᠡᠮᠵᠢᠭᠤᠯᠵᠣ᠂ ᠨᠡᠶᠢᠭᠡᠮ ᠳᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠪᠠ ᠰᠡᠳᠦᠪ ᠤᠨ ᠵᠦᠭᠯᠡᠭᠦᠷ ᠢ ᠨᠡᠶᠢᠲᠡᠯᠡᠨ᠎ᠠ᠃ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠢ ᠨᠡᠶᠢᠲᠡᠯᠡᠭᠰᠡᠨ ᠤ ᠳᠠᠷᠠᠭ᠎ᠠ᠂ ᠭᠤᠶᠤᠴᠢᠯᠠᠭᠴᠢᠳ ᠰᠦᠯᠵᠢᠶᠠᠨ ᠠᠴᠠ ᠭᠤᠶᠤᠴᠢᠯᠠᠯ ᠤᠨ ᠪᠢᠴᠢᠭ ᠪᠠᠭᠤᠯᠭᠠᠬᠤ ᠶᠢᠨ ᠬᠠᠮᠳᠣ ᠰᠡᠳᠦᠪ ᠤᠨ ᠵᠦᠭᠯᠡᠭᠦᠷ ᠢ ᠦᠨᠳᠣᠰᠣᠯᠡᠵᠣ ᠲᠠᠭᠯᠠᠵᠣ ᠪᠣᠯᠣᠨ᠎ᠠ᠂ ᠰᠡᠳᠦᠪ ᠭᠤᠶᠤᠴᠢᠯᠠᠭᠴᠢ ᠶᠢᠨ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠣᠭᠡᠣᠨ ᠠᠯᠪᠠᠨ ᠲᠠᠮᠠᠭ᠎ᠠ ᠳᠠᠷᠤᠬᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠲᠣᠰᠢᠶᠠᠨ᠎ᠠ᠃ ᠰᠡᠳᠦᠪ ᠢ ᠪᠠᠶᠢᠭᠤᠯᠭ᠎ᠠ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠤᠳᠤᠯᠭᠠᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ ᠪᠠ ᠬᠤᠪᠢ ᠬᠥᠮᠦᠨ ᠳᠤ ᠬᠠᠨᠳᠤᠭᠤᠯᠵᠣ ᠢᠯᠡ ᠪᠠᠷ ᠳᠠᠭᠠᠭᠠᠴᠢᠯᠠᠯᠲᠠ ᠵᠠᠷᠯᠠᠨ᠎ᠠ᠃ ᠭᠤᠶᠤᠴᠢᠯᠠᠭᠴᠢᠳ ᠰᠡᠳᠦᠪ ᠤᠨ ᠳᠤᠭᠤᠶᠢᠯᠠᠩ ᠵᠣᠬᠢᠶᠠᠨ ᠪᠠᠶᠢᠭᠤᠯᠵᠤ᠂ ᠰᠡᠳᠣᠪ ᠤᠨ ᠳᠤᠭᠤᠶᠢᠯᠠᠩ ᠤᠨ ᠪᠦᠷᠢᠯᠳᠣᠭᠦᠨ 3 ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠢ᠂ ᠭᠤᠶᠤᠴᠢᠯᠠᠭᠴᠢ ᠨᠢ ᠡᠷᠬᠡᠪᠰᠢ ᠰᠡᠳᠦᠪ ᠡᠷᠬᠢᠯᠡᠭᠦ ᠭᠦᠮᠣᠨ ᠪᠠᠶᠢᠵᠣ᠂ ᠰᠡᠳᠦᠪ ᠡᠷᠬᠢᠯᠡᠭᠴᠢ ᠪᠣᠯᠤᠭᠰᠠᠨ ᠭᠤᠶᠤᠴᠢᠯᠠᠭᠴᠢ ᠨᠢᠭᠡᠪᠦᠷᠢ ᠨᠢᠭᠡ ᠵᠢᠯ ᠳᠤ ᠵᠦᠪᠭᠡᠨ ᠨᠢᠭᠡᠯᠨ ᠲᠦᠷᠣᠯ ᠤᠨ ᠰᠡᠳᠦᠪ ᠭᠤᠶᠤᠴᠢᠯᠠᠵᠤ ᠪᠣᠯᠣᠨ᠎ᠠ᠃ ᠰᠡᠳᠦᠪ ᠭᠤᠶᠤᠴᠢᠯᠠᠭᠴᠢᠳ ᠳᠡᠳ᠋ ᠳᠡᠭᠡᠳᠦ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠪᠤᠶᠤ ᠳᠡᠳ᠋ ᠭᠠᠵᠠᠷ ᠤᠨ ᠳᠡᠰ ᠠᠴᠠ ᠳᠡᠭᠡᠭᠰᠢᠬᠢ ᠲᠤᠰᠢᠶᠠᠯ ᠲᠠᠢ ᠪᠠᠶᠢᠬᠤ ᠬᠡᠷᠩᠳᠠᠢ᠂ ᠰᠡᠳᠦᠪ ᠤᠨ ᠳᠤᠭᠤᠶᠢᠯᠠᠩ ᠤᠨ ᠪᠦᠷᠢᠯᠳᠣᠭᠦᠨ ᠨᠢ ᠰᠤᠳᠤᠯᠭᠠᠨ ᠪᠠ ᠪᠣᠳᠠᠲᠠᠶ ᠠᠵᠢᠯ ᠤᠨ ᠠᠬᠤᠶ ᠪᠠᠶᠢᠳᠠᠯ ᠢ ᠪᠦᠷᠢᠳᠦᠭᠦᠯᠦᠭᠰᠡᠨ ᠪᠠᠶᠢᠬᠤ ᠬᠡᠷᠩᠳᠠᠢ᠃ ᠨᠢᠭᠡᠨ ᠲᠦᠷᠣᠯ ᠤᠨ ᠰᠡᠳᠦᠪ ᠤᠨ ᠭᠤᠶᠤᠴᠢᠯᠠᠭᠴᠢ ᠨᠢ 3 ᠬᠥᠮᠦᠨ ᠭᠦᠷᠭᠦ ᠦᠭᠡᠢ ᠪᠣᠯ᠂ ᠲᠤᠰ ᠲᠦᠷᠣᠯ ᠤᠨ ᠰᠡᠳᠦᠪ ᠢ ᠳᠠᠭᠠᠭᠠᠴᠢᠯᠠᠯᠳᠠ ᠢᠯᠠᠭᠳᠠᠭᠰᠠᠨ ᠢᠶᠠᠷ ᠰᠢᠢᠣᠡᠪᠣᠷᠢᠯᠡᠵᠣ᠂ ᠵᠤᠬᠢᠬᠤ ᠰᠡᠳᠦᠪ ᠢ ᠨᠢ ᠬᠠᠰᠤᠬᠤ ᠪᠤᠶᠤ ᠬᠡᠷᠡᠭᠴᠡᠭᠡ ᠪᠠᠨ ᠦᠨᠳᠦᠰᠦᠯᠡᠨ ᠨᠠᠶᠢᠳᠠᠨ ᠰᠤᠳᠤᠯᠬᠤ ᠰᠡᠳᠦᠪ ᠲᠤ ᠣᠷᠣᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠠᠵᠢᠯᠲᠠᠳ ᠰᠡᠳᠦᠪ ᠤᠨ ᠳᠠᠭᠠᠭᠠᠴᠢᠯᠠᠯᠲᠠ ᠵᠠᠷᠯᠠᠬᠤ ᠳᠤ ᠣᠷᠣᠯᠴᠠᠵᠤ ᠪᠣᠯᠬᠤ ᠦᠭᠡᠢ᠃        ︵ᠭᠤᠷᠪᠠ︶ ᠳᠠᠭᠠᠭᠠᠴᠢᠯᠠᠯᠲᠠ ᠶᠢ ᠰᠢᠯᠭᠠᠷᠠᠭᠤᠯᠤᠨ ᠲᠣᠭᠳᠠᠭᠠᠬᠤ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠭᠤᠶᠤᠴᠢᠯᠠᠭᠴᠢ ᠶᠢᠨ ᠬᠢᠷᠢ ᠬᠡᠮ ᠪᠠ ᠮᠠᠲ᠋ᠧᠷᠢᠶᠠᠯ ᠢ ᠬᠢᠨᠠᠨ ᠪᠠᠶᠢᠴᠠᠭᠠᠵᠣ᠂ ᠬᠡᠪᠴᠢᠶᠠᠨ ᠳᠤ ᠤᠷᠤᠭᠰᠠᠨ ᠨᠡᠷᠡᠰ ᠤᠳ ᠢ ᠲᠣᠭᠲᠠᠵᠣ᠂ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠣ ᠳᠠᠭᠠᠭᠠᠴᠢᠯᠠᠯᠳᠠ ᠰᠢᠯᠭᠠᠷᠠᠭᠤᠯᠤᠨ ᠲᠣᠭᠳᠠᠭᠠᠬᠤ ᠳᠤᠭᠤᠶᠢᠯᠠᠩ ᠢ ᠪᠦᠷᠢᠯᠳᠦᠭᠦᠯᠣᠨ᠂ ᠬᠡᠪᠴᠢᠶᠠᠨ ᠳᠤ ᠣᠷᠣᠭᠰᠠᠨ ᠰᠡᠳᠦᠪ ᠤᠨ ᠭᠤᠶᠤᠴᠢᠯᠠᠭᠴᠢ ᠶᠢᠨ ᠳᠡᠪᠰᠢᠭᠦᠯᠦᠭᠰᠡᠨ ᠰᠡᠳᠦᠪ ᠤᠨ ︽ᠰᠤᠳᠤᠯᠭᠠᠨ ᠤ ᠬᠥᠲᠥᠯᠪᠦᠷᠢ︾ ᠶᠢ ᠲᠥᠪᠯᠡᠷᠡᠭᠦᠯᠦᠨ ᠦᠨᠡᠯᠡᠵᠣ ᠶᠠᠷᠢᠯᠴᠠᠬᠤ ᠪᠠ ᠨᠡᠷ᠎ᠡ ᠪᠠᠨ ᠪᠢᠴᠢᠬᠦ ᠦᠬᠡᠢ ᠪᠠᠷ ᠬᠤᠪᠢ ᠥᠭᠴᠦ᠂ ᠬᠤᠪᠢ ᠪᠠᠷ ᠨᠢ ᠦᠨᠳᠣᠰᠣᠯᠡᠵᠣ ᠡᠮᠣᠨ᠎ᠠ ᠭᠤᠷᠪᠠᠨ ᠨᠠᠷᠡᠰ ᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢ ᠳᠠᠭᠠᠭᠠᠴᠢᠯᠠᠯᠲᠠ ᠶᠢ ᠰᠢᠯᠭᠠᠷᠠᠭᠤᠯᠤᠨ ᠲᠣᠭᠳᠠᠭᠠᠭᠰᠠᠨ ᠤ ᠳᠠᠷᠠᠭᠠᠬᠢ ᠬᠤᠶᠠᠷ ᠭᠠᠷᠠᠭ ᠤᠨ ᠳᠣᠲᠣᠷ᠎ᠠ᠂ ᠡᠮᠣᠨ᠎ᠠ ᠭᠤᠷᠪᠠᠨ ᠨᠠᠷᠡᠰ ᠤᠨ ᠰᠡᠳᠦᠪ ᠭᠤᠶᠤᠴᠢᠯᠠᠭᠴᠢ ᠶᠢ ᠵᠣᠬᠢᠶᠠᠨ ᠪᠠᠶᠢᠭᠤᠯᠵᠣ ᠰᠡᠳᠦᠪ ᠤᠨ ᠳᠤᠭᠤᠶᠢᠯᠠᠩ ᠤᠨ ᠬᠦᠮᠦᠰ ᠤᠨ ᠪᠦᠷᠢᠯᠳᠣᠯ᠂ ᠰᠤᠳᠤᠯᠬᠤ ᠰᠠᠭᠤᠷᠢ᠂ ᠰᠡᠳᠬᠢᠮᠵᠢ ᠶᠢᠨ ᠭᠤᠤᠯᠲᠠᠯᠠᠭ᠎ᠠ᠂ ᠪᠠᠶᠢᠴᠠᠭᠠᠨ ᠰᠤᠳᠤᠯᠤᠯᠲᠠ ᠬᠢᠬᠦ ᠠᠷᠭ᠎ᠠ ᠪᠠ ᠰᠢᠨ᠎ᠡ ᠡᠬᠦᠳᠦᠯᠳᠡ ᠲᠠᠢ ᠪᠠᠶᠢᠬᠤ ᠵᠡᠷᠭᠡ ᠳᠤ ᠲᠤᠬᠠᠶ ᠶᠢᠨ ᠭᠠᠵᠠᠷ ᠲᠤᠨᠢ ᠨᠣᠮ ᠬᠠᠶᠠᠯᠴᠠᠨ᠎ᠠ᠃ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠬᠤ ᠳᠤᠭᠤᠶᠢᠯᠠᠩ ᠨᠢ ᠨᠣᠮ ᠬᠠᠶ᠋ᠯᠠᠴᠠᠭᠰᠠᠨ ᠪᠠᠶᠢᠳᠠᠯ ᠢ ᠦᠨᠳᠦᠰᠦᠯᠡᠵᠣ ᠡᠮᠣᠨ᠎ᠠ ᠭᠤᠷᠪᠠᠨ ᠭᠤᠶᠤᠴᠢᠯᠠᠭᠴᠢ ᠶᠢᠨ ᠨᠡᠷᠡᠰ ᠢ ᠳᠠᠬᠢᠨ ᠵᠢᠭᠰᠠᠭᠠᠵᠣ᠂ ᠰᠡᠳᠦᠪ ᠤᠨ ᠳᠠᠭᠠᠭᠠᠴᠢᠯᠠᠯᠲᠠ ᠣᠯᠤᠭᠰᠠᠨ ︽ᠠᠩᠬ᠎ᠠ ᠠᠯᠬᠤᠮ ᠤᠨ ᠰᠠᠨᠠᠯ︾ ᠢ ᠲᠣᠷᠠᠳᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠨᠢ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠵᠤ ᠳᠤᠭᠤᠶᠢᠯᠠᠩ ᠤᠨ ︽ᠠᠩᠬ᠎ᠠ ᠠᠯᠬᠤᠮ ᠤᠨ ᠰᠠᠨᠠᠯ︾ ᠢ ᠦᠨᠳᠣᠰᠣᠯᠡᠵᠣ ᠰᠡᠳᠦᠪ ᠤᠨ ᠳᠠᠭᠠᠭᠠᠴᠢᠯᠠᠯᠲᠠ ᠣᠯᠤᠭᠴᠢ ᠪᠠ ᠰᠡᠳᠣᠪ ᠤᠨ ᠵᠠᠷᠤᠳᠠᠯ ᠤᠨ ᠲᠤᠭ᠎ᠠ ᠬᠡᠮᠵᠢᠶ᠎ᠡ ᠶᠢ ᠲᠣᠭᠳᠠᠭᠠᠨ᠎ᠠ᠃ ᠰᠡᠳᠦᠪ ᠤᠨ ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠢ ᠰᠣᠨᠢᠨ᠂ ᠫᠤᠷᠲ᠋ᠧᠯ ᠰᠦᠯᠵᠢᠶ᠎ᠠ ᠵᠡᠷᠭᠡ ᠭᠤᠣᠯ ᠪᠣᠯᠬᠤ ᠵᠠᠭᠤᠴᠢᠯᠠᠭᠤᠷ ᠢᠶᠠᠷ ᠳᠡᠮᠵᠢᠭᠤᠯᠵᠣ ᠨᠡᠶᠢᠭᠡᠮ ᠳᠤ ᠵᠠᠷᠯᠠᠨ ᠨᠡᠶᠢᠲᠡᠯᠡᠵᠦ᠂ ᠵᠠᠷᠯᠠᠨ ᠨᠠᠶᠢᠳᠡᠯᠡᠭᠡᠣᠨ ᠣᠨᠳᠣᠣ ᠰᠠᠨᠠᠯ ᠥᠭᠡᠢ ᠪᠣᠯᠣᠭᠰᠠᠨ ᠤ ᠳᠠᠷᠠᠭ᠎ᠠ ᠰᠡᠳᠦᠪ ᠤᠨ ᠳᠠᠭᠠᠭᠠᠴᠢᠯᠠᠯᠲᠠ ᠣᠯᠤᠭᠴᠢ ᠪᠠ ᠲᠡᠳᠡᠨ ᠤ ᠠᠵᠢᠯᠯᠠᠵᠤ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠴᠣ ᠪᠠᠶᠢᠭ᠎ᠠ ᠰᠠᠯᠠᠭ᠎ᠠ ᠮᠥᠴᠢᠷ ᠲᠤ ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ ᠶᠠᠪᠣᠭᠤᠯᠣᠨ᠎ᠠ᠃ ᠰᠡᠳᠦᠪ ᠤᠨ ᠳᠠᠭᠠᠭᠠᠴᠢᠯᠠᠯᠲᠠ ᠣᠯᠤᠭᠴᠢ ᠵᠢᠴᠢ ᠳᠠᠭᠠᠭᠠᠴᠢᠯᠠᠯᠲᠠ ᠣᠯᠤᠭᠴᠢ ᠶᠢᠨ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠴᠣ ᠪᠠᠶᠢᠭ᠎ᠠ ᠰᠠᠯᠠᠭ᠎ᠠ ᠮᠥᠴᠢᠷ ᠨᠢ ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠯᠤᠭ᠎ᠠ ᠰᠡᠳᠦᠪ ᠤᠨ ᠭᠡᠷ᠎ᠡ ᠲᠣᠭᠲᠠᠨ᠎ᠠ᠃ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠬᠤ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠪᠠ ᠠᠵᠢᠯᠲᠠᠳ ᠶᠠᠮᠠᠷᠪᠠ ᠰᠢᠯᠳᠠᠭᠠᠨ ᠢᠶᠠᠷ ᠰᠡᠳᠦᠪ ᠭᠤᠶᠤᠴᠢᠯᠠᠭᠰᠠᠨ ᠪᠢᠴᠢᠭ ᠤᠨ ᠠᠬᠤᠢ ᠪᠠᠶᠢᠳᠠᠯ ᠤᠨ ᠮᠠᠲ᠋ᠧᠷᠢᠶᠠᠯ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠳᠠᠭᠰᠢ ᠵᠠᠳᠠᠷᠠᠭᠤᠯᠵᠣ ᠪᠣᠯᠬᠤ ᠦᠭᠡᠢ᠂ ᠵᠢᠩᠬᠢᠨᠢ ᠪᠠᠷ ᠨᠡᠶᠢᠲᠡᠯᠡᠬᠦ ᠠᠴᠠ ᠡᠮᠦᠨ᠎ᠡ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠭᠰᠠᠨ ᠦᠷ᠎ᠡ ᠳ᠋ᠦᠩ ᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃ ᠳᠠᠭᠠᠭᠠᠴᠢᠯᠠᠯᠲᠠ ᠵᠠᠷᠯᠠᠬᠤ ᠠᠵᠢᠯ ᠨᠢ ᠨᠡᠶᠢᠭᠡᠮ ᠤᠨ ᠬᠢᠨᠠᠯᠲᠠ ᠳᠠᠯᠪᠢᠯᠳᠠ ᠶᠢ ᠬᠦᠯᠢᠶᠡᠨ᠎ᠠ᠃        ᠵᠢᠷᠭᠤᠳᠤᠭᠠᠷ ᠵᠦᠢᠯ    ᠨᠠᠶᠢᠳᠠᠨ ᠰᠤᠳᠤᠯᠬᠤ ᠰᠡᠳᠦᠪ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠴᠢᠮ ᠰᠢᠢᠣᠡᠪᠣᠷᠢᠯᠡᠭᠦ ᠴᠢᠬᠤᠯᠠᠲᠠᠶ ᠴᠢᠬᠤᠯᠠ ᠶᠡᠭᠡ ᠠᠰᠠᠭᠤᠳᠠᠯ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠲᠤᠰᠢᠶᠠᠨ ᠭᠦᠢᠴᠡᠳᠬᠡᠯᠭᠡᠬᠦ ᠰᠤᠳᠤᠯᠭᠠᠨ ᠤ ᠡᠭᠦᠷᠭᠡ ᠵᠢᠴᠢ ᠢᠯᠡ ᠪᠠᠷ ᠳᠠᠭᠠᠭᠠᠴᠢᠯᠠᠯᠲᠠ ᠵᠠᠷᠯᠠᠵᠣ ᠦᠯᠣ ᠪᠣᠯᠬᠤ ᠰᠡᠳᠦᠪ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠤᠨ ᠰᠣᠳᠣᠯᠣᠯᠳᠠ ᠪᠠᠷ ᠳᠡᠮᠵᠢᠵᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠲᠦᠷᠣᠯ ᠪᠣᠯᠬᠤ ᠪᠠᠷ ᠲᠣᠭᠳᠠᠵᠣ᠂ ᠵᠤᠬᠢᠬᠤ ᠰᠣᠳᠣᠯᠭᠠᠨ ᠤ ᠵᠠᠷᠤᠳᠠᠯ ᠤᠨ ᠲᠤᠭ᠎ᠠ ᠬᠡᠮᠵᠢᠶ᠎ᠡ ᠶᠢ ᠲᠣᠭᠲᠠᠭᠠᠨ᠂ ᠰᠣᠳᠣᠯᠣᠯᠳᠠ ᠬᠢᠭᠦ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠢᠲᠡᠭᠡᠯ ᠰᠠᠶᠢᠲᠠᠶ ᠤᠶᠤᠨ ᠤ ᠬᠥᠮᠥᠷᠭᠡ᠂ ᠪᠠᠶᠢᠭᠤᠯᠭ᠎ᠠ᠂ ᠪᠦᠯᠬᠦᠮ ᠵᠡᠷᠭᠡ ᠳᠤ ᠨᠠᠶᠢᠳᠠᠵᠣ ᠰᠤᠳᠤᠯᠭᠠᠨ ᠬᠢᠯᠬᠡᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠠᠵᠢᠯᠲᠠᠳ ᠨᠠᠶᠢᠳᠠᠨ ᠰᠤᠳᠤᠯᠬᠤ ᠰᠡᠳᠦᠪ ᠲᠤ ᠣᠷᠣᠯᠴᠠᠵᠤ ᠪᠣᠯᠬᠤ ᠦᠭᠡᠢ᠃        ᠭᠤᠷᠪᠠᠳᠤᠭᠠᠷ ᠪᠦᠯᠦᠭ    ᠰᠡᠳᠦᠪ ᠤᠨ ᠬᠠᠮᠢᠶᠠᠷᠤᠯᠲᠠ        ᠳᠣᠯᠣᠳᠤᠭᠠᠷ ᠵᠦᠢᠯ    ᠰᠡᠳᠦᠪ ᠡᠷᠬᠢᠯᠡᠭᠴᠢ ᠨᠢ ᠲᠤᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠡᠳᠦᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠰᠡᠳᠣᠪ ᠤᠨ ᠳᠤᠭᠤᠶᠢᠯᠠᠩ ᠤᠨ ᠪᠦᠷᠢᠯᠳᠣᠭᠦᠨ ᠢ ᠵᠣᠬᠢᠶᠠᠨ ᠪᠠᠶᠢᠭᠤᠯᠵᠣ ᠲᠥᠯᠥᠪᠯᠡᠭᠡᠨ ᠤ ᠠᠬᠢᠴᠠ ᠪᠠ ᠶᠠᠰᠤ ᠴᠢᠨᠠᠷ ᠤᠨ ᠱᠠᠭᠠᠷᠳᠠᠯᠭ᠎ᠠ ᠪᠠᠷ ᠰᠤᠳᠤᠯᠬᠤ ᠡᠭᠦᠷᠭᠡ ᠪᠠᠨ ᠪᠡᠶᠡᠯᠡᠭᠦᠯᠵᠦ᠂ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠤᠨ ᠮᠡᠳᠡᠭᠦᠯᠦᠯᠲᠡ ᠵᠢᠴᠢ ᠲᠣᠪᠴᠢᠯᠠᠯ ᠢ ᠪᠦᠷᠢᠯᠳᠣᠭᠦᠯᠦᠭᠰᠡᠨ ᠪᠠᠶᠢᠬᠤ ᠬᠡᠷᠩᠳᠠᠢ᠃ ᠢᠯᠡ ᠪᠠᠷ ᠳᠠᠭᠠᠭᠠᠴᠢᠯᠠᠯᠲᠠ ᠵᠠᠷᠯᠠᠭᠰᠠᠨ ᠰᠡᠳᠦᠪ ᠤᠨ ᠪᠡᠶᠡᠯᠡᠭᠦᠯᠬᠦ ᠬᠤᠭᠤᠴᠠᠭ᠎ᠠ ᠬᠢᠵᠠᠭᠠᠷ ᠢ ᠡᠩ ᠤᠨ ᠪᠠᠶᠢᠳᠠᠯ ᠳᠤ 6 ᠰᠠᠷ᠎ᠠ ᠠᠴᠠ ᠬᠡᠲᠦᠷᠡᠭᠦᠯᠵᠣ ᠪᠣᠯᠬᠤ ᠦᠭᠡᠢ᠂ ᠡᠨᠡᠭᠦ ᠬᠤᠭᠤᠴᠠᠭᠠᠨ ᠳᠤ᠂ ᠰᠡᠳᠦᠪ ᠤᠨ ᠳᠤᠭᠤᠶᠢᠯᠠᠩ ᠨᠢ ᠭᠡᠷ᠎ᠡ ᠶᠢᠨ ᠪᠣᠯᠵᠣᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠲᠣᠭᠲᠠᠭᠰᠠᠨ ᠮᠠᠲ᠋ᠧᠷᠢᠶᠠᠯ ᠪᠣᠯᠤᠨ ᠦᠷ᠎ᠡ ᠪᠦᠲᠦᠭᠡᠯ ᠢᠶᠠᠨ ᠲᠤᠰᠢᠶᠠᠬᠤ ᠬᠡᠷᠡᠭᠲᠡᠶ︔ ᠨᠠᠶᠢᠳᠠᠨ ᠰᠤᠳᠤᠯᠬᠤ ᠰᠡᠳᠦᠪ ᠢ ᠡᠩ ᠤᠨ ᠪᠠᠶᠢᠳᠠᠯ ᠳᠤ 4 ᠰᠠᠷ᠎ᠠ ᠶᠢᠨ ᠳᠣᠲᠣᠷ᠎ᠠ ᠪᠡᠶᠡᠯᠡᠭᠦᠯᠬᠦ ᠬᠡᠷᠡᠭᠲᠡᠶ᠂ ᠪᠣᠳᠠᠲᠠᠶ ᠱᠠᠭᠠᠷᠳᠠᠯᠭ᠎ᠠ ᠶᠢ ᠰᠡᠳᠦᠪ ᠤᠨ ᠬᠡᠷᠩᠴᠡᠭᠡ ᠶᠣᠰᠣᠭᠠᠷ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠬᠤ ᠶᠢᠨ ᠬᠠᠮᠳᠣ᠂ ᠨᠠᠶᠢᠳᠠᠨ ᠰᠤᠳᠤᠯᠬᠤ ᠰᠡᠳᠦᠪ ᠤᠨ ᠭᠡᠷ᠎ᠡ ᠶᠢᠨ ᠪᠢᠴᠢᠭ ᠲᠤ ᠲᠣᠳᠣᠷᠬᠠᠶᠢᠯᠠᠬᠤ ᠬᠡᠷᠡᠭᠲᠡᠶ᠃        ᠨᠠᠢᠮᠠᠳᠣᠭᠠᠷ ᠵᠦᠢᠯ    ᠡᠯ᠎ᠡ ᠰᠡᠳᠣᠪ ᠤᠨ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ ᠣᠯᠵᠣ ᠮᠡᠳᠡᠭᠰᠡᠨ ᠠᠰᠠᠭᠤᠳᠠᠯ ᠪᠠ ᠪᠠᠶᠢᠳᠠᠯ ᠵᠢᠴᠢ ᠰᠠᠨᠠᠯ᠂ ᠰᠠᠨᠠᠭᠤᠯᠭ᠎ᠠ ᠵᠡᠷᠭᠡ ᠪᠠᠨ ᠴᠠᠭ ᠲᠤᠬᠠᠶ ᠳᠤᠨᠢ ᠮᠡᠳᠡᠭᠡ ᠵᠠᠩᠭᠢ ᠶᠢᠨ ᠲᠦᠷᠦᠯ ᠤᠨ ᠪᠢᠴᠢᠭ ᠨᠣᠣᠷᠠᠭ ᠪᠣᠯᠭᠠᠵᠣ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠮᠡᠳᠡᠭᠦᠯᠵᠣ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠬᠢᠨᠠᠨ ᠬᠠᠷᠭᠤᠭᠤᠯᠣᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠭᠦ ᠶᠢ ᠵᠣᠷᠢᠬᠵᠢᠭᠤᠯᠣᠨ᠎ᠠ᠃        ᠶᠢᠰᠦᠳᠦᠭᠡᠷ ᠵᠦᠢᠯ    ᠰᠡᠳᠦᠪ ᠡᠷᠬᠢᠯᠡᠭᠴᠢ ᠶᠢᠨ ᠠᠵᠢᠯᠯᠠᠵᠣ ᠪᠠᠶᠢᠭ᠎ᠠ ᠨᠢᠭᠡᠴᠡ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠡᠳᠣᠪ ᠬᠠᠮᠢᠶᠠᠷᠬᠤ ᠨᠢᠭᠡᠴᠨ ᠪᠣᠯᠤᠭᠰᠠᠨ ᠤ ᠬᠤᠪᠢ ᠳᠤ᠂ ᠰᠡᠳᠦᠪ ᠰᠣᠳᠣᠯᠬᠤ ᠶᠢᠨ ᠬᠠᠮᠢᠶᠠᠷᠤᠯᠲᠠ ᠪᠣᠯᠤᠨ ᠦᠢᠯᠡᠴᠢᠯᠡᠭᠡᠨ ᠢᠶᠠᠨ ᠴᠢᠩᠭᠠᠳᠬᠠᠵᠣ᠂ ᠰᠡᠳᠣᠪ ᠰᠣᠳᠣᠯᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠡᠭᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢ ᠰᠡᠳᠦᠪ ᠰᠤᠳᠤᠯᠬᠤ ᠶᠢᠨ ᠠᠬᠢᠴᠠ᠂ ᠶᠠᠰᠤ ᠴᠢᠨᠠᠷ ᠢ ᠮᠥᠷᠳᠡᠨ ᠬᠠᠮᠢᠶᠠᠷᠬᠤ ᠪᠠ ᠵᠢᠯᠣᠭᠤᠳᠣᠨ ᠵᠣᠬᠢᠴᠠᠭᠤᠯᠬᠤ ᠬᠡᠷᠡᠭᠲᠡᠶ᠃        ᠠᠷᠪᠠᠳᠤᠭᠠᠷ ᠵᠦᠢᠯ    ᠰᠡᠳᠦᠪ ᠰᠤᠳᠤᠯᠬᠤ ᠶᠠᠪᠤᠴᠠ ᠳᠤ ᠣᠨᠴᠣᠭᠤᠢ ᠰᠢᠯᠲᠠᠭᠠᠨ ᠠᠴᠠ ᠪᠤᠯᠵᠤ ᠰᠡᠳᠦᠪ ᠡᠷᠬᠢᠯᠡᠭᠴᠢ᠂ ᠰᠡᠳᠦᠪ ᠬᠠᠮᠢᠶᠠᠷᠬᠤ ᠨᠢᠭᠡᠴᠨ ᠶᠢ ᠬᠤᠪᠢᠷᠠᠭᠤᠯᠬᠤ ᠪᠤᠶᠤ ᠰᠤᠳᠤᠯᠬᠤ ᠶᠢ ᠨᠢ ᠵᠣᠭᠰᠣᠭᠠᠬᠤ ᠴᠢᠬᠤᠯᠠᠳᠠᠢ ᠵᠡᠷᠭᠡ ᠪᠠᠶᠢᠳᠠᠯ ᠢᠯᠡᠷᠡᠭᠰᠡᠨ ᠪᠠᠶᠢᠪᠡᠯ᠂ ᠰᠡᠳᠦᠪ ᠡᠷᠬᠢᠯᠡᠭᠴᠢ ᠨᠢ ᠪᠢᠴᠢᠭ ᠢᠶᠠᠷ ᠭᠤᠶᠤᠴᠢᠯᠠᠯ ᠳᠡᠪᠰᠢᠭᠦᠯᠣᠨ᠂ ᠰᠡᠳᠦᠪ ᠬᠠᠮᠢᠶᠠᠷᠬᠤ ᠨᠢᠭᠡᠴᠡ ᠪᠠᠷ ᠨᠤᠳᠠᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠤᠪᠢᠷᠠᠭᠤᠯᠬᠤ ᠪᠠ ᠲᠣᠬᠢᠷᠠᠭᠤᠯᠣᠯᠳᠠ ᠬᠢᠵᠣ ᠪᠣᠯᠣᠨ᠎ᠠ᠃        ᠳᠥᠷᠪᠡᠳᠦᠭᠡᠷ ᠪᠦᠯᠦᠭ    ᠰᠡᠳᠣᠪ ᠢᠶᠠᠨ ᠰᠡᠳᠦᠪᠯᠡᠭᠦ᠂ ᠬᠢᠨᠠᠨ ᠲᠣᠭᠳᠠᠭᠠᠬᠤ ᠪᠠ ᠲᠦᠷᠣᠯ ᠵᠦᠢᠯ ᠢ ᠳᠠᠭᠤᠰᠬᠠᠬᠤ        ᠠᠷᠪᠠᠨ ᠨᠢᠭᠡᠳᠦᠭᠡᠷ ᠵᠦᠢᠯ    ᠰᠡᠳᠣᠪ ᠢᠶᠠᠨ ᠰᠡᠳᠦᠪᠯᠡᠭᠦ ᠪᠠᠷ ᠨᠣᠮ ᠬᠠᠶᠠᠯᠴᠠᠬᠤ᠃ ᠡᠯ᠎ᠡ ᠰᠡᠳᠦᠪ ᠤᠨ ᠳᠤᠭᠤᠶᠢᠯᠠᠩ ᠨᠢ ᠰᠡᠳᠦᠪ ᠰᠤᠳᠤᠯᠬᠤ ᠭᠡᠷ᠎ᠡ ᠳᠤ ᠵᠢᠩᠬᠢᠨᠢ ᠪᠠᠷ ᠭᠠᠷ ᠤᠨ ᠦᠰᠦᠭ ᠵᠢᠷᠣᠵᠣ ᠲᠣᠭᠲᠠᠭᠰᠠᠨ 1 ᠰᠠᠷ᠎ᠠ ᠶᠢᠨ ᠳᠣᠲᠣᠷ᠎ᠠ ᠠᠩᠬ᠎ᠠ ᠠᠯᠬᠤᠮ ᠤᠨ ᠰᠤᠳᠤᠯᠤᠯᠳᠠ ᠬᠢᠵᠣ᠂ ᠰᠡᠳᠦᠪ ᠤᠨ ︽ᠰᠡᠳᠦᠪᠯᠡᠬᠦ ᠮᠡᠳᠡᠭᠦᠯᠦᠯᠲᠡ︾ ᠪᠠᠨ ᠪᠡᠶᠡᠯᠡᠭᠦᠯᠭᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠵᠣᠬᠢᠶᠠᠨ ᠪᠠᠶᠢᠭᠤᠯᠤᠭᠰᠠᠨ ᠰᠡᠳᠣᠪ ᠢᠶᠠᠨ ᠰᠡᠳᠦᠪᠯᠡᠨ ᠨᠣᠮ ᠬᠠᠶᠠᠯᠴᠠᠬᠤ ᠶᠢ ᠭᠦᠯᠢᠶᠡᠨ᠎ᠠ᠃ ᠰᠡᠳᠣᠪ ᠢᠶᠠᠨ ᠰᠡᠳᠦᠪᠯᠡᠨ ᠨᠣᠮ ᠬᠠᠶᠠᠯᠴᠠᠭᠰᠠᠨ ᠦᠷ᠎ᠡ ᠳ᠋ᠦᠩ ᠢ ᠪᠠᠳᠤᠯᠠᠬᠰᠠᠨ᠂ ᠦᠯᠣ ᠪᠠᠳᠤᠯᠠᠬᠰᠠᠨ ᠭᠡᠵᠦ ᠬᠤᠶᠠᠷ ᠲᠦᠷᠣᠯ ᠳᠤ ᠬᠤᠪᠢᠶᠠᠨ᠎ᠠ᠃ ᠰᠡᠳᠣᠪ ᠢᠶᠠᠨ ᠰᠡᠳᠦᠪᠯᠡᠨ ᠨᠣᠮ ᠬᠠᠶᠠᠯᠴᠠᠭᠠᠣᠨ ᠪᠠᠳᠤᠯᠠᠬᠳᠠᠬᠰᠠᠨ ᠦᠭᠡᠢ ᠰᠡᠳᠦᠪ ᠤᠨ ᠳᠤᠭᠤᠶᠢᠯᠠᠩ ᠨᠢ ︽ᠰᠡᠳᠦᠪᠯᠡᠬᠦ ᠮᠡᠳᠡᠭᠦᠯᠦᠯᠲᠡ︾ ᠳᠡᠭᠡᠨ ᠵᠠᠰᠠᠪᠣᠷᠢ ᠣᠷᠣᠭᠤᠯᠣᠭᠰᠠᠨ ᠤ ᠳᠠᠷᠠᠭ᠎ᠠ ᠳᠠᠬᠢᠨ ᠨᠣᠮ ᠬᠠᠶᠠᠯᠴᠠᠵᠣ ᠪᠠᠳᠤᠯᠠᠭᠤᠯᠤᠨ᠎ᠠ᠃        ᠠᠷᠪᠠᠨ ᠬᠤᠶᠠᠳᠤᠭᠠᠷ ᠵᠦᠢᠯ    ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠰᠡᠳᠦᠪ ᠤᠨ ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ ᠬᠢᠵᠣ᠂ ᠰᠡᠳᠦᠪ ᠢᠶᠠᠨ ᠪᠡᠶᠡᠯᠡᠭᠦᠯᠦᠭᠰᠡᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠳᠠ ᠬᠢᠵᠣ᠂ ᠳᠤᠮᠳᠠ ᠬᠤᠭᠤᠴᠠᠭᠠᠨ ᠤ ᠬᠢᠨᠠᠨ ᠲᠣᠭᠳᠠᠭᠠᠭᠰᠠᠨ ᠳ᠋ᠦᠩᠨᠡᠯᠲᠡ ᠪᠠ ᠰᠠᠨᠠᠯ ᠤᠨ ᠪᠢᠴᠢᠭ ᠢ ᠪᠦᠷᠢᠯᠳᠣᠭᠦᠯᠣᠨ᠂ ᠰᠡᠳᠦᠪ ᠲᠤ ᠶᠠᠮᠠᠷ ᠰᠢᠨ᠎ᠡ ᠡᠭᠦᠳᠣᠯᠳᠠ ᠲᠠᠢ᠂ ᠣᠷᠣᠰᠢᠵᠤ ᠪᠠᠶᠢᠭ᠎ᠠ ᠬᠦᠷᠦᠯᠴᠡᠬᠦ ᠦᠭᠡᠢ ᠳᠠᠯ᠎ᠠ ᠪᠠ ᠵᠠᠰᠠᠪᠤᠷᠢ ᠣᠷᠣᠭᠤᠯᠬᠤ ᠰᠠᠨᠠᠯ ᠢ ᠲᠣᠷᠠᠳᠣᠨ ᠭᠠᠷᠭᠠᠵᠣ᠂ ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ ᠶᠢᠨ ᠪᠠᠳᠤᠯᠠᠬᠳᠠᠬᠤ ᠡᠰᠡᠬᠦ ᠶᠢ ᠲᠣᠳᠣᠷᠬᠠᠶᠢᠯᠠᠨ᠎ᠠ᠃ ᠳᠤᠮᠳᠠ ᠬᠤᠭᠤᠴᠠᠭᠠᠨ ᠤ ᠬᠢᠨᠠᠨ ᠲᠣᠭᠳᠠᠭᠠᠭᠰᠠᠨ ᠰᠠᠨᠠᠯ ᠤᠨ ᠪᠢᠴᠢᠭ ᠲᠤ ᠬᠢᠨᠠᠨ ᠲᠣᠭᠳᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠠᠴᠠ ᠭᠠᠷ ᠤᠨ ᠦᠰᠦᠭ ᠵᠢᠷᠤᠵᠤ᠂ ᠬᠢᠨᠠᠨ ᠲᠤᠬᠳᠠᠭᠠᠬᠤ ᠠᠵᠢᠯ ᠢ ᠰᠡᠳᠦᠪ ᠤᠨ ᠭᠡᠷ᠎ᠡ ᠳᠤ ᠲᠣᠭᠲᠠᠭᠠᠭᠰᠠᠨ ᠰᠡᠳᠣᠪ ᠳᠠᠭᠤᠰᠬᠠᠬᠤ ᠴᠠᠭ ᠠᠴᠠ ᠡᠮᠦᠨ᠎ᠠ ᠨᠢᠭᠡ ᠰᠠᠷ᠎ᠠ ᠳᠤ ᠪᠡᠶᠡᠯᠡᠭᠦᠯᠬᠦ ᠬᠡᠷᠡᠭᠲᠡᠶ᠃ ᠳᠤᠮᠳᠠ ᠬᠤᠭᠤᠴᠠᠭᠠᠨ ᠤ ᠬᠢᠨᠠᠨ ᠲᠣᠭᠳᠠᠭᠠᠭᠰᠠᠨ ᠦᠷ᠎ᠡ ᠳ᠋ᠦᠩ ᠢ ᠪᠠᠳᠤᠯᠠᠬᠰᠠᠨ᠂ ᠬᠢᠷᠢ ᠲᠡᠩᠴᠡᠭᠰᠡᠨ ᠦᠭᠡᠢ ᠭᠡᠵᠦ ᠬᠤᠶᠠᠷ ᠲᠦᠷᠣᠯ ᠳᠤ ᠬᠤᠪᠢᠶᠠᠨ᠎ᠠ᠃ ᠳᠤᠮᠳᠠ ᠬᠤᠭᠤᠴᠠᠭᠠᠨ ᠤ ᠬᠢᠨᠠᠨ ᠲᠣᠭᠳᠠᠭᠠᠬᠤ ᠵᠠᠷᠤᠳᠠᠯ ᠢ ᠰᠡᠳᠦᠪ ᠤᠨ ᠵᠠᠷᠤᠳᠠᠯ ᠠᠴᠠ ᠭᠠᠷᠭᠠᠨ᠎ᠠ᠃        ᠠᠷᠪᠠᠨ ᠭᠤᠷᠪᠠᠳᠤᠭᠠᠷ ᠵᠦᠢᠯ    ᠡᠴᠦᠰ ᠤᠨ ᠬᠢᠨᠠᠨ ᠲᠣᠭᠳᠠᠭᠠᠯᠳᠠ᠃ ᠰᠡᠳᠣᠪ ᠤᠨ ᠳᠤᠭᠤᠶᠢᠯᠠᠩ ᠨᠢ ᠰᠡᠳᠦᠪ ᠤᠨ ᠭᠡᠷ᠎ᠡ ᠳᠤ ᠲᠣᠭᠲᠠᠭᠠᠭᠰᠠᠨ ᠰᠤᠳᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠣᠭ᠍ᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠰᠡᠳᠦᠪ ᠢ ᠬᠢᠨᠠᠨ ᠲᠣᠭᠳᠠᠭᠠᠯᠭᠠᠬᠤ ᠭᠤᠶᠤᠴᠢᠯᠠᠯ ᠭᠠᠷᠭᠠᠨ᠎ᠠ ︵ᠰᠡᠳᠦᠪ ᠤᠨ ᠦᠷ᠎ᠡ ᠪᠦᠲᠦᠭᠡᠯ ᠤᠨ ᠤᠭ ᠮᠠᠲ᠋ᠧᠷᠢᠶᠠᠯ ᠢ ᠳᠠᠭᠠᠯᠳᠤᠭᠤᠯᠣᠨ᠎ᠠ︶᠃ ᠰᠡᠳᠦᠪ ᠢ ᠬᠢᠨᠠᠨ ᠲᠣᠭᠳᠠᠭᠠᠯᠭᠠᠬᠤ ᠭᠤᠶᠤᠴᠢᠯᠠᠯ ᠭᠠᠷᠭᠠᠬᠤ ᠴᠠᠭ ᠨᠢ ᠰᠡᠳᠦᠪ ᠤᠨ ᠭᠡᠷ᠎ᠡ ᠳᠤ ᠲᠣᠭᠲᠠᠭᠠᠭᠰᠠᠨ ᠰᠡᠳᠦᠪ ᠢ ᠪᠡᠶᠡᠯᠡᠭᠦᠯᠭᠦ ᠴᠠᠭ ᠠᠴᠠ ᠬᠤᠵᠢᠭᠳᠠᠭᠤᠯᠵᠣ ᠪᠣᠯᠬᠤ ᠤᠢᠭᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠬᠢᠨᠠᠨ ᠲᠣᠭᠳᠠᠭᠠᠯᠭᠠᠬᠤ ᠪᠠᠷ ᠭᠤᠶᠤᠴᠢᠯᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠳᠣ 10 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠦᠭᠭᠦᠨ᠎ᠠ᠃ ᠬᠢᠨᠠᠨ ᠲᠣᠭᠳᠠᠭᠠᠯᠭᠠᠬᠤ ᠨᠥᠬᠦᠴᠡᠯ ᠳᠤ ᠨᠡᠶᠢᠴᠡᠬᠦ ᠥᠭᠡᠢ ᠪᠠᠶᠢᠪᠠᠯ᠂ ᠤᠴᠢᠷ ᠰᠢᠯᠲᠠᠭᠠᠨ ᠢ ᠨᠢ ᠲᠣᠳᠣᠷᠬᠠᠶᠢᠯᠠᠨ᠎ᠠ︔ ᠬᠢᠨᠠᠨ ᠲᠣᠭᠳᠠᠭᠠᠯᠭᠠᠬᠤ ᠨᠥᠬᠦᠴᠡᠯ ᠳᠤ ᠨᠡᠶᠢᠴᠡᠬᠦ ᠶᠢ ᠨᠢ᠂ ᠰᠡᠳᠦᠪ ᠤᠨ ᠬᠠᠮᠢᠶ᠎ᠠ ᠪᠥᠬᠦᠢ ᠬᠦᠷᠢᠶ᠎ᠠ ᠴᠠᠷᠠᠭ᠎ᠠ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠣᠨ ᠰᠡᠳᠦᠪ ᠬᠢᠨᠠᠨ ᠲᠣᠭᠳᠠᠭᠠᠯᠭᠠᠬᠤ ᠳᠤᠭᠤᠶᠢᠯᠠᠩ ᠭᠠᠷᠭᠠᠨ ᠬᠢᠨᠠᠨ ᠲᠣᠭᠳᠠᠭᠠᠵᠣ᠂ ᠬᠢᠨᠠᠨ ᠲᠣᠭᠳᠠᠭᠠᠭᠰᠠᠨ ᠳ᠋ᠦᠩᠨᠡᠯᠳᠠ ᠪᠠ ᠡᠴᠦᠰ ᠤᠨ ᠬᠢᠨᠠᠨ ᠲᠣᠭᠳᠠᠭᠠᠭᠰᠠᠨ ᠰᠠᠨᠠᠯ ᠢ ᠪᠤᠢ ᠪᠣᠯᠭᠠᠨ᠎ᠠ᠃ ᠡᠴᠦᠰ ᠤᠨ ᠬᠢᠨᠠᠨ ᠲᠣᠭᠳᠠᠭᠠᠭᠰᠠᠨ ᠦᠷ᠎ᠡ ᠳ᠋ᠦᠩ ᠢ ᠪᠠᠳᠤᠯᠠᠬᠰᠠᠨ᠂ ᠳᠠᠬᠢᠨ ᠬᠢᠨᠠᠨ ᠲᠣᠭᠳᠠᠭᠠᠬᠤ᠂ ᠬᠢᠷᠢ ᠲᠡᠩᠴᠡᠬᠦ ᠤᠢᠭᠡᠢ ᠭᠡᠵᠣ ᠭᠤᠷᠪᠠᠨ ᠲᠦᠷᠣᠯ ᠳᠤ ᠬᠤᠪᠢᠶᠠᠨ᠎ᠠ᠃ ᠡᠴᠦᠰ ᠤᠨ ᠬᠢᠨᠠᠨ ᠲᠣᠭᠳᠠᠭᠠᠬᠤ ᠵᠠᠷᠤᠳᠠᠯ ᠢ ᠰᠡᠳᠦᠪ ᠤᠨ ᠵᠠᠷᠤᠳᠠᠯ ᠠᠴᠠ ᠭᠠᠷᠭᠠᠨ᠎ᠠ᠃        ᠠᠷᠪᠠᠨ ᠳᠥᠷᠪᠡᠳᠦᠭᠡᠷ ᠵᠦᠢᠯ    ᠳᠠᠬᠢᠨ ᠬᠢᠨᠠᠨ ᠲᠣᠭᠳᠠᠭᠠᠬᠤ᠃ ᠡᠴᠦᠰ ᠤᠨ ᠬᠢᠨᠠᠨ ᠲᠣᠭᠳᠠᠭᠠᠭᠰᠠᠨ ᠦᠷ᠎ᠡ ᠳ᠋ᠦᠩ ᠳᠤ ︽ᠳᠠᠬᠢᠨ ᠬᠢᠨᠠᠨ ᠲᠣᠭᠳᠠᠭᠠᠬᠤ︾ ᠪᠠᠷ ᠲᠤᠬᠳᠠᠭᠠᠭᠰᠠᠨ ᠰᠡᠳᠦᠪ ᠪᠤᠯ ᠰᠡᠳᠣᠪ ᠤᠨ ᠳᠤᠭᠤᠶᠢᠯᠠᠩ ᠨᠢ ᠡᠴᠦᠰ ᠤᠨ ᠬᠢᠨᠠᠨ ᠲᠣᠭᠳᠠᠭᠠᠭᠰᠠᠨ ᠡᠳᠦᠷ ᠠᠴᠠ ᠡᠬᠢᠯᠡᠵᠦ 1 ᠰᠠᠷ᠎ᠠ ᠶᠢᠨ ᠳᠣᠲᠣᠷ᠎ᠠ ᠰᠤᠳᠤᠯᠭᠠᠨ ᠤ ᠦᠷ᠎ᠡ ᠪᠦᠲᠦᠭᠡᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠳᠣ᠂ ᠵᠠᠰᠠᠪᠤᠷᠢ ᠣᠷᠣᠭᠤᠯᠤᠭᠰᠠᠨ ᠦᠷ᠎ᠡ ᠪᠦᠲᠦᠭᠡᠯ ᠢᠶᠠᠨ ᠳᠠᠬᠢᠨᠲᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠳᠡᠪᠰᠢᠭᠦᠯᠵᠣ ᠳᠠᠬᠢᠨ ᠬᠢᠨᠠᠨ ᠲᠣᠭᠳᠠᠭᠠᠯᠭᠠᠨ᠎ᠠ᠃ ᠳᠠᠬᠢᠨ ᠬᠢᠨᠠᠨ ᠲᠣᠭᠳᠠᠭᠠᠭᠰᠠᠨ ᠦᠷ᠎ᠡ ᠳ᠋ᠦᠩ ᠢ ᠪᠠᠳᠤᠯᠠᠬᠰᠠᠨ᠂ ᠬᠢᠷᠢ ᠲᠡᠩᠴᠡᠭᠰᠡᠨ ᠦᠭᠡᠢ ᠭᠡᠵᠦ ᠬᠤᠶᠠᠷ ᠲᠦᠷᠣᠯ ᠳᠤ ᠬᠤᠪᠢᠶᠠᠨ᠎ᠠ᠃ ᠳᠠᠬᠢᠨ ᠬᠢᠨᠠᠨ ᠲᠤᠬᠳᠠᠭᠠᠬᠤ ᠵᠠᠷᠤᠳᠠᠯ ᠢ ᠰᠡᠳᠦᠪ ᠤᠨ ᠵᠠᠷᠤᠳᠠᠯ ᠠᠴᠠ ᠭᠠᠷᠭᠠᠨ᠎ᠠ᠃        ᠠᠷᠪᠠᠨ ᠲᠠᠪᠤᠳᠤᠭᠠᠷ ᠵᠦᠢᠯ    ᠬᠤᠭᠤᠴᠠᠭ᠎ᠠ ᠣᠷᠳᠣᠣᠠᠬᠠᠬᠤ᠃ ᠣᠨᠴᠣᠭᠤᠢ ᠰᠢᠯᠲᠠᠭᠠᠨ ᠠᠴᠠ ᠪᠤᠯᠵᠤ ᠡᠯ᠎ᠡ ᠱᠠᠳᠣ ᠦᠶ᠎ᠡ ᠶᠢᠨ ᠬᠢᠨᠠᠨ ᠲᠣᠭᠳᠠᠭᠠᠯᠳᠠ ᠶᠢ ᠴᠠᠭ ᠲᠤᠬᠠᠶ ᠳᠤᠨᠢ ᠬᠢᠵᠦ ᠲᠡᠶᠢᠯᠭᠦ ᠦᠭᠡᠢ ᠰᠡᠳᠦᠪ ᠢ ᠰᠡᠳᠦᠪ ᠡᠷᠬᠢᠯᠡᠭᠴᠢ ᠶᠢᠨ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠷᠢᠳᠴᠢᠯᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠬᠤᠭᠤᠴᠠᠭ᠎ᠠ ᠪᠠᠨ ᠣᠷᠳᠣᠣᠠᠬᠠᠬᠤ ᠪᠠᠷ ᠪᠢᠴᠢᠭ ᠢᠶᠠᠷ ᠭᠤᠶᠤᠴᠢᠯᠠᠯ ᠭᠠᠷᠭᠠᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠬᠤ ᠬᠡᠮᠵᠢᠶ᠎ᠠ ᠪᠠᠷ ᠬᠤᠭᠤᠴᠠᠭ᠎ᠠ ᠶᠢ ᠨᠢ ᠤᠷᠲᠤᠳᠬᠠᠵᠤ ᠪᠣᠯᠤᠨ᠎ᠠ᠂ ᠬᠤᠭᠤᠴᠠᠭ᠎ᠠ ᠤᠷᠲᠤᠳᠬᠠᠬᠤ ᠶᠢ 2 ᠤᠳᠠᠭ᠎ᠠ ᠠᠴᠠ ᠬᠡᠳᠣᠷᠡᠬᠦᠯᠵᠣ ᠪᠣᠯᠬᠤ ᠦᠭᠡᠢ᠂ ᠤᠳᠠᠭ᠎ᠠ ᠪᠦᠷᠢ ᠶᠢᠨ ᠣᠷᠳᠣᠠᠬᠠᠬᠤ ᠬᠤᠭᠤᠴᠠᠭ᠎ᠠ ᠨᠢ 1 ᠰᠠᠷ᠎ᠠ ᠠᠴᠠ ᠬᠡᠲᠦᠷᠡᠵᠦ ᠪᠣᠯᠬᠤ ᠦᠭᠡᠢ᠃        ᠠᠷᠪᠠᠨ ᠵᠢᠷᠭᠤᠳᠤᠭᠠᠷ ᠵᠦᠢᠯ    ᠲᠦᠷᠣᠯ ᠵᠦᠢᠯ ᠢ ᠳᠠᠭᠤᠰᠬᠠᠬᠤ᠃ ᠰᠡᠳᠦᠪ ᠨᠢ ᠡᠴᠦᠰ ᠤᠨ ᠬᠢᠨᠠᠨ ᠲᠣᠭᠳᠠᠭᠠᠬᠤ ᠪᠤᠶᠤ ᠳᠠᠬᠢᠨ ᠬᠢᠨᠠᠨ ᠲᠣᠭᠳᠠᠭᠠᠯᠳᠠ ᠪᠠᠷ ᠳᠠᠮᠵᠢᠭᠠᠣᠨ ᠪᠠᠳᠤᠯᠠᠬᠳᠠᠵᠦ᠂ ᠦᠷ᠎ᠡ ᠪᠦᠲᠦᠭᠡᠯ ᠨᠢ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠪᠠᠶᠢᠪᠠᠯ ᠲᠦᠷᠣᠯ ᠵᠦᠢᠯ ᠢ ᠨᠢ ᠳᠠᠭᠤᠰᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠲᠦᠷᠣᠯ ᠵᠦᠢᠯ ᠳᠠᠭᠤᠰᠬᠠᠭᠰᠠᠨ ᠬᠡᠷᠡᠴᠢ ᠭᠠᠷᠭᠠᠨ ᠦᠭᠴᠣ ᠪᠣᠯᠤᠨ᠎ᠠ᠃        ᠠᠷᠪᠠᠨ ᠳᠣᠯᠣᠳᠤᠭᠠᠷ ᠵᠦᠢᠯ    ᠲᠦᠷᠣᠯ ᠵᠦᠢᠯ ᠢ ᠬᠦᠴᠦᠨ ᠦᠭᠡᠢ ᠪᠣᠯᠭᠠᠬᠤ᠃ ᠰᠡᠳᠦᠪ ᠤᠨ ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ᠂ ᠡᠴᠦᠰ ᠤᠨ ᠬᠢᠨᠠᠨ ᠲᠣᠭᠳᠠᠭᠠᠯᠳᠠ ᠪᠤᠶᠤ ᠳᠠᠬᠢᠨ ᠬᠢᠨᠠᠨ ᠲᠣᠭᠳᠠᠭᠠᠯᠳᠠ ᠳᠤ ᠬᠢᠷᠢ ᠲᠡᠩᠴᠡᠭᠰᠡᠨ ᠦᠭᠡᠶ ᠪᠤᠶᠤ ᠪᠤᠰᠤᠳ ᠬᠥᠮᠦᠨ ᠤ ᠰᠤᠳᠤᠯᠭᠠᠨ ᠤ ᠦᠷ᠎ᠡ ᠪᠦᠲᠦᠭᠡᠯ ᠢ ᠬᠤᠯᠠᠭᠠᠶᠢᠯᠠᠭᠰᠠᠨ ᠢ ᠣᠯᠵᠣ ᠮᠡᠳᠡᠭᠰᠡᠨ ᠪᠦᠭᠡᠣᠨ ᠲᠡᠬᠦᠨ ᠢᠶᠠᠷ ᠲᠤᠳᠦᠯᠠᠭᠰᠠᠨ ᠪᠠᠶᠢᠪᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠢᠶᠠᠷ ᠳᠡᠮᠵᠢᠨ ᠰᠣᠳᠣᠯᠣᠭᠰᠠᠨ ᠤ ᠳᠠᠷᠠᠭ᠎ᠠ ᠰᠡᠳᠦᠪ ᠢ ᠨᠢ ᠭᠦᠴᠣᠨ ᠦᠭᠡᠢ ᠪᠣᠯᠭᠠᠨ᠎ᠠ᠃ ᠭᠦᠴᠣᠨ ᠦᠭᠡᠢ ᠪᠣᠯᠭᠠᠭᠰᠠᠨ ᠰᠡᠳᠦᠪ ᠵᠢᠴᠢ ᠰᠡᠳᠣᠪ ᠡᠷᠬᠢᠯᠡᠭᠴᠢ ᠶᠢ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠨᠡᠶᠢᠭᠡᠮ ᠳᠤ ᠢᠯᠠ ᠪᠠᠷ ᠵᠠᠷᠯᠠᠨ ᠨᠡᠶᠢᠲᠡᠯᠡᠨ᠎ᠠ᠃ ᠲᠦᠷᠣᠯ ᠵᠦᠢᠯ ᠢ ᠨᠢ ᠭᠦᠴᠣᠨ ᠦᠭᠡᠢ ᠪᠣᠯᠭᠠᠬᠤ ᠪᠠᠷ ᠵᠡᠷᠯᠠᠨ ᠨᠠᠶᠢᠳᠡᠯᠡᠭᠰᠡᠨ ᠰᠡᠳᠦᠪ ᠡᠷᠬᠢᠯᠡᠭᠴᠢ ᠨᠢ 5 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠢ ᠭᠤᠶᠤᠴᠢᠯᠠᠬᠤ ᠪᠤᠶᠤ ᠳᠡᠭᠦᠨ ᠳᠤ ᠣᠷᠣᠯᠴᠠᠵᠤ ᠪᠣᠯᠬᠤ ᠦᠭᠡᠢ᠂ ᠡᠭᠦᠨ ᠤ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠵᠣ ᠰᠡᠳᠦᠪ ᠤᠨ ᠲᠣᠰᠠᠯᠠᠮᠵᠢ ᠶᠢᠨ ᠮᠥᠩᠭᠦ ᠶᠢᠨ ᠵᠠᠷᠤᠳᠠᠯ ᠢ ᠬᠡᠷᠡᠭᠯᠡᠵᠣ ᠪᠠᠶᠢᠭ᠎ᠠ ᠪᠠᠶᠢᠳᠠᠯ ᠢ ᠨᠢ ᠬᠢᠨᠠᠨ ᠪᠠᠶᠢᠴᠠᠭᠠᠵᠤ᠂ ᠦᠯᠡᠳᠡᠭᠰᠡᠨ ᠲᠣᠰᠠᠯᠠᠮᠵᠢ ᠶᠢᠨ ᠮᠥᠩᠭᠦ ᠪᠠ ᠨᠢᠭᠡᠨᠳᠠ ᠬᠤᠳᠠᠯᠳᠤᠨ ᠠᠪᠤᠭᠰᠠᠨ ᠡᠳ᠋ ᠪᠣᠳᠠᠰ᠂ ᠮᠠᠲ᠋ᠧᠷᠢᠶᠠᠯ ᠵᠡᠷᠭᠡ ᠶᠢ ᠨᠢ ᠨᠡᠭᠡᠮᠵᠢᠯᠠᠨ ᠬᠤᠷᠢᠶᠠᠨ ᠠᠪᠣᠨ᠎ᠠ᠃        ᠠᠷᠪᠠᠨ ᠨᠠᠢᠮᠠᠳᠣᠭᠠᠷ ᠵᠦᠢᠯ    ᠰᠤᠳᠤᠯᠭᠠᠨ ᠤ ᠦᠷ᠎ᠡ ᠪᠦᠲᠦᠭᠡᠯ ᠵᠡᠷᠭᠡ ᠶᠢ ᠬᠤᠭᠤᠴᠠᠭ᠎ᠠ ᠬᠤᠪᠢᠶᠠᠨ ᠬᠠᠩᠭᠠᠬᠤ ᠴᠢᠬᠤᠯᠠᠲᠠᠶ᠂ ᠲᠡᠳᠡᠬᠡᠷ ᠦᠷ᠎ᠡ ᠪᠦᠲᠦᠭᠡᠯ ᠢ ᠬᠢᠨᠠᠨ ᠲᠣᠭᠳᠠᠭᠠᠬᠤ᠂ ᠰᠢᠯᠭᠠᠨ ᠬᠤᠷᠢᠶᠠᠬᠤ ᠪᠠ ᠲᠦᠷᠣᠯ ᠵᠦᠢᠯ ᠳᠠᠭᠤᠰᠬᠠᠬᠤ ᠶᠢ ᠰᠡᠳᠦᠪ ᠤᠨ ᠭᠡᠷ᠎ᠡ ᠶᠢᠨ ᠪᠣᠯᠵᠤᠭ᠎ᠠ ᠶᠣᠰᠣᠭᠠᠷ ᠬᠡᠷᠩᠵᠢᠭᠦᠯᠣᠨ᠎ᠠ᠃        ᠲᠠᠪᠤᠳᠤᠭᠠᠷ ᠪᠦᠯᠦᠭ    ᠦᠷ᠎ᠡ ᠪᠦᠲᠦᠭᠡᠯ ᠤᠨ ᠬᠡᠷᠡᠭᠯᠡᠯᠲᠡ        ᠠᠷᠪᠠ ᠶᠢᠰᠦᠳᠦᠭᠡᠷ ᠵᠦᠢᠯ    ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠨᠠᠶᠢᠷᠠᠭᠤᠯᠵᠤ ᠭᠦᠷᠭᠡᠭᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠭᠤᠳ ᠬᠦᠯᠢᠶᠡᠨ ᠠᠪᠴᠤ ᠬᠡᠷᠡᠭᠯᠡᠭᠰᠡᠨ ᠰᠤᠳᠤᠯᠭᠠᠨ ᠤ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠰᠤᠳᠤᠯᠭᠠᠨ ᠤ ᠳᠤᠭᠤᠶᠢᠯᠠᠩ ᠳᠤ ᠬᠠᠷᠢᠭᠤ ᠲᠣᠰᠬᠠᠨ᠎ᠠ︔ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠰᠤᠳᠤᠯᠭᠠᠨ ᠤ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠬ ᠠᠴᠠ ᠬᠠᠷᠢᠭᠤᠴᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠭᠦ ᠬᠡᠷᠩᠳᠠᠢ᠃        ᠬᠤᠷᠢᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢ ᠵᠢᠯ ᠪᠦᠷᠢ ᠶᠢᠨ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠦᠷ᠎ᠡ ᠪᠦᠲᠦᠭᠡᠯ ᠠᠴᠠ ᠰᠢᠯᠢᠳᠡᠭ ᠢ ᠨᠢ ᠰᠣᠩᠭᠤᠵᠣ ᠨᠠᠶᠢᠷᠠᠭᠤᠯᠤᠨ ᠳᠡᠪᠳᠡᠷᠯᠡᠵᠣ᠂ ᠢᠯᠡ ᠪᠠᠷ ᠲᠠᠷᠬᠠᠭᠠᠬᠤ ᠶᠢᠨ ᠬᠠᠮᠳᠣ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠮᠡᠳᠡᠬᠦᠯᠦᠨ ᠭᠦᠷᠭᠡᠨ᠎ᠠ᠃        ᠬᠤᠷᠢᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠰᠢᠯᠢᠳᠡᠭ ᠦᠷ᠎ᠡ ᠪᠦᠲᠦᠭᠡᠯ ᠢᠶᠠᠷ ᠦᠨᠡᠯᠡᠨ ᠲᠣᠭᠲᠠᠭᠠᠬᠤ ᠶᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠣᠨ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠰᠢᠯᠢᠳᠡᠭ ᠰᠤᠳᠤᠯᠭᠠᠨ ᠤ ᠦᠷ᠎ᠡ ᠪᠦᠲᠦᠭᠡᠯ ᠤᠨ ᠵᠡᠷᠭᠡ ᠳᠡᠰ ᠢ ᠦᠨᠡᠯᠡᠨ ᠲᠣᠭᠲᠠᠭᠠᠬᠤ ᠶᠢᠨ ᠬᠠᠮᠳᠣ ᠵᠣᠬᠢᠬᠤ ᠬᠡᠮᠵᠢᠶ᠎ᠡ ᠪᠠᠷ ᠬᠥᠬᠢᠭᠦᠯᠦᠨ ᠱᠠᠩᠨᠠᠨ᠎ᠠ᠃        ᠬᠤᠷᠢᠨ ᠬᠤᠶᠠᠳᠤᠭᠠᠷ ᠵᠦᠢᠯ    ᠬᠢᠨᠠᠨ ᠲᠣᠭᠳᠠᠭᠠᠬᠤ ᠪᠠᠷ ᠳᠡᠮᠵᠢᠭᠰᠡᠨ ᠰᠤᠳᠤᠯᠭᠠᠨ ᠤ ᠦᠷ᠎ᠡ ᠪᠦᠲᠦᠭᠡᠯ ᠤᠨ ᠵᠣᠬᠢᠶᠠᠯ ᠪᠦᠲᠦᠭᠡᠯ ᠤᠨ ᠡᠷᠬᠡ ᠶᠢᠨ ᠬᠠᠷᠢᠶ᠎ᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠰᠡᠳᠦᠪ ᠡᠬᠦᠷᠬᠡᠯᠡᠭᠰᠡᠨ ᠲᠠᠯ᠎ᠠ ᠯᠤᠭ᠎ᠠ ᠰᠡᠳᠦᠪ ᠤᠨ ᠭᠡᠷ᠎ᠡ ᠳᠤ ᠪᠣᠯᠵᠣᠨ ᠲᠣᠭᠲᠠᠭᠠᠨ᠎ᠠ᠃        ᠵᠢᠷᠭᠤᠳᠤᠭᠠᠷ ᠪᠦᠯᠦᠭ    ᠵᠠᠷᠤᠳᠠᠯ ᠤᠨ ᠬᠠᠮᠢᠶᠠᠷᠤᠯᠲᠠ        ᠬᠤᠷᠢᠨ ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠣ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠣᠨ ᠤ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠣᠨ᠂ ᠲᠤᠰᠬᠠᠶ ᠳᠠᠩᠰᠠ ᠪᠠᠷ ᠲᠣᠭᠠᠴᠠᠭ᠎ᠠ ᠬᠢᠵᠣ᠂ ᠲᠤᠰᠬᠠᠶ ᠵᠣᠭᠤᠰ ᠢ ᠲᠤᠰᠬᠠᠶ ᠬᠡᠷᠡᠭᠯᠡᠨ᠎ᠠ᠃        ᠬᠤᠷᠢᠨ ᠳᠥᠷᠪᠡᠳᠦᠭᠡᠷ ᠵᠦᠢᠯ    ᠬᠡᠷᠡᠭᠯᠡᠬᠦ ᠬᠡᠪᠴᠢᠶ᠎ᠡ ᠬᠡᠪᠴᠢᠶ᠎ᠠ᠃        ︵ᠨᠢᠭᠡ︶ ᠰᠡᠳᠦᠪ ᠰᠤᠳᠤᠯᠬᠤ ᠬᠢᠭᠡᠣᠨ ᠰᠢᠢᠣᠡᠪᠣᠷᠢᠳᠣ ᠪᠤᠳᠤᠯᠭ᠎ᠠ ᠶᠢᠨ ᠵᠦᠪᠯᠡᠯᠭᠡ ᠦᠭᠭᠦ ᠵᠠᠷᠤᠳᠠᠯ᠃ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠪᠠᠶᠢᠴᠠᠭᠠᠨ ᠰᠤᠳᠤᠯᠤᠯᠲᠠ ᠬᠢᠬᠦ ᠪᠠ ᠵᠥᠪᠯᠡᠯᠭᠡ ᠥᠭᠴᠦ ᠨᠤᠲᠠᠯᠠᠯᠲᠠ ᠬᠢᠬᠦ ᠳᠤ ᠬᠡᠷᠩᠯᠡᠨ᠎ᠠ᠂ ᠡᠭᠦᠨ ᠳᠤ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ᠂ ᠬᠤᠷᠠᠯ ᠤᠨ ᠵᠠᠷᠤᠳᠠᠯ᠂ ᠵᠥᠪᠯᠡᠯᠭᠡ ᠦᠭᠭᠦ ᠵᠠᠷᠤᠳᠠᠯ᠂ ᠨᠤᠲᠠᠯᠠᠯᠲᠠ ᠬᠢᠬᠦ ᠵᠠᠷᠤᠳᠠᠯ᠂ ᠮᠠᠲ᠋ᠧᠷᠢᠶᠠᠯ ᠤᠨ ᠵᠠᠷᠤᠳᠠᠯ᠂ ᠬᠢᠨᠠᠨ ᠲᠣᠭᠳᠠᠭᠠᠬᠤ ᠵᠠᠷᠤᠳᠠᠯ᠂ ᠳᠠᠭᠠᠭᠠᠴᠢᠯᠠᠯᠲᠠ ᠵᠠᠷᠯᠠᠬᠤ ᠶᠢ ᠲᠣᠭᠳᠠᠭᠠᠬᠤ ᠵᠠᠷᠤᠳᠠᠯ᠂ ᠨᠣᠮ ᠬᠠᠶᠠᠯᠴᠠᠬᠤ ᠵᠠᠷᠤᠳᠠᠯ᠂ ᠰᠢᠯᠢᠳᠡᠭ ᠢ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠤ ᠵᠠᠷᠤᠳᠠᠯ᠂ ᠨᠠᠶᠢᠷᠠᠭᠤᠯᠬᠤ ᠵᠠᠷᠤᠳᠠᠯ᠂ ᠦᠷ᠎ᠡ ᠪᠦᠲᠦᠭᠡᠯ ᠢ ᠬᠡᠪᠯᠡᠭᠦ ᠪᠠ ᠲᠠᠷᠬᠠᠭᠠᠬᠤ ᠵᠠᠷᠤᠳᠠᠯ ᠵᠡᠷᠭᠡ ᠪᠠᠭᠳᠠᠨ᠎ᠠ᠃ ᠡᠭᠦᠨ ᠳᠤ᠂ ᠳᠠᠭᠠᠭᠠᠴᠢᠯᠠᠯᠲᠠ ᠵᠠᠷᠯᠠᠬᠤ ᠶᠢ ᠰᠢᠯᠭᠠᠷᠠᠭᠤᠯᠤᠨ ᠲᠣᠭᠳᠠᠭᠠᠬᠤ᠂ ᠨᠣᠮ ᠬᠠᠶᠠᠯᠴᠠᠬᠤ᠂ ᠰᠢᠯᠢᠳᠡᠭ ᠢ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠤ ᠵᠠᠷᠤᠳᠠᠯ ᠪᠠ ᠦᠷ᠎ᠡ ᠪᠦᠲᠦᠭᠡᠯ ᠤᠨ ᠰᠡᠭᠦᠯᠴᠢ ᠶᠢᠨ ᠨᠠᠶᠢᠷᠠᠭᠤᠯᠬᠤ ᠵᠠᠷᠤᠳᠠᠯ᠂ ᠡᠬᠡ ᠪᠢᠴᠢᠭ ᠤᠨ ᠬᠠᠷᠠᠮᠵᠢ ︵ᠳᠣᠲᠣᠭᠠᠳᠤ ᠯᠠᠪᠯᠠᠯᠲᠠ ᠶᠢᠨ ᠡᠬᠡ ᠪᠢᠴᠢᠭ ᠪᠠᠭᠲᠠᠨ᠎ᠠ︶᠂ ᠬᠡᠪᠯᠡᠭᠦ ᠵᠠᠷᠤᠳᠠᠯ᠂ ᠲᠠᠷᠬᠠᠭᠠᠬᠤ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢᠭᠡᠳᠦᠯᠲᠡᠶ ᠵᠠᠷᠤᠴᠠᠭᠤᠯᠵᠣ᠂ ᠵᠠᠷᠴᠢᠮ ᠳᠡᠭᠡᠷ᠎ᠡ ᠪᠠᠨ ᠰᠡᠳᠣᠪ ᠤᠨ ᠵᠠᠷᠤᠳᠠᠯ ᠤᠨ ᠶᠡᠷᠣᠩᠬᠡᠢ ᠲᠤᠭ᠎ᠠ ᠶᠢᠨ 15% ᠠᠴᠠ ᠬᠡᠲᠦᠷᠡᠭᠦᠯᠵᠦ ᠪᠣᠯᠬᠤ ᠤᠢᠭᠡᠢ᠃        ︵ᠬᠤᠶᠠᠷ︶ ᠰᠡᠳᠦᠪ ᠤᠨ ᠬᠠᠮᠢᠶᠠᠷᠤᠯᠲᠠ ᠶᠢᠨ ᠵᠠᠷᠤᠳᠠᠯ᠃ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠬᠠᠮᠢᠶᠠᠷᠤᠯᠲᠠ ᠳᠤ ᠬᠡᠷᠡᠭᠯᠡᠨ᠎ᠠ᠂ ᠰᠡᠳᠦᠪ ᠡᠷᠬᠢᠯᠡᠭᠴᠢ ᠶᠢᠨ ᠪᠠᠶᠢᠭ᠎ᠠ ᠨᠢᠭᠡᠴᠡ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠡᠳᠣᠪ ᠤᠨ ᠵᠠᠷᠤᠳᠠᠯ ᠤᠨ ᠶᠠᠷᠣᠩᠬᠡᠢ ᠲᠤᠭ᠎ᠠ ᠶᠢᠨ 5% ᠪᠠᠷ ᠭᠠᠷᠭᠠᠨ ᠠᠪᠴᠤ ᠬᠡᠷᠡᠭᠯᠡᠬᠦ ᠪᠦᠬᠡᠳ ᠬᠠᠮᠤᠭ ᠦᠨᠳᠣᠷ ᠲᠡᠭᠡᠨ 10000 ᠲᠥᠭᠦᠷᠢᠭ ᠠᠴᠠ ᠬᠡᠳᠡᠷᠡᠭᠦᠯᠵᠣ ᠪᠣᠯᠬᠤ ᠦᠭᠡᠢ᠃        ︵ᠭᠤᠷᠪᠠ︶ ᠰᠢᠯᠢᠳᠡᠭ ᠦᠷ᠎ᠡ ᠪᠦᠲᠦᠭᠡᠯ ᠢ ᠱᠠᠩᠨᠠᠨ ᠭᠦᠬᠢᠭᠦᠯᠣᠨ᠎ᠠ᠃ ᠵᠢᠯ ᠪᠦᠷᠢ ᠰᠢᠯᠭᠠᠷᠠᠭᠤᠯᠤᠭᠰᠠᠨ ᠰᠢᠯᠢᠳᠡᠭ ᠰᠤᠳᠤᠯᠭᠠᠨ ᠤ ᠦᠷ᠎ᠡ ᠪᠦᠲᠦᠭᠡᠯ ᠢ ᠱᠠᠩᠨᠠᠨ ᠬᠥᠬᠢᠭᠦᠯᠬᠦ ᠳᠤ ᠣᠨ ᠤ ᠲᠤᠰᠬᠠᠶ ᠵᠦᠢᠯ ᠤᠨ ᠵᠠᠷᠤᠳᠠᠯ ᠤᠨ ᠶᠡᠷᠦᠩᠬᠡᠶ ᠲᠤᠭ᠎ᠠ ᠶᠢᠨ 3 % ᠠᠴᠠ ᠬᠡᠲᠦᠷᠡᠭᠦᠯᠵᠦ ᠪᠣᠯᠬᠤ ᠦᠭᠡᠢ᠃        ᠬᠤᠷᠢᠨ ᠲᠠᠪᠤᠳᠤᠭᠠᠷ ᠵᠦᠢᠯ    ᠰᠡᠳᠦᠪ ᠤᠨ ᠰᠤᠳᠤᠯᠭᠠᠨ ᠤ ᠵᠠᠷᠤᠳᠠᠯ ᠢ ᠬᠠᠷᠭᠤᠭᠤᠯᠣᠨ ᠥᠭᠬᠦ ᠠᠷᠭ᠎ᠠ ᠮᠠᠶ᠋ᠢᠭ᠃ ᠰᠡᠳᠦᠪ ᠤᠨ ᠭᠡᠷ᠎ᠡ ᠲᠣᠭᠲᠠᠬᠤ ᠶᠢᠨ ᠬᠠᠮᠳᠣ ᠰᠡᠳᠣᠪᠯᠡᠨ ᠨᠣᠮ ᠬᠠᠶᠠᠯᠴᠠᠬᠤ ᠶᠢ ᠳᠡᠮᠵᠢᠭᠰᠡᠨ ᠤ ᠳᠠᠷᠠᠭ᠎ᠠ 50% ᠶᠢ ᠨᠢ ᠦᠭᠭᠦᠨ᠎ᠠ᠂ ᠳᠤᠮᠳᠠ ᠬᠤᠭᠤᠴᠠᠭᠠᠨ ᠤ ᠬᠢᠨᠠᠨ ᠲᠣᠭᠳᠠᠭᠠᠬᠤ ᠶᠢ ᠳᠠᠮᠵᠢᠭᠰᠠᠨ ᠤ ᠳᠠᠷᠠᠭ᠎ᠠ 30 % ᠶᠢ ᠨᠢ ᠦᠭᠭᠦᠨ᠎ᠠ᠂ ᠰᠡᠳᠦᠪ ᠤᠨ ᠲᠦᠷᠣᠯ ᠵᠦᠢᠯ ᠢ ᠳᠠᠭᠤᠰᠬᠠᠭᠰᠠᠨ ᠤ ᠲᠠᠷᠠᠭ᠎ᠠ 20% ᠶᠢ ᠨᠢ ᠦᠭᠭᠦᠨ᠎ᠠ᠃ ᠡᠭᠦᠨ ᠳᠤ᠂ ᠱᠠᠳᠤ ᠬᠤᠭᠤᠴᠠᠭ᠎ᠠ ᠬᠤᠪᠢᠶᠠᠨ ᠰᠤᠳᠤᠯᠭᠠᠨ ᠤ ᠦᠷ᠎ᠡ ᠪᠦᠲᠦᠭᠡᠯ ᠬᠠᠩᠭᠠᠬᠤ ᠴᠢᠬᠤᠯᠠᠲᠠᠶ ᠰᠡᠳᠦᠪ ᠢ ᠪᠤᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠢᠶᠠᠷ ᠵᠠᠷᠤᠳᠠᠯ ᠥᠭᠬᠦ ᠠᠷᠭ᠎ᠠ ᠮᠠᠶ᠋ᠢᠭ ᠢ ᠲᠣᠭᠲᠠᠭᠠᠬᠤ ᠶᠢᠨ ᠬᠠᠮᠲᠤ ᠰᠡᠳᠦᠪ ᠤᠨ ᠭᠡᠷ᠎ᠡ ᠳᠤ ᠲᠣᠳᠣᠷᠬᠠᠶᠢᠯᠠᠨ᠎ᠠ ᠃ ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ ᠳᠤ ᠪᠠᠳᠤᠯᠠᠬᠳᠠᠬᠰᠠᠨ ᠦᠭᠡᠢ ᠰᠡᠳᠦᠪ ᠤᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠲᠡᠳᠡᠨ ᠤ ᠰᠤᠳᠤᠯᠭᠠᠨ ᠤ ᠳᠤᠭᠤᠶᠢᠯᠠᠩ ᠳᠤ ᠰᠡᠳᠣᠪ ᠤᠨ ᠵᠠᠷᠣᠳᠠᠯ ᠦᠭᠭᠦ ᠶᠢ ᠲᠦᠷ ᠵᠣᠭᠰᠣᠭᠠᠵᠣ᠂ ᠡᠴᠦᠰ ᠤᠨ ᠬᠢᠨᠠᠨ ᠲᠣᠭᠳᠠᠭᠠᠯᠳᠠ ᠶᠢ ᠦᠭᠭᠡᠷᠡᠬᠡᠭᠰᠠᠨ ᠤ ᠳᠠᠷᠠᠭ᠎ᠠ᠂ ᠦᠯᠡᠳᠡᠭᠰᠡᠨ 50% ᠶᠢᠨ ᠵᠠᠷᠤᠳᠠᠯ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠦᠭᠭᠦᠨ᠎ᠠ︔ ᠡᠴᠦᠰ ᠤᠨ ᠬᠢᠨᠠᠨ ᠲᠣᠭᠳᠠᠭᠠᠯᠳᠠ ᠳᠤ ᠪᠠᠳᠤᠯᠠᠬᠳᠠᠬᠰᠠᠨ ᠦᠭᠡᠢ ᠪᠠᠶᠢᠪᠠᠯ᠂ ᠲᠦᠷᠣᠯ ᠵᠦᠢᠯ ᠢ ᠭᠦᠴᠣᠨ ᠦᠭᠡᠢ ᠪᠣᠯᠭᠠᠨ᠎ᠠ᠃        ᠬᠤᠷᠢᠨ ᠵᠢᠷᠭᠤᠳᠤᠭᠠᠷ ᠵᠦᠢᠯ    ᠰᠡᠳᠣᠪ ᠤᠨ ᠵᠠᠷᠤᠳᠠᠯ ᠤᠨ ᠬᠡᠷᠡᠭᠯᠡᠯᠳᠠ᠃        ︵ᠨᠢᠭᠡ︶ ᠰᠡᠳᠣᠪ ᠤᠨ ᠵᠠᠷᠤᠳᠠᠯ ᠢ ᠴᠥᠮ ᠰᠡᠳᠦᠪ ᠡᠷᠬᠢᠯᠡᠭᠴᠢ ᠶᠢᠨ ᠪᠠᠶᠢᠭ᠎ᠠ ᠨᠢᠭᠡᠴᠡ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠩᠰᠠᠨ ᠡᠷᠦᠬᠡ ᠳᠤ ᠰᠢᠯᠵᠢᠭᠦᠯᠦᠨ ᠦᠭᠴᠣ᠂ ᠲᠡᠳᠡᠨ ᠤ ᠠᠵᠢᠯᠯᠠᠵᠤ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠲᠤᠰ ᠠᠷᠭ᠎ᠠ ᠶᠢᠨ ᠶᠣᠰᠣᠭᠠᠷ ᠬᠠᠮᠢᠶᠠᠷᠴᠣ᠂ ᠲᠤᠰᠬᠠᠶ ᠵᠣᠭᠤᠰ ᠢ ᠲᠤᠰᠬᠠᠶ ᠬᠡᠷᠡᠭᠯᠡᠨ᠂ ᠰᠤᠳᠤᠯᠭᠠᠨ ᠯᠤᠭ᠎ᠠ ᠬᠠᠮᠢᠶ᠎ᠠ ᠦᠭᠡᠢ ᠠᠵᠢᠯᠯᠠᠭ᠎ᠠ ᠳᠤ ᠬᠡᠷᠡᠭᠯᠡᠵᠦ ᠪᠣᠯᠬᠤ ᠤᠢᠭᠡᠢ᠂ ᠲᠤᠰ ᠠᠷᠭ᠎ᠠ ᠶᠢᠨ ᠲᠣᠭᠲᠠᠭᠠᠭᠰᠠᠨ ᠵᠠᠷᠤᠯᠭ᠎ᠠ ᠶᠢᠨ ᠲᠦᠷᠣᠯ ᠵᠦᠢᠯ ᠠᠴᠠ ᠬᠡᠳᠣᠷᠡᠭᠦᠯᠵᠣ ᠪᠣᠯᠬᠤ ᠦᠭᠡᠢ᠃ ᠰᠡᠳᠦᠪ ᠤᠨ ᠵᠠᠷᠤᠳᠠᠯ ᠤᠨ ᠬᠠᠮᠢᠶᠠᠷᠤᠯᠲᠠ ᠪᠣᠯᠤᠨ ᠬᠡᠷᠡᠭᠯᠡᠯᠳᠠ ᠨᠢ ᠡᠳ᠋ ᠤᠨ ᠵᠠᠰᠠᠭ ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠳᠠ ᠳᠠᠯᠪᠢᠯᠳᠠ ᠪᠠ ᠪᠠᠶᠢᠴᠠᠭᠠᠯᠳᠠ ᠶᠢ ᠭᠦᠯᠢᠶᠡᠨ᠎ᠠ᠃        ︵ᠬᠤᠶᠠᠷ︶ ᠰᠤᠳᠤᠯᠭᠠᠨ ᠤ ᠠᠭᠤᠯᠭ᠎ᠠ ᠶᠢ ᠳᠤᠷ᠎ᠠ ᠳᠠᠪᠠ ᠪᠠᠷ ᠢᠶᠠᠨ ᠬᠤᠪᠢᠷᠠᠭᠤᠯᠬᠤ᠂ ᠰᠤᠳᠤᠯᠭᠠᠨ ᠤ ᠦᠷ᠎ᠡ ᠪᠦᠲᠦᠭᠡᠯ ᠤᠨ ᠶᠠᠰᠤ ᠴᠢᠨᠠᠷ ᠢᠶᠠᠷ ᠠᠨᠠᠢ ᠪᠠᠶᠢᠬᠤ᠂ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠰᠤᠳᠤᠯᠭᠠᠨ ᠤ ᠲᠥᠯᠥᠪᠯᠡᠭᠡ ᠶᠢ ᠬᠡᠷᠡᠭᠵᠢᠭᠦᠯᠭᠦ ᠦᠭᠡᠢ ᠪᠠᠶᠢᠪᠡᠯ᠂ ᠪᠠᠶᠢᠳᠠᠯ ᠢ ᠨᠢ ᠦᠵᠡᠵᠦ ᠪᠠᠶᠢᠭᠠᠳ ᠵᠣᠭᠤᠰ ᠦᠭᠭᠦ ᠶᠢ ᠲᠦᠷ ᠬᠤᠶᠢᠰᠢᠯᠠᠭᠤᠯᠬᠤ᠂ ᠵᠣᠭᠤᠰ ᠦᠭᠭᠦ ᠶᠢ ᠵᠣᠭᠰᠣᠭᠠᠬᠤ ᠪᠤᠶᠤ ᠦᠭᠭᠦᠭᠰᠡᠨ ᠵᠣᠭᠤᠰ ᠢ ᠨᠡᠭᠡᠮᠵᠢᠯᠠᠨ ᠠᠪᠴᠢᠷᠠᠨ᠎ᠠ᠃        ᠬᠤᠷᠢᠨ ᠳᠣᠯᠣᠳᠤᠭᠠᠷ ᠵᠦᠢᠯ    ᠦᠨᠡᠨᠴᠢ ᠢᠲᠡᠭᠡᠮᠵᠢ ᠶᠢᠨ ᠳᠦᠷᠢᠮ᠃ ᠪᠡᠶ᠎ᠡ ᠶᠢᠨ ᠭᠠᠷᠣᠯ ᠢᠶᠠᠨ ᠬᠠᠭᠤᠷᠮᠠᠭᠯᠠᠨ ᠮᠡᠳᠡᠭᠦᠯᠬᠦ᠂ ᠰᠡᠳᠦᠪ ᠢ ᠦᠪᠡᠷ ᠤᠨ ᠳᠤᠷ᠎ᠠ ᠪᠠᠷ ᠢᠶᠠᠨ ᠰᠢᠯᠵᠢᠭᠦᠯᠦᠨ ᠳᠠᠭᠠᠭᠠᠴᠢᠯᠠᠭᠤᠯᠬᠤ᠂ ᠪᠡᠶᠡᠯᠡᠭᠦᠯᠭᠦ ᠬᠤᠭᠤᠴᠠᠭ᠎ᠠ ᠠᠴᠠ ᠬᠦᠨᠳᠦ ᠨᠣᠴᠢᠲᠠᠶ ᠬᠡᠲᠦᠷᠡᠭᠰᠡᠨ᠂ ᠦᠷ᠎ᠡ ᠪᠦᠲᠦᠭᠡᠯ ᠤᠨ ᠶᠠᠰᠤ ᠴᠢᠨᠠᠷ ᠨᠢ ᠠᠨᠠᠢ᠂ ᠵᠠᠷᠤᠳᠠᠯ ᠢ ᠲᠣᠭᠲᠠᠭᠠᠯ ᠠᠴᠠ ᠵᠥᠷᠢᠴᠡᠨ ᠬᠡᠷᠩᠯᠡᠭᠰᠡᠨ ᠵᠡᠷᠭᠡ ᠠᠰᠠᠭᠤᠳᠠᠯ ᠣᠷᠣᠰᠢᠵᠣ ᠪᠠᠶᠢᠬᠤ ᠰᠡᠳᠦᠪ ᠡᠷᠬᠢᠯᠡᠭᠴᠢ ᠪᠦᠬᠦᠨ ᠢ 5 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠭᠤᠶᠣᠴᠢᠯᠠᠭᠤᠯᠬᠤ ᠪᠠᠷ ᠮᠡᠳᠡᠭᠦᠯᠵᠦ ᠪᠣᠯᠬᠤ ᠤᠢᠭᠡᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ ᠪᠤᠰᠤᠳ ᠵᠥᠪᠯᠡᠯᠭᠡ ᠥᠭᠬᠦ ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠢ᠂ ᠡᠭᠦᠨ ᠤ ᠬᠠᠮᠳᠣ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠳᠤ ᠣᠷᠣᠭᠤᠯᠣᠨ᠎ᠠ᠃        ᠳᠣᠯᠣᠳᠤᠭᠠᠷ ᠪᠦᠯᠦᠭ    ᠳᠠᠭᠠᠯᠳᠤᠭᠤᠯᠤᠯ ᠳᠦᠷᠢᠮ        ᠬᠤᠷᠢᠨ ᠨᠠᠢᠮᠠᠳᠣᠭᠠᠷ ᠵᠦᠢᠯ    ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠣ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号