ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016-12-27
                 ᠥᠪᠥᠷ ᠵᠠᠰᠠᠭ ᠠᠯᠪᠠᠨ ᠥᠰᠥᠭ ︹2016︺ 92 ᠳ᠋ᠤᠭᠠᠷ ᠲᠤᠭᠠᠳᠤ                   2016 ᠣᠨ ᠤ 5 ᠳ᠋ᠣᠭᠠᠷ ᠰᠠᠷ᠎ᠠ ᠶᠢᠨ 10 ᠤ ᠡᠳᠣᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠬᠡᠷᠡᠭᠵᠢᠭᠦᠯᠬᠦ ᠲᠥᠰᠦᠯ        ︽ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2016︺ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠣᠰᠣᠯᠡᠵᠣ᠂ ᠥᠪᠡᠷᠲᠡᠭᠡᠨ ᠵᠠᠰᠠᠬᠤ ᠣᠷᠣᠨ ᠤ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢᠨ ᠠᠵᠢᠯ ᠤᠨ ᠪᠣᠳᠠᠳᠠᠢ ᠲᠠᠢ ᠤᠶᠠᠯᠳᠤᠭᠤᠯᠵᠤ᠂ ᠣᠨᠴᠣᠭᠤᠶᠢᠯᠠᠨ ᠲᠤᠰ ᠲᠥᠰᠦᠯ ᠢ ᠲᠣᠭᠳᠠᠭᠠᠪᠠ᠃        ᠨᠢᠭᠡ᠂ ᠠᠵᠢᠯ ᠤᠨ ᠬᠠᠷᠠᠯᠲᠠ        ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠪᠣᠯ ᠪᠠᠷᠢᠮᠵᠢᠶᠠᠵᠢᠭᠤᠯᠬᠤ ᠥᠭᠡᠷᠡᠴᠢᠯᠡᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠲᠣᠭᠲᠠᠭᠠᠬᠤ ᠵᠠᠷᠴᠢᠮ ᠪᠠ ᠬᠦᠷᠢᠶ᠎ᠡ ᠬᠡᠪᠴᠢᠶ᠎ᠡ ᠶᠣᠰᠣᠭᠠᠷ᠂ ᠤᠳᠤ ᠶᠢᠨ ᠬᠡᠷᠡᠭᠵᠢᠭᠦᠯᠵᠦ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠵᠢᠴᠢ ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠳᠤ ᠢᠯᠭᠠᠷᠠᠭᠤᠯᠵᠣ ᠦᠨᠡᠯᠡᠨ ᠵᠢᠱᠢᠭᠦ ᠶᠢ ᠥᠷᠨᠢᠭᠦᠯᠦᠨ᠎ᠠ᠃ 2016 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠰᠢᠢᠣᠡᠪᠣᠷᠢ ᠶᠢ ᠳᠤᠷᠠᠣᠡᠴᠣ᠂ ᠳᠠᠬᠢᠵᠣ ᠬᠡᠷᠩᠯᠡᠭᠦ ᠦᠬᠡᠢ ᠶᠢ ᠨᠢ ᠬᠦᠴᠦᠨ ᠦᠬᠡᠢ ᠪᠣᠯᠭᠠᠵᠣ᠂ ᠠᠯᠪᠠᠳᠠᠬᠤ ᠳᠤ ᠲᠣᠬᠢᠷᠠᠬᠤ ᠦᠭᠡᠢ ᠶᠢ ᠨᠢ ᠲᠠᠨᠢᠯᠴᠠᠭᠤᠯᠭ᠎ᠠ ᠶᠢᠨ ᠴᠢᠨᠠᠷᠲᠠᠶ ᠪᠠᠷᠢᠮᠵᠢᠶ᠎ᠠ ᠪᠣᠯᠭᠠᠨ ᠬᠤᠪᠢᠷᠠᠭᠤᠯᠵᠣ᠂ ᠦᠨᠡᠨᠬᠦ ᠠᠯᠪᠠᠳᠠᠬᠤ ᠴᠢᠬᠤᠯᠠ ᠲᠠᠢ ᠶᠢ ᠨᠢ ᠦᠷᠭᠦᠯᠵᠢᠯᠡᠨ ᠬᠦᠴᠦᠨ ᠲᠠᠢ ᠪᠠᠶᠢᠯᠭᠠᠬᠤ ᠪᠤᠶᠤ ᠡᠮᠬᠢᠯᠡᠨ ᠨᠡᠶᠢᠯᠡᠭᠦᠯᠵᠦ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠣᠨ᠎ᠠ᠃ ᠨᠢᠭᠡ ᠪᠦᠯᠦᠭ ᠢ ᠨᠢ ᠬᠦᠴᠦᠨ ᠤᠢᠭᠡᠢ ᠪᠣᠯᠭᠠᠬᠤ᠂ ᠨᠢᠭᠡ ᠪᠦᠯᠦᠭ ᠢ ᠨᠢ ᠬᠤᠪᠢᠷᠠᠭᠤᠯᠬᠤ᠂ ᠨᠢᠭᠡ ᠪᠦᠯᠦᠭ ᠢ ᠨᠢ ᠡᠮᠬᠢᠯᠡᠨ ᠨᠡᠶᠢᠯᠡᠭᠦᠯᠭᠦ᠂ ᠨᠢᠭᠡ ᠪᠦᠯᠦᠭ ᠢ ᠨᠢ ᠵᠠᠰᠠᠪᠤᠷᠢ ᠣᠷᠣᠭᠤᠯᠬᠤ ᠪᠠᠷ ᠳᠠᠮᠵᠢᠭᠤᠯᠤᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠣᠷᠣᠰᠢᠵᠤ ᠪᠠᠶᠢᠭ᠎ᠠ ᠰᠣᠯᠪᠢᠴᠠᠨ ᠳᠠᠪᠬᠤᠷᠳᠠᠵᠣ ᠪᠠᠶᠢᠬᠤ ᠵᠥᠷᠢᠴᠡᠯ᠂ ᠭᠦᠷᠢᠶ᠎ᠡ ᠬᠡᠪᠴᠢᠶ᠎ᠠ ᠠᠴᠠ ᠳᠠᠪᠠᠭᠤᠯᠣᠨ ᠲᠣᠭᠲᠠᠭᠠᠬᠰᠠᠨ ᠵᠡᠷᠭᠡ ᠭᠤᠣᠯ ᠠᠰᠠᠭᠤᠳᠠᠯ ᠢ ᠠᠯᠬᠤᠮ ᠠᠯᠬᠤᠮ ᠢᠶᠠᠷ ᠰᠢᠢᠣᠡᠪᠣᠷᠢᠯᠠᠨ᠂ ᠪᠦᠲᠦᠴᠡ ᠨᠢ ᠵᠦᠢ ᠵᠣᠬᠢᠰᠲᠠᠶ᠂ ᠬᠡᠪᠴᠢᠶ᠎ᠡ ᠨᠢ ᠲᠣᠬᠢᠷᠠᠮᠵᠢᠳᠠᠢ᠂ ᠠᠭᠤᠯᠭ᠎ᠠ ᠨᠢ ᠰᠢᠨᠵᠢᠯᠡᠬᠦ ᠤᠬᠠᠭᠠᠨᠴᠢ ᠰᠢᠨ᠎ᠡ ᠬᠡᠯᠪᠡᠷᠢ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠬᠤ ᠳᠤ ᠰᠠᠭᠤᠷᠢ ᠲᠠᠯᠪᠢᠨ᠎ᠠ᠃        ᠬᠤᠶᠠᠷ᠂ ᠠᠵᠢᠯ ᠤᠨ ᠬᠦᠷᠢᠶ᠎ᠡ ᠬᠡᠪᠴᠢᠶ᠎ᠠ        ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠪᠣᠯᠤᠨ ᠨᠢᠭᠡᠨᠲᠡ ᠰᠡᠳᠦᠪ ᠲᠣᠭᠲᠠᠵᠣ᠂ ᠶᠠᠭ ᠲᠣᠭᠲᠠᠭᠠᠬᠤ ᠶᠠᠪᠤᠴᠨ ᠳᠠᠭᠠᠨ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠶᠢᠨ ᠲᠦᠷᠣᠯ ᠵᠦᠢᠯ᠃        ᠭᠤᠷᠪᠠ᠂ ᠠᠵᠢᠯᠯᠠᠬᠤ ᠵᠠᠷᠴᠢᠮ        ︵ᠨᠢᠭᠡ︶ ᠨᠢᠭᠡᠳᠦᠯᠲᠡᠶ ᠬᠠᠮᠢᠶᠠᠷᠴᠤ᠂ ᠠᠵᠢᠯ ᠬᠤᠪᠢᠶᠠᠷᠢᠯᠠᠨ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠬᠡᠵᠦ ᠲᠣᠪᠴᠢᠯᠠᠨ᠎ᠠ︶ ᠤᠨ ᠨᠢᠭᠡᠳᠦᠯᠲᠡᠶ ᠪᠠᠶᠢᠷᠢᠯᠠᠭᠤᠯᠤᠯᠲᠠ ᠳᠣᠣᠷ᠎ᠠ ᠂ ᠨᠢᠭᠡᠳᠦᠯᠲᠡᠶ ᠠᠵᠢᠯ ᠤᠨ ᠲᠡᠰ ᠳᠠᠷᠠᠭᠠᠯᠠᠯ᠂ ᠮᠡᠷᠭᠡᠵᠢᠯ ᠤᠨ ᠠᠷᠭ᠎ᠠ ᠪᠠ ᠴᠠᠭ ᠤᠨ ᠠᠬᠢᠴᠠ ᠶᠣᠰᠣᠭᠠᠷ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠢ ᠵᠣᠬᠢᠶᠠᠨ ᠪᠠᠶᠢᠭᠤᠯᠵᠣ ᠥᠷᠨᠢᠭᠦᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠠᠵᠢᠯ ᠲᠦᠷᠦᠯ ᠤᠨ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠬᠤᠯᠪᠣᠭᠳᠠᠯ ᠪᠦᠬᠦᠢ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ᠂ ᠠᠵᠢᠯ ᠲᠥᠷᠥᠯ ᠤᠨ ᠨᠡᠶᠢᠭᠡᠮᠯᠢᠭ ᠪᠣᠯᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠴᠢᠷᠮᠠᠶᠢᠨ ᠪᠦᠷᠢᠯᠳᠦᠭᠦᠯᠣᠨ᠎ᠠ᠃        ︵ᠬᠤᠶᠠᠷ︶ ᠲᠣᠭᠲᠠᠭᠤᠨ ᠢᠶᠠᠷ ᠠᠬᠢᠭᠤᠯᠵᠤ᠂ ᠬᠡᠷᠩᠯᠡᠭᠦ ᠶᠢ ᠬᠠᠮᠳᠣ ᠳᠤᠨᠢ ᠬᠠᠷᠠᠭᠠᠯᠵᠠᠨ᠎ᠠ᠃ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠬᠡᠷᠩᠯᠡᠵᠣ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠪᠠᠷᠢᠮᠵᠢᠶ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠠᠵᠤ ᠦᠢᠯᠡᠰ ᠤᠨ ᠲᠥᠷᠥ ᠶᠢᠨ ᠪᠤᠳᠤᠯᠭ᠎ᠠ᠂ ᠬᠢᠨᠠᠨ ᠬᠠᠮᠢᠶᠠᠷᠬᠤ ᠲᠥᠷᠢᠮ ᠤᠨ ᠵᠣᠯᠭᠠᠭᠤᠯᠤᠯᠲᠠ ᠶᠢ ᠭᠦᠢᠴᠡᠣᠨ ᠪᠣᠳᠣᠯᠬᠢᠯᠠᠵᠣ᠂ ᠬᠠᠮᠢᠶ᠎ᠠ ᠪᠦᠬᠦᠢ ᠪᠠᠷᠢᠮᠵᠢᠶ᠎ᠠ ᠶᠢᠨ ᠬᠤᠭᠤᠷᠣᠨᠳᠣᠬᠢ ᠬᠠᠮᠵᠢᠯᠴᠠᠵᠣ ᠲᠦᠬᠦᠷᠵᠢᠬᠦᠯᠬᠦ ᠶᠢ ᠪᠦᠳᠣᠮᠵᠢᠳᠠᠢ ᠪᠠᠳᠣᠯᠠᠨ᠎ᠠ᠃ ᠰᠢᠨ᠎ᠡ ᠪᠠᠷᠢᠮᠵᠢᠶ᠎ᠠ ᠶᠢ ᠲᠣᠭᠲᠠᠭᠠᠨ ᠨᠡᠶᠢᠲᠡᠯᠡᠬᠦ ᠠᠴᠠ ᠡᠮᠦᠨ᠎ᠡ᠂ ᠤᠤᠯ ᠪᠠᠷᠢᠮᠵᠢᠶ᠎ᠠ ᠶᠢ ᠳᠡᠷᠨ ᠬᠡᠪ ᠢᠶᠠᠷ ᠨᠢ ᠬᠡᠷᠡᠭᠵᠢᠭᠦᠯᠬᠦ ᠪᠠ ᠦᠢᠯᠡᠳᠦᠯ ᠢ ᠨᠢ ᠪᠠᠳᠠᠷᠠᠭᠤᠯᠬᠤ ᠶᠢ ᠦᠨᠡᠡᠭᠦ ᠪᠠᠲᠤᠯᠠᠵᠣ᠂ ᠬᠢᠨᠠᠯᠳᠠ ᠬᠠᠮᠢᠶᠠᠷᠤᠯᠲᠠ ᠬᠢᠬᠦ ᠦᠬᠡᠢ ᠪᠠᠷ ᠴᠢᠯᠦᠬᠡᠳᠡᠢ ᠪᠠᠶᠢᠯᠭᠠᠵᠦ ᠪᠤᠯᠬᠤ ᠦᠬᠡᠢ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠯᠣ ᠪᠠᠭᠤᠷᠠᠭᠤᠯᠣᠨ᠎ᠠ᠃        ᠲᠦᠷᠪᠡ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠡᠯ        ︵ᠨᠢᠭᠡ︶ ᠬᠠᠮᠲᠤᠷᠠᠭᠰᠠᠨ ᠬᠤᠷᠠᠯ ᠵᠢᠴᠢ ᠳᠡᠭᠦᠨ ᠤ ᠠᠯᠪᠠᠨ ᠭᠡᠷ᠃ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠳᠤᠮᠳᠠ ᠵᠣᠬᠢᠴᠠᠭᠤᠯᠬᠤ ᠴᠢᠬᠤᠯᠠᠲᠠᠶ ᠴᠢᠬᠤᠯᠠ ᠶᠡᠭᠡ ᠠᠰᠠᠭᠤᠳᠠᠯ ᠪᠠ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠰᠢᠢᠣᠡᠪᠣᠷᠢ ᠶᠢ ᠬᠠᠮᠲᠤᠷᠠᠭᠰᠠᠨ ᠬᠤᠷᠠᠯ ᠳᠤ ᠮᠡᠳᠡᠭᠦᠯᠵᠦ ᠬᠢᠨᠠᠨ ᠲᠣᠭᠲᠠᠭᠠᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠬᠠᠮᠲᠤᠷᠠᠭᠰᠠᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠥᠷᠨᠢᠭᠦᠯᠭᠦ ᠶᠢ ᠰᠢᠮᠳᠠᠭᠤᠯᠣᠨ ᠵᠢᠯᠣᠭᠤᠣᠡᠴᠣ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠠᠶᠢᠯᠡᠭᠦᠯᠵᠣ ᠰᠢᠯᠢᠳᠡᠭᠵᠢᠭᠦᠯᠣᠨ ᠴᠣᠮᠬᠠᠳᠬᠠᠬᠤ ᠭᠦᠷᠢᠶ᠎ᠡ ᠬᠡᠪᠴᠢᠶ᠎ᠡ ᠪᠠ ᠬᠠᠷᠢᠭᠤᠴᠠᠯᠭᠠᠳᠣ ᠰᠠᠯᠠᠭ᠎ᠠ ᠮᠥᠴᠢᠷ ᠢ ᠬᠠᠷᠢᠭᠤᠴᠠᠨ ᠲᠣᠭᠳᠠᠭᠠᠵᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠷᠠᠳᠣᠭᠰᠠᠨ ᠡᠮᠬᠢᠯᠡᠨ ᠨᠠᠶᠢᠯᠡᠭᠦᠯᠵᠣ ᠰᠢᠯᠢᠳᠡᠭᠵᠢᠭᠦᠯᠣᠨ ᠴᠣᠮᠬᠠᠳᠬᠠᠬᠤ ᠰᠢᠢᠣᠡᠪᠣᠷᠢ ᠶᠢ ᠬᠢᠨᠠᠨ ᠬᠠᠷᠭᠤᠭᠤᠯᠬᠤ ᠶᠢᠨ ᠬᠠᠮᠳᠣ᠂ ᠬᠠᠮᠲᠤᠷᠠᠭᠰᠠᠨ ᠬᠤᠷᠠᠯ ᠳᠤ ᠲᠡᠪᠰᠢᠭᠦᠯᠣᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠣᠨ᠎ᠠ᠃        ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠢ ᠰᠢᠭᠤᠶ ᠶᠢᠨ ᠲᠢᠩᠬᠢᠮ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠶᠡᠷᠦᠩᠬᠡᠶ ᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠲᠥᠰᠦᠯ ᠢ ᠦᠨᠳᠣᠰᠣᠯᠡᠵᠣ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠬᠤ ᠳᠤᠭᠤᠶᠢᠯᠠᠩ ᠪᠠᠶᠢᠭᠤᠯᠣᠨ᠎ᠠ᠃ ᠲᠢᠭᠯᠡᠵᠦ ᠡᠮᠬᠢᠯᠡᠭᠰᠡᠨ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢᠨ ᠪᠠᠶᠢᠳᠠᠯ ᠶᠣᠰᠣᠭᠠᠷ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠤᠰᠬᠠᠶ ᠮᠡᠷᠭᠡᠵᠢᠯ ᠤᠨ ᠳᠤᠭᠤᠶᠢᠯᠠᠩ ᠢ ᠪᠦᠷᠢᠯᠳᠦᠭᠦᠯᠵᠣ᠂ ᠲᠤᠰᠬᠠᠶ ᠮᠡᠷᠭᠡᠵᠢᠯ ᠤᠨ ᠳᠤᠭᠤᠶᠢᠯᠠᠩ ᠨᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠮᠡᠳᠡᠭᠡ ᠵᠠᠩᠭᠢᠵᠢᠯᠳᠠ ᠶᠢᠨ ᠲᠠᠪᠴᠠᠩ ︵ᠰᠦᠯᠵᠢᠶᠠᠨ ᠬᠠᠶ᠋ᠢᠭ᠄ http://qb.sacinfo.org.cn/pubᠬᠡᠷᠡᠭᠯᠡᠭᠴᠢ ᠶᠢᠨ ᠨᠡᠷ᠎ᠡ ᠪᠣᠯᠤᠨ ᠡᠬᠢᠨ ᠤ ᠨᠢᠭᠤᠴᠠ ᠨᠣᠮᠧᠷ ᠢ ᠳᠠᠭᠠᠯᠳᠤᠭᠤᠯᠤᠯ ᠳᠤ ᠦᠵᠡ︶ ᠳᠤ ᠭᠠᠷᠴᠣ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠵᠣᠷᠪᠣᠰ ᠳᠠᠷᠠᠭᠠᠯᠠᠨ ᠦᠨᠡᠯᠡᠨ ᠵᠢᠱᠢᠵᠣ᠂ ᠬᠦᠴᠦᠨ ᠦᠭᠡᠶ ᠪᠣᠯᠭᠠᠬᠤ᠂ ᠬᠤᠪᠢᠷᠠᠭᠤᠯᠬᠤ᠂ ᠡᠮᠬᠢᠯᠡᠨ ᠨᠡᠶᠢᠯᠡᠭᠦᠯᠭᠦ᠂ ᠵᠠᠰᠠᠪᠤᠷᠢ ᠣᠷᠣᠭᠤᠯᠬᠤ ᠪᠤᠶᠤ ᠦᠷᠭᠦᠯᠵᠢᠯᠡᠨ ᠭᠦᠴᠣᠨ ᠲᠠᠢ ᠪᠠᠶᠢᠯᠭᠠᠬᠤ ᠰᠠᠨᠠᠭᠤᠯᠭ᠎ᠠ ᠲᠣᠷᠠᠳᠣᠨ᠎ᠠ᠃        ᠲᠠᠪᠤ᠂ ᠠᠬᠢᠴᠠ ᠶᠢᠨ ᠲᠤᠬᠢᠷᠠᠭᠤᠯᠤᠯᠲᠠ        ︵ᠨᠢᠭᠡ︶ ᠪᠡᠯᠡᠳᠬᠡᠬᠦ ᠱᠠᠳᠣ ᠦᠶ᠎ᠡ ︵2016 ᠣᠨ ᠤ 1 ᠳ᠋ᠣᠭᠡᠷ ᠰᠠᠷ᠎ᠠ ᠠᠴᠠ 2 ᠳ᠋ᠣᠭᠠᠷ ᠰᠠᠷ᠎ᠠ ᠭᠦᠷᠳᠡᠯ᠎ᠠ︶        ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠨᠢ ᠤᠳᠤ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠭᠦᠢ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢᠨ ᠪᠠᠶᠢᠳᠠᠯ ᠢ ᠦᠢᠯᠠᠭᠠᠵᠣ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠭᠠᠷᠴᠠᠭ ᠪᠠ ᠪᠠᠷᠢᠮᠵᠢᠶ᠎ᠠ ᠶᠢᠨ ᠪᠦᠬᠦ ᠠᠭᠤᠯᠭ᠎ᠠ ︵ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠶᠢᠨ ᠲᠦᠷᠦᠯ ᠵᠦᠢᠯ ᠳᠤ ᠪᠠᠷᠢᠮᠵᠢᠶ᠎ᠠ ᠶᠢᠨ ᠡᠭᠡ ᠨᠣᠣᠷᠠᠭ ᠪᠤᠶᠤ ᠪᠠᠷᠢᠮᠵᠢᠶ᠎ᠠ ᠶᠢᠨ ᠬᠦᠳᠦᠯᠪᠦᠷᠢ ᠶᠢ ᠬᠠᠩᠭᠠᠨ᠎ᠠ︶ ᠶᠢ ᠲᠣᠰ ᠲᠣᠰ ᠬᠠᠩᠭᠠᠵᠣ᠂ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠶᠢ ᠬᠠᠷᠢᠭᠤᠴᠠᠬᠤ ᠬᠠᠷᠢᠭᠤᠴᠠᠯᠭᠠᠳᠣ ᠰᠠᠯᠠᠭ᠎ᠠ ᠮᠥᠴᠢᠷ ᠤᠨ ᠲᠤᠬᠠᠢ ᠰᠠᠨᠠᠭᠤᠯᠭ᠎ᠠ ᠶᠢ ᠲᠣᠷᠠᠳᠣᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠣᠨ᠎ᠠ᠃ ᠨᠢᠭᠤᠴᠠ ᠳᠤ ᠬᠤᠯᠪᠣᠭᠳᠠᠬᠤ ᠠᠭᠤᠯᠭ᠎ᠠ ᠠᠴᠠ ᠪᠣᠰᠣᠣᠨ᠂ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠲᠠᠪᠴᠠᠩ ᠳᠤ ᠨᠢᠬᠡᠳᠦᠯᠳᠡᠢ ᠳᠡᠮᠵᠢᠭᠤᠯᠣᠨ᠎ᠠ᠃        ︵ᠬᠤᠶᠠᠷ︶ ᠦᠨᠡᠯᠡᠨ ᠵᠢᠱᠢᠬᠦ ᠱᠠᠳᠤ ᠦᠶ᠎ᠡ ︵2016 ᠣᠨ ᠤ 3 ᠳ᠋ᠣᠭᠠᠷ ᠰᠠᠷ᠎ᠠ ᠠᠴᠠ 5 ᠳ᠋ᠣᠭᠠᠷ ᠰᠠᠷ᠎ᠠ ᠭᠦᠷᠳᠡᠯ᠎ᠠ︶        1. ᠵᠣᠬᠢᠶᠠᠨ ᠪᠠᠶᠢᠭᠤᠯᠬᠤ ᠪᠠᠶᠢᠭᠤᠯᠤᠮᠵᠢ ᠶᠢ ᠪᠠᠶᠢᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠳᠤᠭᠤᠶᠢᠯᠠᠩ ᠪᠠ ᠲᠤᠰᠬᠠᠶ ᠮᠡᠷᠭᠡᠵᠢᠯ ᠤᠨ ᠳᠤᠭᠤᠶᠢᠯᠠᠩ ᠢ ᠪᠠᠶᠢᠭᠤᠯᠬᠤ ᠬᠡᠷᠡᠭᠲᠡᠶ᠃        2. ᠠᠵᠢᠯᠳᠠᠨ ᠢ ᠪᠣᠯᠪᠠᠰᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯᠳᠠᠨ ᠳᠤ ᠪᠣᠯᠪᠠᠰᠤᠷᠠᠭᠤᠯᠣᠯ ᠭᠦᠷᠳᠡᠭᠡᠵᠣ ᠂ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠪᠠᠨ ᠨᠢᠭᠡᠣᠡᠭᠡᠭᠦ ᠬᠡᠷᠩᠳᠠᠢ᠃        3. ᠦᠨᠡᠯᠡᠨ ᠵᠢᠱᠢᠬᠦ ᠠᠵᠢᠯ ᠢ ᠥᠷᠨᠢᠭᠦᠯᠣᠨ᠎ᠠ᠃        ︵1︶ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢᠨ ᠣᠳᠣᠬᠢ ᠪᠠᠶᠢᠳᠠᠯ᠂ ᠠᠰᠠᠭᠤᠳᠠᠯ ᠪᠠ ᠬᠡᠷᠡᠭᠯᠡᠵᠣ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠦᠢᠴᠡᠳ ᠪᠠᠶᠢᠴᠠᠭᠠᠨ ᠰᠤᠳᠤᠯᠣᠨ᠎ᠠ᠂ ᠡᠬᠦᠨ ᠳᠤ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠳᠤ ᠬᠡᠷᠩᠯᠡᠭᠳᠡᠭᠰᠠᠨ ᠡᠰᠡᠭᠦ᠂ ᠲᠣᠳᠣᠷᠬᠠᠶ ᠬᠡᠷᠡᠭᠵᠢᠭᠦᠯᠵᠤ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯᠤᠨ ᠬᠡᠷᠡᠭᠵᠢᠭᠦᠯᠬᠦ ᠠᠷᠭ᠎ᠠ ᠬᠡᠮᠵᠢᠶ᠎ᠡ ᠪᠠᠶᠢᠬᠤ ᠡᠰᠡᠭᠦ ᠵᠢᠴᠢ ᠬᠠᠮᠢᠶ᠎ᠠ ᠪᠥᠬᠦᠢ ᠠᠵᠢᠯ ᠲᠥᠷᠥᠯ ᠤᠨ ᠬᠦᠷᠢᠶᠡᠨ ᠳᠠᠬᠢ ᠬᠡᠷᠡᠭᠯᠡᠵᠣ ᠪᠠᠶᠢᠭ᠎ᠠ ᠪᠠᠶᠢᠳᠠᠯ ᠵᠡᠷᠭᠡ ᠶᠢ ᠪᠠᠭᠳᠠᠭᠠᠨ᠎ᠠ᠃        ︵2︶ ᠤᠯᠤᠰ ᠤᠨ ᠪᠠᠷᠢᠮᠵᠢᠶᠠᠵᠢᠯᠲᠠ ᠶᠢᠨ ᠬᠠᠮᠢᠶᠠᠷᠤᠯᠳᠠ ᠶᠢᠨ ᠵᠦᠪᠯᠡᠯ ᠤᠨ ︽ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠶᠢᠨ ᠦᠨᠡᠯᠡᠨ ᠵᠢᠱᠢᠬᠦ ᠠᠷᠭ᠎ᠠ︾ ᠶᠢ ᠦᠨᠳᠣᠰᠣᠯᠡᠵᠣ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠳᠤ ᠮᠡᠷᠭᠡᠵᠢᠯ ᠤᠨ ᠦᠨᠡᠯᠡᠯᠲᠡ ᠬᠢᠵᠣ᠂ ᠬᠦᠴᠦᠨ ᠦᠭᠡᠶ ᠪᠣᠯᠭᠠᠬᠤ᠂ ᠬᠤᠪᠢᠷᠠᠭᠤᠯᠬᠤ᠂ ᠡᠮᠬᠢᠯᠡᠨ ᠨᠡᠶᠢᠯᠡᠭᠦᠯᠭᠦ᠂ ᠵᠠᠰᠠᠪᠤᠷᠢ ᠣᠷᠣᠭᠤᠯᠬᠤ ᠪᠤᠶᠤ ᠦᠷᠭᠦᠯᠵᠢᠯᠡᠨ ᠭᠦᠴᠣᠨ ᠲᠠᠢ ᠪᠠᠶᠢᠯᠭᠠᠬᠤ ᠰᠢᠢᠣᠡᠪᠣᠷᠢ ᠲᠣᠷᠠᠳᠣᠨ᠎ᠠ᠃ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠰᠢᠢᠣᠡᠪᠣᠷᠢ ᠪᠠᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠲᠠᠪᠴᠠᠩ ᠳᠤ ᠲᠠᠭᠯᠠᠵᠤ ᠮᠡᠳᠡᠭᠦᠯᠬᠦ ᠬᠡᠷᠡᠭᠲᠡᠶ᠃        4. ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠮᠡᠳᠡᠭᠦᠯᠦᠨ ᠬᠦᠷᠭᠡᠨ᠎ᠠ᠃ ᠤᠳᠤ ᠶᠢᠨ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠲᠤᠳᠤᠷᠠᠬᠢ ᠪᠦᠬᠦ ᠤᠯᠤᠰ ᠤᠨ ᠬᠡᠪᠴᠢᠶᠡᠨ ᠳᠤ ᠨᠢᠭᠡᠣᠡᠭᠦ ᠮᠡᠷᠭᠡᠵᠢᠯ ᠤᠨ ᠱᠠᠭᠠᠷᠳᠠᠯᠭ᠎ᠠ ᠳᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠣᠨ᠂ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢᠨ ᠴᠢᠬᠤᠯᠠ ᠴᠢᠨᠠᠷ ᠪᠠ ᠠᠯᠪᠠᠳᠠᠬᠤ ᠠᠭᠤᠯᠭ᠎ᠠ ᠶᠢ ᠲᠣᠳᠣᠷᠬᠠᠶᠢᠯᠠᠵᠣ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠠᠩᠬ᠎ᠠ ᠬᠢᠨᠠᠭᠰᠠᠨ ᠤ ᠲᠠᠷᠠᠭ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠣᠨ᠎ᠠ᠃        5. ᠦᠰᠦᠭ ᠪᠢᠴᠢᠭ ᠤᠨ ᠲᠡᠮᠳᠡᠭᠯᠡᠯ ᠲᠠᠢ ᠪᠠᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠭᠦ ᠦᠶᠠᠰ᠂ ᠦᠨᠡᠯᠡᠨ ᠵᠢᠱᠢᠭᠰᠡᠨ ᠶᠠᠪᠤᠴᠠ᠂ ᠦᠨᠡᠯᠡᠨ ᠵᠢᠱᠢᠭᠰᠡᠨ ᠦᠨᠳᠦᠰᠦᠯᠡᠯ᠂ ᠦᠨᠡᠯᠡᠨ ᠵᠢᠱᠢᠭᠰᠡᠨ ᠰᠢᠢᠣᠡᠪᠣᠷᠢ᠂ ᠦᠨᠡᠯᠡᠨ ᠵᠢᠱᠢᠬᠦ ᠳᠤ ᠣᠷᠣᠯᠴᠠᠭᠰᠠᠳ ᠢ ᠴᠥᠮ ᠦᠰᠦᠭ ᠪᠢᠴᠢᠭ ᠢᠶᠠᠷ ᠲᠡᠮᠳᠡᠭᠯᠡᠵᠣ᠂ ᠬᠤᠷᠠᠯ ᠤᠨ ᠲᠣᠪᠴᠢ ᠪᠤᠶᠤ ᠠᠵᠢᠯ ᠤᠨ ᠮᠡᠳᠡᠬᠦᠯᠦᠯᠳᠡ ᠶᠢ ᠪᠦᠷᠢᠯᠳᠣᠭᠦᠯᠭᠦ ᠬᠡᠷᠩᠳᠠᠢ᠃        6. ᠵᠣᠬᠢᠴᠠᠭᠤᠯᠤᠨ ᠰᠢᠢᠣᠡᠪᠣᠷᠢᠯᠡᠭᠦ ᠰᠠᠨᠠᠯ᠃ ᠬᠦᠴᠦᠨ ᠦᠭᠡᠢ ᠪᠣᠯᠭᠠᠬᠤ ᠪᠠᠷ ᠰᠠᠨᠠᠭᠤᠯᠭ᠎ᠠ ᠭᠠᠷᠭᠠᠭᠰᠠᠨ ᠪᠠᠷᠢᠮᠵᠢᠶ᠎ᠠ ᠶᠢ ᠬᠠᠷᠢᠭᠤᠴᠠᠯᠭᠠᠳᠣ ᠰᠠᠯᠠᠭ᠎ᠠ ᠮᠥᠴᠢᠷ ᠨᠢ ᠡᠯ᠎ᠡ ᠬᠠᠮᠢᠶ᠎ᠠ ᠪᠦᠬᠦᠢ ᠬᠡᠷᠡᠭᠯᠡᠭᠦ ᠰᠠᠯᠠᠭ᠎ᠠ ᠮᠥᠴᠢᠷ ᠯᠦᠭᠡ ᠭᠦᠢᠴᠡᠳ ᠣᠯᠣᠯᠴᠠᠵᠣ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠲᠠᠢ ᠠᠪᠴᠠᠯᠳᠤᠬᠤ ᠦᠭᠡᠢ ᠪᠠᠶᠢᠬᠤ ᠪᠠᠶᠢᠳᠠᠯ ᠭᠠᠷᠬᠤ ᠠᠴᠠ ᠵᠠᠶᠢᠯᠠᠰᠬᠢᠭᠦ ᠬᠡᠷᠩᠳᠠᠢ᠃        ︵ᠭᠤᠷᠪᠠ︶ ᠰᠢᠢᠣᠡᠪᠣᠷᠢ ᠶᠢ ᠰᠢᠢᠣᠡᠪᠣᠷᠢᠯᠡᠭᠦ ᠱᠠᠲᠤ ᠦᠶ᠎ᠡ ︵2016 ᠣᠨ ᠤ 6 