| — — 2016 ᠤᠨ ᠤ 1 ᠰᠠᠷ᠎ᠠ ᠶᠢᠨ 14 ᠤ ᠡᠳᠦᠷ ᠤᠯᠠᠭᠠᠨᠬᠠᠳᠠ ᠬᠤᠲᠠ ᠶᠢᠨ ᠬᠤᠩ ᠱᠠᠨ | ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠳᠡᠭᠡᠷ᠎ᠡ | ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠯᠢᠦ ᠶᠢᠨ ᠹᠦ᠋ | ᠲᠦᠯᠦᠭᠡᠯᠡᠭᠴᠢᠳ ᠡ᠄ | ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠤᠳᠤ ᠬᠤᠩ ᠱᠠᠨ ᠲᠤᠭᠤᠷᠢᠭ ᠤᠨ 2015 | ᠤᠨ ᠤ ᠡᠳ᠋ ᠤᠨ ᠵᠠᠰᠠᠭ ᠤᠨ ᠲᠦᠰᠦᠪ ᠤᠨ ᠭᠦᠢᠴᠡᠳᠬᠡᠭᠰᠡᠨ ᠪᠠᠶᠢᠳᠠᠯ ᠪᠠ 2016 ᠤᠨ ᠤ ᠡᠳ᠋ ᠤᠨ ᠵᠠᠰᠠᠭ ᠤᠨ | ᠲᠦᠰᠦᠪ ᠤᠨ ᠲᠦᠰᠦᠯ ᠤᠨ ᠮᠡᠳᠡᠭᠦᠯᠦᠯᠲᠡ ᠬᠢᠶ᠎ᠡ᠂ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠬᠢᠨᠠᠨ ᠵᠦᠪᠯᠡᠬᠦ ᠶᠢᠨ ᠬᠠᠮᠲᠤ | ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ | ᠰᠠᠨᠠᠯ ᠢᠶᠠᠨ ᠳᠤᠷᠠᠳᠬᠤ ᠪᠤᠯᠪᠠᠦ︖ | ᠨᠢᠭᠡ᠂ 2015 ᠤᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠦᠰᠦᠪ ᠤᠨ ᠭᠦᠢᠴᠡᠳᠬᠡᠭᠰᠡᠨ | ᠪᠠᠶᠢᠳᠠᠯ | 2015 ᠤᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠪᠤᠯᠤᠨ | ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ | ᠲᠤᠤᠷ᠎ᠠ᠂ ᠡᠯ᠎ᠡ ᠰᠠᠯᠠᠭ᠎ᠠ ᠮᠦᠴᠢᠷ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠢᠳᠪᠦᠷᠢ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠲᠤᠭᠤᠷᠢᠭ ᠤᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠤᠭᠠᠨ ᠠᠴᠠ | ᠵᠦᠪᠰᠢᠶᠡᠷᠡᠭᠰᠡᠨ ᠡᠳ᠋ ᠤᠨ ᠵᠠᠰᠠᠭ ᠤᠨ ᠲᠦᠰᠦᠪ ᠪᠤᠯᠤᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠵᠦᠪᠰᠢᠶᠡᠷᠡᠭᠰᠡᠨ ᠡᠳ᠋ ᠤᠨ ᠵᠠᠰᠠᠭ ᠤᠨ | ᠲᠦᠰᠦᠪ ᠤᠨ ᠲᠤᠬᠢᠷᠠᠭᠤᠯᠤᠯᠲᠠ ᠶᠢ ᠬᠢᠨᠠᠮᠠᠭᠠᠢ ᠬᠡᠷᠡᠭᠵᠢᠭᠦᠯᠦᠨ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ | ᠪᠠᠶᠢᠳᠠᠯ ᠳᠤ ᠬᠦᠳᠡᠯᠦᠩᠭᠦᠢ ᠪᠠᠷ ᠵᠤᠬᠢᠴᠠᠵᠤ᠂ ᠠᠵᠤ ᠠᠬᠤᠢ ᠶᠢᠨ ᠳᠤᠷᠤᠭᠰᠢ ᠳᠠᠷᠤᠯᠲᠠ ᠶᠢ ᠢᠯᠠᠨ ᠳᠠᠪᠠᠵᠤ᠂ | ᠡᠳ᠋ ᠤᠨ ᠵᠠᠰᠠᠭ ᠤᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ | ᠤᠷᠢᠳᠠᠴᠢ ᠬᠠᠷᠠᠯᠲᠠ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠲᠦᠰᠦᠪ ᠤᠨ ᠭᠦᠢᠴᠡᠳᠬᠡᠭᠰᠡᠨ ᠪᠠᠶᠢᠳᠠᠯ ᠨᠡᠯᠢᠶᠡᠳ | ᠰᠠᠶᠢᠨ᠃ | 2015 ᠤᠨ ᠳᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠤᠷᠤᠯᠭ᠎ᠠ ᠶᠢᠨ ᠶᠡᠷᠦᠩᠭᠡᠢ ᠲᠤᠭ᠎ᠠ | 412001 ᠲᠦᠮᠡᠨ ᠲᠦᠭᠦᠷᠢᠭ ᠬᠦᠷᠴᠦ᠂ ᠪᠦᠬᠦ ᠲᠤᠭᠤᠷᠢᠭ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠶᠡᠷᠦᠩᠬᠡᠢ | ᠲᠤᠭ᠎ᠠ 412390 ᠲᠦᠮᠡᠨ ᠲᠦᠭᠦᠷᠢᠭ᠂ ᠪᠤᠳᠠᠲᠠᠢ ᠤᠷᠤᠯᠭ᠎ᠠ ᠵᠠᠷᠤᠯᠭ᠎ᠠ ᠶᠢᠨ ᠪᠠᠶᠢᠳᠠᠯ ᠨᠢ ᠲᠤᠤᠷᠠᠬᠢ ᠮᠡᠲᠦ᠄ | ︵ᠨᠢᠭᠡ︶ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠭᠦᠢᠴᠡᠳᠬᠡᠭᠰᠡᠨ ᠪᠠᠶᠢᠳᠠᠯ | 2015 ᠤᠨ ᠤ ᠪᠦᠬᠦ ᠲᠤᠭᠤᠷᠢᠭ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠤᠷᠤᠯᠭ᠎ᠠ ᠪᠤᠯᠤᠨ | ᠦᠷᠢ ᠦᠭᠴᠡᠭᠡᠨ ᠤ ᠤᠷᠤᠯᠭ᠎ᠠ 262105 ᠲᠦᠮᠡᠨ ᠲᠦᠭᠦᠷᠢᠭ ᠬᠦᠷᠪᠡ᠂ ᠡᠭᠦᠨ ᠳᠤ᠄ ᠤᠯᠠᠨ ᠨᠡᠶᠢᠲᠡ ᠶᠢᠨ | ᠡᠳ᠋ ᠤᠨ ᠵᠠᠰᠠᠭ ᠤᠨ ᠤᠷᠤᠯᠭ᠎ᠠ 216200 ᠲᠦᠮᠡᠨ ᠲᠦᠭᠦᠷᠢᠭ ᠬᠦᠷᠴᠦ᠂ ᠲᠦᠰᠦᠪ ᠤᠨ ᠡᠭᠦᠷᠭᠡ 216126 | ᠲᠦᠮᠡᠨ ᠲᠦᠭᠦᠷᠢᠭ ᠤᠨ 100.03%᠂ ᠨᠢᠳᠦᠨᠦᠨ ᠤ ᠠᠳᠠᠯᠢ ᠬᠤᠭᠤᠴᠠᠭᠠᠨ ᠤ 200117 ᠲᠦᠮᠡᠨ | ᠲᠦᠭᠦᠷᠢᠭ ᠲᠠᠢ ᠬᠠᠷᠢᠴᠠᠭᠤᠯᠪᠠᠯ 16083 ᠲᠦᠮᠡᠨ ᠲᠦᠭᠦᠷᠢᠭ ᠨᠡᠮᠡᠭᠳᠡᠵᠦ᠂ 8.04% ᠨᠡᠮᠡᠭᠳᠡᠵᠡᠢ᠃ | ᠡᠭᠦᠨ ᠳᠤ᠂ ᠭᠠᠶᠢᠯᠢ ᠶᠢᠨ ᠤᠷᠤᠯᠭ᠎ᠠ 158805 ᠲᠦᠮᠡᠨ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ | 14760 ᠲᠦᠮᠡᠨ ᠲᠦᠭᠦᠷᠢᠭ ᠳᠤᠷᠤᠭᠰᠢᠯᠠᠨ᠂ ᠭᠤᠤᠯ ᠰᠢᠯᠲᠠᠭᠠᠨ ᠨᠢ ᠭᠡᠷ ᠬᠦᠷᠦᠩᠭᠡ ᠶᠢᠨ ᠵᠠᠬ᠎ᠠ ᠳᠡᠯᠭᠡᠭᠦᠷ ᠤᠨ | ᠦᠷᠨᠢᠭᠦᠨ ᠪᠤᠰᠤ ᠵᠡᠷᠭᠡ ᠬᠦᠴᠦᠨ ᠵᠦᠢᠯ ᠳᠤ ᠨᠦᠯᠦᠭᠡᠯᠡᠭᠳᠡᠵᠦ᠂ ᠭᠡᠷ ᠬᠦᠷᠦᠩᠭᠡ ᠶᠢᠨ ᠠᠵᠢᠯ ᠲᠦᠷᠦᠯ ᠲᠠᠢ | ᠬᠤᠯᠪᠤᠭᠳᠠᠯ ᠪᠦᠬᠦᠢ ᠭᠠᠶᠢᠯᠢ ᠶᠢᠨ ᠤᠷᠤᠯᠭ᠎ᠠ ᠠᠳᠠᠯᠢ ᠪᠤᠰᠤ ᠬᠡᠮᠵᠢᠶ᠎ᠡ ᠪᠠᠷ ᠪᠠᠭᠠᠰᠪᠠ︔ ᠭᠠᠶᠢᠯᠢ ᠶᠢᠨ ᠪᠤᠰᠤ | ᠤᠷᠤᠯᠭ᠎ᠠ 57395 ᠲᠦᠮᠠᠨ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 30843 ᠲᠦᠮᠡᠨ ᠲᠦᠭᠦᠷᠢᠭ | ᠨᠡᠮᠡᠭᠳᠡᠪᠡ᠂ ᠭᠤᠤᠯ ᠰᠢᠯᠲᠠᠭᠠᠨ ᠨᠢ ᠮᠠᠨ ᠤ ᠲᠤᠭᠤᠷᠢᠭ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠲᠠ ᠶᠢᠨ | ᠬᠦᠴᠦᠯᠡᠴᠡ ᠪᠠᠨ ᠨᠡᠮᠡᠭᠳᠡᠭᠦᠯᠦᠨ᠂ ᠡᠮᠦᠨ᠎ᠡ ᠬᠤᠭᠤᠴᠠᠭᠠᠨ ᠤ ᠦᠷᠢᠳᠦᠭᠰᠡᠨ ᠭᠠᠶᠢᠯᠢ ᠶᠢᠨ ᠪᠤᠰᠤ ᠤᠷᠤᠯᠭ᠎ᠠ ᠶᠢ | ᠪᠦᠬᠦᠨ ᠢ ᠤᠯᠤᠰ ᠤᠨ ᠰᠠᠩ ᠳᠤ ᠳᠤᠰᠢᠶᠠᠪᠠ︔ ᠡᠩ ᠤᠨ ᠦᠷᠢ ᠦᠭᠴᠡᠭᠡᠨ ᠤ ᠤᠷᠤᠯᠭ᠎ᠠ 45905 ᠲᠦᠮᠡᠨ | ᠲᠦᠭᠦᠷᠢᠭ᠃ | 2015 ᠤᠨ ᠤ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ | 318238 ᠲᠦᠮᠡᠨ ᠲᠦᠭᠦᠷᠢᠭ ᠬᠦᠷᠴᠦ᠂ ᠲᠤᠬᠢᠷᠠᠭᠤᠯᠤᠭᠰᠠᠨ ᠲᠦᠰᠦᠪ ᠤᠨ 93.9% ᠶᠢ ᠪᠡᠶᠡᠯᠡᠭᠦᠯᠦᠨ᠂ | ᠳᠡᠭᠡᠷ᠎ᠡ ᠵᠢᠯ ᠤᠨ ᠵᠠᠷᠤᠯᠭ᠎ᠠ 260018 ᠲᠦᠮᠡᠨ ᠲᠦᠭᠦᠷᠢᠭ ᠠᠴᠠ 58220 ᠲᠦᠮᠡᠨ ᠲᠦᠭᠦᠷᠢᠭ ᠨᠡᠮᠡᠭᠳᠡᠵᠦ᠂ | 22.4% ᠨᠡᠮᠡᠭᠳᠡᠪᠡ᠃ ᠭᠤᠤᠯ ᠨᠡᠮᠡᠭᠳᠡᠭᠰᠡᠨ ᠵᠠᠷᠤᠯᠭ᠎ᠠ ᠶᠢᠨ ᠲᠦᠷᠦᠯ ᠵᠦᠢᠯ ᠵᠠᠰᠠᠭ ᠵᠠᠬᠢᠷᠭᠠᠨ ᠤ ᠠᠵᠢᠯ | ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠶᠢᠨ ᠵᠠᠷᠤᠯᠭ᠎ᠠ 33666 ᠲᠦᠮᠡᠨ ᠲᠦᠭᠦᠷᠢᠭ ᠨᠡᠮᠡᠭᠳᠡᠨ᠂ ᠬᠦᠳᠡᠭᠡ | ᠲᠤᠰᠬᠤᠨ ᠤ 《 ᠠᠷᠪᠠ ᠶᠢ ᠪᠦᠷᠬᠦᠭᠦᠯᠬᠦ 》 ᠵᠢᠴᠢ ᠦᠵᠡᠰᠬᠦᠯᠡᠩᠲᠦ ᠬᠦᠳᠡᠭᠡ ᠲᠤᠰᠬᠤᠨ ᠤ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠵᠠᠷᠤᠯᠭ᠎ᠠ 4500 ᠲᠦᠮᠡᠨ ᠲᠦᠭᠦᠷᠢᠭ ᠨᠡᠮᠡᠭᠳᠡᠵᠦ᠂ ᠦᠢᠯᠡᠳᠪᠦᠷᠢ | ᠬᠤᠳᠠᠯᠳᠤᠭ᠎ᠠ᠂ ᠴᠢᠨᠠᠷ ᠤᠨ ᠬᠢᠨᠠᠯᠲᠠ᠂ ᠢᠳᠡᠭᠡᠨ ᠡᠮ ᠤᠨ ᠬᠢᠨᠠᠯᠲᠠ ᠶᠢᠨ ᠰᠢᠰᠲ᠋ᠧᠮ ᠠᠴᠠ ᠳᠤᠷᠤᠭᠰᠢ | ᠪᠠᠭᠤᠯᠭᠠᠭᠰᠠᠨ ᠬᠤᠰᠢᠭᠤ ᠰᠢᠶᠠᠨ ᠲᠤᠭᠤᠷᠢᠭ ᠤᠨ ᠳᠡᠰ ᠤᠨ ᠵᠠᠷᠤᠯᠭ᠎ᠠ 2785 ᠲᠦᠮᠡᠨ ᠲᠦᠭᠦᠷᠢᠭ ᠨᠡᠮᠡᠭᠳᠡᠨ᠂ | 306 ᠤᠯᠤᠰ ᠤᠨ ᠵᠠᠮ ᠤᠨ ᠲᠦᠷᠦᠯ ᠵᠦᠢᠯ ᠤᠨ ᠵᠠᠷᠤᠯᠭ᠎ᠠ 4000 ᠲᠦᠮᠡᠨ ᠲᠦᠭᠦᠷᠢᠭ ᠨᠡᠮᠡᠭᠳᠡᠵᠦ᠂ ᠵᠠᠰᠠᠭ ᠤᠨ | ᠤᠷᠳᠤᠨ ᠤ ᠦᠷᠢ ᠦᠭᠴᠡᠭᠡᠨ ᠤ ᠵᠢᠭᠡᠯᠡᠯᠭᠡ ᠶᠢᠨ ᠬᠦᠦ ᠮᠦᠩᠭᠦ ᠶᠢᠨ ᠵᠠᠷᠤᠯᠭ᠎ᠠ 15184 ᠲᠦᠮᠡᠨ ᠲᠦᠭᠦᠷᠢᠭ | ᠨᠡᠮᠡᠭᠳᠡᠪᠡ᠃ | ᠭᠤᠤᠯ ᠵᠠᠷᠤᠯᠭ᠎ᠠ ᠶᠢᠨ ᠭᠦᠢᠴᠡᠳᠬᠡᠭᠳᠡᠭᠰᠡᠨ ᠪᠠᠶᠢᠳᠠᠯ᠄ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠵᠠᠷᠤᠯᠭ᠎ᠠ 25510 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ ᠪᠡᠶᠡᠯᠡᠭᠦᠯᠵᠦ᠂ | ᠳᠡᠭᠡᠷ᠎ᠡ ᠵᠢᠯ ᠠᠴᠠ 8715 ᠲᠦᠮᠡᠨ ᠲᠦᠭᠦᠷᠢᠭ ᠨᠡᠮᠡᠭᠳᠡᠨ᠂ 51.9% ᠨᠡᠮᠡᠭᠳᠡᠪᠡ︔ ᠤᠯᠠᠨ ᠨᠡᠶᠢᠲᠡ ᠶᠢᠨ | ᠠᠮᠤᠷ ᠲᠦᠪᠰᠢᠨ ᠤ ᠵᠠᠷᠤᠯᠭ᠎ᠠ 26788 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ | ᠪᠡᠶᠡᠯᠡᠭᠦᠯᠵᠦ᠂ ᠳᠡᠭᠡᠷ᠎ᠡ ᠵᠢᠯ ᠠᠴᠠ 13364 ᠲᠦᠮᠡᠨ ᠲᠦᠭᠦᠷᠢᠭ ᠨᠡᠮᠡᠭᠳᠡᠨ᠂ 99.6% ᠨᠡᠮᠡᠭᠳᠡᠪᠡ︔ ᠰᠤᠷᠭᠠᠨ | ᠬᠦᠮᠦᠵᠢᠯ ᠤᠨ ᠵᠠᠷᠤᠯᠭ᠎ᠠ 60503 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ | ᠪᠡᠶᠡᠯᠡᠭᠦᠯᠵᠦ᠂ ᠳᠡᠭᠡᠷ᠎ᠡ ᠵᠢᠯ ᠠᠴᠠ 9305 ᠲᠦᠮᠡᠨ ᠲᠦᠭᠦᠷᠢᠭ ᠨᠡᠮᠡᠭᠳᠡᠨ᠂ 18.2% ᠨᠡᠮᠡᠭᠳᠡᠪᠡ︔ ᠰᠢᠨᠵᠢᠯᠡᠭᠡ | ᠮᠡᠷᠭᠡᠵᠢᠯ ᠤᠨ ᠵᠠᠷᠤᠯᠭ᠎ᠠ 2444 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ | ᠪᠡᠶᠡᠯᠡᠭᠦᠯᠵᠦ᠂ ᠳᠡᠭᠡᠷ᠎ᠡ ᠵᠢᠯ ᠠᠴᠠ 168 ᠲᠦᠮᠡᠨ ᠲᠦᠭᠦᠷᠢᠭ ᠨᠡᠮᠡᠭᠳᠡᠨ᠂ 7.4% ᠨᠡᠮᠡᠭᠳᠡᠪᠡ︔ ᠰᠤᠶᠤᠯ ᠲᠠᠮᠢᠷ | ᠪᠤᠯᠤᠨ ᠤᠯᠠᠮᠵᠢᠯᠠᠬᠤ ᠵᠠᠭᠤᠴᠢ ᠶᠢᠨ ᠵᠠᠷᠤᠯᠭ᠎ᠠ 2106 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ | 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 651 ᠲᠦᠮᠡᠨ ᠲᠦᠭᠦᠷᠢᠭ ᠪᠠᠭᠠᠰᠴᠤ᠂ 23.6% ᠪᠠᠭᠠᠰᠪᠠ︔ | ᠨᠡᠶᠢᠭᠡᠮ ᠤᠨ ᠪᠠᠲᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 38538 ᠲᠦᠮᠡᠨ ᠲᠦᠭᠦᠷᠢᠭ᠂ | ᠲᠤᠬᠢᠷᠠᠭᠤᠯᠤᠭᠰᠠᠨ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 4318 ᠲᠦᠮᠡᠨ ᠲᠦᠭᠦᠷᠢᠭ | ᠨᠡᠮᠡᠭᠳᠡᠨ᠂ 12.6% ᠨᠡᠮᠡᠭᠳᠡᠪᠡ︔ ᠡᠮ ᠡᠮᠨᠡᠯᠭᠡ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠤᠨ | ᠵᠠᠷᠤᠯᠭ᠎ᠠ 17720 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ ᠪᠡᠶᠡᠯᠡᠭᠦᠯᠵᠦ᠂ | ᠳᠡᠭᠡᠷ᠎ᠡ ᠵᠢᠯ ᠠᠴᠠ 1863 ᠲᠦᠮᠡᠨ ᠲᠦᠭᠦᠷᠢᠭ ᠨᠡᠮᠡᠭᠳᠡᠨ᠂ 11.7% ᠨᠡᠮᠡᠭᠳᠡᠪᠡ︔ ᠲᠠᠷᠢᠶᠠᠯᠠᠩ ᠤᠢ ᠰᠢᠭᠤᠢ | ᠤᠰᠤᠨ ᠠᠰᠢᠭᠯᠠᠯᠲᠠ ᠶᠢᠨ ᠵᠠᠷᠤᠯᠭ᠎ᠠ 17791 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ | 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 8193 ᠲᠦᠮᠡᠨ ᠲᠦᠭᠦᠷᠢᠭ ᠨᠡᠮᠡᠭᠳᠡᠨ᠂ 85.4% ᠨᠡᠮᠡᠭᠳᠡᠪᠡ | ︔ ᠵᠠᠮ ᠲᠡᠭᠡᠭᠡᠪᠦᠷᠢ ᠶᠢᠨ ᠵᠠᠷᠤᠯᠭ᠎ᠠ 9201 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ | ᠪᠡᠶᠡᠯᠡᠭᠦᠯᠵᠦ᠂ ᠳᠡᠭᠡᠷ᠎ᠡ ᠵᠢᠯ ᠠᠴᠠ 2752 ᠲᠦᠮᠡᠨ ᠲᠦᠭᠦᠷᠢᠭ ᠪᠠᠭᠠᠰᠴᠤ᠂ 23% ᠪᠠᠭᠠᠰᠪᠠ︔ ᠡᠬᠢ | ᠪᠠᠶᠠᠯᠢᠭ ᠢ ᠬᠠᠶᠢᠨ ᠰᠢᠨᠵᠢᠯᠡᠬᠦ ᠰᠤᠷᠠᠭ ᠵᠠᠩᠭᠢ ᠵᠡᠷᠭᠡ ᠶᠢᠨ ᠵᠠᠷᠤᠯᠭ᠎ᠠ 3219 ᠲᠦᠮᠡᠨ ᠲᠦᠭᠦᠷᠢᠭ᠂ | ᠲᠤᠬᠢᠷᠠᠭᠤᠯᠤᠭᠰᠠᠨ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 289 ᠲᠦᠮᠡᠨ ᠲᠦᠭᠦᠷᠢᠭ | ᠪᠠᠭᠠᠰᠴᠤ᠂ 8.2% ᠪᠠᠭᠠᠰᠪᠠ︔ ᠠᠷᠠᠯᠵᠢᠶᠠᠨ ᠤ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 2860 | ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 3797 | ᠲᠦᠮᠡᠨ ᠲᠦᠭᠦᠷᠢᠭ ᠪᠠᠭᠠᠰᠴᠤ᠂ 57% ᠪᠠᠭᠠᠰᠪᠠ︔ ᠭᠠᠵᠠᠷ ᠰᠢᠷᠤᠢ᠂ ᠲᠠᠯᠠᠢ ᠲᠠᠩᠭᠢᠰ᠂ ᠠᠭᠤᠷ ᠠᠮᠢᠰᠬᠤᠯ | ᠵᠡᠷᠭᠡ ᠶᠢᠨ ᠵᠠᠷᠤᠯᠭ᠎ᠠ 333 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ ᠪᠡᠶᠡᠯᠡᠭᠦᠯᠵᠦ᠂ | ᠳᠡᠭᠡᠷ᠎ᠡ ᠵᠢᠯ ᠠᠴᠠ 1161 ᠲᠦᠮᠡᠨ ᠲᠦᠭᠦᠷᠢᠭ ᠪᠠᠭᠠᠰᠴᠤ᠂ 77.7% ᠪᠠᠭᠠᠰᠪᠠ︔ ᠤᠷᠤᠨ ᠰᠠᠭᠤᠴᠠ ᠶᠢᠨ | ᠪᠠᠲᠤᠯᠠᠭ᠎ᠠ ᠶᠢᠨ ᠵᠠᠷᠤᠯᠭ᠎ᠠ 17602 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ | ᠪᠡᠶᠡᠯᠡᠭᠦᠯᠵᠦ᠂ ᠳᠡᠭᠡᠷ᠎ᠡ ᠵᠢᠯ ᠠᠴᠠ 9283 ᠲᠦᠮᠡᠨ ᠲᠦᠭᠦᠷᠢᠭ ᠪᠠᠭᠠᠰᠴᠤ᠂ 34.5% ᠪᠠᠭᠠᠰᠪᠠ︔ ᠠᠮᠤ | ᠲᠤᠰᠤ ᠡᠳ᠋ ᠪᠠᠷᠠᠭ᠎ᠠ ᠨᠦᠬᠡᠴᠡ ᠶᠢᠨ ᠵᠠᠷᠤᠯᠭ᠎ᠠ 789 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ | 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 634 ᠲᠦᠮᠡᠨ ᠲᠦᠭᠦᠷᠢᠭ ᠨᠡᠮᠡᠭᠳᠡᠨ᠂ 409% ᠨᠡᠮᠡᠭᠳᠡᠪᠡ︔ | ᠪᠤᠰᠤᠳ ᠵᠠᠷᠤᠯᠭ᠎ᠠ 15811 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠢ 100% ᠪᠠᠷ | ᠪᠡᠶᠡᠯᠡᠭᠦᠯᠵᠦ᠂ ᠳᠡᠭᠡᠷ᠎ᠡ ᠵᠢᠯ ᠠᠴᠠ 10441 ᠲᠦᠮᠡᠨ ᠲᠦᠭᠦᠷᠢᠭ ᠨᠡᠮᠡᠭᠳᠡᠨ᠂ 194.4% ᠨᠡᠮᠡᠭᠳᠡᠪᠡ᠃ | ︵ᠬᠤᠶᠠᠷ︶ ᠵᠠᠰᠠᠭ ᠤᠨ ᠤᠷᠳᠤᠨ ᠤ ᠰᠠᠭᠤᠷᠢ ᠮᠦᠩᠭᠦ ᠶᠢᠨ ᠲᠦᠰᠦᠪ ᠤᠨ ᠬᠡᠷᠡᠭᠵᠢᠭᠦᠯᠦᠭᠳᠡᠭᠰᠡᠨ | ᠪᠠᠶᠢᠳᠠᠯ | 2015 ᠤᠨ ᠤ ᠵᠠᠰᠠᠭ ᠤᠨ ᠤᠷᠳᠤᠨ ᠤ ᠰᠠᠭᠤᠷᠢ ᠮᠦᠩᠭᠦ ᠶᠢᠨ ᠤᠷᠤᠯᠭ᠎ᠠ ᠪᠤᠯᠤᠨ ᠲᠤᠰᠬᠠᠢ ᠦᠷᠢ | ᠦᠭᠴᠡᠭᠡᠨ ᠤ ᠤᠷᠤᠯᠭ᠎ᠠ 129012 ᠲᠦᠮᠡᠨ ᠲᠦᠭᠦᠷᠢᠭ ᠬᠦᠷᠴᠦ᠂ ᠡᠭᠦᠨ ᠳᠤ᠄ ᠲᠤᠭᠤᠷᠢᠭ ᠤᠨ ᠲᠤᠰ | ᠱᠠᠲᠤᠨ ᠤ ᠵᠠᠰᠠᠭ ᠤᠨ ᠤᠷᠳᠤᠨ ᠤ ᠰᠠᠭᠤᠷᠢ ᠮᠦᠩᠭᠦ ᠶᠢᠨ ᠤᠷᠤᠯᠭ᠎ᠠ 50917 ᠲᠦᠮᠡᠨ ᠲᠦᠭᠦᠷᠢᠭ᠂ ᠳᠡᠭᠡᠷ᠎ᠡ | ᠵᠢᠯ ᠠᠴᠠ 29796 ᠲᠦᠮᠡᠨ ᠲᠦᠭᠦᠷᠢᠭ ᠳᠤᠷᠤᠭᠰᠢᠯᠠᠵᠤ᠂ 36.9% ᠳᠤᠷᠤᠭᠰᠢᠯᠠᠪᠠ︔ ᠲᠤᠰᠬᠠᠢ ᠦᠷᠢ | ᠦᠭᠴᠡᠭᠡᠨ ᠤ ᠤᠷᠤᠯᠭ᠎ᠠ 78095 ᠲᠦᠮᠡᠨ ᠲᠦᠭᠦᠷᠢᠭ᠃ ᠵᠠᠰᠠᠭ ᠤᠨ ᠤᠷᠳᠤᠨ ᠤ ᠰᠠᠭᠤᠷᠢ ᠮᠦᠩᠭᠦ ᠶᠢᠨ | ᠵᠠᠷᠤᠯᠭ᠎ᠠ 73409 ᠲᠦᠮᠡᠨ ᠲᠦᠭᠦᠷᠢᠭ᠂ ᠳᠡᠭᠡᠷ᠎ᠡ ᠵᠢᠯ ᠠᠴᠠ 12455 ᠲᠦᠮᠡᠨ ᠲᠦᠭᠦᠷᠢᠭ ᠪᠠᠭᠠᠰᠴᠤ᠂ 14. | 5% ᠳᠤᠷᠤᠭᠰᠢᠯᠠᠪᠠ᠃ ᠵᠠᠰᠠᠭ ᠤᠨ ᠤᠷᠳᠤᠨ ᠤ ᠰᠠᠭᠤᠷᠢ ᠮᠦᠩᠭᠦ ᠶᠢᠨ ᠤᠷᠤᠯᠭ᠎ᠠ ᠪᠠᠭᠠᠰᠤᠭᠰᠠᠨ ᠭᠤᠤᠯ | ᠰᠢᠯᠲᠠᠭᠠᠨ ᠨᠢ ᠭᠠᠵᠠᠷ ᠰᠢᠷᠤᠢ ᠬᠤᠳᠠᠯᠳᠤᠭᠰᠠᠨ ᠤᠷᠤᠯᠭ᠎ᠠ ᠨᠢᠳᠦᠨᠤᠨ ᠠᠴᠠ ᠬᠤᠯᠠ ᠪᠠᠭ᠎ᠠ ᠪᠠᠶᠢᠵᠤ᠂ ᠵᠠᠰᠠᠭ ᠤᠨ | ᠤᠷᠳᠤᠨ ᠤ ᠰᠠᠭᠤᠷᠢ ᠮᠦᠩᠭᠦ ᠶᠢᠨ ᠤᠷᠤᠯᠭ᠎ᠠ ᠶᠡᠭᠡ ᠬᠡᠪᠴᠢᠶ᠎ᠡ ᠪᠠᠷ ᠪᠠᠭᠠᠰᠬᠤ ᠶᠢᠨ ᠬᠠᠮᠲᠤ᠂ ᠵᠠᠰᠠᠭ ᠤᠨ | ᠤᠷᠳᠤᠨ ᠤ ᠰᠠᠭᠤᠷᠢ ᠮᠦᠩᠭᠦ ᠶᠢᠨ ᠵᠠᠷᠤᠯᠭ᠎ᠠ ᠴᠦ ᠳᠠᠭᠠᠯᠳᠤᠨ ᠪᠠᠭᠠᠰᠤᠭᠰᠠᠨ ᠪᠠᠶᠢᠨ᠎ᠠ᠃ | ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠲᠦᠰᠦᠪ ᠤᠨ ᠬᠡᠷᠡᠭᠵᠢᠭᠦᠯᠦᠭᠳᠡᠵᠦ | ᠪᠠᠶᠢᠭ᠎ᠠ ᠪᠠᠶᠢᠳᠠᠯ | 2015 ᠤᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠤᠷᠤᠯᠭ᠎ᠠ 20884 ᠲᠦᠮᠡᠨ | ᠲᠦᠭᠦᠷᠢᠭ ᠬᠦᠷᠴᠦ᠂ ᠳᠡᠭᠡᠷ᠎ᠡ ᠵᠢᠯ ᠠᠴᠠ 1937 ᠲᠦᠮᠡᠨ ᠲᠦᠭᠦᠷᠢᠭ ᠨᠡᠮᠡᠭᠳᠡᠨ᠂ 10.2% ᠨᠡᠮᠡᠭᠳᠡᠪᠡ︔ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠵᠠᠷᠤᠯᠭ᠎ᠠ 20743 ᠲᠦᠮᠡᠨ ᠲᠦᠭᠦᠷᠢᠭ᠂ ᠳᠡᠭᠡᠷ᠎ᠡ | ᠵᠢᠯ ᠠᠴᠠ 2654 ᠲᠦᠮᠡᠨ ᠲᠦᠭᠦᠷᠢᠭ ᠨᠡᠮᠡᠭᠳᠡᠨ᠂ 14.7% ᠨᠡᠮᠡᠭᠳᠡᠪᠡ᠃ | ︵ᠳᠦᠷᠪᠡ︶ 2015 ᠤᠨ ᠤ ᠡᠳ᠋ ᠤᠨ ᠵᠠᠰᠠᠭ ᠤᠨ ᠭᠤᠤᠯ ᠠᠵᠢᠯ ᠤᠨ ᠭᠦᠢᠴᠡᠳᠬᠡᠭᠳᠡᠭᠰᠡᠨ ᠪᠠᠶᠢᠳᠠᠯ | 2015 ᠤᠨ ᠪᠤᠯ 《 ᠠᠷᠪᠠᠨ ᠬᠤᠶᠠᠳᠤᠭᠠᠷ ᠲᠠᠪᠤᠨ ᠵᠢᠯ 》 ᠤᠨ ᠲᠦᠯᠦᠪᠵᠢᠭᠦᠯᠭᠡ ᠶᠢᠨ ᠰᠡᠭᠦᠯ ᠤᠨ | ᠵᠢᠯ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠡᠯ᠎ᠡ ᠲᠦᠷᠦᠯ ᠤᠨ ᠭᠦᠢᠴᠡᠳᠬᠡᠯ ᠲᠤᠭ᠎ᠠ ᠴᠦᠮ 《 ᠠᠷᠪᠠᠨ | ᠬᠤᠶᠠᠳᠤᠭᠠᠷ ᠲᠠᠪᠤᠨ ᠵᠢᠯ 》 ᠤᠨ ᠲᠦᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ | ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠡᠪᠴᠢᠶ᠎ᠡ ᠲᠠᠰᠤᠷᠠᠯᠲᠠ ᠦᠭᠡᠢ ᠦᠷᠭᠡᠵᠢᠨ᠂ ᠡᠳ᠋ ᠤᠨ ᠵᠠᠰᠠᠭ ᠤᠨ | ᠪᠤᠳᠠᠳᠤ ᠬᠦᠴᠦᠨ ᠢᠯᠡᠷᠬᠡᠢ ᠴᠢᠩᠭᠠᠷᠠᠪᠠ᠃ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠡᠳ᠋ ᠤᠨ | ᠵᠠᠰᠠᠭ ᠤᠨ ᠲᠦᠰᠦᠪ ᠤᠨ ᠤᠷᠤᠯᠭ᠎ᠠ 2010 ᠤᠨ ᠤ 2.2 ᠳᠠᠬᠢᠨ᠂ ᠡᠳ᠋ ᠤᠨ ᠵᠠᠰᠠᠭ ᠤᠨ ᠵᠠᠷᠤᠯᠭ᠎ᠠ 2010 | ᠤᠨ ᠤ 3.4 ᠳᠠᠬᠢᠨ ᠬᠦᠷᠪᠡ᠃ | 2015 ᠤᠨ ᠳᠤ᠂ ᠬᠦᠴᠢᠷ ᠪᠡᠷᠬᠡᠰᠢᠶᠡᠯ ᠲᠠᠢ ᠠᠵᠤ ᠠᠬᠤᠢ ᠶᠢᠨ ᠪᠠᠶᠢᠳᠠᠯ ᠪᠤᠯᠤᠨ ᠦᠭᠡᠷᠡᠴᠢᠯᠡᠯᠲᠡ | ᠬᠦᠭᠵᠢᠯᠲᠡ ᠶᠢᠨ ᠡᠭᠦᠷᠭᠡ ᠳᠤ ᠬᠠᠨᠳᠤᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ᠦᠢᠯᠡᠳᠦᠯ ᠴᠢᠳᠠᠮᠵᠢ ᠪᠠᠨ | ᠢᠳᠡᠪᠬᠢᠲᠡᠢ ᠪᠠᠳᠠᠷᠠᠭᠤᠯᠤᠨ᠂ ᠲᠠᠰᠤᠷᠠᠯᠲᠠ ᠦᠭᠡᠢ ᠠᠵᠢᠯ ᠤᠨ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠠᠵᠤ | ᠠᠬᠤᠢ ᠶᠢᠨ ᠲᠤᠭᠲᠠᠭᠤᠨ ᠨᠡᠮᠡᠭᠳᠡᠯ ᠢ ᠠᠬᠢᠭᠤᠯᠬᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠢᠳᠡᠪᠬᠢ ᠦᠢᠯᠡᠳᠦᠯ ᠪᠠᠳᠠᠷᠠᠭᠤᠯᠪᠠ᠃ ᠪᠦᠬᠦ ᠵᠢᠯ ᠤᠨ ᠡᠳ᠋ ᠤᠨ ᠵᠠᠰᠠᠭ ᠤᠨ | ᠲᠦᠰᠦᠪ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠶᠢᠨ ᠲᠦᠯᠦᠭᠡ᠂ ᠪᠢᠳᠡ ᠲᠤᠤᠷᠠᠬᠢ ᠬᠡᠳᠦᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠬᠢᠪᠡ᠃ | — — ᠪᠦᠬᠦ ᠬᠦᠴᠦᠨ ᠢᠶᠠᠷ ᠡᠳ᠋ ᠤᠨ ᠵᠠᠰᠠᠭ ᠤᠨ ᠤᠷᠤᠯᠭ᠎ᠠ ᠶᠢ ᠵᠤᠬᠢᠶᠠᠨ ᠪᠠᠶᠢᠭᠤᠯᠵᠤ᠂ ᠡᠳ᠋ ᠤᠨ | ᠵᠠᠰᠠᠭ ᠤᠨ ᠪᠤᠳᠠᠳᠤ ᠬᠦᠴᠦᠨ ᠢᠶᠠᠨ ᠴᠢᠩᠭᠠᠳᠬᠠᠪᠠ᠃ 2015 ᠤᠨ ᠳᠤ᠂ ᠤᠯᠤᠰ ᠤᠨ ᠲᠤᠬᠢᠷᠠᠭᠤᠯᠭ᠎ᠠ ᠪᠤᠯᠤᠨ | ᠠᠵᠤ ᠠᠬᠤᠢ ᠶᠢᠨ ᠪᠠᠶᠢᠳᠠᠯ ᠤᠨ ᠨᠦᠯᠦᠭᠡ ᠶᠢ ᠬᠦᠷᠲᠡᠨ᠂ ᠮᠠᠨ ᠤ ᠲᠤᠭᠤᠷᠢᠭ ᠤᠨ ᠡᠳ᠋ ᠤᠨ ᠵᠠᠰᠠᠭ ᠤᠨ | ᠤᠷᠤᠯᠭ᠎ᠠ ᠶᠢᠨ ᠨᠡᠮᠡᠭᠳᠡᠯ ᠤᠳᠠᠭᠠᠰᠢᠷᠠᠵᠤ᠂ ᠭᠠᠶᠢᠯᠢ ᠶᠢᠨ ᠤᠷᠤᠯᠭ᠎ᠠ ᠰᠦᠬᠡᠷᠬᠦ ᠨᠡᠮᠡᠭᠳᠡᠯ ᠲᠠᠢ ᠪᠤᠯᠵᠤ᠂ ᠪᠦᠬᠦ | ᠵᠢᠯ ᠤᠨ ᠡᠳ᠋ ᠤᠨ ᠵᠠᠰᠠᠭ ᠤᠨ ᠤᠷᠤᠯᠭ᠎ᠠ ᠶᠢᠨ ᠡᠭᠦᠷᠭᠡ ᠶᠢ ᠪᠡᠶᠡᠯᠡᠭᠦᠯᠬᠦ ᠳᠤ ᠮᠠᠰᠢ ᠶᠡᠭᠡ ᠳᠠᠷᠤᠯᠲᠠ ᠪᠤᠯᠤᠭᠰᠠᠨ | ᠪᠠᠶᠢᠨ᠎ᠠ᠃ ᠬᠦᠴᠢᠷᠳᠡᠯ ᠪᠤᠯᠤᠨ ᠠᠰᠠᠭᠤᠳᠠᠯ ᠳᠤ ᠴᠢᠭᠯᠡᠭᠦᠯᠦᠨ᠂ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠦᠴᠢᠷ | ᠨᠠᠷᠢᠨ ᠨᠢᠭᠲᠠ ᠬᠠᠮᠵᠢᠯᠴᠠᠨ᠂ ᠴᠠᠭ ᠳᠤᠬᠠᠢ ᠳᠤ ᠨᠢ ᠤᠷᠤᠯᠭ᠎ᠠ ᠶᠢᠨ ᠪᠠᠶᠢᠳᠠᠯ ᠢ ᠵᠠᠳᠠᠯᠵᠤ ᠰᠤᠳᠤᠯᠤᠨ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠭᠠᠶᠢᠯᠢ ᠶᠢᠨ ᠡᠬᠢ ᠰᠤᠷᠪᠤᠯᠵᠢ ᠶᠢᠨ ᠨᠢᠭᠤᠭᠳᠠᠮᠠᠯ ᠬᠦᠴᠦᠨ ᠢ ᠭᠦᠨᠵᠡᠭᠡᠢ | ᠢᠯᠡᠷᠡᠭᠦᠯᠵᠦ᠂ ᠤᠷᠤᠯᠭ᠎ᠠ ᠶᠢᠨ ᠨᠡᠮᠡᠭᠳᠡᠯ ᠤᠨ ᠵᠠᠮ ᠱᠤᠭᠤᠮ ᠢ ᠦᠷᠭᠡᠳᠬᠡᠨ᠂ ᠬᠤᠷᠢᠶᠠᠪᠠᠰᠤ ᠵᠤᠬᠢᠬᠤ ᠭᠠᠶᠢᠯᠢ ᠶᠢᠨ | ᠤᠷᠤᠯᠭ᠎ᠠ ᠶᠢ ᠪᠠᠲᠤᠯᠠᠭᠰᠠᠨ ᠪᠠᠶᠢᠨ᠎ᠠ᠃ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠲᠠ ᠶᠢᠨ ᠬᠦᠴᠦᠯᠡᠴᠡ ᠪᠠᠨ | ᠴᠢᠩᠭᠠᠳᠬᠠᠨ᠂ ᠡᠮᠦᠨ᠎ᠡ ᠵᠢᠯ ᠤᠳ ᠤᠨ ᠦᠷᠢᠲᠦᠭᠰᠡᠨ ᠭᠠᠶᠢᠯᠢ ᠶᠢᠨ ᠪᠤᠰᠤ ᠤᠷᠤᠯᠭ᠎ᠠ ᠶᠢ ᠪᠦᠬᠦ ᠲᠠᠯ᠎ᠠ ᠪᠠᠷ | ᠬᠤᠷᠢᠶᠠᠨ ᠴᠡᠭᠴᠡᠯᠡᠪᠡ᠃ ᠵᠠᠰᠠᠭ ᠤᠨ ᠤᠷᠳᠤᠨ ᠤ ᠦᠷᠢ ᠦᠭᠴᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠵᠠᠰᠠᠭ ᠤᠨ ᠤᠷᠳᠤᠨ ᠤ ᠦᠷᠢ ᠦᠭᠴᠡᠭᠡᠨ ᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ | ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢ ᠤᠯᠬᠤ ᠬᠦᠴᠦᠯᠡᠴᠡ ᠪᠠᠨ ᠴᠢᠩᠭᠠᠳᠬᠠᠨ᠂ ᠪᠦᠬᠦ | ᠵᠢᠯ ᠤᠨ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ 12.4 ᠳ᠋ᠦᠩᠰᠢᠭᠤᠷ ᠲᠦᠭᠦᠷᠢᠭ ᠬᠦᠷᠪᠡ᠃ | ᠡᠭᠦᠨ ᠤ ᠬᠠᠮᠲᠤ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠦᠴᠢᠷ ᠤᠯᠤᠰ ᠤᠨ ᠠᠵᠤ ᠦᠢᠯᠡᠰ ᠤᠨ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠪᠡᠯᠡ ᠤᠷᠤᠭᠤᠯᠤᠯᠲᠠ ᠶᠢᠨ ᠴᠢᠭᠯᠡᠯ ᠢ ᠤᠨᠤᠪᠴᠢᠲᠠᠢ ᠠᠳᠬᠤᠨ᠂ | ᠮᠠᠨ ᠤ ᠲᠤᠭᠤᠷᠢᠭ ᠤᠨ ᠠᠵᠤ ᠠᠬᠤᠢ ᠶᠢᠨ ᠬᠦᠭᠵᠢᠯᠲᠡ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠳᠡᠭᠡᠷ᠎ᠡ | ᠱᠠᠲᠤᠨ ᠤ ᠡᠳ᠋ ᠤᠨ ᠵᠠᠰᠠᠭ ᠤᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠤᠯᠬᠤ ᠪᠠᠷ ᠴᠢᠷᠮᠠᠶᠢᠵᠤ᠂ ᠪᠦᠬᠦ | ᠵᠢᠯ ᠤᠨ ᠳᠡᠭᠡᠷ᠎ᠡ ᠱᠠᠲᠤᠨ ᠤ ᠡᠯ᠎ᠡ ᠲᠦᠷᠦᠯ ᠤᠨ ᠨᠦᠬᠦᠪᠦᠷᠢ ᠶᠢᠨ ᠪᠡᠯᠡ ᠮᠦᠩᠭᠦ ᠨᠡᠶᠢᠲᠡ 16 ᠳ᠋ᠦᠩᠰᠢᠭᠤᠷ | ᠲᠦᠭᠦᠷᠢᠭ ᠤᠯᠵᠤ᠂ ᠮᠠᠨ ᠤ ᠲᠤᠭᠤᠷᠢᠭ ᠤᠨ ᠡᠳ᠋ ᠤᠨ ᠵᠠᠰᠠᠭ ᠤᠨ ᠬᠦᠴᠦᠨ ᠢ ᠶᠡᠬᠡᠪᠡᠷ ᠲᠡᠭᠦᠯᠳᠡᠷᠵᠢᠭᠦᠯᠪᠡ᠃ | — — ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠴᠢᠳᠠᠮᠵᠢ ᠶᠢ ᠳᠡᠭᠡᠭᠰᠢᠯᠡᠭᠦᠯᠪᠡ᠃ 《 ᠴᠠᠯᠢᠩ ᠢ ᠪᠠᠲᠤᠯᠠᠨ᠂ ᠡᠷᠭᠢᠯᠲᠡ ᠶᠢ ᠪᠠᠲᠤᠯᠠᠵᠤ᠂ | ᠠᠷᠠᠳ ᠤᠨ ᠠᠮᠢᠳᠤᠷᠠᠯ ᠢ ᠪᠠᠲᠤᠯᠠᠬᠤ 》 ᠱᠠᠭᠠᠷᠳᠠᠯᠭ᠎ᠠ ᠶᠤᠰᠤᠭᠠᠷ᠂ ᠦᠨᠳᠦᠰᠦᠨ ᠵᠠᠷᠤᠯᠭ᠎ᠠ ᠶᠢ ᠪᠠᠲᠤᠯᠠᠬᠤ ᠶᠢᠨ | ᠬᠠᠮᠲᠤ᠂ ᠠᠷᠠᠳ ᠤᠨ ᠠᠮᠢᠳᠤᠷᠠᠯ ᠤᠨ ᠭᠤᠤᠯᠳᠠᠯᠭ᠎ᠠ ᠶᠢ ᠳᠤᠪᠤᠶᠢᠯᠭᠠᠨ᠂ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ 2015 ᠤᠨ ᠳᠤ ᠠᠷᠠᠳ ᠤᠨ ᠠᠮᠢᠳᠤᠷᠠᠯ ᠤᠨ ᠵᠠᠷᠤᠯᠭ᠎ᠠ 24.2 ᠳ᠋ᠦᠩᠰᠢᠭᠤᠷ | ᠲᠦᠭᠦᠷᠢᠭ ᠬᠦᠷᠴᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ 76% ᠶᠢ ᠡᠵᠡᠯᠡᠪᠡ᠃ ᠨᠢᠭᠡ᠂ | 3.4 ᠳ᠋ᠦᠩᠰᠢᠭᠤᠷ ᠲᠦᠭᠦᠷᠢᠭ ᠪᠡᠯᠡ ᠴᠤᠭᠯᠠᠭᠤᠯᠤᠨ᠂ ᠱᠠᠭᠠᠷᠳᠠᠯᠭ᠎ᠠ ᠶᠤᠰᠤᠭᠠᠷ᠂ ᠠᠯᠪᠠᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠦᠭᠡᠷᠡᠴᠢᠯᠡᠯᠲᠡ ᠶᠢᠨ ᠨᠡᠮᠡᠭᠳᠡᠯ ᠴᠠᠯᠢᠩ ᠪᠠ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ᠂ ᠤᠨ ᠤ ᠮᠦᠩᠭᠦ᠃ ᠬᠤᠶᠠᠷ᠂ 14480 ᠲᠦᠮᠡᠨ ᠲᠦᠭᠦᠷᠢᠭ ᠪᠡᠯᠡ ᠲᠤᠬᠢᠷᠠᠭᠤᠯᠤᠨ | ᠂ 《 ᠬᠤᠶᠠᠷ ᠢ ᠬᠡᠯᠲᠦᠷᠢᠭᠦᠯᠦᠨ ᠨᠢᠭᠡ ᠶᠢ ᠨᠦᠬᠦᠪᠦᠷᠢᠯᠡᠬᠦ 》᠂ ᠰᠤᠷᠭᠠᠨ ᠬᠦᠮᠦᠵᠢᠯ ᠰᠤᠷᠤᠯᠭ᠎ᠠ ᠶᠢ ᠳᠡᠳᠬᠦᠬᠦ᠂ | ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ | ᠵᠡᠷᠭᠡ ᠳᠤ ᠬᠡᠷᠡᠭᠯᠡᠵᠦ᠂ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭᠵᠢᠯᠲᠡ ᠶᠢ ᠠᠬᠢᠭᠤᠯᠪᠠ᠃ ᠭᠤᠷᠪᠠ᠂ ᠡᠯ᠎ᠡ | ᠲᠦᠷᠦᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ᠂ ᠬᠤᠲᠠ ᠪᠠᠯᠭᠠᠰᠤᠨ ᠤ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ᠂ ᠬᠤᠲᠠ ᠪᠠᠯᠭᠠᠰᠤᠨ ᠤ ᠳᠤᠤᠷ᠎ᠠ | ᠪᠠᠲᠤᠯᠠᠭ᠎ᠠ ᠵᠡᠷᠭᠡ ᠲᠦᠷᠦᠯ ᠵᠦᠢᠯ ᠤᠨ ᠠᠵᠢᠯ ᠢ ᠪᠡᠶᠡᠯᠡᠭᠦᠯᠪᠡ︔ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ | ᠲᠡᠩᠴᠡᠭᠦᠷᠢᠰᠢᠯ ᠢ ᠠᠬᠢᠭᠤᠯᠤᠨ᠂ ᠬᠤᠲᠠ ᠪᠠᠯᠭᠠᠰᠤᠨ ᠤ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ | ᠦᠨᠳᠦᠷ ᠬᠢᠵᠠᠭᠠᠷ ᠢ 35 ᠲᠦᠮᠡᠨ ᠲᠦᠭᠦᠷᠢᠭ ᠪᠤᠯᠭᠠᠨ ᠳᠡᠭᠡᠭᠰᠢᠯᠡᠭᠦᠯᠪᠡ︔ ᠡᠳ᠋ ᠤᠨ ᠵᠠᠰᠠᠭ ᠤᠨ ᠠᠵᠢᠯ | ᠦᠢᠯᠡᠰ ᠤᠨ ᠮᠡᠷᠭᠡᠵᠢᠯ ᠤᠨ ᠪᠤᠯᠪᠠᠰᠤᠷᠠᠯ᠂ ᠠᠵᠢᠯ ᠤᠯᠭᠤᠬᠤ ᠨᠦᠬᠦᠪᠦᠷᠢ᠂ ᠤᠯᠠᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠵᠡᠷᠭᠡ ᠲᠦᠷᠦᠯ ᠵᠦᠢᠯ ᠳᠠᠬᠢ ᠤᠷᠤᠭᠤᠯᠤᠯᠲᠠ ᠶᠢ ᠨᠡᠮᠡᠭᠳᠡᠭᠦᠯᠪᠡ᠃ ᠳᠦᠷᠪᠡ᠂ ᠤᠯᠠᠨ | ᠠᠷᠭ᠎ᠠ ᠮᠠᠶ᠋ᠢᠭ ᠢᠶᠠᠷ ᠪᠡᠯᠡ ᠴᠤᠭᠯᠠᠭᠤᠯᠤᠨ᠂ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠳᠠᠬᠢ ᠪᠡᠯᠡ ᠤᠷᠤᠭᠤᠯᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠮᠠᠨ ᠤ ᠲᠤᠭᠤᠷᠢᠭ ᠤᠨ | ᠬᠢᠮᠳᠡ ᠳᠦᠷᠢᠶᠡᠰᠦᠨ ᠭᠡᠷ᠂ ᠨᠡᠶᠢᠲᠡ ᠶᠢᠨ ᠳᠦᠷᠢᠶᠡᠰᠦᠨ ᠭᠡᠷ᠂ ᠬᠠᠭᠤᠴᠢᠨ ᠪᠠᠭ᠎ᠠ ᠲᠤᠭᠤᠷᠢᠭ ᠤᠨ ᠦᠭᠡᠷᠡᠴᠢᠯᠡᠨ | ᠪᠠᠶᠢᠭᠤᠯᠤᠯᠲᠠ᠂ ᠬᠦᠭᠦᠷᠭᠡᠨ ᠤ ᠤᠮᠠᠷᠠᠳᠡᠬᠢ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠪᠠ ᠲᠢᠶᠧ | ᠨᠠᠨ ᠲᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ | ᠢᠨᠵᠧᠨᠧᠷᠢᠩ ᠤᠷᠤᠭᠰᠢᠲᠠᠢ ᠶᠠᠪᠤᠭᠳᠠᠵᠤ᠂ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠬᠦᠴᠡᠯ ᠢ ᠦᠨᠡᠨᠬᠦ | ᠰᠠᠶᠢᠵᠢᠷᠠᠭᠤᠯᠪᠠ᠃ ᠲᠠᠪᠤ᠂ ᠲᠠᠷᠢᠶᠠᠯᠠᠩ ᠢ ᠴᠢᠩᠭᠠᠳᠬᠠᠨ ᠲᠠᠷᠢᠶᠠᠯᠠᠩ ᠳᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠲᠠᠷᠢᠶᠠᠯᠠᠩ ᠳᠤ ᠠᠰᠢᠭ ᠬᠦᠷᠲᠡᠭᠡᠨ ᠲᠠᠷᠢᠶᠠᠯᠠᠩ ᠢ | ᠬᠦᠭᠵᠢᠭᠦᠯᠬᠦ ᠪᠡᠯᠡ ᠮᠦᠩᠭᠦ ᠶᠢ ᠲᠤᠬᠢᠲᠠᠢ ᠠᠰᠢᠭᠯᠠᠵᠤ᠂ ᠬᠦᠳᠡᠭᠡ ᠲᠤᠰᠬᠤᠨ ᠤ ᠦᠭᠡᠷᠡᠴᠢᠯᠡᠯᠲᠡ ᠬᠦᠭᠵᠢᠯᠲᠡ ᠶᠢ | ᠳᠡᠮᠵᠢᠨ᠂ ᠦᠨᠳᠦᠷ ᠪᠠᠷᠢᠮᠵᠢᠶᠠᠲᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠨᠠᠷᠢᠨ | ᠬᠢᠨᠠᠮᠠᠭᠠᠢ ᠵᠤᠬᠢᠶᠠᠨ ᠪᠠᠶᠢᠭᠤᠯᠵᠤ᠂ 702 ᠲᠦᠮᠡᠨ ᠲᠦᠭᠦᠷᠢᠭ ᠪᠡᠯᠡ ᠤᠷᠤᠭᠤᠯᠤᠨ᠂ ᠬᠤᠩ ᠮᠢᠶᠤᠤ ᠽᠢ | ᠪᠠᠯᠭᠠᠰᠤᠨ ᠤ ᠳ᠋ᠦᠩ ᠨᠠᠨ ᠶᠢᠩ ᠽᠢ ᠲᠤᠰᠬᠤᠨ ᠳᠤ 5000 ᠮᠦ ᠦᠨᠳᠦᠷ ᠪᠠᠷᠢᠮᠵᠢᠶᠠᠲᠤ ᠲᠠᠷᠢᠶᠠᠯᠠᠩ ᠢ | ᠨᠠᠶᠢᠳᠠᠪᠤᠷᠢᠵᠢᠭᠤᠯᠪᠠ᠃ ᠡᠯ᠎ᠡ ᠲᠦᠷᠦᠯ ᠤᠨ ᠪᠡᠯᠡ ᠮᠦᠩᠭᠦ 2.7 ᠳ᠋ᠦᠩᠰᠢᠭᠤᠷ ᠲᠦᠭᠦᠷᠢᠭ ᠢ ᠨᠡᠶᠢᠯᠡᠭᠦᠯᠦᠨ᠂ 《 | ᠠᠷᠪᠠ ᠶᠢ ᠪᠦᠷᠬᠦᠭᠦᠯᠬᠦ 》 ᠢᠨᠵᠧᠨᠧᠷᠢᠩ ᠢ ᠤᠷᠤᠭᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠪᠠ᠃ | — — ᠡᠳ᠋ ᠤᠨ ᠵᠠᠰᠠᠭ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ ᠪᠠᠷ | ᠡᠳ᠋ ᠤᠨ ᠶᠠᠪᠤᠳᠠᠯ ᠢ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠪᠡ᠃ ᠨᠢᠭᠡ᠂ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠦᠩᠭᠦ ᠶᠢ ᠴᠢᠯᠦᠭᠡᠲᠡᠢ ᠪᠠᠶᠢᠯᠭᠠᠬᠤ ᠬᠦᠴᠦᠯᠡᠴᠡ ᠪᠠᠨ | ᠨᠡᠮᠡᠭᠳᠡᠭᠦᠯᠵᠦ᠂ ᠡᠳ᠋ ᠬᠦᠷᠦᠩᠭᠡ ᠳᠦᠷᠢᠶᠡᠰᠦᠯᠡᠬᠦ ᠬᠠᠮᠢᠶᠠᠷᠤᠯᠲᠠ ᠪᠠᠨ ᠳᠦᠷᠢᠮᠵᠢᠭᠦᠯᠦᠨ᠂ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠦᠷᠲᠡᠭ ᠢ ᠪᠠᠲᠤᠯᠠᠬᠤ ᠪᠠ ᠦᠷᠲᠡᠭ ᠤᠨ ᠨᠡᠮᠡᠭᠳᠡᠯ ᠢ ᠠᠬᠢᠭᠤᠯᠪᠠ᠃ ᠬᠤᠶᠠᠷ᠂ ᠵᠠᠰᠠᠭ ᠤᠨ | ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠪᠦᠬᠦ | ᠵᠢᠯ ᠳᠤ ᠨᠡᠶᠢᠲᠡ 280 ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠲᠦᠰᠦᠪ ᠤᠨ | ᠬᠢᠨᠠᠯᠲᠠ ᠶᠢ ᠪᠡᠶᠡᠯᠡᠭᠦᠯᠦᠨ᠂ ᠲᠦᠷᠦᠯ ᠵᠦᠢᠯ ᠤᠨ ᠬᠢᠨᠠᠯᠲᠠ ᠶᠢᠨ ᠮᠦᠩᠭᠦ ᠨᠡᠶᠢᠲᠡ 19.63 ᠳ᠋ᠦᠩᠰᠢᠭᠤᠷ | ᠲᠦᠭᠦᠷᠢᠭ᠂ ᠬᠢᠨᠠᠨ ᠪᠠᠲᠤᠯᠠᠭᠰᠠᠨ ᠮᠦᠩᠭᠦ 18.58 ᠳ᠋ᠦᠩᠰᠢᠭᠤᠷ ᠲᠦᠭᠦᠷᠢᠭ᠂ ᠬᠢᠨᠠᠨ ᠪᠠᠭᠠᠰᠬᠠᠭᠰᠠᠨ ᠮᠦᠩᠭᠦ 1. | 05 ᠳ᠋ᠦᠩᠰᠢᠭᠤᠷ ᠲᠦᠭᠦᠷᠢᠭ᠂ ᠬᠢᠨᠠᠨ ᠪᠠᠭᠠᠰᠬᠠᠭᠰᠠᠨ ᠨᠤᠷᠮ᠎ᠠ 5.37%᠃ ᠭᠤᠷᠪᠠ᠂ ᠲᠦᠰᠦᠪ ᠪᠠ | ᠲᠦᠰᠦᠪ ᠤᠨ ᠭᠦᠢᠴᠡᠳᠬᠡᠯ ᠢ ᠢᠯᠡ ᠪᠤᠯᠭᠠᠬᠤ ᠠᠵᠢᠯ ᠢ ᠶᠡᠭᠡ ᠬᠦᠴᠦᠨ ᠢᠶᠠᠷ ᠠᠬᠢᠭᠤᠯᠤᠨ᠂ ᠴᠠᠭ ᠲᠤᠬᠠᠢ ᠳᠤᠨᠢ | ᠨᠡᠶᠢᠭᠡᠮ ᠳᠠᠶᠠᠭᠠᠷ ᠵᠠᠰᠠᠭ ᠤᠨ ᠤᠷᠳᠤᠨ ᠤ ᠲᠦᠰᠦᠪ ᠪᠠ ᠲᠦᠰᠦᠪ ᠤᠨ ᠭᠦᠢᠴᠡᠳᠬᠡᠯ ᠤᠨ ᠪᠠᠶᠢᠳᠠᠯ ᠪᠠ 《 | ᠭᠤᠷᠪᠠᠨ ᠠᠯᠪᠠᠨ ᠤ ᠵᠠᠷᠤᠳᠠᠯ 》 ᠤᠨ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠪᠤᠯᠭᠠᠪᠠ᠃ ᠳᠦᠷᠪᠡ᠂ | ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠤᠳᠠᠯᠳᠤᠨ | ᠠᠪᠬᠤ ᠠᠷᠭ᠎ᠠ ᠮᠠᠶ᠋ᠢᠭ ᠢ ᠴᠢᠩᠭ᠎ᠠ ᠬᠢᠨᠠᠪᠠ᠃ ᠲᠠᠪᠤ᠂ ᠲᠤᠰᠬᠠᠢ ᠲᠦᠷᠦᠯ ᠤᠨ ᠪᠡᠯᠡ ᠮᠦᠩᠭᠦ ᠶᠢᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠳᠦᠷᠢᠮᠵᠢᠭᠦᠯᠦᠨ᠂ ᠡᠯ᠎ᠡ ᠲᠦᠷᠦᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠬᠠᠷᠢᠭᠤᠴᠠᠯᠭ᠎ᠠ ᠶᠢ ᠴᠢᠩᠭᠠᠳᠬᠠᠵᠤ᠂ ᠮᠠᠨ ᠤ ᠲᠤᠭᠤᠷᠢᠭ ᠤᠨ ᠲᠤᠰᠬᠠᠢ ᠲᠦᠷᠦᠯ ᠤᠨ ᠪᠡᠯᠡ ᠮᠦᠩᠭᠦ ᠶᠢᠨ | ᠬᠠᠮᠢᠶᠠᠷᠤᠯᠲᠠ ᠶᠢᠨ ᠳᠦᠷᠢᠮᠵᠢᠨ ᠬᠦᠭᠵᠢᠬᠦ ᠶᠢ ᠠᠬᠢᠭᠤᠯᠪᠠ᠃ | 2015 ᠤᠨ ᠳᠤ᠂ ᠪᠦᠬᠦ ᠲᠤᠭᠤᠷᠢᠭ ᠤᠨ ᠬᠠᠮᠲᠤ ᠶᠢᠨ ᠴᠢᠷᠮᠠᠶᠢᠯᠭ᠎ᠠ ᠳᠤᠤᠷ᠎ᠠ᠂ ᠡᠳ᠋ ᠤᠨ ᠵᠠᠰᠠᠭ ᠤᠨ | ᠶᠡᠷᠦᠩᠬᠡᠢ ᠴᠤᠭᠴᠠ ᠶᠢᠨ ᠡᠷᠭᠢᠯᠲᠡ ᠨᠡᠯᠢᠶᠡᠳ ᠰᠠᠶᠢᠨ᠂ ᠤᠷᠤᠯᠭ᠎ᠠ ᠵᠠᠷᠤᠯᠭ᠎ᠠ ᠶᠢᠨ ᠬᠡᠪᠴᠢᠶᠡᠵᠢᠯ ᠲᠠᠰᠤᠷᠠᠯᠲᠠ | ᠦᠭᠡᠢ ᠦᠷᠭᠡᠵᠢᠨ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ | ᠭᠡᠪᠡᠴᠦ ᠪᠢᠳᠡ ᠪᠠᠰᠠ ᠡᠳ᠋ ᠤᠨ ᠵᠠᠰᠠᠭ ᠤᠨ ᠠᠵᠢᠯ ᠤᠨ ᠳᠤᠮᠳᠠ ᠬᠦᠴᠢᠷᠲᠡᠯ ᠪᠠ ᠠᠰᠠᠭᠤᠳᠠᠯ ᠤᠷᠤᠰᠢᠵᠤ | ᠪᠠᠶᠢᠭ᠎ᠠ ᠶᠢ ᠲᠤᠳᠤᠷᠬᠠᠢ ᠤᠯᠵᠤ ᠬᠠᠷᠠᠪᠠ᠃ ᠨᠢᠭᠡ᠂ ᠠᠵᠤ ᠠᠬᠤᠢ ᠶᠢᠨ ᠳᠤᠷᠤᠭᠰᠢ ᠳᠠᠷᠤᠯᠲᠠ ᠨᠡᠯᠢᠶᠡᠳ ᠶᠡᠭᠡ᠂ | ᠡᠳ᠋ ᠤᠨ ᠵᠠᠰᠠᠭ ᠤᠨ ᠤᠷᠤᠯᠭ᠎ᠠ ᠦᠷᠭᠦᠯᠵᠢᠯᠡᠨ ᠨᠡᠮᠡᠭᠳᠡᠬᠦ ᠳᠤ ᠬᠦᠴᠢᠷ ᠲᠠᠢ ᠪᠠᠶᠢᠨ᠎ᠠ︔ ᠬᠤᠶᠠᠷ᠂ ᠡᠯ᠎ᠡ | ᠲᠦᠷᠦᠯ ᠤᠨ ᠡᠳ᠋ ᠤᠨ ᠵᠠᠰᠠᠭ ᠤᠨ ᠲᠤᠭᠲᠠᠮᠠᠯ ᠵᠠᠷᠤᠯᠭ᠎ᠠ ᠶᠢᠨ ᠱᠠᠭᠠᠷᠳᠠᠯᠭ᠎ᠠ ᠶᠢᠨ ᠨᠡᠮᠡᠭᠳᠡᠯ ᠨᠡᠯᠢᠶᠡᠳ ᠲᠦᠷᠭᠡᠨ᠂ | ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠦᠷ ᠢᠷᠡᠬᠦᠶ᠎ᠡ ᠲᠤᠪᠤᠶᠢᠮ᠎ᠠ ᠪᠤᠯᠪᠠ︔ ᠭᠤᠷᠪᠠ᠂ | ᠡᠳ᠋ ᠤᠨ ᠵᠠᠰᠠᠭ ᠤᠨ ᠰᠢᠨ᠎ᠡ ᠬᠡᠪ ᠪᠠᠶᠢᠳᠠᠯ ᠤᠨ ᠲᠤᠤᠷ᠎ᠠ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠲᠠ ᠶᠢᠨ | ᠠᠵᠢᠯ ᠮᠦᠨᠬᠦ ᠵᠤᠬᠢᠬᠤ ᠵᠦᠷᠢᠶ᠎ᠡ ᠤᠷᠤᠰᠢᠵᠤ᠂ ᠡᠯ᠎ᠡ ᠲᠦᠷᠦᠯ ᠤᠨ ᠤᠷᠤᠯᠭ᠎ᠠ ᠶᠢ ᠨᠡᠮᠡᠭᠳᠡᠭᠦᠯᠦᠨ ᠵᠠᠷᠤᠯᠭ᠎ᠠ ᠶᠢ | ᠪᠠᠭᠠᠰᠬᠠᠬᠤ ᠠᠷᠭ᠎ᠠ ᠠᠪᠴᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ᠃ ᠡᠳᠡᠭᠡᠷ ᠠᠰᠠᠭᠤᠳᠠᠯ ᠢ | ᠪᠢᠳᠡ ᠶᠡᠭᠡ ᠬᠡᠮᠵᠢᠶ᠎ᠡ ᠪᠠᠷ ᠬᠦᠨᠳᠦᠳᠬᠡᠨ ᠦᠵᠡᠵᠦ᠂ ᠬᠤᠶᠢᠰᠢᠳᠠ ᠶᠢᠨ ᠠᠵᠢᠯ ᠳᠤᠮᠳᠠ ᠪᠠᠨ ᠨᠠᠷᠢᠨ ᠬᠢᠨᠠᠮᠠᠭᠠᠢ ᠪᠠᠷ | ᠰᠢᠢᠳᠪᠦᠷᠢᠯᠡᠬᠦ ᠬᠡᠷᠡᠭᠲᠡᠢ᠃ |