ᠲᠤᠭᠤᠷᠢᠭ ᠤᠨ ᠰᠠᠬᠢᠯᠭ᠎ᠠ ᠪᠠᠳᠦ ᠪᠠᠶᠢᠴᠠᠭᠠᠬᠤ ᠵᠦᠪᠯᠡᠯ ᠤᠨ ᠪᠠᠶᠢᠭᠤᠯᠭ᠎ᠠ᠂ ᠲᠤᠭᠤᠷᠢᠭ ᠤᠨ ᠬᠢᠨᠡᠨ ᠪᠠᠶᠢᠴᠠᠭᠠᠬᠤ ᠲᠤᠪᠴᠢᠶ᠎ᠡ
ᠨᠡᠶᠢᠲᠡᠯᠡᠭᠰᠡᠨ ᠴᠠᠭ᠄
2016-06-06
        ᠭᠤᠤᠯ ᠡᠭᠦᠷᠭᠡ ᠬᠠᠷᠢᠭᠤᠴᠠᠯᠭ᠎ᠠ       ᠲᠤᠭᠤᠷᠢᠭ ᠤᠨ ᠰᠠᠬᠢᠯᠭ᠎ᠠ ᠪᠠᠳᠦ ᠪᠠᠶᠢᠴᠠᠭᠠᠬᠤ ᠵᠦᠪᠯᠡᠯ ᠪᠤᠯ ᠬᠤᠩᠱᠠᠨ ᠲᠤᠭᠤᠷᠢᠭ ᠤᠨ ᠰᠠᠬᠢᠯᠭ᠎ᠠ ᠪᠠᠳᠦ ᠪᠠᠶᠢᠴᠠᠭᠠᠬᠤ ᠠᠵᠢᠯ ᠢ ᠬᠠᠷᠢᠭᠤᠴᠠᠬᠤ ᠲᠤᠰᠬᠠᠢ ᠪᠠᠶᠢᠭᠤᠯᠭ᠎ᠠ᠂ ᠲᠤᠭᠤᠷᠢᠭ ᠤᠨ ᠬᠢᠨᠡᠨ ᠪᠠᠶᠢᠴᠠᠭᠠᠬᠤ ᠲᠤᠪᠴᠢᠶ᠎ᠡ ᠪᠤᠯ ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠬᠢᠨᠡᠨ ᠪᠠᠶᠢᠴᠠᠭᠠᠯᠲᠠ ᠶᠢ ᠬᠠᠷᠢᠭᠤᠴᠠᠬᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠮᠦᠨ᠃ ᠲᠤᠭᠤᠷᠢᠭ ᠤᠨ ᠰᠠᠬᠢᠯᠭ᠎ᠠ ᠪᠠᠳᠦ ᠪᠠᠶᠢᠴᠠᠭᠠᠬᠤ ᠵᠦᠪᠯᠡᠯ ᠤᠨ ᠪᠠᠶᠢᠭᠤᠯᠭ᠎ᠠ᠂ ᠲᠤᠭᠤᠷᠢᠭ  ᠤᠨ ᠬᠢᠨᠡᠨ ᠪᠠᠶᠢᠴᠠᠭᠠᠬᠤ ᠲᠤᠪᠴᠢᠶ᠎ᠡ ᠨᠢ ᠨᠢᠭᠡ ᠢᠵᠢ ᠠᠵᠢᠯ ᠤᠨ ᠠᠵᠢᠯ ᠤᠨ ᠪᠠᠶᠢᠭᠤᠯᠤᠮᠵᠢ᠂ ᠬᠤᠶᠠᠷ ᠪᠠᠶᠢᠭᠤᠯᠭ᠎ᠠ  ᠶᠢᠨ ᠨᠡᠷᠡᠶᠢᠳᠦᠯ ᠢ ᠬᠡᠷᠡᠭᠵᠢᠭᠦᠯᠦᠨ᠂ ᠨᠡᠮ ᠤᠨ ᠰᠠᠬᠢᠯᠭ᠎ᠠ ᠪᠠᠳᠦ ᠶᠢ ᠪᠠᠶᠢᠴᠠᠭᠠᠬᠤ ᠪᠠ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠢᠨᠡᠨ ᠪᠠᠶᠢᠴᠠᠭᠠᠯᠲᠠ ᠶᠢᠨ ᠬᠤᠶᠠᠷ ᠵᠦᠢᠯ ᠤᠨ ᠡᠭᠦᠷᠭᠡ ᠴᠢᠳᠠᠯ ᠢ ᠭᠦᠢᠴᠡᠳᠬᠡᠨ᠎ᠡ᠃ ᠲᠤᠭᠤᠷᠢᠭ ᠤᠨ ᠰᠠᠬᠢᠯᠭ᠎ᠠ ᠪᠠᠳᠦ ᠪᠠᠶᠢᠴᠠᠭᠠᠬᠤ ᠵᠦᠪᠯᠡᠯ ᠨᠢ ᠨᠡᠮ ᠤᠨ ᠳᠤᠳᠤᠭᠠᠳᠦ ᠳᠤ ᠬᠢᠨᠡᠯᠲᠠ ᠲᠠᠯᠪᠢᠬᠤ ᠶᠢ ᠬᠡᠷᠡᠭᠵᠢᠭᠦᠯᠵᠦ᠂ ᠨᠡᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢᠨ ᠲᠤᠭᠤᠱᠯᠠᠭᠤᠯᠤᠨ ᠬᠡᠷᠡᠭᠵᠢᠭᠦᠯᠦᠭᠳᠡᠬᠦ  ᠶᠢ ᠪᠠᠳᠤᠯᠠᠵᠦ᠂ ᠨᠡᠮ ᠤᠨ ᠰᠠᠬᠢᠯᠭ᠎ᠠ ᠪᠠᠳᠦ ᠶᠢ ᠬᠠᠮᠠᠭᠠᠯᠠᠬᠤ ᠪᠠ ᠬᠡᠷᠡᠭᠵᠢᠭᠦᠯᠵᠦ᠂ ᠲᠤᠭᠤᠷᠢᠭ ᠤᠨ ᠨᠡᠮ ᠤᠨ ᠬᠤᠷᠢᠶ᠎ᠠ ᠶᠢ ᠬᠠᠪᠰᠤᠷᠴᠦ ᠨᠡᠮ ᠤᠨ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠠᠶᠢᠭᠤᠯᠭ᠎ᠠ ᠪᠤᠯᠤᠭᠰᠡᠨ ᠤ ᠬᠤᠪᠢ ᠳᠤ᠂ ᠬᠠᠮᠠᠭᠠᠯᠠᠬᠤ᠂ ᠵᠠᠯᠬᠠᠭᠠᠬᠤ᠂ ᠬᠢᠨᠡᠯᠲᠡ ᠲᠠᠯᠪᠢᠬᠤ᠂ ᠰᠤᠷᠭᠠᠨ ᠭᠦᠮᠦᠵᠢᠭᠦᠯᠬᠦ ᠴᠢᠳᠠᠮᠵᠢ ᠲᠠᠢ᠃ ᠨᠡᠮ  ᠤᠨ ᠳᠦᠷᠢᠮ ᠠᠴᠠ ᠤᠯᠭᠤᠭᠰᠡᠨ ᠭᠤᠷᠪᠠᠨ ᠵᠦᠢᠯ ᠤᠨ ᠡᠭᠦᠷᠭᠡ ᠶᠢ ᠪᠠᠶᠠᠯᠡᠭᠦᠯᠵᠦ᠂ ᠭᠤᠷᠪᠠᠨ ᠵᠦᠢᠯ ᠤᠨ ᠪᠠᠶᠢᠩᠭᠤ  ᠶᠢᠨ ᠴᠢᠨᠡᠷᠲᠡᠢ ᠠᠵᠢᠯ ᠢ ᠰᠠᠶᠢᠳᠦᠷ ᠬᠢᠨ᠎ᠡ᠃ ᠨᠡᠮ ᠤᠨ ᠳᠦᠷᠢᠮ ᠪᠠ ᠪᠤᠰᠤᠳ ᠨᠡᠮ ᠤᠨ ᠳᠤᠳᠤᠷᠡᠬᠢ ᠬᠠᠤᠯᠢ ᠳᠦᠷᠢᠮ ᠢ ᠬᠠᠮᠠᠭᠠᠯᠠᠵᠦ᠂ ᠨᠡᠮ ᠤᠨ ᠬᠤᠷᠢᠶ᠎ᠠ ᠶᠢ ᠬᠠᠪᠰᠤᠷᠴᠦ ᠨᠡᠮ ᠤᠨ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠵᠦ᠂ ᠨᠡᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠪᠠ ᠰᠢᠢᠳᠪᠦᠷᠢ ᠶᠢᠨ ᠬᠡᠷᠡᠭᠵᠢᠭᠦᠯᠦᠭᠳᠡᠭᠰᠡᠨ ᠪᠠᠶᠢᠳᠠᠯ ᠢ ᠪᠠᠶᠢᠴᠠᠭᠠᠨ᠎ᠠ︔ ᠦᠷᠭᠦᠯᠵᠢ ᠶᠢᠨ ᠴᠢᠨᠡᠷᠲᠡᠢ ᠨᠡᠮ ᠤᠨ ᠬᠡᠰᠢᠭᠦᠨ ᠳᠤ ᠰᠠᠬᠢᠯᠭ᠎ᠠ ᠪᠠᠳᠦ ᠶᠢ ᠵᠢᠷᠦᠮᠯᠡᠬᠤ ᠭᠦᠮᠦᠵᠢᠯ ᠬᠢᠵᠦ᠂ ᠨᠡᠮ ᠤᠨ ᠰᠠᠬᠢᠯᠭ᠎ᠠ ᠶᠢ ᠬᠠᠮᠠᠭᠠᠯᠠᠬᠤ ᠰᠢᠢᠳᠪᠦᠷᠢ ᠶᠢ ᠭᠠᠷᠭᠠᠵᠦ᠂ ᠨᠡᠮ  ᠤᠨ ᠵᠤᠬᠢᠶᠠᠨ ᠪᠠᠶᠢᠭᠤᠯᠤᠯᠲᠠ ᠶᠢᠨ ᠨᠡᠮ ᠤᠨ ᠳᠦᠷᠢᠮ ᠪᠠ ᠪᠤᠰᠤᠳ ᠨᠡᠮ ᠤᠨ ᠳᠤᠳᠤᠷᠡᠬᠢ ᠬᠠᠤᠯᠢ ᠳᠦᠷᠢᠮ ᠢ ᠵᠦᠷᠢᠴᠡᠭᠰᠡᠨ ᠨᠡᠯᠢᠶᠡᠳ ᠭᠦᠨᠳᠦ ᠨᠤᠴᠢᠲᠡᠢ ᠪᠤᠶᠤ ᠪᠤᠳᠤᠯᠢᠶᠠᠨᠲᠡᠢ ᠬᠡᠷᠡᠭ ᠢ ᠪᠠᠶᠢᠴᠠᠭᠠᠬᠤ ᠪᠠ ᠰᠢᠢᠳᠪᠦᠷᠢᠯᠡᠵᠦ᠂ ᠡᠳᠡᠭᠡᠷ ᠬᠡᠷᠡᠭ ᠳᠠᠬᠢ ᠨᠡᠮ ᠤᠨ ᠬᠡᠰᠢᠭᠦᠨ ᠳᠤ ᠰᠢᠳᠬᠡᠯ ᠦᠭᠬᠦ ᠶᠢ ᠲᠤᠭᠳᠠᠭᠠᠬᠤ ᠪᠠ ᠦᠭᠡᠶᠢᠰᠭᠡᠵᠦ᠂ ᠨᠡᠮ ᠤᠨ ᠬᠡᠰᠢᠭᠦᠨ ᠤ ᠢᠯᠡᠴᠢᠯᠡᠨ ᠵᠠᠭᠠᠯᠳᠤᠬᠤ ᠪᠠ ᠭᠤᠮᠤᠳᠠᠯ ᠲᠤᠭᠠᠴᠢᠬᠤ ᠶᠢ ᠭᠦᠯᠢᠶᠡᠨ ᠠᠪᠤᠨ᠎ᠠ᠃      ᠲᠤᠭᠤᠷᠢᠭ ᠤᠨ ᠬᠢᠨᠡᠨ ᠪᠠᠶᠢᠴᠠᠭᠠᠬᠤ ᠲᠤᠪᠴᠢᠶ᠎ᠡ ᠨᠢ ᠲᠤᠭᠤᠷᠢᠭ ᠤᠨ ᠵᠠᠰᠠᠭ ᠤᠨ ᠤᠷᠳᠤᠨ ᠤ ᠬᠢᠨᠡᠨ ᠪᠠᠶᠢᠴᠠᠭᠠᠬᠤ ᠡᠭᠦᠷᠭᠡ ᠴᠢᠳᠠᠮᠵᠢ ᠶᠢ ᠬᠡᠷᠡᠭᠵᠢᠭᠦᠯᠬᠦ ᠲᠤᠰᠬᠠᠢ ᠪᠠᠶᠢᠭᠤᠯᠭ᠎ᠠ ᠪᠤᠯᠤᠭᠰᠡᠨ ᠤ ᠬᠤᠪᠢ ᠳᠤ᠂ ᠵᠠᠰᠠᠭ ᠵᠠᠬᠢᠷᠭᠠᠨ ᠤ ᠬᠢᠨᠡᠨ ᠪᠠᠶᠢᠴᠠᠭᠠᠬᠤ ᠡᠭᠦᠷᠭᠡ ᠴᠢᠳᠠᠮᠵᠢ ᠲᠠᠢ᠃ ︿︿ᠪᠦᠭᠦᠳᠡ ᠨᠠᠶᠢᠷᠡᠮᠳᠠᠬᠤ ᠳᠤᠮᠳᠠᠳᠦ ᠠᠷᠠᠳ ᠤᠯᠤᠰ ᠤᠨ ᠵᠠᠰᠠᠭ ᠵᠠᠬᠢᠷᠭᠠᠨ ᠤ ᠬᠢᠨᠡᠨ ᠪᠠᠶᠢᠴᠠᠭᠠᠬᠤ ᠬᠠᠤᠯᠢ﹀﹀ ᠶᠢᠨ ᠲᠤᠭᠲᠠᠭᠠᠭᠰᠡᠨ ᠵᠠᠰᠠᠭ ᠵᠠᠬᠢᠷᠭᠠᠨ ᠤ ᠬᠢᠨᠡᠨ ᠪᠠᠶᠢᠴᠠᠭᠠᠬᠤ ᠡᠭᠦᠷᠭᠡ ᠶᠤᠰᠤᠭᠠᠷ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠵᠠᠷᠯᠢᠭ ᠤᠨ ᠰᠠᠭᠠᠳ ᠦᠭᠡᠢ ᠪᠠᠶᠢᠬᠤ ᠶᠢ ᠪᠠᠳᠤᠯᠠᠵᠦ᠂ ᠴᠢᠭᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠵᠦ᠂ ᠵᠠᠰᠠᠭ ᠵᠠᠬᠢᠷᠭᠠᠨ  ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ᠂ ᠬᠠᠤᠯᠢ ᠳᠦᠷᠢᠮ ᠪᠠ ᠵᠠᠰᠠᠭ ᠤᠨ ᠤᠷᠳᠤᠨ ᠤ ᠲᠤᠭᠲᠠᠭᠠᠯ᠂ ᠵᠠᠷᠯᠢᠭ ᠢ ᠵᠢᠷᠦᠮᠯᠡᠬᠤ ᠪᠠ ᠬᠡᠷᠡᠭᠵᠢᠭᠦᠯᠦᠭᠰᠡᠨ ᠪᠠᠶᠢᠳᠠᠯ  ᠤᠨ ᠳᠤᠮᠳᠠᠬᠢ ᠠᠰᠠᠭᠤᠳᠠᠯ ᠢ ᠪᠠᠶᠢᠴᠠᠭᠠᠨ᠎ᠠ︔ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠤᠨ ᠠᠯᠪᠠᠲᠠᠨ ᠪᠠ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠮᠢᠯᠠᠭᠰᠡᠨ ᠪᠤᠰᠤᠳ ᠭᠦᠮᠦᠰ ᠤᠨ ᠵᠠᠰᠠᠭ ᠵᠠᠬᠢᠷᠭᠠᠨ ᠤ ᠰᠠᠬᠢᠯᠭ᠎ᠠ ᠪᠠᠳᠦ ᠶᠢ ᠵᠦᠷᠢᠴᠡᠭᠰᠡᠨ ᠢ ᠢᠯᠡᠴᠢᠯᠡᠨ ᠵᠠᠭᠠᠯᠳᠤᠬᠤ ᠪᠠ ᠭᠤᠮᠤᠳᠠᠯ ᠲᠤᠭᠠᠴᠢᠬᠤ ᠶᠢ ᠭᠦᠯᠢᠶᠡᠨ ᠠᠪᠤᠨ᠎ᠠ︔ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠤᠨ ᠠᠯᠪᠠᠲᠠᠨ ᠪᠠ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠮᠢᠯᠠᠭᠰᠡᠨ ᠪᠤᠰᠤᠳ ᠭᠦᠮᠦᠰ ᠤᠨ ᠵᠠᠰᠠᠭ ᠵᠠᠬᠢᠷᠭᠠᠨ ᠤ ᠰᠠᠬᠢᠯᠭ᠎ᠠ ᠪᠠᠳᠦ  ᠶᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠤᠯᠤᠰ ᠤᠨ ᠠᠯᠪᠠᠲᠠᠨ ᠪᠠ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠮᠢᠯᠠᠭᠰᠡᠨ ᠪᠤᠰᠤᠳ ᠭᠦᠮᠦᠰ ᠤᠨ ᠭᠤᠤᠯᠯᠠᠨ ᠬᠠᠮᠢᠶᠠᠷᠬᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠦᠭᠭᠦᠭᠰᠡᠨ ᠰᠢᠳᠬᠡᠯ ᠰᠢᠢᠳᠪᠦᠷᠢ ᠶᠢ ᠭᠦᠯᠢᠶᠡᠬᠦ ᠦᠭᠡᠢ ᠭᠤᠮᠤᠳᠠᠯ ᠲᠤᠭᠠᠴᠢᠯ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠳᠤ ᠲᠤᠭᠲᠠᠭᠠᠭᠰᠡᠨ ᠪᠤᠰᠤᠳ ᠬᠢᠨᠡᠨ ᠪᠠᠶᠢᠴᠠᠭᠠᠬᠤ ᠪᠠᠶᠢᠭᠤᠯᠭ᠎ᠠ  ᠶᠢᠨ ᠭᠦᠯᠢᠶᠡᠨ ᠠᠪᠤᠭᠰᠡᠨ ᠭᠤᠮᠤᠳᠠᠯ ᠲᠤᠭᠠᠴᠢᠯ ᠢ ᠭᠦᠯᠢᠶᠡᠨ ᠠᠪᠤᠨ᠎ᠠ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠳᠤ ᠲᠤᠭᠲᠠᠭᠠᠭᠰᠡᠨ ᠬᠢᠨᠡᠨ ᠪᠠᠶᠢᠴᠠᠭᠠᠬᠤ ᠪᠠᠶᠢᠭᠤᠯᠭ᠎ᠠ ᠶᠢᠨ ᠭᠦᠢᠴᠡᠳᠬᠡᠬᠦ ᠪᠤᠰᠤᠳ ᠡᠭᠦᠷᠭᠡ ᠬᠠᠷᠢᠭᠤᠴᠠᠯᠭ᠎ᠠ᠃       ︵ᠨᠢᠭᠡ︶ ᠳᠡᠭᠡᠳᠦ ᠱᠠᠳᠤᠨ ᠤ ᠨᠡᠮ ᠤᠨ ᠬᠤᠷᠢᠶ᠎ᠠ ᠶᠢᠨ ᠨᠡᠮ ᠤᠨ ᠤᠪᠤᠷ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠲᠤᠬᠠᠢ ᠰᠢᠢᠳᠪᠦᠷᠢ ᠶᠢ ᠨᠠᠶᠢᠳᠠᠪᠦᠷᠢᠵᠢᠭᠤᠯᠤᠨ ᠲᠤᠭᠤᠰᠢᠯᠠᠭᠤᠯᠬᠤ ᠶᠢ ᠬᠠᠷᠢᠭᠤᠴᠠᠵᠦ᠂ ᠨᠡᠮ  ᠤᠨ ᠳᠦᠷᠢᠮ ᠪᠠ ᠪᠤᠰᠤᠳ ᠴᠢᠬᠤᠯᠨ ᠳᠦᠷᠢᠮ ᠲᠤᠭᠲᠠᠭᠠᠯ ᠢ ᠬᠠᠮᠠᠭᠠᠯᠠᠨ᠎ᠠ︔ ᠨᠡᠮ ᠤᠨ ᠠᠷᠠᠳᠴᠢᠯᠡᠯ ᠲᠦᠪᠯᠡᠷᠡᠯ  ᠤᠨ ᠳᠦᠷᠢᠮ ᠢ ᠬᠠᠮᠠᠭᠠᠯᠠᠵᠦ᠂ ᠨᠡᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠭᠳᠡᠭᠰᠡᠨ ᠪᠠᠶᠢᠳᠠᠯ ᠢ ᠪᠠᠶᠢᠴᠠᠭᠠᠵᠦ᠂ ᠰᠠᠯᠠᠭᠠᠨ ᠳᠡᠰ ᠤᠨ ᠨᠡᠮ ᠤᠨ ᠬᠡᠰᠢᠭᠦᠨ ᠤᠳᠤᠷᠢᠳᠬᠤ ᠺᠠᠳ᠋ᠷ ᠤᠨ ᠨᠡᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠡᠯ ᠵᠢᠴᠢ ᠦᠵᠡᠯ ᠰᠠᠨᠠᠭ᠎ᠠ ᠤᠪᠤᠷ ᠰᠤᠷᠳᠠᠯ ᠵᠡᠷᠭᠡ ᠲᠡᠯ᠎ᠡ ᠶᠢᠨ ᠠᠰᠠᠭᠤᠳᠠᠯ ᠳᠤ ᠭᠤᠤᠯᠳᠠᠯᠭ᠎ᠠ ᠲᠠᠢ ᠪᠠᠶᠢᠴᠠᠭᠠᠵᠦ ᠬᠢᠨᠠᠯᠲᠠ ᠲᠠᠯᠪᠢᠨ᠎ᠠ᠃       ︵ᠬᠤᠶᠠᠷ︶ ᠳᠡᠭᠡᠳᠦ ᠱᠠᠳᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠮᠢᠶ᠎ᠠ ᠪᠦᠭᠦᠢ ᠵᠠᠰᠠᠭ ᠵᠠᠬᠢᠷᠭᠠᠨ ᠤ ᠬᠢᠨᠡᠨ ᠪᠠᠶᠢᠴᠠᠭᠠᠬᠤ ᠠᠵᠢᠯ ᠤᠨ ᠰᠢᠢᠳᠪᠦᠷᠢ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠶᠢ ᠬᠠᠷᠢᠭᠤᠴᠠᠵᠦ᠂ ᠲᠤᠭᠤᠷᠢᠭ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠪᠠ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠲᠡᠭᠦᠨ ᠤ ᠵᠠᠰᠠᠭ ᠵᠠᠭᠢᠷᠭᠠᠨ ᠤ ᠠᠵᠢᠯᠲᠡᠨ ᠤ ᠤᠯᠤᠰ ᠤᠨ ᠳᠦᠷᠦ ᠶᠢᠨ ᠪᠤᠳᠤᠯᠭ᠎ᠠ ᠵᠢᠴᠢ ᠬᠠᠤᠯᠢ ᠳᠦᠷᠢᠮ᠂ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠡ ᠶᠢᠨ ᠲᠦᠯᠦᠪᠯᠡᠭᠡ ᠵᠢᠴᠢ ᠲᠤᠭᠤᠷᠢᠭ ᠤᠨ ᠵᠠᠰᠠᠭ  ᠤᠨ ᠤᠷᠳᠤᠨ ᠤ ᠨᠡᠶᠢᠲᠡᠯᠡᠭᠰᠡᠨ ᠰᠢᠢᠳᠪᠦᠷᠢ ᠪᠠ ᠵᠠᠷᠯᠢᠭ ᠢ ᠬᠡᠷᠡᠭᠵᠢᠭᠦᠯᠦᠭᠰᠡᠨ ᠪᠠᠶᠢᠳᠠᠯ ᠢ ᠬᠢᠨᠡᠨ ᠪᠠᠶᠢᠴᠠᠭᠠᠨ᠎ᠠ᠃       ︵ᠭᠤᠷᠪᠠ︶ ᠲᠤᠭᠤᠷᠢᠭ ᠤᠨ ᠨᠡᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠲᠤᠭᠤᠷᠢᠭ ᠤᠨ ᠵᠠᠰᠠᠭ  ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠮ ᠤᠨ ᠵᠤᠬᠢᠶᠠᠨ ᠪᠠᠶᠢᠭᠤᠯᠤᠯᠲᠠ ᠪᠠ ᠲᠤᠭᠤᠷᠢᠭ ᠤᠨ ᠨᠡᠮ ᠤᠨ ᠬᠤᠷᠢᠶᠠᠨ ᠤ ᠬᠠᠮᠢᠶᠠᠷᠴᠦ ᠪᠦᠭᠦᠢ ᠨᠡᠮ ᠤᠨ ᠬᠡᠰᠢᠭᠦᠨ ᠤᠳᠤᠷᠢᠳᠬᠤ ᠺᠠᠳ᠋ᠷ ᠤᠨ ᠨᠡᠮ ᠤᠨ ᠳᠦᠷᠢᠮ ᠵᠢᠴᠢ ᠪᠤᠰᠤᠳ ᠨᠡᠮ ᠤᠨ ᠰᠠᠬᠢᠯᠭ᠎ᠠ ᠳᠦᠷᠢᠮ ᠢ ᠵᠦᠷᠢᠴᠡᠭᠰᠡᠨ ᠬᠡᠷᠡᠭ ᠢ ᠪᠠᠶᠢᠴᠠᠭᠠᠬᠤ ᠪᠠ ᠰᠢᠢᠳᠪᠦᠷᠢᠯᠡᠵᠦ᠂ ᠡᠳᠡᠭᠡᠷ ᠬᠡᠷᠡᠭ ᠤᠨ ᠳᠤᠮᠳᠠᠬᠢ ᠨᠡᠮ ᠤᠨ ᠬᠡᠰᠢᠭᠦᠨ ᠳᠤ ᠰᠢᠢᠳᠬᠡᠯ ᠦᠭᠭᠦ ᠶᠢ ᠲᠤᠭᠲᠠᠭᠠᠬᠤ ᠪᠤᠶᠤ ᠦᠭᠡᠶᠢᠰᠭᠡᠬᠦ ᠶᠢ ᠬᠠᠷᠢᠭᠤᠴᠠᠨ᠎ᠠ︔ ᠨᠡᠮ ᠤᠨ ᠬᠡᠰᠢᠭᠦᠨ ᠤ ᠢᠯᠡᠴᠢᠯᠡᠨ ᠵᠠᠭᠠᠯᠳᠤᠬᠤ ᠪᠠ ᠭᠤᠮᠤᠳᠠᠯ ᠲᠤᠭᠠᠴᠢᠬᠤ ᠶᠢ ᠭᠦᠯᠢᠶᠡᠨ ᠠᠪᠴᠦ᠂ ᠴᠢᠬᠤᠯᠡ ᠪᠦᠭᠦᠢ ᠦᠶᠡᠰ ᠳᠤᠤᠷᠠᠳᠦ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ ᠵᠦᠪᠯᠡᠯ ︵ᠰᠠᠬᠢᠯᠭ᠎ᠠ ᠪᠠᠳᠦ ᠪᠠᠶᠢᠴᠠᠭᠠᠬᠤ ᠠᠵᠢᠯ ᠤᠨ ᠵᠦᠪᠯᠡᠯ︶ ᠤᠨ ᠬᠠᠷᠢᠶ᠎ᠠ ᠬᠡᠪᠴᠢᠶᠡᠨ ᠳᠠᠬᠢ ᠨᠡᠯᠢᠶᠡᠳ ᠭᠦᠨᠳᠦ ᠴᠢᠬᠤᠯᠨ ᠪᠤᠶᠤ ᠪᠤᠳᠤᠯᠢᠶᠠᠨᠲᠡᠢ ᠬᠡᠷᠡᠭ ᠢ ᠰᠢᠭᠤᠳ ᠪᠠᠶᠢᠴᠠᠭᠠᠨ ᠰᠢᠢᠳᠪᠦᠷᠢᠯᠡᠨ᠎ᠡ᠃            ︵ᠳᠦᠷᠪᠡ︶ ᠲᠤᠭᠤᠷᠢᠭ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠡᠨ ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠲᠡᠭᠦᠨ ᠤ ᠠᠵᠢᠯᠲᠠᠨ᠂ ᠲᠤᠭᠤᠷᠢᠭ ᠤᠨ ᠰᠢᠭᠤᠳ ᠬᠠᠷᠢᠶ᠎ᠠ ᠠᠵᠦ ᠠᠬᠤᠶᠢᠯᠡᠯ ᠠᠵᠢᠯ ᠦᠢᠯᠡᠰ ᠤᠨ ᠨᠢᠭᠡᠴᠡ ᠵᠢᠴᠢ ᠲᠡᠭᠦᠨ ᠤ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠤᠮᠢᠯᠠᠭᠰᠡᠨ ᠤᠳᠤᠷᠢᠳᠬᠤ ᠺᠠᠳ᠋ᠷ ᠤᠨ ᠤᠯᠤᠰ ᠤᠨ ᠳᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠵᠢᠴᠢ ᠵᠠᠰᠠᠭ ᠤᠨ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠬᠤ ᠪᠠ ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠦ ᠬᠠᠷᠢᠭᠤᠴᠠᠯᠭᠠᠲᠦ ᠭᠦᠮᠦᠨ ᠤ ᠠᠯᠳᠠᠭ᠎ᠠ ᠭᠠᠷᠭᠠᠭᠰᠡᠨ ᠪᠠᠶᠢᠳᠠᠯ ᠤᠨ ᠭᠦᠨᠳᠦ ᠭᠦᠩᠭᠡᠨ ᠢ ᠦᠨᠳᠦᠰᠦᠯᠡᠵᠦ᠂ ᠲᠤᠰᠢᠶᠡᠯ ᠠᠴᠠ ᠤᠭᠴᠠᠷᠠᠭᠤᠯᠬᠤ ᠪᠤᠶᠤ ᠲᠤᠰᠢᠶᠡᠯ ᠠᠴᠠ ᠤᠭᠴᠠᠷᠠᠭᠤᠯᠬᠤ ᠠᠴᠠ ᠳᠤᠷᠤᠭᠰᠢᠬᠢ ᠵᠠᠰᠠᠭ ᠵᠠᠬᠢᠷᠭᠠᠨ ᠤ ᠰᠢᠢᠳᠬᠡᠯ ︵ᠰᠤᠩᠭᠤᠭᠤᠯᠢ ᠪᠠᠷ ᠭᠠᠷᠤᠭᠰᠡᠨ ᠤᠳᠤᠷᠢᠳᠬᠤ ᠺᠠᠳ᠋ᠷ ᠲᠤ ᠬᠤᠯᠪᠤᠭᠳᠠᠭᠰᠡᠨ ᠪᠠᠶᠢᠪᠡᠯ ᠬᠠᠤᠯᠢ ᠳᠤ ᠲᠤᠭᠲᠠᠭᠰᠡᠨ ᠵᠢᠷᠦᠮ ᠤᠨ ᠳᠠᠷᠠᠭᠠᠯᠠᠯ  ᠢᠶᠠᠷ ᠭᠦᠢᠴᠡᠳᠬᠡᠨ᠎ᠡ︶ ᠢ ᠭᠠᠷᠭᠠᠨ᠎ᠠ︔ ᠪᠠᠶᠢᠴᠠᠭᠠᠭᠳᠠᠭᠰᠡᠨ ᠡᠲᠡᠭᠡᠳ ᠠᠴᠠ ᠵᠠᠰᠠᠭ ᠰᠠᠬᠢᠯᠭ᠎ᠠ ᠶᠢᠨ ᠰᠢᠢᠳᠬᠡᠯ ᠢ ᠦᠯᠦ ᠭᠦᠯᠢᠶᠡᠬᠦ ᠭᠤᠮᠤᠳᠠᠯ ᠲᠤᠭᠠᠴᠢᠯ ᠢ ᠭᠦᠯᠢᠶᠡᠨ ᠠᠪᠴᠦ᠂ ᠬᠤᠪᠢ ᠭᠦᠮᠦᠨ ᠪᠤᠶᠤ ᠨᠢᠭᠡᠴᠡ ᠠᠴᠠ ᠪᠠᠶᠢᠴᠠᠭᠠᠭᠳᠠᠭᠰᠡᠨ ᠡᠲᠡᠭᠡᠳ ᠤᠨ ᠬᠠᠤᠯᠢ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠭᠤᠮᠤᠳᠠᠯ ᠲᠤᠭᠠᠴᠢᠬᠤ ᠶᠢ ᠭᠦᠯᠢᠶᠡᠨ ᠠᠪᠤᠨ᠎ᠠ᠃       ︵ᠲᠠᠪᠤ︶ ᠨᠡᠮ ᠤᠨ ᠰᠠᠬᠢᠯᠭ᠎ᠠ ᠶᠢ ᠬᠠᠮᠠᠭᠠᠯᠠᠬᠤ ᠲᠤᠬᠠᠢ ᠰᠢᠢᠳᠪᠦᠷᠢ ᠭᠠᠷᠭᠠᠬᠤ ᠶᠢ ᠬᠠᠷᠢᠭᠤᠴᠠᠵᠦ᠂ ᠨᠡᠮ  ᠤᠨ ᠰᠤᠷᠳᠠᠯ᠂ ᠨᠡᠮ ᠤᠨ ᠰᠠᠬᠢᠯᠭ᠎ᠠ ᠶᠢᠨ ᠭᠦᠮᠦᠵᠢᠯ ᠤᠨ ᠲᠦᠯᠦᠪᠵᠢᠭᠦᠯᠦᠯᠭᠡ ᠶᠢ ᠲᠤᠭᠲᠠᠭᠠᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠨᠡᠮ ᠤᠨ ᠰᠠᠬᠢᠯᠭ᠎ᠠ ᠪᠠᠳᠦ ᠪᠠᠶᠢᠴᠠᠭᠠᠬᠤ ᠠᠵᠢᠯ ᠤᠨ ᠴᠢᠭᠯᠡᠯᠲᠡ᠂ ᠳᠦᠷᠦ ᠶᠢᠨ ᠪᠤᠳᠤᠯᠭ᠎ᠠ ᠶᠢ ᠤᠬᠠᠭᠤᠯᠬᠤ ᠠᠵᠢᠯ ᠪᠠ ᠨᠡᠮ ᠤᠨ ᠬᠡᠰᠢᠭᠦᠳ ᠲᠤ ᠰᠠᠬᠢᠯᠭ᠎ᠠ ᠪᠠᠳᠦ ᠶᠢ ᠵᠢᠷᠦᠮᠯᠡᠬᠤ ᠭᠦᠮᠦᠵᠢᠯ ᠢ ᠰᠠᠶᠢᠳᠦᠷ ᠬᠢᠨ᠎ᠡ︔ ᠨᠡᠮ ᠤᠨ ᠰᠠᠬᠢᠯᠭ᠎ᠠ ᠨᠡᠮ ᠤᠨ ᠰᠤᠷᠳᠠᠯ ᠢ ᠠᠳᠬᠤᠭᠰᠡᠨ ᠲᠡᠯ᠎ᠡ ᠪᠠᠷ ᠲᠤᠪᠤᠶᠢᠮ᠎ᠡ ᠠᠮᠵᠢᠯᠲᠠ ᠭᠠᠷᠭᠠᠭᠰᠡᠨ ᠬᠤᠪᠢ ᠭᠦᠮᠦᠨ ᠪᠠ ᠨᠢᠭᠡᠴᠡ ᠶᠢ ᠰᠠᠶᠢᠰᠢᠶᠠᠨ ᠭᠦᠬᠢᠭᠦᠯᠬᠦ ᠪᠠ ᠵᠤᠷᠢᠭᠵᠢᠭᠤᠯᠬᠤ ᠶᠢ ᠬᠠᠷᠢᠭᠤᠴᠠᠨ᠎ᠠ᠃      ︵ᠵᠢᠷᠭᠤᠭ᠎ᠠ︶ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠡᠨ ᠵᠠᠰᠠᠭ ᠵᠠᠬᠢᠷᠭᠠᠨ ᠤ ᠬᠢᠨᠡᠨ ᠪᠠᠶᠢᠴᠠᠭᠠᠬᠤ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ ᠤᠬᠠᠭᠤᠯᠬᠤ ᠠᠵᠢᠯ ᠢ ᠬᠠᠷᠢᠭᠤᠴᠠᠵᠦ᠂ ᠤᠯᠤᠰ ᠤᠨ ᠵᠠᠰᠠᠭ ᠵᠠᠬᠢᠷᠭᠠᠨ ᠪᠠ ᠪᠠᠶᠢᠭᠤᠯᠭ᠎ᠠ ᠶᠢᠨ ᠠᠵᠢᠯᠲᠡᠨ ᠳᠤ ᠬᠠᠤᠯᠢ ᠰᠠᠬᠢᠯᠭ᠎ᠠ ᠶᠢ ᠵᠢᠷᠦᠮᠯᠠᠬᠤ ᠭᠦᠮᠦᠵᠢᠯ ᠬᠢᠵᠦ᠂ ᠴᠢᠭᠡᠴᠢ ᠵᠠᠰᠠᠭ ᠶᠠᠪᠤᠭᠤᠯᠵᠦ᠂ ᠠᠵᠢᠯ ᠳᠠᠭᠠᠨ ᠬᠠᠷᠢᠭᠤᠴᠠᠯᠭ᠎ᠠ ᠲᠠᠢ᠂ ᠵᠠᠰᠠᠭ ᠤᠨ ᠪᠦᠳᠦᠮᠵᠢ ᠲᠤᠪᠤᠶᠢᠮ᠎ᠡ ᠠᠵᠢᠯᠲᠡᠨ ᠢ ᠱᠠᠩᠨᠠᠨ ᠭᠦᠬᠢᠭᠦᠯᠵᠦ ᠵᠤᠷᠢᠭᠵᠢᠭᠤᠯᠬᠤ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃       ︵ᠲᠤᠯᠤᠭ᠎ᠠ︶ ᠨᠡᠮ ᠤᠨ ᠰᠠᠬᠢᠯᠭ᠎ᠠ ᠪᠠᠳᠦ ᠪᠠᠶᠢᠴᠠᠭᠠᠬᠤ ᠠᠵᠢᠯ ᠤᠨ ᠤᠨᠤᠯ ᠪᠠ ᠨᠡᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠨᠡᠮ ᠤᠨ ᠰᠠᠬᠢᠯᠭ᠎ᠠ ᠪᠠᠳᠦ  ᠶᠢᠨ ᠳᠦᠷᠢᠮ ᠵᠤᠷᠪᠤᠰ ᠪᠠ ᠳᠦᠷᠦ ᠶᠢᠨ ᠪᠤᠳᠤᠯᠭ᠎ᠠ ᠶᠢᠨ ᠲᠤᠭᠲᠠᠭᠠᠯ ᠢ ᠨᠤᠤᠷᠠᠭᠯᠡᠨ ᠲᠤᠭᠲᠠᠭᠠᠬᠤ ᠶᠢ ᠬᠠᠷᠢᠭᠤᠴᠠᠨ᠎ᠠ᠃       ︵ᠨᠠᠢᠮᠡ︶ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠪᠠ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠤᠭᠲᠠᠭᠠᠭᠰᠡᠨ ᠬᠠᠮᠢᠶ᠎ᠠ ᠪᠦᠭᠢ ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠨ᠎ᠡ᠃ ᠲᠡᠭᠦᠨ ᠤ ᠰᠢᠢᠳᠪᠦᠷᠢ ᠵᠠᠷᠯᠢᠭ ᠢ ᠵᠦᠷᠢᠴᠡᠭᠰᠡᠨ ᠪᠠ ᠤᠯᠤᠰ ᠤᠨ ᠠᠰᠢᠭ ᠲᠤᠰᠠ᠂ ᠬᠠᠮᠳᠦ ᠶᠢᠨ ᠠᠰᠢᠭ ᠲᠤᠰᠠ᠂ ᠤᠯᠠᠨ ᠲᠦᠮᠡᠨ ᠤ ᠠᠰᠢᠭ ᠲᠤᠰᠠ  ᠶᠢ ᠬᠤᠬᠢᠷᠠᠭᠤᠯᠤᠭᠰᠡᠨ ᠵᠤᠷᠪᠤᠰ ᠲᠤᠭᠲᠠᠭᠠᠯ ᠳᠤ ᠦᠭᠡᠷᠡᠴᠢᠯᠡᠨ ᠵᠠᠰᠠᠬᠤ ᠪᠤᠶᠤ ᠨᠦᠭᠦᠪᠦᠷᠢᠯᠡᠬᠦ ᠰᠠᠨᠠᠭᠤᠯᠭ᠎ᠠ ᠳᠤᠷᠠᠳᠤᠨ᠎ᠠ︔ ᠲᠤᠭᠤᠷᠢᠭ ᠤᠨ ᠰᠢᠭᠤᠳ ᠬᠠᠷᠢᠶ᠎ᠠ ᠡᠯ᠎ᠡ ᠱᠠᠳᠤᠨ ᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠦᠯᠦ ᠲᠤᠬᠢᠷᠠᠯᠴᠠᠬᠤ ᠰᠢᠢᠳᠪᠦᠷᠢ ᠪᠠ ᠲᠤᠭᠲᠠᠭᠠᠯ ᠢ ᠦᠭᠡᠷᠡᠴᠢᠯᠡᠬᠦ ᠪᠤᠶᠤ ᠦᠭᠡᠶᠢᠰᠭᠡᠨ᠎ᠡ᠃      ︵ᠶᠢᠰᠦ︶ ᠪᠦᠬᠦ ᠲᠤᠭᠤᠷᠢᠭ ᠤᠨ ᠰᠠᠬᠢᠯᠭ᠎ᠠ ᠪᠠᠳᠦ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠤᠳᠤᠷᠢᠳᠬᠤ ᠪᠠᠶᠢᠭᠤᠯᠤᠮᠵᠢ ᠪᠠ ᠠᠵᠢᠯ ᠤᠨ ᠬᠠᠷᠢᠴᠠᠭ᠎ᠠ ᠶᠢ ᠪᠠᠶᠢᠴᠠᠭᠠᠨ ᠰᠤᠳᠤᠯᠵᠦ᠂ ᠲᠤᠭᠲᠠᠭᠠᠯ ᠶᠤᠰᠤᠭᠠᠷ᠂ ᠲᠤᠭᠤᠷᠢᠭ ᠤᠨ ᠨᠡᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠲᠠᠢ ᠬᠠᠮᠳᠦᠪᠡᠷ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠲᠤᠮᠢᠯᠠᠨ ᠰᠠᠭᠤᠯᠭᠠᠬᠤ ᠰᠠᠬᠢᠯᠭ᠎ᠠ ᠪᠠᠳᠦ ᠪᠠᠶᠢᠴᠠᠭᠠᠬᠤ ᠲᠤᠭᠤᠶᠢᠯᠡᠩ ︵ᠰᠠᠬᠢᠯᠭ᠎ᠠ ᠪᠠᠳᠦ ᠪᠠᠶᠢᠴᠠᠭᠠᠬᠤ ᠵᠦᠪᠯᠡᠯ︶᠂ ᠬᠢᠨᠡᠨ ᠪᠠᠶᠢᠴᠠᠭᠠᠬᠤ ᠲᠠᠰᠤᠭ ᠤᠨ ᠤᠳᠤᠷᠢᠳᠬᠤ ᠺᠠᠳ᠋ᠷ ᠤᠨ ᠬᠢᠨᠡᠨ ᠰᠢᠯᠭᠠᠯᠲᠠ ᠶᠢ ᠬᠠᠷᠢᠭᠤᠴᠠᠬᠤ ᠶᠢᠨ ᠬᠠᠮᠳᠦ ᠲᠤᠮᠢᠯᠠᠵᠦ ᠪᠠᠭᠤᠯᠭᠠᠬᠤ ᠰᠠᠨᠠᠭᠤᠯᠭ᠎ᠠ ᠳᠤᠷᠠᠳᠤᠨ᠎ᠠ︔ ᠲᠤᠭᠤᠷᠢᠭ ᠤᠨ ᠰᠠᠬᠢᠯᠭ᠎ᠠ ᠪᠠᠳᠦ ᠪᠠᠶᠢᠴᠠᠭᠠᠬᠤ ᠬᠢᠨᠡᠨ ᠪᠠᠶᠢᠴᠠᠭᠠᠬᠤ ᠺᠠᠳ᠋ᠷ ᠤᠨ ᠪᠤᠯᠪᠠᠰᠤᠷᠠᠭᠤᠯᠤᠯ  ᠤᠨ ᠠᠵᠢᠯ ᠢ ᠵᠤᠬᠢᠶᠠᠨ ᠪᠠᠶᠢᠭᠤᠯᠬᠤ ᠪᠠ ᠵᠢᠯᠦᠭᠤᠳᠤᠨ᠎ᠠ᠃       ︵ᠠᠷᠪᠠ︶ ᠳᠡᠭᠡᠳᠦ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠪᠠ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠤ ᠡᠷᠬᠡ ᠤᠯᠭᠤᠭᠰᠡᠨ ᠪᠠ ᠲᠤᠰᠢᠶᠠᠨ ᠰᠢᠢᠳᠪᠦᠷᠢᠯᠡᠭᠦᠯᠬᠦ ᠪᠤᠰᠤᠳ ᠡᠭᠦᠷᠭᠡ ᠶᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号