ᠤᠯᠠᠭᠠᠨ ᠵᠠᠭᠠᠯᠮᠠᠶᠢᠲᠡᠨ ᠤ ᠨᠡᠶᠢᠭᠡᠮᠯᠢᠭ
ᠨᠡᠶᠢᠲᠡᠯᠡᠭᠰᠡᠨ ᠴᠠᠭ᠄
2016-06-06
                                        ᠭᠤᠤᠯ ᠡᠭᠦᠷᠭᠡ ᠬᠠᠷᠢᠭᠤᠴᠠᠯᠭ᠎ᠠ       ᠬᠤᠩᠱᠠᠨ ᠲᠤᠭᠤᠷᠢᠭ ᠤᠨ ᠤᠯᠠᠭᠠᠨ ᠵᠠᠭᠠᠯᠮᠠᠶᠢᠲᠡᠨ ᠤ ᠨᠡᠶᠢᠭᠡᠮᠯᠢᠭ ᠪᠤᠯ ᠭᠦᠮᠦᠡᠯᠢᠭ ᠦᠵᠡᠯ ᠤᠨ ᠠᠵᠢᠯ ᠢ ᠡᠷᠬᠢᠯᠡᠳᠡᠭ ᠨᠡᠶᠢᠭᠡᠮ ᠤᠨ ᠠᠪᠤᠷᠠᠨ ᠳᠡᠳᠭᠦᠬᠦ ᠪᠦᠯᠭᠦᠮ᠂ ᠭᠤᠤᠯ ᠡᠭᠦᠷᠭᠡ ᠬᠠᠷᠢᠭᠤᠴᠠᠯᠭ᠎ᠠ ᠪᠤᠯ᠄       ︵ᠨᠢᠭᠡ︶ ︽ᠪᠦᠭᠦᠳᠡ ᠨᠠᠶᠢᠷᠠᠮᠲᠠᠬᠤ ᠳᠤᠮᠳᠠᠳᠦ ᠠᠷᠠᠳ ᠤᠯᠤᠰ ᠤᠨ ᠤᠯᠠᠭᠠᠨ ᠵᠠᠭᠠᠯᠮᠠᠶᠢᠲᠡᠨ ᠤ ᠨᠡᠶᠢᠭᠡᠮᠯᠢᠭ ᠤᠨ ᠬᠠᠤᠯᠢ︾ ᠶᠢ ᠤᠬᠠᠭᠤᠯᠤᠨ᠂ ᠲᠤᠭᠤᠰᠢᠯᠠᠭᠤᠯᠵᠦ᠂ ᠨᠠᠡᠶᠢᠳᠡᠪᠦᠷᠢᠵᠢᠭᠤᠯᠤᠨ᠎ᠠ᠃       ︵ᠬᠤᠶᠠᠷ︶ ᠭᠠᠮᠰᠢᠭ ᠠᠴᠠ ᠠᠪᠤᠷᠠᠨ ᠳᠡᠳᠭᠦᠬᠦ ᠪᠠᠯᠡᠳᠬᠡᠯ ᠠᠵᠢᠯ ᠢ ᠦᠷᠨᠢᠭᠦᠯᠵᠦ᠂ ᠪᠠᠶᠢᠭᠠᠯᠢ ᠶᠢᠨ ᠭᠠᠮᠰᠢᠭ ᠪᠠ ᠭᠡᠨᠡᠳᠲᠡ ᠡᠭᠦᠰᠦᠭᠰᠡᠨ ᠬᠡᠷᠡᠭ ᠤᠨ ᠳᠤᠮᠳᠠ ᠰᠢᠷᠠᠭᠲᠤᠭᠰᠡᠳ ᠪᠠ ᠪᠤᠰᠤᠳ ᠬᠤᠬᠢᠷᠠᠯ ᠠᠮᠰᠠᠭᠴᠢᠳ ᠢ ᠠᠪᠤᠷᠠᠨ ᠳᠡᠳᠭᠦᠬᠦ ᠠᠵᠢᠯ ᠢ ᠦᠷᠨᠢᠭᠦᠯᠦᠨ᠎ᠡ᠃       ︵ᠭᠤᠷᠪᠠ︶ ᠡᠷᠡᠭᠦᠯ ᠬᠠᠮᠠᠭᠠᠯᠠᠯ ᠤᠨ ᠠᠪᠤᠷᠠᠨ ᠰᠤᠪᠢᠯᠠᠬᠤ ᠪᠠ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠠᠩᠬᠠᠨ ᠤ ᠱᠠᠳᠤᠨ ᠤ ᠡᠷᠡᠭᠦᠯ ᠬᠠᠮᠠᠭᠠᠯᠠᠯ ᠤᠨ ᠠᠪᠤᠷᠠᠨ ᠰᠤᠪᠢᠯᠠᠬᠤ ᠪᠤᠯᠪᠠᠰᠤᠷᠠᠭᠤᠯᠤᠯ ᠢ ᠬᠢᠵᠦ᠂ ᠤᠯᠠᠨ ᠲᠦᠮᠡᠨ ᠢ ᠵᠤᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤᠨᠢ ᠠᠪᠤᠷᠠᠨ ᠰᠤᠪᠢᠯᠠᠬᠤ ᠶᠢ ᠬᠠᠷᠢᠭᠤᠴᠠᠨ᠎ᠠ︔ ᠴᠢᠰᠦ ᠶᠡᠭᠦᠯᠡᠬᠦ ᠪᠠ ᠴᠢᠰᠦ ᠡᠷᠭᠦᠬᠦ ᠠᠵᠢᠯ ᠳᠤ ᠤᠷᠤᠯᠴᠠᠵᠦ᠂ ᠲᠦᠯᠦᠪᠤᠷᠢ ᠦᠭᠡᠢ ᠴᠢᠰᠦ ᠡᠷᠭᠦᠬᠦ ᠶᠢ ᠠᠬᠢᠭᠤᠯᠤᠨ᠎ᠠ︔ ᠪᠤᠰᠤᠳ ᠭᠦᠮᠦᠡᠯᠢᠭ ᠦᠵᠡᠯ ᠤᠨ ᠦᠢᠯᠡᠴᠢᠯᠡᠭᠡᠨ ᠤ ᠠᠵᠢᠯᠯᠠᠭᠠᠨ ᠢ ᠦᠷᠨᠢᠭᠦᠯᠦᠨ᠎ᠡ᠃      ︵ᠳᠦᠷᠪᠡ︶ ᠤᠯᠠᠭᠠᠨ ᠵᠠᠭᠠᠯᠮᠠᠶᠢᠲᠡᠨ ᠤ ᠵᠠᠯᠠᠭᠤᠴᠤᠳ ᠪᠠᠭᠠᠴᠤᠳ ᠤᠨ ᠠᠵᠢᠯᠯᠠᠭᠠᠨ ᠢ ᠦᠷᠨᠢᠭᠦᠯᠦᠨ᠎ᠡ᠃       ︵ᠲᠠᠪᠤ︶ ᠤᠯᠠᠨ ᠤᠯᠤᠰ ᠤᠨ ᠭᠦᠮᠦᠡᠯᠢᠭ ᠦᠵᠡᠯ ᠤᠨ ᠠᠪᠤᠷᠠᠨ ᠲᠤᠰᠠᠯᠠᠬᠤ ᠠᠵᠢᠯ ᠳᠤ ᠤᠷᠤᠯᠴᠠᠨ᠎ᠠ᠃       ︵ᠵᠢᠷᠭᠤᠭ᠎ᠠ︶ ᠤᠯᠠᠨ ᠤᠯᠤᠰ ᠤᠨ ᠤᠯᠠᠭᠠᠨ ᠵᠠᠭᠠᠯᠮᠠᠶᠢᠲᠡᠨ ᠪᠠ ᠤᠯᠠᠭᠠᠨ ᠰᠢᠨ᠎ᠡ ᠰᠠᠷᠡᠨ ᠤ ᠬᠤᠷᠠᠯ ᠤᠨ ᠭᠦᠳᠡᠯᠭᠡᠭᠡᠨ ᠤ ᠦᠨᠳᠦᠰᠦᠨ ᠵᠠᠷᠴᠢᠮ ᠪᠠ ᠵᠧᠨᠤᠸᠠ ᠶᠢᠨ ᠨᠡᠶᠢᠲᠡ ᠶᠢᠨ ᠭᠡᠷ᠎ᠡ ᠵᠢᠴᠢ ᠲᠡᠭᠦᠨ ᠤ ᠳᠠᠭᠠᠯᠲᠠ ᠬᠡᠯᠡᠯᠴᠡᠭᠡᠷ ᠤᠨ ᠪᠢᠴᠢᠭ ᠢ ᠤᠬᠠᠭᠤᠯᠤᠨ᠎ᠠ︔ ᠵᠧᠨᠤᠸᠠ ᠶᠢᠨ ᠨᠡᠶᠢᠲᠡ ᠶᠢᠨ ᠭᠡᠷ᠎ᠡ ᠵᠢᠴᠢ ᠲᠡᠭᠦᠨ ᠤ ᠳᠠᠭᠠᠯᠲᠠ ᠬᠡᠯᠡᠯᠴᠡᠭᠡᠷ ᠤᠨ ᠬᠠᠮᠢᠶ᠎ᠠ ᠪᠦᠭᠦᠢ ᠲᠤᠭᠲᠠᠭᠠᠯ ᠶᠤᠰᠤᠭᠠᠷ ᠠᠵᠢᠯ ᠢᠶᠠᠨ ᠦᠷᠨᠢᠭᠦᠯᠦᠨ᠎ᠡ᠃       ︵ᠳᠤᠯᠤᠭ᠎ᠠ︶ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠰᠢᠶᠠᠭᠰᠡᠨ ᠡᠯ᠎ᠡ ᠵᠦᠢᠯ  ᠤᠨ ᠠᠵᠢᠯ ᠡᠭᠦᠷᠭᠡ ᠶᠢ ᠪᠠᠶᠠᠯᠡᠭᠦᠯᠦᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号