ᠬᠤᠩ ᠱᠠᠨ ᠲᠤᠭᠤᠷᠢᠭ ᠤᠨ 2015 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢᠨ ᠭᠦᠢᠴᠡᠳᠬᠡᠭᠰᠡᠨ ᠪᠠᠶᠢᠳᠠᠯ ᠪᠠ 2016 ᠤᠨ ᠤ ᠲᠦᠯᠦᠪᠯᠡᠭᠡᠨ ᠤ ᠲᠦᠰᠦᠯ ᠤᠨ ᠲᠤᠬᠠᠢ ᠮᠡᠲᠡᠭᠦᠯᠦᠯᠲᠡ
ᠨᠡᠶᠢᠲᠡᠯᠡᠭᠰᠡᠨ ᠴᠠᠭ᠄
2016-03-17
               — — 2016 ᠤᠨ ᠤ 1 ᠰᠠᠷ᠎ᠠ ᠶᠢᠨ 14  ᠤ ᠡᠳᠦᠷ ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ  ᠤᠳᠠᠭᠠᠨ ᠤ ᠬᠤᠷᠠᠯᠳᠤᠭᠠᠨ ᠳᠡᠭᠡᠷ᠎ᠡ                 ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠤ ᠳᠠᠷᠤᠭ᠎ᠠ  ᠱᠢ  ᠯᠸᠢ ᠲᠦᠯᠦᠭᠡᠯᠡᠭᠴᠢᠳ ᠡ᠄         ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ《ᠬᠤᠩ ᠱᠠᠨ ᠲᠤᠭᠤᠷᠢᠭ ᠤᠨ 2015 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢᠨ ᠭᠦᠢᠴᠡᠳᠬᠡᠭᠰᠡᠨ ᠪᠠᠶᠢᠳᠠᠯ ᠪᠠ 2016 ᠤᠨ ᠤ ᠲᠦᠯᠦᠪᠯᠡᠭᠡᠨ ᠤ ᠲᠦᠰᠦᠯ》 ᠤᠨ ᠮᠡᠲᠡᠭᠦᠯᠦᠯᠲᠡ ᠬᠢᠶ᠎ᠡ᠂  ᠬᠢᠨᠠᠨ ᠵᠦᠪᠯᠡᠬᠦ ᠪᠤᠯᠪᠠᠦ︖         ᠨᠢᠭᠡ᠂ 2015 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢᠨ ᠭᠦᠢᠴᠡᠳᠬᠡᠭᠰᠡᠨ ᠪᠠᠶᠢᠳᠠᠯ           ᠵᠢᠯ ᠲᠤᠷᠰᠢ ᠪᠦᠬᠦ ᠲᠤᠭᠤᠷᠢᠭ ᠢᠶᠠᠷ ᠢᠶᠠᠨ ᠲᠤᠭᠤᠷᠢᠭ ᠤᠨ ᠨᠠᠮ ᠤᠨ ᠬᠤᠷᠢᠶ᠎ᠠ᠂  ᠵᠠᠰᠠᠭ ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠲᠤᠤᠷ᠎ᠠ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠦᠲᠦᠮᠵᠢᠲᠡᠢ ᠬᠢᠨᠠᠯᠲᠠ ᠵᠢᠯᠤᠭᠤᠳᠤᠯᠭ᠎ᠠ ᠲᠤᠤᠷ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠪᠦᠬᠦ ᠲᠠᠯ᠎ᠠ ᠶᠢᠨ ᠪᠠᠶᠢᠳᠠᠯ ᠢ ᠤᠳᠤᠷᠢᠳᠤᠭᠤᠯᠤᠨ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠲᠤᠭᠲᠠᠭᠤᠨ ᠨᠡᠮᠡᠭᠳᠡᠭᠦᠯᠦᠨ᠂ ᠪᠦᠲᠦᠴᠡ ᠶᠢ ᠲᠤᠬᠢᠷᠠᠭᠤᠯᠵᠤ᠂  ᠦᠭᠡᠷᠡᠴᠢᠯᠡᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠳᠤ ᠭᠦᠴᠦᠯᠡᠨ᠂《 ᠨᠡᠭᠡᠭᠡᠯᠲᠡᠲᠡᠢ ᠪᠠᠷ ᠰᠢᠨ᠎ᠡ ᠶᠢ ᠡᠭᠦᠳᠦᠨ᠂ ᠦᠢᠯᠡᠳᠪᠦᠷᠢ ᠬᠤᠳᠠᠯᠳᠤᠭ᠎ᠠ ᠪᠠᠷ ᠳᠠᠶᠢᠴᠢᠯᠠᠵᠤ᠂ ᠬᠤᠲᠠ ᠬᠦᠳᠡᠭᠡ ᠶᠢ ᠨᠢᠭᠡᠲᠦᠯᠲᠡᠢ ᠲᠦᠯᠦᠪᠵᠢᠭᠦᠯᠦᠨ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ》ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠬᠦᠴᠦᠨ ᠢᠶᠠᠷ ᠬᠡᠷᠡᠭᠵᠢᠭᠦᠯᠦᠨ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠬᠡᠢ ᠴᠤᠭᠴᠠ ᠲᠤᠭᠲᠠᠭᠤᠨ ᠨᠡᠮᠡᠭᠳᠡᠯ ᠤᠨ ᠰᠠᠶᠢᠨ ᠪᠠᠶᠢᠳᠠᠯ ᠢ ᠪᠠᠲᠤᠯᠠᠪᠠ᠃          ︵ᠨᠢᠭᠡ︶  ᠭᠤᠤᠯ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠪᠡᠶᠡᠯᠡᠭᠦᠯᠦᠭᠳᠡᠭᠰᠡᠨ ᠪᠠᠶᠢᠳᠠᠯ         2015 ᠤᠨ ᠳᠤ᠂ ᠪᠦᠬᠦ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠷᠢᠳᠴᠢᠯᠠᠨ ᠵᠢᠱᠢᠭᠰᠡᠨ ᠢᠶᠠᠷ 299 ᠳ᠋ᠦᠩᠰᠢᠭᠤᠷ ᠲᠦᠭᠦᠷᠢᠭ  ᠬᠦᠷᠴᠦ᠂  8% ᠤᠷᠴᠢᠮ ᠨᠡᠮᠡᠭᠳᠡᠵᠦ ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 21.6  ᠳ᠋ᠦᠩᠰᠢᠭᠤᠷ ᠲᠦᠭᠦᠷᠢᠭ  ᠬᠦᠷᠴᠦ᠂ 13 % ᠤᠷᠴᠢᠮ ᠨᠡᠮᠡᠭᠳᠡᠵᠡᠢ︔ 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ 152 ᠳ᠋ᠦᠩᠰᠢᠭᠤᠷ ᠲᠦᠭᠦᠷᠢᠭ ᠬᠦᠷᠴᠦ᠂ 13 % ᠤᠷᠴᠢᠮ ᠨᠡᠮᠡᠭᠳᠡᠵᠡᠢ︔ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 130 ᠳ᠋ᠦᠩᠰᠢᠭᠤᠷ ᠲᠦᠭᠦᠷᠢᠭ ᠬᠦᠷᠴᠦ᠂ 11% ᠤᠷᠴᠢᠮ ᠨᠡᠮᠡᠭᠳᠡᠵᠡᠢ︔ ᠬᠤᠲᠠ ᠪᠠᠯᠭᠠᠰᠤ ᠪᠠ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠲᠤᠰᠪᠤᠷᠢ  28300  ᠲᠦᠭᠦᠷᠢᠭ  ᠪᠠ 15200 ᠲᠦᠭᠦᠷᠢᠭ ᠬᠦᠷᠴᠦ᠂  ᠲᠤᠰᠪᠦᠷᠢ 10%  ᠪᠠ 11 %  ᠤᠷᠴᠢᠮ ᠨᠡᠮᠡᠭᠳᠡᠵᠡᠢ᠃          ︵ᠬᠤᠶᠠᠷ︶   ᠤᠳᠤ ᠦᠶ᠎ᠡ ᠶᠢᠨ ᠲᠠᠷᠢᠶᠠᠯᠠᠩ ᠢ  ᠲᠦᠷᠭᠡᠳᠬᠡᠨ ᠭᠦᠭᠵᠢᠭᠦᠯᠪᠡ         2015 ᠤᠨ ᠳᠤ᠂ ᠤᠳᠤ ᠦᠶ᠎ᠡ ᠶᠢᠨ ᠲᠠᠷᠢᠶᠠᠯᠠᠩ ᠢ ᠶᠡᠭᠡ ᠬᠦᠴᠦᠨ ᠢᠶᠠᠷ ᠬᠦᠭᠵᠢᠭᠦᠯᠵᠦ᠂ ᠲᠠᠷᠢᠶᠠᠯᠠᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ᠂  ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢ ᠢᠳᠡᠪᠬᠢᠲᠡᠢ ᠪᠤᠶᠢᠵᠢᠭᠤᠯᠵᠤ᠂  ᠠᠵᠤ ᠦᠢᠯᠡᠰᠵᠢᠯᠲᠡ ᠶᠢᠨ ᠬᠦᠭᠵᠢᠯᠲᠡ ᠶᠢᠨ ᠠᠯᠬᠤᠴᠠ  ᠲᠠᠰᠤᠷᠠᠯᠲᠠ ᠦᠭᠡᠢ ᠲᠦᠷᠭᠡᠰᠪᠡ᠃ ᠲᠦᠭᠦᠭᠡᠷᠦᠮᠵᠢᠲᠦ ᠲᠠᠷᠢᠶᠠᠯᠠᠩ ᠤᠨ ᠲᠠᠯᠠᠪᠠᠢ 1.71 ᠲᠦᠮᠡᠨ ᠮᠦ ᠬᠦᠷᠴᠦ᠂ ᠬᠤᠸᠠᠷ ᠴᠡᠴᠡᠭ ᠪᠤᠯᠤᠨ ᠤᠨᠴᠠᠯᠢᠭᠲᠤ ᠵᠢᠮᠢᠰ ᠤᠨ ᠲᠠᠷᠢᠮᠠᠯ ᠤᠨ ᠲᠠᠯᠠᠪᠠᠢ 1460 ᠮᠦ ᠬᠦᠷᠴᠦ᠂ ᠰᠢᠯᠢᠳᠡᠭ ᠴᠢᠨᠠᠷ ᠤᠨ ᠡᠯᠳᠡᠪ ᠠᠮᠤ ᠶᠢᠨ ᠰᠠᠭᠤᠷᠢᠨ 8000 ᠮᠦ ᠬᠦᠭᠵᠢᠭᠦᠯᠦᠨ᠂ ᠡᠷᠳᠡᠨᠢ ᠰᠢᠰᠢ ᠶᠢᠨ ᠪᠦᠷᠭᠦᠪᠴᠢ ᠶᠢᠨ ᠲᠤᠤᠷ᠎ᠠ ᠲᠤᠰᠤᠯᠭᠠᠨ ᠤᠰᠤᠯᠠᠬᠤ ᠲᠠᠯᠠᠪᠠᠢ 9100 ᠮᠦ ᠬᠡᠷᠡᠭᠵᠢᠭᠦᠯᠵᠦ᠂ ᠦᠨᠳᠦᠷ ᠪᠦᠲᠦᠮᠵᠢᠲᠦ ᠤᠰᠤ ᠠᠷᠪᠢᠯᠠᠨ ᠤᠰᠤᠯᠠᠬᠤ ᠶᠡᠷᠦᠩᠭᠡᠢ ᠲᠠᠯᠠᠪᠠᠢ 6.2  ᠲᠦᠮᠡᠨ ᠮᠦ᠂ ᠦᠨᠳᠦᠷ ᠪᠠᠷᠢᠮᠵᠢᠶᠠᠲᠦ ᠲᠡᠵᠢᠭᠡᠨ ᠦᠷᠡᠵᠢᠭᠦᠯᠬᠦ 13 ᠪᠠᠭ᠎ᠠ ᠲᠤᠭᠤᠷᠢᠭ ᠢ ᠪᠦᠲᠦᠭᠡᠨ ᠪᠠᠶᠢᠭᠤᠯᠵᠤ᠂ 58 ᠡᠷᠦᠬᠡ ᠰᠡᠯᠡᠭᠦᠴᠡᠯ ᠲᠠᠷᠢᠶᠠᠯᠠᠩ ᠤᠨ ᠠᠵᠦ ᠠᠬᠤᠶᠢᠯᠡᠯ ᠢ ᠬᠦᠭᠵᠢᠭᠦᠯᠦᠨ᠂ ᠲᠡᠷᠢᠶᠠᠴᠢᠳ ᠤᠨ ᠲᠤᠰᠬᠠᠢ ᠬᠤᠷᠰᠢᠶᠠᠵᠢᠯ 130 ᠡᠷᠦᠬᠡ ᠪᠤᠯᠤᠨ ᠨᠡᠮᠡᠭᠳᠡᠵᠦ᠂  ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ ᠠᠵᠦ ᠦᠢᠯᠡᠰᠵᠢᠭᠦᠯᠦᠯᠲᠠ ᠶᠢᠨ ᠲᠤᠯᠤᠭᠠᠶᠢᠯᠠᠭᠴᠢ ᠠᠵᠤ ᠠᠬᠤᠶᠢᠯᠠᠯ 93 ᠡᠷᠦᠭᠡ  ᠳᠤ ᠭᠦᠷᠪᠡ᠃  ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠦᠨ᠂  ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠪᠠ ᠬᠦᠳᠡᠭᠡ ᠲᠤᠰᠬᠤᠨ ᠤ ᠬᠦᠭᠵᠢᠯᠲᠡ ᠶᠢ ᠠᠬᠢᠭᠤᠯᠪᠠ᠃         ︵ᠭᠤᠷᠪᠠ︶  ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠡᠷᠬᠢᠯᠲᠠ ᠲᠠᠢ        ᠠᠵᠤ ᠦᠢᠯᠡᠳᠪᠦᠷᠢ ᠶᠢᠨ ᠬᠦᠭᠵᠢᠯᠲᠡ ᠶᠢᠨ ᠲᠠᠪᠴᠠᠩ ᠤᠨ ᠠᠴᠢᠶᠠᠯᠠᠬᠤ ᠴᠢᠳᠠᠮᠵᠢ ᠴᠢᠩᠭᠠᠷᠠᠪᠠ᠃ ᠬᠤᠩ ᠱᠠᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ《 ᠨᠢᠭᠡ ᠲᠤᠭᠤᠷᠢᠭ ᠳᠦᠷᠪᠡᠨ ᠬᠦᠷᠢᠶᠡᠯᠡᠩ》 ᠤᠨ ᠪᠠᠶᠢᠷᠢᠰᠢᠯ ᠤᠯᠠᠮ ᠨᠢᠭᠡ ᠠᠯᠬᠤᠮ ᠢᠯᠡᠷᠡᠵᠦ᠂ ᠪᠦᠲᠦᠭᠡᠨ ᠪᠠᠶᠢᠭᠤᠯᠤᠯᠲᠠ ᠶᠢᠨ ᠤᠷᠤᠨ ᠤ ᠲᠠᠯᠠᠪᠠᠢ 15 ᠲᠦᠮᠡᠨ ᠳᠡᠭᠰᠢ ᠳᠦᠷᠪᠡᠯᠵᠢᠨ ᠺᠢᠯᠤᠮᠧᠲᠷ ᠬᠦᠷᠴᠦ᠂134 ᠠᠵᠤ ᠠᠬᠤᠶᠢᠯᠠᠯ ᠤᠷᠤᠵᠤ ᠰᠠᠭᠤᠷᠢᠰᠢᠨ᠂ 2.5 ᠲᠦᠮᠡᠨ ᠬᠦᠮᠦᠨ ᠳᠤ ᠠᠵᠢᠯ ᠤᠯᠭᠤᠨ ᠲᠦᠪᠬᠢᠨᠡᠭᠦᠯᠪᠡ᠃ ᠬᠤᠩ ᠱᠠᠨ ᠲᠠᠷᠢᠶᠠᠯᠠᠩ ᠤᠨ ᠪᠦᠲᠦᠭᠡᠭᠳᠡᠭᠦᠨ ᠤ ᠠᠵᠤ ᠦᠢᠯᠡᠰᠵᠢᠯᠲᠡ ᠶᠢᠨ ᠬᠦᠷᠢᠶᠡᠯᠡᠩ ᠲᠤᠭᠤᠷᠢᠭ ᠤᠨ ᠭᠤᠷᠪᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂  ᠪᠦᠲᠦᠭᠡᠨ ᠪᠠᠶᠢᠭᠤᠯᠤᠯᠲᠠ ᠶᠢᠨ ᠲᠠᠯᠠᠪᠠᠢ 2.5  ᠲᠦᠮᠡᠨ ᠲᠡᠭᠰᠢ ᠳᠦᠷᠪᠡᠯᠵᠢᠨ ᠺᠢᠯᠤᠮᠧᠲᠷ ᠬᠦᠷᠴᠦ᠂ 44 ᠡᠷᠦᠬᠡ  ᠠᠵᠤ ᠠᠬᠤᠶᠢᠯᠠᠯ ᠤᠷᠤᠵᠤ ᠰᠠᠭᠤᠷᠢᠰᠢᠨ᠂ 3000  ᠬᠦᠮᠦᠨ ᠳᠤ ᠠᠵᠢᠯ ᠤᠯᠭᠤᠨ ᠲᠦᠪᠬᠢᠨᠡᠭᠦᠯᠪᠡ᠃  ᠬᠤᠶᠠᠷ  ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠦᠮᠵᠢ ᠪᠠ ᠦᠢᠯᠡᠴᠢᠯᠡᠭᠡᠨ ᠤ ᠢᠵᠢ ᠪᠦᠷᠢᠳᠦᠯᠲᠡ ᠦᠷᠭᠦᠯᠵᠢᠯᠡᠨ ᠲᠡᠭᠦᠯᠳᠡᠷᠵᠢᠪᠡ︔ ᠲᠡᠮᠦᠷᠯᠢᠭ ᠬᠠᠶᠢᠯᠤᠭᠤᠯᠬᠤ᠂ ᠡᠮ ᠡᠮᠨᠡᠯᠭᠡ᠂  ᠨᠡᠬᠡᠮᠡᠯ᠂ ᠲᠤᠨᠤᠭᠯᠠᠯ ᠦᠢᠯᠡᠳᠬᠦ ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠢ ᠪᠤᠯᠪᠠᠰᠤᠷᠠᠭᠤᠯᠬᠤ ᠵᠡᠷᠭᠡ ᠲᠠᠪᠤᠨ ᠭᠤᠤᠯᠯᠠᠭᠴᠢ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠲᠤᠬᠢᠷᠠᠭᠤᠯᠪᠠ︔  ᠵᠤᠤ ᠤᠳᠠ ᠬᠠᠭᠤᠴᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠯᠵᠢᠯᠲᠡ ᠤᠷᠤᠭᠰᠢᠲᠠᠢ ᠶᠠᠪᠤᠭᠳᠠᠵᠤ᠂ ᠳ᠋ᠠᠨ ᠯᠦᠩ᠂ ᠮᠧᠩ ᠰᠢᠨ᠂ ᠠᠢ ᠺᠧ ᠵᠡᠷᠭᠡ ᠡᠮ ᠡᠮᠨᠡᠯᠭᠡ ᠶᠢᠨ ᠠᠵᠤ ᠠᠬᠤᠶᠢᠯᠠᠯ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ ᠪᠡᠶᠡᠯᠡᠭᠦᠯᠪᠡ᠃ ᠬᠤᠤ ᠺᠧ ᠰᠢᠨ᠎ᠡ ᠡᠨᠧᠷᠭᠢ ᠶᠢᠨ ᠮᠠᠰᠢᠨ ᠲᠡᠷᠭᠡ ᠪᠤᠯᠤᠨ ᠴᠢ ᠷᠦᠢ ᠪᠦᠯᠦᠭᠯᠡᠯ ᠤᠨ ᠪᠠᠶᠢᠯᠳᠤᠬᠤ ᠪᠤᠳᠤᠯᠭ᠎ᠠ ᠶᠢᠨ ᠳᠠᠬᠢᠨ ᠵᠤᠬᠢᠶᠠᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠦᠸᠧ ᠵᠢᠶᠠ ᠰᠢᠩᠭᠡᠨ ᠲᠠᠯᠠᠰᠲᠦ ᠦᠵᠦᠭᠦᠯᠦᠭᠦᠷ ᠳᠡᠯᠭᠡᠴᠡ ᠪᠠ ᠭᠦᠬᠡ ᠭᠡᠷᠡᠯ ᠳᠤ ᠲᠡᠰᠪᠦᠷᠢᠲᠡᠢ ᠲᠠᠭ ᠬᠠᠪᠲᠠᠰᠦ ᠶᠢᠨ ᠭᠠᠷᠤᠯᠲᠠ 1000 ᠲᠦᠮᠡᠨ‌ᠢᠵᠢ ᠬᠦᠷᠴᠦ᠂ ᠹᠦ᠋ ᠯᠦᠩ 2×50 ᠰᠠᠶ᠎ᠠ ᠸᠠᠲ ᠢᠯᠴᠢ ᠴᠠᠬᠢᠯᠭᠠᠨ ᠤ ᠬᠤᠯᠪᠤᠯᠳᠤᠭ᠎ᠠ ᠪᠦᠳᠦᠭᠡᠭᠳᠡᠭᠦᠨ ᠤ ᠡᠰᠡᠷᠭᠦ ᠳᠠᠷᠤᠯᠲᠠᠲᠦ ᠮᠠᠰᠢᠨ ᠴᠤᠭᠴᠠᠯᠠᠪᠤᠷᠢ ᠶᠢᠨ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ  ᠶᠡᠷᠦᠩᠬᠡᠢ ᠦᠷᠲᠡᠭ 385 ᠳ᠋ᠦᠩᠰᠢᠭᠤᠷ ᠲᠦᠭᠦᠷᠢᠭ ᠬᠦᠷᠪᠡ᠃           ︵ᠳᠦᠷᠪᠡ︶  ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠲᠦᠷᠭᠡᠳᠬᠡᠨ  ᠬᠤᠪᠢᠷᠠᠭᠠᠵᠤ ᠬᠦᠭᠵᠢᠭᠦᠯᠪᠡ          ᠤᠯᠠᠮᠵᠢᠯᠠᠯᠲᠦ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠦᠨ᠂ ᠤᠳᠤ ᠦᠶ᠎ᠡ ᠶᠢᠨ ᠪᠠᠷᠠᠭᠠᠨ ᠭᠦᠢᠯᠭᠡᠭᠡᠨ᠂ ᠭᠠᠶᠢᠯᠢ ᠶᠢ ᠪᠠᠲᠤᠯᠠᠬᠤ  ᠪᠠᠷᠠᠭᠠᠨ ᠭᠦᠢᠯᠭᠡᠭᠡᠨ᠂ ᠡᠭᠦᠯᠡᠨ ᠪᠤᠳᠤᠯᠲᠠ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠰᠤᠶᠤᠯ ᠵᠢᠭᠤᠯᠴᠢᠯᠠᠯ ᠵᠡᠷᠭᠡ ᠰᠢᠨ᠎ᠡ ᠪᠠᠷ  ᠬᠦᠭᠵᠢᠭᠰᠡᠨ ᠦᠢᠯᠡᠴᠢᠯᠡᠭᠡᠨ ᠤ ᠦᠢᠯᠡᠰ ᠦᠷᠨᠢᠨ  ᠬᠦᠭᠵᠢᠪᠡ᠃ ᠤᠯᠠᠭᠠᠨᠬᠠᠳᠠ ᠠᠷᠠᠯᠵᠢᠶ᠎ᠠ ᠬᠤᠳᠠᠯᠳᠤᠭᠠᠨ ᠤ ᠬᠤᠲᠠ᠂ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠭᠠᠷᠠᠮ ᠤᠨ ᠨᠢᠭᠡᠳᠦᠭᠡᠷ ᠬᠤᠭᠤᠴᠠᠭ᠎ᠠ᠂ ᠸᠠᠨ ᠳ᠋ᠠ ᠠᠭᠤᠳᠠᠮ ᠲᠠᠯᠠᠪᠠᠢ᠂ ᠬᠠᠩ ᠢᠦᠢ ᠬᠤᠳᠠᠯᠳᠤᠭᠠᠨ ᠤ ᠶᠠᠪᠤᠳᠠᠯ ᠤᠨ ᠶᠡᠭᠡ ᠠᠰᠠᠷ ᠵᠡᠷᠭᠡ ᠲᠦᠷᠦᠯ ᠵᠦᠢᠯ ᠳᠠᠷᠠᠭᠠᠯᠠᠨ ᠪᠦᠲᠦᠭᠡᠨ ᠪᠠᠶᠢᠭᠤᠯᠵᠤ ᠡᠵᠡᠩᠨᠡᠨ᠂ ᠬᠢᠵᠠᠭᠠᠷᠲᠤ ᠲᠤᠭ᠎ᠠ ᠠᠴᠠ ᠳᠠᠪᠠᠭᠰᠠᠨ  ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ 74 ᠪᠤᠯᠪᠠ᠃ ᠦᠪᠦᠷ ᠮᠤᠩᠭᠤᠯ ᠤᠨ ᠬᠤᠩ ᠱᠠᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ 10 ᠲᠡᠭᠰᠢ ᠳᠦᠷᠪᠡᠯᠵᠢᠨ ᠺᠢᠯᠤᠮᠧᠲᠷ ᠨᠡᠮᠡᠨ ᠪᠠᠶᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠵᠢᠴᠢ ᠠᠷᠠᠯᠵᠢᠶᠠᠴᠢᠨ ᠡᠷᠦᠬᠡ 2500 ᠤᠷᠤᠵᠤ ᠰᠠᠭᠤᠷᠢᠰᠢᠨ᠂ 400 ᠳ᠋ᠦᠩᠰᠢᠭᠤᠷ ᠲᠦᠭᠦᠷᠢᠭ ᠤᠨ ᠰᠣᠯᠢᠯᠴᠠᠭᠠᠨ ᠤ ᠦᠷᠲᠡᠭ ᠢ ᠪᠡᠶᠡᠯᠡᠭᠦᠯᠵᠦ᠂ 3 ᠲᠦᠮᠡᠨ ᠬᠦᠮᠦᠨ ᠳᠤ ᠠᠵᠢᠯ ᠤᠯᠭᠤᠨ ᠲᠦᠪᠬᠢᠨᠡᠭᠦᠯᠵᠦ᠂ ᠤᠯᠤᠰ ᠤᠨ ᠳᠡᠰ ᠤᠨ ᠳᠤᠮᠳᠠᠳᠤ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠨ ᠰᠢᠨ᠎ᠡ ᠶᠢ ᠡᠭᠦᠳᠬᠦ ᠰᠠᠭᠤᠷᠢᠨ ᠪᠤᠯᠪᠠ︔ ᠤᠯᠠᠭᠠᠨᠬᠠᠳᠠ ᠶᠢᠨ ᠭᠠᠶᠢᠯᠢ  ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠲᠤ 20 ᠠᠵᠤ ᠠᠬᠤᠶᠢᠯᠠᠯ ᠤᠷᠤᠵᠤ ᠰᠠᠭᠤᠷᠢᠰᠢᠨ᠂ ᠭᠠᠶᠢᠯᠢ  ᠪᠠᠲᠤᠯᠠᠬᠤ ᠲᠠᠸᠠᠷ ᠤᠨ ᠦᠵᠡᠰᠭᠦᠯᠡᠩ ᠰᠤᠯᠢᠯᠴᠠᠭᠠᠨ ᠤ ᠲᠦᠪ ᠢ ᠪᠠᠶᠢᠭᠤᠯᠪᠠ︔ ᠡᠭᠦᠯᠡᠨ ᠪᠤᠳᠤᠯᠲᠠ ᠶᠢᠨ ᠠᠵᠤ ᠦᠢᠯᠡᠰ ᠠᠩᠬ᠎ᠠ  ᠬᠡᠪᠴᠢᠶᠡᠵᠢᠵᠦ᠂ ᠨᠡᠪᠴᠢᠭᠦᠯᠬᠦ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ ᠳᠤ 48 ᠠᠵᠤ ᠠᠬᠤᠶᠢᠯᠠᠯ ᠤᠷᠤᠵᠤ ᠰᠠᠭᠤᠷᠢᠰᠢᠨ᠂ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ᠂  ᠤᠶᠤᠨᠴᠢ ᠨᠡᠶᠢᠭᠡᠮ ᠲᠤᠭᠤᠷᠢᠭ᠂ ᠮᠤᠩᠭᠤᠯ ᠬᠡᠯᠡᠨ ᠤ ᠲᠠᠪᠴᠠᠩ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠪᠡ︔ ᠡᠯᠧᠺᠲᠷᠤᠨ ᠬᠤᠳᠠᠯᠳᠤᠭᠠᠨ ᠤ ᠨᠡᠶᠢᠭᠡᠮᠯᠢᠭ ᠢ ᠵᠤᠬᠢᠶᠠᠨ ᠪᠠᠶᠢᠭᠤᠯᠵᠤ᠂ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠤᠨᠴᠠ ᠭᠠᠷᠤᠯᠲᠠ ᠶᠢᠨ ᠡᠯᠧᠺᠲᠷᠤᠨ ᠬᠤᠳᠠᠯᠳᠤᠭᠠᠨ ᠤ ᠦᠵᠡᠰᠬᠦᠯᠡᠩ ᠢ ᠠᠮᠵᠢᠯᠲᠠ ᠲᠠᠢ ᠡᠷᠬᠢᠯᠡᠪᠡ︔  ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠤᠷᠤᠨ ᠢ ᠪᠦᠬᠦ ᠲᠠᠯ᠎ᠠ ᠪᠠᠷ ᠡᠬᠢᠯᠡᠭᠦᠯᠪᠡ︔ 306  ᠤᠯᠤᠰ ᠤᠨ ᠵᠠᠮ ᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠪᠦᠰᠡ ᠪᠠ ᠬᠤᠲᠠ ᠶᠢ ᠲᠤᠭᠤᠷᠢᠭᠰᠠᠨ ᠰᠤᠶᠤᠯ ᠵᠤᠭᠠᠴᠠᠯ ᠤᠨ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂  ᠳ᠋ᠤᠤ ᠭᠸᠦ  ᠡᠮᠦᠨ᠎ᠡ ᠠᠭᠤᠯᠠ ᠶᠢᠨ ᠠᠮᠢ ᠠᠬᠤᠢ ᠶᠢᠨ ᠵᠤᠭᠠᠴᠠᠯ ᠤᠨ ᠬᠤᠳᠠᠯᠳᠤᠭᠠᠨ ᠤ ᠶᠠᠪᠤᠳᠠᠯ ᠤᠨ ᠲᠤᠭᠤᠷᠢᠭ ᠪᠤᠯᠤᠨ ᠡᠯ ᠳ᠋ᠤᠤ ᠵᠢᠩ ᠽᠢ ᠦᠯᠡᠳᠡᠭᠳᠡᠯ ᠤᠨ ᠬᠠᠮᠠᠭᠠᠯᠠᠯᠲᠠ ᠶᠢᠨ ᠳᠡᠯᠭᠡᠨ  ᠦᠵᠡᠭᠦᠯᠦᠯᠭᠡ ᠶᠢᠨ ᠤᠷᠳᠤᠨ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠪᠴᠢᠯᠡᠨ ᠪᠦᠲᠦᠭᠡᠨ ᠪᠠᠶᠢᠭᠤᠯᠪᠠ᠃           ︵ᠲᠠᠪᠤ︶  ᠬᠤᠲᠠ ᠪᠠᠯᠭᠠᠰᠤ ᠶᠢ ᠨᠢᠭᠡᠲᠦᠯᠲᠡᠢ ᠲᠦᠯᠦᠪᠵᠢᠭᠦᠯᠬᠦ ᠶᠢ ᠯᠠᠪᠳᠠᠭᠤᠨ ᠠᠬᠢᠭᠤᠯᠪᠠ        ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠵᠢᠯ ᠢ ᠡᠮᠬᠢ ᠴᠡᠭᠴᠡ ᠲᠠᠢ ᠠᠬᠢᠭᠤᠯᠪᠠ᠃ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢᠨ ᠭᠡᠷ ᠪᠠᠶᠢᠰᠢᠩ ᠢ ᠬᠤᠷᠢᠶᠠᠨ ᠲᠠᠲᠠᠪᠤᠷᠢᠯᠠᠬᠤ ᠠᠵᠢᠯ ᠦᠨᠳᠦᠰᠦᠨ ᠳᠡᠭᠡᠨ ᠳᠠᠭᠤᠰᠴᠤ᠂ 6 ᠲᠦᠪᠬᠢᠨᠠᠭᠦᠯᠬᠦ ᠲᠤᠭᠤᠷᠢᠭ ᠪᠦᠬᠦ ᠲᠠᠯ᠎ᠠ ᠪᠠᠷ ᠠᠵᠢᠯ ᠡᠬᠢᠯᠡᠨ᠂  ᠲᠢᠶᠧ ᠨᠠᠨ ᠶᠡᠭᠡ ᠵᠡᠭᠡᠯᠢ᠂  ᠨᠢᠩ ᠯᠠᠨ ᠡᠮᠦᠨ᠎ᠡ ᠵᠠᠮ ᠤᠨ ᠲᠡᠮᠦᠷ ᠵᠠᠮ ᠨᠦᠬᠡᠨ ᠵᠠᠮ ᠲᠠᠢ ᠬᠤᠯᠪᠤᠭᠳᠠᠬᠤ ᠵᠡᠷᠭᠡ ᠢᠨᠵᠧᠨᠧᠷᠢᠩ ᠢᠵᠢᠯ ᠠᠯᠬᠤᠮ ᠢᠶᠠᠷ ᠠᠬᠢᠪᠠ᠃ ᠰᠢᠨ ᠳ᠋ᠢ ᠶᠡᠭᠡ ᠲᠤᠭᠤᠶᠢᠯᠡᠩ ᠢ ᠦᠭᠡᠷᠡᠴᠢᠯᠡᠨ ᠪᠠᠶᠢᠭᠤᠯᠵᠤ ᠨᠡᠭᠡᠭᠡᠨ ᠠᠰᠢᠭᠯᠠᠬᠤ ᠠᠵᠢᠯ ᠤᠷᠤᠭᠰᠢᠲᠠᠢ ᠶᠠᠪᠤᠭᠳᠠᠪᠠ᠃ ᠨᠢᠭᠡᠳᠦᠭᠡᠷ ᠪᠠᠷᠠᠭᠤᠨ ᠵᠡᠭᠡᠯᠢ᠂ ᠷᠦᠩ ᠵᠢᠢ ᠲᠠᠩ᠂ ᠴᠢᠯᠦᠭᠡᠯᠡᠯᠲᠡ ᠪᠠᠷᠠᠭᠤᠨ ᠵᠡᠭᠡᠯᠢ ᠵᠡᠷᠭᠡ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢ ᠡᠬᠢᠯᠡᠭᠦᠯᠪᠡ︔《 ᠠᠷᠪᠠ ᠶᠢ ᠪᠦᠷᠬᠦᠭᠦᠯᠬᠦ ᠢᠨᠵᠧᠨᠧᠷᠢᠩ》ᠪᠤᠯᠤᠨ ᠦᠵᠡᠰᠬᠦᠯᠡᠩᠲᠦ  ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠪᠠ᠃ ᠲᠤᠰ ᠵᠢᠯ ᠤᠨ ᠪᠡᠯᠡ ᠤᠷᠤᠭᠤᠯᠤᠯᠲᠠ 2.7 ᠳ᠋ᠦᠩᠰᠢᠭᠤᠷ ᠲᠦᠭᠦᠷᠢᠭ᠂ 27 ᠲᠤᠰᠬᠤᠨ ᠤ ᠨᠡᠶᠢᠳᠡᠮ ᠪᠦᠷᠬᠦᠭᠦᠯᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ ᠶᠢᠨ ᠨᠦᠬᠦᠴᠡᠯ  ᠪᠤᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠮᠡᠳᠡᠭᠳᠡᠮ᠎ᠡ ᠳᠡᠭᠡᠭᠰᠢᠯᠡᠪᠡ︔ 306 ᠤᠯᠤᠰ ᠤᠨ ᠵᠠᠮ ᠤᠨ ᠦᠷᠭᠡᠳᠬᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠰᠢᠨᠬᠤᠸᠠ ᠬᠦᠭᠦᠷᠭᠡ᠂  ᠪᠠᠷᠠᠭᠤᠨ ᠶᠡᠭᠡ ᠬᠦᠭᠦᠷᠭᠡ ᠠᠵᠢᠯ ᠳᠠᠭᠤᠰᠴᠤ ᠲᠡᠷᠭᠡ ᠨᠡᠪᠲᠡᠷᠡᠨ᠂ ᠰᠢᠨ᠎ᠡ ᠪᠠᠷ ᠪᠠᠶᠢᠭᠤᠯᠤᠭᠰᠠᠨ ᠪᠠ ᠦᠭᠡᠷᠡᠴᠢᠯᠡᠨ ᠵᠠᠰᠠᠭᠰᠠᠨ ᠬᠦᠭᠦᠷᠭᠡ 8 ᠰᠠᠭᠤᠷᠢ ᠪᠠᠶᠢᠵᠤ᠂  ᠴᠡᠭᠴᠡᠯᠡᠨ ᠵᠠᠰᠠᠭᠰᠠᠨ ᠬᠤᠲᠠ ᠲᠤᠭᠤᠷᠢᠭ ᠵᠡᠭᠡᠯᠢ  ᠭᠤᠳᠤᠮᠵᠢ 10  ᠵᠤᠷᠪᠤᠰ᠂  ᠬᠤᠲᠠ ᠪᠠᠯᠭᠠᠰᠤᠨ ᠤ ᠵᠠᠮ ᠬᠠᠷᠢᠯᠴᠠᠭ᠎ᠠ ᠤᠯᠠᠮ ᠨᠢᠭᠡ ᠠᠯᠬᠤᠮ ᠰᠠᠶᠢᠵᠢᠷᠠᠪᠠ︔  ᠬᠤᠲᠠ ᠪᠠᠯᠭᠠᠰᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠤᠯᠠᠮ ᠨᠢᠭᠡ ᠠᠯᠬᠤᠮ ᠰᠢᠯᠤᠭᠤᠳᠴᠤ᠂ ᠬᠤᠲᠠ ᠪᠠᠯᠭᠠᠰᠤᠨ ᠤ ᠨᠢᠭᠡ ᠴᠤᠭᠴᠠᠵᠢᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠤᠯᠤᠰ ‍ᠤᠨ‌ᠡᠷᠡᠭᠦᠯ ᠬᠠᠮᠠᠭᠠᠯᠠᠯ ᠤᠨ ᠬᠤᠲᠠ ᠶᠢᠨ ᠲᠠᠬᠢᠨ ᠪᠠᠶᠢᠴᠠᠭᠠᠯᠲᠠ ᠶᠢ ᠠᠮᠵᠢᠯᠲᠠ ᠲᠠᠢ ᠦᠩᠭᠡᠷᠡᠭᠦᠯᠪᠡ᠃             ︵ᠵᠢᠷᠭᠤᠭ᠎ᠠ︶  ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠦᠭᠵᠢᠪᠡ         ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠪᠡᠯᠡ ᠤᠷᠤᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠨᠡᠶᠢᠭᠡᠮ ᠡᠶ᠎ᠡ ᠵᠤᠬᠢᠴᠠᠯᠲᠤ ᠲᠤᠭᠲᠠᠭᠤᠨ᠂  ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠤᠯᠤᠭᠰᠠᠳ 9100 ᠬᠦᠮᠦᠨ᠂ ᠬᠦᠳᠡᠭᠡ ᠲᠤᠰᠬᠤᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠤᠯᠭᠤᠭᠰᠠᠳ 1.35 ᠲᠦᠮᠡᠨ ᠬᠦᠮᠦᠨ ᠤᠳᠠᠭ᠎ᠠ ᠳᠤ ᠭᠦᠷᠴᠦ᠂ ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠭᠰᠡᠨ ᠨᠤᠷᠮ᠎ᠠ 4.0 %︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠬᠠᠮᠤᠭ ᠲᠤᠤᠷ᠎ᠠ ᠪᠠᠷᠢᠮᠵᠢᠶ᠎ᠠ ᠶᠢ ᠰᠠᠷ᠎ᠠ ᠪᠦᠷᠢ 60  ᠲᠦᠭᠦᠷᠢᠭ ᠠᠴᠠ 85 ᠲᠦᠭᠦᠷᠢᠭ ᠪᠤᠯᠭᠠᠨ᠂ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠪᠠᠷᠢᠮᠵᠢᠶ᠎ᠠ ᠶᠢ 380 ᠲᠦᠭᠦᠷᠢᠭ ᠠᠴᠠ470 ᠲᠦᠭᠦᠷᠢᠭ ᠪᠤᠯᠭᠠᠨ  ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠦᠨᠳᠦᠷ ᠲᠦᠯᠦᠪᠦᠷᠢᠯᠡᠬᠦ ᠬᠢᠵᠠᠭᠠᠷ ᠢ 30 ᠲᠦᠮᠡᠨ ᠲᠦᠭᠦᠷᠢᠭ ᠠᠴᠠ 35 ᠲᠦᠮᠡᠨ ᠲᠦᠭᠦᠷᠢᠭ  ᠪᠤᠯᠭᠠᠵᠤ ᠳᠡᠭᠡᠭᠰᠢᠯᠡᠭᠦᠯᠪᠡ︔ ᠬᠢᠮᠳᠠ ᠳᠦᠷᠢᠶᠡᠰᠦᠨ ᠭᠡᠷ ᠪᠠ ᠨᠡᠶᠢᠲᠡ ᠶᠢᠨ ᠳᠦᠷᠢᠶᠡᠰᠦᠨ ᠭᠡᠷ ᠤᠨ ᠳᠦᠷᠢᠮ ᠵᠡᠷᠭᠡᠪᠡᠷ ᠶᠠᠪᠤᠭᠳᠠᠵᠤ᠂  50 ᠲᠦᠮᠡᠨ ᠲᠡᠭᠰᠢ  ᠳᠦᠷᠪᠡᠯᠵᠢᠨ ᠮᠧᠲᠷ ᠬᠠᠭᠤᠴᠢᠨ ᠲᠤᠭᠤᠷᠢᠭ ᠢ ᠦᠭᠡᠷᠡᠴᠢᠯᠡᠨ ᠪᠠᠶᠢᠭᠤᠯᠪᠠ︔ ᠮᠠᠨ ᠤ ᠲᠤᠭᠤᠷᠢᠭ ᠠᠮᠵᠢᠯᠲᠠ ᠲᠠᠢ ᠪᠠᠷ ᠤᠯᠤᠰ ᠤᠨ ᠦᠷᠭᠦᠯᠵᠢᠯᠡᠬᠦᠶᠢᠴᠡ ᠬᠦᠭᠵᠢᠯᠲᠡ ᠶᠢᠨ ᠲᠤᠷᠰᠢᠯᠲᠠ ᠶᠢᠨ ᠤᠷᠤᠨ ᠪᠤᠯᠵᠤ ᠳᠡᠪᠰᠢᠪᠡ︔ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠢ ᠬᠤᠪᠢᠶᠠᠷᠢᠯᠠᠯᠲᠠ ᠶᠢ ᠲᠦᠷᠭᠡᠪᠴᠢᠯᠡᠨ ᠠᠬᠢᠭᠤᠯᠵᠤ᠂ ᠬᠤᠩ ᠱᠠᠨ ᠵᠢᠶᠦ᠋ᠨ  ᠵᠤᠤ ᠤᠳᠠ ᠪᠠᠭ᠎ᠠ ᠰᠤᠷᠭᠠᠭᠤᠯᠢ ᠶᠢᠨ ᠭᠤᠤᠯ ᠴᠤᠭᠴᠠ ᠶᠢᠨ ᠤᠷᠤᠢ ᠶᠢ ᠪᠢᠲᠡᠭᠦᠯᠡᠵᠦ᠂ 4 ᠰᠠᠭᠤᠷᠢ ᠬᠦᠳᠡᠭᠡ ᠲᠤᠰᠬᠤᠨ ᠤ ᠬᠡᠦᠬᠡᠳ ᠤᠨ ᠴᠡᠴᠡᠷᠯᠢᠭ ᠪᠤᠯᠤᠨ 4 ᠰᠠᠭᠤᠷᠢ  ᠰᠤᠷᠭᠠᠭᠤᠯᠢ ᠶᠢᠨ ᠪᠠᠷᠢᠮᠵᠢᠶᠠᠵᠢᠭᠰᠠᠨ ᠰᠦᠯᠢᠶᠤᠤ ᠭᠤᠮ ᠲᠠᠮᠢᠷ ᠤᠨ ᠲᠠᠯᠠᠪᠠᠢ ᠶᠢ ᠪᠠᠶᠢᠭᠤᠯᠤᠨ᠂  2400 ᠲᠦᠮᠡᠨ ᠲᠦᠭᠦᠷᠢᠭ ᠤᠨ ᠵᠢᠭᠠᠨ ᠰᠤᠷᠭᠠᠯᠲᠠ ᠶᠢᠨ ᠲᠦᠬᠦᠭᠡᠷᠦᠮᠵᠢ ᠨᠡᠮᠡᠨ ᠲᠤᠬᠢᠷᠠᠭᠤᠯᠪᠠ︔ ᠬᠤᠶᠠᠳᠤᠭᠠᠷ ᠡᠮᠨᠡᠯᠭᠡ ᠶᠢᠨ ᠡᠭᠦᠳᠡᠨ ᠡᠮᠨᠡᠯᠭᠡ ᠶᠢᠨ ᠠᠰᠠᠷ ᠤᠨ ᠭᠤᠤᠯ ᠴᠤᠭᠴᠠ ᠪᠠᠷᠢᠯᠭ᠎ᠠ ᠳᠠᠭᠤᠰᠴᠤ᠂ ᠵᠡᠭᠦᠨ ᠬᠤᠲᠠ ᠪᠤᠯᠤᠨ ᠲᠢᠶᠧ ᠨᠠᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠠᠰᠢᠭᠯᠠᠯᠲᠠ ᠳᠤ ᠤᠷᠤᠪᠠ᠃ ᠮᠠᠨ ᠤ ᠲᠤᠭᠤᠷᠢᠭ ᠪᠦᠬᠦ ᠬᠤᠲᠠ ᠳᠤ ᠬᠠᠮᠤᠭ ᠤᠷᠢᠳᠠᠪᠠᠷ ᠳᠡᠰ ᠬᠤᠪᠢᠶᠠᠨ ᠡᠮᠴᠢᠯᠡᠬᠦ ᠪᠠ ᠬᠤᠤᠰ ᠴᠢᠭᠯᠡᠯ ᠢᠶᠠᠷ ᠰᠢᠯᠵᠢᠭᠦᠯᠦᠨ‌ᠡᠮᠴᠢᠯᠡᠬᠦ ᠶᠢ ᠬᠡᠷᠡᠭᠵᠢᠭᠦᠯᠪᠡ᠃ ᠦᠨᠳᠦᠰᠦᠨ ᠡᠮ ᠤᠨ ᠵᠦᠢᠯᠡᠰ ᠤᠨ ᠳᠦᠷᠢᠮ ᠲᠤᠭᠲᠠᠭᠠᠯ ᠢ ᠪᠠᠲᠤᠵᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠭᠦᠷᠢᠰᠢᠯ ᠤᠨ ᠬᠡᠮᠵᠢᠶ᠎ᠡ ᠮᠡᠳᠡᠭᠳᠡᠮ᠎ᠡ ᠳᠡᠭᠡᠭᠰᠢᠯᠡᠪᠡ︔ ᠲᠦᠯᠦᠪᠯᠡᠭᠡᠲᠦ ᠦᠷᠡᠵᠢᠯ ᠤᠨ ᠠᠷᠠᠳ ᠲᠤ ᠠᠰᠢᠭᠲᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠪᠠᠷ ᠮᠠᠨᠳᠦᠯᠡᠭᠰᠡᠨ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠲᠤᠷᠤᠭᠰᠢᠯᠠᠬᠤ ᠬᠠᠨᠳᠤᠰᠢ ᠢᠯᠡᠷᠡᠪᠡ︔ ᠬᠤᠩ ᠱᠠᠨ ᠰᠤᠶᠤᠯ ᠤᠨ ᠠᠵᠢᠯᠯᠠᠭᠠᠨ ᠤ ᠲᠦᠪ  ᠪᠤᠯᠤᠨ ᠲᠠᠮᠢᠷ ᠤᠨ ᠠᠭᠤᠳᠠᠮ ᠲᠠᠯᠠᠪᠤᠷ ᠤᠨ ᠭᠤᠤᠯ ᠴᠤᠭᠴᠠ ᠠᠵᠢᠯ  ᠳᠠᠭᠤᠰᠪᠠ᠃        ︵ᠳᠤᠯᠤᠭ᠎ᠠ︶  ᠦᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠦᠷᠭᠡᠳᠪᠡ       ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂  ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠰᠢᠯᠤᠭᠤᠳᠬᠠᠨ᠂ ᠲᠤᠭᠤᠷᠢᠭ ᠤᠨ ᠳᠡᠰ ᠤᠨ ᠵᠠᠰᠠᠭ ‍ᠤᠨ‌‍ᠶᠠᠪᠤᠳᠠᠯ ᠤᠨ ᠦᠢᠯᠡᠴᠢᠯᠡᠭᠡᠨ ᠤ ᠲᠦᠪ ᠢ ᠪᠠᠶᠢᠭᠤᠯᠪᠠ  ︔  ᠡᠳ᠋ ᠤᠨ ᠵᠠᠰᠠᠭ ᠤᠨ ᠲᠦᠰᠦᠪ᠂ ᠲᠦᠰᠦᠪ ᠤᠨ ᠭᠦᠢᠴᠡᠳᠬᠡᠯ ᠢ ᠢᠯᠡ ᠪᠤᠯᠭᠠᠬᠤ ᠶᠢ ᠢᠳᠡᠪᠬᠢᠲᠡᠢ ᠠᠬᠢᠭᠤᠯᠤᠨ᠂ ᠤᠯᠤᠰ ᠤᠨ ᠭᠦᠮᠦᠷᠭᠡ ᠳᠤ ᠲᠦᠪᠯᠡᠷᠡᠭᠦᠯᠦᠨ ᠲᠦᠯᠦᠪᠦᠷᠢᠯᠡᠬᠦ ᠳᠦᠷᠢᠮ ᠢ ᠬᠡᠷᠡᠭᠵᠢᠭᠦᠯᠪᠡ᠃ ᠬᠦᠳᠡᠭᠡ ᠲᠤᠰᠬᠤᠨ ᠤ  ᠬᠠᠮᠳᠦ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠪᠠ ᠤᠷᠤᠨ ᠰᠠᠭᠤᠴᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ᠂ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ  ᠡᠷᠬᠡ ᠶᠢᠨ ᠡᠷᠬᠡ ᠶᠢ ᠨᠤᠲᠠᠯᠠᠬᠤ ᠳᠠᠩᠰᠠᠯᠠᠯᠲᠠ ᠱᠠᠲᠤᠯᠢᠭ ᠴᠢᠨᠠᠷᠲᠠᠢ ᠠᠮᠵᠢᠯᠲᠠ ᠤᠯᠪᠠ᠃ ᠪᠡᠯᠨ ᠬᠦᠷᠦᠩᠭᠡ ᠠᠭᠤᠰᠬᠠᠬᠤ ᠬᠡᠯᠪᠡᠷᠢ ᠶᠢ ᠢᠳᠡᠪᠬᠢᠲᠡᠢ ᠬᠤᠪᠢᠷᠠᠭᠤᠯᠵᠤ᠂ ᠬᠦᠷᠦᠩᠭᠡ ᠠᠭᠤᠰᠬᠠᠬᠤ ᠮᠠᠶ᠋ᠢᠭ ᠤᠨ ᠳᠠᠭᠠᠭᠠᠯᠲᠠ ᠶᠢᠨ ᠺᠤᠮᠫᠠᠨᠢ ᠪᠠᠶᠢᠭᠤᠯᠤᠨ᠂ ppp᠂ ᠵᠢᠭᠡᠯᠡᠯᠭᠡ ᠶᠢᠨ ᠳᠡᠮᠳᠡᠭᠲᠦ᠂ ᠰᠲ᠋ᠤᠺ ᠤᠨ ᠡᠷᠬᠡ᠂ ᠬᠠᠪᠰᠤᠷᠤᠨ ᠳᠠᠭᠠᠭᠠᠬᠤ ᠮᠦᠩᠭᠦ ᠵᠡᠷᠭᠡ ᠬᠦᠷᠦᠩᠭᠡ ᠠᠭᠤᠰᠬᠠᠬᠤ ᠬᠡᠯᠪᠡᠷᠢ ᠶᠢ ᠶᠡᠭᠡ ᠬᠦᠴᠦᠨ ᠢᠶᠠᠷ ᠠᠬᠢᠭᠤᠯᠪᠠ᠃ ᠤᠯᠠᠨ ᠠᠷᠭ᠎ᠠ ᠵᠠᠮ ᠢᠶᠠᠷ ᠠᠷᠠᠯᠵᠢᠶᠠᠴᠢᠨ ᠤᠷᠢᠵᠤ ᠪᠡᠯᠡ ᠤᠷᠤᠭᠤᠯᠤᠨ᠂ ᠪᠦᠬᠦ ᠵᠢᠯ ᠳᠤ 62.7 ᠳ᠋ᠦᠩᠰᠢᠭᠤᠷ  ᠲᠦᠭᠦᠷᠢᠭ ᠤᠨ ᠪᠡᠯᠡ ᠲᠠᠲᠠᠵᠤ᠂ 17.3% ᠪᠠᠷ ᠨᠡᠮᠡᠭᠳᠡᠵᠡᠢ᠃            ᠬᠤᠶᠠᠷ ᠂  2016  ᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠵᠢᠱᠢᠭᠰᠡᠨ ᠬᠠᠷᠠᠯᠲᠠ ᠪᠤᠯᠤᠨ ᠭᠤᠤᠯ ᠡᠭᠦᠷᠭᠡ          2016 ᠤᠨ ᠪᠤᠯ《 ᠠᠷᠪᠠᠨ ᠭᠤᠷᠪᠠᠳᠤᠭᠠᠷ ᠲᠠᠪᠤᠨ ᠵᠢᠯ》 ᠤᠨ ᠡᠬᠢᠯᠡᠯᠲᠡ ᠶᠢᠨ ᠤᠨ᠂  ᠡᠨᠡ ᠵᠢᠯ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠠᠵᠢᠯ ᠢ ᠰᠠᠶᠢᠲᠤᠷ ᠬᠢᠬᠦ ᠨᠢ 《 ᠠᠷᠪᠠᠨ ᠬᠤᠶᠠᠳᠤᠭᠠᠷ ᠲᠠᠪᠤᠨ ᠵᠢᠯ》 ᠤᠨ ᠰᠠᠶᠢᠨ ᠪᠠᠶᠢᠳᠠᠯ ᠢ ᠵᠠᠯᠭᠠᠵᠤ᠂  ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃ 《 ᠭᠤᠷᠪᠠᠨ ᠬᠤᠭᠤᠴᠠᠭᠠᠨ ᠤ ᠲᠠᠪᠬᠤᠴᠠᠭ᠎ᠠ  ︾ ᠶᠢᠨ ᠳᠠᠷᠠᠭᠠᠬᠢ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠪᠠᠶᠢᠳᠠᠯ ᠢ ᠶᠡᠷᠦᠩᠬᠡᠶᠢᠯᠡᠨ ᠪᠤᠳᠤᠯᠬᠢᠯᠡᠵᠤ᠂  ᠪᠤᠳᠠᠲᠠᠢ ᠲᠠᠢ ᠤᠶᠠᠯᠳᠤᠭᠤᠯᠤᠨ ᠲᠤᠭᠲᠠᠭᠠᠭᠰᠠᠨ ᠮᠠᠨ ᠤ ᠲᠤᠭᠤᠷᠢᠭ ᠤᠨ 2016 ᠤᠨ ᠤ ᠠᠵᠤ ᠠᠬᠤᠢ ᠨᠡᠶᠢᠭᠡᠮ ᠤᠨ  ᠬᠦᠭᠵᠢᠯᠲᠡ ᠶᠢᠨ ᠭᠤᠤᠯ  ᠵᠢᠱᠢᠭᠰᠡᠨ ᠬᠠᠷᠠᠯᠲᠠ ᠪᠤᠯ᠄        — — ᠭᠠᠵᠠᠷ ᠤᠷᠤᠨ ᠤ  ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ 8% ᠤᠷᠴᠢᠮ᠃  ᠡᠭᠦᠨ ᠳᠤ᠂  ᠨᠢᠭᠡᠳᠦᠭᠡᠷ ᠠᠵᠤ ᠦᠢᠯᠡᠰ ᠤᠨ ᠨᠡᠮᠡᠭᠳᠡᠯ 3% ᠤᠷᠴᠢᠮ  ︔  ᠬᠤᠶᠠᠳᠤᠭᠠᠷ ᠠᠵᠤ ᠦᠢᠯᠡᠰ ᠤᠨ ᠨᠡᠮᠡᠭᠳᠡᠯ 9% ᠤᠷᠴᠢᠮ︔  ᠭᠤᠷᠪᠠᠳᠤᠭᠠᠷ ᠠᠵᠤ ᠦᠢᠯᠡᠰ ᠤᠨ ᠨᠡᠮᠡᠭᠳᠡᠯ 7%  ᠤᠷᠴᠢᠮ᠃         — —  ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ  ᠶᠢᠨ ᠨᠡᠮᠡᠭᠳᠡᠯ 7%  ᠤᠷᠴᠢᠮ᠃         — —  500 ᠲᠦᠮᠡᠨ ᠲᠦᠭᠦᠷᠢᠭ ᠠᠴᠠ ᠳᠡᠭᠡᠭᠰᠢ  ᠲᠦᠷᠦᠯ  ᠵᠦᠢᠯ ᠤᠨ  ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 13%  ᠤᠷᠴᠢᠮ᠃         — —  ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ  ᠪᠤᠷᠤᠯᠠᠭᠤᠯᠤᠭᠰᠠᠨ ᠶᠡᠷᠦᠩᠬᠡᠢ ᠲᠤᠭᠠᠨ ᠤ ᠨᠡᠮᠡᠭᠳᠡᠯ 11%  ᠤᠷᠴᠢᠮ᠃       — — ᠬᠤᠲᠠ‌‍ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠪᠤᠯᠤᠨ  ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠡᠵᠡᠮᠳᠡᠵᠦ ᠪᠤᠯᠬᠤᠶᠢᠴᠠ ᠤᠷᠤᠯᠭ᠎ᠠ ᠶᠢᠨ ᠨᠡᠮᠡᠭᠳᠡᠯ ᠲᠤᠰᠪᠤᠷᠢ 10%  ᠤᠷᠴᠢᠮ ᠪᠠ 11%  ᠤᠷᠴᠢᠮ᠃         — —  ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ 9000 ᠬᠦᠮᠦᠨ ᠠᠴᠠ ᠳᠡᠭᠡᠭᠰᠢ᠂  ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠭᠰᠡᠳ ᠤᠨ ᠨᠤᠷᠮ᠎ᠠ ᠶᠢ 4.0% ᠤᠨ ᠲᠤᠲᠤᠷ᠎ᠡ  ᠡᠵᠡᠮᠳᠡᠨ᠎ᠡ᠃         ᠳᠡᠭᠡᠷᠡᠬᠢ  ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ᠂  ᠲᠤᠤᠷᠠᠬᠢ ᠠᠵᠢᠯ ᠢ ᠰᠠᠶᠢᠲᠤᠷ ᠬᠢᠬᠦ ᠬᠡᠷᠡᠭᠲᠡᠢ᠄         ︵ᠨᠢᠭᠡ︶  ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂  ᠪᠦᠲᠦᠮᠵᠢᠲᠡᠢ ᠪᠡᠯᠡ ᠤᠷᠤᠭᠤᠯᠤᠯᠲᠠ ᠶᠢ ᠦᠷᠭᠦᠯᠵᠢᠯᠡᠨ  ᠨᠡᠮᠡᠭᠳᠡᠭᠦᠯᠦᠨ᠎ᠡ        ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂  ᠨᠢᠭᠡ ᠪᠦᠯᠦᠭ ᠢ ᠤᠷᠤᠭᠤᠯᠤᠨ᠂  ᠨᠢᠭᠡ ᠪᠦᠯᠦᠭ ᠢ ᠬᠡᠷᠡᠭᠵᠢᠭᠦᠯᠵᠦ᠂  ᠨᠢᠭᠡ  ᠪᠦᠯᠦᠭ ᠢ ᠨᠦᠭᠡᠴᠡᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠱᠠᠲᠤᠯᠢᠭ ᠬᠦᠭᠵᠢᠯᠲᠡ ᠶᠢᠨ ᠲᠦᠯᠦᠪᠰᠢᠯ ᠢ ᠪᠦᠷᠢᠯᠳᠦᠭᠦᠯᠵᠦ᠂ ᠤᠷᠤᠨ ᠬᠡᠪᠴᠢᠶᠡᠨ ᠤ ᠠᠵᠤ ᠠᠬᠤᠢ ᠶᠢᠨ ᠦᠷᠢᠰᠦᠯᠳᠦᠬᠦ  ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠷᠦᠯ ᠵᠦᠢᠯ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ᠂  ᠭᠤᠤᠯᠳᠠᠯᠭ᠎ᠠ ᠲᠠᠢ  ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠦ ᠨᠦᠬᠦᠪᠦᠷᠢᠯᠡᠬᠦ ᠵᠡᠷᠭᠡ ᠲᠠᠯ᠎ᠠ ᠶᠢᠨ ᠲᠤᠭᠤᠷᠢᠨ ᠳᠤ ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠂ ᠨᠢᠭᠡ ᠪᠦᠯᠦᠭ ᠶᠡᠭᠡ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠤᠭᠤᠯᠤᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠴᠢᠭᠯᠡᠭᠦᠯᠦᠯᠳᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃  ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠬᠤᠭᠤᠴᠠᠭ᠎ᠠ ᠶᠢ ᠲᠤᠳᠤᠷᠬᠠᠶᠢᠯᠠᠨ᠂  ᠠᠵᠢᠯ ᠤᠨ ᠬᠤᠭᠤᠴᠠᠭ᠎ᠠ ᠶᠢ ᠲᠤᠩᠭᠤᠷᠠᠭᠤ ᠵᠢᠭᠰᠠᠭᠠᠵᠤ᠂ ᠴᠠᠭ ᠲᠤᠬᠠᠢ ᠳᠤᠨᠢ ᠲᠤᠬᠢᠷᠠᠭᠤᠯᠤᠨ᠂ ᠮᠦᠷᠳᠡᠨ ᠦᠢᠯᠡᠴᠢᠯᠡᠵᠦ᠂ ᠲᠦᠷᠦᠯ ᠵᠦᠢᠯ ᠤᠨ ᠲᠤᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠨ ᠪᠦᠲᠦᠭᠡᠨ ᠪᠠᠶᠢᠭᠤᠯᠬᠤ ᠶᠢ  ᠲᠦᠷᠭᠡᠳᠬᠡᠨ ᠠᠬᠢᠭᠤᠯᠤᠨ᠎ᠠ᠃  ᠲᠦᠷᠦᠯ ᠵᠦᠢᠯ ᠤᠨ ᠨᠦᠭᠡᠴᠡ ᠶᠢ  ᠴᠢᠩᠭᠠᠳᠬᠠᠨ᠂  ᠲᠦᠷᠦᠯ ᠵᠦᠢᠯ ᠢ ᠢᠳᠡᠪᠬᠢᠲᠡᠢ ᠲᠦᠰᠦᠪᠯᠡᠨ ᠤᠬᠠᠭᠠᠯᠠᠵᠦ᠂ ᠬᠦᠳᠡᠯᠦᠩᠭᠦᠢ ᠲᠦᠷᠦᠯ ᠵᠦᠢᠯ ᠤᠨ ᠬᠦᠮᠦᠷᠭᠡ ᠶᠢ ᠪᠦᠷᠢᠨᠰᠢᠭᠦᠯᠦᠨ᠎ᠡ᠃  ᠪᠡᠯᠡ ᠤᠷᠤᠭᠤᠯᠤᠯᠲᠠ ᠶᠢᠨ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂  ᠪᠡᠯᠡ ᠤᠷᠤᠭᠤᠯᠤᠯᠲᠠ ᠶᠢᠨ ᠨᠡᠮᠡᠭᠳᠡᠯ ᠳᠤ ᠦᠵᠡᠭᠦᠯᠬᠦ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ 2016 ᠤᠨ  ᠳᠤ ᠪᠦᠬᠦ ᠲᠤᠭᠤᠷᠢᠭ 223 ᠵᠦᠢᠯ ᠤᠨ ᠲᠦᠷᠦᠯ ᠵᠦᠢᠯ ᠢ ᠬᠡᠷᠡᠭᠵᠢᠭᠦᠯᠵᠦ᠂ 50 ᠵᠦᠢᠯ ᠢ ᠦᠷᠭᠦᠯᠵᠢᠯᠡᠨ ᠪᠠᠶᠢᠭᠤᠯᠵᠦ᠂ 173 ᠵᠦᠢᠯ ᠢ ᠰᠢᠨ᠎ᠡ ᠪᠠᠷ  ᠪᠠᠶᠢᠭᠤᠯᠤᠨ᠂ ᠶᠡᠷᠦᠩᠬᠡᠢ ᠪᠡᠯᠡ ᠤᠷᠤᠭᠤᠯᠤᠯᠲᠠ 663.4 ᠳ᠋ᠦᠩᠰᠢᠭᠤᠷ ᠲᠦᠭᠦᠷᠢᠭ ᠪᠠᠷ ᠲᠦᠰᠦᠪᠯᠡᠵᠦ᠂ ᠵᠢᠯ ᠳᠤ 208.8 ᠳ᠋ᠦᠩᠰᠢᠭᠤᠷ  ᠲᠦᠭᠦᠷᠢᠭ  ᠪᠡᠯᠡ ᠤᠷᠤᠭᠤᠯᠬᠤ ᠪᠠᠷ  ᠲᠦᠯᠦᠪᠯᠡᠪᠡ᠃              ︵ᠬᠤᠶᠠᠷ︶  ᠦᠭᠡᠷᠡᠴᠢᠯᠡᠯᠲᠡ ᠶᠢᠨ ᠰᠢᠨ᠎ᠡ ᠶᠢ ᠡᠭᠦᠳᠬᠦ ᠠᠯᠬᠤᠴᠠ ᠪᠠᠨ ᠲᠦᠷᠭᠡᠳᠬᠡᠨ᠂  ᠠᠵᠤ ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠪᠢᠯᠬᠠᠭᠤᠯᠤᠨ᠎ᠠ           ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂  ᠵᠠᠰᠠᠭ ᠤᠨ ᠤᠷᠳᠤᠨ ᠤ ᠴᠢᠳᠠᠮᠵᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠵᠠᠰᠠᠭ ᠤᠨ ᠤᠷᠳᠤᠨ ᠤ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠡᠷᠦᠬᠡ ᠠᠮᠠ ᠶᠢᠨ ᠳᠦᠷᠢᠮ ᠤᠨ ᠦᠭᠡᠷᠡᠴᠢᠯᠠᠯᠲᠡ ᠶᠢ ᠭᠦᠨᠵᠡᠭᠡᠶᠢᠷᠡᠭᠦᠯᠦᠨ᠂ ᠬᠦᠳᠡᠭᠡ ᠲᠤᠰᠬᠤᠨ ᠤ ᠬᠦᠮᠦᠨ ᠠᠮᠠ ᠰᠢᠯᠵᠢᠨ ᠬᠤᠳᠠᠴᠢᠯᠠᠬᠤ ᠪᠠ ᠬᠤᠲᠠ ᠪᠠᠯᠭᠠᠰᠤ ᠨᠢᠭᠡ ᠴᠤᠭᠴᠠᠴᠢᠯᠠᠬᠤ ᠶᠢ ᠲᠦᠯᠬᠢᠨ ᠠᠬᠢᠭᠤᠯᠤᠨ᠎ᠠ᠃ ᠪᠡᠯᠨ ᠬᠦᠷᠦᠩᠭᠡ ᠠᠭᠤᠰᠬᠠᠬᠤ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ppp  ᠬᠡᠯᠪᠡᠷᠢ ᠶᠢ ᠭᠦᠢᠴᠡᠳ ᠠᠰᠢᠭᠯᠠᠵᠤ᠂  ᠨᠡᠶᠢᠭᠡᠮ ᠤᠨ ᠬᠦᠷᠦᠩᠭᠡ ᠶᠢ  ᠰᠠᠭᠤᠷᠢ ᠲᠦᠬᠦᠭᠡᠷᠦᠮᠵᠢ᠂  ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠨᠡᠩ ᠤᠯᠠᠨ  ᠬᠦᠷᠢᠶ᠎ᠡ ᠬᠡᠪᠴᠢᠶᠡᠨ ᠳᠤ ᠲᠠᠲᠠᠨ ᠤᠷᠤᠭᠤᠯᠬᠤ ᠶᠢ ᠵᠢᠯᠤᠭᠤᠳᠤᠨ᠎ᠠ᠃  ᠵᠠᠰᠠᠭ ᠤᠨ ᠤᠷᠳᠤᠨ ᠤ ᠵᠢᠭᠡᠯᠡᠯᠭᠡ᠂  ᠪᠡᠯᠡ ᠮᠦᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂  ᠡᠳ᠋ ᠤᠨ ᠵᠠᠰᠠᠭ ᠤᠨ ᠲᠦᠭᠰᠢᠭᠦᠷᠢ ᠶᠢ ᠰᠡᠷᠭᠡᠶᠢᠯᠡᠨ᠎ᠡ᠃  ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠳᠦᠷᠢᠮ ᠪᠠ  ᠤᠢ ᠰᠢᠭᠤᠢ ᠶᠢᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠦᠳᠡᠭᠡ ᠲᠤᠰᠬᠤᠨ ᠤ ᠬᠠᠮᠳᠦ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ  ᠪᠤᠯᠠᠨ ᠤᠷᠤᠨ ᠰᠠᠭᠤᠴᠠ ᠶᠢᠨ ᠬᠡᠷᠡᠭᠯᠡᠬᠦ ᠭᠠᠵᠠᠷ ᠤᠨ ᠡᠷᠬᠡ ᠶᠢᠨ ᠡᠷᠬᠡ ᠶᠢ  ᠨᠤᠲᠠᠯᠠᠬᠤ ᠳᠠᠩᠰᠠᠯᠠᠯᠲᠠ ᠶᠢ ᠪᠡᠶᠡᠯᠡᠭᠦᠯᠦᠨ᠎ᠡ᠃ ᠭᠤᠤᠯ ᠪᠤᠵᠠᠷᠳᠤᠯ ᠪᠤᠳᠠᠰ ᠢ ᠢᠯᠭᠠᠷᠠᠭᠤᠯᠬᠤ ᠡᠷᠬᠡ ᠶᠢ ᠲᠦᠯᠦᠪᠦᠷᠢ ᠲᠠᠢ ᠬᠡᠷᠡᠭᠯᠡᠬᠦ ᠪᠠ ᠰᠤᠯᠢᠯᠴᠠᠭᠠᠨ ᠤ ᠲᠤᠷᠰᠢᠯᠲᠠ ᠶᠢᠨ ᠴᠡᠭ ᠢ ᠬᠡᠷᠡᠭᠵᠢᠭᠦᠯᠦᠨ᠎ᠡ᠃ ᠠᠯᠪᠠᠨ ᠤ ᠬᠡᠷᠡᠭᠯᠡᠬᠦ ᠲᠡᠷᠭᠡ ᠶᠢᠨ ᠳᠦᠷᠢᠮ ᠤᠨ ᠦᠭᠡᠷᠡᠴᠢᠯᠡᠯᠲᠡ ᠶᠢ ᠪᠡᠶᠡᠯᠡᠭᠦᠯᠦᠨ᠎ᠡ᠃ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠤᠨ᠎ᠠ᠃ ᠪᠡᠯᠡ‌ᠤᠷᠤᠭᠤᠯᠤᠯᠲᠠ ᠶᠢ ᠬᠢᠨᠠᠨ ᠵᠦᠪᠯᠡᠬᠦ ᠳᠦᠷᠢᠮ᠂  ᠤᠯᠤᠰ ᠤᠨ ᠦᠮᠴᠢᠯᠡᠯᠲᠦ ᠠᠵᠤ ᠠᠬᠤᠶᠢᠯᠠᠯ ᠵᠢᠴᠢ ᠤᠯᠤᠰ ᠤᠨ ᠦᠮᠴᠢᠯᠡᠯᠲᠦ  ᠬᠦᠷᠦᠩᠭᠡ ᠶᠢᠨ ᠬᠠᠮᠢᠶᠠᠷᠤᠯᠲᠠ ᠶᠢᠨ ᠳᠦᠷᠢᠮ ᠵᠡᠷᠭᠡ ᠭᠤᠤᠯᠳᠠᠯᠭ᠎ᠠ ᠲᠠᠢ ᠬᠡᠪᠴᠢᠶᠡᠨ ᠤ ᠦᠭᠡᠷᠡᠴᠢᠯᠡᠯᠲᠡ ᠶᠢ ᠲᠦᠷᠭᠡᠳᠬᠡᠨ ᠨᠠᠶᠢᠳᠠᠪᠤᠷᠢᠵᠢᠭᠤᠯᠵᠤ᠂  ᠰᠠᠶᠢᠨ ᠤᠷᠴᠢᠯᠲᠦ ᠭᠦᠭᠵᠢᠯᠲᠠ ᠶᠢᠨ ᠰᠢᠨ᠎ᠡ ᠵᠤᠬᠢᠴᠠᠮᠵᠢ ᠶᠢ ᠪᠦᠷᠢᠯᠳᠦᠭᠦᠯᠦᠨ᠎ᠡ᠃             ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠭᠤᠯᠤᠯᠲᠠ ᠶᠢ ᠵᠤᠷᠢᠭᠵᠢᠭᠤᠯᠤᠨ᠂ ᠬᠤᠤ ᠺᠧ ᠰᠢᠨ᠎ᠡ ᠡᠨᠧᠷᠭᠢ ᠵᠢᠨ‌ᠮᠠᠰᠢᠨ ᠲᠡᠷᠭᠡᠨ ᠤ ᠰᠤᠳᠤᠯᠭᠠᠨ ᠤ ᠲᠦᠪ᠂ ᠲᠦᠸᠧ ᠵᠢᠶᠠ ᠡᠯᠧᠺᠲᠷᠤᠨ ᠰᠤᠷᠠᠭ ᠵᠠᠩᠭᠢ ᠶᠢᠨ ᠠᠵᠤ ᠦᠢᠯᠡᠰ ᠤᠨ ᠰᠠᠭᠤᠷᠢᠨ ᠤ ᠰᠤᠳᠤᠯᠭᠠᠨ ᠤ ᠲᠦᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠢᠶᠠᠨ ᠴᠢ ᠮᠤᠩᠭᠤᠯ ᠡᠮ ᠤᠨ ᠤᠳᠤ ᠦᠶ᠎ᠡ ᠶᠢᠨ ᠡᠮ ᠦᠢᠯᠡᠳᠬᠦ ᠢᠨᠵᠧᠨᠧᠷᠢᠩ ᠤᠨ ᠰᠤᠳᠤᠯᠭᠠᠨ ᠤ ᠲᠦᠪ᠂ ᠤᠯᠠᠭᠠᠨᠬᠠᠳᠠ ᠶᠢᠨ ᠳ᠋ᠦᠩ ᠷᠦᠩ ᠨᠤᠤᠰᠤᠨ ᠪᠦᠲᠦᠭᠡᠭᠳᠡᠭᠦᠨ ᠢ ᠰᠤᠳᠤᠯᠤᠨ ᠭᠦᠭᠵᠢᠭᠦᠯᠬᠦ ᠲᠦᠪ ᠤᠨ ᠰᠤᠳᠤᠯᠭᠠᠨ ᠤ ᠴᠢᠳᠠᠪᠤᠷᠢ ᠶᠢ ᠤᠯᠠᠮ ᠨᠢᠭᠡ ᠠᠯᠬᠤᠮ‌‍ᠲ᠋ᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ‍ᠦᠨ‌‍ᠰᠢᠨ᠎ᠡ ᠶᠢ ᠡᠭᠦᠳᠬᠦ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠳᠤᠮᠳᠠ ᠪᠠᠭ᠎ᠠ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠪᠤᠯᠤᠨ  ᠤᠯᠤᠰ ᠤᠨ ᠳᠡᠰ ᠤᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠰᠠᠭᠤᠷᠢᠨ ᠵᠡᠷᠭᠡ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠲᠤᠭᠲᠠᠴᠠ ᠶᠢ  ᠪᠦᠷᠢᠨᠰᠢᠭᠦᠯᠵᠦ᠂  ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠦᠭᠵᠢᠯᠲᠡ ᠶᠢᠨ ᠱᠠᠭᠠᠷᠳᠠᠯᠭ᠎ᠠ ᠶᠢ ᠬᠠᠩᠭᠠᠨ᠎ᠠ᠃            ︵ᠭᠤᠷᠪᠠ︶ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠠᠬᠢᠭᠤᠯᠤᠨ᠂  ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠤᠨ᠎ᠠ          ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠲᠠ ᠶᠢᠨ ᠠᠷᠠᠳ ᠤᠨ ᠡᠬᠡ ᠪᠠᠶᠢᠭᠠᠯᠢ ᠳᠤ ᠤᠶᠢᠷᠠᠳᠤᠬᠤ᠂ ᠰᠡᠯᠡᠭᠦᠴᠡᠯ ᠵᠤᠭᠠᠴᠠᠯ ᠢ ᠬᠠᠩᠭᠠᠬᠤ  ᠪᠠᠷ ᠬᠠᠷᠠᠯᠲᠠ ᠪᠤᠯᠭᠠᠨ᠂ ᠤᠳᠤ ᠦᠶ᠎ᠡ ᠶᠢᠨ ᠰᠡᠯᠡᠭᠦᠴᠡᠯ ᠲᠠᠷᠢᠶᠠᠯᠠᠩ ᠢ ᠬᠦᠴᠦᠯᠡᠨ ᠬᠦᠭᠵᠢᠭᠦᠯᠦᠨ᠎ᠡ᠃ ᠲᠦᠭᠦᠭᠡᠷᠦᠮᠵᠢᠲᠦ ᠲᠠᠷᠢᠶᠠᠯᠠᠩ᠂ ᠤᠨᠴᠠᠯᠢᠭᠲᠤ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ ᠤᠨ ᠲᠠᠷᠢᠬᠤ ᠲᠠᠯᠠᠪᠠᠢ ᠶᠢ ᠦᠷᠭᠦᠯᠵᠢᠯᠡᠨ ᠦᠷᠭᠡᠳᠬᠡᠨ᠂ ᠨᠡᠶᠢᠲᠡ ᠶᠢᠨ ᠬᠦᠨᠦᠭᠡᠯ ᠦᠭᠡᠢ᠂ ᠪᠤᠬᠢᠷᠳᠤᠯ ᠦᠭᠡᠢ᠂ ᠤᠷᠭᠠᠨᠢᠭ  ᠲᠡᠷᠢᠶᠡᠯᠡᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ᠡᠷᠳᠡᠨᠢ ᠰᠢᠰᠢ ᠶᠢᠨ ᠪᠦᠷᠭᠦᠪᠴᠢ ᠲᠤᠤᠷ᠎ᠠ ᠲᠤᠰᠤᠯᠭᠠᠨ ᠤᠰᠤᠯᠠᠬᠤ᠂  ᠦᠨᠳᠦᠷ ᠤᠨᠠᠯᠲᠠ ᠶᠢ ᠡᠭᠦᠳᠬᠦ᠂ ᠰᠢᠷᠤᠢ ᠶᠢ ᠬᠡᠮᠵᠢᠨ ᠨᠠᠶᠢᠷᠠᠯᠭ᠎ᠠ  ᠲᠠᠢ ᠪᠤᠷᠳᠤᠭᠤᠷ ᠤᠷᠤᠭᠤᠯᠬᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠰᠢᠨᠵᠢᠯᠡᠭᠡ ᠮᠡᠷᠭᠡᠵᠢᠯ ᠢ  ᠳᠡᠯᠭᠡᠷᠡᠭᠦᠯᠭᠦ ᠲᠦᠷᠦᠯ ᠵᠦᠢᠯ ᠢ  ᠢᠳᠡᠪᠬᠢᠲᠡᠢ  ᠦᠷᠨᠢᠭᠦᠯᠦᠨ᠎ᠡ᠃  ᠲᠠᠷᠢᠶᠠᠯᠠᠩ ᠤᠨ ᠪᠦᠲᠦᠭᠡᠭᠳᠡᠭᠦᠨ ᠤ  ᠠᠵᠤ ᠦᠢᠯᠡᠰ ᠤᠨ ᠬᠦᠷᠢᠶᠡᠯᠡᠩ ᠲᠤᠭᠤᠷᠢᠭ ᠢᠶᠠᠷ ᠲᠠᠪᠴᠠᠩ  ᠪᠤᠯᠭᠠᠨ᠂  ᠠᠵᠤ  ᠦᠢᠯᠡᠰᠵᠢᠯᠲᠡ ᠶᠢᠨ ᠲᠤᠯᠤᠭᠠᠶᠢᠯᠠᠭᠴᠢ ᠠᠵᠤ ᠠᠬᠤᠶᠢᠯᠠᠯ ᠢ ᠬᠦᠴᠦᠯᠡᠨ  ᠲᠠᠲᠠᠵᠤ ᠬᠦᠷᠢᠶᠡᠯᠡᠩ ᠳᠤ  ᠤᠷᠤᠭᠤᠯᠤᠨ ᠬᠦᠭᠵᠢᠭᠦᠯᠵᠦ᠂ ᠬᠠᠷᠢᠯᠴᠠᠨ ᠢᠵᠢ ᠪᠦᠷᠢᠳᠦᠭᠰᠡᠨ᠂  ᠴᠢᠳᠠᠮᠵᠢ ᠨᠢ ᠬᠠᠷᠢᠯᠴᠠᠨ ᠨᠦᠬᠦᠪᠦᠷᠢᠯᠡᠭᠰᠡᠨ᠂ ᠨᠢᠭᠲᠠ ᠬᠤᠯᠪᠤᠭᠳᠠᠭᠰᠠᠨ ᠲᠤᠯᠤᠭᠠᠶᠢᠯᠠᠭᠴᠢ ᠠᠵᠤ ᠠᠬᠤᠶᠢᠯᠠᠯ ᠤᠨ ᠲᠦᠪᠯᠡᠷᠡᠯ ᠢ  ᠪᠦᠷᠢᠯᠳᠦᠭᠦᠯᠦᠨ᠂ ᠬᠤᠩ ᠱᠠᠨ ᠲᠤᠭᠤᠷᠢᠭ ᠢᠶᠠᠨ ᠪᠦᠬᠦ ᠬᠤᠲᠠ ᠶᠢᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠤᠯᠤᠭᠠᠶᠢᠯᠠᠭᠴᠢ ᠠᠵᠤ ᠠᠬᠤᠶᠢᠯᠠᠯ ᠤᠨ ᠲᠦᠪᠯᠡᠷᠡᠯ ᠤᠨ ᠤᠷᠤᠨ ᠪᠤᠯᠭᠠᠨ᠎ᠠ᠃ ᠲᠠᠷᠢᠶᠠᠴᠢᠨ ᠡᠷᠦᠬᠡ ᠪᠠ  ᠵᠠᠬ᠎ᠠ ᠳᠡᠯᠭᠡᠭᠦᠷ  ᠪᠤᠯᠤᠨ  ᠲᠡᠷᠢᠶᠡᠯᠡᠩ ᠪᠠ ᠬᠤᠳᠠᠯᠳᠤᠭ᠎ᠠ ᠵᠤᠯᠭᠠᠯᠳᠤᠬᠤ ᠬᠡᠯᠪᠡᠷᠢ ᠶᠢ ᠢᠳᠡᠪᠬᠢᠲᠡᠢ ᠦᠷᠭᠡᠳᠬᠡᠨ᠂ ᠡᠯᠧᠺᠲᠷᠤᠨ ᠬᠤᠳᠠᠯᠳᠤᠭᠠᠨ ᠤ  ᠶᠠᠪᠤᠳᠠᠯ᠂ ᠰᠢᠭᠤᠳ ᠬᠠᠩᠭᠠᠯᠭ᠎ᠠ  ᠰᠢᠭᠤᠳ ᠪᠤᠷᠤᠯᠠᠭᠤᠯᠭ᠎ᠠ ᠪᠤᠯᠤᠨ  ᠭᠡᠰᠢᠭᠦᠨ ᠤ ᠳᠦᠷᠢᠮ ᠵᠡᠷᠭᠡ  ᠪᠤᠷᠤᠯᠠᠭᠤᠯᠬᠤ ᠬᠡᠯᠪᠡᠷᠢ ᠶᠢ ᠶᠡᠭᠡ ᠬᠦᠴᠦᠨ ᠢᠶᠠᠷ ᠬᠦᠭᠵᠢᠭᠦᠯᠦᠨ᠎ᠡ᠃         ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠎ᠡ᠃ ᠭᠠᠵᠠᠷ ᠰᠢᠷᠤᠢ᠂  ᠵᠠᠮ᠂  ᠤᠰᠤ᠂  ᠴᠠᠬᠢᠯᠭᠠᠨ ᠤ ᠬᠠᠩᠭᠠᠯᠭ᠎ᠠ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠬᠦᠷᠢᠶᠡᠯᠡᠩ ᠲᠤᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠮᠵᠢ ᠶᠢ ᠴᠢᠩᠭᠠᠷᠠᠭᠤᠯᠤᠨ᠎ᠠ᠃ ᠠᠵᠤ ᠠᠬᠤᠢ ᠶᠢᠨ ᠨᠡᠭᠡᠭᠡᠯᠲᠡ ᠶᠢᠨ ᠤᠷᠤᠨ ᠨᠢ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠲᠠᠪᠴᠠᠩ ᠪᠤᠯᠤᠨ ᠲᠦᠪ ᠬᠤᠳᠠᠯᠳᠤᠭᠠᠨ ᠤ ᠶᠠᠪᠤᠳᠠᠯ ᠤᠨ ᠲᠤᠭᠤᠷᠢᠭ ᠤᠨ ᠪᠦᠲᠦᠭᠡᠨ  ᠪᠠᠶᠢᠭᠤᠯᠤᠯᠲᠠ ᠶᠢ ᠲᠦᠷᠭᠡᠳᠬᠡᠵᠦ᠂ ᠮᠦᠩᠭᠦᠨ ᠭᠦᠢᠯᠭᠡᠭᠡᠨ᠂ ᠬᠦᠷᠦᠩᠭᠡ ᠤᠷᠤᠭᠤᠯᠤᠯᠲᠠ᠂ ᠳᠠᠭᠠᠭᠠᠯᠲᠠ᠂ ᠬᠤᠳᠠᠯᠳᠤᠭᠠᠨ ᠤ ᠶᠠᠪᠤᠳᠠᠯ᠂ ᠨᠡᠭᠡᠭᠡᠨ ᠭᠦᠭᠵᠢᠭᠦᠯᠬᠦ᠂ ᠢᠳᠡᠭᠡᠨ ᠤᠮᠳᠠᠭᠠᠨ᠂  ᠪᠤᠯᠪᠠᠰᠤᠷᠠᠭᠤᠯᠤᠯ ᠵᠡᠷᠭᠡ ᠰᠢᠷᠢᠰ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠪᠦᠷᠢᠨᠰᠢᠭᠦᠯᠦᠨ᠎ᠡ︔ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠤᠯᠤᠰ ᠤᠨ ᠳᠡᠰ ᠤᠨ ᠠᠵᠤ ᠠᠬᠤᠢ ᠰᠢᠨᠵᠢᠯᠡᠭᠡ ᠮᠡᠷᠭᠡᠵᠢᠯ ᠤᠨ ᠨᠡᠭᠡᠭᠡᠯᠲᠡ ᠶᠢᠨ ᠤᠷᠤᠨ ᠪᠤᠯᠵᠤ ᠳᠡᠰ ᠳᠡᠪᠰᠢᠬᠦ ᠶᠢ ᠠᠬᠢᠭᠤᠯᠤᠨ᠎ᠠ︔ ᠬᠤᠤ ᠺᠧ ᠰᠢᠨ᠎ᠡ ᠡᠨᠧᠷᠭᠢ ᠶᠢᠨ ᠮᠠᠰᠢᠨ‌‍ᠲ᠋ᠡᠷᠭᠡ ᠪᠠ ᠴᠢ ᠷᠦᠢ ᠪᠦᠯᠦᠭᠯᠡᠯ ᠤᠨ ᠬᠠᠮᠳᠤᠷᠠᠯᠴᠠᠭ᠎ᠠ ᠶᠢ ᠠᠬᠢᠭᠤᠯᠵᠦ᠂ ᠰᠢᠨ᠎ᠡ ᠡᠨᠧᠷᠭᠢ ᠶᠢᠨ ᠮᠠᠰᠢᠨ‌‍ᠲ᠋ᠡᠷᠭᠡ ᠶᠢ ᠠᠰᠢᠭᠯᠠᠯᠲᠠ ᠳᠤ ᠤᠷᠤᠭᠤᠯᠵᠤ ᠦᠢᠯᠡᠳᠪᠦᠷᠢᠯᠡᠬᠦ ᠶᠢ ᠪᠠᠶᠠᠯᠠᠭᠦᠯᠦᠨ᠎ᠠ︔ ᠲᠦᠸᠧ ᠵᠢᠶᠠ‌ᠡᠯᠧᠺᠲᠷᠤᠨ ᠰᠤᠷᠠᠭ  ᠵᠠᠩᠭᠢ ᠶᠢᠨ ᠠᠵᠤ ᠦᠢᠯᠡᠰ ᠤᠨ ᠰᠠᠭᠤᠷᠢᠨ ᠪᠤᠯᠤᠨ ᠡᠯᠧᠺᠲᠷᠤᠨ ᠪᠦᠲᠦᠭᠡᠭᠳᠡᠭᠦᠨ ᠤ ᠰᠤᠯᠢᠯᠴᠠᠭᠠᠨ ᠤ ᠲᠦᠪ ᠤᠨ ᠪᠠᠶᠢᠭᠤᠯᠤᠯᠲᠠ ᠶᠢ ᠠᠬᠢᠭᠤᠯᠤᠨ᠂ ᠡᠯᠧᠺᠲᠷᠤᠨ ᠰᠤᠷᠠᠭ ᠵᠠᠩᠭᠢ ᠶᠢᠨ ᠰᠡᠯᠪᠢᠭ ᠲᠤᠨᠤᠭ᠂ ᠤᠶᠤᠨᠴᠢ ᠦᠵᠦᠭᠦᠷ ᠤᠨ ᠪᠦᠲᠦᠭᠡᠭᠳᠡᠭᠦᠨ ᠤ ᠮᠡᠷᠭᠡᠵᠢᠯ ᠪᠠ ᠬᠡᠷᠡᠭᠯᠡᠭᠡᠨ ᠤ ᠰᠢᠰᠲ᠋ᠧᠮ ᠢ  ᠰᠤᠳᠤᠯᠤᠨ ᠦᠢᠯᠡᠳᠬᠦ ᠶᠢ ᠲᠦᠷᠭᠡᠳᠬᠡᠵᠦ᠂ ᠡᠯᠧᠺᠲᠷᠤᠨ ᠪᠦᠲᠦᠭᠡᠭᠳᠡᠭᠦᠨ ᠢ  ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ︔ ᠴᠦᠩ ᠴᠢᠩ ᠤᠨ ᠽᠦᠩ ᠱᠧᠨ ᠪᠦᠯᠦᠭᠯᠡᠯ ᠲᠠᠢ ᠵᠤᠯᠭᠠᠯᠴᠠᠬᠤ ᠶᠢ  ᠴᠢᠩᠭᠠᠳᠬᠠᠨ᠂  ᠤᠳᠤ ᠦᠶ᠎ᠡ ᠶᠢᠨ ᠲᠠᠷᠢᠶᠠᠯᠠᠩ ᠤᠨ ᠮᠠᠰᠢᠨ ᠢ ᠰᠤᠳᠤᠯᠤᠨ ᠦᠢᠯᠡᠳᠬᠦ ᠲᠦᠷᠦᠯ ᠵᠦᠢᠯ ᠢ ᠬᠦᠴᠦᠯᠡᠨ ᠤᠷᠤᠭᠤᠯᠤᠨ᠎ᠠ︔ ᠨᠤᠤᠰᠤᠨ ᠠᠵᠤ ᠦᠢᠯᠡᠰ ᠤᠨ ᠨᠡᠷᠡᠲᠦ ᠲᠠᠸᠠᠷ ᠤᠨ ᠪᠠᠶᠢᠯᠳᠤᠬᠤ ᠪᠤᠳᠤᠯᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ︔ ᠤᠯᠠᠭᠠᠨᠬᠠᠳᠠ ᠶᠢᠨ ᠡᠮ ᠤᠨ ᠦᠢᠯᠡᠳᠪᠦᠷᠢ ᠵᠡᠷᠭᠡ ᠠᠵᠤ  ᠠᠬᠤᠶᠢᠯᠠᠯ  ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ ᠲᠦᠷᠭᠡᠳᠬᠡᠵᠦ᠂ ᠡᠮ ᠡᠮᠨᠡᠯᠭᠡ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠠᠨ ᠳᠡᠰ ᠳᠡᠪᠰᠢᠭᠦᠯᠬᠦ ᠶᠢ ᠠᠬᠢᠭᠤᠯᠤᠨ᠎ᠠ︔ ᠶᠢᠨ ᠵᠢᠶᠠᠨ ᠬᠦᠷᠡᠯ ᠤᠨ ᠦᠢᠯᠡᠰ ᠤᠨ ᠨᠡᠭᠦᠨ ᠰᠢᠯᠵᠢᠬᠦ ᠪᠠ ᠴᠢᠳᠠᠮᠵᠢ ᠪᠠᠨ ᠦᠷᠭᠡᠳᠬᠡᠬᠦ ᠶᠢ ᠡᠬᠢᠯᠡᠭᠦᠯᠦᠨ᠎ᠡ︔ ᠵᠤᠤ ᠤᠳᠠ ᠬᠠᠭᠤᠴᠢᠨ ᠠᠵᠤ ᠦᠢᠯᠡᠳᠪᠦᠷᠢ ᠶᠢᠨ ᠤᠷᠤᠨ ᠤ ᠠᠵᠤ ᠠᠬᠤᠶᠢᠯᠠᠯ ᠤᠨ ᠨᠡᠭᠦᠨ ᠰᠢᠯᠵᠢᠬᠦ ᠪᠠ ᠦᠭᠡᠷᠡᠴᠢᠯᠡᠨ ᠪᠠᠶᠢᠭᠤᠯᠬᠤ ᠶᠢ ᠡᠮᠬᠢ ᠴᠡᠭᠴᠡ ᠲᠠᠢ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠭᠦᠨ ᠤ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠭᠤᠷᠪᠠᠳᠤᠭᠠᠷ ᠬᠤᠭᠤᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂  ᠵᠢᠩ ᠯᠢᠶᠠᠩ ᠪᠦᠯᠦᠭᠯᠡᠯ ᠪᠤᠯᠤᠨ ᠵᠦᠩ ᠹᠠᠩ ᠠᠮᠤ ᠲᠤᠰᠤ ᠵᠡᠷᠭᠡ ᠳᠠᠶᠢᠴᠢᠯᠠᠬᠤ ᠬᠦᠴᠦᠨ ᠴᠢᠩᠭ᠎ᠠ ᠲᠤᠯᠤᠭᠠᠶᠢᠯᠠᠭᠴᠢ ᠠᠵᠤ ᠠᠬᠤᠶᠢᠯᠠᠯ ᠢ ᠭᠤᠤᠯᠳᠠᠯᠭ᠎ᠠ ᠲᠠᠢ ᠤᠷᠤᠭᠤᠯᠤᠨ᠂ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠬᠤ ᠶᠢ ᠨᠡᠪᠴᠢᠭᠦᠯᠬᠦ ᠰᠠᠭᠤᠷᠢᠨ ︵ᠨᠢᠭᠡᠳᠦᠭᠡᠷ  ᠬᠤᠭᠤᠴᠠᠭ᠎ᠠ︶  ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠬᠢᠯᠡᠬᠦ ᠶᠢ ᠠᠬᠢᠭᠤᠯᠤᠨ᠎ᠠ᠃         ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃《 ᠨᠢᠭᠡ ᠲᠡᠩᠭᠡᠯᠢᠭ ᠬᠤᠶᠠᠷ ᠪᠦᠰᠡ᠂ ᠭᠤᠷᠪᠠᠨ ᠲᠤᠭᠤᠷᠢᠭ ᠨᠢᠭᠡ ᠬᠦᠷᠢᠶᠡᠯᠡᠩ》 ᠤᠨ ᠬᠦᠭᠵᠢᠯᠲᠡ ᠶᠢᠨ ᠪᠠᠶᠢᠷᠢᠯᠠᠭᠤᠯᠤᠯᠲᠠ ᠵᠢᠨ‌‍ᠲ᠋ᠤᠭᠤᠷᠢᠨ ᠳᠤ᠂ ᠦᠢᠯᠡᠴᠢᠯᠡᠭᠡᠨ ᠤ ᠦᠢᠯᠡᠰ ‍ᠦᠨ‌‍ᠬᠡᠯᠪᠡᠷᠢ ᠶᠢ ᠬᠤᠪᠢᠷᠠᠭᠠᠨ ᠳᠡᠰ ᠳᠡᠪᠰᠢᠭᠦᠯᠬᠦ ᠶᠢ ᠠᠬᠢᠭᠤᠯᠤᠨ᠎ᠠ᠃  ᠰᠢᠨᠬᠤᠸᠠ ᠶᠠᠪᠠᠭᠠᠨ ᠵᠡᠭᠡᠯᠢ ᠶᠢᠨ ᠪᠤᠯᠪᠠᠰᠤᠷᠠᠩᠭᠤᠢ ᠠᠷᠠᠯᠵᠢᠶᠠᠨ ᠤ ᠤᠷᠴᠢᠨ ᠲᠤᠭᠤᠷᠢᠨ ᠳᠤ ᠲᠦᠰᠢᠭᠯᠡᠨ᠂  ᠭᠠᠶᠢᠯᠢ  ᠪᠠᠲᠤᠯᠠᠬᠤ ᠲᠠᠸᠠᠷ ᠤᠨ ᠦᠵᠡᠭᠦᠯᠭᠡ ᠰᠤᠯᠢᠯᠴᠠᠭ᠎ᠠ᠂  ᠰᠢᠨ᠎ᠡ ᠶᠢᠨ ᠪᠠᠷᠠᠭᠠᠨ ᠤ ᠴᠤᠭᠯᠠᠭᠠᠨ᠂ ᠰᠡᠯᠡᠭᠦᠴᠡᠯ ᠲᠤᠷᠰᠢᠨ ᠦᠢᠯᠠᠭᠠᠬᠤ ᠵᠡᠷᠭᠡ ᠬᠡᠷᠡᠭᠯᠡᠭᠡᠨ ᠤ ᠬᠡᠯᠪᠡᠷᠢ ᠶᠢ ᠦᠷᠨᠢᠭᠦᠯᠵᠦ᠂ ᠤᠯᠠᠮᠵᠢᠯᠠᠯᠲᠤ ᠬᠡᠷᠡᠭᠯᠡᠭᠡᠨ ᠤ ᠠᠷᠭ᠎ᠠ ᠬᠡᠯᠪᠡᠷᠢ ᠶᠢ ᠳᠡᠰ ᠳᠡᠪᠰᠢᠭᠦᠯᠦᠨ᠎ᠡ᠃ ᠤᠯᠠᠮᠵᠢᠯᠠᠯᠲᠦ ᠬᠤᠳᠠᠯᠳᠤᠭᠠᠨ ᠤ ᠬᠤᠲᠠ ᠬᠤᠳᠠᠯᠳᠤᠭᠠᠨ ᠤ ᠠᠰᠠᠷ ᠤᠨ ᠰᠦᠯᠵᠢᠶᠡᠨ ᠤ ᠰᠤᠯᠢᠯᠴᠠᠭᠠᠨ ᠤ ᠲᠠᠪᠴᠠᠩ ᠨᠡᠭᠡᠭᠡᠬᠦ ᠶᠢ ᠵᠢᠯᠤᠭᠤᠳᠴᠤ᠂ ᠰᠦᠯᠵᠢᠶ᠎ᠡ ᠪᠠ ᠰᠦᠯᠵᠢᠶᠡᠨ ᠠᠴᠠ ᠭᠠᠳᠠᠨ᠎ᠠ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠯᠦᠩ ᠲᠧᠩ ᠤᠯᠠᠨ ᠤᠯᠤᠰ᠂ ᠵᠡᠭᠦᠨ ᠬᠤᠲᠠ ᠶᠢᠨ ᠤᠯᠠᠨ‌ᠤᠯᠤᠰ ᠤᠨ ᠬᠤᠳᠠᠯᠳᠤᠭᠠᠨ ᠤ ᠬᠤᠲᠠ᠂  ᠯᠦᠩ ᠲᠠᠢ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠢ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ︔ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ ᠬᠤᠲᠠ᠂ ᠲᠢᠶᠠᠨ ᠹᠧᠩ ᠢᠳᠡᠰᠢᠨ ᠨᠤᠭᠤᠭᠠᠨ ᠤ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂ ᠲᠢᠶᠠᠨ ᠬᠤᠩ ᠴᠡᠴᠡᠭ ᠤᠨ ᠵᠠᠬ᠎ᠠ ᠳᠡᠯᠭᠡᠭᠦᠷ ᠵᠡᠷᠭᠡ ᠲᠤᠰᠬᠠᠢ ᠵᠠᠬ᠎ᠠ ᠳᠡᠯᠭᠡᠭᠦᠷ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠴᠢᠶᠠᠨ ᠰᠢ᠂ ᠳ᠋ᠠ ᠹᠦ᠋᠂ ᠪᠠᠷᠠᠭᠤᠨ ᠬᠤᠲᠠ ᠶᠢᠨ ᠵᠠᠬ᠎ᠠ ᠳᠡᠯᠭᠡᠭᠦᠷ ᠪᠤᠯᠤᠨ ᠲᠢᠶᠠᠨ ᠶᠤᠸᠠᠢ  ᠪᠠᠷᠢᠯᠭ᠎ᠠ ᠶᠢᠨ ᠮᠠᠲ᠋ᠧᠷᠢᠶᠠᠯ ᠤᠨ ᠬᠤᠲᠠ  ᠬᠤᠲᠠ ᠠᠴᠠ ᠤᠬᠤᠷᠢᠨ ᠬᠦᠷᠢᠶᠡᠯᠡᠩ ᠳᠤ ᠤᠷᠤᠵᠤ ᠲᠦᠪᠯᠡᠷᠡᠨ ᠬᠦᠭᠵᠢᠬᠦ ᠶᠢ ᠡᠮᠬᠢ ᠴᠡᠭᠴᠡ ᠲᠠᠢ ᠭᠦᠳᠦᠯᠦᠨ ᠵᠢᠯᠤᠭᠤᠳᠤᠨ᠎ᠠ᠃ ᠱᠢ ᠱᠠᠩ ᠲᠢᠶᠠᠨ ᠵᠡᠭᠡᠯᠢ᠂ ᠳ᠋ᠤᠤ ᠭᠸᠦ ᠡᠮᠦᠨ᠎ᠡ ᠠᠭᠤᠯᠠᠨ ᠤ ᠵᠤᠭᠠᠴᠠᠯ  ᠬᠤᠳᠠᠯᠳᠤᠭᠠᠨ ᠤ ᠤᠷᠤᠨ᠂ ᠡᠯ  ᠳ᠋ᠤᠤ ᠵᠢᠩ ᠽᠢ ᠦᠯᠡᠳᠡᠭᠳᠡᠯ ᠤᠨ ᠬᠠᠮᠠᠭᠠᠯᠠᠯᠲᠠ ᠶᠢᠨ ᠦᠵᠡᠭᠦᠯᠭᠡ ᠶᠢᠨ ᠤᠷᠳᠤᠨ᠂ ᠬᠤᠩ ᠱᠠᠨ ᠰᠤᠶᠤᠯ ᠤᠨ ᠦᠵᠡᠭᠦᠯᠭᠡ ᠶᠢᠨ ᠲᠦᠪ ᠵᠡᠷᠭᠡ ᠰᠤᠶᠤᠯ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂  ᠰᠤᠶᠤᠯ ᠵᠤᠭᠠᠴᠠᠯ ᠠᠭᠤᠰᠤᠯᠴᠠᠨ ᠬᠦᠭᠵᠢᠬᠦ ᠶᠢ ᠠᠬᠢᠭᠤᠯᠤᠨ᠎ᠠ︔  ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ‌ᠨᠢ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠭᠤᠳᠤᠮᠵᠢ ᠶᠢᠨ ᠬᠤᠶᠠᠳᠤᠭᠠᠷ᠂ ᠭᠤᠷᠪᠠᠳᠤᠭᠠᠷ ᠬᠤᠭᠤᠴᠠᠭ᠎ᠠ᠂ ᠤᠯᠠᠭᠠᠨᠬᠠᠳᠠ ᠶᠢᠨ ᠪᠤᠯᠤᠳ ᠮᠠᠲ᠋ᠧᠷᠢᠶᠠᠯ ᠤᠨ ᠬᠤᠲᠠ᠂  ᠤᠯᠠᠭᠠᠨᠬᠠᠳᠠ ᠶᠢᠨ ᠴᠢᠯᠠᠭᠤᠨ ᠮᠠᠲ᠋ᠧᠷᠢᠶᠠᠯ ᠤᠨ ᠬᠤᠲᠠ᠂ ᠤᠯᠠᠭᠠᠨᠬᠠᠳᠠ ᠶᠢᠨ ᠤᠮᠠᠷᠠᠲᠤ ᠤᠷᠤᠨ ᠤ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠲᠤᠬᠢᠷᠠᠭᠤᠯᠤᠨ ᠭᠦᠷᠭᠡᠬᠦ ᠲᠦᠪ᠂  ᠬᠦᠷᠢᠶᠡᠯᠡᠩ ᠲᠤᠭᠤᠷᠢᠭ ᠤᠨ ᠳᠤᠮᠳᠠ ᠪᠠᠭ᠎ᠠ ᠠᠵᠤ ᠠᠬᠤᠶᠢᠯᠠᠯ  ᠤᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠤᠷᠤᠨ᠂  ᠤᠯᠠᠭᠠᠨᠬᠠᠳᠠ ᠶᠢᠨ ᠮᠠᠰᠢᠨ ᠲᠡᠷᠭᠡ ᠰᠡᠯᠪᠢᠨ ᠵᠠᠰᠠᠬᠤ ᠠᠭᠤᠳᠠᠮ ᠲᠠᠯᠠᠪᠠᠢ᠂ ᠤᠯᠠᠭᠠᠨᠬᠠᠳᠠ ᠶᠢᠨ ᠵᠡᠰ ᠤᠨ ᠤᠬᠢ ᠨᠤᠨᠳᠠᠭ ᠢ ᠬᠠᠳᠠᠭᠠᠯᠠᠵᠤ ᠲᠤᠬᠢᠷᠠᠭᠤᠯᠤᠨ ᠬᠦᠷᠭᠡᠬᠦ ᠡᠷᠭᠢᠯᠲᠡ ᠶᠢᠨ ᠲᠦᠪ  ᠵᠡᠷᠭᠡ  ᠨᠢᠭᠡ ᠪᠦᠯᠦᠭ ᠲᠦᠷᠦᠯ ᠵᠦᠢᠯ ᠤᠨ ᠠᠵᠢᠯ ᠡᠬᠢᠯᠡᠬᠦ ᠠᠵᠢᠯ ᠰᠡᠷᠭᠦᠭᠡᠬᠦ ᠶᠢ ᠲᠦᠷᠭᠡᠳᠬᠡᠨ ᠠᠬᠢᠭᠤᠯᠤᠨ᠎ᠠ︔ ᠤᠯᠠᠭᠠᠨᠬᠠᠳᠠ ᠶᠢᠨ ᠭᠠᠶᠢᠯᠢ  ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠤᠨ ᠡᠵᠡᠩᠨᠡᠯᠲᠡ ᠪᠤᠯᠤᠨ ᠬᠦᠭᠵᠢᠯᠲᠡ ᠶᠢ ᠴᠢᠩᠭᠠᠳᠬᠠᠨ᠂ ᠤᠯᠠᠨ ᠤᠯᠤᠰ ᠤᠨ ᠰᠢᠤᠳᠠᠨ ᠤ ᠵᠦᠢᠯ ᠤᠨ ᠢᠯᠭᠠᠯᠲᠠ ᠂ ᠬᠢᠯᠢ ᠠᠯᠤᠰᠯᠠᠭᠰᠠᠨ‌ᠡᠯᠧᠺᠲᠷᠤᠨ ᠬᠤᠳᠠᠯᠳᠤᠭ᠎ᠠ᠂ ᠠᠵᠤ ᠠᠬᠤᠶᠢᠯᠠᠯ ᠤᠨ ᠰᠤᠳᠤᠯᠤᠨ ᠦᠢᠯᠡᠳᠬᠦ᠂  ᠪᠤᠯᠪᠠᠰᠤᠷᠠᠭᠤᠯᠤᠨ ᠦᠢᠯᠡᠳᠬᠦ ᠵᠡᠷᠭᠡ ᠴᠢᠳᠠᠮᠵᠢ ᠶᠢ ᠢᠳᠡᠪᠬᠢᠲᠡᠢ ᠦᠷᠭᠡᠳᠬᠡᠬᠦ ᠶᠢᠨ ᠬᠠᠮᠲᠤ ᠶᠡᠷᠦᠩᠬᠡᠶᠢᠯᠡᠭᠰᠡᠨ ᠭᠠᠶᠢᠯᠢ  ᠪᠠᠲᠤᠯᠠᠬᠤ ᠤᠷᠤᠨ ᠢ ᠮᠡᠳᠡᠭᠦᠯᠦᠨ ᠪᠠᠶᠢᠭᠤᠯᠬᠤ ᠠᠵᠢᠯ ᠢ ᠡᠬᠢᠯᠡᠭᠦᠯᠦᠨ᠎ᠡ︔ ᠡᠭᠦᠯᠡᠨ ᠪᠤᠳᠤᠯᠲᠠ ᠶᠢᠨ ᠠᠵᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠨ᠂ ᠶᠡᠭᠡ ᠲᠤᠭ᠎ᠠ ᠪᠠᠷᠢᠮᠲᠠᠲᠤ ᠲᠦᠪ ᠢ ᠪᠠᠶᠢᠭᠤᠯᠵᠤ ᠂ ᠪᠦᠬᠦ ᠬᠤᠲᠠ ᠳᠤ ᠬᠠᠮᠤᠭ ᠤᠷᠢᠳᠠᠪᠡᠷ ᠤᠶᠤᠨᠴᠢ ᠬᠤᠲᠠ ᠶᠢᠨ ᠪᠠᠶᠢᠭᠤᠯᠤᠯᠲᠠ ᠶᠢ ᠡᠬᠢᠯᠡᠭᠦᠯᠵᠦ᠂ ᠤᠶᠤᠨᠴᠢ ᠵᠠᠮ ᠬᠠᠷᠢᠯᠴᠠᠭ᠎ᠠ᠂ ᠤᠶᠤᠨᠴᠢ ᠬᠤᠲᠠ ᠶᠢᠨ ᠬᠠᠮᠢᠶᠠᠷᠤᠯᠲᠠ᠂ ᠤᠶᠤᠨᠴᠢ ᠨᠡᠶᠢᠭᠡᠮ ᠲᠤᠭᠤᠷᠢᠭ᠂  ᠤᠶᠤᠨᠴᠢ ᠰᠤᠷᠭᠠᠨ ᠬᠦᠮᠦᠵᠢᠯ᠂ ᠤᠶᠤᠨᠴᠢ ᠡᠮ ᠡᠮᠨᠡᠯᠭᠡ ᠵᠡᠷᠭᠡ  ᠰᠢᠰᠲ᠋ᠧᠮᠲᠦ ᠢᠨᠵᠧᠨᠧᠷᠢᠩ ᠢ ᠬᠡᠷᠡᠭᠵᠢᠭᠦᠯᠦᠨ᠎ᠡ︔ ᠢᠨᠲ᠋ᠧᠷᠨᠧᠲ ᠰᠦᠯᠵᠢᠶᠡᠨ ᠤ ᠠᠵᠤ ᠠᠬᠤᠢ ᠶᠢ ᠲᠦᠷᠭᠡᠪᠴᠢᠯᠡᠨ ᠬᠦᠭᠵᠢᠭᠦᠯᠵᠦ᠂ ᠡᠭᠦᠯᠡᠨ ᠪᠤᠳᠤᠯᠲᠠ ᠪᠤᠯᠤᠨ ᠶᠡᠭᠡ ᠲᠤᠭ᠎ᠠ ᠪᠠᠷᠢᠮᠲᠠᠲᠦ ᠠᠵᠤ ᠦᠢᠯᠡᠰ ᠤᠨ ᠬᠦᠭᠵᠢᠯᠲᠡ ᠶᠢᠨ ᠰᠠᠭᠤᠷᠢᠨ ᠳᠤ ᠲᠦᠰᠢᠭᠯᠡᠨ᠂ ᠭᠤᠤᠯ ᠴᠤᠭᠴᠠ ᠶᠢ ᠪᠤᠶᠢᠵᠢᠭᠤᠯᠬᠤ ᠂  ᠬᠡᠯᠪᠡᠷᠢ ᠶᠢᠨ ᠰᠢᠨ᠎ᠡ ᠶᠢ ᠡᠭᠦᠳᠬᠦ ᠪᠠ ᠲᠠᠪᠴᠠᠩ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠧᠨ ᠶᠤᠸᠠᠨ ᠰᠢᠨᠵᠢᠯᠡᠭᠡ ᠮᠡᠷᠭᠡᠵᠢᠯ᠂ ᠤᠯᠠᠭᠠᠨᠬᠠᠳᠠ ᠶᠢᠨ ᠵᠢᠢ ᠼᠠᠢ ᠡᠯᠧᠺᠲᠷᠤᠨ ᠬᠤᠳᠠᠯᠳᠤᠭ᠎ᠠ ᠪᠤᠯᠤᠨ ᠧᠨ ᡁᠢ ᠪᠢᠴᠢᠯ ᠠᠷᠠᠯᠵᠢᠶᠠᠨ ᠤ ᠠᠰᠠᠷ ᠵᠡᠷᠭᠡ ᠡᠯᠧᠺᠲᠷᠤᠨ ᠬᠤᠳᠠᠯᠳᠤᠭᠠᠨ ᠤ ᠭᠤᠤᠯᠯᠠᠭᠴᠢ ᠠᠵᠤ ᠠᠬᠤᠶᠢᠯᠠᠯ ᠢ ᠲᠦᠷᠭᠡᠪᠴᠢᠯᠡᠨ ᠬᠦᠭᠵᠢᠭᠦᠯᠵᠦ᠂ ᠡᠵᠡᠩᠨᠡᠨ ᠪᠤᠷᠤᠯᠠᠭᠤᠯᠬᠤ ᠬᠡᠯᠪᠡᠷᠢ ᠰᠢᠨ᠎ᠡ᠂ ᠳᠠᠶᠢᠴᠢᠯᠠᠬᠤ ᠬᠦᠴᠦᠨ ᠴᠢᠩᠭ᠎ᠠ ᠡᠯᠧᠺᠲᠷᠤᠨ ᠬᠤᠳᠠᠯᠳᠤᠭᠠᠨ ᠤ ᠲᠠᠪᠴᠠᠩ ᠠᠵᠤ ᠠᠬᠤᠶᠢᠯᠠᠯ᠂ ᠬᠡᠷᠡᠭᠯᠡᠭᠡᠨ ᠤ ᠠᠵᠤ ᠠᠬᠤᠶᠢᠯᠠᠯ ᠪᠤᠯᠤᠨ ᠦᠢᠯᠡᠴᠢᠯᠡᠭᠡᠨ ᠤ ᠠᠵᠤ ᠠᠬᠤᠶᠢᠯᠠᠯ ᠢ ᠬᠠᠨᠳᠤᠯᠭ᠎ᠠ ᠲᠠᠢ ᠤᠷᠤᠭᠤᠯᠤᠨ᠂ ᠦᠪᠦᠷ ᠮᠤᠩᠭᠤᠯ ᠤᠨ ᠬᠢᠯᠢ ᠠᠯᠤᠰᠯᠠᠭᠰᠡᠨ ᠡᠯᠧᠺᠲᠷᠤᠨ ᠬᠤᠳᠠᠯᠳᠤᠭ᠎ᠠ᠂ ᠤᠯᠠᠭᠠᠨᠬᠠᠳᠠ ᠶᠢᠨ ᠰᠦᠯᠵᠢᠶᠡᠨ ᠬᠤᠳᠠᠯᠳᠤᠭ᠎ᠠ᠂ ᠮᠤᠩᠭᠤᠯ ᠬᠡᠯᠡ ᠵᠡᠷᠭᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠪᠤᠯᠤᠨ ᠬᠦᠭᠵᠢᠯᠲᠡ ᠶᠢ ᠴᠢᠩᠭᠠᠳᠬᠠᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠦᠬᠦ ᠲᠠᠯ᠎ᠠ ᠶᠢᠨ᠂  ᠵᠤᠬᠢᠴᠠᠩᠭᠤᠢ᠂ ᠦᠷᠭᠦᠯᠵᠢᠯᠡᠬᠦᠶᠢᠴᠡ ᠬᠦᠭᠵᠢᠯᠲᠡ ᠶᠢ ᠠᠬᠢᠭᠤᠯᠤᠨ᠎ᠠ᠃            ︵ᠳᠦᠷᠪᠡ︶   ᠬᠤᠲᠠ ᠪᠠᠯᠭᠠᠰᠤᠨ ᠤ ᠵᠤᠬᠢᠴᠠᠩᠭᠤᠢ ᠬᠦᠭᠵᠢᠯᠲᠡ ᠶᠢ ᠨᠢᠭᠡᠲᠦᠯᠲᠠᠢ ᠲᠦᠯᠦᠪᠵᠢᠭᠦᠯᠦᠨ᠂  ᠦᠵᠡᠰᠬᠦᠯᠡᠩᠲᠦ ᠲᠤᠬᠢᠯᠢᠭ ᠬᠤᠩ ᠱᠠᠨ ᠢ ᠪᠦᠲᠦᠭᠡᠨ ᠪᠠᠶᠢᠭᠤᠯᠤᠨ᠎ᠠ        ᠳᠦᠭᠦᠮ ᠪᠦᠲᠦᠴᠡᠲᠦ ᠤᠷᠤᠨ‌‍ᠰᠠᠭᠤᠴᠠ ᠵᠢᠨ‌ᠦᠭᠡᠷᠡᠴᠢᠯᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠢᠶᠧ  ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠵᠢᠨ‌ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠨ᠂ 7422 ᠢᠵᠢ ᠲᠦᠪᠬᠢᠨᠡᠭᠦᠯᠬᠦ ᠭᠡᠷ ᠠᠵᠢᠯ ᠳᠠᠭᠤᠰᠴᠤ ᠤᠷᠤᠵᠤ  ᠰᠠᠭᠤᠷᠢᠰᠢᠬᠤ ᠶᠢ ᠪᠠᠶᠠᠯᠠᠭᠦᠯᠵᠦ᠂  ᠵᠠᠮ ᠬᠠᠷᠢᠯᠴᠠᠭ᠎ᠠ ᠵᠡᠷᠭᠡ ᠬᠤᠲᠠ ᠶᠢᠨ ᠰᠠᠭᠤᠷᠢ ᠲᠦᠬᠦᠭᠡᠷᠦᠮᠵᠢ ᠶᠢ ᠢᠵᠢᠯ ᠠᠯᠬᠤᠮ ᠢᠶᠠᠷ ᠪᠦᠲᠦᠭᠡᠨ ᠪᠠᠶᠢᠭᠤᠯᠵᠤ᠂ ᠲᠢᠶᠧ ᠨᠠᠨ ᠰᠤᠶᠤᠯ ᠤᠨ ᠠᠵᠢᠯᠯᠠᠭᠠᠨ ᠤ ᠲᠦᠪ ᠂ ᠪᠠᠭ᠎ᠠ  ᠰᠤᠷᠭᠠᠭᠤᠯᠢ᠂ ᠴᠡᠴᠡᠷᠯᠢᠭ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠢᠵᠢ ᠪᠦᠷᠢᠳᠦᠨ ᠳᠠᠭᠠᠯᠳᠤᠵᠤ᠂  ᠨᠡᠶᠢᠭᠡᠮ ᠲᠤᠭᠤᠷᠢᠭ ᠤᠨ  ᠪᠦᠲᠦᠭᠡᠨ ᠪᠠᠶᠢᠭᠤᠯᠤᠯᠲᠠ ᠪᠤᠯᠤᠨ  ᠦᠢᠯᠡᠴᠢᠯᠡᠭᠡ ᠶᠢ ᠢᠵᠢᠯ ᠠᠯᠬᠤᠮ ᠢᠶᠠᠷ ᠤᠷᠤᠨ ᠪᠠᠶᠢᠷᠢ ᠳᠤᠨᠢ ᠭᠦᠷᠭᠡᠨ᠎ᠡ᠃ ᠴᠢᠯᠦᠭᠡᠯᠡᠯᠲᠡ ᠪᠠᠷᠠᠭᠤᠨ ᠵᠠᠮ᠂  ᠬᠦᠭᠦᠷᠭᠡᠨ  ᠤᠮᠡᠷᠡᠳᠤᠬᠢ ᠶᠡᠭᠡ ᠲᠤᠭᠤᠶᠢᠯᠡᠩ ᠤᠨ ᠬᠤᠶᠠᠳᠤᠭᠠᠷ ᠬᠤᠭᠤᠴᠠᠭ᠎ᠠ ︵ ᠯᠢᠦ ᠳ᠋ᠠ ᠹᠧᠨ ᠬᠡᠰᠡᠭ︶  ᠵᠡᠷᠭᠡ 24  ᠵᠦᠢᠯ ᠤᠨ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠯᠠᠪᠳᠠᠭᠤᠨ ᠠᠬᠢᠭᠤᠯᠵᠤ᠂ ᠬᠠᠭᠤᠴᠢᠨ ᠬᠤᠲᠠ ᠲᠤᠭᠤᠷᠢᠭ ᠤᠨ ᠳᠦᠷᠢ ᠳᠦᠷᠬᠦ ᠪᠤᠯᠤᠨ ᠰᠠᠭᠤᠭᠠᠯᠢ ᠠᠷᠠᠳ ᠤᠨ ᠠᠮᠢᠳᠤᠷᠠᠯ ᠤᠨ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ︔ ᠤᠯᠠᠭᠠᠨᠬᠠᠳᠠ‌ᠡᠴᠠ ᠪᠡᠭᠡᠵᠢᠩ ᠮᠦᠭᠳᠡᠨ ᠬᠦᠷᠬᠦ ᠠᠶᠠᠨᠴᠢᠨ ᠤ ᠲᠤᠰᠬᠠᠢ ᠱᠤᠭᠤᠮ ᠢ ᠵᠠᠯᠭᠠᠬᠤ ᠠᠵᠢᠯ᠂ ᠶᠧ ᠪᠠᠢ ᠱᠧᠦ ᠠᠴᠠ ᠤᠯᠠᠭᠠᠨᠬᠠᠳᠠ ᠬᠦᠷᠬᠦ ᠲᠡᠮᠦᠷ ᠵᠠᠮ ᠤᠨ ᠴᠢᠳᠠᠮᠵᠢ ᠶᠢ ᠦᠷᠭᠡᠳᠬᠡᠬᠦ ᠪᠤᠯᠤᠨ ᠵᠢᠩ ᠲᠦᠩ ᠲᠡᠮᠦᠷ ᠵᠠᠮ ᠤᠨ ᠮᠧᠬᠠᠨᠢᠭᠵᠢᠯᠲᠠ ᠶᠢᠨ ᠢᠨᠵᠧᠨᠧᠷᠢᠩ ᠢ ᠰᠠᠶᠢᠲᠤᠷ ᠬᠠᠮᠵᠢᠯᠴᠠᠵᠤ ᠬᠢᠨ᠎ᠡ︔ ᠲᠦᠪ ᠬᠤᠲᠠ ᠲᠤᠭᠤᠷᠢᠭ ᠤᠨ ᠬᠦᠩᠭᠡᠨ ᠵᠠᠮ ᠤᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠬᠤᠭᠤᠴᠠᠭᠠᠨ ᠤ ᠠᠵᠢᠯ ᠢ ᠡᠬᠢᠯᠡᠭᠦᠯᠵᠦ᠂ 306 ᠤᠯᠤᠰ ᠤᠨ ᠵᠠᠮ ᠢ ᠦᠷᠭᠡᠳᠬᠡᠨ ᠪᠠᠶᠢᠭᠤᠯᠵᠤ᠂ ᠤᠴᠢ ᠵᠠᠮ ᠤᠨ ᠶᠡᠭᠡ ᠬᠦᠭᠦᠷᠭᠡ᠂ ᠳ᠋ᠦᠩ ᠹᠧᠩ ᠬᠦᠭᠦᠷᠭᠡ ᠪᠠ ᠨᠡᠬᠡᠮᠡᠯ ᠤᠨ ᠦᠢᠯᠡᠳᠪᠦᠷᠢ ᠶᠢᠨ ᠬᠦᠭᠦᠷᠭᠡ ᠶᠢ ᠰᠢᠨ᠎ᠡ ᠪᠠᠷ ᠪᠠᠶᠢᠭᠤᠯᠤᠨ᠂ ᠬᠤᠩ ᠰᠢᠩ ᠵᠠᠮ᠂ ᠸᠧᠨ ᠯᠢᠶᠠᠨ ᠵᠠᠮ ᠪᠤᠯᠤᠨ ᠬᠤᠲᠠ ᠶᠢ ᠲᠤᠭᠤᠷᠢᠭᠰᠠᠨ ᠦᠨᠳᠦᠷ ᠬᠤᠷᠳᠤᠴᠠᠲᠤ ᠵᠠᠰᠠᠮᠠᠯ ᠵᠠᠮ ᠤᠨ ᠡᠮᠦᠨ᠎ᠡ ᠭᠠᠷᠬᠤ ᠡᠭᠦᠳᠡ ᠶᠢ ᠵᠠᠰᠠᠨ ᠴᠡᠭᠴᠡᠯᠡᠵᠦ ᠦᠭᠡᠷᠡᠴᠢᠯᠡᠨ ᠪᠠᠶᠢᠭᠤᠯᠵᠤ᠂ 36 ᠺᠢᠯᠤᠮᠧᠲᠷ ᠲᠤᠰᠬᠤᠨ ᠳᠤ ᠨᠡᠪᠲᠡᠷᠡᠬᠦ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ᠂ 10 ᠵᠤᠷᠪᠤᠰ ᠬᠤᠲᠠ ᠲᠤᠭᠤᠷᠢᠭ᠂ ᠵᠡᠭᠡᠯᠢ ᠭᠤᠳᠤᠮᠵᠢ ᠶᠢ ᠴᠡᠭᠴᠡᠯᠡᠨ ᠵᠠᠰᠠᠨ᠎ᠠ︔ ᠬᠦᠳᠡᠭᠡ ᠲᠤᠰᠬᠤᠨ ᠤ《 ᠠᠷᠪᠠ ᠶᠢ ᠪᠦᠷᠬᠦᠭᠦᠯᠬᠦ 》ᠢᠨᠵᠧᠨᠧᠷᠢᠩ ᠪᠤᠯᠤᠨ ᠦᠵᠡᠰᠬᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠰᠠᠭᠤᠷᠢ ᠲᠦᠬᠦᠭᠡᠷᠦᠮᠵᠢ ᠶᠢ ᠬᠦᠳᠡᠭᠡ ᠲᠤᠰᠬᠤᠨ ᠳᠤ ᠤᠷᠳᠤᠳᠬᠠᠬᠤ᠂ ᠤᠯᠠᠨ ᠨᠡᠶᠢᠲᠡ ᠶᠢᠨ ᠦᠢᠯᠡᠴᠢᠯᠡᠭᠡ ᠬᠦᠳᠡᠭᠡ ᠲᠤᠰᠬᠤᠨ ᠳᠤ  ᠦᠷᠭᠡᠳᠬᠦ᠂ ᠨᠡᠶᠢᠭᠡᠮ ᠤᠨ ᠪᠠᠲᠤᠯᠠᠭ᠎ᠠ ᠬᠦᠳᠡᠭᠡ ᠲᠤᠰᠬᠤᠨ ᠢ ᠪᠦᠷᠬᠦᠬᠦ ᠶᠢ ᠠᠬᠢᠭᠤᠯᠤᠨ  ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠬᠤᠲᠠ ᠪᠠᠯᠭᠠᠰᠤᠨ ᠤ ᠨᠢᠭᠡ ᠴᠤᠭᠴᠠᠵᠢᠯᠲᠠ ᠶᠢᠨ ᠠᠯᠬᠤᠴᠠ ᠶᠢ ᠲᠦᠷᠭᠡᠳᠬᠡᠨ᠎ᠡ᠃ 2406 ᠡᠷᠦᠬᠡ ᠶᠢᠨ  ᠰᠢᠪᠡᠷ ᠪᠠᠶᠢᠰᠢᠩ ᠢ ᠭᠤᠤᠯᠳᠠᠯᠭ᠎ᠠ ᠲᠠᠢ ᠦᠭᠡᠷᠡᠴᠢᠯᠡᠨ ᠪᠠᠶᠢᠭᠤᠯᠵᠤ᠂ 142  ᠺᠢᠯᠤᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ 3  ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ᠂ 11 ᠰᠤᠶᠤᠯ ᠲᠠᠮᠢᠷ ᠤᠨ ᠠᠭᠤᠳᠠᠮ ᠲᠠᠯᠠᠪᠤᠷ  ᠢ  ᠰᠢᠨ᠎ᠡ ᠪᠠᠷ ᠪᠠᠶᠢᠭᠤᠯᠵᠤ᠂ 7  ᠬᠦᠳᠡᠭᠡ ᠲᠤᠰᠬᠤᠨ ᠤ  ᠨᠢᠭᠡ ᠴᠣᠭᠴᠠᠵᠢᠭᠰᠠᠨ  ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠲᠦᠪ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠵᠤ᠂ ᠠᠶᠢᠯ ᠲᠤᠰᠬᠤᠨ ᠢ 700 ᠮᠦ ᠤᠶᠢᠵᠢᠭᠤᠯᠤᠨ᠎ᠠ︔ ᠤᠨᠤᠴᠠ ᠲᠠᠢ ᠶᠠᠳᠠᠭᠤ ᠶᠢ ᠳᠡᠳᠬᠦᠬᠦ  ᠢᠨᠵᠧᠨᠧᠷᠢᠩ ᠢ  ᠬᠡᠷᠡᠭᠵᠢᠭᠦᠯᠦᠨ᠂  ᠵᠢᠯ ᠤᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ︔ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠨ᠎ᠠ᠃ ᠤᠯᠤᠰ ᠤᠨ ᠴᠡᠴᠡᠷᠯᠢᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠨᠢᠭᠦᠯᠦᠨ᠂ ᠬᠤᠲᠠ ᠶᠢᠨ ᠵᠠᠮ᠂ ᠬᠤᠲᠠ ᠶᠢ ᠲᠤᠭᠤᠷᠢᠭᠰᠠᠨ ᠦᠨᠳᠦᠷ ᠬᠤᠷᠳᠤᠴᠠᠲᠤ ᠵᠠᠰᠠᠮᠠᠯ ᠵᠠᠮ᠂ ᠬᠤᠲᠠ ᠶᠢᠨ ᠤᠷᠤᠵᠤ ᠭᠠᠷᠬᠤ ᠡᠭᠦᠳᠡ ᠶᠢᠨ ᠤᠶᠢᠵᠢᠭᠤᠯᠤᠯᠲᠠ᠂ ᠭᠤᠤᠯᠳᠠᠯᠭ᠎ᠠ ᠲᠠᠢ ᠤᠷᠤᠨ ᠬᠡᠪᠴᠢᠶ᠎ᠡ ᠪᠤᠯᠤᠨ ᠬᠤᠲᠠ ᠶᠢᠨ ᠵᠠᠩᠭᠢᠯᠠᠭ᠎ᠠ ᠴᠡᠭ ᠤᠨ ᠤᠶᠢᠵᠢᠭᠤᠯᠵᠤ ᠨᠤᠭᠤᠭᠠᠷᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ 3100  ᠮᠦ ᠤᠶᠢᠵᠢᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ  ᠦᠭᠡᠷᠡᠴᠢᠯᠡᠨ ᠵᠠᠰᠠᠨ᠎ᠠ︔ ᠲᠠᠬᠢᠨ ᠡᠭᠦᠰᠬᠦ ᠡᠬᠢ ᠪᠠᠶᠠᠯᠢᠭ ᠢ ᠬᠤᠷᠢᠶᠠᠨ ᠰᠢᠢᠳᠪᠦᠷᠢᠯᠡᠬᠦ ᠰᠢᠰᠲ᠋ᠧᠮ ᠢ  ᠪᠦᠷᠢᠨᠰᠢᠭᠦᠯᠦᠨ᠂ ᠲᠤᠭᠤᠭᠠᠨ ᠭᠡᠷ ᠤᠨ ᠬᠠᠶᠠᠭᠳᠠᠮᠠᠯ ᠪᠤᠳᠠᠰ ᠤᠨ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ ᠪᠠᠶᠢᠭᠤᠯᠤᠯᠲᠠ ᠶᠢ ᠡᠬᠢᠯᠡᠭᠦᠯᠦᠨ᠎ᠡ︔ ᠤᠰᠤᠨ ᠲᠦᠭᠰᠢᠭᠦᠷᠢ  ᠤᠰᠤᠨ ᠬᠢᠮᠤᠷᠠᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ《 ᠭᠤᠷᠪᠠᠨ ᠵᠤᠷᠪᠤᠰ ᠤᠯᠠᠭᠠᠨ ᠱᠤᠭᠤᠮ》 ᠢ ᠴᠢᠩᠭ᠎ᠠ ᠡᠵᠡᠮᠳᠡᠨ᠂ ᠤᠰᠤ ᠠᠷᠪᠢᠯᠠᠬᠤ ᠮᠠᠶ᠋ᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠦᠨ᠎ᠡ︔ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠷᠭ᠎ᠠ ᠬᠡᠮᠵᠢᠶ᠎ᠠ ᠠᠪᠴᠤ᠂ ᠠᠭᠠᠷ ᠮᠠᠨᠳᠠᠯ᠂ ᠬᠦᠷᠦᠰᠦ ᠰᠢᠷᠤᠢ᠂  ᠤᠰᠤ᠂ ᠱᠤᠤᠭᠢᠶ᠎ᠠ ᠳᠠᠭᠤᠨ ᠤ ᠪᠤᠵᠠᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ ᠂ ᠭᠤᠤᠯ ᠪᠤᠯᠬᠤ ᠪᠤᠵᠠᠷᠳᠤᠯ ᠪᠤᠳᠠᠰ ᠢ ᠢᠯᠭᠠᠷᠠᠭᠤᠯᠬᠤ ᠶᠢ ᠪᠠᠭᠠᠰᠬᠠᠵᠤ᠂ ᠪᠤᠵᠠᠷᠳᠤᠯ ᠶᠡᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠴᠡᠭᠴᠡᠯᠡᠨ ᠵᠠᠰᠠᠯᠲᠠ᠂ ᠡᠪᠦᠯ ᠤᠨ ᠲᠤᠯᠠᠭᠠᠯᠭ᠎ᠠ ᠶᠢᠨ ᠬᠤᠭᠤᠴᠠᠭᠠᠨ ᠳᠤ ᠪᠤᠵᠠᠷᠳᠤᠯ ᠢ ᠬᠢᠨᠠᠨ‌ᠡᠵᠡᠮᠳᠡᠬᠦ᠂ ᠮᠠᠰᠢᠨ ᠬᠦᠳᠡᠯᠭᠡᠭᠦᠷᠲᠦ ᠲᠡᠷᠭᠡᠨ ᠤ ᠪᠤᠵᠠᠷᠳᠤᠯ ᠢ ᠪᠠᠭᠠᠰᠬᠠᠬᠤ᠂ ᠪᠠᠷᠢᠯᠭ᠎ᠠ ᠶᠢᠨ ᠭᠠᠵᠠᠷ ᠤᠨ ᠤᠲᠤᠭ᠎ᠠ ᠲᠤᠭᠤᠰᠤᠨ ᠤ ᠪᠤᠵᠠᠷᠳᠤᠯ ᠢ ᠴᠡᠭᠴᠡᠯᠡᠨ ᠵᠠᠰᠠᠬᠤ ᠵᠡᠷᠭᠡ  ᠭᠤᠤᠯᠳᠠᠯᠭ᠎ᠠ ᠲᠠᠢ  ᠢᠨᠵᠧᠨᠧᠷᠢᠩ ᠢ ᠲᠤᠪᠤᠶᠢᠮ᠎ᠠ ᠪᠠᠶᠢᠷᠢᠨ ᠳᠤ ᠲᠠᠯᠪᠢᠵᠦ  ᠴᠢᠩᠭ᠎ᠠ ᠠᠳᠬᠤᠨ᠎ᠠ᠃              ︵ᠲᠠᠪᠤ︶  ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂  ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠤᠨ᠎ᠠ         ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠭᠦᠯᠦᠨ᠎ᠡ᠃ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠯᠦᠪᠯᠡᠭᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠦᠷᠭᠡᠳᠬᠡᠨ᠂ 6 ᠰᠠᠭᠤᠷᠢ ᠠᠯᠪᠠᠨ ᠤ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 1900  ᠤᠷᠤᠨ ᠪᠠᠶᠢᠷᠢ  ᠰᠢᠨ᠎ᠡ  ᠪᠠᠷ ᠬᠠᠩᠭᠠᠨ᠎ᠠ᠃  ᠬᠤᠩ ᠱᠠᠨ ᠵᠢᠶᠦ᠋ᠨ ᠵᠤᠤ ᠤᠳᠠ ᠪᠠᠭ᠎ᠠ ᠰᠤᠷᠭᠠᠭᠤᠯᠢ ᠶᠢ ᠪᠠᠶᠢᠭᠤᠯᠵᠤ᠂  ᠳᠦᠷᠪᠡᠳᠦᠭᠡᠷ᠂  ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠢᠨ ᠳ᠋ᠢ ᠬᠤᠪᠢᠶᠠᠷᠢ ᠰᠤᠷᠭᠠᠭᠤᠯᠢ ᠪᠠ  ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠢᠶᠧ ᠨᠠᠨ  ᠬᠤᠪᠢᠶᠠᠷᠢ ᠰᠤᠷᠭᠠᠭᠤᠯᠢ ᠶᠢ ᠡᠬᠢᠯᠡᠨ ᠪᠠᠶᠢᠭᠤᠯᠵᠤ᠂  ᠤᠯᠠᠭᠠᠨᠬᠠᠳᠠ ᠶᠢᠨ ᠳᠦᠷᠪᠡᠳᠦᠭᠡᠷ ᠳᠤᠮᠳᠠᠳᠤ  ᠰᠤᠷᠭᠠᠭᠤᠯᠢ ᠶᠢᠨ ᠬᠦᠭᠦᠷᠭᠡᠨ ᠤᠮᠠᠷᠠᠳᠦᠬᠢ ᠬᠤᠪᠢᠶᠠᠷᠢ ᠰᠤᠷᠭᠠᠭᠤᠯᠢ  ᠶᠢ ᠡᠬᠢᠯᠡᠨ ᠪᠠᠶᠢᠭᠤᠯᠤᠨ᠎ᠠ︔  ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠲᠦᠷᠭᠡᠪᠴᠢᠯᠡᠨ ᠬᠦᠭᠵᠢᠭᠦᠯᠦᠨ᠎ᠡ᠃ ᠠᠯᠪᠠᠨ ᠤ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠦᠷᠨᠢᠭᠦᠯᠦᠨ᠂  ᠳᠡᠰ  ᠬᠤᠪᠢᠶᠠᠨ ᠡᠮᠴᠢᠯᠡᠬᠦ ᠪᠠ ᠡᠮ ᠡᠮᠨᠡᠯᠭᠡ ᠶᠢᠨ ᠬᠠᠮᠳᠤᠷᠠᠯᠴᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠤᠶᠠᠳᠤᠭᠠᠷ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠪᠠᠶᠢᠭᠤᠯᠤᠨ᠂ ᠬᠤᠶᠠᠳᠤᠭᠠᠷ ᠮᠤᠩᠭᠤᠯ ᠬᠢᠲᠡᠳ ᠡᠮᠨᠡᠯᠭᠡ ᠶᠢᠨ ᠬᠤᠷᠢᠶ᠎ᠠ ᠪᠤᠯᠤᠨ ᠡᠬᠡ ᠨᠢᠯᠬᠠᠰ ᠤᠨ ᠡᠷᠡᠭᠦᠯ ᠮᠠᠨᠳᠦ ᠶᠢ ᠬᠠᠮᠠᠭᠠᠯᠠᠬᠤ ᠭᠠᠵᠠᠷ ‍ᠤᠨ‌ᠭᠠᠵᠠᠷ ᠰᠢᠯᠵᠢᠬᠦ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠡᠮᠴᠢᠯᠡᠭᠦᠯᠬᠦ ᠨᠦᠬᠦᠴᠡᠯ ᠢ ᠰᠠᠶᠢᠵᠢᠷᠠᠭᠤᠯᠤᠨ᠎ᠠ᠃ ᠬᠤᠶᠠᠷ ᠬᠡᠦᠬᠡᠳ ᠠᠪᠴᠤ ᠪᠤᠯᠬᠤ ᠲᠦᠷᠦ ᠵᠢᠨ‌‍ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠦᠮᠦᠨ ᠠᠮᠠ ᠶᠢᠨ ᠲᠡᠩᠴᠡᠭᠦᠷᠢᠲᠡᠢ ᠬᠦᠭᠵᠢᠯᠲᠡ ᠶᠢ ᠠᠬᠢᠭᠤᠯᠤᠨ᠎ᠠ︔ ᠰᠤᠶᠤᠯ ᠲᠠᠮᠢᠷ  ᠢᠶᠠᠷ ᠠᠷᠠᠳ ᠲᠤ  ᠠᠰᠢᠭ   ᠬᠦᠷᠲᠡᠭᠡᠬᠦ  ᠢᠨᠵᠧᠨᠧᠷᠢᠩ ᠢ ᠶᠡᠭᠡ ᠬᠦᠴᠦᠨ ᠢᠶᠠᠷ ᠬᠡᠷᠡᠭᠵᠢᠭᠦᠯᠦᠨ᠂ ᠪᠦᠬᠦ ᠠᠷᠠᠳ ᠢᠶᠠᠷ ᠢᠶᠠᠨ ᠴᠢᠬᠢᠷᠠᠭᠵᠢᠬᠤ ᠪᠤᠯᠤᠨ ᠤᠯᠠᠨ ᠨᠡᠶᠢᠲᠡ ᠶᠢᠨ ᠰᠤᠶᠤᠯ ᠤᠨ ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠬᠤᠩ ᠱᠠᠨ ᠰᠤᠶᠤᠯ ᠤᠨ ᠦᠯᠡᠳᠡᠭᠳᠡᠯ ᠢ ᠡᠷᠡᠮᠡᠯᠵᠡᠯᠯᠡᠬᠦ  ᠠᠵᠢᠯ ᠤᠨ ᠠᠬᠢᠴᠠ ᠶᠢ ᠠᠬᠢᠭᠤᠯᠤᠨ᠎ᠠ︔ ᠦᠢᠯᠡᠰ ᠪᠤᠰᠬᠠᠬᠤ ᠠᠵᠢᠯ ᠤᠯᠭᠤᠬᠤ ᠠᠵᠢᠯ ᠢ ᠤᠯᠠᠮ  ᠨᠢᠭᠡ ᠠᠯᠬᠤᠮ ᠰᠠᠶᠢᠲᠤᠷ ᠬᠢᠵᠦ᠂  ᠪᠦᠬᠦ ᠵᠢᠯ ᠤᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ 9000 ᠬᠦᠮᠦᠨ ᠠᠴᠠ ᠳᠡᠭᠡᠭᠰᠢ᠂  ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠭᠰᠠᠳ 1 ᠲᠦᠮᠡᠨ ᠬᠦᠮᠦᠨ ᠤᠳᠠᠭ᠎ᠠ ᠠᠴᠠ ᠳᠡᠭᠡᠭᠰᠢ᠂ 600 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠨᠡᠭᠡᠭᠡᠨ᠎ᠡ᠃  ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠲᠦᠯᠦᠪᠯᠡᠭᠡ ᠶᠢ ᠬᠡᠷᠡᠭᠵᠢᠭᠦᠯᠦᠨ᠂  ᠬᠤᠲᠠ ᠪᠠᠯᠭᠠᠰᠤ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠦᠷᠬᠦᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃  ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠦᠨ᠎ᠡ᠃ ᠨᠠᠰᠤᠲᠠᠨ ᠢ ᠠᠰᠠᠷᠠᠬᠤ᠂ ᠵᠡᠮᠳᠡᠭᠴᠦᠳ ᠢ ᠲᠤᠰᠠᠯᠠᠬᠤ᠂ ᠦᠨᠦᠴᠢᠨ ᠬᠡᠦᠬᠡᠳ ᠢ ᠳᠡᠳᠬᠦᠬᠦ᠂ ᠬᠦᠴᠢᠷᠳᠡᠯ ᠳᠤ ᠲᠤᠰᠠᠯᠠᠬᠤ ᠪᠠᠷ  ᠭᠤᠤᠯᠳᠠᠯᠭ᠎ᠠ ᠪᠤᠯᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠦᠷᠭᠡᠪᠴᠢᠯᠡᠨ ᠪᠦᠷᠢᠨᠰᠢᠭᠦᠯᠦᠨ᠎ᠡ᠃ ᠤᠯᠠᠨ ᠳᠡᠰ ᠳᠠᠪᠬᠤᠷᠭ᠎ᠠ ᠶᠢᠨ ᠤᠷᠤᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠦᠨ᠂ 408 ᠢᠵᠢ ᠨᠡᠶᠢᠲᠡ ᠶᠢᠨ ᠳᠦᠷᠢᠶᠡᠰᠦᠨ ᠭᠡᠷ ᠪᠠᠶᠢᠭᠤᠯᠵᠤ᠂ 50 ᠲᠦᠮᠡᠨ ᠲᠡᠭᠰᠢ ᠳᠦᠷᠪᠡᠯᠵᠢᠨ ᠬᠠᠭᠤᠴᠢᠨ ᠲᠤᠭᠤᠷᠢᠭ ᠢ ᠦᠭᠡᠷᠡᠴᠢᠯᠡᠨ ᠪᠠᠶᠢᠭᠤᠯᠵᠤ᠂  ᠤᠯᠠᠨ ᠲᠦᠮᠡᠨ ᠤ ᠤᠷᠤᠨ ᠰᠠᠭᠤᠴᠠ ᠶᠢᠨ ᠨᠦᠬᠦᠴᠡᠯ ᠢ ᠴᠢᠷᠮᠠᠶᠢᠨ ᠰᠠᠶᠢᠵᠢᠷᠠᠭᠤᠯᠤᠨ᠎ᠠ᠃       ᠲᠦᠯᠦᠭᠡᠯᠡᠭᠴᠢᠳ ᠡ᠂ 2016 ᠤᠨ ᠤ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠳᠦ᠂  ᠬᠠᠷᠢᠭᠤᠴᠠᠯᠭ᠎ᠠ ᠶᠡᠭᠡ᠂  ᠪᠢᠳᠡ ᠲᠤᠭᠤᠷᠢᠭ ᠤᠨ ᠨᠠᠮ ᠤᠨ ᠬᠤᠷᠢᠶ᠎ᠠ᠂  ᠵᠠᠰᠠᠭ ᠤᠨ ᠤᠷᠳᠤᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂  ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠢᠯᠤᠭᠤᠳᠤᠯᠭ᠎ᠠ ᠲᠤᠤᠷ᠎ᠠ᠂ ᠰᠢᠨ᠎ᠡ ᠪᠠᠶᠢᠳᠠᠯ ᠳᠤ ᠬᠦᠳᠡᠯᠦᠩᠭᠦᠢ ᠪᠠᠷ ᠵᠤᠬᠢᠴᠠᠨ᠂ ᠰᠢᠨ᠎ᠡ ᠲᠤᠬᠢᠶᠠᠯ ᠢ ᠴᠢᠷᠮᠠᠶᠢᠨ ᠠᠳᠬᠤᠵᠤ᠂ ᠰᠢᠨ᠎ᠡ ᠬᠦᠭᠵᠢᠯᠲᠡ ᠶᠢ ᠢᠳᠡᠪᠬᠢᠲᠡᠢ ᠰᠦᠪᠡᠭᠴᠢᠯᠡᠨ᠂  ᠵᠠᠮ ᠨᠡᠭᠡᠭᠡᠨ ᠤᠷᠤᠭᠰᠢᠯᠠᠵᠤ᠂  ᠪᠦᠯᠬᠦᠮᠳᠡᠨ  ᠲᠡᠮᠡᠴᠡᠵᠦ᠂  ᠬᠤᠩ ᠱᠠᠨ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠲᠦᠷᠭᠡᠨ ᠬᠦᠭᠵᠢᠬᠦ ᠶᠢ ᠪᠠᠶᠠᠯᠠᠭᠦᠯᠦᠶ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号