ᠳ᠋ᠣᠭᠠᠷ ᠰᠠᠷ᠎ᠠ ᠠᠴᠠ 11 ᠳ᠋ᠣᠭᠡᠷ ᠰᠠᠷ᠎ᠠ ᠭᠦᠷᠳᠡᠯ᠎ᠠ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠢᠶᠠᠷ ᠮᠠᠭᠠᠳᠯᠠᠭᠤᠯᠤᠬᠰᠠᠨ ᠮᠠᠨ ᠤ ᠣᠷᠣᠨ ᠤ ᠬᠦᠴᠦᠨ ᠦᠭᠡᠢ ᠪᠣᠯᠭᠠᠬᠤ᠂ ᠬᠤᠪᠢᠷᠠᠭᠤᠯᠬᠤ ᠪᠠᠷ ᠲᠦᠯᠣᠪᠯᠡᠵᠣ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠨᠡᠶᠢᠭᠡᠮ ᠨᠡᠶᠢᠳᠡ ᠳᠤ 60 ᠡᠳᠦᠷ ᠢᠯᠨ ᠨᠠᠶᠢᠳᠡᠯᠠᠨ᠎ᠠ ᠃ ᠤᠯᠤᠰ ᠤᠨ ᠠᠮᠤᠷ ᠲᠦᠪᠰᠢᠨ ᠪᠠ ᠨᠢᠭᠤᠴᠠ ᠳᠤ ᠬᠤᠯᠪᠣᠭᠳᠠᠭᠰᠠᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠣ ᠵᠣᠬᠢᠬᠤ ᠬᠡᠪᠴᠢᠶᠡᠨ ᠳᠤ ᠢᠯᠨ ᠨᠠᠶᠢᠳᠡᠯᠠᠨ᠎ᠠ᠃        ︵ᠲᠦᠷᠪᠡ︶ ᠬᠢᠨᠠᠨ ᠲᠣᠭᠲᠠᠭᠠᠵᠣ ᠨᠡᠶᠢᠲᠡᠯᠡᠬᠦ ᠱᠠᠲᠤ ᠦᠶ᠎ᠡ ︵2016 ᠣᠨ ᠤ 12 ᠳ᠋ᠣᠭᠠᠷ ᠰᠠᠷ᠎ᠠ︶        1. ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠬᠢᠨᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠡᠯ᠎ᠡ ᠲᠠᠯ᠎ᠠ ᠶᠢᠨ ᠬᠢᠨ ᠤ ᠰᠠᠨᠠᠯ ᠢ ᠵᠣᠬᠢᠴᠠᠭᠤᠯᠤᠨ ᠰᠢᠢᠣᠡᠪᠣᠷᠢᠯᠡᠭᠰᠠᠨ ᠤ ᠳᠠᠷᠠᠭ᠎ᠠ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠮᠡᠳᠡᠭᠦᠯᠣᠯᠳᠠ ᠪᠢᠴᠢᠵᠣ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠵᠣ ᠬᠢᠨᠠᠨ ᠬᠠᠷᠭᠤᠭᠤᠯᠣᠨ᠎ᠠ᠃        2. ᠨᠡᠶᠢᠲᠡᠯᠡᠭᠦ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠬᠢᠨᠠᠨ ᠬᠠᠷᠭᠤᠭᠤᠯᠣᠭᠰᠠᠨ ᠤ ᠳᠠᠷᠠᠭ᠎ᠠ᠂ ᠬᠦᠴᠦᠨ ᠦᠭᠡᠢ ᠪᠣᠯᠭᠠᠬᠤ᠂ ᠬᠤᠪᠢᠷᠠᠭᠤᠯᠬᠤ ᠴᠢᠬᠤᠯᠳᠠᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠯ᠎ᠡ ᠬᠠᠮᠢᠶ᠎ᠠ ᠪᠥᠬᠦᠢ ᠬᠠᠷᠢᠭᠤᠴᠠᠯᠭᠠᠳᠣ ᠰᠠᠯᠠᠭ᠎ᠠ ᠮᠥᠴᠢᠷ ᠨᠢ ᠲᠣᠭᠲᠠᠭᠠᠭᠰᠠᠨ ᠬᠤᠭᠤᠴᠠᠭᠠᠨ ᠳᠣᠲᠣᠷ᠎ᠠ ᠲᠤᠰ ᠲᠤᠰ ᠬᠦᠴᠦᠨ ᠦᠭᠡᠢ ᠪᠣᠯᠭᠠᠬᠤ᠂ ᠬᠤᠪᠢᠷᠠᠭᠤᠯᠬᠤ ᠠᠯᠪᠠᠨ ᠵᠡᠷ ᠨᠡᠶᠢᠲᠡᠯᠡᠵᠦ᠂ ᠬᠤᠪᠢᠷᠠᠭᠤᠯᠬᠤ ᠴᠢᠬᠤᠯᠠᠲᠠᠶ ᠶᠢ ᠨᠢ ᠲᠠᠨᠢᠯᠴᠠᠭᠤᠯᠭ᠎ᠠ ᠶᠢᠨ ᠴᠢᠨᠠᠷᠲᠠᠶ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠳᠡᠰ ᠳᠠᠷᠠᠭᠠᠯᠠᠯ ᠶᠣᠰᠣᠭᠠᠷ ᠬᠤᠪᠢᠷᠠᠭᠤᠯᠣᠨ᠎ᠠ︔ ᠡᠮᠬᠢᠯᠡᠨ ᠨᠡᠶᠢᠯᠡᠭᠦᠯᠭᠦ᠂ ᠵᠠᠰᠠᠪᠤᠷᠢ ᠣᠷᠣᠭᠤᠯᠬᠤ ᠴᠢᠬᠤᠯᠳᠠᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠤᠯᠤᠰ ᠤᠨ ᠪᠠᠷᠢᠮᠵᠢᠶᠠᠵᠢᠯᠲᠠ ᠶᠢᠨ ᠬᠠᠮᠢᠶᠠᠷᠤᠯᠳᠠ ᠶᠢᠨ ᠵᠦᠪᠯᠡᠯ ᠠᠴᠠ ᠭᠠᠳᠠᠭᠰᠢ ᠦᠷ᠎ᠡ ᠳ᠋ᠦᠩ ᠢ ᠨᠠᠶᠢᠳᠡᠯᠡᠭᠦ ᠶᠢᠨ ᠬᠠᠮᠳᠣ᠂ ᠡᠭᠦᠨ ᠢ ᠦᠨᠳᠦᠰᠦᠯᠡᠨ ᠰᠢᠨ᠎ᠡ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠶᠢ ᠲᠣᠬᠢᠷᠠᠭᠤᠯᠣᠨ᠎ᠠ᠃        ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ        ︵ᠨᠢᠭᠡ︶ ᠠᠵᠢᠯᠳᠠᠨ ᠤ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠤᠰ ᠲᠥᠰᠦᠯ ᠪᠠ ᠪᠣᠳᠠᠳᠣ ᠬᠡᠷᠡᠭᠴᠡᠭᠡ ᠪᠠᠨ ᠦᠨᠳᠦᠰᠦᠯᠡᠨ᠂ ᠲᠣᠰ ᠲᠦᠷᠣᠯ ᠤᠨ ᠠᠵᠢᠯ ᠢ ᠲᠤᠰᠬᠠᠶ ᠬᠥᠮᠦᠨ ᠲᠣᠬᠢᠷᠠᠭᠤᠯᠤᠨ ᠪᠣᠳᠠᠲᠠᠶ ᠬᠠᠷᠢᠭᠤᠴᠠᠭᠤᠯᠬᠤ ᠬᠡᠷᠡᠭᠲᠡᠶ᠃ ᠡᠭᠦᠨ ᠤ ᠬᠠᠮᠲᠤ᠂ ᠪᠠᠷᠢᠮᠵᠢᠶᠠᠵᠢᠭᠤᠯᠬᠤ ᠲᠤᠰᠬᠠᠶ ᠪᠠᠶᠢᠭᠤᠯᠤᠮᠵᠢ ᠨᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠡᠯ ᠬᠠᠩᠭᠠᠬᠤ ᠬᠡᠷᠩᠳᠠᠢ᠃        ︵ᠬᠤᠶᠠᠷ︶ ᠲᠠᠪᠴᠠᠩ ᠤᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠢᠯᠭᠠᠷᠠᠭᠤᠯᠵᠣ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠬᠦ ᠳᠤᠮᠳᠠ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠨᠢᠭᠡᠳᠦᠯᠲᠡᠶ ᠲᠠᠪᠴᠠᠩ ᠢ ᠬᠡᠷᠩᠯᠡᠵᠣ ᠲᠤᠭ᠎ᠠ ᠪᠠᠷᠢᠮᠲᠠ ᠮᠡᠳᠡᠭᠦᠯᠦᠨ ᠬᠦᠷᠭᠡᠭᠦ᠂ ᠮᠡᠳᠡᠭᠡ ᠵᠠᠩᠭᠢ ᠪᠠᠶᠢᠴᠠᠭᠠᠵᠣ ᠯᠠᠪᠯᠠᠬᠤ᠂ ᠬᠤᠷᠢᠶᠠᠩᠭᠤᠶᠢᠯᠠᠵᠣ ᠪᠦᠷᠢᠳᠬᠡᠭᠦ᠂ ᠰᠣᠯᠢᠯᠴᠠᠵᠣ ᠬᠠᠷᠢᠭᠤ ᠲᠤᠰᠬᠠᠬᠤ ᠬᠡᠷᠡᠭᠲᠡᠶ᠃        ︵ᠭᠤᠷᠪᠠ︶ ᠪᠤᠰᠤᠳ ᠱᠠᠭᠠᠷᠳᠠᠯᠭ᠎ᠠ᠃ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠬᠤᠭᠤᠴᠠᠭᠠᠨ ᠳᠤ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠲᠥᠷᠥ ᠠᠯᠪᠠᠨ ᠲᠠᠷᠬᠠᠭᠠᠭᠰᠠᠨ ︹2016︺ 3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠨᠢᠭᠡᠨᠳᠠ ᠲᠣᠳᠣᠷᠬᠠᠶᠢᠯᠠᠭᠰᠠᠨ ᠤᠳᠤ ᠶᠢᠨ ᠪᠠᠶᠢᠭ᠎ᠠ ᠵᠠᠭᠪᠣᠷ ᠶᠣᠰᠣᠭᠠᠷ ᠪᠤᠶᠤ ᠲᠦᠷ ᠴᠠᠭ ᠡᠨᠡ ᠶᠣᠰᠣᠭᠠᠷ ᠬᠠᠮᠢᠶᠠᠷᠬᠤ ᠬᠦᠷᠢᠶ᠎ᠡ ᠴᠠᠷᠠᠭ᠎ᠠ ᠠᠴᠠ ᠪᠣᠰᠣᠣᠨ᠂ ᠰᠢᠨ᠎ᠡ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢᠨ ᠵᠦᠢᠯ ᠲᠣᠭᠲᠠᠭᠠᠬᠤ ᠶᠢ ᠵᠣᠭᠰᠣᠭᠠᠨ᠎ᠠ᠃        ᠳᠠᠭᠠᠯᠳᠤᠭᠤᠯᠤᠯ᠄ ᠲᠠᠪᠴᠠᠩ ᠳᠤ ᠭᠠᠷᠬᠤ ᠬᠡᠷᠡᠭᠯᠡᠭᠴᠢ ᠶᠢᠨ ᠨᠡᠷ᠎ᠡ ᠪᠣᠯᠤᠨ ᠡᠬᠢᠨ ᠤ ᠨᠢᠭᠤᠴᠠ ᠨᠣᠮᠧᠷ ᠤᠨ ᠬᠦᠰᠦᠨᠦᠭᠳᠣ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号