ᠬᠤᠩᠱᠠᠨ ᠲᠤᠭᠤᠷᠢᠭ ᠤᠨ ᠠᠵᠢᠯᠴᠢᠨ ᠤ ᠶᠡᠷᠦᠩᠭᠡᠢ ᠡᠪᠯᠡᠯ
ᠨᠡᠶᠢᠲᠡᠯᠡᠭᠰᠡᠨ ᠴᠠᠭ᠄
2016-06-07
      ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠨᠡᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠭᠦᠳᠦᠯᠪᠦᠷᠢ ᠪᠠ ᠠᠵᠢᠯᠴᠢᠨ ᠤ ᠭᠦᠳᠡᠯᠭᠡᠭᠡᠨ ᠤ ᠴᠢᠭᠯᠡᠯᠲᠡ ᠶᠢ ᠦᠨᠳᠦᠰᠦᠯᠡᠨ᠂ ᠪᠦᠬᠦ ᠲᠤᠭᠤᠷᠢᠭ ᠤᠨ ᠠᠵᠢᠯ ᠤᠨ ᠶᠡᠭᠡ ᠪᠠᠶᠢᠳᠠᠯ  ᠤᠨ ᠲᠤᠭᠤᠷᠢᠨ ᠳᠤ᠂ ᠳᠡᠭᠡᠳᠦ ᠱᠠᠳᠤᠨ ᠤ ᠠᠵᠢᠯᠴᠢᠨ ᠤ ᠡᠪᠯᠡᠯ ᠵᠢᠴᠢ ᠲᠤᠰ ᠱᠠᠳᠤᠨ ᠤ ᠠᠵᠢᠯᠴᠢᠨ ᠤ ᠡᠪᠯᠡᠯ ᠤᠨ ᠲᠦᠯᠦᠭᠡᠯᠡᠭᠴᠢᠳ ᠤᠨ ᠶᠡᠭᠡ ᠬᠤᠷᠠᠯ᠂ ᠪᠦᠭᠦ ᠬᠡᠰᠢᠭᠦᠳ ᠤᠨ ᠬᠤᠷᠠᠯᠳᠤᠭᠠᠨ ᠠᠴᠠ ᠲᠤᠭᠲᠠᠭᠠᠭᠰᠡᠨ ᠴᠢᠭᠯᠡᠯᠲᠡ᠂ ᠡᠭᠦᠷᠭᠡ ᠪᠠ ᠰᠢᠢᠳᠪᠦᠷᠢ ᠶᠢ ᠲᠤᠤᠱᠯᠠᠭᠤᠯᠤᠨ ᠬᠡᠷᠡᠭᠵᠢᠭᠦᠯᠦᠨ᠎ᠡ᠃       ︵ᠬᠤᠶᠠᠷ︶ ᠬᠠᠤᠯᠢ ᠴᠠᠭᠠᠵᠠ ᠪᠠ ︽ᠳᠤᠮᠳᠠᠳᠦ ᠤᠯᠤᠰ ᠤᠨ ᠠᠵᠢᠯᠴᠢᠨ ᠤ ᠡᠪᠯᠡᠯ ᠤᠨ ᠳᠦᠷᠢᠮ︾ ᠢ ᠦᠨᠳᠦᠰᠦᠯᠡᠨ᠂ ᠪᠦᠬᠦ ᠲᠤᠭᠤᠷᠢᠭ ᠤᠨ ᠡᠯ᠎ᠡ ᠱᠠᠳᠤᠨ ᠤ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ ᠵᠢᠯᠦᠭᠤᠳᠴᠤ ᠨᠡᠮ ᠤᠨ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠵᠢᠯᠴᠢᠨ ᠠᠩᠬᠢ ᠳᠤ ᠲᠦᠰᠢᠭᠯᠡᠬᠦ ᠦᠨᠳᠦᠰᠦᠨ ᠵᠢᠯᠦᠭᠤᠳᠬᠤ ᠴᠢᠭᠯᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠬᠠᠮᠭᠠᠯᠠᠬᠤ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠤᠪᠤᠶᠢᠯᠭᠠᠬᠤ ᠪᠠ ᠭᠦᠢᠴᠡᠳᠬᠡᠨ᠎ᠡ᠃      ︵ᠭᠤᠷᠪᠠ︶ ᠠᠵᠢᠯᠲᠡᠨ ᠤ ᠬᠠᠤᠯᠢ ᠶᠤᠰᠤᠨ ᠤ ᠡᠷᠬᠡ ᠠᠰᠢᠭ ᠲᠤ ᠬᠤᠯᠪᠤᠭᠳᠠᠬᠤ ᠴᠢᠬᠤᠯᠨ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ  ᠳᠤ ᠠᠵᠢᠯᠲᠡᠨ ᠲᠦᠮᠡᠨ ᠤ ᠦᠵᠡᠯ ᠰᠠᠨᠠᠭ᠎ᠠ᠂ ᠭᠦᠰᠡᠯ ᠱᠠᠭᠠᠷᠳᠠᠯᠭ᠎ᠠ ᠶᠢ ᠲᠤᠰᠬᠠᠵᠦ᠂ ᠰᠠᠨᠠᠯ ᠰᠠᠨᠠᠭᠤᠯᠭ᠎ᠠ ᠳᠤᠷᠠᠳᠤᠨ᠎ᠠ︔ ᠠᠵᠢᠯᠴᠢᠨ ᠠᠵᠢᠯᠲᠡᠨ ᠤ ᠲᠤᠰ ᠪᠠᠶ᠎ᠡ ᠶᠢᠨ ᠠᠰᠢᠭ ᠲᠤᠰᠠ ᠳᠤ ᠬᠤᠯᠪᠤᠭᠳᠠᠬᠤ ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ ᠪᠠ ᠬᠠᠤᠯᠢ ᠳᠦᠷᠢᠮ ᠤᠨ ᠲᠦᠰᠦᠯ ᠢ ᠨᠠᠶᠢᠷᠠᠭᠤᠯᠤᠨ ᠲᠤᠭᠲᠠᠭᠠᠬᠤ ᠳᠤ ᠤᠷᠤᠯᠴᠠᠨ᠎ᠠ︔ ᠠᠵᠢᠯᠲᠡᠨ ᠤ ᠴᠢᠬᠤᠯᠠ ᠶᠡᠭᠡ ᠰᠢᠷᠠᠭᠳᠦᠯ ᠠᠳᠦᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠤᠷᠤᠯᠴᠠᠨ᠎ᠠ᠃       ︵ᠳᠦᠷᠪᠡ︶ ᠠᠵᠢᠯᠴᠢᠨ ᠤ ᠡᠪᠯᠡᠯ ᠤᠨ ᠤᠨᠤᠯ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠬᠠᠷᠢᠭᠤᠴᠠᠵᠦ᠂ ᠬᠤᠩᠱᠠᠨ ᠲᠤᠭᠤᠷᠢᠭ ᠤᠨ ᠠᠵᠢᠯᠴᠢᠨ ᠤ ᠡᠪᠯᠡᠯ ᠤᠨ ᠠᠵᠢᠯ ᠤᠨ ᠵᠤᠬᠢᠶᠠᠨ ᠪᠠᠶᠢᠭᠤᠯᠤᠯᠲᠠ ᠶᠢᠨ ᠳᠦᠷᠢᠮ ᠪᠠ ᠠᠷᠠᠳᠴᠢᠯᠡᠯ ᠤᠨ ᠳᠦᠷᠢᠮ ᠢ ᠲᠤᠭᠲᠠᠭᠠᠨ᠎ᠠ᠃ ᠪᠦᠭᠦ ᠲᠤᠭᠤᠷᠢᠭ ᠤᠨ ᠡᠯ᠎ᠡ ᠱᠠᠳᠤᠨ ᠤ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠲᠠ ᠶᠢᠨ ︿︿ᠳᠤᠮᠳᠠᠳᠦ ᠤᠯᠤᠰ ᠤᠨ ᠠᠵᠢᠯᠴᠢᠨ ᠤ ᠡᠪᠯᠡᠯ ᠤᠨ ᠳᠦᠷᠢᠮ﹀﹀ ᠢ ᠲᠤᠤᠱᠯᠠᠭᠤᠯᠤᠨ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠳᠤ ᠬᠢᠨᠡᠯᠲᠡ ᠲᠠᠯᠪᠢᠨ ᠪᠠᠶᠢᠴᠠᠭᠠᠨ᠎ᠠ︔ ᠠᠵᠢᠯᠴᠢᠨ ᠤ ᠡᠪᠯᠡᠯ ᠤᠨ ᠲᠤᠰ ᠪᠠᠶ᠎ᠡ ᠶᠢᠨ ᠦᠭᠡᠷᠡᠴᠢᠯᠡᠯᠲᠠ ᠪᠠ ᠪᠦᠳᠦᠭᠡᠨ ᠪᠠᠶᠢᠭᠤᠯᠤᠯᠲᠡ ᠶᠢ ᠰᠤᠳᠤᠯᠤᠨ ᠵᠢᠯᠦᠭᠤᠳᠤᠨ᠎ᠠ︔ ᠦᠨᠳᠦᠰᠦᠨ ᠱᠠᠳᠤᠨ ᠤ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠲᠠ ᠶᠢᠨ ᠦᠷᠨᠢᠭᠦᠯᠦᠭᠰᠡᠨ ᠠᠵᠢᠯᠲᠡᠨ ᠤ ᠲᠦᠯᠦᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠳᠦᠷᠢᠮ ᠪᠤᠯᠭᠠᠭᠰᠡᠨ ᠠᠷᠠᠳᠴᠢᠯᠡᠯᠳᠦ ᠰᠤᠩᠭᠤᠭᠤᠯᠢ᠂ ᠠᠷᠠᠳᠴᠢᠯᠡᠯᠲᠦ ᠰᠢᠢᠳᠪᠦᠷᠢᠲᠦ ᠪᠤᠳᠤᠯᠭ᠎ᠠ᠂ ᠠᠷᠠᠳᠴᠢᠯᠡᠯᠲᠦ ᠬᠠᠮᠢᠶᠠᠷᠤᠯᠲᠠ ᠪᠠ ᠠᠷᠠᠳᠴᠢᠯᠡᠯ ᠢᠶᠠᠷ ᠬᠢᠨᠡᠯᠲᠡ ᠲᠠᠯᠪᠢᠬᠤ ᠶᠢ ᠵᠢᠯᠦᠭᠤᠳᠤᠨ᠎ᠠ︔ ᠡᠷᠬᠡ ᠳᠡᠭᠰᠢ ᠪᠠᠷ ᠵᠦᠪᠳᠡᠯᠴᠡᠬᠦ᠂ ᠬᠠᠮᠲᠦ ᠶᠢᠨ ᠭᠡᠷ᠎ᠡ ᠶᠢᠨ ᠳᠦᠷᠢᠮ ᠪᠠ ᠬᠢᠨᠡᠯᠲᠡ ᠲᠠᠯᠪᠢᠬᠤ ᠪᠠᠳᠤᠯᠠᠭ᠎ᠠ ᠶᠢᠨ ᠵᠤᠬᠢᠴᠠᠮᠵᠢ ᠶᠢ ᠪᠠᠶᠢᠭᠤᠯᠬᠤ ᠶᠢ ᠠᠬᠢᠭᠤᠯᠤᠨ᠎ᠠ᠃      ︵ᠲᠠᠪᠤ︶ ᠲᠤᠭᠤᠷᠢᠭ ᠤᠨ ᠠᠵᠢᠯᠴᠢᠨ ᠤ ᠡᠪᠯᠡᠯ ᠤᠨ ᠪᠠᠶᠢᠭᠤᠯᠭ᠎ᠠ ᠶᠢᠨ ᠲᠤᠰ ᠪᠠᠶ᠎ᠠ ᠶᠢᠨ ᠪᠠᠶᠢᠭᠤᠯᠤᠯᠲᠠ  ᠶᠢ ᠰᠠᠶᠢᠳᠦᠷ ᠬᠢᠨ᠎ᠡ︔ ᠲᠤᠭᠤᠷᠢᠭ ᠤᠨ ᠠᠵᠢᠯᠴᠢᠨ ᠤ ᠶᠡᠷᠦᠩᠭᠡᠢ ᠡᠪᠯᠡᠯ ᠤᠨ ᠪᠠᠶᠢᠭᠤᠯᠭ᠎ᠠ ᠶᠢᠨ ᠨᠡᠮ ᠤᠨ ᠬᠡᠰᠢᠭᠦᠨ ᠺᠠᠳ᠋ᠷ ᠤᠨ ᠨᠡᠮ ᠤᠨ ᠰᠤᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠢᠨᠡᠯᠲᠠ ᠲᠠᠯᠪᠢᠵᠦ ᠪᠠᠶᠢᠴᠠᠭᠠᠨ᠎ᠠ︔ ᠠᠵᠢᠯᠴᠢᠨ ᠤ ᠡᠪᠯᠡᠯ ᠤᠨ ᠺᠠᠳ᠋ᠷ ᠤᠨ ᠬᠠᠮᠢᠶᠠᠷᠤᠯᠲᠠ ᠶᠢᠨ ᠳᠦᠷᠢᠮ ᠪᠠ ᠠᠵᠢᠯᠴᠢᠨ ᠤ ᠡᠪᠯᠡᠯ ᠤᠨ ᠺᠠᠳ᠋ᠷ ᠤᠨ ᠪᠤᠯᠪᠠᠰᠤᠷᠠᠭᠤᠯᠤᠯ ᠢ ᠰᠤᠳᠤᠯᠤᠨ ᠲᠤᠭᠲᠠᠭᠠᠵᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃       ︵ᠵᠢᠷᠭᠤᠭ᠎ᠠ︶ ᠡᠯ᠎ᠡ ᠱᠠᠳᠤᠨ ᠤ ᠭᠦᠳᠡᠯᠮᠦᠷᠢ ᠶᠢᠨ ᠵᠢᠱᠢᠶᠠᠴᠢ ᠶᠢ ᠲᠠᠨᠢᠯᠴᠠᠭᠤᠯᠬᠤ ᠪᠠ ᠰᠢᠯᠭᠠᠷᠠᠭᠤᠯᠤᠨ ᠲᠤᠭᠲᠠᠭᠠᠬᠤ ᠠᠵᠢᠯ ᠢ ᠬᠠᠷᠢᠭᠤᠴᠠᠵᠦ᠂ ᠬᠤᠩᠱᠠᠨ ᠲᠤᠭᠤᠷᠢᠭ ᠤᠨ ᠭᠦᠳᠡᠯᠮᠦᠷᠢ ᠶᠢᠨ ᠵᠢᠱᠢᠶᠡᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠳᠤᠯᠤᠭ᠎ᠠ︶ ᠬᠤᠩᠱᠠᠨ ᠲᠤᠭᠤᠷᠢᠭ ᠤᠨ ᠠᠵᠢᠯᠴᠢᠨ ᠤ ᠡᠪᠯᠡᠯ ᠤᠨ ᠠᠯᠪᠠᠨ ᠵᠠᠷᠤᠳᠠᠯ ᠪᠠ ᠠᠵᠢᠯᠴᠢᠨ ᠤ ᠡᠪᠯᠡᠯ ᠤᠨ ᠡᠳ᠋ ᠭᠦᠷᠦᠩᠭᠡ ᠶᠢᠨ ᠬᠠᠮᠢᠶᠠᠷᠤᠯᠲᠠ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃       ︵ᠨᠠᠢᠮᠠ︶ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠳᠦ ᠱᠠᠳᠤᠨ ᠤ ᠠᠵᠢᠯᠴᠢᠨ ᠤ ᠡᠪᠯᠡᠯ ᠤᠨ ᠲᠤᠰᠢᠶᠠᠨ ᠭᠦᠢᠴᠡᠳᠭᠡᠯᠭᠡᠬᠦ ᠪᠤᠰᠤᠳ ᠬᠡᠷᠡᠭ ᠤᠴᠢᠷ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号