ᠰᠢ ᠴᠧᠩ ᠵᠡᠭᠡᠯᠢ ᠭᠤᠳᠤᠮᠵᠢ ᠳᠤᠯᠠᠭᠠᠯᠠᠭ᠎ᠠ ᠶᠢᠨ ᠨᠦᠬᠦᠪᠦᠷᠢ ᠲᠠᠷᠬᠠᠭᠠᠵᠤ᠂ ᠰᠠᠭᠤᠭᠠᠯᠢ ᠠᠷᠠᠳ ᠤᠨ ᠰᠡᠳᠬᠢᠯ ᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2016/3/2
      ᠡᠪᠦᠯ ᠤᠨ ᠤᠯᠠᠷᠢᠯ ᠳᠤ ᠬᠦᠴᠢᠷᠳᠡᠯ ᠲᠠᠢ ᠤᠯᠠᠨ ᠲᠦᠮᠡᠨ ᠤ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠂ ᠬᠠᠯᠠᠭᠤᠨ ᠳᠤᠯᠠᠭᠠᠨ ᠢᠶᠠᠷ ᠡᠪᠦᠯ ᠢ ᠦᠩᠭᠡᠷᠡᠭᠡᠯᠭᠡᠬᠦ ᠶᠢᠨ ᠲᠦᠯᠦᠭᠡ᠂ ᠰᠢ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠶ᠎ᠠ ᠲᠤᠭᠤᠷᠢᠭ ᠤᠨ ᠲᠤᠤᠷ᠎ᠠ ᠪᠠᠲᠤᠯᠠᠭᠠᠲᠤ ᠡᠷᠦᠬᠡ᠂ ᠲᠤᠤᠷ᠎ᠠ ᠤᠷᠤᠯᠭᠠᠲᠤ ᠭᠡᠷ ᠪᠦᠯᠢ ᠶᠢᠨ ᠳᠤᠯᠠᠭᠠᠯᠠᠭ᠎ᠠ ᠶᠢᠨ ᠪᠠᠶᠢᠳᠠᠯ ᠢ ᠲᠦᠷᠦᠯ ᠬᠤᠪᠢᠶᠠᠨ ᠤᠶᠢᠯᠠᠭᠠᠵᠤ᠂ ᠠᠶᠢᠯ ᠳᠠᠷᠠᠭᠠᠯᠠᠨ ᠳᠠᠩᠰᠠᠯᠠᠨ ᠬᠠᠷᠭᠤᠭᠤᠯᠪᠠ᠃       ᠵᠠᠰᠠᠭ ᠤᠨ ᠤᠷᠳᠤᠨ ᠤ ᠬᠠᠯᠠᠮᠵᠢ ᠬᠠᠶᠢᠷ᠎ᠠ ᠶᠢ ᠴᠠᠭ ᠲᠤᠬᠠᠢ ᠳᠤᠨᠢ ᠬᠦᠴᠢᠷᠳᠡᠯ ᠲᠠᠢ ᠰᠠᠭᠤᠭᠠᠯᠢ ᠠᠷᠠᠳ ᠤᠨ ᠭᠡᠷ ᠲᠤ ᠬᠦᠷᠭᠡᠬᠦ ᠶᠢᠨ ᠲᠦᠯᠦᠭᠡ᠂ ᠮᠡᠳᠡᠭᠳᠡᠯ ᠨᠠᠭᠠᠬᠤ᠂ ᠤᠲᠠᠰᠤ ᠪᠠᠷ ᠮᠡᠳᠡᠭᠳᠡᠬᠦ᠂ ᠭᠡᠷ ᠲᠤᠨᠢ ᠬᠦᠷᠬᠦ ᠵᠡᠷᠭᠡ ᠬᠡᠯᠪᠡᠷᠢ ᠪᠠᠷ ᠳᠠᠮᠵᠢᠨ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠷ᠎ᠠ ᠪᠠᠲᠤᠯᠠᠭᠠᠲᠤ ᠡᠳᠡᠭᠡᠳ ᠨᠢᠭᠡᠪᠦᠷᠢ ᠵᠢᠴᠢ ᠲᠤᠤᠷ᠎ᠠ ᠤᠷᠤᠯᠭᠠᠲᠤ ᠡᠷᠦᠬᠡ ᠪᠦᠷᠢ ᠳᠤ ᠮᠡᠳᠡᠭᠳᠡᠵᠦ᠂ ᠨᠢᠭᠡ ᠡᠷᠦᠬᠡ ᠴᠦ ᠤᠷᠬᠢᠭᠳᠠᠭᠤᠯᠬᠤ ᠦᠭᠡᠢ ᠂ ᠨᠢᠭᠡ ᠡᠷᠦᠬᠡ ᠶᠢ ᠴᠦ ᠵᠦᠷᠢᠭᠦᠯᠬᠦ ᠦᠭᠡᠢ ᠶᠢ ᠪᠠᠲᠤᠯᠠᠨ᠂ ᠠᠵᠢᠯᠲᠠᠳ ᠬᠠᠮᠤᠭ ᠤᠬᠤᠷ ᠬᠤᠭᠤᠴᠠᠭᠠᠨ ᠳᠤ ᠲᠤᠯᠠᠭᠠᠯᠭ᠎ᠠ ᠶᠢᠨ ᠨᠦᠬᠦᠪᠦᠷᠢ ᠪᠠᠨ ᠠᠪᠬᠤ ᠬᠤᠯᠪᠤᠭᠳᠠᠯ ᠪᠦᠬᠦᠢ ᠭᠠᠷ ᠭᠦᠢᠴᠡᠳᠬᠡᠯ ᠢ ᠬᠢᠵᠦ᠂ ᠤᠯᠠᠨ ᠲᠦᠮᠡᠨ ᠢ ᠢᠯᠡᠭᠦᠦ ᠬᠦᠶᠦᠯᠭᠡᠬᠦ ᠠᠴᠠ ᠵᠠᠶᠢᠯᠠᠰᠬᠢᠨ᠂ ᠡᠷᠲᠡᠬᠡᠨ ᠳᠤᠯᠠᠭᠠᠯᠠᠭ᠎ᠠ ᠶᠢᠨ ᠨᠦᠬᠦᠪᠦᠷᠢ ᠪᠠᠨ ᠤᠯᠵᠤ᠂ ᠬᠠᠯᠠᠭᠤᠨ ᠳᠤᠯᠠᠭᠠᠨ ᠡᠪᠦᠯᠵᠢᠭᠦᠯᠵᠦ᠂ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠮᠦᠷᠲᠡᠭᠡᠨ ᠠᠷᠠᠳ ᠤᠨ ᠰᠡᠳᠬᠢᠯ ᠢ ᠲᠤᠯᠠᠭᠠᠴᠠᠭᠤᠯᠤᠨ᠂ ᠳᠤᠷᠤᠢ ᠪᠠᠭᠤᠷᠠᠢ ᠤᠯᠠᠨ ᠲᠦᠮᠡᠨ ᠳᠤ ᠬᠠᠬᠢᠷ ᠡᠪᠦᠯ ᠤᠨ ᠭᠦᠢᠲᠡᠨ ᠳᠤᠮᠳᠠᠬᠢ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃       ᠤᠳᠤ ᠪᠤᠯᠲᠠᠯ᠎ᠠ᠂ 24 ᠲᠦᠮᠡᠨ ᠲᠦᠭᠦᠷᠢᠭ ᠤᠨ ᠳᠤᠯᠠᠭᠠᠯᠠᠭ᠎ᠠ ᠶᠢᠨ ᠨᠦᠬᠦᠪᠦᠷᠢ ᠲᠠᠷᠬᠠᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号