| — — 2016 ᠤᠨ ᠤ 1 ᠰᠠᠷ᠎ᠠ ᠶᠢᠨ 14 ᠤ ᠡᠳᠦᠷ ᠤᠯᠠᠭᠠᠨᠬᠠᠳᠠ ᠬᠤᠲᠠ ᠶᠢᠨ ᠬᠤᠩ ᠱᠠᠨ | ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠤᠳᠠᠭᠠᠨ ᠤ ᠬᠤᠷᠠᠯᠳᠤᠭᠠᠨ ᠳᠡᠭᠡᠷ᠎ᠡ | ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ | ᠳᠠᠷᠤᠭ᠎ᠠ ᠯᠢᠨ ᠵᠢᠩ ᠬᠤᠸᠠ | | | | ᠨᠢᠭᠡ᠂ 2015 ᠤᠨ ᠤ ᠠᠵᠢᠯ ᠤᠨ ᠡᠷᠭᠢᠴᠡᠭᠦᠯᠦᠯ | 2015 ᠤᠨ ᠪᠤᠯ 《 ᠠᠷᠪᠠᠨ ᠬᠤᠶᠠᠳᠤᠭᠠᠷ ᠲᠠᠪᠤᠨ ᠵᠢᠯ》 ᠤᠨ ᠲᠦᠯᠦᠪᠵᠢᠭᠦᠯᠭᠡ ᠶᠢᠨ ᠰᠡᠭᠦᠯ | ᠬᠤᠷᠢᠶᠠᠬᠤ ᠤᠨ ᠮᠦᠨ᠃ ᠨᠢᠭᠡ ᠵᠢᠯ ᠤᠨ ᠲᠤᠷᠰᠢ᠂ ᠪᠢᠳᠡ《 ᠳᠦᠷᠪᠡᠨ ᠪᠦᠬᠦ ᠲᠠᠯ᠎ᠠ》 ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠩᠭᠤᠢ ᠠᠬᠢᠭᠤᠯᠬᠤ ᠱᠠᠭᠠᠷᠳᠠᠯᠭ᠎ᠠ ᠶᠤᠰᠤᠭᠠᠷ᠂ ᠲᠤᠭᠲᠠᠭᠤᠨ ᠤ | ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠦᠨᠳᠦᠰᠦᠨ ᠰᠡᠳᠬᠢᠮᠵᠢ ᠶᠢ ᠪᠠᠷᠢᠮᠲᠠᠯᠠᠨ᠂ ᠠᠵᠤ ᠠᠬᠤᠢ ᠶᠢᠨ | ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠬᠦᠳᠡᠯᠦᠩᠭᠦᠢ ᠪᠠᠷ ᠵᠤᠬᠢᠴᠠᠵᠤ᠂ ᠤᠨ ᠤ ᠬᠠᠷᠠᠯᠲᠠ ᠡᠭᠦᠷᠭᠡ ᠪᠠᠨ | ᠠᠮᠵᠢᠯᠲᠠ ᠲᠠᠢ ᠪᠡᠶᠡᠯᠡᠭᠦᠯᠦᠨ᠂ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠦᠭᠵᠢᠵᠡᠢ᠃ ᠪᠦᠬᠦ | ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠷᠢᠳᠴᠢᠯᠠᠨ ᠪᠤᠳᠤᠭᠰᠠᠨ ᠢᠶᠠᠷ | 299 ᠳ᠋ᠦᠩᠰᠢᠭᠤᠷ ᠲᠦᠭᠦᠷᠢᠭ᠂ 8% ᠨᠡᠮᠡᠭᠳᠡᠵᠡᠢ︔ ᠤᠯᠠᠨ ᠨᠡᠶᠢᠲᠡ ᠶᠢᠨ ᠡᠳ᠋ ᠤᠨ ᠵᠠᠰᠠᠭ ᠤᠨ | ᠲᠦᠰᠦᠪ ᠤᠨ ᠤᠷᠤᠯᠭ᠎ᠠ 21.6 ᠳ᠋ᠦᠩᠰᠢᠭᠤᠷ ᠲᠦᠭᠦᠷᠢᠭ᠂ 8% ᠨᠡᠮᠡᠭᠳᠡᠵᠡᠢ︔ 500 ᠲᠦᠮᠡᠨ | ᠲᠦᠭᠦᠷᠢᠭ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 152 ᠳ᠋ᠦᠩᠰᠢᠭᠤᠷ ᠲᠦᠭᠦᠷᠢᠭ᠂ | 13% ᠨᠡᠮᠡᠭᠳᠡᠵᠡᠢ︔ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ | ᠲᠤᠭ᠎ᠠ130 ᠳ᠋ᠦᠩᠰᠢᠭᠤᠷ ᠲᠦᠭᠦᠷᠢᠭ᠂ 11% ᠨᠡᠮᠡᠭᠳᠡᠵᠡᠢ︔ ᠬᠤᠲᠠ ᠬᠦᠳᠡᠭᠡ ᠶᠢᠨ ᠪᠠᠶᠢᠩᠭᠤ ᠶᠢᠨ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠲᠤᠰᠪᠤᠷᠢ 28300 | ᠲᠦᠭᠦᠷᠢᠭ ᠪᠠ 15200 ᠲᠦᠭᠦᠷᠢᠭ ᠬᠦᠷᠴᠦ᠂ ᠲᠤᠰᠪᠤᠷᠢ 10% ᠪᠠ 11% ᠨᠡᠮᠡᠭᠳᠡᠵᠡᠢ᠃ | ᠭᠤᠤᠯᠳᠠᠯᠭ᠎ᠠ ᠲᠠᠢ ᠢᠨᠵᠧᠨᠧᠷᠢᠩ ᠰᠢᠨ᠎ᠡ ᠰᠢᠪᠲᠤᠯᠤᠯᠲᠠ ᠶᠢ ᠪᠠᠶᠠᠯᠠᠭᠦᠯᠪᠠ᠃ 《 ᠲᠦᠭᠦᠮ | ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠰᠠᠭᠤᠭᠠᠯᠢ ᠠᠷᠠᠳ ᠢ ᠭᠤᠷᠪᠠᠨ ᠵᠢᠯ ᠤᠨ ᠲᠤᠳᠤᠷ᠎ᠠ ᠰᠢᠨ᠎ᠡ | ᠰᠠᠭᠤᠴᠠ ᠳᠤ ᠨᠡᠭᠦᠯᠭᠡᠬᠦ》 ᠬᠠᠷᠠᠯᠲᠠ ᠶᠢᠨ ᠲᠤᠭᠤᠷᠢᠨ ᠳᠤ᠂ ᠬᠦᠴᠦᠨ ᠢᠶᠠᠨ ᠬᠠᠮᠲᠤᠳᠬᠠᠨ᠂ ᠡᠬᠢ ᠪᠠᠶᠠᠯᠢᠭ ᠢ | ᠴᠤᠮᠬᠠᠳᠬᠠᠵᠦ᠂ ᠲᠢᠶᠧ ᠨᠠᠨ ᠤ ᠲᠦᠭᠦᠮ ᠪᠦᠲᠦᠴᠡᠲᠦ ᠤᠷᠤᠨ ᠰᠠᠭᠤᠴᠠ ᠶᠢ ᠪᠦᠬᠦ ᠬᠦᠴᠦᠨ ᠢᠶᠠᠷ ᠦᠭᠡᠷᠡᠴᠢᠯᠡᠨ | ᠪᠠᠶᠢᠭᠤᠯᠪᠠ᠃ ᠲᠤᠰ ᠵᠢᠯ ᠤᠨ ᠪᠡᠯᠡ ᠤᠷᠤᠭᠤᠯᠤᠯᠲᠠ13.4 ᠳ᠋ᠦᠩᠰᠢᠭᠤᠷ ᠲᠦᠭᠦᠷᠢᠭ᠂ ᠭᠡᠷ ᠪᠠᠷᠢᠯᠭ᠎ᠠ ᠶᠢ | ᠲᠠᠲᠠᠪᠤᠷᠢᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ 1140 ᠢᠵᠢ ᠲᠤᠬᠢᠨᠠᠭᠤᠯᠬᠤ ᠦᠷᠦᠭᠡ ᠪᠠᠷᠢᠯᠭ᠎ᠠ | ᠳᠠᠭᠤᠰᠴᠤ᠂ 6282 ᠢᠵᠢ ᠲᠤᠬᠢᠨᠠᠭᠤᠯᠬᠤ ᠦᠷᠦᠭᠡ ᠦᠨᠳᠦᠰᠦᠨ ᠳᠡᠭᠡᠨ ᠪᠠᠷᠢᠯᠭ᠎ᠠ ᠳᠠᠭᠤᠰᠤᠨ᠂ 7.8 | ᠺᠢᠯᠤᠮᠧᠲᠷ ᠤᠨ ᠲᠢᠶᠧ ᠨᠠᠨ ᠶᠡᠭᠡ ᠵᠡᠭᠡᠯᠢ ᠶᠢᠨ ᠪᠦᠬᠦ ᠱᠤᠭᠤᠮ ᠨᠡᠪᠲᠡᠷᠡᠵᠤ᠂ ᠰᠠᠯᠪᠤᠷᠢ ᠱᠤᠭᠤᠮ ᠵᠠᠮ ᠤᠨ ᠲᠤᠤᠷ᠂ | ᠨᠤᠭᠤᠭᠠᠷᠠᠭᠤᠯᠤᠯᠲᠠ᠂ ᠰᠣᠷᠭᠠᠨ ᠬᠦᠮᠦᠵᠢᠯ᠂ ᠰᠤᠶᠤᠯ ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠢᠵᠢᠯ | ᠠᠯᠬᠤᠮ ᠢᠶᠠᠷ ᠠᠬᠢᠵᠦ᠂ ᠲᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠰᠠᠭᠤᠭᠠᠯᠢ ᠠᠷᠠᠳ ᠤᠨ | ᠲᠤᠬᠢᠯᠢᠭ ᠰᠠᠭᠤᠴᠠ ᠶᠢᠨ ᠬᠦᠰᠡᠯ ᠤᠳᠠᠯ ᠦᠭᠡᠢ ᠲᠡᠷᠭᠡᠯᠰᠢᠬᠦ ᠪᠤᠯᠤᠨ᠎ᠠ᠃ ᠬᠦᠳᠡᠭᠡ ᠲᠤᠰᠬᠤᠨ ᠤ《 ᠠᠷᠪᠠ ᠶᠢ | ᠪᠦᠷᠬᠦᠭᠦᠯᠬᠦ ᠢᠨᠵᠧᠨᠧᠷᠢᠩ》᠂ ᠠᠵᠤ ᠦᠢᠯᠡᠰ ᠤᠨ ᠬᠦᠭᠵᠢᠯᠲᠡ ᠪᠤᠯᠤᠨ ᠶᠠᠳᠠᠭᠤ ᠶᠢ ᠳᠡᠳᠬᠦᠬᠦ ᠢᠨᠵᠧᠨᠧᠷᠢᠩ ᠢ | ᠶᠡᠭᠡ ᠬᠦᠴᠦᠨ ᠢᠶᠠᠷ ᠲᠦᠯᠬᠢᠨ ᠠᠬᠢᠭᠤᠯᠵᠤ᠂ ᠲᠤᠰ ᠵᠢᠯ ᠤᠨ ᠪᠡᠯᠡ ᠤᠷᠤᠭᠤᠯᠤᠯᠲᠠ 2.7 ᠳ᠋ᠦᠩᠰᠢᠭᠤᠷ | ᠲᠦᠭᠦᠷᠢᠭ᠂ 27 ᠵᠠᠰᠠᠭ ᠵᠠᠬᠢᠷᠭᠠᠨ ᠤ ᠲᠤᠰᠬᠤᠨ᠂ 107 ᠪᠠᠶᠢᠭᠠᠯᠢᠯᠢᠭ ᠲᠤᠰᠬᠤᠨ ᠠᠷᠪᠠ ᠶᠢ ᠪᠦᠷᠬᠦᠭᠦᠯᠬᠦ ᠶᠢ | ᠪᠡᠶᠡᠯᠡᠭᠦᠯᠵᠦ᠂ 《1571》 ᠢᠨᠵᠧᠨᠧᠷᠢᠩ ᠤᠨ ᠤᠨ ᠤ ᠡᠭᠦᠷᠭᠡ ᠪᠠᠨ ᠪᠦᠬᠦ ᠲᠠᠯ᠎ᠠ ᠪᠠᠷ ᠭᠦᠢᠴᠡᠳᠬᠡᠨ᠂ | 2031 ᠬᠦᠮᠦᠨ ᠶᠠᠳᠠᠭᠤ ᠠᠴᠠ ᠠᠩᠭᠢᠵᠢᠷᠠᠵᠤ᠂ ᠤᠯᠤᠰ ᠤᠨ ᠪᠠᠷᠢᠮᠵᠢᠶ᠎ᠠ ᠠᠴᠠ ᠲᠤᠷᠤᠭᠰᠢᠬᠢ ᠭᠦᠴᠢᠷᠳᠡᠯᠲᠡᠢ | ᠭᠦᠮᠦᠨ ᠠᠮᠨ 2029 ᠪᠤᠯᠤᠨ ᠪᠠᠭᠠᠰᠴᠠᠢ᠃ 72 ᠳ᠋ᠦᠩᠰᠢᠭᠤᠷ ᠲᠦᠭᠦᠷᠢᠭ ᠤᠨ ᠰᠠᠭᠤᠷᠢ ᠲᠦᠬᠦᠭᠡᠷᠦᠮᠵᠢ ᠶᠢᠨ | ppp ᠲᠦᠷᠦᠯ ᠵᠦᠢᠯ ᠢ ᠡᠬᠢᠯᠡᠭᠦᠯᠵᠦ᠂ ᠡᠭᠦᠨ ᠳᠤ ᠬᠤᠲᠠ ᠶᠢᠨ ᠶᠠᠪᠤᠳᠠᠯ ᠤᠨ ᠵᠠᠮ ᠬᠦᠭᠦᠷᠭᠡ ᠶᠢᠨ ppp | ᠲᠦᠷᠦᠯ ᠵᠦᠢᠯ ᠦᠪᠡᠷᠲᠡᠭᠡᠨ ᠵᠠᠰᠠᠬᠤ ᠤᠷᠤᠨ ᠤ ᠭᠤᠤᠯᠳᠠᠯᠭᠠᠲᠤ ᠵᠢᠱᠢᠶ᠎ᠡ ᠦᠵᠡᠭᠦᠯᠬᠦ ᠲᠦᠷᠦᠯ ᠵᠦᠢᠯ ᠪᠤᠯᠵᠦ | ᠂ ᠴᠢᠯᠦᠭᠡᠯᠡᠯᠲᠡ ᠪᠠᠷᠠᠭᠤᠨ ᠵᠠᠮ ᠤᠨ ᠲᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ | ᠨᠢ ᠦᠪᠡᠷᠲᠡᠭᠡᠨ ᠵᠠᠰᠠᠬᠤ ᠤᠷᠤᠨ ᠤ ppp ᠬᠡᠯᠪᠡᠷᠢ ᠶᠢᠨ ᠦᠭᠡᠷᠡᠴᠢᠯᠡᠨ ᠪᠠᠶᠢᠭᠤᠯᠤᠯᠲᠠ ᠶᠢᠨ ᠤᠷᠢᠳᠠᠴᠢ | ᠲᠤᠷᠰᠢᠯᠲᠠ ᠶᠢᠨ ᠴᠡᠭ ᠪᠤᠯᠵᠠᠢ᠃ | ᠠᠵᠤ ᠦᠢᠯᠡᠰ ᠤᠨ ᠳᠡᠰ ᠳᠡᠪᠰᠢᠯᠲᠡ ᠰᠢᠨ᠎ᠡ ᠠᠯᠬᠤᠮ ᠢ ᠠᠯᠬᠤᠪᠠ᠃ ᠭᠠᠶᠢᠯᠢ ᠪᠠᠲᠤᠯᠠᠬᠤ ᠠᠷᠠᠯᠵᠢᠶ᠎ᠠ | ᠂ ᠡᠭᠦᠯᠡᠨ ᠪᠤᠳᠤᠯᠲᠠ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠰᠤᠶᠤᠯ ᠵᠤᠭᠠᠴᠠᠯ ᠵᠡᠷᠭᠡ ᠰᠢᠨ᠎ᠡ | ᠬᠡᠯᠪᠡᠷᠢ ᠶᠢᠨ ᠦᠢᠯᠡᠴᠢᠯᠡᠭᠡᠨ ᠤ ᠦᠢᠯᠡᠰ ᠭᠦᠴᠦᠷᠭᠡᠭᠵᠢᠨ ᠭᠦᠭᠵᠢᠪᠠ᠃ ᠤᠯᠠᠭᠠᠨᠬᠠᠳᠠ ᠶᠢᠨ ᠭᠠᠶᠢᠯᠢ ᠪᠠᠲᠤᠯᠠᠬᠤ | ᠪᠠᠷᠠᠭᠠᠨ ᠭᠦᠢᠯᠭᠡᠭᠡᠨ ᠤ ᠲᠦᠪ ᠲᠤ 20 ᠠᠵᠤ ᠠᠬᠤᠶᠢᠯᠠᠯ ᠰᠠᠭᠤᠷᠢᠰᠢᠵᠤ᠂ ᠭᠠᠶᠢᠯᠢ ᠪᠠᠲᠤᠯᠠᠬᠤ ᠲᠠᠸᠠᠷ ᠤᠨ | ᠦᠵᠡᠰᠬᠦᠯᠡᠩ ᠰᠤᠯᠢᠯᠴᠠᠭᠠᠨ ᠤ ᠲᠦᠪ ᠢᠵᠢᠯ ᠠᠯᠬᠤᠮ ᠢᠶᠠᠷ ᠪᠠᠶᠢᠭᠤᠯᠤᠭᠳᠠᠵᠠᠢ︔ ᠱᠠᠩᠬᠠᠢ ᠶᠢᠨ ᠴᠢᠯᠦᠭᠡᠲᠦ | ᠠᠷᠠᠯᠵᠢᠶᠠᠨ ᠤ ᠤᠷᠤᠨ ᠤ 8 ᠲᠦᠷᠦᠯ ᠤᠨ ᠰᠢᠨ᠎ᠡ ᠶᠢ ᠡᠭᠦᠳᠬᠦ ᠬᠢᠨᠠᠨ ᠬᠠᠮᠢᠶᠠᠷᠤᠯᠲᠠ ᠶᠢᠨ ᠳᠦᠷᠢᠮ ᠢ | ᠰᠢᠯᠵᠢᠭᠦᠯᠦᠨ ᠬᠡᠷᠡᠭᠵᠢᠭᠦᠯᠵᠦ᠂ ᠤᠷᠤᠨ ᠬᠡᠪᠴᠢᠶᠡᠨ ᠤ ᠪᠤᠭᠤᠮᠲᠠ ᠨᠡᠪᠲᠡᠷᠡᠬᠦ ᠨᠢᠭᠡ ᠴᠤᠭᠴᠠᠵᠢᠯᠲᠠ ᠰᠢᠪᠲᠤᠯᠤᠯᠲᠠ | ᠲᠠᠢ ᠪᠤᠯᠪᠠ᠃ ᠡᠭᠦᠯᠡᠨ ᠪᠤᠳᠤᠯᠲᠠ ᠶᠢᠨ ᠨᠡᠪᠴᠢᠭᠦᠯᠬᠦ ᠬᠦᠷᠢᠶᠡᠯᠡᠩ ᠡᠵᠡᠩᠨᠡᠯᠲᠡ ᠡᠬᠢᠯᠡᠨ᠂ 48 ᠠᠵᠤ | ᠠᠬᠤᠶᠢᠯᠠᠯ ᠤᠷᠤᠵᠤ ᠰᠠᠭᠤᠷᠢᠰᠢᠪᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠢ ᠵᠤᠬᠢᠶᠠᠨ | ᠪᠠᠶᠢᠭᠤᠯᠵᠤ᠂ ᠤᠯᠠᠭᠠᠨᠬᠠᠳᠠ ᠶᠢᠨ ᠡᠯᠧᠺᠲᠷᠤᠨ ᠬᠤᠳᠠᠯᠳᠤᠭᠠᠨ ᠤ ᠪᠤᠯᠤᠩ᠂ ᠦᠪᠦᠷ ᠮᠤᠩᠭᠤᠯ ᠤᠨ ᠬᠢᠯᠢ | ᠠᠯᠤᠰᠯᠠᠭᠰᠠᠨ ᠰᠦᠯᠵᠢᠶᠡᠨ ᠡᠯᠧᠺᠲᠷᠤᠨ ᠲᠠᠪᠴᠠᠩ ᠵᠡᠷᠭᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠢ ᠪᠦᠲᠦᠭᠡᠨ ᠪᠠᠶᠢᠭᠤᠯᠵᠤ᠂ ᠨᠡᠶᠢᠲᠡ 26 ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠲᠠᠢ | ᠪᠤᠯᠵᠠᠢ᠃ ᠡᠮᠦᠨ᠎ᠡ ᠠᠭᠤᠯᠠᠨ ᠤ ᠠᠮᠢ ᠠᠬᠤᠢ ᠵᠢᠭᠤᠯᠴᠢᠯᠠᠯ ᠬᠤᠳᠠᠯᠳᠤᠭᠠᠨ ᠤ ᠤᠷᠤᠨ ᠤᠯᠤᠰ ᠤᠨ 3A ᠳᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠳᠡᠪᠰᠢᠵᠦ᠂ ᠪᠦᠬᠦ ᠲᠤᠭᠤᠷᠢᠭ ᠤᠨ ᠵᠢᠭᠤᠯᠴᠢᠯᠠᠯ ᠤᠨ ᠤᠷᠤᠯᠭ᠎ᠠ | 45 ᠳ᠋ᠦᠩᠰᠢᠭᠤᠷ ᠲᠦᠭᠦᠷᠢᠭ ᠲᠤ ᠬᠦᠷᠴᠡᠢ᠃ ᠠᠷᠠᠯᠵᠢᠶ᠎ᠠ ᠬᠤᠳᠠᠯᠳᠤᠭ᠎ᠠ ᠪᠠᠷᠠᠭᠠᠨ ᠭᠦᠢᠯᠭᠡᠭᠡᠨ ᠤ ᠦᠢᠯᠡᠰ | ᠦᠷᠨᠢᠭᠦᠨ ᠬᠦᠭᠵᠢᠵᠦ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠬᠤᠲᠠ᠂ ᠵᠢᠦ ᠵᠧᠦ ᠲᠦᠩ ᠡᠮ | ᠡᠮᠨᠡᠯᠭᠡ ᠶᠢᠨ ᠪᠠᠷᠠᠭᠠᠨ ᠭᠦᠢᠯᠭᠡᠭᠡᠨ ᠤ ᠲᠦᠪ ᠪᠤᠯᠤᠨ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠨᠢᠭᠡᠲᠦᠭᠡᠷ | ᠬᠤᠭᠤᠴᠠᠭ᠎ᠠ ᠵᠡᠷᠭᠡ ᠲᠦᠷᠦᠯ ᠵᠦᠢᠯ ᠪᠡᠯᠡ ᠤᠷᠤᠭᠤᠯᠤᠨ ᠡᠵᠡᠩᠨᠡᠵᠦ᠂ ᠸᠠᠨ ᠶᠤᠸᠠᠢ ᠬᠤᠲᠠ ᠶᠢᠨ ᠠᠭᠤᠳᠠᠮ | ᠲᠠᠯᠠᠪᠠᠢ ᠪᠠ ᠪᠸᠢ ᠹᠠᠩ ᠮᠠᠰᠢᠨ ᠲᠡᠷᠭᠡᠨ ᠦᠷᠲᠡᠭᠡᠨ ᠤ ᠠᠭᠤᠳᠠᠮ ᠲᠠᠯᠠᠪᠤᠷ ᠵᠡᠷᠭᠡ ᠲᠦᠷᠦᠯ ᠵᠦᠢᠯ ᠪᠦᠬᠦ | ᠲᠠᠯ᠎ᠠ ᠪᠠᠷ ᠠᠵᠢᠯ ᠳᠠᠭᠤᠰᠤᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠤᠷᠤᠨ ᠤ ᠪᠦᠲᠦᠭᠡᠨ | ᠪᠠᠶᠢᠭᠤᠯᠤᠯᠲᠠ ᠡᠬᠢᠯᠡᠪᠡ᠃ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠰᠤᠯᠢᠯᠴᠠᠭᠠᠨ ᠤ ᠦᠷᠲᠡᠭ | 400 ᠳ᠋ᠦᠩᠰᠢᠭᠤᠷ ᠲᠦᠭᠦᠷᠢᠭ᠂ ᠭᠠᠶᠢᠯᠢ ᠲᠠᠲᠠᠪᠤᠷᠢ 9 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ | ᠤᠯᠤᠰ ᠤᠨ ᠳᠡᠰ ᠤᠨ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠦᠢᠯᠡᠰ ᠪᠤᠰᠬᠠᠨ ᠰᠢᠨ᠎ᠡ ᠶᠢ ᠡᠭᠦᠳᠬᠦ | ᠰᠠᠭᠤᠷᠢᠨ ᠭᠠᠵᠠᠷ ᠪᠤᠯᠪᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠨ | ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ | ᠦᠷᠲᠡᠭ 385 ᠳ᠋ᠦᠩᠰᠢᠭᠤᠷ ᠲᠦᠭᠦᠷᠢᠭ ᠬᠦᠷᠴᠦ᠂ ᠨᠡᠮᠡᠭᠳᠡᠯ ᠦᠷᠲᠡᠭ ᠨᠢ 9% ᠪᠠᠷ ᠨᠠᠮᠡᠭᠲᠡᠵᠡᠢ᠃ ᠬᠤᠶᠠᠷ | ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠠ ᠦᠢᠯᠡᠴᠢᠯᠡᠭᠡᠨ ᠢᠵᠢ ᠪᠦᠷᠢᠳᠦᠨ ᠲᠠᠰᠤᠷᠠᠯᠲᠠ ᠦᠭᠡᠢ | ᠲᠡᠭᠦᠯᠳᠡᠷᠵᠢᠵᠦ᠂ ᠳ᠋ᠠᠨ ᠯᠦᠩ᠂ ᠮᠧᠩ ᠰᠢᠨ᠂ ᠠᠢ ᠺᠧ ᠵᠡᠷᠭᠡ ᠡᠮ ᠡᠮᠨᠡᠯᠭᠡ ᠶᠢᠨ ᠠᠵᠤ ᠠᠬᠤᠶᠢᠯᠠᠯ | ᠬᠤᠲᠠ ᠠᠴᠠ ᠤᠬᠤᠷᠢᠨ ᠬᠦᠷᠢᠶᠡᠯᠡᠩ ᠳᠤ ᠤᠷᠤᠵᠤ᠂ ᠹᠦ᠋ ᠯᠦᠩ 2×50 ᠰᠠᠶ᠎ᠠ ᠸᠠᠲ ᠢᠯᠴᠢ ᠴᠠᠬᠢᠯᠭᠠᠨ ᠤ | ᠡᠰᠡᠷᠭᠦ ᠳᠠᠷᠤᠯᠲᠠᠲᠤ ᠮᠠᠰᠢᠨ ᠴᠤᠭᠴᠠᠯᠠᠪᠤᠷᠢ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠤ ᠺᠧ | ᠰᠢᠨ᠎ᠡ ᠡᠨᠧᠷᠭᠢ ᠶᠢᠨ ᠮᠠᠰᠢᠨ ᠲᠡᠷᠭᠡ ᠪᠤᠯᠤᠨ ᠴᠢ ᠷᠦᠢ ᠪᠦᠯᠦᠭᠯᠡᠯ ᠤᠨ ᠪᠠᠶᠢᠯᠳᠤᠬᠤ ᠪᠤᠳᠤᠯᠭ᠎ᠠ ᠶᠢᠨ ᠲᠠᠬᠢᠨ | ᠵᠤᠬᠢᠶᠠᠨ ᠪᠠᠶᠢᠭᠤᠯᠤᠯᠲᠠ ᠯᠠᠪᠳᠠᠭᠤᠨ ᠠᠬᠢᠵᠤ᠂ ᠲᠦᠸᠧ ᠵᠢᠶᠠ ᠰᠢᠩᠭᠡᠨ ᠲᠠᠯᠠᠰᠲᠤ ᠦᠵᠡᠭᠦᠯᠦᠭᠦᠷ ᠤᠨ ᠪᠦᠯᠦᠭ | ᠪᠤᠯᠤᠨ ᠬᠦᠬᠡ ᠭᠡᠷᠡᠯ ᠳᠤ ᠲᠡᠰᠪᠦᠷᠢᠲᠠᠢ ᠲᠠᠭ ᠬᠠᠪᠲᠠᠰᠤ ᠶᠢᠨ ᠭᠠᠷᠤᠯᠲᠠ ᠶᠢᠨ ᠬᠡᠮᠵᠢᠶ᠎ᠡ 1000 ᠲᠦᠮᠡᠨ | ᠢᠵᠢ ᠬᠦᠷᠪᠡ᠃ ᠦᠪᠦᠷ ᠮᠤᠩᠭᠤᠯ ᠤᠨ ᠦᠩᠭᠡᠲᠦ ᠲᠡᠮᠦᠷᠯᠢᠭ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠪᠠᠶᠢᠯᠳᠤᠬᠤ ᠪᠤᠳᠤᠯᠭ᠎ᠠ ᠶᠢᠨ ᠬᠤᠯᠪᠤᠭᠠᠯᠠᠯ ᠪᠤᠯᠤᠨ ᠳᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠳ᠋ᠦ᠋ ᠢ ᠵᠢᠶᠠ ᠨᠢ ᠠᠮᠵᠢᠯᠲᠠ ᠲᠠᠢ ᠪᠠᠷ | ᠳᠤᠮᠳᠠᠳᠤ ᠤᠯᠤᠰ ᠤᠨ ᠨᠠᠷᠠᠲᠤ ᠲᠠᠸᠠᠷ ᠤᠨ ᠲᠡᠮᠳᠡᠭᠲᠦ ᠪᠤᠯᠵᠤ ᠲᠡᠪᠰᠢᠪᠡ᠃ | ᠦᠭᠡᠷᠡᠴᠢᠯᠠᠯᠲᠡ ᠨᠡᠭᠡᠭᠡᠯᠲᠡ ᠰᠢᠨ᠎ᠡ ᠠᠬᠢᠯᠲᠠ ᠲᠠᠢ ᠪᠤᠯᠪᠠ᠃ ᠵᠠᠰᠠᠭ ᠤᠨ ᠤᠷᠳᠤᠨ ᠤ ᠰᠠᠯᠠᠭ᠎ᠠ | ᠮᠦᠴᠢᠷ ᠤᠨ ᠡᠭᠦᠷᠭᠡ ᠴᠢᠳᠠᠮᠵᠢ ᠶᠢ ᠡᠮᠬᠢᠯᠡᠬᠦ ᠶᠢ ᠪᠡᠶᠡᠯᠡᠭᠦᠯᠪᠡ᠃ ᠠᠵᠤ ᠦᠢᠯᠡᠰ ᠤᠨ ᠨᠢᠭᠡᠴᠡ ᠶᠢᠨ ᠲᠦᠷᠦᠯ | ᠬᠤᠪᠢᠶᠠᠬᠤ ᠦᠭᠡᠷᠡᠴᠢᠯᠡᠯᠲᠡ ᠶᠢ ᠠᠬᠢᠭᠤᠯᠪᠠ᠃ ᠠᠯᠪᠠᠲᠠᠨ ᠤ ᠲᠤᠰᠢᠶᠠᠯ ᠪᠤᠯᠤᠨ ᠳᠤᠰᠢᠶᠠᠯ ᠤᠨ ᠳᠡᠰ ᠵᠡᠷᠭᠡᠪᠡᠷ | ᠶᠠᠪᠤᠭᠳᠠᠭᠤᠯᠬᠤ ᠶᠢ ᠬᠡᠷᠡᠭᠵᠢᠭᠦᠯᠪᠡ᠃ ᠵᠠᠰᠠᠭ ᠵᠠᠬᠢᠷᠭᠠᠨ ᠤ ᠡᠷᠬᠡ ᠶᠢᠨ ᠨᠡᠷᠢᠨ ᠳᠠᠩᠰᠠ ᠶᠢ ᠨᠤᠲᠠᠯᠠᠨ ᠨᠡᠶᠢᠲᠡᠯᠡᠪᠡ | ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠨᠢ 467 ᠲᠦᠷᠦᠯ ᠤᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠦᠢᠯᠡᠴᠢᠯᠡᠭᠡ ᠶᠢ ᠲᠦᠪᠯᠡᠷᠡᠭᠦᠯᠦᠨ ᠳᠠᠭᠠᠭᠠᠨ ᠭᠦᠢᠴᠡᠳᠬᠡᠵᠦ᠂ ᠬᠢᠨᠠᠨ ᠵᠦᠪᠰᠢᠶᠡᠷᠡᠬᠦ ᠠᠯᠬᠤᠮ | ᠳᠠᠷᠠᠭ᠎ᠠ ᠶᠢ ᠰᠢᠯᠢᠳᠡᠭᠵᠢᠭᠦᠯᠦᠨ᠂ ᠬᠢᠨᠠᠨ ᠵᠦᠪᠰᠢᠶᠡᠷᠡᠬᠦ ᠦᠷ᠎ᠡ ᠠᠰᠢᠭ ᠶᠡᠬᠡᠪᠡᠷ ᠳᠡᠭᠡᠭᠰᠢᠯᠡᠪᠡ᠃ ᠪᠦᠬᠦ | ᠰᠢᠰᠲ᠋ᠧᠮᠲᠤ ᠲᠦᠰᠦᠪ ᠤᠨ ᠬᠠᠮᠢᠶᠠᠷᠤᠯᠲᠠ ᠶᠢᠨ ᠰᠢᠰᠲ᠋ᠧᠮ᠂ ᠲᠦᠷᠦᠯ ᠵᠦᠢᠯ ᠤᠨ ᠬᠢᠨᠠᠨ ᠵᠦᠪᠰᠢᠶᠡᠷᠡᠬᠦ ᠵᠢᠴᠢ | ᠬᠢᠨᠠᠨ ᠦᠨᠡᠯᠡᠬᠦ ᠬᠠᠮᠢᠶᠠᠷᠤᠯᠲᠠ ᠵᠢᠨᠲ᠋ᠤᠭᠲᠠᠴᠠ ᠶᠢ ᠲᠡᠭᠦᠯᠳᠡᠷᠵᠢᠭᠦᠯᠪᠡ᠃ 《 ᠭᠤᠷᠪᠠᠨ ᠦᠨᠡᠮᠯᠡᠯ ᠢ ᠨᠢᠭᠡᠳᠬᠡᠬᠦ᠂ | ᠨᠢᠭᠡ ᠭᠡᠷᠡᠴᠢ ᠨᠢᠭᠡ ᠨᠤᠮᠧᠷ》 ᠤᠨ ᠳᠠᠩᠰᠠᠯᠠᠬᠤ ᠳᠦᠷᠢᠮ ᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ | ᠴᠤᠭᠴᠠ 48% ᠪᠠᠷ ᠨᠡᠮᠡᠭᠳᠡᠵᠦ᠂ 3.8 ᠲᠦᠮᠡᠨ ᠡᠷᠦᠭᠡ ᠳᠤ ᠬᠦᠷᠪᠡ᠃ ᠴᠠᠬᠢᠯᠭᠠᠨ ᠤ ᠦᠨ᠎ᠡ ᠶᠢᠨ ᠨᠦᠬᠦᠪᠦᠷᠢ | ᠂ ᠲᠤᠮᠤ ᠬᠡᠷᠡᠭᠯᠡᠭᠴᠢ ᠳᠤ ᠰᠢᠭᠤᠳ ᠴᠠᠬᠢᠯᠭᠠᠨ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠠᠳ᠂ ᠠᠵᠤ | ᠠᠬᠤᠶᠢᠯᠠᠯ ᠤᠨ 1.3 ᠳ᠋ᠦᠩᠰᠢᠭᠤᠷ ᠲᠦᠭᠦᠷᠢᠭ ᠤᠨ ᠴᠠᠬᠢᠯᠭᠠᠨ ᠬᠡᠷᠡᠭᠯᠡᠬᠦ ᠦᠪᠡᠷ ᠤᠨ ᠦᠷᠲᠡᠭ ᠢ ᠪᠠᠭᠠᠰᠬᠠᠪᠠ᠃ | ᠡᠯ᠎ᠡ ᠲᠦᠷᠦᠯ ᠤᠨ ᠬᠦᠷᠦᠩᠭᠡ ᠠᠭᠤᠰᠬᠠᠬᠤ ᠲᠠᠪᠴᠠᠩ ᠢᠶᠠᠷ ᠳᠠᠮᠵᠢᠭᠠᠳ᠂ ᠠᠵᠤ ᠠᠬᠤᠶᠢᠯᠠᠯ ᠳᠤ 5.8 | ᠳ᠋ᠦᠩᠰᠢᠭᠤᠷ ᠲᠦᠭᠦᠷᠢᠭ ᠤᠨ ᠳᠠᠭᠠᠭᠠᠯᠲᠠ ᠲᠠᠢ ᠵᠢᠭᠡᠯᠡᠯᠭᠡ ᠬᠠᠩᠭᠠᠪᠠ ︔ ᠪᠧᠨ ᠲᠧᠩ ᠪᠦᠯᠦᠭᠯᠡᠯ ᠤᠨ ᠰᠢᠨ᠎ᠡ | ᠭᠤᠷᠪᠠᠨ ᠦᠢᠯᠡᠳᠬᠦᠨ ᠵᠠᠬ᠎ᠠ ᠳᠤ ᠭᠠᠷᠴᠤ᠂ ᠳ᠋ᠢᠩ ᠲᠠᠢ ᠰᠦᠯᠵᠢᠶ᠎ᠡ ᠨᠢ ᠱᠧᠨ᠋ᠵᠧᠨ ᠤ ᠴᠢᠶᠠᠨ ᠬᠠᠢ ᠰᠲ᠋ᠤᠺ ᠤᠨ | ᠰᠤᠯᠢᠯᠴᠠᠭᠠᠨ ᠤ ᠲᠦᠪ ᠲᠤ ᠫᠠᠶᠢᠰᠠ ᠡᠯᠭᠦᠪᠡ᠃ ᠬᠦᠳᠡᠭᠡ ᠲᠤᠰᠬᠤᠨ ᠤ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠤᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ᠂ ᠭᠠᠵᠠᠷ | ᠰᠢᠷᠤᠢ ᠶᠢᠨ ᠳᠠᠭᠠᠭᠠᠴᠢᠯᠠᠨ ᠡᠵᠡᠩᠨᠡᠯᠲᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠱᠠᠲᠤᠴᠢ ᠴᠢᠨᠠᠷᠲᠠᠢ | ᠦᠷ᠎ᠡ ᠪᠦᠲᠦᠮᠵᠢ ᠤᠯᠪᠠ᠃ ᠰᠤᠷᠭᠠᠨ ᠬᠦᠮᠦᠵᠢᠯ᠂ ᠰᠤᠶᠤᠯ᠂ ᠡᠮ ᠡᠮᠨᠡᠯᠭᠡ᠂ ᠬᠦᠳᠡᠯᠮᠦᠷᠢ ᠠᠵᠢᠯᠲᠠᠨ᠂ | ᠨᠡᠶᠢᠭᠡᠮ ᠤᠨ ᠪᠠᠲᠤᠯᠠᠭ᠎ᠠ ᠵᠡᠷᠭᠡ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢ ᠠᠬᠢᠭᠤᠯᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠡᠩᠴᠡᠭᠦᠷᠢᠰᠢᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠤᠯᠠᠨ ᠠᠷᠭ᠎ᠠ | ᠵᠠᠮ ᠢᠶᠠᠷ ᠠᠷᠠᠯᠵᠢᠶᠠᠴᠢᠨ ᠡᠯᠰᠡᠨ ᠪᠡᠯᠡ ᠤᠷᠤᠭᠤᠯᠵᠤ᠂ ᠪᠦᠬᠦ ᠵᠢᠯ ᠳᠤ 62.7 ᠳ᠋ᠦᠩᠰᠢᠭᠤᠷ ᠲᠦᠭᠦᠷᠢᠭ ᠤᠨ | ᠪᠡᠯᠡ ᠤᠷᠤᠭᠤᠯᠤᠯᠲᠠ ᠲᠠᠲᠠᠵᠤ᠂ 17.3% ᠨᠡᠮᠡᠭᠳᠡᠵᠦ᠂ ᠺᠤᠷᠢᠶᠠ ᠤᠯᠤᠰ ᠤᠨ ᠶᠢᠨ ᠲᠧ ᠫᠠ ᠺᠧ ᠺᠤᠮᠫᠠᠨᠢ᠂ | ᠱᠠᠩᠬᠠᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠤᠳᠤᠯᠭᠠᠨ ᠤ ᠬᠦᠷᠢᠶᠡᠯᠡᠩ᠂ ᠵᠧᠵᠢᠶᠠᠩ ᠤᠨ ᠯᠢᠶᠠᠨ ᠱᠧᠩ | ᠰᠲ᠋ᠤᠺ ᠤᠨ ᠰᠠᠭᠤᠷᠢ ᠮᠦᠩᠭᠦ᠂ ᠱᠠᠨ ᠰᠢ ᠶᠢᠨ ᠪᠠᠷᠢᠯᠭ᠎ᠠ ᠶᠢᠨ ᠠᠵᠤ ᠦᠢᠯᠡᠳᠪᠦᠷᠢ ᠶᠢᠨ ᠪᠦᠯᠦᠭᠯᠡᠯ᠂ | ᠪᠡᠭᠡᠵᠢᠩ ᠤᠨ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠪᠤᠳᠠᠳᠤ ᠬᠦᠴᠦᠨ | ᠪᠦᠬᠦᠢ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠤᠭᠲᠠᠪᠠ᠃ | ᠬᠤᠲᠠ ᠪᠠᠯᠭᠠᠰᠤᠨ ᠤ ᠤᠷᠴᠢᠨ ᠲᠤᠭᠤᠷᠢᠨ ᠰᠢᠨ᠎ᠡ ᠳᠠᠪᠰᠢᠯᠲᠠ ᠲᠠᠢ ᠪᠤᠯᠪᠠ᠃ ᠰᠢᠰᠲ᠋ᠧᠮᠴᠢᠯᠡᠨ ᠵᠠᠰᠠᠨ | ᠴᠡᠭᠴᠡᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠲᠤᠭᠲᠠᠴᠠ ᠶᠢ ᠤᠯᠠᠮ | ᠨᠢᠭᠡ ᠠᠯᠬᠤᠮ ᠰᠢᠯᠤᠭᠤᠳᠬᠠᠵᠤ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠦᠪᠯᠡᠯ ᠢ | ᠪᠠᠶᠢᠭᠤᠯᠵᠤ᠂ ᠪᠦᠬᠦ ᠤᠷᠤᠨᠴᠢᠯᠠᠭᠰᠠᠨ ᠴᠠᠭᠳᠠᠨ ᠪᠠᠶᠢᠴᠠᠭᠠᠯᠲᠠ᠂ ᠴᠢᠮᠡᠭᠡ ᠵᠠᠩᠭᠢᠴᠢᠯᠠᠭᠰᠠᠨ ᠲᠤᠬᠢᠷᠠᠭᠤᠯᠤᠯᠲᠠ᠂ | ᠬᠤᠯᠪᠤᠭᠠᠯᠠᠭᠰᠠᠨ ᠬᠠᠤᠯᠢ ᠬᠡᠷᠡᠭᠵᠢᠭᠦᠯᠦᠯᠲᠡ᠂ ᠪᠠᠶᠢᠩᠭᠤᠴᠢᠯᠠᠭᠰᠠᠨ ᠬᠢᠨᠠᠨ ᠪᠠᠶᠢᠴᠠᠭᠠᠯᠲᠠ ᠶᠢᠨ ᠰᠢᠨ᠎ᠡ | ᠲᠤᠭᠲᠠᠴᠠ ᠶᠢ ᠪᠦᠷᠢᠯᠳᠦᠭᠦᠯᠦᠨ᠂ ᠳᠡᠯᠭᠡᠭᠦᠷ ᠤᠨ ᠭᠠᠳᠠᠨ᠎ᠠ ᠡᠵᠡᠩᠨᠡᠬᠦ᠂ ᠵᠠᠳᠠᠭᠠᠢ ᠰᠢᠷᠠᠭᠰᠠᠨ ᠢᠳᠡᠭᠡᠨ᠂ ᠳᠤᠷ᠎ᠠ | ᠲᠠᠪᠠ ᠪᠠᠷ ᠢᠶᠠᠨ ᠪᠠᠶᠢᠭᠤᠯᠬᠤ ᠵᠡᠷᠭᠡ ᠬᠤᠲᠠ ᠪᠠᠯᠭᠠᠰᠤᠨ ᠤ ᠤᠷᠴᠢᠨ ᠲᠤᠭᠤᠷᠢᠨ ᠢ ᠨᠦᠯᠦᠭᠡᠯᠡᠬᠦ ᠲᠤᠪᠤᠶᠢᠮ᠎ᠠ | ᠠᠰᠠᠭᠤᠳᠠᠯ ᠢ ᠬᠦᠴᠦᠲᠡᠢ ᠴᠡᠭᠴᠡᠯᠡᠨ ᠵᠠᠰᠠᠪᠠ᠃ ᠬᠤᠭ ᠯᠤᠪᠰᠢ ᠶᠢ ᠰᠢᠢᠳᠪᠦᠷᠢᠯᠡᠬᠦ ᠲᠦᠪ ᠢ ᠵᠠᠰᠠᠨ | ᠰᠠᠶᠢᠵᠢᠷᠠᠭᠤᠯᠵᠤ ᠳᠡᠰ ᠳᠡᠪᠰᠢᠭᠦᠯᠵᠦ᠂ 31 ᠰᠠᠭᠤᠷᠢ ᠰᠢᠨ᠎ᠡ ᠪᠠᠶᠢᠭᠤᠯᠤᠭᠰᠠᠨ ᠪᠠ ᠵᠠᠰᠠᠨ ᠪᠠᠶᠢᠭᠤᠯᠤᠭᠰᠠᠨ ᠬᠤᠭ | ᠯᠤᠪᠰᠢ ᠶᠢᠨ ᠴᠡᠭ᠂ 8 ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠡᠷᠭᠡ ᠂ 1000 ᠬᠤᠭ ᠤᠨ ᠬᠠᠶᠢᠷᠴᠠᠭ | ᠬᠤᠳᠠᠯᠳᠤᠨ ᠠᠪᠴᠤ᠂ 22 ᠵᠠᠰᠠᠭ ᠵᠠᠬᠢᠷᠭᠠᠨ ᠤ ᠲᠤᠰᠬᠤᠨ ᠤ ᠬᠤᠭ ᠯᠤᠪᠰᠢ ᠶᠢ ᠬᠤᠷᠢᠶᠠᠨ ᠵᠦᠭᠡᠭᠡᠪᠦᠷᠢᠯᠡᠬᠦ ᠶᠢ | ᠬᠤᠲᠠ ᠪᠠᠯᠭᠠᠰᠤᠨ ᠤ ᠨᠢᠭᠡ ᠴᠤᠭᠴᠠᠴᠢᠯᠠᠭᠰᠠᠨ ᠬᠠᠮᠢᠶᠠᠷᠤᠯᠲᠠ ᠳᠤ ᠤᠷᠤᠭᠤᠯᠵᠤ᠂ ᠬᠤᠲᠠ ᠪᠠᠯᠭᠠᠰᠤᠨ ᠤ ᠤᠷᠴᠢᠨ | ᠲᠤᠭᠤᠷᠢᠨ ᠤᠯᠠᠮ ᠨᠢᠭᠡ ᠠᠯᠬᠤᠮ ᠴᠡᠪᠡᠷ ᠲᠤᠬᠢᠯᠢᠭ ᠪᠤᠯᠤᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ | ᠲᠠᠬᠢᠨ ᠪᠠᠶᠢᠴᠠᠭᠠᠯᠲᠠ ᠶᠢ ᠠᠮᠵᠢᠯᠲᠠ ᠲᠠᠢ ᠦᠩᠭᠡᠷᠡᠭᠦᠯᠪᠡ᠃ 9.1 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠵᠤ᠂ ᠰᠢᠨᠬᠤᠸᠠ ᠬᠦᠭᠦᠷᠭᠡ᠂ ᠪᠠᠷᠠᠭᠤᠨ ᠶᠡᠭᠡ ᠬᠦᠭᠦᠷᠭᠡ ᠠᠵᠢᠯ ᠳᠠᠭᠤᠰᠴᠤ ᠲᠡᠷᠭᠡ ᠨᠡᠪᠲᠡᠷᠡᠨ᠂ | ᠰᠢᠨ᠎ᠡ ᠪᠠᠶᠢᠭᠤᠯᠤᠭᠰᠠᠨ ᠪᠠ ᠵᠠᠰᠠᠨ ᠪᠠᠶᠢᠭᠤᠯᠤᠭᠰᠠᠨ ᠵᠠᠰᠠᠮᠠᠯ ᠵᠠᠮ ᠤᠨ ᠬᠦᠭᠦᠷᠭᠡ 8 ᠪᠠᠶᠢᠵᠤ᠂ 10 ᠵᠤᠷᠪᠤᠰ | ᠬᠤᠲᠠ ᠲᠤᠭᠤᠷᠢᠭ ᠤᠨ ᠵᠡᠭᠡᠯᠢ ᠭᠤᠳᠤᠮᠵᠢ ᠶᠢ ᠴᠡᠭᠴᠡᠯᠡᠨ ᠵᠠᠰᠠᠵᠤ᠂ 306 ᠤᠯᠤᠰ ᠤᠨ ᠵᠠᠮ ᠤᠨ ᠦᠷᠭᠡᠳᠬᠡᠭᠰᠡᠨ | ᠪᠠ ᠵᠠᠰᠠᠨ ᠪᠠᠶᠢᠭᠤᠯᠤᠯᠲᠠ ᠠᠮᠵᠢᠯᠲᠠ ᠲᠠᠢ ᠶᠠᠪᠤᠭᠳᠠᠨ᠂ ᠵᠠᠮ ᠬᠠᠷᠢᠯᠴᠠᠭᠠᠨ ᠤ ᠪᠠᠶᠢᠳᠠᠯ ᠪᠦᠲᠦᠮᠵᠢᠲᠡᠢ | ᠰᠠᠶᠢᠵᠢᠷᠠᠵᠠᠢ᠃ 1.55 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠭᠤᠤᠯᠳᠠᠯᠭ᠎ᠠ ᠲᠠᠢ ᠤᠷᠤᠨ ᠭᠡᠴᠡ | ᠶᠢᠨ ᠤᠶᠢᠵᠢᠭᠤᠯᠤᠯᠲᠠ ᠨᠤᠭᠤᠭᠠᠷᠠᠭᠤᠯᠤᠯᠲᠠ ᠶᠢ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠤᠶᠢᠵᠢᠭᠤᠯᠤᠯᠲᠠ ᠶᠢᠨ | ᠲᠠᠯᠠᠪᠠᠢ 3100 ᠮᠦ ᠪᠤᠯᠪᠠ᠃ ᠠᠭᠠᠷ ᠮᠠᠨᠳᠠᠯ ᠤᠨ ᠪᠤᠵᠠᠷᠳᠤᠯ ᠤᠨ ᠰᠡᠷᠭᠡᠶᠢᠯᠡᠨ ᠵᠠᠰᠠᠯᠲᠠ ᠶᠢ ᠴᠢᠩᠭ᠎ᠠ ᠠᠳᠬᠤᠨ | ᠂ ᠶᠤᠸᠠᠨ ᠯᠢᠶᠠᠨ ᠪᠤᠯᠤᠳ ᠲᠡᠮᠦᠷ᠂ ᠤᠯᠠᠭᠠᠨᠬᠠᠳᠠ ᠶᠢᠨ ᠡᠮ ᠤᠨ ᠦᠢᠯᠡᠳᠪᠦᠷᠢ᠂ ᠢᠯᠴᠢ ᠴᠠᠬᠢᠯᠭᠠᠨ ᠤ | ᠦᠢᠯᠡᠳᠪᠦᠷᠢ᠂ ᠵᠢᠩ ᠨᠡᠩ ᠨᠡᠭᠦᠷᠡᠰᠦ ᠨᠡᠭᠦᠷᠡᠰᠦᠨ ᠴᠢᠯᠠᠭᠤᠨ ᠴᠠᠬᠢᠯᠭᠠᠨ ᠦᠢᠯᠡᠳᠪᠦᠷᠢ ᠶᠢᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠲᠦᠬᠦᠭᠡᠷᠦᠮᠵᠢ ᠶᠢ ᠬᠠᠯᠠᠨ ᠰᠠᠶᠢᠵᠢᠷᠠᠭᠤᠯᠵᠤ ᠳᠡᠰ ᠳᠡᠪᠰᠢᠭᠦᠯᠦᠨ᠂ 5000 | ᠡᠷᠦᠬᠡ ᠶᠢᠨ ᠪᠠᠶᠢᠰᠢᠩ ᠤᠨ ᠨᠡᠭᠦᠷᠡᠰᠦᠨ ᠵᠤᠤᠬᠠᠨ ᠳᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠦᠭᠡᠷᠡᠴᠢᠯᠡᠨ | ᠵᠠᠰᠠᠯᠲᠠ ᠬᠡᠷᠡᠭᠵᠢᠭᠦᠯᠵᠦ᠂ ᠬᠦᠬᠦᠷ ᠤᠨ ᠳᠠᠪᠬᠤᠷ ᠢᠰᠦᠯ ᠪᠠ ᠠᠽᠤᠲ ᠤᠨ ᠢᠰᠦᠮᠡᠭ ᠢ ᠢᠯᠭᠠᠷᠠᠭᠤᠯᠬᠤ | ᠬᠡᠮᠵᠢᠶ᠎ᠡ1.5 ᠲᠦᠮᠡᠨ ᠲᠤᠨ ᠪᠠᠭᠠᠰᠴᠤ᠂ ᠠᠭᠠᠷ ᠮᠠᠨᠳᠠᠯ ᠤᠨ ᠴᠢᠨᠠᠷ ᠴᠢᠨᠰᠠᠭ᠎ᠠ ᠰᠠᠶᠢᠨ ᠡᠳᠦᠷ 300 ᠡᠳᠦᠷ | ᠪᠤᠯᠪᠠ᠃ | ᠠᠷᠠᠳ ᠤᠨ ᠠᠮᠢᠳᠤᠷᠠᠯ ᠰᠢᠨ᠎ᠡ ᠳᠡᠭᠡᠭᠰᠢᠯᠡᠯᠲᠡ ᠲᠠᠢ ᠪᠤᠯᠪᠠ᠃ ᠦᠢᠯᠡᠰ ᠪᠤᠰᠬᠠᠬᠤ᠂ ᠠᠵᠢᠯ | ᠤᠯᠭᠤᠬᠤ ᠶᠢ ᠶᠡᠬᠡᠪᠡᠷ ᠠᠬᠢᠭᠤᠯᠵᠦ ᠂ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ | ᠤᠯᠤᠭᠰᠠᠳ9100 ᠬᠦᠮᠦᠨ᠂ ᠮᠧᠩ ᠳ᠋ᠦᠩ ᠡᠭᠦᠯᠡᠨ ᠪᠤᠳᠤᠯᠲᠠ ᠶᠢᠨ ᠰᠠᠭᠤᠷᠢᠨ ᠭᠠᠵᠠᠷ ᠪᠤᠯᠤᠨ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠰᠢᠨᠵᠢᠯᠡᠭᠡ ᠮᠡᠷᠭᠡᠵᠢᠯ ᠤᠨ ᠬᠡᠯᠪᠡᠷᠢᠲᠦ ᠳᠤᠮᠳᠠ ᠪᠠᠭ᠎ᠠ ᠠᠵᠦ | ᠠᠬᠤᠶᠢᠯᠠᠯ ᠤᠨ ᠨᠡᠪᠴᠢᠭᠦᠯᠬᠦ ᠰᠠᠭᠤᠷᠢᠨ ᠭᠠᠵᠠᠷ ᠨᠢ ᠦᠪᠡᠷᠲᠡᠭᠡᠨ ᠵᠠᠰᠠᠬᠤ ᠤᠷᠤᠨ ᠤ ᠳᠡᠰ ᠤᠨ ᠤᠯᠠᠨ ᠢᠶᠠᠷ | ᠦᠢᠯᠡᠰ ᠪᠤᠰᠬᠠᠭᠰᠠᠨ ᠤᠷᠤᠨ ᠵᠠᠢ ᠶᠢᠨ ᠲᠤᠷᠰᠢᠯᠲᠠ ᠶᠢᠨ ᠴᠡᠭ ᠪᠤᠯᠤᠭᠰᠠᠨ ᠪᠠᠶᠢᠨ᠎ᠠ᠃ ᠠᠵᠤ ᠠᠬᠤᠶᠢᠯᠠᠯ ᠤᠨ | ᠠᠵᠢᠯ ᠠᠴᠠ ᠠᠮᠠᠷᠠᠭᠰᠠᠳ ᠤᠨ ᠠᠰᠠᠷᠠᠮᠵᠢ ᠶᠢᠨ ᠮᠦᠩᠭᠦ ᠶᠢ 11 ᠵᠢᠯ ᠳᠠᠷᠠᠭᠠᠯᠠᠨ ᠨᠡᠮᠡᠭᠳᠡᠭᠦᠯᠵᠦ᠂ ᠨᠡᠶᠢᠭᠡᠮ | ᠲᠤᠭᠤᠷᠢᠭ ᠤᠨ ᠠᠵᠢᠯᠲᠠᠨ ᠪᠤᠯᠤᠨ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠭᠴᠢ ᠶᠢᠨ ᠴᠠᠯᠢᠩ ᠢ 3 | ᠵᠢᠯ ᠳᠠᠷᠠᠭᠠᠯᠠᠨ ᠨᠡᠮᠡᠭᠳᠡᠭᠦᠯᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠬᠠᠮᠤᠭ ᠲᠤᠤᠷ᠎ᠠ ᠪᠠᠷᠢᠮᠵᠢᠶ᠎ᠠ ᠶᠢ ᠰᠠᠷ᠎ᠠ ᠪᠦᠷᠢ 60 ᠲᠦᠭᠦᠷᠢᠭ ᠠᠴᠠ 85 ᠲᠦᠭᠦᠷᠢᠭ ᠪᠣᠯᠭᠠᠨ | ᠳᠡᠭᠡᠭᠰᠢᠯᠡᠭᠦᠯᠵᠦ᠂ ᠰᠢᠨ᠎ᠡ ᠬᠤᠷᠰᠢᠭᠰᠠᠨ ᠡᠮᠨᠡᠯᠭᠡ ᠶᠢᠨ ᠪᠠᠷᠢᠮᠵᠢᠶ᠎ᠠ ᠶᠢ 380 ᠲᠦᠭᠦᠷᠢᠭ ᠠᠴᠠ470 ᠲᠦᠭᠦᠷᠢᠭ | ᠪᠤᠯᠭᠠᠨ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ | ᠦᠨᠳᠦᠷ ᠲᠦᠯᠦᠪᠦᠷᠢᠯᠡᠬᠦ ᠬᠡᠮᠵᠢᠶ᠎ᠡ ᠶᠢ 30 ᠲᠦᠮᠡᠨ ᠲᠦᠭᠦᠷᠢᠭ ᠠᠴᠠ 35 ᠲᠦᠮᠡᠨ ᠲᠦᠭᠦᠷᠢᠭ ᠪᠤᠯᠭᠠᠨ | ᠳᠡᠭᠡᠭᠰᠢᠯᠡᠭᠦᠯᠪᠡ᠃ ᠬᠤᠲᠠ ᠪᠠᠯᠭᠠᠰᠤᠨ ᠤ ᠲᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 490 | ᠲᠦᠭᠦᠷᠢᠭ ᠪᠠ ᠵᠢᠯ ᠪᠦᠷᠢ 3690 ᠲᠦᠭᠦᠷᠢᠭ ᠠᠴᠠ 520 ᠲᠦᠭᠦᠷᠢᠭ ᠪᠠ 3850 ᠲᠦᠭᠦᠷᠢᠭ ᠪᠤᠯᠭᠠᠨ | ᠳᠡᠭᠡᠭᠰᠢᠯᠡᠭᠦᠯᠪᠡ᠃ ᠲᠤᠤᠷ᠎ᠠ ᠪᠠᠲᠤᠯᠠᠭᠠᠲᠤ ᠲᠠᠷᠢᠶᠠᠴᠢᠨ ᠡᠷᠦᠬᠡ ᠪᠦᠷᠢ ᠳᠤ 600 ᠲᠦᠭᠦᠷᠢᠭ ᠤᠨ | ᠲᠦᠯᠡᠰᠢᠨ ᠤ ᠨᠦᠬᠦᠪᠦᠷᠢ ᠲᠠᠷᠬᠠᠭᠠᠪᠠ᠃ ᠬᠢᠮᠳᠠ ᠳᠦᠷᠢᠶᠡᠰᠦᠨ ᠭᠡᠷ ᠪᠠ ᠨᠡᠶᠢᠲᠡ ᠶᠢᠨ ᠲᠦᠷᠢᠶᠡᠰᠦᠨ ᠭᠡᠷ ᠤᠨ | ᠳᠦᠷᠢᠮ ᠵᠡᠷᠭᠡᠪᠡᠷ ᠶᠠᠪᠤᠭᠳᠠᠵᠤ᠂ 50 ᠲᠦᠮᠡᠨ ᠳᠡᠭᠰᠢ ᠳᠦᠷᠪᠡᠯᠵᠢᠨ ᠮᠧᠲᠷ ᠤᠨ ᠬᠠᠭᠤᠴᠢᠨ ᠲᠤᠭᠤᠷᠢᠭ ᠢ | ᠦᠭᠡᠷᠡᠴᠢᠯᠡᠨ ᠪᠠᠶᠢᠭᠤᠯᠪᠠ᠃ 5 ᠨᠡᠶᠢᠭᠡᠮ ᠲᠤᠭᠤᠷᠢᠭ ᠲᠤ ᠵᠠᠰᠠᠭ ᠤᠨ ᠤᠷᠳᠤᠨ ᠠᠴᠠ ᠭᠡᠷ ᠳᠡᠭᠡᠨ ᠰᠠᠭᠤᠵᠦ | ᠨᠠᠰᠤᠲᠡᠨ ᠢ ᠠᠰᠠᠷᠠᠬᠤ ᠦᠢᠯᠡᠴᠢᠯᠡᠭᠡ ᠶᠢ ᠬᠤᠳᠠᠯᠳᠤᠨ ᠠᠪᠬᠤ ᠶᠢ ᠲᠤᠷᠰᠢᠨ ᠬᠡᠷᠡᠭᠵᠢᠭᠦᠯᠪᠡ᠃ ᠰᠢᠨᠵᠢᠯᠡᠭᠡ | ᠮᠡᠷᠭᠡᠵᠢᠯ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠠᠮᠵᠢᠯᠲᠠ ᠲᠠᠢ ᠪᠠᠷ ᠤᠯᠤᠰ ᠤᠨ ᠦᠷᠭᠦᠯᠵᠢᠯᠡᠬᠦᠶᠢᠴᠡ | ᠬᠦᠭᠵᠢᠯᠲᠡ ᠶᠢᠨ ᠲᠤᠷᠰᠢᠯᠲᠠ ᠶᠢᠨ ᠤᠷᠤᠨ ᠪᠤᠯᠤᠨ ᠳᠡᠪᠰᠢᠪᠡ᠃ ᠰᠤᠷᠭᠠᠨ ᠬᠦᠮᠦᠵᠢᠯ ᠤᠨ ᠡᠬᠢ ᠪᠠᠶᠠᠯᠢᠭ ᠤᠨ | ᠲᠡᠩᠴᠡᠭᠦᠷᠢᠲᠡᠢ ᠬᠤᠪᠢᠶᠠᠷᠢᠯᠡᠯᠲᠡ ᠶᠢ ᠠᠬᠢᠭᠤᠯᠵᠤ᠂ 4 ᠰᠠᠭᠤᠷᠢ ᠬᠦᠳᠡᠭᠡ ᠲᠤᠰᠬᠤᠨ ᠤ ᠬᠡᠦᠬᠡᠳ ᠤᠨ ᠴᠡᠴᠡᠷᠯᠢᠭ ᠢ | ᠪᠠᠶᠢᠭᠤᠯᠵᠤ᠂ ᠬᠤᠩ ᠱᠠᠨ ᠵᠢᠶᠦ᠋ᠨ ᠵᠤᠤ ᠤᠳᠠ ᠪᠠᠭ᠎ᠠ ᠰᠤᠷᠭᠠᠭᠤᠯᠢ ᠶᠢᠨ ᠭᠤᠤᠯ ᠴᠤᠭᠴᠠ ᠶᠢᠨ ᠤᠷᠤᠢ ᠶᠢ | ᠪᠢᠲᠡᠭᠦᠯᠡᠵᠦ᠂ 2400 ᠲᠦᠮᠡᠨ ᠲᠦᠭᠦᠷᠢᠭ ᠤᠨ ᠰᠤᠷᠭᠠᠨ ᠬᠦᠮᠦᠵᠢᠯ ᠤᠨ ᠲᠦᠬᠦᠭᠡᠷᠦᠮᠵᠢ ᠨᠡᠮᠡᠨ ᠲᠤᠬᠢᠷᠠᠭᠤᠯᠵᠤ᠂ | ᠤᠯᠠᠭᠠᠨᠬᠠᠳᠠ ᠶᠢᠨ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠦᠨᠳᠦᠷ ᠳᠤᠮᠳᠠᠳᠤ ᠶᠢᠨ ᠤᠯᠤᠰ ᠤᠨ | ᠰᠢᠯᠭᠠᠯᠲᠠ ᠳᠤ 650 ᠬᠤᠪᠢ ᠠᠴᠠ ᠳᠡᠭᠡᠭᠰᠢ ᠬᠦᠮᠦᠨ ᠤ ᠲᠤᠭ᠎ᠠ ᠪᠦᠬᠦ ᠬᠤᠲᠠ ᠳᠤ ᠨᠢᠭᠡᠳᠦᠭᠡᠷ ᠲᠤ ᠪᠠᠶᠢᠷᠢᠯᠠᠨ᠂ | ᠨᠡᠷᠡᠲᠦ ᠦᠨᠳᠦᠷ ᠳᠤᠮᠳᠠᠳᠤ ᠶᠢ ᠡᠭᠦᠳᠦᠨ ᠪᠠᠶᠢᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠪᠠ᠃ ᠪᠦᠬᠦ | ᠬᠤᠲᠠ ᠳᠤ ᠬᠠᠮᠤᠭ ᠤᠷᠢᠳᠠᠪᠠᠷ ᠳᠡᠰ ᠬᠤᠪᠢᠶᠠᠨ ᠡᠮᠴᠢᠯᠡᠨ ᠵᠠᠰᠠᠬᠤ ᠶᠢ ᠦᠷᠨᠢᠭᠦᠯᠵᠦ᠂ ᠤᠯᠤᠰ ᠤᠨ ᠦᠨᠳᠦᠰᠦᠨ | ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠭᠤᠤᠯᠳᠠᠯᠭ᠎ᠠ ᠲᠠᠢ ᠬᠠᠷᠢᠯᠴᠠᠬᠤ ᠴᠢᠭ ᠤᠨ | ᠠᠵᠢᠯ ᠠᠮᠵᠢᠯᠲᠠ ᠤᠯᠪᠠ᠃ ᠬᠤᠶᠠᠳᠤᠭᠠᠷ ᠡᠮᠨᠡᠯᠬᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠭᠤᠤᠯ | ᠴᠣᠭᠴᠠ ᠪᠠᠷᠢᠯᠭ᠎ᠠ ᠳᠠᠭᠤᠰᠴᠤ᠂ ᠵᠡᠭᠦᠨ ᠬᠤᠲᠠ ᠪᠤᠯᠤᠨ ᠲᠢᠶᠧ ᠨᠠᠨ ᠨᠡᠶᠢᠭᠡᠮ ᠲᠤᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠦᠪ ᠠᠰᠢᠭᠯᠠᠯᠲᠠ ᠳᠤ ᠤᠷᠤᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠲᠦᠯᠦᠪᠯᠡᠭᠡᠲᠦ ᠦᠷᠡᠵᠢᠯ ᠤᠨ ᠠᠷᠠᠳ ᠲᠤ | ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠨᠡᠯᠢᠶᠡᠳ ᠰᠠᠶᠢᠨ ᠬᠡᠷᠡᠭᠵᠢᠭᠦᠯᠦᠭᠳᠡᠵᠦ᠂ ᠲᠦᠯᠦᠪᠯᠡᠭᠡᠲᠦ ᠦᠷᠡᠵᠢᠯ | ᠤᠨ ᠦᠢᠯᠡᠴᠢᠯᠡᠭᠡᠨ ᠤ ᠬᠠᠮᠢᠶᠠᠷᠤᠯᠲᠠ ᠨᠡᠩ ᠳᠦᠭᠦᠮ ᠪᠤᠯᠵᠤ᠂ ᠰᠢᠨ᠎ᠡ ᠪᠠᠷ ᠨᠡᠮᠡᠭᠳᠡᠭᠰᠡᠨ ᠬᠦᠮᠦᠨ ᠠᠮᠠ ᠶᠢᠨ | ᠴᠢᠨᠠᠷ ᠤᠨ ᠢᠯᠭᠠᠯ ᠤᠨ ᠬᠠᠷᠢᠴᠠᠯ ᠲᠠᠰᠤᠷᠠᠯᠲᠠ ᠦᠭᠡᠢ ᠳᠤᠷᠤᠭᠰᠢᠯᠠᠪᠠ᠃ ᠲᠤᠭᠤᠷᠢᠭ ᠤᠨ ᠳᠠᠩᠰᠠ ᠡᠪᠬᠡᠮᠡᠯ ᠤᠨ | ᠤᠷᠳᠤᠨ ᠤᠯᠤᠰ ᠤᠨ ᠬᠤᠶᠠᠳᠤᠭᠠᠷ ᠳᠡᠰ ᠤᠨ ᠳᠠᠩᠰᠠ ᠡᠪᠬᠡᠮᠡᠯ ᠤᠨ ᠤᠷᠳᠤᠨ ᠪᠤᠯᠵᠤ ᠳᠡᠰ ᠳᠡᠪᠰᠢᠪᠡ᠃ ᠬᠤᠩ | ᠱᠠᠨ ᠰᠤᠶᠤᠯ ᠤᠨ ᠠᠵᠢᠯᠯᠠᠭᠠᠨ ᠤ ᠲᠦᠪ ᠪᠤᠯᠤᠨ ᠲᠠᠮᠢᠷ ᠤᠨ ᠠᠭᠤᠳᠠᠮ ᠲᠠᠯᠠᠪᠠᠢ ᠶᠢᠨ ᠭᠤᠤᠯ ᠴᠤᠭᠴᠠ ᠪᠠᠷᠢᠯᠭ᠎ᠠ | ᠳᠠᠭᠤᠰᠴᠤ᠂ ᠡᠯ ᠳ᠋ᠣᠣ ᠵᠢᠩ ᠽᠢ ᠦᠯᠡᠳᠡᠭᠳᠡᠯ ᠤᠨ ᠨᠢᠭᠡᠳᠦᠭᠡᠷ ᠬᠤᠭᠤᠴᠠᠭ᠎ᠠ ᠶᠢᠨ ᠬᠠᠮᠠᠭᠠᠯᠠᠯᠲᠠ ᠶᠢᠨ | ᠢᠨᠵᠧᠨᠧᠷᠢᠩ ᠦᠨᠳᠦᠰᠦᠨ ᠳᠡᠭᠡᠨ ᠪᠠᠷᠢᠯᠭ᠎ᠠ ᠳᠠᠭᠤᠰᠪᠠ᠃ ᠤᠯᠠᠨ ᠲᠦᠮᠡᠨᠴᠢ ᠰᠤᠶᠤᠯ ᠲᠠᠮᠢᠷ ᠤᠨ ᠬᠦᠳᠡᠯᠭᠡᠭᠡᠨ | ᠨᠡᠩ ᠪᠠᠶᠠᠯᠢᠭ ᠪᠤᠯᠵᠤ᠂ ᠲᠡᠦᠬᠡ ᠰᠤᠶᠤᠯ ᠤᠨ ᠬᠠᠭᠤᠴᠢᠳ ᠢ ᠬᠠᠮᠠᠭᠠᠯᠠᠬᠤ ᠬᠦᠴᠦᠯᠡᠴᠡ ᠪᠠᠨ ᠲᠠᠰᠤᠷᠠᠯᠲᠠ ᠦᠭᠡᠢ | ᠴᠢᠩᠭᠠᠳᠬᠠᠪᠠ᠃ | ᠠᠷᠠᠳᠴᠢᠯᠠᠯ ᠬᠠᠤᠯᠢ ᠪᠠᠷ ᠵᠠᠰᠠᠯᠲᠠ ᠶᠢᠨ ᠰᠢᠨ᠎ᠡ ᠪᠠᠶᠢᠳᠠᠯ ᠢᠯᠡᠷᠡᠪᠡ᠃ ᠬᠠᠤᠯᠢ ᠶᠤᠰᠤᠭᠠᠷ ᠵᠠᠰᠠᠭ | ᠶᠠᠪᠤᠭᠤᠯᠬᠤ ᠶᠢ ᠠᠬᠢᠭᠤᠯᠤᠨ᠂ ᠬᠠᠤᠯᠢ ᠴᠠᠭᠠᠵᠠ ᠶᠢᠨ ᠵᠦᠪᠯᠡᠭᠴᠢ ᠵᠡᠷᠭᠡ ᠳᠦᠷᠢᠮ ᠢ ᠬᠡᠷᠡᠭᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢ ᠲᠤᠭᠲᠠᠭᠠᠬᠤ ᠲᠤᠭᠲᠠᠴᠠ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠤᠯᠤᠨ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠯᠲᠦ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ | ᠲᠦᠯᠦᠭᠡᠯᠡᠭᠴᠢᠳ ᠤᠨ ᠰᠠᠨᠠᠯ123 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ | ᠳᠤᠷᠠᠳᠤᠯᠭ᠎ᠠ102 ᠬᠤᠪᠢ ᠶᠢ ᠰᠢᠢᠳᠪᠦᠷᠢᠯᠡᠪᠡ᠃ 《 ᠵᠢᠷᠭᠤᠭ᠎ᠠ ᠲᠠᠪᠤ》 ᠬᠠᠤᠯᠢ ᠲᠦᠭᠡᠮᠡᠯᠵᠢᠭᠦᠯᠬᠦ ᠡᠭᠦᠷᠭᠡ ᠶᠢ | ᠪᠠᠶᠠᠯᠠᠭᠦᠯᠪᠠ᠃ 《 ᠭᠤᠷᠪᠠᠨ ᠴᠢᠩᠭ᠎ᠠ ᠭᠤᠷᠪᠠᠨ ᠪᠤᠳᠠᠲᠠᠢ》 ᠲᠤᠰᠬᠠᠢ ᠰᠡᠳᠦᠪᠲᠦ ᠬᠦᠮᠦᠵᠢᠯ ᠢ ᠦᠷᠨᠢᠭᠦᠯᠦᠨ᠂ | 《 ᠳᠦᠷᠪᠡᠨ ᠰᠤᠷᠲᠠᠯ》 ᠢ ᠴᠡᠭᠴᠡᠯᠡᠨ ᠵᠠᠰᠠᠭᠰᠠᠨ ᠪᠦᠲᠦᠮᠵᠢ ᠶᠢ ᠪᠠᠲᠤᠳᠬᠠᠪᠠ᠃ ᠢᠯᠵᠠᠷᠠᠯ ᠢ ᠡᠰᠡᠷᠭᠦᠴᠡᠨ | ᠠᠷᠢᠭᠤᠨ ᠴᠢᠭᠡᠴᠢ ᠶᠢ ᠡᠷᠬᠢᠮᠯᠡᠬᠦ ᠰᠡᠷᠡᠮᠵᠢᠯᠡᠭᠦᠯᠦᠨ ᠬᠦᠮᠦᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠨᠠᠮ ᠤᠨ | ᠰᠤᠷᠲᠠᠯ ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ《 | ᠭᠠᠷ ᠤᠨ ᠦᠰᠦᠭ ᠵᠢᠷᠤᠬᠤ》 ᠵᠡᠷᠭᠡ ᠳᠦᠷᠢᠮ ᠢ ᠬᠡᠷᠡᠭᠵᠢᠭᠦᠯᠪᠡ᠃ ᠶᠢᠰᠦᠳᠦᠭᠡᠷ ᠬᠤᠭᠤᠴᠠᠭᠠᠨ ᠤ ᠭᠠᠴᠠᠭᠠᠨ | ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠭᠦᠢᠴᠡᠳᠬᠡᠪᠡ᠃ ᠪᠦᠬᠦ ᠤᠯᠤᠰ ᠤᠨ ᠨᠡᠶᠢᠭᠡᠮ ᠲᠤᠭᠤᠷᠢᠭ ᠤᠨ | ᠴᠡᠭᠴᠡᠯᠡᠨ ᠵᠠᠰᠠᠯᠲᠠ ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠦᠭᠰᠡᠨ ᠲᠤᠷᠰᠢᠯᠲᠠ ᠶᠢᠨ ᠤᠷᠤᠨ ᠤ ᠡᠩᠨᠡᠭᠡᠨ ᠳᠤ | ᠠᠮᠵᠢᠯᠲᠠ ᠲᠠᠢ ᠪᠠᠷ ᠵᠢᠭᠰᠠᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯᠲᠠ᠂ ᠳᠦᠷᠢᠮᠵᠢᠯᠲᠡ᠂ | ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠨᠢᠭᠡ ᠪᠦᠯᠦᠭ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠨᠠᠮᠳᠠᠭᠠᠨ ᠰᠢᠢᠳᠪᠦᠷᠢᠯᠡᠪᠡ᠃ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠪᠤᠯᠤᠨ ᠬᠠᠤᠯᠢ ᠪᠤᠰᠤ ᠠᠵᠢᠯᠯᠠᠭ᠎ᠠ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠢ ᠭᠦᠨᠵᠡᠭᠡᠢ | ᠦᠷᠨᠢᠭᠦᠯᠵᠦ᠂ ᠠᠶᠤᠯᠭᠦᠢ ᠦᠢᠯᠡᠳᠪᠦᠷᠢᠯᠡᠯ ᠦᠨᠶᠡᠷᠦᠩᠬᠡᠢ ᠪᠠᠶᠢᠳᠠᠯ ᠲᠤᠭᠲᠠᠭᠤᠨ ᠪᠤᠯᠪᠠ᠃ ᠬᠤᠲᠠ ᠶᠢᠨ | ᠲᠦᠷᠰᠦᠲᠦ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠂ ᠪᠦᠬᠦ ᠴᠠᠭᠳᠠᠭᠠᠨ ᠤ ᠶᠡᠭᠡ ᠴᠠᠭᠳᠠᠨ | ᠪᠠᠶᠢᠴᠠᠭᠠᠯᠲᠠ ᠶᠢ ᠦᠷᠨᠢᠭᠦᠯᠵᠦ᠂ ᠡᠯ᠎ᠡ ᠲᠦᠷᠦᠯ ᠤᠨ ᠬᠡᠷᠡᠭ ᠡᠭᠦᠰᠬᠦ ᠲᠤᠭ᠎ᠠ ᠶᠡᠬᠡᠪᠡᠷ ᠪᠠᠭᠠᠰᠪᠠ᠃ ᠪᠠᠴᠢᠮ | ᠪᠠᠶᠢᠳᠠᠯ ᠢ ᠠᠷᠭᠠᠴᠠᠬᠤ ᠬᠤᠯᠪᠤᠭᠠᠯᠠᠨ ᠠᠵᠢᠯᠯᠠᠬᠤ ᠰᠤᠳᠤᠯᠭᠠᠨ ᠤ ᠲᠦᠪ ᠢ ᠪᠠᠶᠢᠭᠤᠯᠵᠤ᠂ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢ ᠴᠢᠩᠭᠠᠳᠬᠠᠪᠠ᠃ ᠦᠨᠳᠦᠰᠦᠲᠡᠨ ᠱᠠᠰᠢᠨ ᠰᠤᠷᠲᠠᠬᠤᠨ ᠤ ᠭᠤᠷᠪᠠᠨ ᠱᠠᠲᠤᠨ ᠤ | ᠰᠦᠯᠵᠢᠶ᠎ᠡ ᠪᠤᠯᠤᠨ ᠬᠤᠲᠠ ᠪᠠᠯᠭᠠᠰᠤᠨ ᠤ ᠦᠨᠳᠦᠰᠦᠲᠡᠨ ᠤ ᠵᠢᠱᠢᠶ᠎ᠡ ᠦᠵᠡᠭᠦᠯᠭᠦ ᠴᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠨᠳᠦᠰᠦᠲᠡᠨ ᠪᠦᠯᠭᠦᠮᠳᠡᠭᠰᠡᠨ᠂ | ᠱᠠᠰᠢᠨ ᠰᠤᠷᠲᠠᠬᠤᠨ ᠡᠶ᠎ᠡ ᠵᠤᠬᠢᠴᠠᠯᠲᠤ ᠰᠠᠶᠢᠨ ᠰᠠᠶᠢᠬᠠᠨ ᠤᠷᠴᠢᠨ ᠲᠤᠭᠤᠷᠢᠨ ᠢ ᠬᠠᠩᠭᠠᠪᠠ᠃ ᠡᠭᠦᠨ ᠠᠴᠠ | ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠦᠮᠦᠵᠢᠯ᠂ ᠬᠤᠶᠠᠷ ᠢ ᠬᠦᠷᠢᠶᠡᠯᠡᠬᠦ᠂ ᠠᠷᠠᠳ ᠤᠨ | ᠴᠡᠷᠢᠭ ᠤᠨ ᠪᠡᠯᠡᠳᠬᠡᠯ ᠠᠯᠪᠠ᠂ ᠬᠢᠨᠠᠨ ᠪᠤᠳᠤᠯᠲᠠ᠂ ᠪᠦᠷᠢᠳᠬᠡᠯ᠂ ᠠᠬᠠᠮᠠᠳ ᠺᠠᠳ᠋ᠷ᠂ ᠬᠤᠶᠢᠴᠢ ᠦᠶ᠎ᠡ ᠶᠢ | ᠬᠠᠯᠠᠮᠵᠢᠯᠠᠬᠤ᠂ ᠵᠡᠮᠳᠡᠭᠴᠦᠳ ᠤᠨ ᠠᠵᠢᠯ ᠵᠡᠷᠭᠡ ᠪᠦᠷ ᠰᠢᠨ᠎ᠡ ᠳᠠᠪᠰᠢᠯᠲᠠ ᠲᠠᠢ ᠪᠤᠯᠪᠠ᠃ | ᠬᠤᠶᠠᠷ᠂ 《 ᠠᠷᠪᠠᠨ ᠬᠤᠶᠠᠳᠤᠭᠠᠷ ᠲᠠᠪᠤᠨ ᠵᠢᠯ 》 ᠤᠨ ᠬᠦᠭᠵᠢᠯᠲᠡ ᠶᠢᠨ ᠡᠷᠬᠢᠴᠡᠭᠦᠯᠦᠯ ᠪᠤᠯᠤᠨ《 | ᠠᠷᠪᠠᠨ ᠭᠤᠷᠪᠠᠳᠤᠭᠠᠷ ᠲᠠᠪᠤᠨ ᠵᠢᠯ》 ᠤᠨ ᠠᠯᠤᠰ ᠬᠡᠲᠦ ᠶᠢᠨ ᠪᠠᠷᠠᠯᠠᠯ | 《ᠠᠷᠪᠠᠨ ᠬᠤᠶᠠᠳᠤᠭᠠᠷ ᠲᠠᠪᠤᠨ ᠵᠢᠯ 》 ᠤᠨ ᠬᠤᠭᠤᠴᠠᠭᠠᠨ ᠳᠤ᠂ ᠨᠠᠷᠢᠨ ᠪᠤᠳᠤᠯᠢᠶᠠᠨᠲᠠᠢ ᠪᠠᠶᠢᠳᠠᠯ | ᠪᠤᠯᠤᠨ ᠴᠢᠩᠭ᠎ᠠ ᠬᠠᠲᠠᠭᠤ ᠦᠷᠢᠰᠦᠯᠳᠦᠭᠡᠨ ᠤ ᠡᠮᠦᠨ᠎ᠡ᠂ ᠪᠦᠬᠦ ᠲᠤᠭᠤᠷᠢᠭ ᠢᠶᠠᠷ ᠢᠶᠠᠨ《 ᠨᠡᠭᠡᠭᠡᠯᠲᠡᠲᠡᠢ ᠪᠠᠷ | ᠰᠢᠨ᠎ᠡ ᠶᠢ ᠡᠭᠦᠳᠦᠨ᠂ ᠦᠢᠯᠡᠳᠪᠦᠷᠢ ᠬᠤᠳᠠᠯᠳᠤᠭ᠎ᠠ ᠪᠠᠷ ᠳᠠᠶᠢᠴᠢᠯᠠᠵᠤ᠂ ᠬᠤᠲᠠ ᠬᠦᠳᠡᠭᠡ ᠶᠢ ᠨᠢᠭᠡᠲᠦᠯᠲᠡᠢ | ᠲᠦᠯᠦᠪᠵᠢᠭᠦᠯᠦᠨ᠂ ᠠᠷᠠᠳ ᠤᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠬᠤ》 ᠬᠦᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠂ ᠲᠤᠭᠲᠠᠭᠤᠨ ᠨᠡᠮᠡᠭᠳᠡᠯ᠂ ᠪᠦᠲᠦᠴᠡ ᠶᠢ ᠲᠤᠬᠢᠷᠠᠭᠤᠯᠬᠤ᠂ | ᠦᠭᠡᠷᠡᠴᠢᠯᠡᠯᠲᠡ ᠶᠢ ᠠᠬᠢᠭᠤᠯᠬᠤ᠂ ᠠᠷᠠᠳ ᠢ ᠪᠠᠶᠠᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ | ᠲᠦᠷᠦᠯ ᠤᠨ ᠠᠵᠢᠯ ᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠤ᠂ ᠪᠦᠬᠦ ᠲᠤᠭᠤᠷᠢᠭ ᠤᠨ ᠠᠵᠤ ᠠᠬᠤᠢ | ᠨᠡᠯᠢᠶᠡᠳ ᠲᠦᠷᠭᠡᠨ ᠨᠡᠮᠡᠭᠳᠡᠯ ᠲᠠᠢ ᠪᠠᠶᠢᠵᠤ᠂ ᠬᠦᠳᠡᠯᠭᠡᠭᠴᠢ ᠬᠦᠴᠦᠨ ᠢ ᠲᠦᠷᠭᠡᠪᠴᠢᠯᠡᠨ ᠬᠤᠪᠢᠷᠠᠭᠤᠯᠵᠤ᠂ | ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠤ᠂ ᠨᠡᠶᠢᠭᠡᠮ ᠡᠶ᠎ᠡ ᠵᠤᠬᠢᠴᠠᠯᠲᠤ ᠲᠤᠭᠲᠠᠭᠤᠨ ᠰᠠᠶᠢᠨ ᠰᠠᠶᠢᠬᠠᠨ | ᠪᠠᠶᠢᠳᠠᠯ ᠢᠯᠡᠷᠡᠵᠦ᠂ ᠮᠠᠨ ᠤ ᠲᠤᠭᠤᠷᠢᠭ ᠤᠨ ᠨᠡᠶᠢᠭᠡᠮ ᠤᠨ ᠬᠦᠭᠵᠢᠯᠲᠡ ᠶᠢᠨ ᠪᠠᠰᠠ ᠨᠢᠭᠡᠨ ᠰᠢᠵᠢᠷ ᠠᠯᠲᠠᠨ | ᠴᠠᠭ ᠦᠶ᠎ᠡ ᠶᠢ ᠪᠤᠢ ᠪᠤᠯᠭᠠᠪᠠ᠃ | ᠦᠩᠭᠡᠷᠡᠭᠰᠡᠨ ᠲᠠᠪᠤᠨ ᠵᠢᠯ ᠪᠤᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠲᠤᠭᠲᠠᠭᠤᠨ ᠤ ᠳᠤᠮᠳᠠ | ᠠᠬᠢᠯᠲᠠ ᠲᠠᠢ᠂ ᠶᠡᠷᠦᠩᠬᠡᠶᠢᠯᠡᠭᠰᠡᠨ ᠬᠦᠴᠦᠨ ᠯᠠᠪᠳᠠᠭᠤᠨ ᠨᠡᠮᠡᠭᠳᠡᠭᠰᠡᠨ ᠲᠠᠪᠤᠨ ᠵᠢᠯ ᠪᠤᠯᠤᠨ᠎ᠠ᠃ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 2010 ᠤᠨ ᠤ 1.7 ᠳᠠᠬᠢᠨ ᠬᠦᠷᠴᠦ᠂ ᠤᠨ ᠤ | ᠳᠤᠮᠳᠠᠴᠢ ᠨᠡᠮᠡᠭᠳᠡᠯ 10.9%᠃ ᠭᠤᠷᠪᠠᠳᠤᠭᠠᠷ ᠠᠵᠤ ᠦᠢᠯᠡᠰ ᠤᠨ ᠭᠠᠵᠠᠷ ᠤᠷᠤᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ ᠲᠤ ᠡᠵᠡᠯᠡᠬᠦ ᠬᠠᠷᠢᠴᠠᠯ ᠬᠤᠶᠠᠳᠤᠭᠠᠷ ᠠᠵᠤ ᠦᠢᠯᠡᠰ ᠢ ᠳᠠᠪᠠᠪᠠ᠃ ᠨᠡᠶᠢᠲᠡ ᠶᠢᠨ | ᠦᠮᠴᠢᠯᠡᠯ ᠤᠨ ᠪᠤᠰᠤ ᠠᠵᠤ ᠠᠬᠤᠢ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ 60% | ᠤᠷᠴᠢᠮ ᠢ ᠡᠵᠡᠯᠡᠪᠡ᠃ ᠬᠦᠮᠦᠨ ᠲᠤᠮᠳᠠᠴᠢ ᠶᠢᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 1 | ᠲᠦᠮᠡᠨ ᠳ᠋ᠣᠯᠯᠠᠷ ᠢ ᠳᠠᠪᠠᠵᠤ᠂ ᠪᠦᠬᠦ ᠬᠤᠲᠠ ᠳᠤ ᠬᠠᠮᠤᠭ ᠤᠷᠢᠳᠠᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠳᠤ ᠴᠢᠬᠤᠯᠠ ᠰᠠᠭᠤᠷᠢ ᠲᠠᠯᠪᠢᠪᠠ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ᠂ ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ᠂ ᠨᠡᠶᠢᠭᠡᠮ ᠤᠨ | ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠲᠠᠪᠤᠨ ᠵᠢᠯ ᠳᠤ ᠬᠤᠶᠠᠷ ᠳᠠᠬᠢᠨ | ᠪᠤᠯᠭᠠᠬᠤ ᠬᠠᠷᠠᠯᠲᠠ ᠪᠠᠨ ᠪᠡᠶᠡᠯᠡᠭᠦᠯᠪᠡ᠃ | ᠦᠩᠭᠡᠷᠡᠭᠰᠡᠨ ᠲᠠᠪᠤᠨ ᠵᠢᠯ ᠪᠤᠯ ᠠᠵᠤ ᠦᠢᠯᠡᠰ ᠤᠨ ᠬᠡᠪ ᠴᠢᠨᠡᠷ ᠲᠠᠰᠤᠷᠠᠯᠲᠠ ᠦᠭᠡᠢ ᠳᠡᠭᠡᠭᠰᠢᠯᠡᠨ᠂ | ᠲᠤᠲᠤᠭᠠᠲᠤ ᠬᠦᠳᠡᠯᠭᠡᠭᠴᠢ ᠬᠦᠴᠦᠨ ᠪᠦᠲᠦᠮᠵᠢᠲᠡᠢ ᠴᠢᠩᠭᠠᠷᠠᠭᠰᠠᠨ ᠲᠠᠪᠤᠨ ᠵᠢᠯ ᠪᠤᠯᠤᠨ᠎ᠠ᠃ ᠦᠢᠯᠡᠴᠢᠯᠡᠭᠡᠨ ᠤ | ᠦᠢᠯᠡᠰ ᠰᠢᠯᠢᠳᠡᠭ ᠴᠢᠨᠠᠷ ᠦᠨᠳᠦᠷ ᠪᠦᠲᠦᠮᠵᠢ ᠪᠠᠷ ᠳᠠᠪᠰᠢᠨ᠂ ᠠᠵᠤ ᠦᠢᠯᠡᠳᠪᠦᠷᠢ ᠤᠯᠠᠨ ᠲᠤᠶᠢᠯᠰᠢᠷᠠᠬᠤ | ᠲᠤᠯᠭᠠᠭᠤᠷᠢᠲᠦ ᠠᠵᠤ ᠦᠢᠯᠡᠳᠪᠦᠷᠢ ᠲᠡᠶᠢᠰᠢ ᠬᠤᠪᠢᠷᠠᠵᠤ᠂ ᠲᠠᠷᠢᠶᠠᠯᠠᠩ ᠠᠮᠢ ᠠᠬᠤᠢ ᠰᠡᠯᠡᠭᠦᠴᠡᠯ ᠴᠢᠳᠠᠮᠵᠢ | ᠲᠡᠶᠢᠰᠢ ᠦᠷᠭᠡᠵᠢᠨ᠂ ᠬᠢᠵᠠᠭᠠᠷᠲᠤ ᠲᠤᠭ᠎ᠠ ᠠᠴᠠ ᠳᠠᠪᠠᠭᠰᠠᠨ ᠠᠷᠠᠯᠵᠢᠶ᠎ᠠ ᠬᠤᠳᠠᠯᠳᠤᠭᠠᠨ ᠤ ᠠᠵᠦ ᠠᠬᠤᠶᠢᠯᠡᠯ ᠪᠠ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢᠯᠡᠯ ᠤᠨ ᠠᠵᠦ ᠠᠬᠤᠶᠢᠯᠡᠯ 40 ᠡᠷᠦᠬᠡ ᠰᠢᠨ᠎ᠡ ᠪᠠᠷ | ᠨᠡᠮᠡᠭᠳᠡᠵᠦ᠂ ᠲᠦᠬᠦᠭᠡᠷᠦᠮᠵᠢ ᠶᠢᠨ ᠲᠠᠷᠢᠶᠠᠯᠠᠩ ᠪᠣᠯᠤᠨ ᠤᠨᠴᠠᠯᠢᠭᠲᠤ ᠴᠡᠴᠡᠭ ᠵᠢᠮᠢᠰ ᠢ ᠲᠠᠷᠢᠬᠤ ᠲᠠᠯᠠᠪᠠᠢ 1.9 | ᠲᠦᠮᠡᠨ ᠮᠦ ᠬᠦᠷᠪᠡ᠃ ᠠᠵᠤ ᠦᠢᠯᠡᠰ ᠤᠨ ᠲᠦᠪᠯᠡᠷᠡᠯ ᠤᠨ ᠤᠷᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ | ᠠᠬᠢᠭᠤᠯᠵᠤ᠂ 385 ᠳ᠋ᠦᠩᠰᠢᠭᠤᠷ ᠲᠦᠭᠦᠷᠢᠭ ᠤᠨ ᠪᠡᠯᠡ ᠲᠠᠲᠠᠨ᠂ ᠳ᠋ᠠᠯᠢᠶᠠᠨ ᠤ ᠸᠠᠨ ᠳ᠋ᠠ᠂ ᠱᠠᠩᠬᠠᠢ ᠶᠢᠨ ᠡᠮ | ᠡᠮᠨᠡᠯᠭᠡ᠂ ᠲᠦᠸᠧ ᠵᠢᠶᠠ ᠡᠯᠧᠺᠲᠷᠤᠨ᠂ ᠵᠦᠩ ᠰᠢᠨ ᠡᠨᠧᠷᠭᠢ ᠶᠢᠨ ᠪᠦᠯᠦᠭᠯᠡᠯ ᠵᠡᠷᠭᠡ ᠠᠵᠤ ᠦᠢᠯᠡᠰ ᠤᠨ | ᠲᠤᠯᠤᠭᠠᠶᠢᠯᠠᠭᠴᠢ ᠠᠵᠤ ᠠᠬᠤᠶᠢᠯᠠᠯ ᠳᠠᠷᠠᠭᠠᠯᠠᠨ ᠤᠷᠤᠵᠤ ᠢᠷᠡᠨ᠂ ᠡᠯ᠎ᠡ ᠠᠵᠤ ᠦᠢᠯᠡᠰ ᠲᠤ ᠪᠦᠷ | ᠲᠤᠯᠤᠭᠠᠶᠢᠯᠠᠭᠴᠢ ᠠᠵᠤ ᠠᠬᠤᠶᠢᠯᠠᠯ ᠳᠠᠶᠢᠴᠢᠯᠠᠭᠰᠠᠨ ᠪᠠ ᠭᠤᠤᠯᠯᠠᠭᠴᠢ ᠲᠦᠷᠦᠯ ᠵᠦᠢᠯ ᠲᠤᠯᠭᠠᠭᠤᠷᠢᠯᠠᠬᠤ ᠰᠢᠨ᠎ᠡ | ᠪᠠᠶᠢᠳᠠᠯ ᠪᠦᠷᠢᠯᠳᠦᠪᠡ᠃ ᠤᠨᠴᠠᠭᠠᠶᠢᠯᠠᠨ ᠡᠭᠦᠯᠡᠨ ᠪᠤᠳᠤᠯᠲᠠ ᠪᠤᠯᠤᠨ ᠭᠠᠶᠢᠯᠢ ᠪᠠᠲᠤᠯᠠᠬᠤ ᠪᠠᠷᠠᠭᠠᠨ | ᠭᠦᠢᠯᠭᠡᠭᠡᠨ ᠤ ᠲᠦᠪ ᠵᠡᠷᠭᠡ ᠰᠢᠨ᠎ᠡ ᠪᠠᠷ ᠬᠦᠭᠵᠢᠭᠰᠡᠨ ᠡᠯᠧᠮᠧᠨ᠋ᠲ ᠮᠠᠨ ᠤ ᠲᠤᠭᠤᠷᠢᠭ ᠲᠤ ᠴᠤᠭᠯᠠᠷᠠᠨ᠂ ᠰᠢᠨ᠎ᠡ | ᠠᠵᠤ ᠦᠢᠯᠡᠰ ᠢ ᠨᠡᠭᠡᠭᠡᠨ ᠬᠦᠭᠵᠢᠭᠦᠯᠬᠦ᠂ ᠰᠢᠨ᠎ᠡ ᠦᠢᠯᠡᠰ ᠢ ᠪᠤᠶᠢᠵᠢᠭᠤᠯᠬᠤ᠂ ᠰᠢᠨ᠎ᠡ ᠳᠠᠪᠠᠭᠤᠯᠢᠭ ᠢ ᠪᠤᠢ | ᠪᠣᠯᠭᠠᠬᠤ ᠳᠤ ᠤᠷᠢᠳᠠᠴᠢ ᠨᠦᠬᠦᠴᠡᠯ ᠢ ᠬᠠᠩᠭᠠᠪᠠ᠃ | ᠦᠩᠭᠡᠷᠡᠭᠰᠡᠨ ᠲᠠᠪᠤᠨ ᠵᠢᠯ ᠪᠤᠯ ᠬᠤᠲᠠ ᠬᠦᠳᠡᠭᠡ ᠶᠢᠨ ᠳᠦᠷᠰᠦ ᠪᠠᠶᠢᠳᠠᠯ ᠰᠢᠨᠡᠳᠦᠨ᠂ ᠬᠦᠮᠦᠨ | ᠰᠠᠭᠤᠭᠠᠯᠢ ᠶᠢᠨ ᠤᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠭᠰᠠᠨ ᠲᠠᠪᠤᠨ ᠵᠢᠯ ᠪᠤᠯᠤᠨ᠎ᠠ᠃ ᠨᠡᠶᠢᠲᠡ 60 ᠭᠠᠷᠤᠢ | ᠳ᠋ᠦᠩᠰᠢᠭᠤᠷ ᠲᠦᠭᠦᠷᠢᠭ ᠪᠡᠯᠨ ᠤᠷᠤᠭᠤᠯᠤᠨ᠂ ᠲᠤᠭᠤᠷᠢᠭ ᠪᠠᠶᠢᠭᠤᠯᠤᠭᠳᠠᠭᠰᠠᠨ ᠠᠴᠠ ᠨᠠᠰᠢ ᠬᠡᠪᠴᠢᠶᠡᠵᠢᠯ ᠢᠶᠠᠷ | ᠬᠠᠮᠤᠭ ᠶᠡᠭᠡ᠂ ᠬᠦᠴᠦᠯᠡᠴᠡ ᠪᠠᠷ ᠬᠠᠮᠤᠭ ᠴᠢᠩᠭ᠎ᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠪᠡ᠃ ᠵᠡᠬᠦᠨ ᠬᠡᠰᠡᠭ ᠤᠨ ᠠᠵᠤ ᠦᠢᠯᠡᠳᠪᠦᠷᠢ ᠶᠢᠨ ᠤᠷᠤᠨ᠂ ᠤᠮᠠᠷᠠᠲᠤ ᠭᠡᠰᠡᠭ ᠤᠨ ᠪᠠᠷᠠᠭᠠᠨ | ᠭᠦᠢᠯᠭᠡᠭᠡᠨ ᠤ ᠤᠷᠤᠨ᠂ ᠪᠠᠷᠠᠭᠤᠨ ᠭᠡᠰᠡᠭ ᠤᠨ ᠦᠢᠯᠡᠴᠢᠯᠡᠭᠡᠨ ᠤ ᠦᠢᠯᠡᠰ ᠬᠤᠷᠠᠨ ᠴᠤᠭᠯᠠᠷᠠᠭᠰᠠᠨ ᠤᠷᠤᠨ᠂ | ᠡᠮᠦᠨ᠎ᠡ ᠭᠡᠰᠡᠭ ᠤᠨ ᠲᠡᠷᠢᠶᠡᠯᠡᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ ᠤᠷᠤᠨ᠂ ᠳᠤᠮᠳᠠᠳᠤ ᠭᠡᠰᠡᠭ ᠤᠨ | ᠠᠷᠠᠯᠵᠢᠶ᠎ᠠ ᠬᠤᠳᠠᠯᠳᠤᠭᠠᠨ ᠤ ᠤᠷᠤᠨ ᠵᠡᠷᠭᠡ ᠪᠦᠬᠦ ᠤᠷᠤᠨ ᠬᠡᠪᠴᠢᠶᠡᠨ ᠤ ᠬᠦᠭᠵᠢᠯᠲᠡ ᠶᠢᠨ ᠪᠠᠶᠢᠳᠠᠯ ᠪᠦᠷᠢᠯᠳᠦᠵᠦ᠂ | ᠬᠤᠲᠠ ᠶᠢᠨ ᠲᠦᠪ ᠬᠤᠶᠢᠰᠢ ᠦᠷᠭᠡᠵᠢᠨ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ 29 ᠳᠡᠭᠰᠢ ᠳᠦᠷᠪᠡᠯᠵᠢᠨ | ᠺᠢᠯᠦᠮᠧᠲᠷ ᠠᠴᠠ43.28ᠳᠡᠭᠰᠢ ᠳᠦᠷᠪᠡᠯᠵᠢᠨ ᠺᠢᠯᠦᠮᠧᠲᠷ ᠪᠤᠯᠵᠣ ᠦᠷᠭᠡᠵᠢᠪᠡ᠃ 9800 ᠡᠷᠦᠬᠡ ᠶᠢᠨ ᠳᠦᠭᠦᠮ | ᠪᠦᠲᠦᠴᠡᠲᠦ ᠤᠷᠤᠨ ᠰᠠᠭᠤᠴᠠ᠂ 340 ᠲᠦᠮᠡᠨ ᠳᠡᠭᠰᠢ ᠳᠦᠷᠪᠡᠯᠵᠢᠨ ᠮᠧᠲᠷ ᠬᠠᠭᠤᠴᠢᠨ ᠲᠤᠭᠤᠷᠢᠭ ᠢ | ᠦᠭᠡᠷᠡᠴᠢᠯᠡᠨ ᠪᠠᠶᠢᠭᠤᠯᠪᠠ᠃ 7 ᠰᠠᠭᠤᠷᠢ ᠬᠤᠲᠠ ᠶᠢᠨ ᠬᠦᠭᠦᠷᠭᠡ᠂ 15 ᠰᠠᠭᠤᠷᠢ ᠵᠠᠰᠠᠮᠠᠯ ᠵᠠᠮ ᠤᠨ ᠬᠦᠭᠦᠷᠭᠡ ᠶᠢ | ᠰᠢᠨ᠎ᠡ ᠪᠠᠷ ᠪᠠᠶᠢᠭᠤᠯᠤᠭᠰᠠᠨ ᠪᠠ ᠦᠭᠡᠷᠡᠴᠢᠯᠡᠨ ᠪᠠᠶᠢᠭᠤᠯᠵᠤ᠂ 163 ᠺᠢᠯᠦᠮᠧᠲᠷ ᠬᠤᠲᠠ ᠶᠢᠨ ᠶᠠᠪᠤᠳᠠᠯ ᠤᠨ ᠵᠠᠮ | ᠪᠤᠯᠤᠨ ᠵᠠᠰᠠᠮᠠᠯ ᠵᠠᠮ ᠢ ᠰᠢᠨ᠎ᠡ ᠪᠠᠷ ᠨᠡᠮᠡᠭᠳᠡᠭᠦᠯᠪᠡ᠃ ᠰᠢᠨ᠎ᠡ ᠪᠠᠷ ᠨᠡᠮᠡᠭᠳᠡᠭᠦᠯᠦᠭᠰᠡᠨ ᠪᠠ ᠦᠭᠡᠷᠡᠴᠢᠯᠡᠨ | ᠪᠠᠶᠢᠭᠤᠯᠤᠭᠰᠠᠨ ᠤᠶᠢᠵᠢᠭᠤᠯᠤᠯᠲᠠ ᠶᠢᠨ ᠲᠠᠯᠠᠪᠠᠢ 3.3 ᠲᠦᠮᠡᠨ ᠮᠦ ᠪᠠᠶᠢᠵᠤ᠂ ᠤᠯᠤᠰ ᠤᠨ ᠤᠢ ᠰᠢᠭᠤᠢ ᠶᠢᠨ | ᠬᠤᠲᠠ ᠶᠢ ᠠᠮᠵᠢᠯᠲᠠ ᠲᠠᠢ ᠪᠠᠷ ᠪᠠᠶᠢᠭᠤᠯᠪᠠ᠃ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ᠂ ᠡᠨᠧᠷᠭᠢ | ᠠᠷᠪᠢᠯᠠᠬᠤ ᠵᠠᠮ ᠤᠨ ᠳ᠋ᠧᠩ᠂ ᠪᠤᠬᠢᠷ ᠤᠰᠤ ᠶᠢ ᠰᠢᠢᠳᠪᠦᠷᠢᠯᠡᠭᠦ ᠵᠡᠷᠭᠡ ᠨᠢᠭᠡᠨ ᠢᠵᠢ ᠪᠦᠷᠢᠳᠦᠭᠰᠡᠨ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠮᠵᠢ ᠨᠡᠩ ᠲᠡᠭᠦᠯᠳᠡᠷᠵᠢᠪᠡ᠃ | ᠦᠩᠭᠡᠷᠡᠭᠰᠡᠨ ᠲᠠᠪᠤᠨ ᠵᠢᠯ ᠪᠤᠯ ᠨᠡᠶᠢᠭᠡᠮ ᠤᠨ ᠪᠦᠲᠦᠭᠡᠨ ᠪᠠᠶᠢᠭᠤᠯᠤᠯᠲᠠ ᠭᠦᠨᠵᠡᠭᠡᠢ ᠠᠬᠢᠨ᠂ | ᠠᠷᠠᠳ ᠤᠨ ᠪᠤᠶᠠᠨ ᠭᠡᠰᠢᠭ ᠮᠡᠳᠡᠭᠳᠡᠮ᠎ᠡ ᠨᠡᠮᠡᠭᠳᠡᠭᠰᠡᠨ ᠲᠠᠪᠤᠨ ᠵᠢᠯ ᠪᠤᠯᠤᠨ᠎ᠠ᠃ ᠡᠳ᠋ ᠤᠨ ᠵᠠᠰᠠᠭ ᠤᠨ | ᠵᠠᠷᠤᠯᠭ᠎ᠠ ᠶᠢᠨ 69% ᠶᠢ ᠠᠷᠠᠳ ᠤᠨ ᠠᠮᠢᠳᠤᠷᠠᠯ ᠳᠤ ᠬᠡᠷᠡᠭᠯᠡᠨ᠂ ᠵᠢᠯ ᠪᠦᠷᠢ ᠨᠢᠭᠡ ᠪᠦᠯᠦᠭ ᠠᠷᠠᠳ ᠤᠨ | ᠠᠮᠢᠳᠤᠷᠠᠯ ᠳᠤ ᠠᠰᠢᠭᠲᠠᠢ ᠪᠤᠳᠠᠲᠤ ᠬᠡᠷᠡᠭ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠦᠷᠲᠡᠭᠡᠯ ᠤᠨ ᠬᠡᠮᠵᠢᠶ᠎ᠡ ᠶᠢ | ᠲᠠᠰᠤᠷᠠᠯᠲᠠ ᠦᠭᠡᠢ ᠨᠡᠮᠡᠭᠳᠡᠭᠦᠯᠪᠡ᠃ ᠲᠠᠪᠤᠨ ᠵᠢᠯ ᠤᠨ ᠲᠤᠷᠰᠢ 4.1 ᠲᠦᠮᠡᠨ ᠬᠦᠮᠦᠨ ᠢ ᠲᠦᠪᠬᠢᠨᠡᠭᠦᠯᠦᠨ ᠠᠵᠢᠯ | ᠤᠯᠭᠤᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠶᠢᠨ ᠵᠢᠯ ᠤᠨ ᠳᠤᠮᠳᠠᠴᠢ ᠨᠡᠮᠡᠭᠳᠡᠯ | 13% ᠠᠴᠠ ᠳᠡᠭᠡᠭᠰᠢ ᠪᠤᠯᠪᠠ᠃ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ | ᠬᠤᠲᠠ ᠪᠠᠯᠭᠠᠰᠤᠨ ᠤ ᠲᠤᠤᠷ᠎ᠠ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠶᠢ ᠨᠡᠶᠢᠳᠡᠮ ᠪᠦᠷᠬᠦᠭᠦᠯᠬᠦ ᠶᠢ | ᠦᠨᠳᠦᠰᠦᠨ ᠳᠡᠭᠡᠨ ᠪᠡᠶᠡᠯᠡᠭᠦᠯᠵᠦ᠂ 8000 ᠢᠯᠡᠭᠦᠦ ᠬᠦᠴᠢᠷᠳᠡᠯ ᠲᠠᠢ ᠡᠷᠦᠬᠡ ᠤᠷᠤᠨ ᠰᠠᠭᠤᠴᠠ ᠶᠢᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠠᠰᠢᠭ ᠢ ᠬᠦᠷᠲᠡᠪᠡ᠃ ᠰᠢᠯᠢᠳᠡᠭ ᠴᠢᠨᠡᠷ ᠪᠦᠭᠦᠢ ᠰᠤᠷᠭᠠᠨ | ᠬᠦᠮᠦᠵᠢᠯ ᠤᠨ ᠠᠵᠢᠯᠯᠠᠭᠠᠨ ᠤ ᠲᠦᠯᠦᠪᠯᠡᠭᠡ ᠪᠤᠯᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ 3 | ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ 20 ᠰᠠᠭᠤᠷᠢ ᠠᠯᠪᠠᠨ ᠤ ᠬᠡᠦᠬᠡᠳ ᠤᠨ ᠴᠡᠴᠡᠷᠯᠢᠭ | ᠪᠠᠶᠢᠭᠤᠯᠤᠨ᠂ ᠨᠢᠭᠡᠳᠦᠭᠡᠷ ᠠᠵᠢᠯ ᠮᠡᠷᠭᠡᠵᠢᠯ ᠤᠨ ᠰᠤᠷᠭᠠᠭᠤᠯᠢ ᠪᠤᠯᠤᠨ ᠬᠤᠩ ᠱᠠᠨ ᠳᠤᠮᠳᠠᠳᠤ ᠰᠤᠷᠭᠠᠭᠤᠯᠢ ᠶᠢ | ᠪᠠᠶᠢᠭᠤᠯᠵᠤ᠂ 28.2 ᠲᠦᠮᠡᠨ ᠳᠡᠭᠰᠢ ᠳᠦᠷᠪᠡᠯᠵᠢᠨ ᠮᠧᠲᠷ ᠤᠨ ᠰᠤᠷᠭᠠᠭᠤᠯᠢ ᠶᠢᠨ ᠠᠮᠤᠷ ᠲᠦᠪᠰᠢᠨ ᠤ | ᠢᠨᠵᠧᠨᠧᠷᠢᠩ ᠢ ᠬᠡᠷᠡᠭᠵᠢᠭᠦᠯᠪᠡ᠃ ᠰᠤᠶᠤᠯ᠂ ᠡᠮ ᠡᠮᠨᠡᠯᠭᠡ᠂ ᠲᠠᠮᠢᠷ ᠤᠨ ᠦᠢᠯᠡᠰ ᠪᠦᠬᠦ ᠲᠠᠯ᠎ᠠ ᠪᠠᠷ ᠬᠦᠭᠵᠢᠨ᠂ | ᠬᠤᠩ ᠱᠠᠨ ᠬᠠᠭᠤᠴᠢ ᠦᠯᠡᠳᠡᠭᠳᠡᠯ ᠪᠠ ᠸᠧᠢ ᠵᠢᠶᠠ ᠸᠧ ᠫᠦ᠋ ᠦᠯᠡᠳᠡᠭᠳᠡᠯ ᠤᠯᠤᠰ ᠤᠨ ᠳᠡᠯᠡᠬᠡᠢ ᠶᠢᠨ | ᠰᠤᠶᠤᠯ ᠤᠨ ᠦᠪ ᠲᠤ ᠮᠡᠳᠡᠭᠦᠯᠬᠦ ᠪᠡᠯᠡᠳᠬᠡᠯ ᠨᠡᠷᠡᠰ ᠲᠤ ᠤᠷᠤᠵᠤ᠂ ᠬᠤᠶᠠᠳᠤᠭᠠᠷ ᠡᠮᠨᠡᠯᠭᠡ ᠶᠢᠨ ᠬᠤᠷᠢᠶᠠᠨ ᠤ | ᠲᠤᠲᠤᠷ ᠰᠠᠯᠠᠭᠠᠨ ᠤ ᠡᠪᠡᠳᠴᠢᠳᠡᠨ ᠤ ᠠᠰᠠᠷ ᠪᠤᠯᠤᠨ ᠶᠡᠷᠦᠩᠬᠡᠶᠢᠯᠡᠭᠰᠡᠨ ᠪᠠᠳᠤᠯᠠᠭ᠎ᠠ ᠶᠢᠨ ᠠᠰᠠᠷ ᠢ ᠪᠠᠶᠢᠭᠤᠯᠤᠨ᠂ | 6 ᠰᠤᠶᠤᠯ ᠲᠠᠮᠢᠷ ᠤᠨ ᠬᠦᠳᠡᠯᠭᠡᠭᠡᠨ ᠤ ᠲᠠᠯᠠᠪᠤᠷ ᠢ ᠰᠢᠨ᠎ᠡ ᠪᠠᠷ ᠪᠠᠶᠢᠭᠤᠯᠵᠤ᠂ ᠦᠨᠳᠦᠰᠦᠨ ᠱᠠᠳᠤᠨ ᠤ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠨᠡᠩ ᠲᠡᠭᠦᠯᠳᠡᠷᠵᠢᠪᠡ᠃ ᠤᠶᠤᠨ ᠰᠠᠨᠠᠭᠠᠨ ᠤ ᠪᠤᠯᠪᠠᠰᠤᠨ ᠤ | ᠪᠠᠶᠢᠭᠤᠯᠤᠯᠲᠠ ᠶᠢᠨ ᠠᠵᠢᠯᠯᠠᠭᠠᠨ ᠢ ᠦᠷᠭᠦᠯᠵᠢᠯᠡᠨ ᠦᠷᠨᠢᠭᠦᠯᠪᠡ᠃ ᠬᠠᠤᠯᠢ ᠪᠠᠷ ᠵᠠᠰᠠᠬᠤ ᠬᠤᠩ ᠱᠠᠨ ᠪᠤᠯᠤᠨ | ᠠᠮᠤᠷ ᠲᠦᠪᠰᠢᠨ ᠬᠤᠩ ᠱᠠᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠨᠡᠶᠢᠭᠡᠮ ᠤᠨ ᠶᠡᠭᠡ ᠪᠠᠶᠢᠳᠠᠯ | ᠠᠮᠤᠷ ᠲᠦᠪᠰᠢᠨ ᠡᠶ᠎ᠡ ᠵᠤᠬᠢᠴᠠᠯᠲᠠᠢ ᠪᠤᠯᠪᠠ᠃ | ᠡᠳᠡᠭᠡᠷ ᠠᠮᠵᠢᠯᠲᠠ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ | ᠲᠤᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠶᠢᠨ ᠦᠷ᠎ᠡ ᠳ᠋ᠦᠩ ᠮᠦᠨ᠃ | ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠂ ᠲᠤᠭᠤᠷᠢᠭ ᠤᠨ ᠤᠯᠤᠰ ᠲᠦᠷᠦ ᠶᠢᠨ | ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠭᠦᠴᠦᠲᠡᠢ ᠳᠡᠮᠵᠢᠯᠭᠡ ᠶᠢᠨ ᠦᠷ᠎ᠡ ᠳ᠋ᠦᠩ ᠮᠦᠨ᠃ ᠪᠦᠬᠦ | ᠲᠤᠭᠤᠷᠢᠭ ᠤᠨ ᠠᠷᠠᠳ ᠲᠦᠮᠡᠨ ᠵᠢᠷᠭᠠᠯ ᠵᠤᠪᠠᠯ ᠢᠶᠠᠨ ᠬᠠᠮᠳᠤᠳᠬᠠᠨ᠂ ᠡᠷᠡᠯᠭᠡᠭᠯᠡᠨ ᠤᠷᠤᠭᠰᠢᠯᠠᠭᠰᠡᠨ ᠤ ᠦᠷ᠎ᠡ | ᠳ᠋ᠦᠩ ᠮᠦᠨ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠮᠠᠨ ᠤ | ᠲᠤᠭᠤᠷᠢᠭ ᠤᠨ ᠬᠦᠭᠵᠢᠯᠲᠡ ᠳᠤ ᠬᠦᠴᠦᠨ ᠵᠢᠳᠬᠦᠯ ᠢᠶᠠᠨ ᠦᠵᠡᠭᠦᠯᠦᠭᠰᠡᠨ ᠺᠠᠳ᠋ᠷ ᠤᠯᠠᠨ ᠲᠦᠮᠡᠨ᠂ ᠮᠠᠨ ᠤ | ᠲᠤᠭᠤᠷᠢᠭ ᠤᠨ ᠠᠵᠦ ᠠᠬᠤᠢ᠂ ᠨᠡᠶᠢᠭᠡᠮ ᠤᠨ ᠬᠦᠭᠵᠢᠯᠲᠡ ᠳᠤ ᠤᠷᠤᠯᠴᠠᠭᠰᠡᠨ ᠪᠡᠯᠡ ᠤᠷᠤᠭᠤᠯᠤᠭᠴᠢ ᠪᠠ | ᠪᠦᠲᠦᠭᠡᠨ ᠪᠠᠶᠢᠭᠤᠯᠤᠭᠴᠢ ᠵᠢᠴᠢ ᠮᠠᠨ ᠤ ᠲᠤᠭᠤᠷᠢᠭ ᠤᠨ ᠬᠦᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ | ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠦᠶ᠎ᠡ | ︕ | 《ᠠᠷᠪᠠᠨ ᠬᠤᠶᠠᠳᠤᠭᠠᠷ ᠲᠠᠪᠤᠨ ᠵᠢᠯ》 ᠤᠨ ᠬᠦᠭᠵᠢᠯᠲᠡ ᠶᠢᠨ ᠠᠮᠵᠢᠯᠲᠠ ᠨᠢ ᠬᠦᠮᠦᠰ ᠢ | ᠤᠷᠮᠠᠰᠢᠭᠤᠯᠤᠨ ᠵᠣᠷᠢᠭᠵᠢᠭᠤᠯᠤᠨ᠎ᠠ᠂ ᠭᠡᠪᠡᠴᠦ ᠬᠤᠵᠢᠮ ᠤᠨ ᠬᠦᠭᠵᠢᠯᠲᠡ ᠶᠢᠨ ᠵᠠᠮ ᠳᠤ ᠪᠠᠭ᠎ᠠ ᠪᠤᠰᠤ ᠬᠦᠴᠢᠷᠳᠡᠯ | ᠪᠠ ᠠᠰᠠᠭᠤᠳᠠᠯ ᠤᠷᠤᠰᠢᠵᠤ ᠪᠠᠶᠢᠨ᠎ᠠ᠃ ᠭᠤᠤᠯᠳᠠᠭᠤ ᠬᠥᠭᠵᠢᠯᠲᠡ ᠶᠢ ᠬᠠᠷᠰᠢᠯᠠᠬᠤ ᠪᠠᠶᠢᠭᠤᠯᠤᠮᠵᠢ ᠲᠤᠭᠲᠠᠴᠠ | ᠶᠢᠨ ᠬᠠᠷᠰᠢ ᠰᠠᠭᠠᠳ ᠪᠦᠷᠢᠮᠦᠰᠦᠨ ᠠᠷᠢᠯᠤᠭ᠎ᠠ ᠦᠭᠡᠢ᠂ ᠪᠦᠬᠦ ᠠᠷᠠᠳ ᠢᠶᠠᠷ ᠢᠶᠠᠨ ᠦᠢᠯᠡᠰ ᠪᠤᠰᠬᠠᠨᠰᠢᠨᠡ ᠶᠢ | ᠡᠭᠦᠳᠬᠦ ᠠᠮᠢᠵᠢᠷᠠᠯ ᠤᠨ ᠬᠦᠴᠦᠨ ᠭᠦᠢᠴᠡᠳ ᠢᠯᠡᠷᠡᠭᠡ ᠦᠭᠡᠢ︔ ᠬᠦᠭᠵᠢᠯᠲᠡ ᠶᠢᠨ ᠬᠦᠳᠡᠯᠭᠡᠭᠴᠢ ᠬᠦᠴᠦᠨ | ᠡᠯᠧᠮᠧᠨ᠋ᠲ ᠪᠤᠯᠤᠨ ᠪᠡᠯᠡ ᠤᠷᠤᠭᠤᠯᠤᠯᠲᠠ ᠶᠢᠨ ᠳᠠᠶᠢᠴᠢᠯᠠᠯᠲᠠ ᠳᠤ ᠲᠦᠰᠢᠭᠯᠡᠨ᠂ ᠰᠢᠨ᠎ᠡ ᠶᠢ ᠡᠭᠦᠳᠬᠦ ᠪᠤᠯᠤᠨ | ᠬᠡᠷᠡᠭᠯᠡᠭᠡᠨ ᠤ ᠬᠦᠳᠡᠯᠭᠡᠬᠦᠷ ᠢᠶᠠᠷ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ | ᠴᠢᠬᠤᠯᠠᠲᠠᠢ︔ ᠬᠦᠭᠵᠢᠯᠲᠡ ᠶᠢᠨ ᠤᠷᠤᠨ ᠵᠠᠢ ᠬᠢᠵᠠᠭᠠᠷᠲᠠᠢ᠂ ᠤᠷᠴᠢᠨ ᠲᠤᠭᠤᠷᠢᠨ ᠪᠤᠯᠤᠨ ᠤᠰᠤᠨ ᠤ ᠡᠬᠢ | ᠪᠠᠶᠠᠯᠢᠭ ᠤᠨ ᠬᠦᠯᠢᠶᠡᠰᠦᠯᠡᠯ ᠤᠯᠠᠮ ᠢᠶᠠᠷ ᠶᠡᠬᠡᠰᠪᠡ᠃ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ | ᠬᠦᠭᠵᠢᠯᠲᠡ ᠬᠦᠷᠦᠯᠴᠡᠬᠦ ᠦᠭᠡᠢ᠂ ᠤᠯᠠᠮᠵᠢᠯᠠᠯᠲᠦ ᠠᠵᠤ ᠦᠢᠯᠡᠰ ᠤᠨ ᠳᠡᠰ ᠳᠠᠪᠰᠢᠯᠲᠠ ᠦᠭᠡᠷᠡᠴᠢᠯᠡᠨ | ᠪᠠᠶᠢᠭᠤᠯᠤᠯᠲᠠ ᠤᠳᠠᠭᠠᠨ᠂ ᠤᠳᠤ ᠦᠶ᠎ᠡ ᠶᠢᠨ ᠬᠤᠲᠠ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠳᠤ | ᠨᠡᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠢ︔ ᠬᠤᠲᠠ ᠪᠠᠯᠭᠠᠰᠤᠨ ᠤ ᠬᠦᠭᠵᠢᠯᠲᠡ ᠶᠢ ᠨᠢᠭᠡᠲᠦᠯᠲᠡᠢ | ᠲᠦᠯᠦᠪᠵᠢᠭᠦᠯᠬᠦ ᠪᠠᠶᠢᠭᠤᠯᠤᠮᠵᠢ ᠲᠤᠭᠲᠠᠴᠠ ᠪᠦᠷᠢᠮᠦᠰᠦᠨ ᠲᠡᠭᠦᠯᠳᠡᠷᠵᠢᠭᠡ ᠦᠭᠡᠢ᠂ ᠬᠤᠲᠠ ᠪᠠᠯᠭᠠᠰᠤᠨ ᠤ ᠨᠢᠭᠡ | ᠴᠤᠭᠴᠠᠵᠢᠯᠲᠠ᠂ ᠳᠦᠭᠦᠮ ᠪᠦᠲᠦᠴᠡᠲᠦ ᠤᠷᠤᠨ ᠰᠠᠭᠤᠴᠠ᠂ ᠬᠤᠲᠠᠨ ᠳᠠᠬᠢ ᠲᠤᠰᠬᠤᠨ ᠢ ᠦᠭᠡᠷᠡᠴᠢᠯᠠᠨ | ᠪᠠᠶᠢᠭᠤᠯᠬᠤ ᠡᠭᠦᠷᠭᠡ ᠬᠦᠨᠳᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠳᠠᠷᠤᠯᠲᠠ ᠶᠡᠭᠡ︔ ᠬᠠᠭᠤᠴᠢᠨ ᠬᠤᠲᠠ | ᠲᠤᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠮᠵᠢ ᠬᠦᠷᠦᠯᠴᠡᠬᠦ ᠦᠭᠡᠢ᠂ ᠠᠭᠤᠳᠠᠮ ᠲᠠᠯᠠᠪᠠᠢ᠂ ᠵᠦᠯᠭᠡ᠂ | ᠲᠡᠷᠭᠡᠨ ᠵᠤᠭᠰᠤᠭᠠᠯ ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠬᠦᠷᠦᠯᠴᠡᠬᠦ ᠦᠭᠡᠢ᠂ ᠵᠠᠮ ᠬᠠᠷᠢᠯᠴᠠᠭᠠᠨ ᠤ | ᠲᠦᠭᠵᠢᠷᠡᠯ ᠬᠦᠨᠳᠦ ᠨᠤᠴᠢᠲᠠᠢ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠨᠠᠷᠢᠯᠢᠭᠵᠢᠯᠲᠠ ᠶᠢᠨ | ᠬᠡᠮᠵᠢᠶ᠎ᠡ ᠦᠨᠳᠦᠷ ᠪᠢᠰᠢ᠂ ᠡᠪᠡᠳᠴᠢᠨ ᠦᠵᠡᠭᠦᠯᠬᠦ᠂ ᠰᠤᠷᠭᠠᠭᠤᠯᠢ ᠳᠤ ᠤᠷᠤᠭᠤᠯᠬᠤ᠂ ᠠᠳᠠᠯ ᠠᠬᠤᠢ ᠶᠢᠨ | ᠬᠠᠮᠢᠶᠠᠷᠤᠯᠲᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠨᠢ ᠠᠷᠠᠳ ᠲᠦᠮᠡᠨ ᠤ | ᠱᠠᠭᠠᠷᠳᠠᠯᠭ᠎ᠠ ᠲᠠᠢ ᠵᠦᠷᠢᠶ᠎ᠡ ᠤᠷᠤᠰᠢᠵᠤ ᠪᠠᠶᠢᠨ᠎ᠠ︔ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠪᠤᠯᠤᠨ | ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ︔ ᠺᠠᠳ᠋ᠷ ᠤᠨ ᠳᠤᠮᠳᠠ ᠠᠵᠢᠯ ᠤᠨ | ᠠᠮᠵᠢᠯᠲᠠ ᠦᠭᠡᠢ᠂ ᠠᠮᠵᠢᠯᠲᠠ ᠤᠳᠠᠭᠠᠨ ᠦᠵᠡᠭᠳᠡᠯ ᠤᠷᠤᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠪᠦᠷ | ᠰᠢᠨ᠎ᠡ ᠪᠠᠶᠢᠳᠠᠯ ᠲᠤᠤᠷ᠎ᠠ᠂ ᠰᠢᠨ᠎ᠡ ᠰᠡᠳᠬᠢᠮᠵᠢ ᠪᠠ ᠠᠷᠭ᠎ᠠ ᠮᠠᠶ᠋ᠢᠭ ᠢᠶᠠᠷ ᠨᠢᠭᠡᠳ ᠨᠢᠭᠡ ᠪᠠᠷ ᠠᠭᠠᠵᠢᠮ ᠢᠶᠠᠷ | ᠰᠢᠢᠳᠪᠦᠷᠢᠯᠡᠬᠦ ᠴᠢᠬᠤᠯᠠᠲᠠᠢ᠃ | ᠲᠦᠯᠦᠭᠡᠯᠡᠭᠴᠢᠳ ᠡ᠂ 《 ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭ᠎ᠠ ᠪᠤᠯ ᠮᠠᠨ ᠤ | ᠲᠤᠭᠤᠷᠢᠭ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠠᠷᠠᠳ ᠢ ᠪᠠᠶᠠᠵᠢᠭᠤᠯᠤᠨ | ᠲᠤᠭᠤᠷᠢᠭ ᠢᠶᠠᠨ ᠬᠦᠴᠦᠷᠬᠡᠭᠵᠢᠭᠦᠯᠬᠦ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠮᠦᠨ᠂ | ᠬᠦᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠠᠨ ᠬᠤᠪᠢᠷᠠᠭᠤᠯᠬᠤ᠂ ᠳᠤᠮᠳᠠ ᠦᠨᠳᠦᠷ ᠬᠦᠭᠵᠢᠯᠲᠡ ᠶᠢᠨ ᠬᠢᠷᠢ | ᠲᠦᠪᠰᠢᠨ ᠳᠤ ᠰᠢᠯᠵᠢᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠢᠶᠠᠯ ᠤᠨ ᠬᠤᠭᠤᠴᠠᠭ᠎ᠠ ᠪᠤᠯᠤᠨ᠎ᠠ᠃ | ᠬᠤᠷᠸ᠎ᠠ ᠲᠠᠯ᠎ᠠ ᠠᠴᠠ ᠦᠵᠡᠪᠡᠯ ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠪᠠᠶᠢᠳᠠᠯ ᠳᠤ ᠵᠤᠬᠢᠴᠠᠬᠤ ᠪᠠ | ᠵᠠᠮᠴᠢᠯᠠᠬᠤ ᠨᠢ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠲᠤᠮᠤ ᠯᠤᠬᠢᠭ ᠮᠦᠨ᠃ ᠨᠠᠮ ᠤᠨ | ᠲᠦᠪ ᠬᠤᠷᠢᠶᠠᠨ ᠠᠴᠠ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠳᠦᠯ ᠦᠭᠡᠢ᠂ | ᠨᠡᠭᠡᠭᠡᠯᠲᠡᠲᠦ᠂ ᠬᠠᠮᠲᠤᠪᠡᠷ ᠡᠳ᠋ᠯᠡᠬᠦ ᠲᠠᠪᠤᠨ ᠶᠡᠭᠡ ᠬᠦᠭᠵᠢᠯᠲᠡ ᠶᠢᠨ ᠤᠶᠢᠯᠠᠭᠠᠭᠳᠠᠬᠤᠨ ᠢ ᠬᠤᠷᠢᠶᠠᠩᠭᠤᠶᠢᠯᠠᠨ | ᠭᠠᠷᠭᠠᠵᠤ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠬᠤᠷᠸ᠎ᠠ ᠲᠦᠷᠦ ᠶᠢᠨ ᠪᠤᠳᠤᠯᠭ᠎ᠠ ᠲᠤᠭᠲᠠᠭᠤᠨ᠂ ᠠᠵᠦ | ᠦᠢᠯᠡᠰ ᠤᠨ ᠲᠦᠷᠦ ᠶᠢᠨ ᠪᠤᠳᠤᠯᠭ᠎ᠠ ᠤᠨᠤᠪᠴᠢᠲᠡᠢ᠂ ᠬᠤᠮᠠᠬᠢ ᠲᠦᠷᠦ ᠶᠢᠨ ᠪᠤᠳᠤᠯᠭ᠎ᠠ ᠠᠮᠢᠳᠤᠯᠢᠭ᠂ | ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠪᠤᠳᠠᠲᠠᠢ᠂ ᠨᠡᠶᠢᠭᠡᠮ ᠤᠨ ᠲᠦᠷᠦ ᠶᠢᠨ ᠪᠤᠳᠤᠯᠭ᠎ᠠ ᠳᠤ ᠨᠡᠶᠢᠳᠠᠬᠤ | ᠵᠡᠷᠭᠡ ᠲᠠᠪᠤᠨ ᠶᠡᠭᠡ ᠲᠤᠯᠭᠠᠭᠤᠷᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠠᠵᠢᠯ ᠤᠨ ᠭᠤᠤᠯᠳᠠᠯᠭ᠎ᠠ ᠶᠢᠨ | ᠲᠠᠯ᠎ᠠ ᠪᠠᠷ ᠦᠢᠯᠡᠳᠪᠦᠷᠢᠯᠡᠯ ᠢ ᠡᠵᠡᠮᠳᠡᠬᠦ ᠂ ᠬᠦᠮᠦᠷᠭᠡ ᠶᠢ ᠡᠵᠡᠮᠳᠡᠬᠦ᠂ ᠭᠦᠰᠢᠭᠦᠷᠭᠡ ᠶᠢ ᠡᠵᠡᠮᠳᠡᠬᠦ᠂ | ᠦᠪᠡᠷ ᠤᠨ ᠦᠷᠲᠡᠭ ᠢ ᠪᠠᠭᠤᠷᠠᠭᠤᠯᠬᠤ᠂ ᠲᠤᠲᠠᠭᠳᠠᠯ ᠢ ᠨᠦᠬᠦᠪᠦᠷᠢᠯᠡᠬᠦ ᠲᠠᠪᠤᠨ ᠶᠡᠭᠡ ᠡᠭᠦᠷᠭᠡ ᠶᠢ ᠲᠤᠪᠤᠶᠢᠯᠭᠠᠵᠤ᠂ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠬᠦᠴᠦᠯᠡᠴᠡ ᠶᠢ ᠴᠢᠩᠭᠠᠳᠬᠠᠬᠤ ᠨᠢ ᠮᠠᠨ ᠤ ᠲᠤᠭᠤᠷᠢᠭ ᠤᠨ | ᠬᠦᠭᠵᠢᠯᠲᠡ ᠶᠢᠨ ᠰᠦᠪᠡᠭᠴᠢᠯᠡᠯᠲᠡ ᠳᠤ ᠰᠢᠨ᠎ᠡ ᠬᠠᠷᠠᠭᠠᠰᠤ ᠤᠯᠭᠤᠵᠤ᠂ ᠠᠵᠤ ᠠᠬᠤᠢ ᠶᠢᠨ ᠪᠦᠲᠦᠴᠡ ᠶᠢᠨ | ᠬᠤᠪᠢᠷᠠᠯᠲᠠ ᠳᠡᠰ ᠳᠠᠪᠰᠢᠯᠲᠠ ᠳᠤ ᠰᠢᠨ᠎ᠡ ᠲᠤᠬᠢᠶᠠᠯ ᠤᠯᠭᠤᠬᠤ ᠶᠢ ᠠᠬᠢᠭᠤᠯᠪᠠ᠃ ᠤᠯᠤᠰ ᠠᠴᠠ | ᠬᠦᠭᠵᠢᠯᠲᠡ ᠶᠢᠨ ᠰᠢᠨ᠎ᠡ ᠤᠷᠤᠨ ᠵᠠᠢ ᠶᠢ ᠢᠳᠡᠪᠬᠢᠲᠡᠢ ᠦᠷᠭᠡᠳᠬᠡᠨ᠂ 《 ᠨᠢᠭᠡ ᠪᠦᠰᠡ ᠨᠢᠭᠡ ᠱᠤᠭᠤᠮ》᠂ | ᠵᠢᠩ ᠶᠢᠨ ᠵᠢᠢ ᠳᠤ ᠬᠠᠮᠵᠢᠯᠴᠠᠨ ᠬᠦᠭᠵᠢᠬᠦ᠂ ᠪᠦᠸᠧᠬᠠᠢ ᠳᠠᠩᠭᠢᠰ ᠢ ᠲᠤᠭᠤᠷᠢᠭᠰᠠᠨ ᠠᠵᠤ ᠠᠬᠤᠢ ᠶᠢᠨ ᠤᠷᠤᠨ | ᠲᠠᠢ ᠬᠠᠮᠵᠢᠯᠴᠠᠨ ᠬᠦᠭᠵᠢᠬᠦ᠂ ᠵᠡᠭᠦᠨ ᠬᠤᠶᠢᠲᠤ ᠵᠡᠷᠭᠡ ᠬᠠᠭᠤᠴᠢᠨ ᠠᠵᠦ ᠦᠢᠯᠡᠳᠪᠦᠷᠢ ᠶᠢᠨ ᠰᠠᠭᠤᠷᠢᠨ ᠭᠠᠵᠠᠷ ᠢ | ᠪᠦᠬᠦ ᠲᠠᠯ᠎ᠠ ᠪᠠᠷ ᠭᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠭᠡ ᠬᠦᠴᠦᠨ ᠢᠶᠠᠷ ᠠᠬᠢᠭᠤᠯᠪᠠ ︔ ᠦᠪᠡᠷᠲᠡᠭᠡᠨ | ᠵᠠᠰᠠᠬᠤ ᠤᠷᠤᠨ ᠠᠴᠠ ᠤᠷᠤᠨ ᠬᠡᠪᠴᠢᠶᠡᠨ ᠤ ᠵᠤᠬᠢᠴᠠᠩᠭᠤᠢ ᠬᠦᠭᠵᠢᠯᠲᠡ ᠶᠢ ᠨᠢᠭᠡᠲᠦᠯᠲᠡᠢ ᠲᠦᠯᠦᠪᠵᠢᠭᠦᠯᠬᠦ | ᠬᠦᠴᠦᠯᠡᠴᠡ ᠪᠠᠨ ᠨᠡᠮᠡᠭᠳᠡᠭᠦᠯᠦᠨ᠂ 《 ᠰᠢᠯᠢᠨᠬᠤᠲᠠ — ᠤᠯᠠᠭᠠᠨᠬᠠᠳᠠ — ᠲᠦᠩᠯᠢᠶᠤᠤ ᠱᠤᠭᠤᠮ》 | ᠪᠤᠯᠤᠨ《 ᠰᠢᠯᠢᠨᠬᠤᠲᠠ — ᠤᠯᠠᠭᠠᠨᠬᠠᠳᠠ — ᠴᠤᠤ ᠶᠠᠩ — ᠵᠢᠨᠵᠸᠦ》 ᠠᠵᠤ ᠠᠬᠤᠢ ᠶᠢᠨ ᠪᠦᠰᠡ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠪᠠ︔ ᠤᠯᠠᠭᠠᠨᠬᠠᠳᠠ ᠬᠤᠲᠠ ᠤᠯᠤᠰ ᠤᠨ ᠬᠠᠭᠤᠴᠢᠨ ᠠᠵᠤ | ᠦᠢᠯᠡᠳᠪᠦᠷᠢ ᠶᠢᠨ ᠤᠷᠤᠨ ᠢ ᠰᠢᠯᠵᠢᠭᠦᠯᠦᠨ ᠦᠭᠡᠷᠡᠴᠢᠯᠡᠬᠦ ᠲᠤᠷᠰᠢᠯᠲᠠ ᠶᠢᠨ ᠴᠡᠭ᠂ ᠤᠯᠤᠰ ᠤᠨ ᠳᠡᠰ ᠤᠨ ᠠᠵᠤ | ᠦᠢᠯᠡᠰ ᠬᠤᠲᠠ ᠤᠶᠠᠯᠳᠤᠭᠰᠠᠨ ᠵᠢᠱᠢᠶ᠎ᠡ ᠦᠵᠡᠭᠦᠯᠬᠦ ᠤᠷᠤᠨ᠂ ᠤᠯᠤᠰ ᠤᠨ ᠳᠡᠰ ᠤᠨ ᠠᠵᠤ ᠦᠢᠯᠡᠰ ᠤᠨ | ᠬᠠᠮᠵᠢᠯᠴᠠᠭ᠎ᠠ ᠪᠤᠯᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠢᠱᠢᠶ᠎ᠡ ᠦᠵᠡᠭᠦᠯᠭᠦ ᠤᠷᠤᠨ ᠪᠤᠯᠤᠭᠰᠠᠨ | ᠨᠢ ᠮᠠᠨ ᠤ ᠲᠤᠭᠤᠷᠢᠭ ᠤᠨ ᠨᠡᠭᠡᠭᠡᠯᠲᠡᠲᠦ ᠬᠠᠮᠵᠢᠯᠴᠠᠭ᠎ᠠ ᠶᠢ ᠦᠷᠭᠡᠳᠬᠡᠬᠦ ᠳᠤ ᠠᠰᠢᠭᠲᠠᠢ ᠨᠦᠬᠦᠴᠡᠯ ᠬᠠᠩᠭᠠᠪᠠ᠃ | ᠡᠨᠡ ᠨᠢ ᠮᠠᠨ ᠢ《 ᠠᠷᠪᠠᠨ ᠬᠤᠶᠠᠳᠤᠭᠠᠷ ᠲᠠᠪᠤᠨ ᠵᠢᠯ》 ᠤᠨ ᠭᠦᠭᠵᠢᠯᠲᠠ ᠶᠢᠨ ᠰᠠᠭᠤᠷᠢ ᠠᠴᠠ ᠡᠭᠦᠰᠴᠦ᠂ | ᠰᠢᠨ᠎ᠡ ᠲᠤᠬᠢᠶᠠᠯ ᠢ ᠪᠠᠲᠤᠲᠠᠢ ᠠᠳᠬᠤᠨ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠵᠤ᠂ | ᠨᠡᠭᠡᠭᠡᠯᠲᠡᠲᠡᠢ ᠪᠠᠷ ᠤᠷᠤᠭᠰᠢᠯᠠᠨ ᠲᠡᠮᠡᠴᠡᠵᠦ᠂ ᠪᠦᠬᠦ ᠲᠤᠭᠤᠷᠢᠭ ᠤᠨ ᠡᠯ᠎ᠡ ᠲᠦᠷᠦᠯ ᠤᠨ ᠠᠵᠤ ᠦᠢᠯᠡᠰ ᠤᠨ | ᠭᠦᠭᠵᠢᠯᠲᠠ ᠶᠢ ᠠᠬᠢᠭᠤᠯᠵᠤ᠂ ᠡᠯ᠎ᠡ ᠲᠦᠷᠦᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢ | ᠱᠠᠭᠠᠷᠳᠠᠪᠠ᠃ | ᠲᠤᠭᠤᠷᠢᠭ ᠤᠨ ᠨᠠᠮ ᠤᠨ ᠬᠤᠷᠢᠶᠠᠨ ᠤ《 ᠬᠤᠩ ᠱᠠᠨ ᠲᠤᠭᠤᠷᠢᠭ ᠤᠨ ᠤᠯᠤᠰ ᠠᠷᠠᠳ ᠤᠨ ᠠᠵᠤ | ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ | ᠲᠤᠭᠲᠠᠭᠠᠬᠤ ᠲᠤᠬᠠᠢ ᠰᠠᠨᠠᠯ》 ᠢ ᠦᠨᠳᠦᠰᠦᠯᠡᠨ᠂ ᠲᠤᠭᠤᠷᠢᠭ ᠤᠨ ᠵᠠᠰᠠᠭ ᠤᠨ ᠤᠷᠳᠤᠨ《 ᠬᠤᠩ ᠱᠠᠨ | ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ | ᠲᠠᠪᠤᠨ ᠵᠢᠯ ᠤᠨ ᠲᠦᠯᠦᠪᠵᠢᠭᠦᠯᠭᠡ ᠵᠢᠨᠬᠦ᠋ᠲᠦᠯᠪᠦᠷᠢ ︵ᠲᠦᠰᠦᠯ︶》 ᠢ ᠲᠣᠭᠲᠠᠭᠠᠪᠠ᠃ 《 ᠬᠦᠲᠦᠯᠪᠦᠷᠢ ︵ | ᠲᠦᠰᠦᠯ︶》 ᠳᠤ ᠵᠢᠭᠠᠨ ᠭᠠᠷᠭᠠᠭᠰᠠᠨ ᠨᠢ᠂ ᠮᠠᠨ ᠤ ᠲᠤᠭᠤᠷᠢᠭ ᠤᠨ《 ᠠᠷᠪᠠᠨ ᠭᠤᠷᠪᠠᠳᠤᠭᠠᠷ ᠲᠠᠪᠤᠨ | ᠵᠢᠯ》 ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ ᠪᠤᠯ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ | ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ | 《 ᠳᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠷ ᠤᠳᠤᠷᠢᠳᠤᠭᠤᠯᠤᠨ᠂ | ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠳᠦᠯ ᠦᠭᠡᠢ᠂ ᠨᠡᠭᠡᠭᠡᠯᠲᠡᠲᠦ᠂ ᠬᠠᠮᠲᠤᠪᠡᠷ ᠡᠳ᠋ᠯᠡᠬᠦ | ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤᠵᠢᠭᠤᠯᠵᠤ᠂ ᠬᠦᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠂ | ᠠᠷᠠᠳ ᠢ ᠪᠠᠶᠠᠵᠢᠭᠤᠯᠵᠤ ᠲᠤᠭᠤᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠠᠷᠢᠮᠲᠠᠯᠠᠨ᠂ ᠠᠵᠤ ᠠᠬᠤᠢ᠂ | ᠤᠯᠤᠰ ᠲᠦᠷᠦ᠂ ᠰᠤᠶᠤᠯ᠂ ᠨᠡᠶᠢᠭᠡᠮ ᠪᠤᠯᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ | ᠵᠤᠬᠢᠴᠠᠩᠭᠤᠢ ᠠᠬᠢᠭᠤᠯᠵᠤ᠂ ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠬᠦᠴᠦᠯᠡᠨ ᠪᠤᠶᠢᠵᠢᠭᠤᠯᠵᠦ᠂ | ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢ | ᠨᠢᠭᠡᠲᠦᠯᠲᠡᠢ ᠲᠦᠯᠦᠪᠵᠢᠭᠦᠯᠬᠦ ᠬᠦᠭᠵᠢᠯᠲᠡ ᠶᠢᠨ ᠰᠢᠨ᠎ᠡ ᠲᠠᠪᠠᠭᠤᠯᠢᠭ ᠢ ᠬᠦᠴᠦᠯᠡᠨ ᠬᠤᠷᠠᠮᠳᠤᠭᠤᠯᠵᠤ᠂ | ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠨᠡᠭᠡᠭᠡᠨ ᠂ ᠬᠤᠩ ᠱᠠᠨ ᠲᠤᠭᠤᠷᠢᠭ ᠢᠶᠠᠨ ᠤᠯᠠᠭᠠᠨᠬᠠᠳᠠ | ᠬᠤᠲᠠ ᠶᠢᠨ ᠠᠵᠤ ᠠᠬᠤᠢ ᠦᠷᠨᠢᠨ ᠬᠦᠭᠵᠢᠭᠰᠡᠨ᠂ ᠠᠮᠢ ᠠᠬᠤᠢ ᠶᠢᠨ ᠲᠤᠬᠢᠯᠢᠭ ᠰᠠᠭᠤᠴᠠ᠂ ᠪᠤᠯᠪᠠᠰᠤᠨ ᠡᠶ᠎ᠡ | ᠵᠤᠬᠢᠴᠠᠯᠲᠤ ᠲᠤᠭᠤᠷᠢᠭ ᠪᠤᠯᠭᠠᠬᠤ ᠪᠠᠷ ᠴᠢᠷᠮᠠᠶᠢᠨ᠎ᠠ᠃ | 《ᠬᠦᠲᠦᠯᠪᠦᠷᠢ ︵ᠲᠦᠰᠦᠯ︶》 ᠳᠤ ᠵᠢᠭᠠᠨ ᠭᠠᠷᠭᠠᠭᠰᠠᠨ ᠨᠢ᠂ ᠢᠷᠡᠬᠦ ᠲᠠᠪᠤᠨ ᠵᠢᠯ ᠤᠨ ᠠᠵᠤ | ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠬᠠᠷᠠᠯᠲᠠ ᠪᠤᠯᠤᠨ ᠡᠭᠦᠷᠭᠡ ᠪᠤᠯ᠄ 《 ᠵᠢᠷᠭᠤᠭᠠᠨ ᠰᠠᠭᠤᠷᠢᠨ | ᠭᠠᠵᠠᠷ᠂ ᠳᠦᠷᠪᠡᠨ ᠲᠦᠪ 》 ᠢ ᠪᠠᠶᠢᠭᠤᠯᠵᠤ᠂ 《 ᠵᠢᠷᠭᠤᠭᠠᠨ ᠳᠠᠬᠢᠨ ᠢᠶᠠᠷ ᠨᠡᠮᠡᠭᠳᠡᠭᠦᠯᠬᠦ》 ᠶᠢ ᠪᠠᠶᠡᠯᠡᠭᠦᠯᠦᠨ᠂ | 《 ᠨᠢᠭᠡ ᠶᠢ ᠪᠠᠷᠢᠮᠲᠠᠯᠠᠨ ᠬᠤᠶᠠᠷ ᠢ ᠲᠡᠷᠢᠭᠦᠯᠡᠬᠦ》 ᠶᠢ ᠭᠦᠢᠴᠡᠳᠬᠡᠨ᠎ᠡ᠃ ᠳᠠᠷᠤᠢ᠄ ᠦᠪᠦᠷ ᠮᠤᠩᠭᠤᠯ ᠤᠨ ᠡᠭᠦᠯᠡᠨ | ᠪᠤᠳᠤᠯᠲᠠ ᠶᠢᠨ ᠦᠢᠯᠡᠰ ᠤᠨ ᠬᠡᠷᠡᠭᠯᠡᠯᠲᠡ ᠶᠢᠨ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ᠂ ᠦᠪᠦᠷ | ᠮᠤᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠪᠤᠯᠤᠨ ᠡᠯᠧᠺᠲᠷᠤᠨ ᠦᠢᠯᠡᠳᠬᠦᠨ ᠢ ᠦᠢᠯᠡᠳᠬᠦ ᠰᠢᠨ᠎ᠡ ᠪᠠᠷ | ᠬᠦᠭᠵᠢᠭᠰᠡᠨ ᠠᠵᠤ ᠦᠢᠯᠡᠰ ᠤᠨ ᠰᠠᠭᠤᠷᠢᠨ᠂ ᠦᠪᠦᠷ ᠮᠤᠩᠭᠤᠯ ᠤᠨ ᠡᠮ ᠤᠨ ᠦᠢᠯᠡᠰ ᠤᠨ ᠰᠠᠭᠤᠷᠢᠨ᠂ ᠦᠪᠦᠷ | ᠮᠤᠩᠭᠤᠯ ᠤᠨ ᠨᠡᠬᠡᠮᠡᠯ ᠤᠨ ᠦᠢᠯᠡᠰ ᠤᠨ ᠰᠠᠭᠤᠷᠢᠨ᠂ ᠦᠪᠦᠷ ᠮᠤᠩᠭᠤᠯ ᠤᠨ ᠪᠤᠬᠢᠷᠳᠦᠯ ᠦᠭᠡᠢ ᠲᠠᠷᠢᠶᠠᠯᠠᠩ ᠤᠨ | ᠪᠦᠲᠦᠭᠡᠭᠳᠡᠭᠦᠨ ᠢ ᠪᠤᠯᠪᠠᠰᠤᠷᠠᠭᠤᠯᠬᠤ ᠰᠠᠭᠤᠷᠢᠨ᠂ ᠦᠪᠦᠷ ᠮᠤᠩᠭᠤᠯ ᠤᠨ ᠦᠩᠭᠡᠲᠦ ᠲᠡᠮᠦᠷᠯᠢᠭ ᠬᠠᠶᠢᠯᠠᠭᠤᠯᠤᠨ | ᠪᠤᠯᠪᠠᠰᠤᠷᠠᠭᠤᠯᠬᠤ ᠰᠠᠭᠤᠷᠢᠨ᠂ ᠦᠪᠦᠷ ᠮᠤᠩᠭᠤᠯ ᠤᠨ ᠵᠡᠭᠦᠨ ᠬᠡᠰᠡᠭ ᠡᠾᠧᠪᠸᠢ ᠶᠢᠨ ᠬᠤᠶᠢᠲᠤ ᠬᠡᠰᠡᠭ | ᠯᠢᠶᠤᠤᠨᠢᠩ ᠤᠨ ᠪᠠᠷᠠᠭᠤᠨ ᠬᠡᠰᠡᠭ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠭᠦᠢᠯᠭᠡᠭᠡᠨ ᠤ ᠲᠦᠪ᠂ | ᠤᠯᠠᠭᠠᠨᠬᠠᠳᠠ ᠶᠢᠨ ᠮᠦᠩᠭᠦᠨ ᠭᠦᠢᠯᠭᠡᠭᠡᠨ ᠤ ᠲᠦᠪ᠂ ᠤᠯᠠᠭᠠᠨᠬᠠᠳᠠ ᠶᠢᠨ ᠵᠤᠭᠠᠴᠠᠭᠰᠠᠳ ᠢ ᠲᠦᠪᠯᠡᠷᠡᠭᠦᠯᠦᠨ | ᠲᠠᠷᠬᠠᠭᠠᠬᠤ ᠲᠦᠪ᠂ ᠤᠯᠠᠭᠠᠨᠬᠠᠳᠠ ᠶᠢᠨ ᠡᠷᠡᠭᠦᠯᠵᠢᠭᠦᠯᠬᠦ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠦᠪ ᠪᠤᠯᠤᠨ᠎ᠠ | ᠃ 2020 ᠤᠨ ᠪᠤᠯᠬᠤ ᠳᠤ᠂ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ | ᠪᠤᠷᠤᠯᠠᠭᠤᠯᠤᠭᠰᠠᠨ ᠶᠡᠷᠦᠩᠬᠡᠢ ᠲᠤᠭ᠎ᠠ ᠵᠡᠷᠭᠡ ᠲᠠᠪᠤᠨ ᠲᠦᠷᠦᠯ ᠤᠨ ᠭᠦᠢᠴᠡᠳᠬᠡᠯ ᠲᠤᠭ᠎ᠠ 2010 ᠤᠨ ᠤ 3 | ᠳᠠᠬᠢᠨ ᠬᠦᠷᠴᠦ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 2010 ᠤᠨ ᠤ 2 | ᠳᠠᠬᠢᠨ ᠠᠴᠠ ᠲᠠᠪᠠᠭ᠋ᠤ ᠪᠤᠯᠤᠨ᠎ᠠ᠃ ᠪᠦᠬᠦ ᠬᠤᠲᠠ ᠶᠢᠨ ᠠᠵᠤ ᠠᠬᠤᠢ ᠶᠢᠨ ᠲᠦᠪ᠂ ᠰᠤᠶᠤᠯ ᠤᠨ ᠲᠦᠪ᠂ | ᠰᠢᠨᠵᠢᠯᠡᠭᠡ ᠰᠤᠳᠤᠯᠭᠠᠨ ᠤ ᠲᠦᠪ ᠪᠤᠯᠤᠨ ᠦᠢᠯᠡᠰ ᠪᠤᠰᠬᠠᠨ ᠠᠵᠢᠯ ᠤᠯᠭᠤᠬᠤ ᠲᠦᠪ ᠤᠨ ᠪᠠᠶᠢᠷᠢ ᠰᠠᠭᠤᠷᠢ ᠪᠠᠨ | ᠦᠷᠭᠦᠯᠵᠢᠯᠡᠨ ᠪᠠᠷᠢᠮᠲᠠᠯᠠᠵᠤ᠂ ᠪᠦᠬᠦ ᠬᠤᠲᠠ ᠳᠤ ᠬᠠᠮᠤᠭ ᠤᠷᠢᠳᠠᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ᠂ ᠬᠤᠲᠠ ᠪᠠᠯᠭᠠᠰᠤᠨ ᠤ ᠨᠢᠭᠡ ᠴᠤᠭᠴᠠᠵᠢᠯᠲᠠ ᠶᠢ ᠪᠠᠶᠠᠯᠠᠭᠦᠯᠤᠨ᠎ᠠ᠃ | ᠲᠦᠯᠦᠭᠡᠯᠡᠭᠴᠢᠳ ᠡ᠂ ᠳᠡᠭᠡᠷᠡᠬᠢ ᠬᠠᠷᠠᠯᠲᠠ ᠪᠤᠯᠤᠨ ᠡᠭᠦᠷᠭᠡ ᠶᠢ ᠲᠤᠭᠲᠠᠭᠠᠬᠤ ᠳᠤ ᠮᠠᠨ ᠤ | ᠲᠤᠭᠤᠷᠢᠭ ᠤᠨ ᠳᠠᠪᠠᠭᠤᠯᠢᠭ ᠪᠤᠯᠤᠨ ᠤᠨᠴᠠᠯᠢᠭ ᠢ ᠶᠡᠷᠦᠩᠬᠡᠶᠢᠯᠡᠨ ᠪᠤᠳᠤᠯᠬᠢᠯᠠᠵᠤ᠂ ᠢᠷᠡᠭᠡᠳᠦᠢ ᠶᠢᠨ | ᠬᠦᠭᠵᠢᠯᠲᠡ ᠶᠢᠨ ᠤᠨᠴᠠᠯᠢᠭ ᠪᠤᠯᠤᠨ ᠨᠦᠬᠦᠴᠡᠯ ᠢ ᠪᠤᠳᠤᠯᠬᠢᠯᠡᠪᠠ᠃ 《 ᠬᠦᠲᠦᠯᠪᠦᠷᠢ ︵ ᠲᠦᠰᠦᠯ︶》 ᠢ ᠲᠤᠰ | ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠪᠠᠲᠤᠯᠠᠭᠰᠠᠨ ᠤ ᠳᠠᠷᠠᠭ᠎ᠠ᠂ ᠮᠠᠨ ᠤ | ᠲᠤᠭᠤᠷᠢᠭ ᠤᠨ ᠬᠤᠶᠢᠰᠢᠲᠠ ᠶᠢᠨ ᠲᠠᠪᠤᠨ ᠵᠢᠯ ᠤᠨ ᠬᠦᠭᠵᠢᠯᠲᠡ ᠶᠢ ᠵᠢᠯᠤᠭᠤᠳᠬᠤ ᠬᠦᠲᠦᠯᠪᠦᠷᠢ ᠶᠢᠨ ᠴᠢᠨᠠᠷᠲᠠᠢ | ᠪᠢᠴᠢᠭ ᠮᠠᠲ᠋ᠧᠷᠢᠶᠠᠯ ᠪᠤᠯᠤᠨ᠎ᠠ᠃ ᠬᠤᠶᠢᠰᠢᠲᠠ ᠶᠢᠨ ᠲᠠᠪᠤᠨ ᠵᠢᠯ ᠳᠤ᠂ ᠪᠢᠳᠡ《 ᠠᠷᠪᠠᠨ ᠭᠤᠷᠪᠠᠳᠤᠭᠠᠷ ᠲᠠᠪᠤᠨ | ᠵᠢᠯ》 ᠤᠨ ᠬᠠᠷᠠᠯᠲᠠ ᠡᠭᠦᠷᠭᠡ ᠶᠢᠨ ᠲᠤᠭᠤᠷᠢᠨ ᠳᠤ᠂ ᠲᠦᠷᠦ ᠶᠢᠨ ᠪᠤᠳᠤᠯᠭ᠎ᠠ ᠲᠤᠭᠲᠠᠭᠠᠨ᠂ ᠠᠵᠢᠯ ᠢᠶᠠᠨ | ᠪᠠᠶᠢᠷᠢᠯᠠᠭᠤᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠡᠷᠴᠢᠮᠲᠠᠢ ᠤᠳᠤᠷᠢᠳᠤᠯᠭ᠎ᠠ ᠲᠤᠤᠷ᠎ᠠ᠂ 《 | ᠠᠷᠪᠠᠨ ᠬᠤᠶᠠᠳᠤᠭᠠᠷ ᠲᠠᠪᠤᠨ ᠵᠢᠯ》 ᠤᠨ ᠬᠦᠭᠵᠢᠯᠲᠡ ᠶᠢᠨ ᠰᠠᠶᠢᠨ ᠰᠠᠭᠤᠷᠢᠨ ᠳᠡᠭᠡᠷ᠎ᠡ᠂ ᠦᠷᠭᠡᠨ ᠤᠯᠠᠨ ᠠᠷᠠᠳ | ᠲᠦᠮᠡᠨ ᠤ ᠢᠲᠡᠭᠡᠯ ᠪᠠ ᠳᠡᠮᠵᠢᠯᠭᠡ ᠲᠤᠤᠷ᠎ᠠ᠂ ᠪᠢᠳᠡ ᠰᠡᠳᠬᠢᠯ ᠨᠢᠭᠡᠲᠤᠨ᠂ ᠴᠢᠷᠮᠠᠶᠢᠨ ᠲᠡᠮᠡᠴᠡᠪᠡᠯ《 ᠠᠷᠪᠠᠨ | ᠭᠤᠷᠪᠠᠳᠤᠭᠠᠷ ᠲᠠᠪᠤᠨ ᠵᠢᠯ》 ᠤᠨ ᠲᠦᠰᠦᠯ ᠨᠢ ᠪᠤᠳᠠᠲᠤ ᠠᠬᠤᠢ ᠪᠤᠯᠵᠦ ᠂ ᠨᠡᠩ ᠭᠡᠷᠡᠯ ᠰᠠᠴᠤᠷᠠᠩᠭᠤᠢ ᠲᠠᠪᠤᠨ | ᠵᠢᠯ ᠢ ᠪᠦᠲᠦᠭᠡᠨ ᠪᠠᠶᠢᠭᠤᠯᠬᠤ ᠨᠢ ᠯᠠᠪᠲᠠᠢ ᠭᠡᠳᠡᠭ ᠢ ᠪᠠᠲᠤ ᠢᠲᠡᠭᠡᠵᠦ ᠪᠠᠶᠢᠨ᠎ᠠ᠃ | ᠭᠤᠷᠪᠠ᠂ 《 ᠠᠷᠪᠠᠨ ᠭᠤᠷᠪᠠᠳᠤᠭᠠᠷ ᠲᠠᠪᠤᠨ ᠵᠢᠯ》 ᠤᠨ ᠡᠬᠢᠯᠡᠯᠲᠡ ᠶᠢᠨ ᠤᠨ ᠤ ᠡᠯ᠎ᠡ | ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠭᠦᠢᠴᠡᠳᠬᠡᠨ᠎ᠡ | 2016 ᠤᠨ ᠤ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠤᠷᠢᠳᠴᠢᠯᠡᠨ | ᠵᠢᠱᠢᠭᠰᠡᠨ ᠭᠤᠤᠯ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ | 8%᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ 7%᠂ 500 | ᠲᠦᠮᠡᠨ ᠲᠦᠭᠦᠷᠢᠭ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 13%᠂ | ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭᠠᠨ ᠤ ᠨᠡᠮᠡᠭᠳᠡᠯ 10%᠂ | ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ | ᠤᠷᠤᠯᠭ᠎ᠠ ᠶᠢᠨ ᠨᠡᠮᠡᠭᠳᠡᠯ ᠲᠤᠰᠪᠤᠷᠢ 10% ᠪᠠ 11%᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ | ᠲᠦᠯᠦᠭᠡ᠂ ᠲᠤᠤᠷᠠᠬᠢ ᠠᠵᠢᠯ ᠤᠳ ᠢ ᠰᠠᠶᠢᠲᠤᠷ ᠬᠢᠬᠦ ᠬᠡᠷᠡᠭᠲᠡᠢ᠄ | ︵ᠨᠢᠭᠡ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠭᠰᠠᠨ ᠬᠦᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠶᠡᠭᠡ ᠬᠦᠴᠦᠨ ᠢᠶᠠᠷ ᠬᠡᠷᠡᠭᠵᠢᠭᠦᠯᠦᠨ᠎ᠠ | ᠨᠢᠭᠡ ᠳᠤ᠂ ᠰᠢᠨ᠎ᠡ ᠶᠢ ᠡᠭᠦᠳᠬᠦ ᠴᠢᠳᠠᠮᠵᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ ᠃ | ᠤᠯᠤᠰ ᠤᠨ ᠦᠷᠭᠦᠯᠵᠢᠯᠡᠬᠦᠶᠢᠴᠡ ᠬᠦᠭᠵᠢᠯᠲᠡ ᠶᠢᠨ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ | ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠢᠶᠠᠷ ᠠᠷᠠᠳ ᠲᠤ ᠠᠰᠢᠭ | ᠬᠦᠷᠲᠡᠭᠡᠬᠦ ᠵᠢᠴᠢ ᠠᠷᠠᠳ ᠢ ᠪᠠᠶᠠᠵᠢᠭᠤᠯᠤᠨ ᠲᠤᠭᠤᠷᠢᠭ ᠢᠶᠠᠨ ᠬᠦᠴᠦᠷᠬᠡᠭᠵᠢᠭᠦᠯᠬᠦ ᠲᠦᠯᠦᠪᠯᠡᠭᠡ ᠶᠢ ᠦᠷᠨᠢᠭᠦᠯᠦᠨ᠎ᠠ | ᠃ ᠬᠤᠩ ᠱᠠᠨ ᠲᠤᠭᠤᠷᠢᠭ ᠤᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠰᠢᠨᠵᠢᠯᠡᠭᠡ ᠮᠡᠷᠭᠡᠵᠢᠯ ᠤᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠳᠤ ᠮᠡᠷᠭᠡᠵᠢᠯ ᠤᠨ ᠰᠢᠨ᠎ᠡ ᠶᠢ ᠡᠭᠦᠳᠬᠦ ᠳᠡᠮᠵᠢᠯᠭᠡ | ᠂ ᠮᠠᠳᠡᠯᠭᠡ ᠶᠢᠨ ᠦᠮᠴᠢᠯᠡᠯ ᠤᠨ ᠡᠷᠬᠡ ᠶᠢ ᠨᠠᠶᠢᠳᠠᠨ ᠬᠠᠮᠢᠶᠠᠷᠬᠤ᠂ ᠰᠢᠨᠵᠢᠯᠡᠭᠡ ᠮᠡᠷᠭᠡᠵᠢᠯ ᠤᠨ ᠮᠦᠩᠭᠦᠨ | ᠭᠦᠢᠯᠭᠡᠭᠡᠨ ᠵᠡᠷᠭᠡ ᠦᠢᠯᠡᠴᠢᠯᠡᠭᠡ ᠬᠠᠩᠭᠠᠨ᠎ᠠ᠃ ᠬᠤᠩ ᠱᠠᠨ ᠲᠤᠭᠤᠷᠢᠭ ᠤᠨ ᠲᠠᠷᠢᠶᠠᠯᠠᠩ ᠤᠨ ᠰᠢᠨᠵᠢᠯᠡᠭᠡ | ᠮᠡᠷᠭᠡᠵᠢᠯ ᠤᠨ ᠬᠦᠷᠢᠶᠡᠯᠡᠩ ᠦᠪᠡᠷᠲᠡᠭᠡᠨ ᠵᠠᠰᠠᠬᠤ ᠤᠷᠤᠨ ᠤ ᠳᠡᠰ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ | ᠪᠤᠯᠵᠤ ᠳᠡᠰ ᠳᠡᠪᠰᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠤᠭᠴᠠ ᠶᠢᠨ | ᠦᠢᠯᠡᠳᠦᠯ ᠢ ᠪᠠᠳᠠᠷᠠᠭᠤᠯᠵᠤ᠂ ᠡᠮ ᠡᠮᠨᠡᠯᠭᠡ᠂ ᠲᠤᠨᠤᠭᠯᠠᠯ ᠦᠢᠯᠡᠳᠬᠦ ᠵᠡᠷᠭᠡ ᠠᠵᠤ ᠠᠬᠤᠶᠢᠯᠠᠯ ᠢ ᠤᠳᠤᠷᠢᠳᠤᠨ᠂ | ᠵᠠᠬ᠎ᠠ ᠳᠡᠯᠭᠡᠭᠦᠷ ᠤᠨ ᠱᠠᠭᠠᠷᠳᠠᠯᠭ᠎ᠠ ᠪᠤᠯᠤᠨ ᠬᠤᠶᠢᠰᠢᠲᠠ ᠶᠢᠨ ᠬᠦᠭᠵᠢᠯᠲᠡ ᠶᠢᠨ ᠲᠤᠭᠤᠷᠢᠨ ᠳᠤ᠂ | ᠰᠤᠳᠤᠯᠭᠠᠨ ᠤ ᠪᠠᠶᠢᠭᠤᠯᠤᠮᠵᠢ ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠴᠢᠬᠤᠯᠠ ᠲᠤᠰᠬᠠᠢ ᠲᠦᠷᠦᠯ ᠵᠦᠢᠯ ᠢ | ᠬᠡᠷᠡᠭᠵᠢᠭᠦᠯᠦᠨ᠎ᠡ᠃ ᠲᠦᠸᠧ ᠵᠢᠶᠠ ᠵᠦᠩ ᠰᠧᠨ ᠤᠶᠤᠨᠲᠦ ᠦᠵᠦᠭᠦᠷ ᠤᠨ ᠰᠤᠳᠤᠯᠭᠠᠨ ᠤ ᠲᠦᠪ᠂ ᠰᠠᠢ ᠯᠢᠨ | ᠲᠠᠢ ᠰᠢᠨ᠎ᠡ ᠡᠮ ᠤᠨ ᠰᠤᠳᠤᠯᠭᠠᠨ ᠤ ᠲᠦᠪ᠂ ᠲᠢᠶᠠᠨ ᠴᠢ ᠮᠣᠩᠭᠤᠯ ᠬᠢᠳᠡᠳ ᠡᠮ ᠤᠨ ᠰᠤᠳᠤᠯᠭᠠᠨ ᠤ ᠲᠠᠪᠴᠠᠩ | ᠪᠠ ᠵᠦᠩ ᠱᠢ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠵᠢᠯ ᠳᠤ ᠭᠤᠤᠯᠳᠠᠯᠭ᠎ᠠ ᠲᠠᠢ ᠠᠬᠢᠭᠤᠯᠤᠨ᠎ᠠ᠃ | ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠲᠤᠰᠬᠠᠢ | ᠠᠰᠢᠭ ᠤᠨ ᠡᠷᠬᠡ ᠡᠷᠡᠮᠡᠯᠵᠡᠯᠡᠬᠦ ᠶᠢ ᠵᠤᠷᠢᠭᠵᠢᠭᠤᠯᠵᠤ᠂ ᠵᠢᠯ ᠤᠨ ᠲᠤᠰᠬᠠᠢ ᠠᠰᠢᠭ ᠡᠷᠡᠮᠡᠯᠵᠡᠯᠡᠬᠦ ᠬᠡᠮᠵᠢᠶ᠎ᠡ ᠶᠢ | 15% ᠪᠠᠷ ᠨᠡᠮᠡᠭᠳᠡᠭᠦᠯᠦᠨ᠂ ᠡᠷᠬᠡ ᠤᠯᠭᠤᠯᠲᠠ ᠶᠢᠨ ᠬᠡᠮᠵᠢᠶ᠎ᠡ ᠶᠢ 10% ᠪᠠᠷ ᠨᠡᠮᠡᠭᠳᠡᠭᠦᠯᠦᠨ᠎ᠡ᠃ ᠬᠤᠸᠠ | ᠬᠠᠩ ᠤᠶᠤᠨᠴᠢ ᠡᠯᠧᠺᠲᠷᠤᠨ᠂ ᠨᠤᠸᠠᠨ ᠵᠢᠶᠧ ᠰᠢᠨ᠎ᠡ ᠬᠡᠯᠪᠡᠷᠢ ᠶᠢᠨ ᠮᠠᠲ᠋ᠧᠷᠢᠶᠠᠯ ᠵᠡᠷᠬᠡ ᠠᠵᠤ ᠠᠬᠤᠶᠢᠯᠠᠯ | ᠤᠯᠤᠰ ᠤᠨ ᠳᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠤᠯᠵᠤ ᠳᠡᠰ ᠳᠡᠪᠰᠢᠬᠦ ᠶᠢ ᠴᠢᠷᠮᠠᠶᠢᠨ ᠠᠬᠢᠭᠤᠯᠤᠨ᠎ᠠ | ᠃ ᠰᠢᠨ᠎ᠡ ᠶᠢ ᠡᠭᠦᠳᠬᠦ ᠬᠦᠭᠵᠢᠯᠲᠡ ᠶᠢᠨ ᠲᠤᠭᠤᠷᠢᠨ ᠳᠤ᠂ ᠤᠶᠤᠨ ᠤᠬᠠᠭᠠᠨ ᠬᠤᠷᠠᠮᠳᠤᠭᠤᠯᠵᠦ ᠮᠡᠳᠡᠯᠭᠡᠲᠡᠨ | ᠴᠢᠳᠠᠪᠤᠷᠢᠲᠠᠨ ᠢ ᠲᠦᠪᠯᠡᠷᠡᠭᠦᠯᠬᠦ ᠬᠦᠴᠦᠯᠡᠴᠡ ᠪᠠᠨ ᠴᠢᠩᠭᠠᠳᠬᠠᠨ᠂ ᠴᠢᠯᠦᠭᠡᠲᠡᠢ ᠪᠠᠷ ᠤᠷᠢᠭᠰᠠᠨ ᠠᠺᠠᠳᠧᠮᠢᠴᠢ ᠳᠤ | ᠵᠢᠯ ᠪᠦᠷᠢ 10 ᠲᠦᠮᠡᠨ ᠲᠦᠭᠦᠷᠢᠭ ᠤᠨ ᠨᠦᠬᠦᠪᠦᠷᠢ ᠤᠯᠭᠤᠵᠤ᠂ ᠨᠦᠭᠦᠴᠡᠯ ᠲᠠᠢ ᠤᠷᠢᠭᠰᠠᠨ ᠳ᠋ᠤᠺᠲ᠋ᠤᠷ ᠵᠢᠴᠢ | ᠨᠡᠩ ᠦᠨᠳᠦᠷ ᠳᠡᠰ ᠤᠨ ᠴᠢᠳᠠᠪᠤᠷᠢᠲᠠᠨ ᠳᠤ ᠨᠢᠭᠡᠨ ᠤᠳᠠᠭᠠᠨ ᠤ ᠴᠢᠨᠠᠷᠲᠠᠢ 5 ᠲᠦᠮᠡᠨ ᠲᠦᠭᠦᠷᠢᠭ ᠤᠨ ᠨᠦᠬᠦᠪᠦᠷᠢ | ᠦᠭᠬᠦ ᠶᠢᠨ ᠬᠠᠮᠲᠤ ᠤᠷᠤᠨ ᠰᠠᠭᠤᠴᠠ ᠵᠢᠴᠢ ᠦᠷ᠎ᠡ ᠬᠡᠦᠬᠡᠳ ᠤᠨ ᠰᠤᠷᠭᠠᠭᠤᠯᠢ ᠳᠤ ᠤᠷᠤᠬᠤ ᠵᠡᠷᠭᠡ ᠠᠰᠠᠭᠤᠳᠠᠯ ᠢ | ᠲᠤᠬᠢᠲᠠᠢ ᠰᠢᠢᠳᠪᠦᠷᠢᠯᠡᠨ᠎ᠡ᠃ | ᠬᠤᠶᠠᠷ ᠲᠤ᠂ ᠰᠢᠨ᠎ᠡ ᠶᠢ ᠡᠭᠦᠳᠬᠦ ᠱᠠᠭᠠᠷᠳᠠᠯᠭ᠎ᠠ ᠳᠤ ᠨᠡᠶᠢᠴᠡᠭᠰᠡᠨ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠤᠯᠠᠭᠠᠨᠬᠠᠳᠠ ᠬᠤᠲᠠ ᠶᠢᠨ ᠮᠦᠩᠭᠦᠨ ᠭᠦᠢᠯᠭᠡᠭᠡᠨ ᠤ ᠲᠦᠪ ᠢ | ᠪᠠᠶᠢᠭᠤᠯᠬᠤ ᠶᠢᠨ ᠲᠤᠭᠤᠷᠢᠨ ᠳᠤ ᠤᠯᠠᠨ ᠲᠦᠷᠦᠯ ᠤᠨ ᠮᠦᠩᠭᠦᠨ ᠭᠦᠢᠯᠭᠡᠭᠡᠨ ᠤ ᠦᠢᠯᠡᠰ ᠢ ᠬᠦᠭᠵᠢᠭᠦᠯᠵᠦ᠂ | ᠰᠢᠨ᠎ᠡ ᠶᠢ ᠡᠭᠦᠳᠬᠦ ᠬᠦᠭᠵᠢᠯᠲᠡ ᠶᠢᠨ ᠱᠠᠭᠠᠷᠳᠠᠯᠭ᠎ᠠ ᠶᠢ ᠬᠠᠩᠭᠠᠨ᠎ᠠ᠃ ᠪᠠᠩᠬᠢ᠂ ᠦᠨᠡᠲᠦ ᠳᠡᠮᠳᠡᠭᠲᠦ᠂ | ᠳᠠᠭᠠᠳᠬᠠᠯ ᠵᠡᠷᠭᠡ ᠪᠠᠶᠢᠭᠤᠯᠤᠮᠵᠢ ᠪᠤᠶᠤ ᠰᠠᠯᠪᠤᠷᠢ ᠪᠠᠶᠢᠭᠤᠯᠤᠮᠵᠢ ᠶᠢ ᠶᠡᠭᠡ ᠬᠦᠴᠦᠨ ᠢᠶᠠᠷ ᠤᠷᠤᠭᠤᠯᠵᠤ᠂ ᠬᠤᠩ | ᠱᠠᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠪᠠᠩᠬᠢ ᠶᠢ ᠪᠠᠶᠢᠭᠤᠯᠤᠨ᠂ ᠬᠤᠩ ᠱᠠᠨ ᠬᠦᠳᠡᠭᠡ ᠲᠤᠰᠬᠤᠨ ᠤ | ᠢᠳᠡᠭᠡᠮᠵᠢ ᠶᠢᠨ ᠬᠤᠷᠰᠢᠶ᠎ᠠ ᠶᠢ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠪᠤᠯᠭᠠᠨ ᠦᠭᠡᠷᠡᠴᠢᠯᠡᠬᠦ ᠶᠢ | ᠠᠬᠢᠭᠤᠯᠵᠤ᠂ ᠮᠦᠩᠭᠦᠨ ᠭᠦᠢᠯᠭᠡᠭᠡᠨ ᠤ ᠭᠤᠤᠯ ᠴᠤᠭᠴᠠ ᠶᠢ ᠤᠯᠠᠰᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ | ᠪᠠᠩᠬᠢ ᠶᠢᠨ ᠦᠢᠯᠡᠰ ᠤᠨ ᠪᠡᠯᠡ ᠠᠭᠤᠰᠬᠠᠬᠤ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ | ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ᠂ ᠤᠯᠤᠰ ᠤᠨ ᠨᠡᠭᠡᠭᠡᠯᠲᠡ ᠶᠢᠨ ᠪᠠᠩᠬᠢ ᠵᠡᠷᠭᠡ ᠲᠦᠷᠦ ᠶᠢᠨ | ᠪᠤᠳᠤᠯᠭ᠎ᠠ ᠶᠢᠨ ᠴᠢᠨᠠᠷᠲᠠᠢ ᠪᠠᠩᠬᠢ ᠶᠢᠨ ᠰᠲ᠋ᠤᠺ ᠤᠨ ᠡᠷᠬᠡ ᠶᠢ ᠬᠤᠳᠠᠯᠳᠤᠨ ᠠᠪᠬᠤ ᠬᠦᠷᠦᠩᠭᠡ ᠠᠭᠤᠰᠬᠠᠬᠤ | ᠬᠡᠯᠪᠡᠷᠢ ᠶᠢ ᠰᠠᠶᠢᠲᠤᠷ ᠠᠰᠢᠭᠯᠠᠵᠤ᠂ ᠪᠤᠭᠤᠳᠦ ᠶᠢᠨ ᠬᠤᠳᠠᠯᠳᠤᠭᠠᠨ ᠤ ᠪᠠᠩᠬᠢ᠂ ᠪᠦᠳᠦᠭᠡᠨ ᠪᠠᠶᠢᠭᠤᠯᠤᠯᠲᠠ ᠶᠢᠨ | ᠪᠠᠩᠬᠢ ᠵᠡᠷᠭᠡ ᠬᠤᠳᠠᠯᠳᠤᠭᠠᠨ ᠤ ᠶᠠᠪᠤᠳᠠᠯ ᠤᠨ ᠪᠠᠩᠬᠢ ᠶᠢᠨ ᠬᠤᠯᠪᠤᠭᠠᠯᠠᠨ ᠡᠭᠦᠷᠭᠡᠯᠡᠵᠦ ᠬᠤᠯᠪᠤᠭᠠᠯᠠᠨ ᠪᠠᠳᠤᠯᠠᠬᠤ | ᠪᠠ ᠪᠠᠳᠤᠯᠠᠭ᠎ᠠ ᠬᠠᠪᠰᠤᠷᠭᠠᠬᠤ ᠮᠦᠩᠭᠦᠨ ᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳ ᠬᠡᠷᠡᠭᠯᠡᠨ᠂ | ᠾᠸᠦ᠋ᠢ ᠹᠧᠩ ᠪᠠᠳᠤᠯᠠᠭ᠎ᠠ ᠳᠠᠭᠠᠭᠠᠬᠤ ᠺᠤᠮᠫᠠᠨᠢ ᠶᠢᠨ ᠪᠡᠯᠨ ᠠᠭᠤᠰᠬᠠᠵᠦ ᠳᠠᠭᠠᠭᠠᠨ ᠪᠠᠳᠤᠯᠠᠬᠤ ᠬᠡᠪᠴᠢᠶ᠎ᠡ ᠶᠢ 50 | ᠳ᠋ᠦᠩᠰᠢᠭᠤᠷ ᠲᠦᠭᠦᠷᠢᠭ ᠲᠤ ᠭᠦᠷᠭᠡᠵᠦ᠂ ᠪᠠᠩᠬᠢ ᠠᠴᠠ ᠠᠵᠦ ᠠᠬᠤᠶᠢᠯᠡᠯ ᠳᠤ ᠤᠷᠤᠭᠤᠯᠵᠦ ᠵᠢᠭᠡᠯᠡᠭᠦᠯᠬᠦ | ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠎ᠡ᠃ ᠠᠵᠦ ᠠᠬᠤᠶᠢᠯᠡᠯ ᠤᠨ ᠰᠢᠭᠤᠳ ᠪᠡᠯᠡ ᠠᠭᠤᠰᠬᠠᠬᠤ ᠶᠢ | ᠲᠦᠷᠭᠡᠳᠬᠡᠨ ᠠᠬᠢᠭᠤᠯᠵᠦ᠂ ᠲᠢᠶᠠᠨ ᠴᠢ ᠡᠮ ᠤᠨ ᠦᠢᠯᠡᠰ᠂ ᠪᠦᠸᠧ ᠺᠠᠩ ᠬᠢᠲᠠᠳ ᠡᠮ᠂ ᠳ᠋ᠦᠸᠧ ᠸᠧᠢ ᠡᠯ | ᠠᠮᠢᠳᠤ ᠪᠤᠳᠠᠰ᠂ ᠵᠤᠤ ᠤᠳᠠ ᠬᠤᠨᠢᠨ ᠨᠤᠤᠯᠤᠭᠤᠷ᠂ ᠱᠧᠨ ᠯᠦᠨ ᠨᠤᠤᠯᠤᠭᠤᠷ ᠪᠠ ᠲᠦᠩ ᠮᠢᠩ ᠴᠢᠶᠠᠨ ᠾᠧ | ᠵᠡᠷᠭᠡ ᠠᠵᠤ ᠠᠬᠤᠶᠢᠯᠠᠯ ᠤᠨ ᠰᠢᠨ᠎ᠡ ᠭᠤᠷᠪᠠᠨ ᠬᠡᠪ ᠳᠤ ᠫᠠᠶᠢᠰᠠ ᠡᠯᠭᠦᠬᠦ ᠶᠢ ᠠᠬᠢᠭᠤᠯᠤᠨ᠎ᠠ᠃ ᠲᠦᠭᠡᠮᠡᠯ | ᠬᠠᠷᠠᠭᠠᠯᠵᠠᠯᠲᠤ ᠮᠦᠩᠭᠦᠨ ᠭᠦᠢᠯᠭᠡᠭᠡᠨ ᠢ ᠭᠦᠴᠦᠯᠡᠨ ᠭᠦᠭᠵᠢᠭᠦᠯᠦᠨ᠎ᠡ᠃ ᠲᠦᠭᠰᠢᠭᠦᠷᠢ ᠶᠢᠨ ᠤᠷᠤᠭᠤᠯᠤᠯᠲᠠ | ᠰᠠᠭᠤᠷᠢ ᠮᠦᠩᠭᠦ ᠶᠢ ᠢᠳᠡᠪᠬᠢᠲᠡᠢ ᠤᠷᠤᠭᠤᠯᠵᠤ᠂ ᠤᠯᠠᠨ ᠢᠶᠠᠷ ᠢᠶᠠᠨ ᠴᠤᠭᠯᠠᠭᠤᠯᠬᠤ ᠬᠦᠷᠦᠩᠭᠡ | ᠤᠷᠤᠭᠤᠯᠤᠯᠲᠠ ᠶᠢ ᠶᠡᠭᠡ ᠬᠦᠴᠦᠨ ᠢᠶᠠᠷ ᠬᠦᠭᠵᠢᠭᠦᠯᠦᠨ᠂ ᠰᠢᠨ᠎ᠡ ᠶᠢ ᠡᠭᠦᠳᠦᠨ ᠦᠢᠯᠡᠰ ᠪᠤᠰᠬᠠᠬᠤ ᠠᠵᠢᠯᠯᠠᠭ᠎ᠠ ᠶᠢ | ᠳᠠᠮᠵᠢᠨ᠎ᠠ᠃ ᠠᠷᠠᠳ ᠤᠨ ᠳᠤᠮᠳᠠᠬᠢ ᠪᠡᠯᠡ ᠠᠭᠤᠰᠬᠠᠬᠤ ᠪᠤᠯᠤᠨ ᠰᠦᠯᠵᠢᠶᠡᠨ ᠳᠠᠬᠢ ᠬᠦᠷᠦᠩᠭᠡ | ᠤᠷᠤᠭᠤᠯᠤᠯᠲᠠ ᠶᠢᠨ ᠬᠢᠨᠠᠨ ᠬᠠᠮᠢᠶᠠᠷᠤᠯᠲᠠ ᠵᠢᠴᠢ ᠳᠦᠭᠰᠢᠭᠦᠷᠢ ᠶᠢᠨ ᠰᠡᠷᠡᠮᠵᠢᠯᠡᠭᠦᠯᠦᠯ ᠢ ᠴᠢᠩᠭᠠᠳᠬᠠᠨ᠂ ᠬᠤᠳᠠᠯ | ᠬᠠᠭᠤᠷᠮᠠᠭ ᠪᠠ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠡᠷᠡᠰ ᠴᠣᠬᠢᠯᠲᠠ ᠦᠭᠬᠦ ᠬᠡᠷᠡᠭᠲᠡᠢ᠃ | ᠭᠤᠷᠪᠠ ᠳᠤ᠂ ᠰᠢᠨ᠎ᠡ ᠶᠢ ᠡᠭᠦᠳᠬᠦ ᠤᠷᠤᠨ ᠵᠠᠢ ᠶᠢ ᠦᠷᠭᠡᠳᠬᠡᠨ᠎ᠡ᠃ ᠡᠭᠦᠯᠡᠨ ᠪᠤᠳᠤᠯᠲᠠ ᠵᠢᠴᠢ ᠶᠡᠭᠡ | ᠲᠤᠭ᠎ᠠ ᠪᠠᠷᠢᠮᠲᠠᠲᠤ ᠠᠵᠤ ᠦᠢᠯᠡᠰ ᠢ ᠬᠦᠭᠵᠢᠭᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠲᠤᠭ᠎ᠠ | ᠪᠠᠷᠢᠮᠲᠠ ᠶᠢᠨ ᠡᠬᠢ ᠪᠠᠶᠠᠯᠢᠭ ᠤᠨ ᠨᠡᠭᠡᠭᠡᠯᠲᠡ ᠪᠠᠷ ᠬᠦᠳᠡᠯᠭᠡᠭᠴᠢ ᠬᠦᠴᠦᠨ ᠪᠤᠯᠠᠭᠠᠨ᠂ ᠤᠶᠤᠨᠴᠢ ᠬᠤᠲᠠ ᠶᠢᠨ | ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠤᠯᠭᠠᠵᠤ᠂ ᠲᠤᠭ᠎ᠠ ᠪᠠᠷᠢᠮᠲᠠ ᠶᠢᠨ ᠠᠵᠤ ᠦᠢᠯᠡᠰ ᠢᠶᠠᠷ ᠵᠤᠭᠰᠤᠴᠠ | ᠪᠤᠯᠭᠠᠨ᠂ ᠮᠧᠩ ᠳ᠋ᠦᠩ ᠶᠦᠨ ᠭᠦ᠋᠂ ᠲᠤᠭ᠎ᠠ ᠪᠠᠷᠢᠮᠲᠠᠲᠤ ᠬᠤᠩ ᠱᠠᠨ ᠢ ᠪᠦᠲᠦᠭᠡᠨ ᠪᠠᠶᠢᠭᠤᠯᠤᠨ᠎ᠠ᠃ ᠡᠭᠦᠯᠡᠨ | ᠪᠤᠳᠤᠯᠲᠠ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠢ ᠵᠤᠬᠢᠶᠠᠨ | ᠪᠠᠶᠢᠭᠤᠯᠵᠤ᠂ ᠡᠭᠦᠯᠡᠨ ᠪᠤᠳᠤᠯᠲᠠ ᠵᠢᠴᠢ ᠶᠡᠭᠡ ᠲᠤᠭ᠎ᠠ ᠪᠠᠷᠢᠮᠲᠠᠲᠤ ᠠᠵᠤ ᠦᠢᠯᠡᠰ ᠤᠨ ᠬᠦᠭᠵᠢᠯᠲᠡ ᠶᠢᠨ | ᠲᠦᠯᠦᠪᠵᠢᠭᠦᠯᠭᠡ ᠶᠢ ᠲᠤᠭᠲᠠᠭᠠᠵᠤ᠂ ᠬᠠᠮᠢᠶᠠᠷᠤᠯᠲᠠ ᠶᠢᠨ ᠲᠤᠭᠲᠠᠴᠠ ᠶᠢ ᠰᠢᠯᠤᠭᠤᠳᠬᠠᠨ᠂ ᠳᠡᠭᠡᠲᠤ | ᠳᠠᠪᠬᠤᠷᠭ᠎ᠠ ᠶᠢᠨ ᠲᠦᠯᠦᠪᠯᠡᠭᠡᠨ ᠢ ᠴᠢᠩᠭᠠᠳᠬᠠᠨ᠎ᠠ᠃ ppp᠂ ᠰᠲ᠋ᠤᠺ ᠤᠨ ᠡᠷᠬᠡ ᠶᠢᠨ ᠬᠠᠮᠵᠢᠯᠴᠠᠭ᠎ᠠ ᠵᠡᠷᠭᠡ | ᠠᠷᠭ᠎ᠠ ᠮᠠᠶ᠋ᠢᠭ ᠢ ᠬᠡᠷᠡᠭᠯᠡᠨ᠂ ᠨᠡᠶᠢᠭᠡᠮ ᠤᠨ ᠡᠳ᠋ ᠬᠦᠷᠦᠩᠭᠡ ᠲᠠᠢ ᠬᠤᠯᠪᠤᠭᠠᠯᠠᠵᠤ᠂ ᠬᠦᠮᠦᠨ ᠠᠮᠠ᠂ ᠠᠵᠤ | ᠠᠬᠤᠶᠢᠯᠠᠯ ᠤᠨ ᠬᠠᠤᠯᠢ ᠶᠢᠨ ᠡᠷᠬᠡᠲᠡᠨ᠂ ᠭᠠᠵᠠᠷ ᠵᠦᠢ ᠶᠢᠨ ᠰᠤᠷᠠᠭ ᠵᠠᠩᠭᠢ ᠵᠡᠷᠭᠡ ᠳ᠋ᠠᠶᠢᠲ᠋ᠠ ᠬᠦᠮᠦᠷᠭᠡ ᠵᠢᠴᠢ | ᠳ᠋ᠠᠶᠢᠲ᠋ᠠ ᠶᠢ ᠰᠢᠢᠳᠪᠦᠷᠢᠯᠡᠬᠦ ᠲᠠᠪᠴᠠᠩ ᠢ ᠪᠠᠶᠢᠭᠤᠯᠵᠤ᠂ ᠳ᠋ᠠᠶᠢᠲ᠋ᠠ ᠶᠢᠨ ᠲᠦᠪ ᠤᠨ ᠪᠠᠶᠢᠭᠤᠯᠤᠯᠲᠠ ᠶᠢ | ᠴᠢᠩᠭᠠᠳᠬᠠᠨ᠂ ᠭᠤᠷᠪᠠᠳᠤᠭᠠᠷ ᠡᠲᠡᠭᠡᠳ ᠤᠨ ᠪᠠᠶᠢᠴᠠᠭᠠᠯᠲᠠ ᠬᠡᠮᠵᠢᠯᠲᠡ᠂ ᠭᠡᠷᠡᠴᠢᠯᠡᠬᠦ ᠪᠠᠶᠢᠭᠤᠯᠤᠮᠵᠢ ᠶᠢ | ᠢᠳᠡᠪᠬᠢᠲᠡᠢ ᠤᠷᠤᠭᠤᠯᠤᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠪᠦᠲᠦᠮᠵᠢᠲᠡᠢ ᠴᠤᠭᠯᠠᠷᠠᠯ ᠢ ᠪᠠᠶᠠᠯᠠᠭᠦᠯᠦᠨ᠎ᠠ | ᠃ ᠠᠷᠠᠳ ᠤᠨ ᠠᠮᠢᠳᠤᠷᠠᠯ ᠳᠤ ᠦᠢᠯᠡᠴᠢᠯᠡᠬᠦ ᠳᠤ ᠬᠠᠨᠳᠤᠭᠤᠯᠤᠨ᠂ ᠤᠶᠤᠨᠴᠢ ᠬᠤᠲᠠ ᠶᠢᠨ ᠪᠠᠶᠢᠭᠤᠯᠤᠯᠲᠠ ᠶᠢ | ᠤᠷᠢᠳᠠᠪᠡᠷ ᠡᠬᠢᠯᠡᠭᠦᠯᠵᠦ᠂ ᠡᠯᠧᠺᠲᠷᠤᠨ ᠵᠠᠰᠠᠭ ᠤᠨ ᠶᠠᠪᠤᠳᠠᠯ᠂ ᠨᠡᠶᠢᠭᠡᠮ ᠲᠤᠭᠤᠷᠢᠭ ᠤᠨ ᠦᠢᠯᠡᠴᠢᠯᠡᠭᠡ᠂ | ᠬᠤᠲᠠ ᠶᠢᠨ ᠬᠠᠮᠢᠶᠠᠷᠤᠯᠲᠠ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠬᠡᠷᠡᠭᠯᠡᠭᠡᠨ ᠤ ᠲᠦᠷᠦᠯ ᠵᠦᠢᠯ ᠢ | ᠠᠬᠢᠭᠤᠯᠤᠨ᠂ ᠳᠠᠭᠤᠳᠠᠯᠲᠠ ᠶᠢᠨ ᠲᠦᠪ ᠢ ᠪᠠᠶᠢᠭᠤᠯᠵᠤ᠂ ᠬᠤᠲᠠ ᠶᠢᠨ ᠤᠶᠤᠨᠴᠢ ᠬᠠᠮᠢᠶᠠᠷᠤᠯᠲᠠ ᠪᠤᠯᠤᠨ | ᠡᠷᠬᠢᠯᠲᠡ ᠶᠢ ᠪᠠᠶᠠᠯᠠᠭᠦᠯᠦᠨ᠎ᠠ᠃ ᠮᠤᠩᠭᠤᠯ ᠦᠭᠡ ᠬᠡᠯᠡᠨ ᠤ ᠡᠬᠢ ᠪᠠᠶᠠᠯᠢᠭ ᠤᠨ ᠡᠭᠦᠯᠡᠨ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠦ᠂ ᠮᠤᠩᠭᠤᠯ ᠦᠭᠡ ᠬᠡᠯᠡᠨ ᠤ ᠡᠬᠢ ᠪᠠᠶᠠᠯᠢᠭ ᠤᠨ ᠰᠠᠭᠤᠷᠢᠨ ᠪᠠ ᠠᠵᠤ | ᠦᠢᠯᠡᠰᠵᠢᠭᠰᠡᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠵᠦ ᠦᠢᠯᠡᠰ ᠤᠨ ᠬᠦᠭᠵᠢᠯᠲᠡ ᠳᠤ ᠬᠠᠨᠳᠤᠭᠤᠯᠤᠨ᠂ | ᠠᠷᠠᠯᠵᠢᠶᠠᠴᠢᠨ ᠤᠷᠢᠨ ᠪᠡᠯᠡ ᠲᠠᠲᠠᠬᠤ ᠶᠢ ᠴᠢᠩᠭᠠᠳᠬᠠᠵᠤ᠂ ᠨᠡᠷᠡᠲᠦ ᠠᠵᠤ ᠠᠬᠤᠶᠢᠯᠠᠯ ᠢ ᠢᠳᠡᠪᠬᠢᠲᠡᠢ ᠤᠷᠢᠵᠤ | ᠤᠷᠤᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠤᠶᠤᠨᠴᠢ ᠪᠠᠷᠠᠭᠠᠨ ᠭᠦᠢᠯᠭᠡᠭᠡᠨ᠂ ᠤᠶᠤᠨᠴᠢ | ᠬᠦᠷᠢᠶᠡᠯᠡᠩ ᠲᠤᠭᠤᠷᠢᠭ ᠵᠡᠷᠭᠡ ᠠᠵᠤ ᠦᠢᠯᠡᠰ ᠤᠨ ᠲᠦᠷᠦᠯ ᠵᠦᠢᠯ ᠢ ᠠᠬᠢᠭᠤᠯᠵᠤ᠂ ᠶᠡᠭᠡ ᠲᠤᠭ᠎ᠠ ᠪᠠᠷᠢᠮᠲᠠ | ᠪᠤᠯᠤᠨ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ᠳᠦᠷᠪᠡ ᠳᠤ᠂ ᠪᠠᠶᠢᠭᠤᠯᠤᠮᠵᠢ ᠲᠤᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠵᠠᠩᠭᠢᠯᠠᠭ᠎ᠠ ᠶᠢᠨ ᠤᠷᠤᠨ ᠬᠡᠪᠴᠢᠶᠡᠨ ᠤ ᠦᠭᠡᠷᠡᠴᠢᠯᠡᠯᠲᠡ ᠶᠢᠨ ᠡᠭᠦᠷᠬᠡ ᠳᠤ ᠲᠦᠪᠯᠡᠷᠡᠭᠦᠯᠦᠨ᠂ | ᠦᠭᠡᠷᠡᠴᠢᠯᠡᠯᠲᠡ ᠶᠢᠨ ᠤᠨᠤᠪᠴᠢᠲᠠᠢ ᠭᠦᠴᠦᠯᠡᠴᠡ ᠪᠠ ᠨᠠᠷᠢᠯᠢᠭ ᠲᠡᠭᠦᠰᠬᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ | ᠲᠠᠰᠤᠷᠠᠯᠲᠠ ᠦᠭᠡᠢ ᠦᠭᠡᠷᠡᠴᠢᠯᠡᠯᠲᠡ ᠶᠢᠨ ᠠᠰᠢᠭ ᠢ ᠭᠦᠷᠲᠡᠭᠡᠨᠠ᠃ ᠬᠠᠷᠢᠭᠤᠴᠠᠯᠭ᠎ᠠ ᠶᠢᠨ ᠨᠠᠷᠢᠨ ᠳᠠᠩᠰᠠ ᠶᠢ | ᠨᠠᠶᠢᠷᠠᠭᠤᠯᠤᠨ ᠨᠡᠶᠢᠲᠡᠯᠡᠵᠦ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢᠨ ᠵᠠᠭᠠᠭ ᠢ ᠲᠤᠳᠤᠷᠬᠠᠶᠢᠯᠠᠨ᠂ ᠵᠠᠰᠠᠭ ᠤᠨ | ᠤᠷᠳᠤᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠡᠬᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠎ᠠ᠃ ᠬᠤᠲᠠ | ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ᠂ ᠴᠡᠴᠡᠷᠯᠢᠭᠵᠢᠭᠦᠯᠦᠯᠲᠡ ᠤᠶᠢᠵᠢᠭᠤᠯᠤᠯᠲᠠ ᠬᠠᠮᠠᠭᠠᠯᠠᠯᠲᠠ | ᠵᠡᠷᠭᠡ ᠬᠡᠪᠴᠢᠶᠡᠨ ᠳᠤ᠂ ᠵᠠᠰᠠᠭ ᠤᠨ ᠤᠷᠳᠤᠨ ᠠᠴᠠ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠶᠢ ᠶᠡᠭᠡ | ᠬᠦᠴᠦᠨ ᠢᠶᠠᠷ ᠠᠬᠢᠭᠤᠯᠤᠨ᠎ᠠ᠃ ᠵᠠᠰᠠᠭ ᠤᠨ ᠤᠷᠳᠤᠨ ᠤ ᠦᠷᠢ ᠦᠭᠴᠡᠭᠡᠨ ᠤ ᠬᠠᠮᠢᠶᠡᠷᠤᠯᠲᠠ ᠶᠢ ᠴᠢᠩᠭᠠᠳᠬᠠᠨ᠂ | ᠭᠠᠵᠠᠷ ᠤᠷᠤᠨ ᠤ ᠵᠠᠰᠠᠭ ᠤᠨ ᠤᠷᠳᠤᠨ ᠠᠯᠪᠠᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠢ ᠲᠡᠮᠡᠴᠡᠵᠦ᠂ | ᠬᠠᠳᠠᠭᠠᠯᠠᠭᠳᠠᠵᠦ ᠪᠠᠶᠢᠭ᠎ᠠ ᠦᠷᠢ ᠦᠭᠴᠡᠭᠡᠨ ᠤ ᠰᠤᠯᠢᠭᠳᠠᠯ ᠢ ᠪᠠᠶᠠᠯᠠᠭᠦᠯᠦᠨ᠎ᠠ᠃ ᠦᠯᠦ ᠭᠦᠳᠡᠯᠬᠦ ᠬᠦᠷᠦᠩᠭᠡ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠬᠦᠳᠡᠭᠡ ᠲᠤᠰᠬᠤᠨ ᠤ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠯᠤᠨ ᠤᠷᠤᠨ ᠰᠠᠭᠤᠴᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠳᠠᠯᠠᠨ | ᠳᠠᠩᠰᠠᠯᠠᠬᠤ ᠶᠢ ᠭᠦᠢᠴᠡᠳᠬᠡᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠡᠵᠡᠩᠨᠡᠬᠦ | ᠡᠷᠬᠡ ᠶᠢᠨ ᠡᠷᠬᠡ ᠶᠢ ᠨᠤᠳᠠᠯᠠᠨ ᠳᠠᠩᠰᠠᠯᠠᠬᠤ ᠶᠢ ᠠᠬᠢᠭᠤᠯᠤᠨ᠎ᠠ᠃ ᠭᠤᠤᠯ ᠪᠤᠬᠢᠷᠳᠤᠯ ᠪᠣᠳᠠᠰ ᠤᠨ ᠪᠤᠬᠢᠷ ᠢ | ᠭᠠᠳᠠᠭᠰᠢᠯᠠᠭᠤᠯᠬᠤ ᠡᠷᠬᠡ ᠶᠢ ᠲᠦᠯᠦᠪᠦᠷᠢ ᠲᠠᠢ ᠡᠳ᠋ᠯᠡᠬᠦ ᠪᠠ ᠰᠤᠯᠢᠯᠴᠠᠭᠠᠨ ᠤ ᠲᠤᠷᠰᠢᠯᠲᠠ ᠶᠢᠨ ᠴᠡᠭ ᠢ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠳᠠᠬᠢ ᠦᠢᠯᠡᠳᠦᠯ ᠢ | ᠪᠠᠳᠠᠷᠠᠭᠤᠯᠤᠨ᠎ᠠ᠃ ᠠᠯᠪᠠᠨ ᠬᠡᠷᠡᠭᠯᠡᠭᠡᠨ ᠤ ᠲᠡᠷᠭᠡ ᠶᠢᠨ ᠳᠦᠷᠢᠮ ᠤᠨ ᠦᠭᠡᠷᠡᠴᠢᠯᠡᠯᠲᠡ ᠶᠢ ᠪᠠᠶᠠᠯᠠᠭᠦᠯᠦᠨ᠎ᠠ᠃ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ | ᠦᠭᠡᠷᠡᠴᠢᠯᠡᠯᠲᠡ ᠶᠢ ᠠᠬᠢᠭᠤᠯᠤᠨ᠎ᠠ᠃ | ︵ᠬᠤᠶᠠᠷ︶ ᠤᠳᠤ ᠦᠶ᠎ᠡ ᠶᠢᠨ ᠬᠤᠲᠠ ᠶᠢᠨ ᠠᠵᠤ ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ | ᠪᠤᠯᠤᠨ ᠦᠷ᠎ᠡ ᠠᠰᠢᠭ ᠢ ᠳᠡᠭᠡᠭᠰᠢᠯᠡᠭᠦᠯᠦᠨ᠎ᠠ | ᠨᠢᠭᠡ ᠳᠤ᠂ ᠠᠵᠤ ᠦᠢᠯᠡᠰ ᠤᠨ ᠲᠦᠪᠯᠡᠷᠡᠯ ᠤᠨ ᠤᠷᠤᠨ ᠤ ᠬᠡᠯᠪᠡᠷᠢ ᠶᠢ ᠬᠤᠪᠢᠷᠠᠭᠤᠯᠤᠨ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ᠂ ᠠᠵᠤ ᠠᠬᠤᠢ ᠶᠢᠨ | ᠨᠡᠭᠡᠭᠡᠯᠲᠡ ᠶᠢᠨ ᠤᠷᠤᠨ ᠪᠠ ᠲᠠᠷᠢᠶᠠᠯᠠᠩ ᠤᠨ ᠪᠦᠲᠦᠭᠡᠭᠳᠡᠭᠦᠨ ᠤ ᠠᠵᠤ ᠦᠢᠯᠡᠰ ᠤᠨ ᠬᠦᠷᠢᠶᠡᠯᠡᠩ ᠲᠤᠭᠤᠷᠢᠭ | ᠵᠡᠷᠭᠡ ᠠᠵᠤ ᠦᠢᠯᠡᠰ ᠲᠦᠪᠯᠡᠷᠡᠭᠰᠡᠨ ᠤᠷᠤᠨ ᠤ ᠬᠦᠭᠵᠢᠯᠲᠡ ᠶᠢᠨ ᠲᠦᠯᠦᠪᠵᠢᠭᠦᠯᠭᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠡᠭᠦᠨ ᠤ ᠤᠯᠠᠮ ᠢᠶᠠᠷ ᠬᠤᠲᠠ ᠶᠢᠨ ᠶᠡᠷᠦᠩᠬᠡᠢ ᠲᠦᠯᠦᠪᠵᠢᠭᠦᠯᠭᠡ᠂ ᠭᠠᠵᠠᠷ ᠰᠢᠷᠤᠢ ᠶᠢᠨ | ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ᠂ ᠠᠮᠢ ᠠᠬᠤᠢ ᠤᠷᠴᠢᠨ ᠲᠤᠭᠤᠷᠢᠨ ᠤ ᠲᠦᠯᠦᠪᠵᠢᠭᠦᠯᠭᠡ᠂ | ᠤᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠦᠬᠦᠭᠡᠷᠦᠮᠵᠢ ᠶᠢᠨ ᠲᠦᠯᠦᠪᠵᠢᠭᠦᠯᠭᠡ《 ᠲᠠᠪᠤᠨ | ᠲᠦᠯᠦᠪᠵᠢᠭᠦᠯᠭᠡ ᠶᠢ ᠨᠢᠭᠡᠳᠬᠡᠬᠦ》 ᠬᠡᠷᠡᠭᠲᠡᠢ᠃ ᠵᠠᠬ᠎ᠠ ᠳᠡᠯᠭᠡᠭᠦᠷᠵᠢᠯᠲᠡ ᠶᠢᠨ ᠡᠷᠬᠢᠯᠲᠡᠶᠢᠨ ᠬᠡᠯᠪᠡᠷᠢ ᠶᠤᠰᠤᠭᠠᠷ᠂ | ᠵᠠᠰᠠᠭ ᠤᠨ ᠤᠷᠳᠤᠨ ᠠᠴᠠ ᠳ᠋ᠠᠩ ᠭᠠᠭᠴᠠ ᠭᠦᠷᠢᠶᠡᠯᠡᠩ ᠲᠤᠭᠤᠷᠢᠭ ᠪᠠᠶᠢᠭᠤᠯᠬᠤ ᠬᠡᠯᠪᠡᠷᠢ ᠶᠢ ᠦᠭᠡᠷᠡᠴᠢᠯᠡᠵᠦ᠂ | ᠪᠡᠯᠨ ᠤᠷᠤᠭᠤᠯᠵᠦ ᠬᠦᠷᠦᠩᠭᠡ ᠠᠭᠤᠰᠬᠠᠬᠤ ᠡᠵᠡᠩᠨᠡᠯᠲᠡ ᠶᠢᠨ ᠺᠤᠮᠫᠠᠨᠢ ᠪᠠᠶᠢᠭᠤᠯᠤᠨ᠂ ppp ᠬᠠᠮᠵᠢᠯᠴᠠᠭ᠎ᠠ | ᠵᠡᠷᠭᠡ ᠠᠷᠭ᠎ᠠ ᠠᠪᠴᠠᠯ ᠢᠶᠠᠷ ᠳᠠᠮᠵᠢᠭᠠᠳ᠂ ᠨᠡᠶᠢᠭᠡᠮ ᠤᠨ ᠭᠦᠷᠦᠩᠭᠡ ᠶᠢ ᠲᠠᠲᠠᠵᠤ᠂ ᠠᠵᠤ ᠦᠢᠯᠡᠰ ᠤᠨ | ᠲᠦᠪᠯᠡᠷᠡᠯ ᠤᠨ ᠤᠷᠤᠨ ᠤ ᠪᠠᠶᠢᠭᠤᠯᠤᠯᠲᠠ ᠪᠤᠯᠤᠨ ᠡᠵᠡᠩᠨᠡᠯᠲᠡ ᠳᠤ ᠤᠷᠤᠯᠴᠠᠭᠤᠯᠤᠨ᠂ ᠰᠠᠭᠤᠷᠢ ᠲᠦᠬᠦᠭᠡᠷᠦᠮᠵᠢ | ᠪᠤᠯᠤᠨ ᠲᠦᠪ ᠬᠤᠳᠠᠯᠳᠤᠭᠠᠨ ᠤ ᠶᠠᠪᠤᠳᠠᠯ ᠤᠨ ᠲᠤᠭᠤᠷᠢᠭ᠂ ᠶᠡᠷᠦᠩᠬᠡᠢ ᠬᠡᠯᠲᠡᠰ ᠤᠨ ᠠᠵᠤ ᠠᠬᠤᠢ ᠶᠢᠨ | ᠤᠷᠤᠨ ᠢ ᠲᠦᠷᠭᠡᠪᠴᠢᠯᠡᠨ ᠪᠠᠶᠢᠭᠤᠯᠵᠤ᠂ ᠰᠢᠨᠵᠢᠯᠡᠭᠡ ᠮᠡᠷᠭᠡᠵᠢᠯ ᠰᠤᠳᠤᠯᠭᠠᠨ᠂ ᠰᠤᠷᠭᠠᠨ ᠬᠦᠮᠦᠵᠢᠯ ᠡᠮ ᠡᠮᠨᠡᠯᠭᠡ | ᠂ ᠨᠡᠶᠢᠲᠡ ᠶᠢᠨ ᠤᠷᠤᠨ ᠰᠠᠭᠤᠴᠠ ᠢᠳᠡᠭᠡᠨ ᠤᠮᠳᠠᠭᠠᠨ ᠵᠡᠷᠭᠡ ᠢᠵᠢ ᠪᠦᠷᠢᠳᠦᠭᠰᠡᠨ ᠴᠢᠳᠠᠮᠵᠢ ᠶᠢ | ᠲᠡᠭᠦᠯᠳᠡᠷᠵᠢᠭᠦᠯᠦᠨ᠎ᠠ᠃ ᠲᠦᠷᠦᠯ ᠵᠦᠢᠯ ᠤᠨ ᠵᠦᠪᠰᠢᠶᠡᠷᠡᠯ ᠤᠨ ᠦᠨᠡᠯᠡᠯᠲᠡ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠤᠷᠤᠭᠤᠯᠤᠯᠲᠠ ᠦᠢᠯᠡᠳᠪᠦᠷᠢᠯᠡᠯ᠂ ᠡᠨᠧᠷᠭᠢ ᠶᠢᠨ ᠬᠤᠷᠤᠭᠳᠠᠯ᠂ ᠤᠷᠴᠢᠨ ᠲᠤᠭᠤᠷᠢᠨ ᠤ | ᠬᠠᠮᠠᠭᠠᠯᠠᠯᠲᠠ ᠵᠡᠷᠭᠡ ᠦᠨᠡᠯᠡᠯᠲᠡ ᠶᠢᠨ ᠭᠦᠢᠴᠡᠳᠬᠡᠯ ᠲᠤᠭ᠎ᠠ ᠶᠢ ᠴᠢᠩᠭ᠎ᠠ ᠡᠵᠡᠮᠳᠡᠵᠦ᠂ 《 ᠲᠡᠷᠢᠭᠦᠨ ᠢᠶᠠᠷ | ᠤᠯᠠᠮᠵᠢᠯᠠᠯ ᠢ ᠤᠷᠤᠯᠠᠭᠤᠯᠬᠤ 》 ᠲᠤᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠲᠦᠪᠯᠡᠷᠡᠨ ᠪᠠᠶᠢᠷᠢᠰᠢᠬᠤ᠂ | ᠠᠵᠤ ᠦᠢᠯᠡᠰ ᠪᠦᠭᠡᠮᠨᠡᠷᠡᠨ ᠬᠦᠭᠵᠢᠬᠦ᠂ ᠡᠬᠢ ᠪᠠᠶᠠᠯᠢᠭ ᠢ ᠨᠢᠭᠲᠠᠷᠠᠭᠤᠯᠤᠨ ᠠᠰᠢᠭᠯᠠᠬᠤ᠂ ᠴᠢᠳᠠᠮᠵᠢ ᠶᠢᠨ | ᠴᠤᠭᠯᠠᠷᠠᠯ ᠤᠨ ᠪᠠᠶᠢᠭᠤᠯᠤᠯᠲᠠ᠂ ᠬᠦᠮᠦᠨ ᠠᠮᠠ ᠡᠮᠬᠢ ᠴᠡᠭᠴᠡ ᠲᠠᠢ ᠰᠢᠯᠵᠢᠬᠦ《 ᠳᠦᠷᠪᠡᠨ ᠴᠤᠭᠯᠠᠷᠠᠯ ᠨᠢᠭᠡ | ᠰᠢᠯᠵᠢᠯᠲᠡ》 ᠶᠢ ᠠᠬᠢᠭᠤᠯᠵᠤ᠂ ᠠᠵᠤ ᠦᠢᠯᠡᠰ ᠤᠨ ᠲᠦᠪᠯᠡᠷᠡᠯ ᠤᠨ ᠤᠷᠤᠨ ᠤ ᠲᠠᠲᠠᠬᠤ ᠬᠦᠴᠦᠨ ᠪᠤᠯᠤᠨ | ᠠᠴᠢᠶᠠᠯᠠᠬᠤ ᠴᠢᠳᠠᠮᠵᠢ ᠶᠢ ᠳᠡᠭᠡᠭᠰᠢᠯᠡᠭᠦᠯᠦᠨ᠎ᠡ᠃ ᠵᠢᠯ ᠤᠨ ᠲᠤᠲᠤᠷ᠎ᠠ ᠪᠠᠷᠠᠭᠠᠨ ᠭᠦᠢᠯᠭᠡᠭᠡᠨ ᠤ ᠬᠦᠷᠢᠶᠡᠯᠡᠩ | ᠲᠤᠭᠤᠷᠢᠭ ᠤᠨ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠪᠣᠯᠵᠤ | ᠳᠡᠰ ᠳᠡᠪᠰᠢᠬᠦ᠂ ᠠᠵᠤ ᠠᠬᠤᠢ ᠶᠢᠨ ᠨᠡᠭᠡᠭᠡᠯᠲᠡ ᠶᠢᠨ ᠤᠷᠤᠨ ᠤᠯᠤᠰ ᠤᠨ ᠳᠡᠰ ᠤᠨ ᠠᠵᠤ ᠠᠬᠤᠢ ᠰᠢᠨᠵᠢᠯᠡᠭᠡ | ᠮᠡᠷᠭᠡᠵᠢᠯ ᠤᠨ ᠨᠡᠭᠡᠭᠡᠯᠲᠡ ᠶᠢᠨ ᠤᠷᠤᠨ ᠪᠤᠯᠵᠤ ᠳᠡᠪᠰᠢᠬᠦ ᠶᠢ ᠭᠤᠤᠯᠳᠠᠯᠭ᠎ᠠ ᠲᠠᠢ ᠠᠬᠢᠭᠤᠯᠤᠨ᠎ᠠ᠃ | ᠬᠤᠶᠠᠷ ᠲᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠤᠪᠤᠶᠢᠮ᠎ᠠ ᠭᠦᠭᠵᠢᠭᠦᠯᠦᠨ᠎ᠠ᠃ | ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠳᠡᠪᠰᠢᠯᠲᠡ ᠶᠢᠨ ᠰᠢᠨ᠎ᠡ ᠪᠠᠶᠢᠳᠠᠯ ᠳᠤ ᠵᠤᠬᠢᠴᠠᠨ᠂ 《 ᠨᠢᠭᠡ | ᠲᠡᠩᠭᠡᠯᠢᠭ ᠨᠢᠭᠡ ᠪᠦᠰᠡ᠂ ᠭᠤᠷᠪᠠᠨ ᠲᠤᠭᠤᠷᠢᠭ ᠨᠢᠭᠡ ᠬᠦᠷᠢᠶᠡᠯᠡᠩ 》 ᠤᠨ ᠬᠦᠭᠵᠢᠯᠲᠡ ᠶᠢᠨ | ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠦᠢᠯᠡᠴᠢᠯᠡᠭᠡᠨ ᠤ ᠬᠡᠪᠴᠢᠶ᠎ᠡ ᠶᠢ ᠦᠷᠭᠡᠳᠬᠡᠨ᠂ ᠦᠢᠯᠡᠴᠢᠯᠡᠭᠡᠨ ᠤ | ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠦᠢᠯᠡᠴᠢᠯᠡᠭᠡ ᠶᠢ ᠶᠡᠭᠡ ᠬᠦᠴᠦᠨ ᠢᠶᠠᠷ ᠪᠤᠶᠢᠵᠢᠭᠤᠯᠤᠨ᠎ᠠ᠃ | ᠡᠭᠦᠯᠡᠨ ᠪᠤᠳᠤᠯᠲᠠ᠂ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠪᠠ ᠤᠷᠤᠨ ᠬᠡᠪᠴᠢᠶᠡᠨ ᠤ ᠪᠠᠷᠠᠭᠠᠨ | ᠭᠦᠢᠯᠭᠡᠭᠡᠨ ᠤ ᠲᠤᠤᠷ ᠢ ᠶᠡᠷᠦᠩᠬᠡᠶᠢᠯᠡᠨ ᠠᠰᠢᠭᠯᠠᠵᠤ᠂ ᠭᠦᠢᠯᠭᠡᠭᠡᠨ ᠤ ᠬᠡᠯᠬᠢᠶᠡᠰᠦ ᠪᠤᠯᠤᠨ ᠲᠤᠭ᠎ᠠ ᠪᠠᠷᠢᠮᠲᠠ ᠶᠢᠨ | ᠬᠡᠯᠬᠢᠶᠡᠰᠦ ᠤᠨᠤᠪᠴᠢᠲᠠᠢ ᠵᠤᠯᠭᠠᠬᠤ᠂ ᠠᠭᠤᠰᠤᠯᠴᠠᠨ ᠬᠦᠭᠵᠢᠬᠦ ᠶᠢ ᠠᠬᠢᠭᠤᠯᠤᠨ᠂ ᠤᠶᠤᠨᠴᠢ ᠦᠢᠯᠡᠴᠢᠯᠡᠭᠡ ᠶᠢ | ᠡᠭᠦᠳᠦᠨ ᠪᠠᠶᠢᠭᠤᠯᠤᠨ᠎ᠠ᠃ ᠤᠯᠠᠭᠠᠨᠬᠠᠳᠠ ᠶᠢᠨ ᠶᠢᠨ ᠲᠧ ᠫᠠ ᠺᠧ ᠬᠤᠳᠠᠯᠳᠤᠭ᠎ᠠ᠂ ᠨᠡᠷᠡᠲᠦ ᠬᠤᠳᠠᠯᠳᠤᠭᠠᠨ ᠤ | ᠬᠤᠲᠠ ᠵᠡᠷᠭᠡ ᠡᠯᠧᠺᠲᠷᠤᠨ ᠬᠤᠳᠠᠯᠳᠤᠭᠠᠨ ᠤ ᠲᠠᠪᠴᠠᠩ ᠢ ᠪᠠᠶᠢᠭᠤᠯᠵᠤ᠂ ᠶᠡᠭᠡ ᠬᠡᠮᠵᠢᠶᠡᠨ ᠤ ᠲᠠᠸᠠᠷ ᠤᠨ | ᠰᠤᠯᠢᠯᠴᠠᠭᠠᠨ ᠤ ᠲᠦᠪ ᠢ ᠳᠦᠷᠢᠮᠵᠢᠭᠦᠯᠦᠨ ᠬᠦᠭᠵᠢᠭᠦᠯᠵᠦ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ | ᠬᠤᠲᠠ᠂ ᠪᠧᠨ ᠲᠧᠩ ᠡᠯᠧᠺᠲᠷᠤᠨ ᠬᠤᠳᠠᠯᠳᠤᠭ᠎ᠠ᠂ ᠪᠠᠢ ᠰᠦᠢ ᠳ᠋ᠠ ᠵᠡᠷᠭᠡ ᠡᠯᠧᠺᠲᠷᠤᠨ ᠬᠤᠳᠠᠯᠳᠤᠭᠠᠨ ᠤ | ᠠᠵᠤ ᠠᠬᠤᠶᠢᠯᠠᠯ ᠢ ᠬᠦᠴᠦᠷᠬᠡᠭᠵᠢᠭᠦᠯᠦᠨ᠂ ᠵᠢᠯ ᠤᠨ ᠲᠤᠲᠤᠷ᠎ᠠ 21 ᠡᠯᠧᠺᠲᠷᠤᠨ ᠬᠤᠳᠠᠯᠳᠤᠭᠠᠨ ᠤ ᠲᠠᠪᠴᠠᠩ ᠢ | ᠰᠢᠨ᠎ᠡ ᠪᠠᠷ ᠨᠡᠮᠡᠭᠳᠡᠬᠦᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠤᠯᠢᠯᠴᠠᠭᠠᠨ ᠤ ᠦᠷᠲᠡᠭ ᠢ 100 | ᠳ᠋ᠦᠩᠰᠢᠭᠤᠷ ᠲᠦᠭᠦᠷᠢᠭ ᠲᠤ ᠭᠦᠷᠭᠡᠨ᠎ᠡ᠃ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠬᠤᠲᠠᠨ ᠳᠠᠬᠢ | ᠲᠤᠬᠢᠷᠠᠭᠤᠯᠤᠨ ᠬᠦᠷᠭᠡᠯᠲᠡ᠂ ᠤᠷᠤᠨ ᠬᠡᠪᠴᠢᠶᠡᠨ ᠤ ᠬᠤᠪᠢᠶᠠᠨ ᠲᠠᠷᠬᠠᠭᠠᠬᠤ ᠲᠦᠪ ᠪᠤᠯᠤᠨ ᠤᠶᠤᠨᠴᠢ | ᠰᠦᠯᠵᠢᠶᠡᠨ ᠤ ᠬᠦᠮᠦᠷᠭᠡ ᠶᠢ ᠲᠦᠷᠭᠡᠪᠴᠢᠯᠡᠨ ᠪᠠᠶᠢᠭᠤᠯᠵᠤ᠂ ᠨᠡᠶᠢᠭᠡᠮ ᠲᠤᠭᠤᠷᠢᠭ ᠤᠨ ᠤᠶᠤᠨᠴᠢ ᠲᠦᠷᠭᠡᠨ | ᠬᠦᠷᠭᠡᠯᠲᠡ ᠶᠢᠨ ᠬᠠᠶᠢᠷᠴᠠᠭ ᠢ ᠰᠦᠪᠡᠭᠴᠢᠯᠡᠨ ᠪᠠᠶᠢᠷᠢᠯᠠᠭᠤᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ᠂ | ᠲᠦᠷᠭᠡᠨ ᠬᠦᠷᠭᠡᠯᠲᠡ ᠶᠢᠨ ᠦᠢᠯᠡᠴᠢᠯᠡᠭᠡ ᠶᠢ ᠬᠦᠳᠡᠭᠡ ᠲᠤᠰᠬᠤᠨ ᠳᠤ ᠬᠦᠷᠭᠡᠬᠦ ᠶᠢ ᠠᠬᠢᠭᠤᠯᠤᠨ᠂ ᠪᠠᠷᠠᠭᠠᠨ | ᠭᠦᠢᠯᠭᠡᠭᠡᠨ ᠤ ᠲᠤᠬᠢᠷᠠᠭᠤᠯᠤᠨ ᠬᠦᠷᠭᠡᠯᠲᠡ ᠶᠢᠨ ᠬᠠᠮᠤᠭ ᠡᠴᠤᠰ ᠤᠨ ᠨᠢᠭᠡ ᠺᠢᠯᠤᠮᠧᠲᠷ ᠤᠨ ᠠᠰᠠᠭᠤᠳᠠᠯ ᠢ | ᠰᠢᠢᠳᠪᠦᠷᠢᠯᠡᠨ᠎ᠡ᠃ ᠵᠢᠯ ᠳᠤ ᠪᠠᠷᠠᠭᠠᠨ ᠭᠦᠢᠯᠭᠡᠭᠡᠨ ᠤ ᠦᠢᠯᠡᠰ ᠤᠨ ᠰᠤᠯᠢᠯᠴᠠᠭᠠᠨ ᠤ ᠦᠷᠲᠡᠭ ᠢ 450 | ᠳ᠋ᠦᠩᠰᠢᠭᠤᠷ ᠲᠦᠭᠦᠷᠢᠭ ᠲᠤ ᠭᠦᠷᠭᠡᠨ᠎ᠡ᠃ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ | ᠲᠦᠪ ᠤᠨ ᠡᠵᠡᠩᠨᠡᠯᠲᠡ ᠪᠤᠯᠤᠨ ᠬᠦᠭᠵᠢᠯᠲᠡ ᠶᠢ ᠴᠢᠩᠭ᠎ᠠ ᠠᠳᠬᠤᠵᠤ᠂ ᠤᠯᠠᠨ ᠤᠯᠤᠰ ᠤᠨ ᠲᠦᠷᠭᠡᠨ | ᠭᠤᠪᠢᠭᠤᠯᠭ᠎ᠠ ᠶᠢᠨ ᠢᠯᠭᠠᠯᠲᠠ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠶᠠᠪᠤᠳᠠᠯ ᠵᠡᠷᠭᠡ ᠴᠢᠳᠠᠮᠵᠢ ᠶᠢ | ᠦᠷᠭᠡᠳᠬᠡᠨ᠂ ᠭᠠᠶᠢᠯᠢ ᠪᠠᠲᠤᠯᠠᠵᠤ ᠭᠠᠳᠠᠭᠠᠲᠤ ᠠᠴᠠ ᠤᠷᠤᠭᠤᠯᠬᠤ ᠰᠢᠭᠤᠳᠡᠵᠡᠩᠨᠡᠯᠲᠡ ᠶᠢᠨ ᠬᠡᠯᠪᠡᠷᠢ ᠶᠢ | ᠳᠠᠭᠤᠷᠢᠶᠠᠨ ᠲᠦᠭᠡᠮᠡᠯᠵᠢᠭᠦᠯᠵᠦ᠂ ᠤᠯᠠᠨ ᠤᠯᠤᠰ ᠤᠨ ᠠᠷᠠᠯᠵᠢᠶᠠᠨ ᠤ ᠶᠡᠭᠡ ᠠᠰᠠᠷ ᠪᠤᠯᠤᠨ ᠳ᠋ᠠᠯᠢᠶᠠᠨ ᠤ ᠱᠦᠨ ᠳ᠋ᠧ | ᠬᠠᠩᠭᠠᠯᠭ᠎ᠠ ᠶᠢᠨ ᠭᠤᠭᠴᠤᠭᠠᠨ ᠤ ᠬᠦᠮᠦᠷᠭᠡᠯᠡᠨ ᠬᠠᠳᠠᠭᠠᠯᠠᠵᠤ ᠲᠤᠬᠢᠷᠠᠭᠤᠯᠤᠨ ᠬᠦᠷᠭᠡᠬᠦ ᠲᠦᠪ ᠢ ᠪᠠᠶᠢᠭᠤᠯᠬᠤ ᠶᠢᠨ | ᠬᠠᠮᠲᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠢ ᠡᠷᠡᠮᠡᠯᠵᠡᠯᠡᠨ ᠪᠠᠶᠢᠭᠤᠯᠬᠤ ᠠᠵᠢᠯ ᠢ ᠠᠬᠢᠭᠤᠯᠵᠤ᠂ | ᠲᠦᠪ ᠤᠨ ᠵᠢᠯ ᠤᠨ ᠠᠷᠠᠯᠵᠢᠶᠠᠨ ᠤ ᠦᠷᠲᠡᠭ ᠢ 1 ᠳ᠋ᠦᠩᠰᠢᠭᠤᠷ ᠲᠦᠭᠦᠷᠢᠭ ᠬᠦᠷᠭᠡᠬᠦ ᠪᠠᠷ ᠲᠡᠮᠡᠴᠡᠨ᠎ᠡ᠃ | ᠦᠢᠯᠡᠴᠢᠯᠡᠭᠡᠨ ᠤ ᠲᠤᠲᠠᠭᠳᠠᠯ ᠵᠢᠴᠢ ᠬᠤᠮᠰᠠ ᠦᠢᠯᠡᠴᠢᠯᠡᠭᠡ ᠶᠢ ᠬᠦᠴᠦᠯᠡᠨ ᠨᠦᠬᠦᠪᠦᠷᠢᠯᠡᠨ᠎ᠡ᠃ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠬᠡᠨ ᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠂ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠬᠡᠨ ᠤ ᠤᠷᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠰᠠᠭᠤᠷᠢ ᠲᠦᠬᠦᠭᠡᠷᠦᠮᠵᠢ ᠵᠢᠴᠢ ᠡᠷᠲᠡᠬᠡᠨ ᠢᠵᠢ ᠪᠦᠷᠢᠳᠦᠭᠦᠯᠬᠦ ᠶᠢ ᠪᠠᠲᠤᠯᠠᠨ᠂ ᠳᠤᠮᠳᠠᠳᠤ ᠤᠯᠤᠰ ᠤᠨ ᠴᠢᠯᠠᠭᠤᠨ | ᠲᠤᠰᠤ ᠪᠠ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠢᠮᠢ ᠶᠢᠨ ᠬᠦᠮᠦᠷᠭᠡ ᠶᠢᠨ ᠪᠠᠶᠢᠭᠤᠯᠤᠯᠲᠠ ᠶᠢ ᠠᠯᠢ | ᠲᠦᠷᠭᠡᠨ ᠢᠶᠠᠷ ᠠᠵᠢᠯ ᠳᠠᠭᠤᠰᠬᠠᠨ᠎ᠠ᠃ ᠵᠤᠭᠠᠴᠠᠯ ᠤᠨ ᠪᠦᠬᠦᠯᠢ ᠴᠤᠭᠴᠠ ᠶᠢᠨ ᠲᠦᠯᠦᠪᠵᠢᠭᠦᠯᠭᠡ ᠶᠢ ᠴᠢᠩᠭᠠᠳᠬᠠᠨ | ᠂ ᠰᠤᠶᠤᠯ ᠪᠤᠯᠤᠨ ᠵᠤᠭᠠᠴᠠᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠲᠠᠮᠢᠷ ᠤᠨ ᠠᠵᠤ ᠦᠢᠯᠡᠰ ᠲᠠᠢ | ᠬᠤᠯᠪᠤᠭᠠᠯᠠᠨ ᠬᠦᠭᠵᠢᠭᠦᠯᠵᠦ᠂ ᠱᠢ ᠱᠠᠩ ᠲᠢᠶᠠᠨ ᠵᠡᠭᠡᠯᠢ᠂ ᠳ᠋ᠤᠤ ᠭᠦ᠋ ᠡᠮᠦᠨ᠎ᠡ ᠠᠭᠤᠯᠠᠨ ᠤ ᠠᠮᠢ ᠠᠬᠤᠢ ᠶᠢᠨ | ᠵᠤᠭᠠᠴᠠᠯ ᠬᠤᠳᠠᠯᠳᠤᠭᠠᠨ ᠤ ᠤᠷᠤᠨ᠂ ᠬᠤᠩ ᠱᠠᠨ ᠰᠤᠶᠤᠯ ᠵᠤᠭᠠᠴᠠᠯ ᠤᠨ ᠠᠷᠠᠯᠵᠢᠶ᠎ᠠ ᠬᠤᠳᠠᠯᠳᠤᠭᠠᠨ ᠤ ᠬᠤᠲᠠ | ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠤᠭᠠᠴᠠᠯ ᠤᠨ ᠪᠦᠲᠦᠭᠡᠭᠳᠡᠭᠦᠨ ᠢ | ᠪᠠᠶᠠᠯᠢᠭᠵᠢᠭᠤᠯᠵᠤ᠂ ᠬᠤᠩ ᠱᠠᠨ ᠵᠤᠭᠠᠴᠠᠯ ᠤᠨ ᠠᠯᠳᠠᠷᠰᠢᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ | ᠵᠢᠯ ᠤᠨ ᠵᠤᠭᠠᠴᠠᠯ ᠤᠨ ᠤᠷᠤᠯᠭ᠎ᠠ 50 ᠳ᠋ᠦᠩᠰᠢᠭᠤᠷ ᠲᠦᠭᠦᠷᠢᠭ ᠬᠦᠷᠬᠦ ᠶᠢ ᠪᠠᠶᠠᠯᠠᠭᠦᠯᠦᠨ᠎ᠠ᠃ ᠬᠠᠮ | ᠦᠵᠡᠰᠬᠦᠯᠡᠩ ᠤᠨ ᠨᠡᠷᠡᠲᠦ ᠲᠡᠮᠳᠡᠭᠲᠦ ᠶᠢ ᠶᠡᠭᠡ ᠬᠦᠴᠦᠨ ᠢᠶᠠᠷ ᠪᠤᠶᠢᠵᠢᠭᠤᠯᠤᠨ᠂ ᠲᠠᠯ᠎ᠠ ᠨᠤᠲᠤᠭ ᠤᠨ ᠤᠨᠴᠠ | ᠭᠠᠷᠤᠯᠲᠠ᠂ ᠡᠷᠲᠡᠨ ᠤ ᠡᠳ᠋ ᠤᠷᠠᠯᠠᠯ ᠪᠦᠲᠦᠭᠡᠭᠳᠡᠭᠦᠨ ᠵᠡᠷᠭᠡ ᠤᠨᠴᠠᠯᠢᠭᠲᠤ ᠬᠠᠮ ᠦᠵᠡᠰᠬᠦᠯᠡᠩ ᠤᠨ ᠠᠯᠳᠠᠷᠰᠢᠯ ᠢ | ᠳᠡᠭᠡᠭᠰᠢᠯᠡᠭᠦᠯᠵᠦ᠂ ᠬᠠᠮ ᠦᠵᠡᠰᠬᠦᠯᠡᠩ ᠦᠨᠠᠵᠤ ᠠᠬᠤᠢ ᠶᠢ ᠬᠦᠴᠦᠷᠬᠡᠭᠵᠢᠭᠦᠯᠦᠨ᠎ᠡ᠃ ᠰᠢᠨ᠎ᠡ ᠬᠡᠯᠪᠡᠷᠢ ᠶᠢᠨ | ᠨᠠᠰᠤᠲᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠡᠷ ᠲᠡᠭᠡᠨ ᠰᠠᠭᠤᠵᠦ ᠨᠠᠰᠤᠲᠠᠨ ᠢ | ᠠᠰᠠᠷᠠᠬᠤ᠂ ᠡᠳᠦᠷ ᠲᠤ ᠠᠰᠠᠷᠠᠨ ᠬᠠᠷᠠᠭᠠᠯᠵᠠᠬᠤ᠂ ᠡᠮᠴᠢᠯᠡᠵᠦ ᠰᠤᠪᠢᠯᠠᠬᠤ ᠶᠢ ᠤᠶᠠᠯᠳᠤᠭᠤᠯᠬᠤ ᠮᠠᠶ᠋ᠢᠭ ᠤᠨ | ᠨᠠᠰᠤᠵᠢᠯ ᠤᠨ ᠠᠰᠠᠷᠠᠮᠵᠢ ᠶᠢᠨ ᠬᠡᠯᠪᠡᠷᠢ ᠶᠢ ᠬᠦᠭᠵᠢᠭᠦᠯᠦᠨ᠂ ᠵᠢᠯ ᠤᠨ ᠲᠤᠲᠤᠷ᠎ᠠ᠂ ᠴᠢᠶᠤᠤ ᠪᠸᠢ ᠶᠢᠨ ᠵᠢᠶᠠᠨ | ᠺᠠᠩ ᠨᠠᠰᠤᠲᠠᠨ ᠢ ᠠᠰᠠᠷᠠᠬᠤ ᠠᠵᠤ ᠦᠢᠯᠡᠰ ᠤᠨ ᠬᠦᠷᠢᠶᠡᠯᠡᠩ ᠲᠤᠭᠤᠷᠢᠭ ᠪᠠ ᠬᠤᠩ ᠮᠢᠶᠤᠤ ᠽᠢ ᠶᠢᠨ ᠹᠦ᠋ ᠯᠧ | ᠰᠢᠤᠸᠠᠨ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠤᠯᠠᠮᠵᠢᠯᠠᠯᠲᠦ | ᠦᠢᠯᠡᠴᠢᠯᠡᠭᠡ ᠶᠢ ᠦᠭᠡᠷᠡᠴᠢᠯᠡᠨ ᠰᠠᠶᠢᠵᠢᠷᠠᠭᠤᠯᠤᠨ᠎ᠠ᠃ ᠪᠤᠳᠠᠲᠠᠢ ᠬᠤᠳᠠᠯᠳᠤᠭᠠᠨ ᠤ ᠦᠢᠯᠡᠰ ᠤᠨ ᠦᠢᠯᠡᠳᠦᠯᠭᠡᠲᠦ | ᠴᠢᠨᠠᠷ ᠢᠶᠠᠷ ᠴᠢᠩᠭ᠎ᠠ ᠪᠠᠶᠢᠳᠠᠭ ᠳᠠᠪᠠᠭᠤᠯᠢᠭ ᠢ ᠪᠠᠳᠠᠷᠠᠭᠤᠯᠤᠨ᠂ ᠰᠢᠨᠬᠤᠸᠠ ᠬᠤᠳᠠᠯᠳᠤᠭᠠᠨ ᠤ ᠵᠡᠭᠡᠯᠢ ᠶᠢᠨ | ᠬᠡᠯᠪᠡᠷᠢ ᠶᠢ ᠬᠤᠪᠢᠷᠠᠭᠠᠬᠤ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠵᠤ᠂ ᠬᠤᠳᠠᠯᠳᠤᠭ᠎ᠠ ᠠᠵᠤ | ᠠᠬᠤᠶᠢᠯᠠᠯ ᠢᠶᠠᠷ ᠭᠤᠤᠯ ᠪᠤᠯᠭᠠᠨ᠂ ᠨᠡᠶᠢᠭᠡᠮᠯᠢᠭ ᠢᠶᠠᠷ ᠠᠬᠢᠭᠤᠯᠤᠨ᠂ ᠵᠠᠰᠠᠭ ᠤᠨ ᠤᠷᠳᠤᠨ ᠵᠢᠯᠤᠭᠤᠳᠬᠤ ᠠᠷᠭ᠎ᠠ | ᠠᠪᠴᠠᠯ ᠢ ᠬᠡᠷᠡᠭᠯᠡᠵᠦ᠂ ᠶᠠᠪᠠᠭᠠᠨ ᠵᠡᠭᠡᠯᠢ ᠶᠢᠨ ᠬᠤᠳᠠᠯᠳᠤᠭᠠᠨ ᠤ ᠦᠢᠯᠡᠰ ᠤᠨ ᠬᠡᠯᠪᠡᠷᠢ ᠶᠢ ᠬᠤᠪᠢᠷᠠᠭᠠᠨ ᠳᠡᠰ | ᠳᠡᠪᠰᠢᠭᠦᠯᠬᠦ ᠶᠢ ᠠᠯᠢ ᠲᠦᠷᠭᠡᠨ ᠢᠶᠠᠷ ᠠᠬᠢᠭᠤᠯᠤᠨ᠎ᠠ᠃ ᠤᠯᠠᠮᠵᠢᠯᠠᠯᠲᠤ ᠬᠤᠳᠠᠯᠳᠤᠭᠠᠨ ᠤ ᠠᠰᠠᠷ ᠲᠤ ᠭᠠᠶᠢᠯᠢ | ᠪᠠᠲᠤᠯᠠᠬᠤ ᠲᠠᠸᠠᠷ ᠤᠨ ᠦᠵᠡᠰᠬᠦᠯᠡᠩ ᠤᠨ ᠰᠤᠯᠢᠯᠴᠠᠭ᠎ᠠ᠂ ᠤᠨ ᠤ ᠪᠠᠷᠠᠭᠠᠨ ᠤ ᠴᠤᠭᠯᠠᠭ᠎ᠠ᠂ ᠰᠡᠯᠡᠭᠦᠴᠡᠯ | ᠦᠢᠯᠡᠳᠦᠯᠭᠡ ᠵᠡᠷᠭᠡ ᠬᠡᠷᠡᠭᠯᠡᠭᠡᠨ ᠤ ᠦᠢᠯᠡᠰ ᠢ ᠤᠷᠤᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠬᠠᠷᠢᠯᠴᠠᠨ ᠭᠦᠳᠡᠯᠦᠯᠴᠡᠭᠰᠡᠨ ᠪᠤᠷᠤᠯᠠᠭᠤᠯᠭ᠎ᠠ ᠶᠢᠨ ᠬᠡᠯᠪᠡᠷᠢ ᠶᠢ ᠦᠷᠭᠡᠳᠬᠡᠨ᠂ ᠬᠡᠷᠡᠭᠯᠡᠭᠡᠨ ᠤ ᠠᠷᠭ᠎ᠠ ᠵᠠᠮ ᠢ | ᠰᠢᠯᠢᠳᠡᠭᠵᠢᠭᠦᠯᠵᠦ᠂ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠠᠬᠢᠭᠤᠯᠤᠨ᠎ᠠ ᠃ ᠰᠤᠯᠠ ᠠᠰᠠᠷ ᠪᠠᠷᠢᠯᠭ᠎ᠠ ᠶᠢ | ᠪᠦᠲᠦᠮᠵᠢᠲᠡᠢ ᠠᠰᠢᠭᠯᠠᠵᠤ᠂ ᠳᠦᠭᠦᠮ᠂ ᠨᠡᠭᠡᠭᠡᠯᠲᠡᠲᠦ ᠡᠭᠦᠳᠦᠯᠲᠡ ᠶᠢᠨ ᠤᠷᠤᠨ ᠵᠠᠢ ᠶᠢ ᠰᠦᠪᠡᠭᠴᠢᠯᠡᠨ | ᠪᠠᠶᠢᠭᠤᠯᠤᠨ᠎ᠠ᠃ ᠸᠠᠨ ᠶᠤᠸᠠᠢ ᠬᠤᠲᠠ ᠶᠢᠨ ᠠᠭᠤᠳᠠᠮ ᠲᠠᠯᠠᠪᠠᠢ ᠶᠢᠨ ᠪᠦᠬᠦ ᠲᠠᠯ᠎ᠠ ᠪᠠᠷ ᠡᠵᠡᠩᠨᠡᠬᠦ ᠶᠢ ᠠᠬᠢᠭᠤᠯᠤᠨ᠂ | ᠯᠦᠩ ᠲᠧᠩ ᠤᠯᠠᠨ ᠤᠯᠤᠰ᠂ ᠯᠦᠩ ᠲᠠᠢ ᠬᠤᠳᠠᠯᠳᠤᠭᠠᠨ ᠤ ᠠᠭᠤᠳᠠᠮ ᠲᠠᠯᠠᠪᠤᠷ ᠵᠡᠷᠭᠡ ᠬᠤᠲᠠ ᠶᠢᠨ | ᠶᠡᠷᠦᠩᠬᠡᠶᠢᠯᠡᠭᠰᠡᠨ ᠴᠤᠭᠴᠠ ᠶᠢᠨ ᠪᠦᠲᠦᠭᠡᠨ ᠪᠠᠶᠢᠭᠤᠯᠤᠯᠲᠠ ᠶᠢ ᠲᠤᠭᠲᠠᠭᠤᠨ ᠠᠬᠢᠭᠤᠯᠤᠨ᠎ᠠ᠃ ᠲᠢᠶᠠᠨ ᠹᠧᠩ | ᠠᠷᠠᠯᠵᠢᠶ᠎ᠠ ᠬᠤᠳᠠᠯᠳᠤᠭᠠᠨ ᠤ ᠬᠤᠲᠠ᠂ ᠲᠢᠶᠠᠨ ᠹᠧᠩ ᠢᠳᠡᠰᠢᠨ ᠨᠤᠭᠤᠭᠠᠨ ᠤ ᠪᠦᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ᠂ ᠲᠢᠶᠠᠨ ᠬᠤᠩ ᠴᠡᠴᠡᠭ ᠤᠨ ᠵᠠᠬ᠎ᠠ ᠳᠡᠯᠭᠡᠭᠦᠷ᠂ ᠪᠤᠯᠤᠳ ᠮᠠᠲ᠋ᠧᠷᠢᠶᠠᠯ ᠤᠨ ᠬᠤᠲᠠ᠂ ᠴᠢᠯᠠᠭᠤᠨ | ᠮᠠᠲ᠋ᠧᠷᠢᠶᠠᠯ ᠤᠨ ᠬᠤᠲᠠ ᠵᠡᠷᠭᠡ ᠲᠤᠰᠬᠠᠢ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠶᠢ | ᠲᠦᠷᠭᠡᠳᠭᠡᠨ ᠠᠬᠢᠭᠤᠯᠵᠤ᠂ ᠴᠢᠶᠠᠨ ᠰᠢ ᠵᠠᠬ᠎ᠠ ᠳᠡᠯᠭᠡᠭᠦᠷ᠂ ᠳ᠋ᠠ ᠹᠦ᠋ ᠵᠠᠬ᠎ᠠ ᠳᠡᠯᠭᠡᠭᠦᠷ᠂ ᠰᠢ ᠴᠧᠩ ᠢᠳᠡᠰᠢᠨ | ᠨᠤᠭᠤᠭᠠᠨ ᠤ ᠵᠠᠬ᠎ᠠ ᠳᠡᠯᠭᠡᠭᠦᠷ᠂ ᠲᠢᠶᠠᠨ ᠶᠤᠸᠠᠢ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠵᠡᠷᠭᠡ ᠶᠢᠨ | ᠬᠤᠲᠠ ᠠᠴᠠ ᠤᠬᠤᠷᠢᠨ ᠬᠦᠷᠢᠶᠡᠯᠡᠩ ᠳᠤ ᠤᠷᠤᠵᠤ ᠲᠦᠪᠯᠡᠷᠡᠨ ᠬᠦᠭᠵᠢᠬᠦ ᠶᠢ ᠤᠳᠤᠷᠢᠳᠤᠨ᠎ᠠ᠃ | ᠭᠤᠷᠪᠠ ᠳᠤ᠂ ᠠᠵᠤ ᠦᠢᠯᠡᠳᠪᠦᠷᠢ ᠶᠢ ᠲᠤᠭᠲᠠᠭᠤᠨ ᠨᠡᠮᠡᠭᠳᠡᠭᠦᠯᠵᠦ᠂ ᠪᠦᠲᠦᠴᠡ ᠶᠢ ᠲᠤᠬᠢᠷᠠᠭᠤᠯᠤᠨ | ᠂ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠠᠳᠬᠤᠨ᠎ᠠ᠃ ᠵᠠᠬ᠎ᠠ ᠳᠡᠯᠭᠡᠭᠦᠷ ᠤᠨ ᠱᠠᠭᠠᠷᠳᠠᠯᠭ᠎ᠠ | ᠬᠤᠪᠢᠷᠠᠯᠲᠠ ᠳᠤ ᠬᠦᠳᠡᠯᠦᠩᠭᠦᠢ ᠵᠤᠬᠢᠴᠠᠨ᠂ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠤᠨ | ᠬᠦᠭᠵᠢᠭᠦᠯᠬᠦ᠂ ᠤᠯᠠᠮᠵᠢᠯᠠᠯᠲᠤ ᠠᠵᠤ ᠦᠢᠯᠡᠰ ᠢ ᠦᠭᠡᠷᠡᠴᠢᠯᠡᠨ ᠳᠡᠭᠡᠭᠰᠢᠯᠡᠭᠦᠯᠬᠦ ᠬᠤᠤᠰ ᠬᠦᠳᠡᠯᠭᠡᠭᠦᠷ ᠢ | ᠬᠡᠷᠡᠭᠵᠢᠭᠦᠯᠵᠦ᠂ ᠰᠢᠯᠢᠳᠡᠭ ᠴᠢᠨᠡᠷᠲᠦ ᠰᠢᠨ᠎ᠡ ᠬᠡᠯᠪᠡᠷᠢ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠂ | 《 ᠬᠤᠩ ᠱᠠᠨ ᠤ ᠦᠢᠯᠡᠳᠬᠡᠯ 》 ᠦᠪᠡᠷ ᠤᠨ ᠲᠡᠮᠳᠡᠭᠲᠦ ᠶᠢ ᠴᠢᠷᠮᠠᠶᠢᠨ ᠪᠤᠢ ᠪᠤᠯᠭᠠᠨ᠎ᠠ᠃ ᠦᠪᠦᠷ | ᠮᠤᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠠᠭᠤᠷᠢᠨ ᠢ ᠪᠠᠶᠢᠭᠤᠯᠬᠤ ᠠᠴᠠ | ᠡᠭᠦᠰᠴᠦ᠂ ᠬᠤᠤ ᠺᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢ ᠪᠠᠷ ᠰᠠᠭᠤᠷᠢ ᠪᠤᠯᠭᠠᠵᠤ᠂ ᠴᠢ | ᠷᠦᠢ ᠪᠦᠯᠦᠭᠯᠡᠯ ᠤᠨ ᠲᠡᠮᠳᠡᠭᠲᠦ᠂ ᠬᠢᠷᠢ ᠭᠡᠮ ᠪᠠ ᠮᠡᠷᠭᠡᠵᠢᠯ ᠢ ᠬᠦᠴᠦᠯᠡᠨ ᠤᠷᠤᠭᠤᠯᠵᠤ᠂ ᠰᠢᠨ᠎ᠡ ᠡᠨᠧᠷᠭᠢ ᠶᠢᠨ | ᠠᠶᠠᠨᠴᠢᠨ ᠤ ᠮᠠᠰᠢᠨ ᠲᠡᠷᠭᠡᠨ ᠤ ᠤᠶᠤᠨᠴᠢ ᠦᠢᠯᠡᠳᠪᠦᠷᠢ ᠶᠢ ᠪᠠᠶᠢᠭᠤᠯᠤᠨ᠂ ᠰᠢᠨ᠎ᠡ ᠡᠨᠧᠷᠭᠢ ᠶᠢᠨ ᠠᠶᠠᠨᠴᠢᠨ ᠤ | ᠮᠠᠰᠢᠨ᠂ ᠤᠯᠠᠮᠵᠢᠯᠠᠯᠲᠦ ᠠᠶᠠᠨᠴᠢᠨ ᠤ ᠮᠠᠰᠢᠨ᠂ ᠰᠢᠨ᠎ᠡ ᠡᠨᠧᠷᠭᠢ ᠶᠢᠨ ᠦᠭᠡᠷᠡᠴᠢᠯᠡᠨ ᠵᠠᠰᠠᠭᠰᠠᠨ ᠪᠠᠭ᠎ᠠ ᠮᠠᠰᠢᠨ ᠤ | ᠤᠨ ᠤ ᠭᠠᠷᠤᠯᠲᠠ ᠶᠢ 1 ᠲᠦᠮᠡᠨ ᠰᠠᠭᠤᠷᠢ ᠳᠤ ᠭᠦᠷᠭᠡᠨ᠎ᠡ᠃ ᠲᠦᠸᠧ ᠵᠢᠶᠠ ᠡᠯᠧᠺᠲᠷᠤᠨ ᠰᠤᠷᠠᠭ ᠵᠠᠩᠭᠢ ᠶᠢᠨ | ᠠᠵᠤ ᠦᠢᠯᠡᠰ ᠤᠨ ᠰᠠᠭᠤᠷᠢᠨ ᠤ ᠤᠶᠤᠨᠴᠢ ᠦᠵᠦᠭᠦᠷ᠂ ᠡᠯᠧᠺᠲᠷᠤᠨ ᠪᠦᠲᠦᠭᠡᠭᠳᠡᠭᠦᠨ ᠤ ᠰᠤᠯᠢᠯᠴᠠᠭᠠᠨ ᠤ ᠲᠦᠪ | ᠵᠡᠷᠭᠡ ᠲᠦᠷᠦᠯ ᠵᠦᠢᠯ ᠤᠨ ᠪᠡᠯᠡ ᠤᠷᠤᠭᠤᠯᠤᠯᠲᠠ ᠪᠦᠲᠦᠮᠵᠢ ᠤᠯᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ | ᠳᠡᠯᠭᠡᠴᠡ᠂ ᠤᠶᠤᠨᠴᠢ ᠦᠵᠦᠭᠦᠷ᠂ ᠡᠮᠦᠰᠴᠦ ᠵᠡᠭᠦᠭᠦ ᠲᠦᠭᠦᠭᠡᠷᠦᠮᠵᠢ ᠨᠢᠭᠡ ᠴᠤᠭᠴᠠᠵᠢᠭᠰᠠᠨ ᠡᠯᠧᠺᠲᠷᠤᠨ | ᠪᠦᠲᠦᠭᠡᠭᠳᠡᠭᠦᠨ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠤᠨ᠎ᠠ᠃ ᠽᠦᠩ ᠱᠧᠨ ᠪᠦᠯᠦᠭᠯᠡᠯ | ᠲᠠᠢ ᠬᠠᠷᠢᠯᠴᠠᠭ᠎ᠠ ᠵᠤᠯᠭᠠᠯᠳᠤᠯ ᠢᠶᠠᠨ ᠴᠢᠩᠭᠠᠳᠬᠠᠨ᠂ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠢ | ᠦᠢᠯᠡᠳᠪᠦᠷᠢᠯᠡᠵᠦ ᠦᠢᠯᠡᠳᠬᠦ ᠲᠦᠷᠦᠯ ᠵᠦᠢᠯ ᠢ ᠢᠳᠡᠪᠬᠢᠲᠡᠢ ᠤᠷᠤᠭᠤᠯᠤᠨ᠎ᠠ᠃ ᠡᠮ ᠡᠮᠨᠡᠯᠭᠡ ᠶᠢᠨ ᠠᠵᠦ | ᠦᠢᠯᠡᠰ ᠤᠨ ᠰᠢᠨ᠎ᠡ ᠶᠢ ᠡᠭᠦᠳᠬᠦ ᠦᠢᠯᠡᠴᠢᠯᠡᠭᠡ ᠪᠤᠯᠤᠨ ᠵᠠᠪᠰᠡᠷ ᠤᠨ ᠲᠤᠷᠰᠢᠯᠲᠠ ᠶᠢᠨ ᠬᠤᠪᠢᠰᠤᠯᠲᠠ ᠶᠢᠨ | ᠲᠠᠪᠴᠠᠩ ᠢ ᠪᠠᠶᠢᠭᠤᠯᠵᠤ᠂ ᠤᠯᠠᠭᠠᠨᠬᠠᠳᠠ ᠶᠢᠨ ᠡᠮ ᠦᠢᠯᠡᠳᠬᠦ ᠦᠢᠯᠡᠰ ᠤᠨ ᠬᠤᠲᠠ ᠠᠴᠠ ᠤᠬᠤᠷᠢᠨ | ᠬᠦᠷᠢᠶᠡᠯᠡᠩ ᠳᠤ ᠤᠷᠤᠬᠤ ᠠᠯᠬᠤᠴᠠ ᠶᠢ ᠲᠦᠷᠭᠡᠳᠬᠡᠨ᠂ ᠲᠢᠶᠠᠨ ᠴᠢ ᠡᠮ ᠤᠨ ᠦᠢᠯᠡᠳᠪᠦᠷᠢ᠂ ᠪᠦᠸᠧ ᠺᠠᠩ | ᠬᠢᠳᠡᠳ ᠡᠮ᠂ ᠠᠢ ᠺᠧ ᠡᠮ ᠤᠨ ᠦᠢᠯᠡᠳᠪᠦᠷᠢ ᠪᠤᠯᠤᠨ ᠭᠧ ᠯᠢᠨ ᠲᠧ ᠡᠮ ᠤᠨ ᠦᠢᠯᠡᠰ ᠵᠡᠷᠭᠡ ᠠᠵᠤ | ᠠᠬᠤᠶᠢᠯᠠᠯ ᠢ ᠳᠡᠮᠵᠢᠵᠦ᠂ ᠤᠳᠤ ᠦᠶ᠎ᠡ ᠶᠢᠨ ᠬᠢᠳᠡᠳ ᠮᠤᠩᠭᠤᠯ ᠡᠮ᠂ ᠬᠢᠮᠢ ᠶᠢᠨ ᠮᠠᠲ᠋ᠧᠷᠢᠶᠠᠯᠲᠤ ᠡᠮ᠂ ᠠᠮᠢᠳᠤ | ᠪᠤᠳᠠᠰ ᠤᠨ ᠡᠮ ᠦᠢᠯᠡᠳᠬᠦ ᠪᠤᠯᠤᠨ ᠡᠷᠡᠭᠦᠯᠵᠢᠯ ᠤᠨ ᠴᠢᠳᠠᠮᠵᠢᠲᠦ ᠢᠳᠡᠭᠡᠨ ᠤ ᠦᠢᠯᠡᠳᠪᠦᠷᠢᠯᠡᠯ ᠤᠨ ᠬᠡᠪᠴᠢᠶ᠎ᠡ ᠶᠢ | ᠪᠤᠵᠠᠭᠠᠶᠢᠷᠠᠭᠤᠯᠵᠤ᠂ ᠵᠠᠭᠤᠨ ᠳ᠋ᠦᠩᠰᠢᠭᠤᠷ ᠲᠦᠭᠦᠷᠢᠭ ᠤᠨ ᠡᠮ ᠡᠮᠨᠡᠯᠭᠡ ᠶᠢᠨ ᠦᠢᠯᠡᠰ ᠢ ᠠᠯᠢ ᠲᠦᠷᠭᠡᠨ ᠢᠶᠠᠷ | ᠪᠠᠶᠢᠭᠤᠯᠤᠨ᠎ᠠ᠃ ᠳ᠋ᠦᠩ ᠯᠢ ᠨᠤᠤᠯᠤᠭᠤᠷ ᠤᠨ ᠰᠡᠮᠡᠳᠡᠰᠦ ᠡᠭᠡᠷᠡᠬᠦ ᠪᠣᠯᠤᠨ ᠵᠦᠩ ᠰᠢᠨ ᠡᠬᠢ ᠰᠤᠷᠪᠤᠯᠵᠢ | ᠨᠡᠬᠡᠮᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠤᠨ᠎ᠠ᠃ ᠨᠤᠤᠯᠤᠭᠤᠷ ᠤᠨ | ᠦᠢᠯᠡᠰ ᠢ ᠭᠦᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠲᠠᠭᠠᠵᠦ᠂ ᠨᠤᠤᠯᠤᠭᠤᠷ ᠤᠨ | ᠦᠢᠯᠡᠰ ᠤᠨ ᠬᠤᠯᠪᠤᠭᠠᠯᠠᠯ ᠢ ᠪᠠᠶᠢᠭᠤᠯᠤᠨ᠂ ᠮᠡᠷᠭᠡᠵᠢᠯ᠂ ᠵᠠᠬ᠎ᠠ ᠳᠡᠯᠭᠡᠭᠦᠷ ᠪᠤᠯᠤᠨ ᠨᠡᠷᠡᠲᠦ ᠲᠡᠮᠳᠡᠭᠲᠦ ᠶᠢᠨ ᠡᠬᠢ | ᠪᠠᠶᠠᠯᠢᠭ ᠢ ᠰᠢᠯᠢᠳᠡᠭᠵᠢᠭᠦᠯᠦᠨ ᠡᠮᠬᠢᠯᠡᠵᠦ᠂ ᠨᠤᠤᠯᠤᠭᠤᠷ ᠤᠨ ᠦᠢᠯᠡᠰ ᠤᠨ ᠲᠤᠤᠷ᠎ᠠ ᠳᠡᠰ ᠤᠨ ᠪᠦᠲᠦᠭᠡᠭᠳᠡᠭᠦᠨ ᠠᠴᠠ | ᠳᠤᠮᠳᠠ ᠦᠨᠳᠦᠷ ᠳᠡᠰ ᠤᠨ ᠪᠦᠲᠦᠭᠡᠭᠳᠡᠭᠦᠨ ᠲᠡᠶᠢᠰᠢ ᠰᠢᠯᠵᠢᠬᠦ᠂ ᠫᠠᠶᠢᠰᠠ ᠨᠠᠭᠠᠬᠤ ᠦᠢᠯᠡᠳᠪᠦᠷᠢᠯᠡᠯ ᠠᠴᠠ | ᠦᠪᠡᠷ ᠤᠨ ᠲᠡᠮᠳᠡᠭᠲᠦ ᠳᠤ ᠰᠢᠯᠵᠢᠬᠦ᠂ ᠲᠠᠷᠠᠬᠠᠢ ᠡᠵᠡᠩᠨᠡᠯᠲᠡ ᠠᠴᠠ ᠲᠦᠪᠯᠡᠷᠡᠭᠦᠯᠦᠨ ᠬᠦᠭᠵᠢᠭᠦᠯᠬᠦ ᠲᠡᠶᠢᠰᠢ | ᠰᠢᠯᠵᠢᠬᠦ ᠶᠢ ᠠᠬᠢᠭᠤᠯᠤᠨ᠎ᠠ᠃ ᠶᠢᠨ ᠯᠢᠶᠠᠩ ᠪᠦᠯᠦᠭᠯᠡᠯ ᠪᠤᠯᠤᠨ ᠵᠦᠩ ᠹᠠᠩ ᠠᠮᠤ ᠳᠤᠰᠤ ᠵᠡᠷᠭᠡ ᠢᠳᠡᠭᠡᠨ | ᠪᠤᠯᠪᠠᠰᠤᠷᠠᠭᠤᠯᠬᠤ ᠦᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠤᠷᠤᠭᠤᠯᠤᠨ᠂ ᠳ᠋ᠦ᠋ ᠢ | ᠵᠢᠶᠠ᠂ ᠲᠦᠩ ᠮᠢᠩ ᠴᠢᠶᠠᠨ ᠾᠧ ᠵᠡᠷᠭᠡ ᠤᠷᠤᠨ ᠨᠤᠲᠤᠭ ᠤᠨ ᠠᠵᠤ ᠠᠬᠤᠶᠢᠯᠠᠯ ᠢ ᠪᠤᠶᠢᠵᠢᠭᠤᠯᠤᠨ | ᠪᠤᠵᠠᠭᠠᠶᠢᠷᠠᠭᠤᠯᠤᠨ᠎ᠠ᠃ ᠲᠤᠰ ᠵᠢᠯ ᠳᠤ᠂ ᠲᠤᠨᠤᠭᠯᠠᠯ ᠦᠢᠯᠡᠳᠬᠦ᠂ ᠡᠮ ᠡᠮᠨᠡᠯᠭᠡ᠂ ᠨᠡᠬᠡᠮᠡᠯ᠂ ᠲᠠᠷᠢᠶᠠᠯᠠᠩ ᠤᠨ | ᠪᠦᠲᠦᠭᠡᠭᠳᠡᠭᠦᠨ ᠢ ᠪᠤᠯᠪᠠᠰᠤᠷᠠᠭᠤᠯᠬᠤ ᠦᠢᠯᠡᠰ ᠤᠨ ᠠᠵᠤ ᠦᠢᠯᠡᠳᠪᠦᠷᠢ ᠳᠤ ᠡᠵᠡᠯᠡᠬᠦ ᠬᠠᠷᠢᠴᠠᠯ ᠢ 5 ᠵᠠᠭᠤᠨ ᠤ | ᠬᠤᠪᠢ ᠶᠢᠨ ᠴᠡᠭ ᠳᠡᠭᠡᠭᠰᠢᠯᠡᠭᠦᠯᠦᠨ᠎ᠡ᠃ ᠹᠦ᠋ ᠯᠦᠩ 2 ×50 ᠰᠠᠶ᠎ᠠ ᠸᠠᠲ ᠢᠯᠴᠢ ᠴᠠᠬᠢᠯᠭᠠᠨ ᠤ ᠡᠰᠡᠷᠭᠦ | ᠳᠠᠷᠤᠯᠲᠠᠲᠤ ᠮᠠᠰᠢᠨ ᠴᠤᠭᠴᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠶᠢᠨ ᠵᠢᠶᠠᠨ ᠬᠦᠷᠡᠯ ᠤᠨ | ᠦᠢᠯᠡᠰ ᠤᠨ ᠰᠢᠯᠵᠢᠨ ᠨᠡᠭᠦᠯᠭᠡᠵᠦ ᠂ ᠴᠢᠳᠠᠮᠵᠢ ᠶᠢ ᠦᠷᠭᠡᠳᠬᠡᠬᠦ ᠠᠵᠢᠯ ᠢ ᠡᠬᠢᠯᠡᠭᠦᠯᠵᠦ᠂ ᠶᠤᠸᠠᠨ ᠯᠢᠶᠠᠨ ᠪᠤᠯᠤᠳ | ᠲᠡᠮᠦᠷ ᠪᠤᠯᠤᠨ ᠳᠤᠮᠳᠠᠳᠦ ᠤᠯᠤᠰ ᠤᠨ ᠦᠩᠭᠡᠲᠦ ᠴᠠᠶᠢᠷ ᠤᠨ ᠦᠢᠯᠡᠰ ᠤᠨ ᠲᠡᠷᠢᠭᠦᠨ ᠤ ᠰᠠᠭᠤᠷᠢ ᠮᠠᠲ᠋ᠧᠷᠢᠶᠠᠯ ᠢ | ᠬᠦᠭᠵᠢᠭᠦᠯᠬᠦ ᠶᠢ ᠠᠬᠢᠭᠤᠯᠤᠨ᠎ᠠ᠃ ᠤᠷᠢᠳᠴᠢᠯᠠᠨ ᠵᠢᠱᠢᠭᠰᠡᠨ ᠢᠶᠠᠷ ᠪᠦᠬᠦ ᠵᠢᠯ ᠳᠤ ᠰᠢᠨ᠎ᠡ ᠪᠠᠷ ᠨᠡᠮᠡᠭᠳᠡᠭᠰᠡᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 8% ᠳᠤ ᠭᠦᠷᠭᠡᠨ᠎ᠡ᠃ | ᠳᠦᠷᠪᠡ ᠳᠤ᠂ ᠪᠦᠲᠦᠮᠵᠢᠲᠡᠢ ᠪᠡᠯᠡ ᠤᠷᠤᠭᠤᠯᠤᠯᠲᠠ ᠶᠢ ᠤᠯᠠᠮ ᠨᠢᠭᠡ ᠠᠯᠬᠤᠮ ᠦᠷᠭᠡᠳᠬᠡᠨ᠎ᠡ᠃ | ᠬᠠᠩᠭᠠᠯᠭ᠎ᠠ ᠶᠢᠨ ᠴᠢᠨᠠᠷ ᠢ ᠳᠡᠭᠡᠭᠰᠢᠯᠡᠭᠦᠯᠬᠦ᠂ ᠬᠡᠷᠡᠭᠯᠡᠭᠡᠨ ᠤ ᠱᠠᠭᠠᠷᠳᠠᠯᠭ᠎ᠠ ᠶᠢ ᠦᠷᠭᠡᠳᠬᠡᠬᠦ ᠶᠢᠨ ᠬᠠᠮᠲᠤ | ᠪᠦᠲᠦᠮᠵᠢᠲᠡᠢ ᠪᠡᠯᠡ ᠤᠷᠤᠭᠤᠯᠤᠯᠲᠠ ᠶᠢ ᠲᠤᠭᠲᠠᠭᠤᠨ ᠨᠡᠮᠡᠭᠳᠡᠭᠦᠯᠦᠨ ᠪᠦᠲᠦᠴᠡ ᠶᠢ ᠲᠤᠬᠢᠷᠠᠭᠤᠯᠬᠤ ᠳᠤ ᠦᠵᠡᠭᠦᠯᠬᠦ | ᠵᠠᠩᠭᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠡᠳ᠋ ᠤᠨ ᠵᠠᠰᠠᠭ᠂ ᠠᠷᠠᠳ ᠤᠨ ᠭᠦᠷᠦᠩᠭᠡ᠂ ᠪᠡᠯᠡ | ᠲᠠᠲᠠᠬᠤ ᠬᠠᠮᠲᠤ ᠶᠢᠨ ᠦᠢᠯᠡᠴᠢᠯᠡᠯ ᠢ ᠪᠠᠷᠢᠮᠲᠠᠯᠠᠨ᠂ ᠪᠡᠯᠡ ᠤᠷᠤᠭᠤᠯᠤᠯᠲᠠ ᠶᠢᠨ ᠭᠤᠤᠯ ᠴᠤᠭᠴᠠ ᠶᠢᠨ ᠤᠯᠠᠨ | ᠡᠰᠢᠴᠢᠯᠡᠬᠦ ᠶᠢ ᠠᠬᠢᠭᠤᠯᠤᠨ᠎ᠠ᠃ ᠰᠠᠭᠤᠷᠢ ᠲᠦᠬᠦᠭᠡᠷᠦᠮᠵᠢ ᠪᠤᠯᠤᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ | ᠬᠡᠪᠴᠢᠶᠡᠨ ᠳᠤ ᠵᠠᠰᠠᠭ ᠤᠨ ᠤᠷᠳᠤᠨ ᠪᠠ ᠨᠡᠶᠢᠭᠡᠮ ᠤᠨ ᠭᠦᠷᠦᠩᠭᠡ ᠬᠠᠮᠵᠢᠯᠴᠠᠭᠰᠠᠨ PPP ᠬᠡᠯᠪᠡᠷᠢ ᠶᠢ ᠪᠦᠬᠦ | ᠲᠠᠯ᠎ᠠ ᠪᠠᠷ ᠳᠡᠯᠭᠡᠷᠡᠭᠦᠯᠵᠦ᠂ ᠨᠡᠶᠢᠭᠡᠮ ᠠᠴᠠ ᠪᠡᠯᠡ ᠲᠠᠲᠠᠵᠤ᠂ ᠵᠠᠮ ᠲᠡᠭᠡᠭᠡᠪᠦᠷᠢ᠂ ᠤᠶᠢᠵᠢᠭᠤᠯᠤᠯᠲᠠ᠂ | ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠲᠠᠨ ᠢ ᠠᠰᠠᠷᠠᠬᠤ᠂ ᠰᠤᠶᠤᠯ ᠤᠨ ᠲᠦᠬᠦᠭᠡᠷᠦᠮᠵᠢ ᠵᠡᠷᠭᠡ ᠳᠠᠬᠢ ᠪᠡᠯᠡ | ᠤᠷᠤᠭᠤᠯᠤᠯᠲᠠ ᠪᠠᠨ ᠨᠡᠮᠡᠭᠳᠡᠭᠦᠯᠦᠨ᠎ᠡ᠃ ᠰᠢᠨ᠎ᠡ ᠡᠨᠧᠷᠬᠢ ᠶᠢᠨ ᠮᠠᠰᠢᠨ ᠲᠡᠷᠭᠡ᠂ ᠡᠯᠧᠺᠲᠷᠤᠨ ᠰᠤᠷᠠᠭ ᠵᠠᠩᠭᠢ᠂ | ᠨᠤᠤᠰᠤᠨ ᠨᠡᠬᠡᠮᠡᠯ᠂ ᠬᠦᠳᠡᠭᠡ ᠲᠤᠰᠬᠤᠨ ᠤ ᠵᠤᠭᠠᠴᠠᠯ ᠵᠡᠷᠭᠡ ᠠᠵᠤ ᠦᠢᠯᠡᠰ ᠤᠨ ᠬᠦᠭᠵᠢᠯᠲᠡ ᠶᠢᠨ ᠰᠠᠭᠤᠷᠢ | ᠮᠦᠩᠭᠦ ᠪᠠᠶᠢᠭᠤᠯᠵᠤ᠂ ᠵᠠᠰᠠᠭ ᠤᠨ ᠤᠷᠳᠤᠨ ᠤ ᠪᠡᠯᠡ ᠮᠦᠩᠭᠦ ᠶᠢᠨ ᠨᠡᠶᠢᠭᠡᠮ ᠤᠨ ᠭᠦᠷᠦᠩᠭᠡ ᠳᠤ ᠦᠵᠡᠭᠦᠯᠬᠦ | ᠳᠠᠶᠢᠴᠢᠯᠠᠭᠴᠢ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠪᠡᠯᠡ ᠤᠷᠤᠭᠤᠯᠤᠯᠲᠠ ᠶᠢ ᠪᠤᠲᠠᠲᠠᠢ ᠲᠦᠷᠦᠯ | ᠵᠦᠢᠯ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠲᠤᠰ ᠵᠢᠯ ᠳᠤ 217 ᠵᠦᠢᠯ ᠤᠨ 100 ᠲᠦᠮᠡᠨ | ᠲᠦᠭᠦᠷᠢᠭ ᠠᠴᠠ ᠳᠡᠭᠡᠭᠰᠢ ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ ᠵᠢᠯ | ᠲᠤᠷᠰᠢ 195 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ | ᠤᠯᠠᠭᠠᠨᠬᠠᠳᠠ ᠠᠴᠠ ᠪᠡᠭᠡᠵᠢᠩ᠂ ᠮᠦᠭᠳᠡᠨ ᠬᠦᠷᠬᠦ ᠦᠨᠳᠦᠷ ᠬᠤᠷᠳᠤᠴᠠᠲᠤ ᠲᠡᠮᠦᠷ ᠵᠠᠮ ᠤᠨ ᠬᠠᠷᠠᠴᠢᠨ ᠵᠡᠭᠦᠨ | ᠦᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠢ ᠰᠠᠶᠢᠲᠤᠷ ᠬᠠᠮᠲᠤᠷᠠᠯᠴᠠᠨ ᠬᠢᠵᠦ᠂ | ᠪᠡᠭᠡᠵᠢᠩ ᠲᠢᠶᠠᠨᠵᠢᠨ ᠾᠧᠪᠸᠢ ᠶᠢᠨ ᠵᠤᠬᠢᠴᠠᠩᠭᠤᠢ ᠬᠦᠭᠵᠢᠯᠲᠡ᠂ ᠪᠦᠸᠧᠬᠠᠢ ᠲᠠᠩᠭᠢᠰ ᠢ ᠲᠤᠭᠤᠷᠢᠭᠰᠠᠨ ᠠᠵᠤ | ᠠᠬᠤᠢ ᠶᠢᠨ ᠤᠷᠤᠨ ᠪᠠ ᠵᠡᠭᠦᠨ ᠬᠤᠶᠢᠲᠤ ᠶᠢᠨ ᠠᠵᠤ ᠠᠬᠤᠢ ᠶᠢᠨ ᠤᠷᠤᠨ ᠤ ᠬᠠᠮᠵᠢᠯᠴᠠᠨ ᠬᠦᠭᠵᠢᠬᠦ ᠵᠡᠷᠭᠡ | ᠪᠠᠶᠢᠯᠳᠤᠬᠤ ᠪᠤᠳᠤᠯᠭ᠎ᠠ ᠳᠤ ᠠᠯᠢ ᠲᠦᠷᠭᠡᠨ ᠢᠶᠠᠷ ᠠᠭᠤᠰᠤᠯᠴᠠᠨ᠎ᠠ᠃ ᠬᠦᠭᠵᠢᠭᠰᠡᠨ ᠤᠷᠤᠨ ᠤ ᠪᠡᠯᠡ ᠮᠦᠩᠭᠦ᠂ | ᠮᠡᠷᠭᠡᠵᠢᠯ᠂ ᠤᠶᠤᠨ ᠤ ᠬᠦᠳᠡᠯᠮᠦᠷᠢ ᠭᠠᠳᠠᠭᠰᠢ ᠰᠢᠯᠵᠢᠬᠦ ᠪᠠ ᠠᠵᠤ ᠦᠢᠯᠡᠰ ᠤᠨ ᠰᠢᠯᠵᠢᠯᠲᠡ ᠶᠢ | ᠬᠦᠳᠡᠯᠦᠩᠭᠦᠢ ᠪᠠᠷ ᠲᠤᠰᠴᠤ᠂ ᠨᠡᠩ ᠤᠯᠠᠨ ᠨᠡᠷᠡᠲᠦ ᠠᠵᠤ ᠦᠢᠯᠡᠰ ᠢ ᠲᠠᠲᠠᠵᠤ᠂ ᠮᠠᠨ ᠤ ᠲᠤᠭᠤᠷᠢᠭ ᠲᠤ ᠪᠡᠯᠡ | ᠤᠷᠤᠭᠤᠯᠤᠨ ᠦᠢᠯᠡᠰ ᠪᠤᠰᠬᠠᠵᠤ᠂ ᠪᠦᠬᠦ ᠵᠢᠯ ᠳᠤ 69 ᠳ᠋ᠦᠩᠰᠢᠭᠤᠷ ᠲᠦᠭᠦᠷᠢᠭ ᠤᠨ ᠪᠡᠯᠡ ᠲᠠᠲᠠᠵᠤ᠂ 10% | ᠨᠡᠮᠡᠭᠳᠡᠭᠦᠯᠬᠦ ᠪᠠᠷ ᠲᠡᠮᠡᠴᠡᠨ᠎ᠡ᠃ | ᠲᠠᠪᠤ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠩ ᠴᠢᠬᠤᠯᠠᠴᠢᠯᠠᠨ ᠪᠤᠶᠢᠵᠢᠭᠤᠯᠤᠨ᠎ᠠ᠃ | ᠵᠠᠰᠠᠭ ᠤᠨ ᠤᠷᠳᠤᠨ ᠤ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠤᠨ᠂ ᠵᠠᠰᠠᠭ ᠢ | ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ ᠶᠢ | ᠦᠷᠭᠦᠯᠵᠢᠯᠡᠨ ᠠᠬᠢᠭᠤᠯᠵᠤ᠂ ᠰᠠᠶᠢᠨ ᠰᠠᠶᠢᠬᠠᠨ ᠬᠦᠭᠵᠢᠯᠲᠡ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ | ᠲᠤᠳᠤᠭᠠᠲᠤ ᠭᠠᠳᠠᠭᠠᠲᠤ ᠠᠵᠤ ᠠᠬᠤᠶᠢᠯᠠᠯ ᠢ ᠠᠳᠠᠯᠢ ᠪᠠᠷ ᠦᠵᠡᠨ᠂ ᠡᠷᠬᠡ ᠲᠡᠭᠰᠢ ᠬᠠᠨᠳᠤᠬᠤ ᠶᠢ | ᠪᠠᠷᠢᠮᠲᠠᠯᠠᠵᠦ᠂ ᠠᠷᠭ᠎ᠠ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠴᠤ᠂ ᠭᠠᠵᠠᠷ ᠰᠢᠷᠤᠢ ᠂ ᠪᠡᠯᠡ ᠮᠦᠩᠭᠦ | ᠪᠠ ᠴᠢᠳᠠᠪᠤᠷᠢᠲᠠᠨ ᠵᠡᠷᠭᠡ ᠬᠦᠴᠢᠷᠳᠡᠯ ᠢ ᠰᠢᠢᠳᠪᠦᠷᠢᠯᠡᠵᠦ᠂ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ | ᠦᠪᠡᠷ ᠤᠨ ᠴᠠᠬᠢᠯᠭᠠᠨ ᠦᠢᠯᠡᠳᠪᠦᠷᠢ ᠪᠠᠶᠢᠭᠤᠯᠵᠤ᠂ ᠲᠤᠮᠤ ᠬᠡᠷᠡᠭᠯᠡᠭᠴᠢ ᠳᠤ ᠰᠢᠭᠤᠳ ᠴᠠᠬᠢᠯᠭᠠᠨ ᠬᠠᠩᠭᠠᠬᠤ | ᠵᠡᠷᠭᠡ ᠲᠦᠷᠦ ᠶᠢᠨ ᠪᠤᠳᠤᠯᠭ᠎ᠠ ᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠠᠵᠤ ᠠᠬᠤᠶᠢᠯᠠᠯ ᠢ ᠬᠠᠪᠰᠤᠷᠤᠨ᠂ | ᠦᠪᠡᠷ ᠤᠨ ᠦᠷᠲᠡᠭ ᠢ ᠲᠤᠷᠤᠭᠰᠢᠯᠠᠭᠤᠯᠤᠨ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ | ᠨᠡᠷᠡᠲᠦ ᠲᠠᠸᠠᠷ ᠡᠭᠦᠳᠬᠦ ᠶᠢ ᠳᠡᠮᠵᠢᠵᠦ᠂ ᠰᠢᠨ᠎ᠡ ᠪᠠᠷ ᠳᠡᠰ ᠳᠡᠪᠰᠢᠵᠦ ᠪᠠᠶᠢᠭ᠎ᠠ ᠳᠤᠮᠳᠠᠳᠤ ᠤᠯᠤᠰ ᠤᠨ ᠨᠡᠷᠡᠲᠦ | ᠲᠠᠸᠠᠷ ᠤᠨ ᠠᠵᠤ ᠠᠬᠤᠶᠢᠯᠠᠯ ᠢ ᠵᠤᠷᠢᠭᠵᠢᠭᠤᠯᠤᠨ᠎ᠠ᠃ ᠤᠳᠤ ᠦᠶ᠎ᠡ ᠶᠢᠨ ᠠᠵᠤ ᠠᠬᠤᠶᠢᠯᠠᠯᠲᠡᠨ ᠤ ᠵᠤᠷᠢᠭ | ᠰᠠᠨᠠᠭ᠎ᠠ ᠶᠢ ᠬᠦᠮᠦᠵᠢᠭᠦᠯᠦᠨ᠂ ᠠᠵᠤ ᠠᠬᠤᠶᠢᠯᠠᠯ ᠢ ᠤᠳᠤᠷᠢᠳᠤᠨ᠂ ᠤᠳᠤ ᠦᠶ᠎ᠡ ᠶᠢᠨ ᠬᠠᠮᠢᠶᠠᠷᠤᠯᠲᠠ ᠶᠢᠨ ᠳᠦᠷᠢᠮ | ᠲᠤᠭᠲᠠᠭᠠᠯ ᠢ ᠪᠠᠶᠢᠭᠤᠯᠵᠤ᠂ ᠴᠢᠳᠠᠪᠤᠷᠢᠲᠠᠨ ᠤ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠨ᠂ | ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | ︵ᠭᠤᠷᠪᠠ︶ ᠬᠤᠲᠠ ᠪᠠᠯᠭᠠᠰᠤᠨ ᠤ ᠵᠣᠬᠢᠴᠠᠩᠭᠤᠢ ᠬᠦᠭᠵᠢᠯᠲᠡ ᠶᠢ ᠠᠬᠢᠭᠤᠯᠤᠨ᠎ᠠ | ᠨᠢᠭᠡ ᠳᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠶᠢᠨ ᠰᠢᠰᠲ᠋ᠧᠮᠲᠦ | ᠴᠢᠨᠠᠷ ᠢ ᠳᠡᠭᠡᠭᠰᠢᠯᠡᠭᠦᠯᠦᠨ᠎ᠡ᠃ ᠰᠢᠰᠲ᠋ᠧᠮᠲᠦ ᠰᠡᠳᠬᠢᠮᠵᠢ ᠪᠤᠯᠤᠨ ᠪᠦᠬᠦ ᠤᠷᠤᠨ ᠬᠡᠪᠴᠢᠶᠡᠨ ᠤ | ᠲᠦᠯᠦᠪᠵᠢᠭᠦᠯᠭᠡ ᠶᠢᠨ ᠤᠶᠢᠯᠠᠭᠠᠭᠳᠠᠬᠤᠨ ᠢ ᠪᠤᠢ ᠪᠤᠯᠭᠠᠨ᠂ ᠬᠤᠲᠠ ᠶᠢᠨ ᠪᠦᠲᠦᠭᠡᠨ ᠪᠠᠶᠢᠭᠤᠯᠤᠯᠲᠠ ᠪᠤᠯᠤᠨ | ᠬᠦᠭᠵᠢᠯᠲᠡ ᠳᠤ ᠬᠤᠯᠪᠤᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠵᠤ᠂ ᠡᠯ᠎ᠡ ᠲᠦᠷᠦᠯ ᠤᠨ | ᠠᠵᠢᠯ ᠢ ᠰᠢᠰᠲ᠋ᠧᠮ ᠲᠠᠢ ᠠᠬᠢᠭᠤᠯᠤᠨ᠎ᠠ᠃ 《 ᠠᠷᠪᠠᠨ ᠭᠤᠷᠪᠠᠳᠤᠭᠠᠷ ᠲᠠᠪᠤᠨ ᠵᠢᠯ》 ᠤᠨ | ᠲᠦᠯᠦᠪᠵᠢᠭᠦᠯᠭᠡ ᠠᠴᠠ ᠡᠭᠦᠰᠴᠦ᠂ ᠬᠤᠲᠠ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ | ᠬᠦᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡ᠂ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠤᠰᠬᠠᠢ | ᠲᠦᠯᠦᠪᠵᠢᠭᠦᠯᠬᠡ ᠶᠢ ᠢᠵᠢ ᠪᠦᠷᠢᠳᠦᠭᠦᠯᠦᠨ ᠨᠠᠶᠢᠷᠠᠭᠤᠯᠵᠤ᠂ ᠡᠯ᠎ᠡ ᠲᠦᠷᠦᠯ ᠤᠨ ᠠᠵᠢᠯ ᠳᠤ ᠪᠦᠷ ᠲᠤᠲᠤᠷᠬᠠᠢ | ᠰᠡᠳᠬᠢᠮᠵᠢ ᠪᠠ ᠰᠢᠰᠲ᠋ᠧᠮ ᠲᠠᠢ ᠠᠬᠢᠭᠤᠯᠬᠤ ᠠᠷᠭ᠎ᠠ ᠬᠡᠮᠵᠢᠶ᠎ᠡ ᠪᠦᠷᠢᠯᠳᠦᠭᠦᠯᠬᠦ ᠶᠢ ᠪᠠᠲᠤᠯᠠᠨ᠎ᠠ᠃ ᠬᠦᠮᠦᠨ ᠢᠶᠠᠷ | ᠦᠨᠳᠦᠰᠦ ᠪᠤᠯᠭᠠᠬᠤ ᠦᠵᠡᠯ ᠰᠠᠨᠠᠭ᠎ᠠ ᠶᠢ ᠡᠷᠴᠢᠮᠵᠢᠭᠦᠯᠦᠨ᠂ ᠬᠤᠲᠠ ᠪᠠᠯᠭᠠᠰᠤᠨ ᠤ ᠲᠦᠯᠦᠪᠵᠢᠭᠦᠯᠭᠡ | ᠲᠦᠰᠦᠪᠯᠡᠯ ᠢ ᠴᠢᠩᠭᠠᠳᠬᠠᠵᠤ᠂ ᠬᠤᠲᠠ ᠪᠠᠯᠭᠠᠰᠤ ᠶᠢ ᠨᠢᠭᠡᠲᠦᠯᠲᠡᠢ ᠲᠦᠯᠦᠪᠵᠢᠭᠦᠯᠬᠦ ᠬᠦᠭᠵᠢᠯᠲᠡ ᠶᠢᠨ | ᠲᠦᠯᠦᠪᠵᠢᠭᠦᠯᠭᠡ᠂ ᠲᠤᠰᠬᠤᠨ ᠤ ᠪᠠᠶᠢᠷᠢᠰᠢᠯ ᠤᠨ ᠲᠦᠯᠦᠪᠵᠢᠭᠦᠯᠭᠡ ᠪᠠ ᠬᠠᠭᠤᠴᠢᠨ ᠬᠤᠲᠠ ᠶᠢᠨ | ᠶᠡᠷᠦᠩᠬᠡᠶᠢᠯᠡᠭᠰᠡᠨ ᠦᠭᠡᠷᠡᠴᠢᠯᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ᠂ ᠬᠤᠲᠠ ᠪᠤᠯᠤᠨ ᠬᠦᠳᠡᠭᠡ ᠲᠤᠰᠬᠤᠨ᠂ ᠰᠢᠨ᠎ᠡ ᠬᠤᠲᠠ ᠪᠤᠯᠤᠨ ᠬᠠᠭᠤᠴᠢᠨ ᠬᠤᠲᠠ ᠶᠢᠨ | ᠵᠤᠬᠢᠴᠠᠩᠭᠤᠢ ᠬᠦᠭᠵᠢᠯᠲᠡ ᠶᠢ ᠵᠢᠯᠤᠭᠤᠳᠤᠨ᠎ᠠ᠃ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ᠂ ᠠᠵᠤ | ᠠᠬᠤᠢ ᠶᠢᠨ ᠨᠡᠭᠡᠭᠡᠯᠲᠡ ᠶᠢᠨ ᠤᠷᠤᠨ ᠪᠠ ᠲᠠᠷᠢᠶᠠᠯᠠᠩ ᠤᠨ ᠪᠦᠲᠦᠭᠡᠭᠳᠡᠭᠦᠨ ᠤ ᠠᠵᠤ ᠦᠢᠯᠡᠰ ᠤᠨ ᠬᠦᠷᠢᠶᠡᠯᠡᠩ | ᠲᠤᠭᠤᠷᠢᠭ ᠤᠨ ᠬᠠᠷᠢᠶ᠎ᠠ ᠲᠦᠯᠦᠪᠵᠢᠭᠦᠯᠭᠡ ᠶᠢ ᠡᠬᠢᠯᠡᠨ ᠨᠡᠶᠢᠷᠡᠭᠤᠯᠤᠨᠠ᠃ ᠵᠡᠭᠦᠨ ᠬᠤᠲᠠ᠂ ᠬᠠᠳᠠ ᠪᠠ ᠶᠡᠭᠡ | ᠬᠡᠰᠡᠭ ᠤᠷᠤᠨ ᠤ ᠡᠵᠡᠮᠰᠢᠯ ᠤᠨ ᠲᠦᠯᠦᠪᠵᠢᠭᠦᠯᠭᠡ ᠶᠢ ᠨᠠᠶᠢᠷᠠᠭᠤᠯᠬᠤ ᠶᠢ ᠠᠬᠢᠭᠤᠯᠵᠤ᠂ ᠲᠦᠪ | ᠬᠤᠲᠠ ᠤᠷᠤᠨ ᠤ ᠡᠵᠡᠮᠰᠢᠯ ᠤᠨ ᠲᠦᠯᠦᠪᠵᠢᠭᠦᠯᠭᠡ ᠠᠭᠠᠵᠢᠮ ᠢᠶᠠᠷ ᠨᠡᠶᠢᠳᠡᠮ ᠪᠦᠷᠬᠦᠬᠦ ᠶᠢ ᠪᠡᠶᠡᠯᠡᠭᠦᠯᠦᠨ᠎ᠡ᠃ | ᠲᠦᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠪᠤᠯᠤᠨ ᠬᠠᠤᠯᠢ ᠶᠤᠰᠤᠭᠠᠷ ᠬᠢᠨᠠᠨ ᠪᠠᠶᠢᠴᠠᠭᠠᠬᠤ ᠶᠢ | ᠴᠢᠩᠭᠠᠳᠬᠠᠨ᠂ ᠲᠦᠯᠦᠪᠵᠢᠭᠦᠯᠭᠡ ᠶᠢᠨ ᠡᠷᠬᠡ ᠰᠦᠷᠲᠦ ᠴᠢᠨᠠᠷ ᠪᠤᠯᠤᠨ ᠲᠦᠪ ᠴᠢᠩᠭ᠎ᠠ ᠴᠢᠨᠠᠷ ᠢ ᠦᠨᠡᠨᠬᠦ | ᠬᠠᠮᠠᠭᠠᠯᠠᠨ᠎ᠠ᠃ | ᠬᠤᠶᠠᠷ ᠲᠤ᠂ ᠲᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠤᠨ᠎ᠠ᠃ ᠵᠤᠷᠢᠭᠲᠠᠢ ᠡᠭᠦᠷᠭᠡᠯᠡᠬᠦ᠂ ᠬᠦᠴᠢᠷ ᠪᠡᠷᠬᠡ ᠶᠢ ᠢᠯᠠᠨ ᠳᠠᠪᠠᠭ᠋ᠤ ᠵᠣᠷᠢᠭ | ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠦᠴᠦᠨ ᠢᠶᠠᠨ ᠲᠦᠪᠯᠡᠷᠡᠭᠦᠯᠦᠨ ᠲᠢᠶᠧ ᠨᠠᠨ ᠤ ᠲᠦᠭᠦᠮ ᠪᠦᠲᠦᠴᠡᠲᠦ | ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢ ᠰᠠᠶᠢᠲᠤᠷ ᠬᠢᠵᠦ᠂ ᠲᠦᠭᠦᠮ ᠪᠦᠲᠦᠴᠡᠲᠦ ᠤᠷᠤᠨ | ᠰᠠᠭᠤᠴᠠ ᠶᠢᠨ ᠲᠤᠭᠤᠷᠢᠭ ᠤᠨ ᠰᠠᠭᠤᠭᠠᠯᠢ ᠠᠷᠠᠳ ᠢ ᠵᠢᠯ ᠤᠨ ᠲᠤᠲᠤᠷ᠎ᠠ ᠰᠢᠨ᠎ᠡ ᠰᠠᠭᠤᠴᠠ ᠳᠤ ᠨᠡᠭᠦᠯᠭᠡᠬᠦ ᠶᠢ | ᠡᠷᠬᠡᠪᠰᠢ ᠪᠠᠲᠤᠯᠠᠨ᠎ᠠ᠃ 30 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ᠂ 7422 | ᠢᠵᠢ ᠲᠦᠪᠬᠢᠨᠡᠭᠦᠯᠬᠦ ᠰᠠᠭᠤᠴᠠ ᠶᠢ ᠪᠦᠬᠦᠨ ᠢ ᠳᠤᠰᠢᠶᠠᠨ ᠤᠷᠤᠵᠤ ᠰᠠᠭᠤᠷᠢᠰᠢᠨ᠂ ᠲᠢᠶᠧ ᠨᠠᠨ ᠶᠡᠭᠡ ᠵᠡᠭᠡᠯᠢ | ᠪᠤᠯᠤᠨ ᠨᠢᠭᠡ ᠬᠤᠶᠠᠳᠤᠭᠠᠷ ᠬᠤᠭᠤᠴᠠᠭᠠᠨ ᠤ ᠰᠠᠯᠪᠤᠷᠢ ᠵᠠᠮ ᠲᠤᠤᠷ ᠤᠨ ᠠᠵᠢᠯ ᠢ ᠳᠠᠭᠤᠰᠬᠠᠵᠦ ᠲᠡᠷᠭᠡ | ᠨᠡᠪᠲᠡᠷᠡᠭᠦᠯᠦᠨ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠤᠩᠬᠢᠯ᠂ ᠬᠤᠲᠠ ᠶᠢᠨ ᠡᠮᠦᠨᠡᠬᠢ ᠪᠤᠰᠤᠭ᠎ᠠ | ᠰᠤᠯᠪᠢᠴᠠᠲᠤ ᠬᠦᠭᠦᠷᠭᠡ᠂ 2 ᠨᠦᠬᠡᠨ ᠵᠠᠮ᠂ 25 ᠲᠦᠮᠡᠨ ᠳᠡᠭᠰᠢ ᠳᠦᠷᠪᠡᠯᠵᠢᠨ ᠮᠧᠲᠷ ᠤᠨ ᠤᠶᠢᠵᠢᠭᠤᠯᠤᠯᠲᠠ᠂ | ᠡᠮᠦᠨ᠎ᠡ ᠠᠭᠤᠯᠠᠨ ᠤ ᠪᠡᠯ ᠬᠠᠮᠠᠭᠠᠯᠠᠬᠤ ᠪᠠ ᠰᠢᠷᠭᠢᠭᠰᠡᠨ ᠭᠤᠤᠯ ᠤᠨ ᠦᠭᠡᠷᠡᠴᠢᠯᠡᠨ ᠵᠠᠰᠠᠯᠲᠠ ᠵᠡᠷᠭᠡ ᠰᠠᠭᠤᠷᠢ | ᠲᠦᠬᠦᠭᠡᠷᠦᠮᠵᠢ ᠶᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠰᠤᠶᠤᠯ ᠤᠨ ᠲᠦᠪ᠂ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠵᠡᠷᠭᠡ ᠦᠢᠯᠡᠴᠢᠯᠡᠭᠡᠨ ᠤ ᠲᠦᠬᠦᠭᠡᠷᠦᠮᠵᠢ ᠶᠢ ᠢᠵᠢ ᠪᠦᠷᠢᠳᠦᠭᠦᠯᠦᠨ ᠳᠠᠭᠠᠭᠤᠯᠵᠦ᠂ | ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠪᠤᠯᠤᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠢ ᠬᠠᠮᠲᠤᠪᠡᠷ | ᠤᠷᠤᠨ ᠪᠠᠶᠢᠷᠢ ᠳᠤᠨᠢ ᠭᠦᠷᠭᠡᠵᠦ᠂ ᠲᠢᠶᠧ ᠨᠠᠨ ᠢ ᠦᠨᠡᠨᠬᠦ ᠭᠡᠭᠡᠨᠴᠢᠷ ᠲᠤᠬᠢᠯᠢᠭ ᠰᠢᠨ᠎ᠡ ᠬᠤᠲᠠ᠂ ᠳᠦᠭᠦᠮ | ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠪᠤᠯᠭᠠᠨ ᠪᠦᠲᠦᠭᠡᠨ | ᠪᠠᠶᠢᠭᠤᠯᠤᠨ᠎ᠠ᠃ ᠪᠦᠬᠦ ᠤᠷᠤᠨ ᠬᠡᠪᠴᠢᠶᠡᠨ ᠳᠤ ᠲᠠᠲᠠᠪᠤᠷᠢᠯᠠᠬᠤ᠂ ᠨᠢᠭᠡᠯᠨ ᠤᠳᠠᠭ᠎ᠠ ᠳᠤ ᠬᠤᠷᠢᠶᠠᠨ ᠬᠠᠳᠠᠭᠠᠯᠠᠬᠤ᠂ | ᠬᠤᠭᠤᠴᠠᠭ᠎ᠠ ᠬᠤᠪᠢᠶᠠᠨ ᠨᠡᠭᠡᠭᠡᠨ ᠠᠰᠢᠭᠯᠠᠬᠤ ᠰᠡᠳᠬᠢᠮᠵᠢ ᠶᠢ ᠵᠢᠷᠤᠮᠯᠠᠨ᠂ 1.3 ᠲᠦᠮᠡᠨ ᠳᠡᠭᠰᠢ ᠳᠦᠷᠪᠡᠯᠵᠢᠨ | ᠺᠢᠯᠦᠮᠧᠲᠷ ᠴᠢᠯᠦᠭᠡᠯᠡᠯᠲᠡ ᠪᠠᠷᠠᠭᠤᠨ ᠵᠡᠭᠡᠯᠢ ᠶᠢᠨ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ᠴᠢᠶᠤᠤ ᠪᠸᠢ ᠪᠦᠯᠬᠦᠮ ᠤᠨ ᠨᠢᠭᠡᠳᠦᠭᠡᠷ ᠬᠤᠭᠤᠴᠠᠭᠠᠨ ᠤ ᠢᠵᠢ | ᠪᠦᠷᠢᠳᠦᠭᠰᠡᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠭᠦᠷᠦᠩᠭᠡ ᠶᠢ ᠢᠳᠡᠪᠬᠢᠲᠡᠢ ᠲᠠᠲᠠᠨ᠂ ᠴᠢᠶᠤᠤ | ᠪᠸᠢ ᠪᠦᠯᠬᠦᠮ ᠤᠨ ᠬᠤᠶᠠᠳᠤᠭᠠᠷ ᠬᠤᠭᠤᠴᠠᠭ᠎ᠠ ︵ᠯᠢᠦ ᠳ᠋ᠠ ᠹᠧᠨ ᠬᠡᠰᠡᠭ︶ ᠶᠢ ᠨᠡᠭᠡᠭᠡᠨ ᠠᠰᠢᠭᠯᠠᠵᠤ ᠪᠦᠲᠦᠭᠡᠨ | ᠪᠠᠶᠢᠭᠤᠯᠤᠨ᠎ᠠ᠃ ᠲᠢᠶᠧ ᠪᠸᠢ ᠰᠢᠨ ᠶᠤᠸᠠᠨ᠂ ᠷᠦᠩ ᠵᠢᠢ ᠲᠠᠩ ᠤᠨ ᠬᠤᠶᠠᠳᠤᠭᠠᠷ ᠬᠤᠭᠤᠴᠠᠭ᠎ᠠ ᠵᠡᠷᠭᠡ | ᠬᠠᠭᠤᠴᠢᠨ ᠬᠤᠲᠠ ᠶᠢᠨ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢ | ᠯᠠᠪᠳᠠᠭᠤᠨ ᠠᠬᠢᠭᠤᠯᠵᠤ᠂ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠭᠦᠴᠡᠯ ᠢ ᠤᠯᠠᠮ ᠨᠢᠭᠡ ᠠᠯᠬᠤᠮ | ᠰᠠᠶᠢᠵᠢᠷᠠᠭᠤᠯᠤᠨ᠎ᠠ᠃ | ᠭᠤᠷᠪᠠ ᠳᠤ᠂ ᠦᠵᠡᠰᠬᠦᠯᠡᠩᠲᠦ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠨᠡᠩ ᠶᠡᠭᠡ | ᠬᠦᠴᠦᠨ ᠢᠶᠠᠷ ᠲᠦᠯᠬᠢᠨ ᠠᠬᠢᠭᠤᠯᠤᠨ᠎ᠠ᠃ 4 ᠳ᠋ᠦᠩᠰᠢᠭᠤᠷ ᠲᠦᠭᠦᠷᠢᠭ ᠤᠨ ᠪᠡᠯᠡ ᠴᠤᠭᠯᠠᠭᠤᠯᠤᠨ᠂ ᠤᠭ | ᠦᠨᠳᠦᠰᠦ ᠶᠢ ᠵᠠᠰᠠᠬᠤ ᠪᠠ ᠬᠡᠪᠴᠢᠶ᠎ᠡ ᠶᠢ ᠦᠷᠭᠡᠳᠬᠡᠨ᠂ ᠬᠡᠪ ᠳᠠᠭᠤᠷᠢᠶᠠᠯ ᠪᠤᠢ ᠪᠤᠯᠭᠠᠬᠤ ᠵᠠᠷᠴᠢᠮ ᠶᠤᠰᠤᠭᠠᠷ᠂ 《 | ᠠᠷᠪᠠ ᠶᠢ ᠪᠦᠷᠬᠦᠭᠦᠯᠬᠦ》 ᠢᠨᠵᠧᠨᠧᠷᠢᠩ ᠢ ᠦᠨᠳᠦᠷ ᠪᠠᠷᠢᠮᠵᠢᠶ᠎ᠠ ᠪᠠᠷ ᠪᠠᠶᠠᠯᠠᠭᠦᠯᠵᠦ᠂ 2406 ᠡᠷᠦᠬᠡ ᠶᠢᠨ | ᠰᠢᠷᠤᠢ ᠶᠢᠨ ᠪᠠᠶᠢᠰᠢᠩ ᠢ ᠭᠤᠤᠯᠳᠠᠯᠭ᠎ᠠ ᠲᠠᠢ ᠦᠭᠡᠷᠡᠴᠢᠯᠡᠨ ᠪᠠᠶᠢᠭᠤᠯᠵᠤ᠂ 142 ᠺᠢᠯᠤᠮᠧᠲᠷ ᠵᠡᠭᠡᠯᠢ | ᠭᠤᠳᠤᠮᠵᠢ ᠶᠢᠨ ᠵᠠᠮ ᠢ ᠬᠠᠲᠠᠭᠤᠷᠠᠭᠤᠯᠤᠨ᠂ 3 ᠰᠠᠭᠤᠷᠢ ᠢᠳᠡᠬᠦ ᠤᠰᠤᠨ ᠤ ᠠᠮᠤᠷ ᠲᠦᠪᠰᠢᠨ ᠤ ᠢᠨᠵᠧᠨᠧᠷᠢᠩ᠂ | 11 ᠰᠤᠶᠤᠯ ᠤᠨ ᠠᠭᠤᠳᠠᠮ ᠲᠠᠯᠠᠪᠠᠢ᠂ 7 ᠬᠦᠳᠡᠭᠡ ᠲᠤᠰᠬᠤᠨ ᠤ ᠶᠡᠷᠦᠩᠬᠡᠶᠢᠯᠡᠭᠰᠡᠨ ᠨᠡᠶᠢᠭᠡᠮ ᠲᠤᠭᠤᠷᠢᠭ ᠤᠨ | ᠦᠢᠯᠡᠴᠢᠯᠡᠭᠡᠨ ᠤ ᠲᠦᠪ ᠢ ᠰᠢᠨ᠎ᠡ ᠪᠠᠷ ᠨᠡᠮᠡᠭᠳᠡᠭᠦᠯᠵᠦ᠂ ᠠᠶᠢᠯ ᠲᠤᠰᠬᠤᠨ ᠤ ᠬᠠᠪᠢ ᠪᠠᠷ 700 ᠮᠦ | ᠤᠶᠢᠵᠢᠭᠤᠯᠬᠤ ᠶᠢᠨ ᠬᠠᠮᠲᠤ᠂ 306 ᠤᠯᠤᠰ ᠤᠨ ᠵᠠᠮ ᠪᠤᠯᠤᠨ ᠸᠧᠨ ᠰᠠᠨ ᠱᠤᠭᠤᠮ ᠲᠠᠢ ᠵᠠᠯᠭᠠᠵᠤ ᠪᠠᠶᠢᠭ᠎ᠠ | ᠬᠤᠲᠠ ᠶᠢᠨ ᠡᠮᠦᠨ᠎ᠡ ᠬᠡᠰᠡᠭ ᠤᠨ ᠦᠵᠡᠰᠬᠦᠯᠡᠩᠲᠦ ᠬᠦᠳᠡᠭᠡ ᠲᠤᠰᠬᠤᠨ ᠤ ᠦᠵᠡᠮᠵᠢ ᠶᠢᠨ ᠪᠦᠰᠡ ᠶᠢ ᠬᠦᠴᠦᠯᠡᠨ | ᠪᠦᠲᠦᠭᠡᠨ ᠪᠠᠶᠢᠭᠤᠯᠤᠨ᠎ᠠ᠃ ᠬᠦᠳᠡᠭᠡ ᠲᠤᠰᠬᠤᠨ ᠤ ᠤᠷᠴᠢᠨ ᠲᠤᠭᠤᠷᠢᠨ ᠡᠷᠡᠭᠦᠯ ᠬᠠᠮᠠᠭᠠᠯᠠᠯ ᠤᠨ ᠤᠷᠲᠤᠮᠵᠢ ᠶᠢᠨ | ᠬᠠᠮᠢᠶᠠᠷᠤᠯᠲᠠ ᠵᠢᠨᠲ᠋ᠤᠭᠲᠠᠴᠠ ᠶᠢ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠭᠤᠷᠢ | ᠲᠦᠬᠦᠭᠡᠷᠦᠮᠵᠢ ᠪᠣᠯᠣᠨ ᠠᠷᠢᠭᠤᠨ ᠴᠡᠪᠡᠷ ᠪᠠᠶᠢᠯᠭᠠᠬᠤ ᠳᠠᠰᠬᠠᠯ ᠢ ᠪᠠᠶᠢᠭᠠᠯᠢᠯᠢᠭ ᠲᠣᠰᠬᠤᠨ ᠳᠤ ᠬᠦᠷᠭᠡᠬᠦ ᠶᠢ | ᠠᠬᠢᠭᠤᠯᠤᠨ᠂ ᠪᠦᠬᠦ ᠬᠤᠲᠠ ᠳᠤ ᠬᠠᠮᠤᠭ ᠤᠷᠢᠳᠠᠪᠡᠷ ᠬᠤᠲᠠ ᠪᠠᠯᠭᠠᠰᠤ᠂ ᠬᠤᠲᠠ ᠶᠢᠨ ᠳᠦᠷᠬᠦ᠂ ᠤᠷᠴᠢᠨ | ᠲᠤᠭᠤᠷᠢᠨ᠂ ᠡᠷᠡᠭᠦᠯ ᠬᠠᠮᠠᠭᠠᠯᠠᠯ᠂ ᠬᠠᠮᠢᠶᠠᠷᠤᠯᠲᠠ ᠨᠢᠭᠡ ᠴᠤᠭᠴᠠᠵᠢᠬᠤ ᠶᠢ ᠪᠡᠶᠡᠯᠡᠭᠦᠯᠦᠨ᠎ᠡ᠃ ᠸᠧᠨ ᠵᠦᠩ | ᠪᠠᠯᠭᠠᠰᠤ ᠪᠠᠷ ᠭᠤᠤᠯᠳᠠᠯᠭ᠎ᠠ ᠲᠠᠢ ᠬᠦᠭᠵᠢᠯᠲᠡ ᠶᠢᠨ ᠤᠷᠤᠨ ᠬᠡᠪᠴᠢᠶ᠎ᠡ ᠪᠤᠯᠭᠠᠨ᠂ ᠬᠦᠳᠡᠭᠡ ᠲᠤᠰᠬᠤᠨ ᠤ | ᠵᠤᠭᠠᠴᠠᠯ ᠪᠠ ᠰᠡᠯᠡᠭᠦᠴᠡᠯ ᠲᠠᠷᠢᠶᠠᠯᠠᠩ ᠢᠶᠠᠷ ᠲᠤᠯᠤᠭᠠᠶᠢᠯᠠᠭᠴᠢ ᠪᠤᠯᠭᠠᠵᠤ᠂ ᠬᠦᠳᠡᠭᠡ ᠲᠤᠰᠬᠤᠨ ᠤ ᠡᠬᠢ | ᠪᠠᠶᠠᠯᠢᠭ ᠢ ᠪᠦᠲᠦᠮᠵᠢᠲᠡᠢ ᠡᠮᠬᠢᠯᠡᠨ᠂ ᠠᠵᠤ ᠦᠢᠯᠡᠰ ᠤᠨ ᠰᠠᠭᠤᠷᠢ ᠮᠦᠩᠭᠦ ᠶᠢᠨ ᠬᠦᠲᠦᠴᠢ ᠪᠠᠷ ᠳᠡᠮᠵᠢᠵᠦ᠂ | ᠤᠯᠠᠨ ᠲᠦᠷᠦᠯ ᠤᠨ ᠬᠡᠯᠪᠡᠷᠢ ᠮᠠᠶ᠋ᠢᠭ ᠤᠨ ᠬᠦᠳᠡᠭᠡ ᠲᠤᠰᠬᠤᠨ ᠤ ᠵᠤᠭᠠᠴᠠᠯ ᠤᠨ ᠪᠦᠲᠦᠭᠡᠭᠳᠡᠭᠦᠨ ᠢ ᠨᠡᠭᠡᠭᠡᠵᠦ᠂ | ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠤᠷᠤᠨ ᠢ ᠪᠦᠲᠦᠭᠡᠨ | ᠪᠠᠶᠢᠭᠤᠯᠤᠨ᠎ᠠ᠃ ᠬᠤᠲᠠ ᠶᠢᠨ ᠮᠠᠶ᠋ᠢᠭ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠤᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠦᠬᠦᠭᠡᠷᠦᠮᠵᠢᠲᠦ ᠲᠠᠷᠢᠶᠠᠯᠠᠩ ᠤᠨ ᠳᠦᠭᠦᠮ | ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢ ᠳᠡᠰ ᠳᠡᠪᠰᠢᠭᠦᠯᠬᠦ ᠲᠦᠯᠦᠪᠯᠡᠭᠡ ᠶᠢ | ᠬᠡᠷᠡᠭᠵᠢᠭᠦᠯᠦᠨ᠂ ᠵᠢᠯ ᠤᠨ ᠲᠤᠲᠤᠷ᠎ᠠ 1000 ᠮᠦ ᠦᠭᠡᠷᠡᠴᠢᠯᠡᠨ ᠪᠠᠶᠢᠭᠤᠯᠵᠤ᠂ 5 ᠵᠢᠯ ᠳᠠᠷᠠᠭᠠᠯᠠᠨ | ᠦᠭᠡᠷᠡᠴᠢᠯᠡᠨ ᠪᠠᠶᠢᠭᠤᠯᠵᠤ᠂ ᠬᠠᠭᠠᠯᠪᠦᠷᠢᠯᠡᠵᠦ ᠲᠠᠷᠢᠬᠤ ᠦᠢᠯᠡᠳᠦᠯᠭᠡ ᠳᠤ ᠤᠷᠤᠯᠴᠠᠬᠤ ᠂ ᠲᠡᠭᠦᠵᠦ | ᠴᠤᠭᠯᠠᠭᠤᠯᠤᠨ ᠦᠵᠡᠮᠵᠢ ᠰᠤᠨᠢᠷᠬᠠᠬᠤ ᠶᠢ ᠨᠢᠭᠡ ᠴᠤᠭᠴᠠᠵᠢᠭᠤᠯᠤᠭᠰᠠᠨ ᠰᠡᠯᠡᠭᠦᠴᠡᠯ ᠲᠠᠷᠢᠶᠠᠯᠠᠩ ᠤᠨ | ᠬᠦᠭᠵᠢᠭᠦᠯᠦᠯᠲᠡ ᠶᠢᠨ ᠰᠠᠭᠤᠷᠢᠨ ᠢ ᠬᠦᠴᠦᠯᠡᠨ ᠪᠦᠲᠦᠭᠡᠨ ᠪᠠᠶᠢᠭᠤᠯᠤᠨ᠎ᠠ᠃ | ᠳᠦᠷᠪᠡ ᠳᠤ᠂ ᠬᠤᠲᠠ ᠶᠢᠨ ᠢᠵᠢ ᠪᠦᠷᠢᠳᠦᠭᠰᠡᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠤᠴᠢ ︵ | ᠾᠦᠸᠧ ᠬᠤᠸᠠ︶ ᠵᠠᠮ ᠤᠨ ᠶᠡᠭᠡ ᠬᠦᠭᠦᠷᠭᠡ ᠶᠢ ᠠᠵᠢᠯ ᠡᠬᠢᠯᠡᠭᠦᠯᠵᠦ᠂ ᠳ᠋ᠦᠩ ᠹᠧᠩ ᠬᠦᠭᠦᠷᠭᠡ ᠪᠤᠯᠤᠨ | ᠨᠡᠬᠡᠮᠡᠯ ᠤᠨ ᠦᠢᠯᠡᠳᠪᠦᠷᠢ ᠶᠢᠨ ᠬᠦᠭᠦᠷᠭᠡ ᠶᠢ ᠳᠠᠬᠢᠨ ᠪᠠᠶᠢᠭᠤᠯᠤᠨ᠂ ᠬᠤᠩ ᠰᠢᠩ ᠵᠠᠮ ᠪᠤᠯᠤᠨ ᠬᠤᠲᠠ | ᠲᠤᠭᠤᠷᠢᠭᠰᠠᠨ ᠦᠨᠳᠦᠷ ᠬᠤᠷᠳᠤᠴᠠᠲᠤ ᠵᠠᠰᠠᠮᠠᠯ ᠵᠠᠮ ᠤᠨ ᠡᠮᠦᠨ᠎ᠡ ᠭᠠᠷᠬᠤ ᠡᠭᠦᠳᠡ ᠶᠢ ᠦᠭᠡᠷᠡᠴᠢᠯᠡᠨ ᠴᠡᠭᠴᠡᠯᠡᠵᠦ᠂ | 306 ᠤᠯᠤᠰ ᠤᠨ ᠵᠠᠮ ᠢ ᠦᠷᠭᠡᠳᠬᠡᠨ ᠪᠠᠶᠢᠭᠤᠯᠵᠤ᠂ 36 ᠺᠢᠯᠦᠮᠧᠲᠷ ᠲᠤᠰᠬᠤᠨ ᠤ ᠵᠠᠰᠠᠮᠠᠯ ᠵᠠᠮ ᠢ | ᠰᠢᠨ᠎ᠡ ᠪᠠᠷ ᠪᠠᠶᠢᠭᠤᠯᠵᠤ᠂ 10 ᠵᠤᠷᠪᠤᠰ ᠬᠤᠲᠠ ᠲᠤᠭᠤᠷᠢᠭ ᠤᠨ ᠵᠡᠭᠡᠯᠢ ᠭᠤᠳᠤᠮᠵᠢ ᠶᠢ ᠴᠡᠭᠴᠡᠯᠡᠨ ᠵᠠᠰᠠᠵᠤ᠂ | ᠭᠤᠤᠯ ᠬᠤᠲᠠ ᠲᠤᠭᠤᠷᠢᠭ ᠤᠨ ᠭᠦᠩᠭᠡᠨ ᠵᠠᠮ ᠤᠨ ᠡᠮᠦᠨ᠎ᠡ ᠬᠤᠭᠤᠴᠠᠭᠠᠨ ᠤ ᠠᠵᠢᠯ ᠢ ᠡᠬᠢᠯᠡᠭᠦᠯᠦᠨ᠂ | ᠨᠡᠶᠢᠲᠡ ᠶᠢᠨ ᠮᠠᠰᠢᠨ ᠤ ᠵᠠᠮ ᠱᠤᠭᠤᠮ ᠢ ᠶᠡᠬᠡᠪᠡᠷ ᠨᠡᠭᠡᠭᠡᠵᠦ᠂ ᠤᠯᠠᠨ ᠲᠦᠮᠡᠨ ᠢ ᠶᠠᠪᠤᠵᠤ ᠰᠠᠭᠤᠬᠤ ᠳᠤ ᠨᠡᠩ | ᠳᠦᠭᠦᠮ ᠳᠦᠲᠡ ᠪᠤᠯᠭᠠᠨ᠎ᠠ᠃ ᠤᠯᠠᠨ ᠨᠡᠶᠢᠲᠡ ᠶᠢᠨ ᠲᠦᠬᠦᠭᠡᠷᠦᠮᠵᠢ ᠶᠢ ᠲᠤᠬᠢᠷᠠᠭᠤᠯᠤᠨ ᠪᠠᠶᠢᠭᠤᠯᠬᠤ ᠵᠡᠷᠭᠡ | ᠠᠷᠭ᠎ᠠ ᠠᠪᠴᠠᠯ ᠢᠶᠠᠷ ᠳᠠᠮᠵᠢᠭᠠᠳ᠂ ᠭᠠᠵᠠᠷ ᠳᠡᠭᠡᠷᠡᠬᠢ᠂ ᠭᠠᠵᠠᠷ ᠲᠤᠤᠷᠠᠬᠢ ᠵᠢᠴᠢ ᠪᠤᠰᠤᠭ᠎ᠠ ᠴᠤᠭᠴᠠᠲᠤ | ᠲᠡᠷᠭᠡᠨ ᠵᠤᠭᠰᠤᠭᠠᠯ 1000 ᠰᠠᠭᠤᠷᠢ ᠶᠢ ᠰᠢᠨ᠎ᠡ ᠪᠠᠷ ᠪᠠᠶᠢᠭᠤᠯᠵᠤ᠂ ᠲᠡᠷᠭᠡ ᠵᠤᠭᠰᠤᠭᠠᠬᠤ ᠳᠤ ᠬᠦᠴᠢᠷ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠬᠤᠩ ᠱᠠᠨ ᠰᠤᠶᠤᠯ ᠤᠨ ᠠᠵᠢᠯᠯᠠᠭᠠᠨ ᠤ ᠲᠦᠪ ᠢ ᠲᠦᠯᠦᠪᠦᠷᠢ | ᠦᠭᠡᠢ ᠨᠡᠭᠡᠭᠡᠵᠦ᠂ 5000 ᠳᠡᠭᠰᠢ ᠳᠦᠷᠪᠡᠯᠵᠢᠨ ᠮᠧᠲᠷ ᠨᠡᠶᠢᠭᠡᠮ ᠲᠤᠭᠤᠷᠢᠭ ᠤᠨ ᠠᠵᠢᠯᠯᠠᠭᠠᠨ ᠤ ᠭᠡᠷ ᠢ | ᠰᠢᠨ᠎ᠡ ᠪᠠᠷ ᠨᠡᠮᠡᠨ᠂ ᠠᠭᠤᠳᠠᠮ ᠲᠠᠯᠠᠪᠠᠢ᠂ ᠵᠦᠯᠭᠡᠨ ᠳᠠᠬᠢ ᠤᠯᠠᠨ ᠨᠡᠶᠢᠲᠡ ᠶᠢᠨ ᠲᠦᠬᠦᠭᠡᠷᠦᠮᠵᠢ ᠶᠢ ᠰᠡᠯᠪᠢᠨ | ᠵᠠᠰᠠᠨ᠎ᠠ᠃ 3 ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠰᠢᠨ᠎ᠡ ᠪᠠᠷ ᠪᠠᠶᠢᠭᠤᠯᠤᠨ᠎ᠠ᠃ 50 ᠲᠦᠮᠡᠨ | ᠳᠡᠭᠰᠢ ᠳᠦᠷᠪᠡᠯᠵᠢᠨ ᠮᠧᠲᠷ ᠬᠠᠭᠤᠴᠢᠨ ᠲᠤᠭᠤᠷᠢᠭ ᠢ ᠦᠭᠡᠷᠡᠴᠢᠯᠡᠨ ᠵᠠᠰᠠᠵᠤ᠂ ᠴᠢᠩ ᠾᠧ ᠵᠢᠶᠠ ᠶᠤᠸᠠᠨ᠂ | ᠶᠢᠨ ᠲᠠᠢ ᠬᠤᠸᠠ ᠶᠤᠸᠠᠨ ᠵᠡᠷᠭᠡ ᠨᠦᠬᠦᠴᠡᠯ ᠪᠦᠷᠢᠳᠦᠭᠰᠡᠨ ᠪᠦᠬᠦ ᠬᠠᠭᠤᠴᠢᠨ ᠲᠤᠭᠤᠷᠢᠭ ᠲᠤ ᠪᠡᠶ᠎ᠡ | ᠴᠢᠬᠢᠷᠠᠭᠵᠢᠭᠤᠯᠬᠤ ᠲᠦᠬᠦᠭᠡᠷᠦᠮᠵᠢ ᠲᠤᠬᠢᠷᠠᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠠᠳᠠᠯ ᠠᠬᠤᠢ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠷᠠᠳ ᠤᠯᠠᠨ ᠤ ᠠᠮᠢᠳᠤᠷᠠᠯ ᠢ ᠨᠡᠩ ᠲᠠᠭᠠᠯᠠᠮᠵᠢᠲᠠᠢ | ᠪᠤᠯᠭᠠᠨ᠎ᠠ᠃ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ | ᠲᠡᠭᠦᠯᠳᠡᠷᠵᠢᠭᠦᠯᠦᠨ᠂ ᠬᠠᠮᠢᠶᠠᠷᠤᠯᠲᠠ᠂ ᠠᠵᠢᠯᠯᠠᠬᠤ᠂ ᠬᠠᠤᠯᠢ ᠬᠡᠷᠡᠭᠵᠢᠭᠦᠯᠬᠦ᠂ ᠬᠢᠨᠠᠨ ᠪᠠᠶᠢᠴᠠᠭᠠᠯᠲᠠ《 | ᠳᠦᠷᠪᠡ ᠶᠢ ᠨᠢᠭᠡ ᠴᠤᠭᠴᠠᠵᠢᠭᠤᠯᠤᠭᠰᠠᠨ》 ᠪᠢᠲᠡᠭᠦᠮᠵᠢᠲᠦ ᠠᠵᠢᠯ ᠤᠨ ᠪᠠᠶᠢᠭᠤᠯᠤᠮᠵᠢ ᠶᠢ ᠨᠠᠶᠢᠳᠠᠪᠤᠷᠢᠵᠢᠭᠤᠯᠵᠤ᠂ | 《 ᠡᠭᠦᠳᠡᠨ ᠡᠮᠦᠨᠡᠬᠢ ᠭᠤᠷᠪᠠᠨ ᠳᠠᠭᠠᠭᠠᠯᠲᠠ》 ᠶᠢ ᠴᠢᠩᠭᠠᠳᠬᠠᠨ᠂ ᠬᠤᠲᠠ ᠶᠢᠨ ᠳᠡᠰ ᠤᠨ ᠬᠤᠲᠠ ᠶᠢᠨ | ᠬᠠᠮᠢᠶᠠᠷᠤᠯᠲᠠ ᠶᠢᠨ ᠤᠷᠤᠨ ᠨᠤᠲᠤᠭ ᠤᠨ ᠴᠢᠨᠠᠷᠲᠠᠢ ᠳᠦᠷᠢᠮ ᠲᠤᠭᠲᠠᠭᠠᠯ ᠲᠤᠭᠲᠠᠭᠠᠬᠤ ᠶᠢ ᠠᠬᠢᠭᠤᠯᠵᠤ᠂ | ᠬᠤᠲᠠ ᠶᠢ ᠬᠠᠤᠯᠢ ᠶᠤᠰᠤᠭᠠᠷ ᠦᠨᠳᠦᠷ ᠪᠦᠲᠦᠮᠵᠢᠲᠡᠢ ᠨᠠᠷᠢᠯᠢᠭ ᠬᠠᠮᠢᠶᠠᠷᠤᠨ᠎ᠠ᠃ ᠳᠤᠷ᠎ᠠ ᠪᠠᠷ ᠪᠠᠶᠢᠭᠤᠯᠬᠤ | ᠠᠵᠢᠯᠯᠠᠭ᠎ᠠ ᠳᠤ ᠴᠤᠬᠢᠯᠲᠠ ᠦᠭᠬᠦ ᠬᠦᠴᠦᠯᠡᠴᠡ ᠪᠠᠨ ᠴᠢᠩᠭᠠᠳᠬᠠᠨ᠂ ᠴᠠᠭ ᠲᠤᠬᠠᠢ ᠳᠤᠨᠢ ᠢᠯᠡᠷᠡᠭᠦᠯᠵᠦ᠂ | ᠬᠤᠷᠢᠭᠯᠠᠵᠤ᠂ ᠨᠤᠷᠠᠭᠠᠭᠰᠠᠨ ᠦᠭᠡᠢ ᠪᠤᠯ ᠬᠠᠷᠢᠶᠠᠲᠦ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠦᠷᠲᠡᠭᠡᠨ ᠤ ᠡᠮᠦᠨᠡᠬᠢ ᠠᠭᠤᠳᠠᠮ ᠲᠠᠯᠠᠪᠠᠢ᠂ | 306 ᠤᠯᠤᠰ ᠤᠨ ᠵᠠᠮ ᠤᠨ ᠱᠤᠭᠤᠮ ᠳᠠᠭᠠᠤ᠂ ᠲᠠᠪᠤᠳᠤᠭᠠᠷ ᠳᠡᠯᠭᠡᠭᠦᠷ ᠪᠠ ᠬᠤᠩ ᠱᠠᠨ ᠴᠡᠴᠡᠷᠯᠢᠭ ᠤᠨ ᠡᠷᠭᠢᠨ | ᠲᠤᠭᠤᠷᠢᠨ ᠵᠡᠷᠭᠡ ᠭᠤᠤᠯᠳᠠᠯᠭ᠎ᠠ ᠲᠠᠢ ᠤᠷᠤᠨ ᠬᠡᠪᠴᠢᠶᠡᠨ ᠤ ᠴᠡᠭᠴᠡᠯᠡᠨ ᠵᠠᠰᠠᠯᠲᠠ ᠶᠢ ᠴᠢᠩᠭᠠᠳᠬᠠᠨ᠂ ᠴᠢᠩ ᠾᠧ | ᠵᠠᠮ᠂ ᠵᠤᠤ ᠤᠳᠠ ᠵᠠᠮ᠂ ᠭᠠᠩ ᠲᠢᠶᠧ ᠵᠡᠭᠡᠯᠢ᠂ ᠬᠠᠳᠠ ᠵᠡᠭᠡᠯᠢ ᠪᠤᠯᠤᠨ ᠬᠦᠭᠦᠷᠭᠡᠨ ᠬᠤᠶᠢᠳᠦᠬᠢ ᠶᠡᠭᠡ ᠵᠡᠭᠡᠯᠢ | ᠵᠡᠷᠭᠡ ᠲᠠᠪᠤᠨ ᠵᠤᠷᠪᠤᠰ ᠬᠤᠲᠠ ᠶᠢᠨ ᠳᠦᠷᠢ ᠳᠦᠷᠭᠦ ᠶᠢᠨ ᠬᠠᠮᠢᠶᠠᠷᠤᠯᠲᠠ ᠶᠢᠨ ᠵᠢᠱᠢᠶ᠎ᠠ ᠦᠵᠡᠭᠦᠯᠭᠦ ᠵᠡᠭᠡᠯᠢ ᠶᠢ | ᠡᠭᠦᠳᠦᠨ ᠪᠠᠶᠢᠭᠤᠯᠵᠤ᠂ ᠬᠤᠲᠠ ᠪᠠᠯᠭᠠᠰᠤᠨ ᠤ ᠤᠷᠴᠢᠨ ᠲᠤᠭᠤᠷᠢᠨ ᠢ ᠪᠦᠲᠦᠮᠵᠢᠲᠠᠢ ᠰᠠᠶᠢᠵᠢᠷᠠᠭᠤᠯᠤᠨ᠎ᠠ᠃ | ᠲᠠᠪᠤ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠬᠠᠮᠠᠭᠠᠯᠠᠯᠲᠠ ᠶᠢ ᠴᠢᠩᠭᠠᠳᠬᠠᠨ᠎ᠠ᠃ | ᠤᠯᠤᠰ ᠤᠨ ᠴᠡᠴᠡᠷᠯᠢᠭᠵᠢᠭᠰᠡᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠦᠷᠨᠢᠭᠦᠯᠵᠦ᠂ | ᠬᠤᠩ ᠱᠠᠨ᠂ ᠡᠮᠦᠨ᠎ᠡ ᠠᠭᠤᠯᠠᠨ ᠤ ᠦᠵᠡᠮᠵᠢ ᠶᠢᠨ ᠤᠷᠤᠨ ᠤ ᠲᠦᠯᠦᠪᠵᠢᠭᠦᠯᠭᠡ ᠶᠢ ᠲᠡᠭᠦᠯᠳᠡᠷᠵᠢᠭᠦᠯᠦᠨ᠂ | ᠤᠯᠠᠭᠠᠨᠬᠠᠳᠠ ᠴᠧᠩᠳᠧ᠂ ᠤᠯᠠᠭᠠᠨᠬᠠᠳᠠ ᠴᠤᠤ ᠶᠠᠩ᠂ ᠤᠯᠠᠭᠠᠨᠬᠠᠳᠠ ᠲᠦᠩᠯᠢᠶᠤᠤ ᠶᠢᠨ ᠦᠨᠳᠦᠷ ᠬᠤᠷᠳᠤᠴᠠᠲᠤ | ᠵᠠᠰᠠᠮᠠᠯ ᠵᠠᠮ ᠪᠠ ᡂᠢ ᠯᠢᠩ ᠨᠢᠭᠡᠳᠦᠭᠡᠷ ᠳᠡᠰ ᠤᠨ ᠵᠠᠮ ᠱᠤᠭᠤᠮ ᠳᠠᠭᠠᠤ ᠤᠶᠢᠵᠢᠭᠤᠯᠤᠯᠲᠠ ᠶᠢᠨ | ᠬᠦᠴᠦᠯᠡᠴᠡ ᠪᠠᠨ ᠴᠢᠩᠭᠠᠳᠬᠠᠵᠤ᠂ ᠬᠤᠲᠠ ᠪᠠᠯᠭᠠᠰᠤᠨ ᠤ ᠠᠭᠤᠯᠵᠠᠷ᠂ ᠰᠠᠭᠤᠭᠠᠯᠢ ᠲᠤᠭᠤᠷᠢᠭ᠂ ᠬᠦᠷᠢᠶᠡᠯᠡᠩ | ᠲᠤᠭᠤᠷᠢᠭ᠂ ᠲᠤᠰᠬᠤᠨ ᠵᠡᠷᠭᠡ ᠭᠤᠤᠯᠳᠠᠯᠭ᠎ᠠ ᠲᠠᠢ ᠤᠷᠤᠨ ᠬᠡᠪᠴᠢᠶᠡᠨ ᠤ ᠤᠶᠢᠵᠢᠭᠤᠯᠤᠯᠲᠠ ᠶᠢᠨ ᠬᠡᠮᠵᠢᠶ᠎ᠡ ᠪᠠᠨ | ᠨᠡᠮᠡᠭᠳᠡᠬᠦᠯᠦᠨ᠂ 3100 ᠮᠦ ᠤᠶᠢᠵᠢᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠬᠦ ᠪᠠ ᠦᠭᠡᠷᠡᠴᠢᠯᠡᠨ | ᠪᠠᠶᠢᠭᠤᠯᠤᠨ᠎ᠠ᠃ ᠲᠠᠬᠢᠯᠲᠠ ᠡᠬᠢ ᠪᠠᠶᠠᠯᠢᠭ ᠢ ᠪᠤᠴᠠᠭᠠᠨ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠦᠨ᠂ ᠲᠤᠭᠤᠭᠠᠨ | ᠭᠡᠷ ᠤᠨ ᠬᠠᠶᠠᠭᠳᠠᠮᠠᠯ ᠡᠳ᠋ ᠢ ᠡᠬᠢ ᠪᠠᠶᠠᠯᠢᠭᠵᠢᠭᠤᠯᠦᠨ ᠠᠰᠢᠭᠯᠠᠬᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ᠭᠧ ᠯᠢᠨ ᠲᠧ ᠡᠮ ᠤᠨ ᠦᠢᠯᠡᠳᠪᠦᠷᠢ ᠶᠢᠨ ᠬᠠᠲᠠᠭᠤ ᠲᠦᠯᠦᠪᠲᠦ | ᠰᠢᠪᠬᠠᠷᠤᠤ ᠶᠢ ᠡᠬᠢ ᠪᠠᠶᠠᠯᠢᠭᠵᠢᠭᠤᠯᠦᠨ ᠶᠡᠷᠦᠩᠬᠡᠶᠢᠯᠡᠨ ᠠᠰᠢᠭᠯᠠᠬᠤ ᠵᠡᠷᠭᠡ ᠢᠨᠵᠧᠨᠧᠷᠢᠩ ᠢ ᠲᠦᠷᠭᠡᠪᠴᠢᠯᠡᠨ | ᠠᠬᠢᠭᠤᠯᠵᠤ᠂ ᠲᠠᠬᠢᠯᠲᠠ ᠠᠰᠢᠭᠯᠠᠯᠲᠠ ᠶᠢᠨ ᠪᠦᠲᠦᠭᠡᠭᠳᠡᠭᠦᠨ ᠢ ᠬᠦᠭᠵᠢᠭᠦᠯᠦᠨ᠎ᠡ᠃ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠴᠠᠬᠢᠯᠭᠠᠨ ᠢ ᠴᠡᠨᠡᠭᠯᠠᠵᠦ ᠰᠤᠯᠢᠬᠤ ᠲᠦᠬᠦᠭᠡᠷᠦᠮᠵᠢ ᠶᠢᠨ ᠲᠦᠯᠦᠪᠵᠢᠭᠦᠯᠭᠡ ᠶᠢᠨ ᠠᠵᠢᠯ ᠢ ᠡᠬᠢᠯᠡᠭᠦᠯᠵᠦ᠂ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠭ ᠢᠶᠠᠷ ᠳᠦᠷᠢᠶᠡᠰᠦᠯᠡᠬᠦ ᠬᠡᠯᠪᠡᠷᠢ ᠶᠢ ᠲᠤᠷᠰᠢᠨ᠂ ᠰᠠᠭᠠᠳ ᠦᠭᠡᠢ | ᠠᠶᠠᠯᠠᠯ ᠢ ᠰᠠᠨᠠᠭᠠᠴᠢᠯᠠᠨ᠎ᠠ᠃ ᠡᠨᠧᠷᠭᠢ ᠶᠢᠨ ᠰᠤᠷᠪᠤᠯᠵᠢ᠂ ᠲᠡᠮᠦᠷᠯᠢᠭ ᠬᠠᠶᠢᠯᠤᠭᠤᠯᠬᠤ᠂ ᠡᠮ ᠦᠢᠯᠡᠳᠬᠦ ᠵᠡᠷᠭᠡ | ᠴᠢᠬᠤᠯᠠ ᠠᠵᠤ ᠦᠢᠯᠡᠰ ᠤᠨ ᠪᠤᠵᠠᠷᠳᠤᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠨ᠂ 5000 ᠡᠷᠦᠬᠡ ᠶᠢᠨ | ᠪᠠᠶᠢᠰᠢᠩ ᠤᠨ ᠨᠡᠭᠦᠷᠡᠰᠦᠨ ᠵᠤᠤᠬᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠦᠭᠡᠷᠡᠴᠢᠯᠡᠯᠲᠡ ᠶᠢ | ᠨᠠᠶᠢᠳᠠᠪᠤᠷᠢᠵᠢᠭᠤᠯᠵᠤ᠂ ᠪᠤᠬᠢᠷᠳᠦᠯ ᠪᠤᠳᠠᠰ ᠢᠯᠭᠠᠷᠠᠭᠤᠯᠬᠤ ᠶᠡᠷᠦᠩᠬᠡᠢ ᠬᠡᠮᠵᠢᠶ᠎ᠡ ᠶᠢ ᠴᠢᠩᠭ᠎ᠠ ᠡᠵᠡᠮᠳᠡᠨ᠎ᠡ᠃ ᠬᠠᠤᠯᠢ | ᠪᠤᠰᠤ ᠪᠠᠷ ᠭᠠᠵᠠᠷ ᠬᠡᠷᠡᠭᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠯᠠ ᠭᠠᠵᠠᠷ ᠤᠨ | ᠴᠡᠪᠡᠷᠯᠡᠨ ᠴᠡᠭᠴᠡᠯᠡᠯᠲᠡ ᠶᠢ ᠴᠢᠩᠭᠠᠳᠬᠠᠨ᠂ ᠭᠠᠵᠠᠷ ᠰᠢᠷᠤᠢ ᠶᠢᠨ ᠠᠰᠢᠭᠯᠠᠯᠲᠠ ᠶᠢᠨ ᠪᠦᠲᠦᠮᠵᠢ ᠶᠢ | ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠴᠢᠩᠭ᠎ᠠ ᠳᠦᠷᠢᠮ ᠢ | ᠬᠡᠷᠡᠭᠵᠢᠭᠦᠯᠦᠨ᠂ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤᠲᠤᠷᠠᠬᠢ ᠠᠵᠤ ᠦᠢᠯᠡᠰ ᠤᠨ ᠲᠦᠷᠦ ᠶᠢᠨ | ᠪᠤᠳᠤᠯᠭ᠎ᠠ ᠳᠤ ᠵᠣᠬᠢᠴᠠᠬᠤ ᠦᠭᠡᠢ ᠦᠪᠡᠷᠲᠡᠭᠡᠨ ᠪᠡᠯᠡᠳᠬᠡᠭᠰᠡᠨ ᠤᠰᠤᠨ ᠤ ᠡᠬᠢ ᠶᠢᠨ ᠬᠤᠳᠳᠤᠭ ᠢ ᠬᠠᠭᠠᠵᠦ | ᠵᠤᠭᠰᠤᠭᠠᠨ᠂ ᠭᠠᠵᠠᠷ ᠳᠡᠭᠡᠷᠡᠬᠢ ᠤᠰᠤ ᠪᠤᠯᠤᠨ ᠲᠠᠬᠢᠯᠲᠠ ᠤᠰᠤ ᠠᠰᠢᠭᠯᠠᠬᠤ ᠶᠢ ᠳᠡᠯᠭᠡᠷᠡᠭᠦᠯᠵᠦ᠂ ᠤᠰᠤ | ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠦᠲᠦᠭᠡᠨ | ᠪᠠᠶᠢᠭᠤᠯᠤᠨ᠎ᠠ᠃ | ︵ᠳᠦᠷᠪᠡ︶ ᠬᠦᠭᠵᠢᠯᠲᠡ ᠶᠢᠨ ᠬᠢᠷᠢ ᠲᠦᠪᠰᠢᠨ ᠢ ᠬᠠᠮᠲᠤᠪᠡᠷ ᠡᠳ᠋ᠯᠡᠬᠦ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠨᠢᠭᠡ ᠳᠤ᠂ ᠨᠠᠶᠢᠳᠠᠪᠤᠷᠢᠲᠠᠢ ᠨᠡᠶᠢᠭᠡᠮ ᠤᠨ ᠪᠠᠲᠤᠯᠠᠭ᠎ᠠ ᠬᠠᠩᠭᠠᠨ᠎ᠠ᠃ ᠦᠢᠯᠡᠰ ᠪᠤᠰᠬᠠᠬᠤ ᠶᠢ | ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠠᠵᠤ ᠦᠢᠯᠡᠰ ᠤᠨ ᠬᠦᠷᠢᠶᠡᠯᠡᠩ ᠲᠤᠭᠤᠷᠢᠭ ᠪᠤᠯᠤᠨ | ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠵᠦ᠂ ᠦᠢᠯᠡᠰ ᠪᠤᠰᠬᠠᠬᠤ ᠨᠡᠪᠴᠢᠭᠦᠯᠬᠦ ᠲᠠᠪᠴᠠᠩ ᠢ ᠤᠯᠠᠨ | ᠲᠠᠯ᠎ᠠ ᠪᠠᠷ ᠪᠦᠲᠦᠭᠡᠨ ᠪᠠᠶᠢᠭᠤᠯᠵᠤ᠂ 《 ᠢᠨᠲ᠋ᠧᠷᠨᠧᠲ ᠰᠦᠯᠵᠢᠶ᠎ᠡ+》 ᠳᠤ ᠰᠠᠭᠤᠷᠢᠯᠠᠭᠰᠠᠨ ᠦᠢᠯᠡᠰ | ᠪᠤᠰᠬᠠᠬᠤ ᠠᠵᠢᠯᠯᠠᠭ᠎ᠠ ᠶᠢ ᠠᠬᠢᠭᠤᠯᠤᠨ᠎ᠠ᠃ ᠰᠦᠯᠵᠢᠶ᠎ᠡ ᠪᠠ ᠰᠦᠯᠵᠢᠶᠡᠨ ᠠᠴᠠ ᠭᠠᠳᠠᠨᠠᠬᠢ ᠶᠢ ᠨᠢᠭᠡ | ᠴᠤᠭᠴᠠᠵᠢᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠦᠯᠵᠢᠶ᠎ᠡ ᠪᠤᠯᠤᠨ ᠪᠦᠬᠦᠯᠢ ᠡᠳᠦᠷ ᠤᠨ ᠦᠢᠯᠡᠴᠢᠯᠡᠭᠡᠨ ᠤ | ᠵᠤᠬᠢᠴᠠᠮᠵᠢ ᠳᠤ ᠳᠦᠰᠢᠭᠯᠡᠨ᠂ ᠨᠤᠲᠤᠭ ᠲᠠᠭᠠᠨ ᠪᠤᠴᠠᠵᠤ ᠦᠢᠯᠡᠰ ᠪᠤᠰᠬᠠᠵᠦ ᠠᠵᠢᠯ ᠤᠯᠤᠭᠰᠠᠨ ᠤᠶᠤᠲᠠᠨ᠂ | ᠴᠡᠷᠢᠭ ᠠᠴᠠ ᠬᠠᠯᠠᠭᠳᠠᠭᠰᠠᠳ᠂ ᠬᠦᠯᠦᠰᠦᠨ ᠲᠠᠷᠢᠶᠠᠴᠢᠨ ᠳᠤ ᠳᠦᠭᠦᠮ ᠦᠵᠡᠭᠦᠯᠦᠨ᠎ᠡ᠃ ᠬᠤᠲᠠ | ᠪᠠᠯᠭᠠᠰᠤᠨ ᠤ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠳᠤ ᠲᠦᠰᠢᠭᠯᠡᠨ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ ᠤᠯᠠᠨ ᠠᠷᠭ᠎ᠠ ᠵᠠᠮ ᠢᠶᠠᠷ ᠨᠡᠭᠡᠭᠡᠨ᠎ᠡ᠃ ᠦᠢᠯᠡᠰ ᠪᠤᠰᠬᠠᠬᠤ ᠪᠠᠭ᠎ᠠ ᠲᠤᠭᠠᠨ ᠤ | ᠵᠢᠭᠡᠯᠡᠯᠭᠡ᠂ ᠬᠠᠨᠳᠤᠯᠭ᠎ᠠ ᠲᠠᠢ ᠴᠢᠳᠠᠪᠤᠷᠢ ᠶᠢᠨ ᠪᠤᠯᠪᠠᠰᠤᠷᠠᠯ ᠵᠡᠷᠭᠡ ᠲᠦᠷᠦ ᠶᠢᠨ ᠪᠤᠳᠤᠯᠭ᠎ᠠ ᠶᠢᠨ ᠴᠢᠳᠠᠮᠵᠢ ᠶᠢ | ᠭᠦᠢᠴᠡᠳ ᠪᠠᠳᠠᠷᠠᠭᠤᠯᠤᠨ᠂ ᠠᠵᠢᠯ ᠤᠯᠬᠤ ᠳᠤ ᠲᠦᠪᠡᠭᠳᠡᠭᠰᠡᠳ ᠢ ᠲᠤᠰᠠᠯᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃ | ᠵᠢᠯ ᠤᠨ ᠲᠤᠲᠤᠷ᠎ᠠ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠤᠯᠤᠭᠰᠠᠳ ᠢ 9000 ᠭᠦᠮᠦᠨ | ᠠᠴᠠ ᠳᠡᠭᠡᠭᠰᠢ ᠪᠤᠯᠭᠠᠵᠤ᠂ ᠬᠦᠳᠡᠭᠡ ᠲᠤᠰᠬᠤᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠤᠯᠭᠤᠭᠰᠠᠳ | ᠢ 1 ᠲᠦᠮᠡᠨ ᠬᠦᠮᠦᠨ ᠤᠳᠠᠭ᠎ᠠ ᠠᠴᠠ ᠳᠡᠭᠡᠭᠰᠢ ᠪᠤᠯᠭᠠᠨ᠎ᠠ᠃ ᠰᠢᠨ᠎ᠡ ᠬᠦᠳᠡᠭᠡ ᠲᠤᠰᠬᠤᠨ ᠤ ᠬᠤᠷᠰᠢᠭᠰᠠᠨ | ᠡᠮᠨᠡᠯᠭᠡ ᠶᠢᠨ ᠲᠦᠯᠦᠪᠦᠷᠢᠯᠡᠬᠦ ᠠᠷᠭ᠎ᠠ ᠮᠠᠶ᠋ᠢᠭ ᠢ ᠦᠭᠡᠷᠡᠴᠢᠯᠡᠨ᠎ᠡ᠃ 《 ᠲᠠᠪᠤᠨ ᠳᠠᠭᠠᠳᠬᠠᠯ ᠢ ᠨᠢᠭᠡᠳᠬᠡᠬᠦ》 | ᠨᠢᠭᠡᠲᠦᠯᠲᠡᠢ ᠬᠤᠷᠢᠶᠠᠵᠤ ᠨᠢᠭᠡᠲᠦᠯᠲᠡᠢ ᠳᠤᠰᠢᠶᠠᠬᠤ ᠶᠢ ᠠᠬᠢᠭᠤᠯᠵᠤ᠂ 《 ᠲᠠᠪᠤᠨ ᠳᠠᠭᠠᠳᠬᠠᠯ》 ᠳᠤ | ᠤᠷᠤᠯᠴᠠᠭᠰᠠᠳ ᠤᠨ ᠴᠡᠪᠡᠷ ᠦᠰᠦᠯᠲᠡ 2000 ᠬᠦᠮᠦᠨ ᠠᠴᠠ ᠳᠡᠭᠡᠭᠰᠢ ᠪᠤᠯᠭᠠᠨ᠎ᠠ᠃ ᠬᠤᠲᠠ ᠪᠠᠯᠭᠠᠰᠤᠨ ᠤ | ᠲᠤᠤᠷ᠎ᠠ ᠪᠠᠲᠤᠯᠠᠭ᠎ᠠ ᠶᠢᠨ ᠨᠦᠬᠦᠪᠦᠷᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠷᠴᠢᠨ ᠲᠤᠭᠤᠷᠢᠨ ᠤ ᠠᠷᠢᠭᠤᠨ | ᠴᠡᠪᠡᠷ ᠤᠨ ᠠᠵᠢᠯᠲᠠᠨ ᠪᠤᠯᠤᠨ ᠨᠡᠶᠢᠭᠡᠮ ᠲᠤᠭᠤᠷᠢᠭ ᠤᠨ ᠠᠵᠢᠯᠲᠠᠨ ᠤ ᠴᠠᠯᠢᠩ ᠢ ᠦᠷᠭᠦᠯᠵᠢᠯᠡᠨ 15% ᠪᠠᠷ | ᠨᠡᠮᠡᠭᠳᠡᠭᠦᠯᠵᠦ᠂ ᠲᠤᠤᠷ᠎ᠠ ᠤᠷᠤᠯᠭᠠᠲᠤ ᠲᠠᠷᠢᠶᠠᠴᠢᠨ ᠡᠷᠦᠬᠡ ᠳᠤ ᠨᠡᠭᠦᠷᠡᠰᠦᠨ ᠤ ᠨᠦᠬᠦᠪᠦᠷᠢ ᠤᠯᠭᠤᠨ᠎ᠠ᠃ 408 | ᠢᠵᠢ ᠨᠡᠶᠢᠲᠡ ᠶᠢᠨ ᠳᠦᠷᠢᠶᠡᠰᠦᠨ ᠭᠡᠷ ᠢ ᠪᠠᠶᠢᠭᠤᠯᠤᠨ᠎ᠠ᠃ ᠤᠷᠤᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠢ | ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ ᠨᠡᠭᠦᠳᠡᠯ ᠠᠷᠠᠳ ᠢᠶᠠᠷ ᠭᠤᠤᠯ ᠪᠤᠯᠭᠠᠭᠰᠠᠨ ᠰᠢᠨ᠎ᠡ ᠬᠤᠲᠠ ᠶᠢᠨ | ᠠᠷᠠᠳ ᠤᠨ ᠤᠷᠤᠨ ᠰᠠᠭᠤᠴᠠ ᠶᠢᠨ ᠱᠠᠭᠠᠷᠳᠠᠯᠭ᠎ᠠ ᠶᠢ ᠬᠠᠩᠭᠠᠨ᠎ᠠ᠃ ᠤᠨᠤᠴᠠ ᠲᠠᠢ ᠶᠠᠳᠠᠭᠤ ᠶᠢ ᠳᠡᠳᠬᠦᠬᠦ | ᠬᠦᠴᠦᠯᠡᠴᠡ ᠪᠠᠨ ᠴᠢᠩᠭᠠᠳᠬᠠᠨ᠂ ᠵᠢᠯ ᠤᠨ ᠲᠤᠲᠤᠷ᠎ᠠ 1492 ᠬᠦᠮᠦᠨ ᠢ ᠶᠠᠳᠠᠭᠤ ᠠᠴᠠ ᠠᠩᠭᠢᠵᠢᠷᠠᠭᠤᠯᠬᠤ ᠶᠢ | ᠪᠠᠲᠤᠯᠠᠨ᠎ᠠ᠃ | ᠬᠤᠶᠠᠷ ᠲᠤ᠂ ᠰᠢᠯᠢᠳᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠭᠦᠯᠬᠦ ᠶᠢ ᠪᠠᠷᠢᠮᠲᠠᠯᠠᠨ᠂ ᠨᠡᠩ ᠰᠢᠯᠢᠳᠡᠭ ᠨᠡᠩ ᠡᠷᠬᠡ ᠲᠡᠭᠰᠢ | ᠰᠤᠷᠭᠠᠨ ᠬᠦᠮᠦᠵᠢᠯ ᠤᠨ ᠡᠬᠢ ᠪᠠᠶᠠᠯᠢᠭ ᠢ ᠴᠢᠷᠮᠠᠶᠢᠨ ᠬᠠᠩᠭᠠᠨ᠎ᠠ᠃ ᠬᠤᠶᠠᠳᠤᠭᠠᠷ ᠡᠭᠡᠯᠵᠢᠨ ᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠲᠦᠯᠦᠪᠯᠡᠭᠡ ᠶᠢ ᠦᠷᠭᠦᠯᠵᠢᠯᠡᠨ ᠠᠬᠢᠭᠤᠯᠵᠤ᠂ | ᠲᠦᠭᠡᠮᠡᠯ ᠬᠠᠷᠠᠭᠠᠯᠵᠠᠯᠲᠤ ᠰᠢᠯᠢᠳᠡᠭ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠲᠦᠷᠭᠡᠪᠴᠢᠯᠡᠨ | ᠬᠦᠭᠵᠢᠭᠦᠯᠵᠦ᠂ 6 ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠰᠢᠨ᠎ᠡ ᠪᠠᠷ ᠪᠠᠶᠢᠭᠤᠯᠤᠨ᠂ | ᠴᠡᠴᠡᠷᠯᠢᠭ ᠲᠤ ᠤᠷᠤᠬᠤ ᠳᠤ ᠪᠡᠷᠬᠡ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠤᠨ᠎ᠠ᠃ ᠬᠤᠩ ᠱᠠᠨ | ᠵᠢᠶᠦ᠋ᠨ ᠵᠤᠤ ᠤᠳᠠ ᠪᠠᠭ᠎ᠠ ᠰᠤᠷᠭᠠᠭᠤᠯᠢ ᠶᠢ ᠪᠠᠶᠢᠭᠤᠯᠤᠨ᠂ ᠳᠦᠷᠪᠡᠳᠦᠭᠡᠷ᠂ ᠭᠤᠷᠪᠠᠳᠤᠭᠠᠷ ᠪᠠᠭ᠎ᠠ | ᠰᠤᠷᠭᠠᠭᠤᠯᠢ ᠶᠢᠨ ᠰᠢᠨ᠎ᠡ ᠬᠤᠪᠢᠶᠠᠷᠢ ᠰᠤᠷᠭᠠᠭᠤᠯᠢ ᠪᠤᠯᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠢᠶᠧ ᠨᠠᠨ | ᠬᠤᠪᠢᠶᠠᠷᠢ ᠰᠤᠷᠭᠠᠭᠤᠯᠢ ᠶᠢ ᠡᠬᠢᠯᠡᠨ ᠪᠠᠶᠢᠭᠤᠯᠵᠤ᠂ ᠰᠤᠷᠭᠠᠨ ᠬᠦᠮᠦᠵᠢᠯ ᠤᠨ ᠰᠤᠷᠠᠭ ᠵᠠᠩᠭᠢᠴᠢᠯᠠᠯᠲᠠ ᠪᠤᠯᠤᠨ | ᠵᠢᠭᠠᠨ ᠰᠤᠷᠭᠠᠯᠲᠠ ᠶᠢᠨ ᠲᠦᠬᠦᠭᠡᠷᠦᠮᠵᠢ ᠶᠢᠨ ᠪᠠᠷᠢᠮᠵᠢᠶᠠᠵᠢᠯᠲᠠ ᠶᠢ ᠠᠬᠢᠭᠤᠯᠤᠨ᠂ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠲᠡᠩᠴᠡᠭᠦᠷᠢᠰᠢᠯ ᠤᠨ ᠪᠠᠷᠢᠮᠵᠢᠶ᠎ᠡ ᠳᠤ ᠬᠦᠷᠬᠦ ᠶᠢ ᠪᠠᠲᠤᠯᠠᠨ᠎ᠠ᠃ ᠤᠯᠠᠭᠠᠨᠬᠠᠳᠠ ᠶᠢᠨ ᠳᠦᠷᠪᠡᠳᠦᠭᠡᠷ | ᠳᠤᠮᠳᠠᠳᠤ ᠰᠤᠷᠭᠠᠭᠤᠯᠢ ᠶᠢᠨ ᠬᠦᠭᠦᠷᠭᠡᠨ ᠤᠮᠡᠷᠡᠳᠡᠬᠢ ᠬᠤᠪᠢᠶᠠᠷᠢ ᠰᠤᠷᠭᠠᠭᠤᠯᠢ ᠶᠢ ᠡᠬᠢᠯᠡᠨ ᠪᠠᠶᠢᠭᠤᠯᠤᠨ᠎ᠠ᠃ | ᠨᠡᠷᠡᠲᠦ ᠪᠠᠭᠰᠢ ᠶᠢ ᠬᠦᠮᠦᠵᠢᠭᠦᠯᠬᠦ ᠢᠨᠵᠧᠨᠧᠷᠢᠩ ᠢ ᠶᠡᠭᠡ ᠬᠦᠴᠦᠨ ᠢᠶᠠᠷ ᠠᠬᠢᠭᠤᠯᠤᠨ᠎ᠠ᠃ ᠦᠢᠯᠡᠳᠪᠦᠷᠢᠯᠡᠬᠦ | ᠬᠦᠮᠦᠵᠢᠭᠦᠯᠬᠦ ᠶᠢ ᠤᠶᠠᠯᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ | ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠸᠧ ᠶᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠯᠪᠡᠷᠢ ᠶᠢ | ᠲᠦᠭᠡᠮᠡᠯᠵᠢᠭᠦᠯᠦᠨ᠂ ᠵᠦᠩ ᠰᠢᠩ ᠡᠨᠧᠷᠭᠢ ᠶᠢᠨ ᠰᠤᠷᠪᠤᠯᠵᠢ ᠡᠭᠦᠯᠡᠨ ᠪᠤᠳᠤᠯᠲᠠ ᠶᠢᠨ ᠴᠢᠳᠠᠪᠤᠷᠢᠲᠠᠨ ᠢ | ᠬᠦᠮᠦᠵᠢᠭᠦᠯᠬᠦ ᠰᠤᠷᠭᠠᠭᠤᠯᠢ ᠡᠷᠬᠢᠯᠡᠵᠦ ᠂ ᠡᠭᠦᠯᠡᠨ ᠪᠤᠳᠤᠯᠲᠠ ᠵᠢᠴᠢ ᠶᠡᠭᠡ ᠲᠤᠭ᠎ᠠ ᠪᠠᠷᠢᠮᠲᠠᠲᠤ ᠠᠵᠤ | ᠦᠢᠯᠡᠰ ᠤᠨ ᠬᠦᠭᠵᠢᠯᠲᠡ ᠳᠤ ᠴᠢᠳᠠᠪᠤᠷᠢᠲᠠᠨ ᠤ ᠲᠤᠯᠭᠠᠭᠤᠷᠢ ᠬᠠᠩᠭᠠᠨ᠎ᠠ᠃ ᠡᠷᠡᠭᠦᠯ ᠴᠢᠬᠢᠷᠠᠭ ᠬᠤᠩ ᠱᠠᠨ | ᠢᠨᠵᠧᠨᠧᠷᠢᠩ ᠢ ᠬᠡᠷᠡᠭᠵᠢᠭᠦᠯᠦᠨ᠂ ᠤᠯᠤᠰ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢᠨ ᠴᠢᠬᠤᠯᠠ ᠬᠠᠷᠢᠯᠴᠠᠭᠠᠨ ᠤ ᠴᠡᠭ ᠤᠨ ᠠᠵᠢᠯ ᠢ ᠠᠬᠢᠭᠤᠯᠵᠤ᠂ ᠳᠡᠰ ᠬᠤᠪᠢᠶᠠᠨ ᠡᠮᠴᠢᠯᠡᠬᠦ | ᠳᠦᠷᠢᠮ ᠢ ᠲᠡᠭᠦᠯᠳᠡᠷᠵᠢᠭᠦᠯᠦᠨ᠎ᠡ᠃ ᠭᠤᠤᠯᠳᠠᠯᠭ᠎ᠠ ᠲᠠᠢ ᠬᠦᠮᠦᠰ ᠤᠨ ᠭᠠᠷ ᠤᠨ ᠦᠰᠦᠭ ᠵᠢᠷᠤᠬᠤ | ᠦᠢᠯᠡᠴᠢᠯᠡᠭᠡ ᠶᠢ ᠬᠡᠷᠡᠭᠵᠢᠭᠦᠯᠦᠨ᠎ᠡ᠃ ᠠᠯᠪᠠᠨ ᠤ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠦᠷᠨᠢᠭᠦᠯᠵᠦ᠂ | ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠠᠭᠠᠯᠠᠯᠲᠠ ᠶᠢᠨ ᠳᠦᠷᠢᠮ ᠢ ᠠᠭᠠᠵᠢᠮ ᠢᠶᠠᠷ ᠪᠤᠢ ᠪᠤᠯᠭᠠᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠶᠠᠳᠤᠭᠠᠷ | ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠪᠠᠶᠢᠭᠤᠯᠵᠤ᠂ ᠬᠤᠶᠠᠳᠤᠭᠠᠷ ᠮᠤᠩᠭᠤᠯ ᠬᠢᠳᠡᠳ | ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠪᠠ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠢ | ᠰᠢᠯᠵᠢᠭᠦᠯᠦᠨ ᠪᠠᠶᠢᠭᠤᠯᠬᠤ ᠶᠢ ᠠᠬᠢᠭᠤᠯᠤᠨ᠎ᠠ᠂ ᠢᠳᠡᠭᠡᠨᠤᠮᠳᠠᠭᠠᠨ᠂ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢ | ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠴᠢᠬᠢᠷᠠᠭᠵᠢᠬᠤ ᠶᠢ ᠳᠡᠯᠭᠡᠷᠡᠭᠦᠯᠦᠨ᠎ᠡ᠃ ᠨᠢᠭᠡ ᠬᠤᠤᠰ ᠡᠷ᠎ᠡ ᠡᠮ᠎ᠡ | ᠬᠤᠶᠠᠷ ᠬᠡᠦᠬᠡᠳ ᠠᠪᠴᠤ ᠪᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠲᠦᠯᠦᠪᠯᠡᠭᠡᠲᠦ ᠦᠷᠡᠵᠢᠯ ᠤᠨ | ᠦᠢᠯᠡᠴᠢᠯᠡᠭᠡ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠦᠮᠦᠨ ᠠᠮᠠ ᠶᠢᠨ ᠲᠡᠩᠴᠡᠭᠦᠷᠢᠲᠡᠢ ᠬᠦᠭᠵᠢᠯᠲᠡ ᠶᠢ | ᠠᠬᠢᠭᠤᠯᠤᠨ᠎ᠠ᠃ ᠠᠷᠠᠳ ᠲᠤ ᠠᠰᠢᠭ ᠬᠦᠷᠲᠡᠭᠡᠬᠦ ᠰᠤᠶᠤᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠎ᠡ᠃ | ᠡᠯ ᠳ᠋ᠤᠤ ᠵᠢᠩ ᠽᠢ ᠦᠯᠡᠳᠡᠭᠳᠡᠯ ᠤᠨ ᠨᠢᠭᠡᠳᠦᠭᠡᠷ ᠬᠤᠭᠤᠴᠠᠭᠠᠨ ᠤ ᠬᠠᠮᠠᠭᠠᠯᠠᠯᠲᠠ ᠶᠢᠨ ᠢᠨᠵᠧᠨᠧᠷᠢᠩ ᠢ | ᠭᠦᠢᠴᠡᠳᠬᠡᠵᠦ᠂ ᠬᠤᠩ ᠱᠠᠨ ᠰᠤᠶᠤᠯ ᠤᠨ ᠦᠵᠡᠰᠬᠦᠯᠡᠩ ᠤᠨ ᠲᠦᠪ ᠢ ᠡᠬᠢᠯᠡᠨ ᠪᠠᠶᠢᠭᠤᠯᠵᠤ᠂ ᠬᠤᠩ ᠱᠠᠨ | ᠰᠤᠶᠤᠯ ᠤᠨ ᠦᠯᠡᠳᠡᠭᠳᠡᠯ ᠢ ᠡᠷᠡᠮᠡᠯᠵᠡᠯᠡᠬᠦ ᠠᠵᠢᠯ ᠪᠤᠳᠠᠳᠤ ᠠᠬᠢᠯᠲᠠ ᠤᠯᠬᠤ ᠶᠢ ᠠᠬᠢᠭᠤᠯᠤᠨ᠎ᠠ᠃ | ᠭᠤᠷᠪᠠ ᠳᠤ᠂ ᠨᠡᠶᠢᠭᠡᠮ ᠤᠨ ᠴᠡᠭᠴᠡᠯᠡᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ᠃ | ᠪᠦᠬᠦ ᠤᠯᠤᠰ ᠤᠨ ᠨᠡᠶᠢᠭᠡᠮ ᠤᠨ ᠴᠡᠭᠴᠡᠯᠡᠨ ᠵᠠᠰᠠᠯᠲᠠ ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ | ᠲᠤᠷᠰᠢᠯᠲᠠ ᠶᠢᠨ ᠤᠷᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠶᠢᠨ ᠪᠠᠷᠢᠮᠵᠢᠶᠠᠵᠢᠭᠰᠠᠨ ᠨᠡᠶᠢᠭᠡᠮ | ᠲᠤᠭᠤᠷᠢᠭ 11 ᠶᠢ ᠰᠢᠨ᠎ᠡ ᠪᠠᠷ ᠨᠡᠮᠡᠭᠳᠡᠭᠦᠯᠵᠦ᠂ 19 ᠬᠤᠲᠠ ᠶᠢᠨ ᠲᠡᠭᠦᠷᠭᠡ ᠶᠢᠨ ᠲᠤᠰᠬᠤᠨ ᠪᠤᠯᠤᠨ | ᠬᠤᠲᠠ ᠶᠢᠨ ᠭᠠᠳᠠᠨᠠᠬᠢ ᠲᠤᠰᠬᠤᠨ ᠤ《 ᠲᠣᠰᠬᠤᠨ ᠰᠠᠭᠤᠭᠠᠯᠢ ᠵᠡᠷᠭᠡᠴᠡᠭᠰᠡᠨ》 ᠬᠦᠳᠡᠭᠡ ᠲᠤᠰᠬᠤᠨ ᠤ | ᠨᠡᠶᠢᠭᠡᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠤᠭᠲᠠᠴᠠ ᠶᠢ ᠠᠬᠢᠭᠤᠯᠵᠤ᠂ ᠲᠤᠰᠬᠤᠨ ᠤ ᠬᠠᠮᠢᠶᠠᠷᠤᠯᠲᠠ | ᠶᠢᠨ ᠨᠡᠶᠢᠭᠡᠮ ᠲᠤᠭᠤᠷᠢᠭᠴᠢᠯᠠᠬᠤ ᠶᠢ ᠪᠡᠶᠡᠯᠡᠭᠦᠯᠦᠨ᠎ᠡ᠃ ᠬᠤᠶᠠᠳᠤᠭᠠᠷ ᠤᠳᠠᠭᠠᠨ ᠤ ᠭᠠᠵᠠᠷ ᠤᠨ ᠨᠡᠷ᠎ᠡ ᠶᠢᠨ | ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠪᠤᠶᠢᠵᠢᠭᠤᠯᠤᠨ᠂ | ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠵᠠᠰᠠᠭ ᠤᠨ ᠤᠷᠳᠤᠨ ᠤ ᠤᠯᠠᠨ ᠨᠡᠶᠢᠲᠡ ᠶᠢᠨ ᠦᠢᠯᠡᠴᠢᠯᠡᠭᠡ ᠶᠢ | ᠳᠠᠭᠠᠭᠠᠨ ᠠᠪᠬᠤ ᠴᠢᠳᠠᠮᠵᠢ ᠶᠢ ᠳᠡᠭᠡᠭᠰᠢᠯᠡᠭᠦᠯᠦᠨ᠎ᠡ᠃ 《 ᠲᠤᠯᠤᠭ᠎ᠠ ᠲᠠᠪᠤ》 ᠬᠠᠤᠯᠢ ᠶᠢ ᠲᠦᠭᠡᠮᠡᠯᠵᠢᠭᠦᠯᠬᠦ | ᠠᠵᠢᠯᠯᠠᠭ᠎ᠠ ᠶᠢ ᠡᠬᠢᠯᠡᠭᠦᠯᠦᠨ᠎ᠡ᠃ ᠪᠦᠬᠦ ᠤᠯᠤᠰ ᠤᠨ ᠪᠤᠯᠪᠠᠰᠤᠨ ᠬᠤᠲᠠ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠤᠲᠠ ᠶᠢᠨ ᠪᠤᠯᠪᠠᠰᠤᠨ ᠤ ᠬᠡᠮᠵᠢᠶ᠎ᠡ ᠪᠤᠯᠤᠨ ᠬᠤᠲᠠ ᠶᠢᠨ ᠠᠷᠠᠳ ᠤᠨ ᠶᠡᠷᠦᠩᠬᠡᠶᠢᠯᠡᠭᠰᠡᠨ ᠬᠡᠪ | ᠴᠢᠨᠠᠷ ᠢ ᠳᠡᠭᠡᠭᠰᠢᠯᠡᠭᠦᠯᠦᠨ᠎ᠡ᠃ ᠵᠠᠭᠠᠯᠳᠤᠯᠭ᠎ᠠ ᠪᠤᠯᠤᠨ ᠵᠠᠬᠢᠲᠠᠯ ᠰᠤᠷᠪᠤᠯᠵᠢᠯᠠᠭ᠎ᠠ ᠶᠢ ᠰᠠᠯᠭᠠᠬᠤ ᠪᠤᠯᠤᠨ ᠵᠠᠬᠢᠲᠠᠯ | ᠰᠤᠷᠪᠤᠯᠵᠢᠯᠠᠭ᠎ᠠ ᠶᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠦᠬᠦ ᠲᠠᠯ᠎ᠠ ᠪᠠᠷ ᠦᠷᠨᠢᠭᠦᠯᠦᠨ᠂ ᠵᠠᠰᠠᠭ ᠵᠠᠬᠢᠷᠭᠠᠨ ᠤ | ᠡᠶᠡᠳᠡᠭᠦᠯᠦᠭᠡ᠂ ᠬᠠᠤᠯᠢ ᠴᠠᠭᠠᠵᠠ ᠶᠢᠨ ᠡᠶᠡᠳᠡᠭᠦᠯᠦᠭᠡ ᠪᠠ ᠠᠷᠠᠳ ᠤᠯᠠᠨ ᠤ ᠡᠶᠡᠳᠡᠭᠦᠯᠦᠭᠡ ᠭᠤᠷᠪᠠ ᠶᠢ | ᠤᠶᠠᠯᠳᠤᠭᠤᠯᠬᠤ ᠲᠤᠭᠲᠠᠴᠠ ᠶᠢ ᠲᠡᠭᠦᠯᠳᠡᠷᠵᠢᠭᠦᠯᠵᠦ᠂ ᠬᠠᠤᠯᠢ ᠶᠤᠰᠤᠭᠠᠷ ᠡᠷᠬᠡ ᠶᠢ ᠬᠠᠮᠠᠭᠠᠯᠠᠬᠤ ᠪᠤᠯᠤᠨ | ᠨᠡᠶᠢᠭᠡᠮ ᠤᠨ ᠵᠦᠷᠢᠴᠡᠯ ᠢ ᠨᠠᠮᠳᠠᠭᠤᠯᠬᠤ ᠰᠢᠰᠲ᠋ᠧᠮ ᠢ ᠪᠦᠷᠢᠨᠰᠢᠭᠦᠯᠦᠨ᠎ᠡ᠃ ᠰᠤᠷᠠᠭ ᠵᠠᠩᠭᠢᠴᠢᠯᠠᠯᠲᠠ ᠪᠠᠷ | ᠲᠤᠯᠭᠠᠭᠤᠷᠢ ᠪᠤᠯᠭᠠᠨ ᠂ ᠠᠮᠤᠷ ᠢ ᠬᠠᠮᠠᠭᠠᠯᠠᠬᠤ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠬᠠᠤᠯᠢ ᠶᠢ | ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠬᠠᠤᠯᠢ ᠶᠤᠰᠤᠭᠠᠷ ᠴᠤᠬᠢᠯᠲᠠ ᠦᠭᠭᠦᠨ᠎ᠡ᠃ ᠠᠮᠤᠷ | ᠲᠦᠪᠰᠢᠨ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤᠵᠢᠭᠤᠯᠤᠨ᠂ ᠬᠢᠨᠠᠨ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭᠠᠳᠬᠠᠨ᠂ ᠨᠠᠮ ᠵᠠᠰᠠᠭ | ᠠᠳᠠᠯᠢ ᠬᠠᠷᠢᠭᠤᠴᠠᠯᠭ᠎ᠠ ᠲᠠᠢ᠂ ᠨᠢᠭᠡ ᠪᠠᠶᠢᠷᠢ ᠳᠤ ᠬᠤᠤᠰ ᠬᠠᠷᠢᠭᠤᠴᠠᠯᠭ᠎ᠠ᠂ ᠳᠤᠰᠢᠶᠠᠯ ᠳᠠᠭᠠᠨ ᠴᠠᠯᠠᠭᠠᠶᠢᠳᠠᠪᠠᠯ | ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠦᠨ᠎ᠡ᠃ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ᠂ ᠤᠢ | ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠬᠦ ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠵᠡᠷᠭᠡ ᠠᠵᠢᠯ ᠢ | ᠴᠢᠩᠭᠠᠳᠬᠠᠨ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠤᠯᠤᠨ ᠪᠡᠯᠡᠳᠬᠡᠯ ᠬᠦᠴᠦᠨ ᠤ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠳᠬᠤᠨ᠂ 《 ᠬᠤᠶᠠᠷ ᠢ ᠬᠦᠷᠢᠶᠡᠯᠡᠬᠦ》 ᠠᠵᠢᠯ ᠢ ᠰᠠᠶᠢᠲᠤᠷ ᠬᠢᠵᠦ᠂ ᠴᠡᠷᠢᠭ | ᠵᠠᠰᠠᠭ᠂ ᠴᠡᠷᠢᠭ ᠠᠷᠠᠳ ᠤᠨ ᠪᠦᠯᠬᠦᠮᠳᠡᠯ ᠢ ᠴᠢᠩᠭᠠᠳᠬᠠᠨ᠎ᠠ᠃ ᠠᠵᠢᠯᠲᠠᠨ ᠤ ᠡᠪᠯᠡᠯ᠂ ᠡᠪ ᠬᠠᠮᠳᠦ | ᠵᠠᠯᠠᠭᠤᠴᠤᠳᠦᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢ ᠳᠡᠮᠵᠢᠨ᠎ᠡ᠃ ᠦᠨᠳᠦᠰᠦᠲᠡᠨ ᠱᠠᠰᠢᠨ | ᠰᠤᠷᠲᠠᠬᠤᠨ ᠤ ᠭᠤᠷᠪᠠᠨ ᠱᠠᠳᠤᠨ ᠤ ᠰᠦᠯᠵᠢᠶᠡᠨ ᠤ ᠠᠵᠢᠯ ᠤᠨ ᠴᠢᠳᠠᠮᠵᠢ ᠶᠢ ᠳᠡᠭᠡᠭᠰᠢᠯᠡᠭᠦᠯᠦᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠭᠦᠨᠵᠡᠭᠡᠶᠢᠷᠡᠭᠦᠯᠦᠨ᠎ᠡ᠃ | ︵ᠲᠠᠪᠤ︶ ᠵᠠᠰᠠᠭ ᠤᠨ ᠤᠷᠳᠤᠨ ᠤ ᠲᠤᠰ ᠪᠠᠶ᠎ᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ | ᠵᠠᠰᠠᠭ ᠤᠨ ᠤᠷᠳᠤᠨ ᠤ ᠭᠦᠢᠴᠡᠳᠬᠡᠬᠦ ᠴᠢᠳᠠᠪᠤᠷᠢ ᠪᠤᠯᠤᠨ ᠨᠠᠶᠢᠳᠠᠪᠤᠷᠢᠵᠢᠭᠤᠯᠬᠤ ᠴᠢᠳᠠᠪᠤᠷᠢ ᠪᠤᠯ | 《 ᠠᠷᠪᠠᠨ ᠭᠤᠷᠪᠠᠳᠤᠭᠠᠷ ᠲᠠᠪᠤᠨ ᠵᠢᠯ》 ᠤᠨ ᠬᠠᠷᠠᠯᠲᠠ ᠶᠢ ᠪᠡᠶᠡᠯᠡᠭᠦᠯᠬᠦ ᠪᠠ ᠲᠤᠰ ᠵᠢᠯ ᠤᠨ ᠡᠭᠦᠷᠭᠡ ᠶᠢ | ᠪᠡᠶᠡᠯᠡᠭᠦᠯᠬᠦ ᠴᠢᠬᠤᠯᠠ ᠪᠠᠲᠤᠯᠠᠭ᠎ᠠ ᠮᠦᠨ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠨ᠎ᠡ︔ ᠰᠢᠢᠳᠪᠦᠷᠢᠲᠦ ᠪᠤᠳᠤᠯᠭ᠎ᠠ | ᠲᠤᠭᠲᠠᠭᠠᠬᠤ ᠡᠷᠬᠡ᠂ ᠬᠡᠷᠡᠭᠵᠢᠭᠦᠯᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢᠨ ᠬᠠᠷᠢᠯᠴᠠᠨ ᠬᠢᠵᠠᠭᠠᠷᠯᠠᠬᠤ | ᠬᠠᠷᠢᠯᠴᠠᠨ ᠵᠤᠬᠢᠴᠠᠭᠤᠯᠬᠤ ᠠᠵᠢᠯᠯᠠᠭᠠᠨ ᠤ ᠲᠤᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠠᠵᠢᠯ | ᠬᠠᠤᠯᠢ ᠶᠤᠰᠤᠭᠠᠷ ᠡᠮᠬᠢ ᠴᠡᠭᠴᠡ ᠲᠠᠢ ᠶᠠᠪᠤᠭᠳᠠᠬᠤ ᠶᠢ ᠪᠠᠲᠤᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠ ᠡᠷᠡᠭᠦᠦ ᠶᠢᠨ ᠬᠠᠤᠯᠢ ᠶᠢ ᠵᠤᠯᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ | ᠬᠡᠷᠡᠭᠵᠢᠭᠦᠯᠦᠯᠲᠡ ᠶᠢᠨ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠷ ᠪᠦᠲᠦᠮᠵᠢᠲᠦ ᠠᠵᠢᠯᠴᠢ | ᠴᠢᠭᠡᠴᠢ ᠵᠠᠰᠠᠭ ᠢ ᠪᠠᠷᠢᠮᠲᠠᠯᠠᠨ᠎ᠠ᠃ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠲᠤᠭᠲᠠᠴᠠ ᠶᠢ | ᠲᠡᠭᠦᠯᠳᠡᠷᠵᠢᠭᠦᠯᠦᠨ᠂ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ᠂ 《 | ᠠᠷᠪᠠ ᠶᠢ ᠪᠦᠷᠬᠦᠭᠦᠯᠬᠦ》 ᠵᠡᠷᠭᠡ ᠴᠢᠬᠤᠯᠠ ᠶᠡᠭᠡ ᠢᠨᠵᠧᠨᠧᠷᠢᠩ ᠤᠨ ᠴᠠᠭ ᠤᠨ ᠬᠤᠪᠢᠶᠠᠷᠢ ᠪᠠ ᠠᠬᠢᠴᠠ ᠶᠢᠨ | ᠵᠢᠷᠤᠭ ᠢ ᠲᠦᠯᠦᠪᠯᠡᠵᠦ᠂ ᠡᠴᠦᠰ ᠳᠤᠨᠢ ᠲᠤᠯᠲᠠᠯ᠎ᠠ ᠠᠳᠬᠤᠵᠤ᠂ ᠬᠠᠷᠢᠭᠤᠴᠠᠯᠭ᠎ᠠ ᠪᠠᠨ ᠭᠤᠶᠢᠪᠢᠰᠢ ᠦᠭᠡᠢ | ᠭᠦᠢᠴᠡᠳᠬᠡᠬᠦ᠂ ᠠᠮᠠᠯᠠᠯᠲᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠦᠨ᠎ᠡ᠃ ᠬᠢᠨᠠᠨ ᠪᠠᠶᠢᠴᠠᠭᠠᠬᠤ᠂ ᠱᠠᠯᠠᠪᠲᠠᠨ | ᠭᠦᠢᠴᠡᠳᠬᠡᠯᠭᠡᠬᠦ ᠪᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠨ᠂ ᠰᠢᠯᠲᠠᠭᠯᠠᠨ ᠲᠦᠯᠬᠢᠯᠴᠡᠬᠦ᠂ | ᠬᠠᠷᠢᠭᠤᠴᠠᠯᠭ᠎ᠠ ᠡᠭᠦᠷᠭᠡᠯᠡᠬᠦ ᠠᠴᠠ ᠵᠠᠶᠢᠯᠠᠬᠤ ᠦᠵᠡᠭᠳᠡᠯ ᠢ ᠡᠷᠡᠰ ᠲᠡᠪᠴᠢᠨ᠎ᠡ᠃ ᠰᠤᠷᠤᠯᠴᠠᠬᠤ ᠮᠠᠶ᠋ᠢᠭ ᠤᠨ | ᠪᠠᠶᠢᠭᠤᠯᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠨᠴᠠᠭᠠᠶᠢᠯᠠᠨ ppp ᠲᠦᠷᠦᠯ ᠵᠦᠢᠯ ᠤᠨ | ᠭᠦᠷᠦᠩᠭᠡ ᠠᠭᠤᠰᠬᠠᠬᠤ᠂ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦ ᠵᠡᠷᠭᠡ ᠰᠢᠨ᠎ᠡ ᠮᠠᠶ᠋ᠢᠭ ᠤᠨ | ᠤᠶᠢᠯᠠᠭᠠᠭᠳᠠᠬᠤᠨ ᠪᠤᠯᠤᠨ ᠠᠵᠢᠯᠯᠠᠭᠠᠨ ᠤ ᠬᠡᠯᠪᠡᠷᠢ ᠶᠢ ᠨᠡᠪᠲᠡᠷᠡᠲᠡᠯ᠎ᠡ ᠰᠤᠷᠴᠤ ᠬᠡᠷᠡᠭᠯᠡᠨ᠂ ᠬᠦᠭᠵᠢᠯᠲᠡ ᠶᠢ | ᠰᠦᠪᠡᠭᠴᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠷᠢᠭᠤᠨ | ᠴᠢᠭᠡᠴᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ | ᠦᠢᠯᠡᠳᠦᠯᠭᠡ ᠶᠢᠨ ᠠᠵᠢᠯᠯᠠᠭᠠᠨ ᠤ ᠪᠦᠲᠦᠮᠵᠢ ᠶᠢ ᠪᠠᠲᠤᠵᠢᠭᠤᠯᠤᠨ᠂ 《 ᠭᠤᠷᠪᠠᠨ ᠴᠢᠩᠭ᠎ᠠ ᠭᠤᠷᠪᠠᠨ | ᠪᠤᠳᠠᠲᠠᠢ》 ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ 《 ᠰᠢᠨ᠎ᠡ ᠬᠡᠪ ᠪᠠᠶᠢᠳᠠᠯ ᠳᠤ ᠵᠣᠬᠢᠴᠠᠨ᠂ | ᠰᠢᠨ᠎ᠡ ᠠᠮᠵᠢᠯᠲᠠ ᠶᠢ ᠰᠦᠪᠡᠭᠴᠢᠯᠡᠵᠦ᠂ ᠰᠢᠨ᠎ᠡ ᠳᠦᠷᠢ ᠳᠦᠷᠬᠦ ᠶᠢ ᠪᠤᠢ ᠪᠤᠯᠭᠠᠬᠤ 》 ᠭᠤᠤᠯ ᠰᠡᠳᠦᠪᠲᠦ | ᠠᠵᠢᠯᠯᠠᠭᠠᠨ ᠢ ᠦᠷᠨᠢᠭᠦᠯᠦᠨ᠂ ᠰᠤᠷᠲᠠᠯ ᠤᠨ ᠪᠦᠲᠦᠭᠡᠨ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠳᠠᠶᠢᠨ ᠤ | ᠢᠯᠠᠯᠲᠠ ᠶᠢ ᠲᠡᠮᠡᠴᠡᠨ ᠤᠯᠤᠨ᠎ᠠ᠃ ᠲᠦᠷ ᠴᠠᠭ ᠤᠨ ᠠᠵᠢᠯᠲᠠᠨ ᠢ ᠤᠷᠢᠨ ᠬᠡᠷᠡᠭᠯᠡᠬᠦ ᠪᠠ ᠬᠠᠮᠢᠶᠠᠷᠤᠯᠲᠠ ᠶᠢ | ᠳᠦᠷᠢᠮᠵᠢᠭᠦᠯᠵᠦ᠂ ᠡᠩ ᠤᠨ ᠵᠠᠷᠤᠯᠭ᠎ᠠ ᠶᠢ ᠴᠢᠩᠭ᠎ᠠ ᠡᠵᠡᠮᠳᠡᠨ᠂ 《 ᠭᠤᠷᠪᠠᠨ ᠠᠯᠪᠠᠨ》 ᠤ ᠵᠠᠷᠤᠳᠠᠯ | ᠬᠤᠷᠤᠭᠳᠠᠬᠤ ᠠᠴᠠ ᠪᠢᠰᠢ ᠨᠡᠮᠡᠭᠳᠡᠬᠦ ᠦᠭᠡᠢ ᠪᠠᠶᠢᠬᠤ ᠶᠢ ᠪᠠᠲᠤᠯᠠᠨ᠎ᠠ᠃ ᠨᠠᠮ ᠤᠨ ᠰᠤᠷᠲᠠᠯ ᠂ ᠴᠢᠭᠡᠴᠢ ᠵᠠᠰᠠᠭ ᠤᠨ | ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠰᠤᠯᠠᠷᠠᠰᠢ ᠦᠭᠡᠢ ᠪᠠᠷᠢᠮᠲᠠᠯᠠᠨ᠂ ᠡᠷᠬᠡ ᠲᠦᠪᠯᠡᠷᠡᠭᠰᠡᠨ | ᠰᠠᠯᠠᠭ᠎ᠠ ᠮᠦᠴᠢᠷ ᠪᠤᠯᠤᠨ ᠭᠤᠤᠯᠳᠠᠯᠭ᠎ᠠ ᠲᠠᠢ ᠠᠵᠢᠯ ᠤᠨ ᠪᠠᠶᠢᠷᠢ ᠶᠢ ᠬᠢᠨᠠᠨ ᠪᠠᠶᠢᠴᠠᠭᠠᠬᠤ ᠬᠦᠴᠦᠯᠡᠴᠡ ᠪᠠᠨ | ᠴᠢᠩᠭᠠᠳᠬᠠᠵᠤ᠂ ᠬᠠᠤᠯᠢ ᠵᠦᠷᠢᠴᠡᠵᠦ ᠰᠠᠬᠢᠯᠭ᠎ᠠ ᠪᠠᠲᠤ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ | ᠲᠦᠯᠦᠭᠡᠯᠡᠭᠴᠢᠳ ᠡ᠂ ᠬᠤᠩ ᠱᠠᠨ ᠲᠤᠭᠤᠷᠢᠭ ᠤᠨ ᠰᠢᠨ᠎ᠡ ᠨᠢᠭᠡ ᠡᠭᠡᠯᠵᠢᠨ ᠤ ᠬᠦᠭᠵᠢᠯᠲᠡ ᠶᠢᠨ | ᠲᠦᠰᠦᠪ ᠨᠢᠭᠡᠨᠲᠡ ᠪᠡᠯᠡᠬᠡᠨ ᠪᠤᠯᠪᠠ᠃ ᠪᠢᠳᠡ ᠪᠦᠬᠦ ᠬᠦᠴᠦᠨ ᠵᠢᠳᠬᠦᠯ ᠢᠶᠠᠨ ᠡᠷᠭᠦᠪᠡᠯ ᠰᠠᠶ᠋ᠢ ᠴᠠᠭ ᠦᠶ᠎ᠡ ᠶᠢᠨ | ᠬᠦᠨᠳᠦ ᠡᠭᠦᠷᠭᠡ ᠶᠢ ᠡᠭᠦᠷᠭᠡᠯᠡᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠪᠠᠶᠢᠵᠤ | ᠴᠢᠳᠠᠨ᠎ᠠ᠃ ᠪᠢᠳᠡ ᠲᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ | ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠪᠦᠬᠦ ᠬᠦᠴᠦᠨ | ᠴᠢᠳᠠᠯ ᠢᠶᠠᠨ ᠰᠢᠪᠬᠠᠨ᠂ ᠬᠠᠮᠤᠭ ᠲᠡᠷᠢᠭᠦᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠬᠤᠩ | ᠱᠠᠨ ᠲᠤᠭᠤᠷᠢᠭ ᠤᠨ ᠠᠷᠠᠳ ᠲᠦᠮᠡᠨ ᠤ ᠵᠤᠯ ᠵᠢᠷᠭᠠᠯᠲᠤ ᠠᠮᠢᠳᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︕ |