ᠳ᠋ᠦᠩ ᠴᠧᠩ ᠵᠡᠭᠡᠯᠢ ᠭᠤᠳᠤᠮᠵᠢ ᠭᠤᠷᠪᠠᠨ 《 ᠬᠡᠪᠰᠢᠭᠦᠯᠦᠯᠲᠡ 》 ᠪᠠᠷ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2016/3/2
      ᠳ᠋ᠦᠩ ᠴᠧᠩ ᠵᠡᠭᠡᠯᠢ ᠭᠤᠳᠤᠮᠵᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢᠨ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠬᠠᠷᠢᠶ᠎ᠠ ᠲᠤᠭᠤᠷᠢᠭ ᠤᠨ ᠬᠦᠮᠦᠨ ᠰᠠᠭᠤᠭᠠᠯᠢ ᠶᠢᠨ ᠤᠷᠴᠢᠨ ᠲᠤᠭᠤᠷᠢᠨ ᠢ ᠬᠦᠴᠦᠯᠡᠨ ᠰᠠᠶᠢᠵᠢᠷᠠᠭᠤᠯᠵᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢᠨ ᠠᠵᠢᠯ ᠢ ᠬᠡᠪᠰᠢᠭᠦᠯᠬᠦ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠡᠪᠰᠢᠭᠦᠯᠦᠨ᠎ᠡ᠃ ᠵᠡᠭᠡᠯᠢ ᠭᠤᠳᠤᠮᠵᠢ ᠶᠢᠨ ᠴᠡᠭᠴᠡᠯᠡᠨ ᠵᠠᠰᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠦᠬᠦ ᠭᠡᠰᠢᠭᠦᠳ ᠤᠷᠤᠨ ᠬᠤᠪᠢᠶᠠᠨ ᠬᠡᠰᠡᠭᠯᠡᠨ ᠳᠠᠭᠠᠭᠠᠴᠢᠯᠠᠬᠤ ᠳᠦᠷᠢᠮ ᠢ ᠬᠡᠷᠡᠭᠵᠢᠭᠦᠯᠵᠦ᠂ ᠤᠷᠤᠨ ᠬᠡᠪᠴᠢᠶ᠎ᠡ ᠲᠤᠭᠲᠠᠭᠠᠨ᠂ ᠪᠠᠷᠢᠮᠵᠢᠶ᠎ᠠ ᠲᠤᠭᠲᠠᠭᠠᠵᠤ᠂ ᠴᠠᠭ ᠤᠨ ᠬᠢᠵᠠᠭᠠᠷ ᠲᠤᠭᠲᠠᠭᠠᠨ᠂ ᠬᠠᠷᠢᠭᠤᠴᠠᠯᠭ᠎ᠠ᠂ ᠡᠭᠦᠷᠭᠡ ᠶᠢ ᠨᠠᠷᠢᠯᠢᠭ ᠬᠤᠪᠢᠶᠠᠷᠢᠯᠠᠵᠤ᠂ ᠬᠠᠷᠢᠭᠤᠴᠠᠯᠭ᠎ᠠ ᠶᠢ ᠬᠦᠮᠦᠨ ᠪᠦᠷᠢ ᠳᠤ ᠨᠠᠶᠢᠳᠠᠪᠤᠷᠢᠵᠢᠭᠤᠯᠤᠨ᠂ 《 ᠨᠡᠶᠢᠳᠡᠮ ᠪᠦᠷᠬᠦᠭᠦᠯᠦᠨ᠂ ᠵᠠᠢ ᠵᠡᠪᠰᠡᠷ ᠦᠭᠡᠢ 》 ᠪᠤᠯᠭᠠᠬᠤ ᠠᠵᠢᠯ ᠤᠨ ᠰᠢᠨ᠎ᠡ ᠪᠠᠶᠢᠷᠢᠯᠠᠭᠤᠯᠤᠯᠲᠠ ᠶᠢ ᠪᠦᠷᠢᠯᠳᠦᠭᠦᠯᠦᠨ᠎ᠡ᠃       ᠤᠬᠠᠭᠤᠯᠭ᠎ᠠ ᠬᠦᠮᠦᠵᠢᠯ ᠢ ᠬᠡᠪᠰᠢᠭᠦᠯᠦᠨ᠎ᠡ᠃ ᠨᠡᠶᠢᠭᠡᠮ ᠲᠤᠭᠤᠷᠢᠭ ᠤᠨ ᠤᠬᠠᠭᠤᠯᠭ᠎ᠠ ᠶᠢᠨ ᠰᠠᠮᠪᠠᠷ᠎ᠠ᠂ ᠰᠠᠮᠪᠠᠷ᠎ᠠ ᠶᠢᠨ ᠰᠤᠨᠢᠨ ᠵᠡᠷᠭᠡ ᠤᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠶᠢ ᠭᠦᠢᠴᠡᠳ ᠠᠰᠢᠭᠯᠠᠨ᠂ ᠲᠤᠰᠬᠠᠢ ᠰᠡᠳᠦᠪᠲᠦ ᠶᠠᠷᠢᠶ᠎ᠠ ᠢᠯᠡᠳᠬᠡᠯ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠶᠢᠯ ᠳᠠᠷᠠᠭᠠᠯᠠᠨ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠠᠳ᠂ ᠦᠷᠭᠡᠨ ᠤᠯᠠᠨ ᠠᠷᠠᠳ ᠲᠦᠮᠡᠨ ᠳᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢᠨ ᠵᠤᠷᠢᠯᠭ᠎ᠠ᠂ ᠤᠳᠬ᠎ᠠ ᠠᠭᠤᠯᠭ᠎ᠠ᠂ 《 ᠤᠷᠴᠢᠨ ᠲᠤᠭᠤᠷᠢᠨ ᠢᠶᠠᠨ ᠬᠠᠶᠢᠷᠠᠯᠠᠨ ᠬᠠᠮᠠᠭᠠᠯᠠᠵᠤ᠂ ᠪᠤᠯᠪᠠᠰᠤᠨ ᠢ ᠡᠷᠬᠢᠮᠯᠡᠨ ᠳᠡᠭᠡᠳᠦᠯᠡᠬᠦ 》 ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠂ ᠰᠠᠭᠤᠭᠠᠯᠢ ᠠᠷᠠᠳ ᠢ ᠤᠳᠤᠷᠢᠳᠤᠨ ᠪᠤᠯᠪᠠᠰᠤᠨ᠂ ᠡᠷᠡᠭᠦᠯ ᠴᠢᠬᠢᠷᠠᠭ᠂ ᠡᠮᠬᠢ ᠲᠢᠭᠯᠢᠮ  ᠲᠠᠢ ᠠᠮᠢᠳᠤᠷᠠᠯ ᠤᠨ ᠠᠷᠭ᠎ᠠ ᠬᠡᠯᠪᠡᠷᠢ ᠪᠤᠯᠤᠨ ᠤᠬᠠᠮᠰᠠᠷ ᠠᠴᠠ ᠪᠠᠨ ᠤᠯᠠᠨ ᠨᠡᠶᠢᠲᠡ ᠶᠢᠨ ᠤᠷᠴᠢᠨ ᠲᠤᠭᠤᠷᠢᠨ ᠢ ᠬᠠᠮᠠᠭᠠᠯᠠᠬᠤ ᠳᠠᠳᠬᠠᠯ ᠢ ᠪᠦᠷᠢᠯᠳᠦᠭᠦᠯᠵᠦ᠂ ᠪᠦᠬᠦ ᠠᠷᠠᠳ ᠤᠨ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠦᠨᠡᠨᠬᠦ ᠴᠢᠩᠭᠠᠳᠬᠠᠵᠤ᠂ ᠤᠯᠠᠨ ᠲᠦᠮᠡᠨ ᠤ ᠤᠷᠤᠯᠴᠠᠬᠤ ᠢᠳᠡᠪᠬᠢᠵᠢᠯ ᠪᠠ ᠬᠦᠳᠡᠯᠦᠩᠭᠦᠢ ᠴᠢᠨᠠᠷ ᠢ ᠪᠦᠲᠦᠮᠵᠢᠲᠡᠢ ᠳᠡᠭᠡᠭᠰᠢᠯᠡᠭᠦᠯᠦᠨ᠎ᠡ᠃       ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠬᠡᠪᠰᠢᠭᠦᠯᠦᠨ᠎ᠡ᠃ ᠵᠡᠭᠡᠯᠢ ᠭᠤᠳᠤᠮᠵᠢ ᠶᠢ ᠲᠦᠪᠯᠡᠷᠡᠭᠦᠯᠦᠨ ᠴᠡᠭᠴᠡᠯᠡᠨ ᠵᠠᠰᠠᠬᠤ ᠪᠤᠯᠤᠨ ᠡᠳᠦᠷ ᠲᠤᠲᠤᠮ ᠤᠨ ᠬᠠᠮᠢᠶᠠᠷᠤᠯᠲᠠ ᠲᠠᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠤᠨ᠂ ᠨᠡᠶᠢᠭᠡᠮ ᠲᠤᠭᠤᠷᠢᠭ ᠤᠨ ᠠᠵᠢᠯᠲᠠᠨ ᠪᠤᠯᠤᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ᠬᠠᠷᠢᠶ᠎ᠠ ᠲᠤᠭᠤᠷᠢᠭ ᠤᠨ ᠪᠠᠷᠢᠯᠭ᠎ᠠ ᠶᠢᠨ ᠬᠤᠭ ᠯᠤᠪᠰᠢ᠂ ᠠᠮᠢᠳᠤᠷᠠᠯ ᠤᠨ ᠬᠤᠭ ᠯᠤᠪᠰᠢ ᠵᠢᠴᠢ ᠦᠨᠴᠦᠭ ᠪᠤᠯᠤᠩ ᠤᠨ ᠬᠤᠭ ᠯᠤᠪᠰᠢ ᠶᠢ ᠲᠤᠭᠲᠠᠮᠠᠯ ᠪᠤᠰᠤ ᠬᠤᠭᠤᠴᠠᠭ᠎ᠠ ᠲᠠᠢ ᠴᠡᠪᠡᠷᠯᠡᠨ᠂ ᠬᠠᠷᠢᠶ᠎ᠠ ᠲᠤᠭᠤᠷᠢᠭ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠪᠡᠷ ᠲᠡᠭᠰᠢ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠤᠷᠲᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠦᠨᠡᠨᠬᠦ ᠨᠠᠶᠢᠳᠠᠪᠤᠷᠢᠵᠢᠭᠤᠯᠤᠨ᠂ ᠬᠠᠷᠢᠶ᠎ᠠ ᠲᠤᠭᠤᠷᠢᠭ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢᠨ ᠠᠵᠢᠯ ᠤᠨ ᠦᠷᠭᠦᠯᠵᠢᠯᠡᠨ ᠤᠷᠲᠤᠮᠵᠢ ᠶᠢᠨ ᠴᠢᠨᠠᠷᠲᠠᠢ ᠦᠷᠨᠢᠭᠦᠯᠬᠦ ᠶᠢ ᠪᠠᠲᠤᠯᠠᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号