| ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠢ ᠬᠠᠪᠰᠤᠷᠤᠨ ᠬᠤᠩᠱᠠᠨ ᠲᠤᠭᠤᠷᠢᠭ ᠤᠨ | ᠵᠠᠰᠠᠭ ᠤᠨ ᠤᠷᠳᠤᠨ᠂ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠲᠠᠷᠬᠠᠭᠠᠬᠤ ᠠᠯᠪᠠᠨ ᠪᠢᠴᠢᠭ ᠢ | ᠵᠤᠬᠢᠶᠠᠨ ᠪᠠᠶᠢᠭᠤᠯᠤᠨ ᠨᠤᠤᠷᠠᠭᠯᠠᠬᠤ ᠪᠠ ᠬᠢᠨᠡᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ︽ᠬᠤᠩᠱᠠᠨ | ᠲᠤᠭᠤᠷᠢᠭ ᠤᠨ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠲᠡ︾᠂ ᠲᠤᠭᠤᠷᠢᠭ ᠤᠨ ᠵᠠᠰᠠᠭ ᠤᠨ ᠤᠷᠳᠤᠨ ᠤ | ᠤᠳᠤᠷᠢᠳᠤᠯᠭ᠎ᠠ ᠶᠢᠨ ᠶᠡᠷᠢᠶ᠎ᠡ ᠵᠡᠷᠭᠡ ᠪᠢᠴᠢᠭ ᠮᠠᠲ᠋ᠧᠷᠢᠶᠠᠯ᠂ ᠡᠬᠡ ᠨᠤᠤᠷᠠᠭ ᠢ ᠵᠤᠬᠢᠶᠠᠨ ᠪᠠᠶᠢᠭᠤᠯᠤᠨ ᠵᠤᠬᠢᠶᠠᠨ᠎ᠠ᠃ | ︵ᠬᠤᠶᠠᠷ︶ ᠬᠤᠩᠱᠠᠨ ᠲᠤᠭᠤᠷᠢᠭ ᠤᠨ ᠡᠯ᠎ᠡ ᠪᠠᠯᠭᠠᠰᠤ᠂ ᠵᠡᠭᠡᠯᠢ ᠭᠤᠳᠤᠮᠵᠢ ᠪᠠ ᠲᠤᠭᠤᠷᠢᠭ ᠤᠨ | ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠲᠤᠭᠤᠷᠢᠭ ᠤᠨ ᠵᠠᠰᠠᠭ ᠤᠨ ᠤᠷᠳᠤᠨ ᠳᠤ ᠭᠤᠶᠤᠴᠢᠯᠡᠨ | ᠵᠦᠪᠰᠢᠶᠡᠷᠡᠭᠦᠯᠬᠦ ᠬᠠᠮᠢᠶ᠎ᠠ ᠪᠦᠭᠦᠢ ᠠᠰᠠᠭᠤᠳᠠᠯ ᠢ ᠰᠤᠳᠤᠯᠬᠤ ᠶᠢ ᠬᠠᠷᠢᠭᠤᠴᠠᠵᠦ᠂ ᠬᠢᠨᠡᠨ ᠬᠠᠷᠭᠤᠭᠤᠯᠤᠭᠰᠡᠨ ᠰᠠᠨᠠᠯ | ᠳᠤᠷᠠᠳᠴᠦ᠂ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠮᠡᠳᠡᠭᠦᠯᠦᠨ ᠬᠢᠨᠡᠨ ᠵᠦᠪᠰᠢᠶᠡᠷᠡᠭᠦᠯᠦᠨ᠎ᠡ᠃ | ︵ᠭᠤᠷᠪᠠ︶ ᠲᠤᠭᠤᠷᠢᠭ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠵᠢᠭᠠᠪᠤᠷᠢ ᠶᠢ ᠦᠨᠳᠦᠰᠦᠯᠡᠨ | ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠤᠭᠤᠷᠤᠨᠳᠤᠬᠢ ᠮᠠᠷᠭᠤᠭᠠᠨ ᠲᠠᠢ ᠴᠢᠬᠤᠯᠨ ᠠᠰᠠᠭᠤᠳᠠᠯ ᠢ | ᠵᠤᠬᠢᠴᠠᠭᠤᠯᠵᠦ᠂ ᠵᠠᠰᠠᠭ ᠤᠨ ᠤᠷᠳᠤᠨ ᠤ ᠤᠳᠤᠷᠢᠳᠣᠯᠭ᠎ᠠ ᠳᠤ ᠮᠡᠳᠡᠭᠦᠯᠵᠦ ᠲᠤᠭᠲᠠᠭᠠᠯᠭᠠᠨ᠎ᠠ᠃ | ︵ᠳᠦᠷᠪᠡ︶ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠤ ᠬᠤᠷᠠᠯᠳᠤᠭᠠᠨ ᠢ ᠵᠤᠬᠢᠶᠠᠨ ᠪᠠᠶᠢᠭᠤᠯᠵᠦ | ᠪᠡᠯᠡᠳᠬᠡᠬᠦ ᠠᠵᠢᠯ ᠢ ᠬᠠᠷᠢᠭᠤᠴᠠᠵᠦ᠂ ᠵᠠᠰᠠᠭ ᠤᠨ ᠤᠷᠳᠤᠨ ᠤ ᠤᠳᠤᠷᠢᠳᠤᠯᠭ᠎ᠠ ᠶᠢ ᠬᠠᠪᠰᠤᠷᠴᠦ ᠬᠤᠷᠠᠯᠳᠤᠭᠠᠨ ᠤ | ᠲᠤᠭᠲᠠᠭᠠᠭᠰᠡᠨ ᠬᠡᠷᠡᠭ ᠤᠴᠢᠷ ᠢ ᠵᠤᠬᠢᠶᠠᠨ ᠪᠠᠶᠢᠭᠤᠯᠵᠦ ᠬᠡᠷᠡᠭᠵᠢᠭᠦᠯᠦᠨ᠎ᠡ︔ ᠵᠠᠰᠠᠭ ᠤᠨ ᠤᠷᠳᠤᠨ ᠤ ᠬᠤᠷᠠᠯ ᠤᠨ | ᠭᠦᠯᠢᠶᠡᠨ ᠠᠪᠬᠤ ᠬᠠᠷᠢᠯᠴᠠᠬᠤ ᠠᠵᠢᠯ ᠢ ᠬᠠᠷᠢᠭᠤᠴᠠᠨ᠎ᠠ᠃ | ︵ᠲᠠᠪᠤ︶ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠶᠡᠷᠦᠩᠭᠡᠢ ᠵᠢᠵᠢᠭᠦᠷ ᠪᠠ ᠲᠤᠭᠤᠷᠢᠭ ᠤᠨ ᠳᠠᠷᠤᠭ᠎ᠠ ᠶᠢᠨ ᠢᠯᠡ ᠤᠲᠠᠰᠤ ᠶᠢᠨ ᠠᠯᠪᠠᠨ ᠭᠡᠷ ᠤᠨ | ᠠᠵᠢᠯ ᠢ ᠬᠠᠷᠢᠭᠤᠴᠠᠵᠦ᠂ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠴᠢᠬᠤᠯᠨ ᠪᠠᠶᠢᠳᠠᠯ ᠢ ᠴᠠᠭ ᠲᠤᠬᠠᠢ ᠳᠤᠨᠢ | ᠮᠡᠳᠡᠭᠦᠯᠵᠦ᠂ ᠬᠠᠮᠢᠶ᠎ᠠ ᠪᠦᠭᠦᠢ ᠬᠡᠷᠡᠭ ᠤᠴᠢᠷ ᠢ ᠬᠠᠪᠰᠤᠷᠤᠨ ᠰᠢᠢᠳᠪᠦᠷᠢᠯᠡᠨ᠎ᠡ᠃ | ︵ᠵᠢᠷᠭᠤᠭ᠎ᠠ︶ ᠲᠤᠭᠤᠷᠢᠭ ᠤᠨ ᠵᠠᠰᠠᠭ ᠤᠨ ᠤᠷᠳᠤᠨ᠂ ᠡᠯ᠎ᠡ ᠪᠠᠯᠭᠠᠰᠤ ᠵᠡᠭᠡᠯᠢ ᠪᠠ ᠵᠠᠰᠠᠭ ᠤᠨ ᠤᠷᠳᠤᠨ | ᠤ ᠡᠯ᠎ᠡ ᠰᠠᠯᠠᠭ᠎ᠠ ᠮᠦᠴᠢᠷ ᠤᠨ ᠵᠠᠰᠠᠭ ᠤᠨ ᠤᠷᠳᠤᠨ ᠤ ᠠᠯᠪᠠᠨ ᠪᠢᠴᠢᠭ᠂ ᠬᠤᠷᠠᠯ ᠠᠴᠠ ᠲᠤᠭᠲᠠᠭᠠᠭᠰᠡᠨ ᠬᠡᠷᠡᠭ | ᠤᠴᠢᠷ ᠵᠢᠴᠢ ᠲᠤᠭᠤᠷᠢᠭ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠵᠢᠭᠠᠪᠤᠷᠢ ᠶᠢ ᠬᠡᠷᠡᠭᠵᠢᠭᠦᠯᠦᠨ | ᠨᠡᠶᠢᠳᠡᠪᠦᠷᠢᠵᠢᠭᠤᠯᠤᠭᠰᠡᠨ ᠪᠠᠶᠢᠳᠠᠯ ᠳᠤ ᠬᠢᠨᠡᠯᠲᠡ ᠪᠠᠶᠢᠴᠠᠭᠠᠯᠲᠠ ᠪᠠ ᠮᠦᠷᠳᠡᠨ ᠪᠠᠶᠢᠴᠠᠭᠠᠯᠲᠠ ᠰᠤᠳᠤᠯᠤᠯᠲᠠ ᠬᠢᠬᠦ | ᠶᠢ ᠬᠠᠷᠢᠭᠤᠴᠠᠵᠦ᠂ ᠴᠠᠭ ᠲᠤᠬᠠᠢ ᠳᠤᠨᠢ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠮᠡᠳᠡᠭᠦᠯᠦᠨ᠎ᠡ︔ ᠲᠤᠭᠤᠷᠢᠭ | ᠤᠨ ᠵᠠᠰᠠᠭ ᠤᠨ ᠤᠷᠳᠤᠨ ᠤ ᠰᠢᠰᠲ᠋ᠧᠮ ᠤᠨ ᠡᠭᠦᠷᠭᠡᠯᠡᠭᠰᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠳᠤᠷᠠᠳᠤᠯᠭ᠎ᠠ ᠶᠢ | ᠭᠦᠢᠴᠡᠳᠬᠡᠭᠰᠡᠨ ᠠᠵᠢᠯ ᠢ ᠵᠤᠬᠢᠶᠠᠨ ᠪᠠᠶᠢᠭᠤᠯᠤᠨ ᠵᠢᠭᠠᠨ ᠵᠢᠯᠦᠭᠤᠳᠤᠨ᠎ᠠ᠃ | ︵ᠳᠤᠯᠤᠭ᠎ᠠ︶ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ | ᠵᠡᠷᠭᠡ ᠠᠵᠢᠯ ᠢ ᠬᠠᠷᠢᠭᠤᠴᠠᠵᠦ᠂ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ | ᠲᠤᠭᠲᠠᠭᠠᠬᠤ ᠳᠤ ᠯᠠᠪᠯᠠᠯᠲᠠ ᠬᠠᠩᠭᠠᠨ᠎ᠠ᠃ | ︵ᠨᠠᠢᠮᠠ︶ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠤ ᠰᠢᠰᠲ᠋ᠧᠮ ᠤᠨ ᠵᠠᠰᠠᠭ ᠤᠨ ᠶᠠᠪᠤᠳᠠᠯ ᠢ | ᠢᠯᠡ ᠪᠠᠶᠢᠯᠭᠠᠬᠤ ᠠᠵᠢᠯ ᠳᠤ ᠬᠠᠮᠢᠶᠠᠷᠤᠯᠲᠠ᠂ ᠱᠠᠭᠠᠷᠳᠠᠯᠲᠠ ᠪᠠ ᠪᠠᠶᠢᠴᠠᠭᠠᠯᠲᠠ ᠬᠢᠨ᠎ᠡ᠃ | ︵ᠶᠢᠰᠦ︶ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠠᠵᠢᠯ ᠢ | ᠬᠠᠷᠢᠭᠤᠴᠠᠨ᠎ᠠ᠃ | ︵ᠠᠷᠪᠡ︶ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠤ ᠰᠢᠰᠲ᠋ᠧᠮ ᠤᠨ ᠠᠯᠪᠠᠨ ᠭᠡᠷ ᠤᠨ | ᠮᠠᠰᠢᠨᠴᠢᠯᠡᠭ᠌ᠰᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠡᠯ᠎ᠡ ᠪᠠᠯᠭᠠᠰᠤ᠂ ᠵᠡᠭᠡᠯᠢ ᠭᠤᠳᠤᠮᠵᠢ ᠪᠠ | ᠲᠤᠭᠤᠷᠢᠭ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠠᠯᠪᠠᠨ ᠭᠡᠷ ᠤᠨ ᠮᠠᠰᠢᠨᠴᠢᠯᠠᠭᠰᠡᠨ | ᠪᠠᠶᠢᠭᠤᠯᠤᠯᠲᠠ ᠶᠢᠨ ᠠᠵᠢᠯ ᠢ ᠵᠢᠭᠠᠨ ᠵᠢᠯᠦᠭᠤᠳᠤᠨ᠎ᠠ᠃ | ︵ᠠᠷᠪᠠᠨ ᠨᠢᠭᠡ︶ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠤ ᠰᠢᠰᠲ᠋ᠧᠮ ᠤᠨ ᠭᠠᠳᠠᠭᠠᠳᠦ | ᠶᠠᠪᠤᠳᠠᠯ᠂ ᠬᠠᠷᠢᠶᠠᠳᠦ ᠶᠢᠨ ᠶᠠᠪᠤᠳᠠᠯ᠂ ᠲᠡᠷᠭᠡ ᠤᠨᠤᠭ᠎ᠠ ᠶᠢᠨ ᠤᠷᠤᠨ ᠲᠤᠭ᠎ᠠ ᠵᠡᠷᠭᠡ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠪᠠ ᠭᠦᠯᠢᠶᠡᠨ ᠠᠪᠬᠤ ᠠᠵᠢᠯ | ᠢ ᠬᠠᠷᠢᠭᠤᠴᠠᠨ᠎ᠠ᠃ | ︵ᠠᠷᠪᠠᠨ ᠭᠤᠷᠪᠠ︶ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠳᠡᠭᠡᠳᠦ ᠱᠠᠳᠤᠨ ᠤ ᠨᠡᠮ ᠤᠨ | ᠬᠤᠷᠢᠶ᠎ᠠ᠂ ᠵᠠᠰᠠᠭ ᠤᠨ ᠤᠷᠳᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ | ᠶᠢ ᠲᠤᠤᠱᠯᠠᠭᠤᠯᠤᠨ ᠨᠡᠶᠢᠳᠡᠪᠦᠷᠢᠵᠢᠭᠤᠯᠤᠨ᠎ᠠ︔ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ | ᠪᠠ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠤᠳᠤᠷᠢᠳᠬᠤ ᠭᠦᠮᠦᠰ ᠤᠨ ᠵᠦᠪᠰᠢᠶᠡᠷᠡᠨ | ᠭᠦᠢᠴᠡᠳᠬᠡᠯᠭᠡᠬᠦ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠲᠤᠰᠢᠶᠡᠨ ᠭᠦᠢᠴᠡᠳᠬᠡᠬᠦ᠂ ᠱᠠᠭᠠᠷᠳᠠᠨ ᠭᠦᠢᠴᠡᠳᠬᠡᠬᠦ᠂ | ᠭᠦᠢᠴᠡᠳᠬᠡᠨ ᠳᠠᠭᠤᠰᠬᠠᠬᠤ ᠵᠡᠷᠭᠡ ᠠᠵᠢᠯ ᠢ ᠡᠭᠦᠷᠭᠡᠯᠡᠨ᠎ᠡ︔ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ | ᠤᠷᠳᠤᠨ ᠤ ᠡᠯ᠎ᠡ ᠰᠠᠯᠠᠭ᠎ᠠ ᠮᠦᠴᠢᠷ᠂ ᠠᠷᠠᠳ ᠤᠨ ᠪᠦᠯᠭᠦᠮ ᠵᠢᠴᠢ ᠡᠯ᠎ᠡ ᠪᠠᠯᠭᠠᠰᠤ ᠵᠡᠭᠡᠯᠢ ᠶᠢᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠵᠢᠭᠠᠨ ᠵᠢᠯᠦᠭᠤᠳᠬᠤ ᠶᠢ ᠬᠠᠷᠢᠭᠤᠴᠠᠨ᠎ᠠ᠃ | ︵ᠠᠷᠪᠠᠨ ᠳᠦᠷᠪᠡ︶ ᠪᠦᠬᠦ ᠲᠤᠭᠤᠷᠢᠭ ᠤᠨ ᠤᠯᠠᠨ ᠲᠦᠮᠡᠨ ᠤ ᠢᠷᠡᠭᠦᠯᠦᠭᠰᠡᠨ ᠵᠠᠬᠢᠳᠠᠯ᠂ ᠤᠳᠠᠰᠤ᠂ | ᠰᠤᠷᠪᠤᠯᠵᠢᠯᠠᠭ᠎ᠠ ᠶᠢ ᠭᠦᠯᠢᠶᠡᠨ ᠠᠪᠴᠦ ᠬᠢᠨᠠᠬᠤ ᠶᠢ ᠬᠠᠷᠢᠭᠤᠴᠠᠵᠦ᠂ ᠴᠠᠭ ᠲᠤᠬᠠᠢ ᠳᠤᠨᠢ ᠢᠷᠡᠭᠦᠯᠦᠭᠰᠡᠨ ᠵᠠᠬᠢᠳᠠᠯ᠂ | ᠤᠳᠠᠰᠤ᠂ ᠰᠤᠷᠪᠤᠯᠵᠢᠯᠠᠭ᠎ᠠ ᠳᠤᠮᠳᠠᠬᠢ ᠰᠠᠨᠠᠯ ᠰᠠᠨᠠᠭᠤᠯᠭ᠎ᠠ ᠵᠢᠴᠢ ᠵᠤᠬᠢᠰᠲᠡᠢ ᠭᠤᠮᠤᠳᠠᠯ ᠲᠤᠭᠠᠴᠢᠯ ᠢ ᠲᠤᠭᠤᠷᠢᠭ | ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠠᠮᠢᠶ᠎ᠠ ᠪᠦᠭᠦᠢ ᠰᠠᠯᠠᠭ᠎ᠠ ᠮᠦᠴᠢᠷ ᠲᠤ ᠲᠤᠰᠬᠠᠬᠤ᠂ ᠬᠠᠷᠢᠭᠤ | ᠲᠤᠰᠬᠠᠬᠤ ᠪᠠ ᠨᠡᠪᠲᠡᠷᠡᠯᠴᠡᠨ᠂ ᠰᠢᠢᠳᠪᠦᠷᠢᠯᠡᠨ ᠭᠦᠢᠴᠡᠳᠬᠡᠬᠦ ᠠᠷᠭ᠎ᠠ ᠪᠠ ᠵᠠᠮ ᠰᠤᠪᠠᠭ ᠢ ᠳᠤᠷᠠᠳᠤᠨ᠎ᠠ᠃ | ︵ᠠᠷᠪᠠᠨ ᠲᠠᠪᠤ︶ ᠬᠤᠯᠪᠤᠭᠠᠯᠠᠨ ᠵᠠᠬᠢᠳᠠᠯ ᠰᠤᠷᠪᠤᠯᠵᠢᠯᠠᠭ᠎ᠠ ᠭᠦᠯᠢᠶᠡᠨ ᠠᠪᠬᠤ ᠠᠵᠢᠯ ᠤᠨ ᠵᠤᠬᠢᠴᠠᠮᠵᠢ ᠶᠢ | ᠪᠠᠶᠢᠭᠤᠯᠤᠨ᠂ ᠴᠠᠭ ᠲᠤᠬᠠᠢ ᠳᠤᠨᠢ᠂ ᠦᠨᠳᠦᠷ ᠪᠦᠳᠦᠮᠵᠢ ᠪᠠᠷ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠶᠢ ᠪᠠᠳᠤᠯᠠᠨ᠎ᠠ᠃ | ︵ᠠᠷᠪᠠᠨ ᠵᠢᠷᠭᠤᠭ᠎ᠠ︶ ᠪᠦᠬᠦ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠤᠬᠢᠴᠠᠭᠤᠯᠤᠨ | ᠵᠢᠯᠦᠭᠤᠳᠬᠤ ᠶᠢ ᠬᠠᠷᠢᠭᠤᠴᠠᠵᠦ᠂ ᠬᠠᠮᠢᠶ᠎ᠠ ᠪᠦᠭᠦᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠦ ᠶᠢᠨ | ᠪᠤᠳᠤᠯᠭ᠎ᠠ ᠶᠢ ᠰᠤᠳᠤᠯᠤᠨ ᠨᠡᠶᠢᠷᠡᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ | ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠬᠤ ᠪᠠ ᠴᠢᠩᠭᠠᠳᠬᠠᠬᠤ ᠰᠠᠨᠠᠯ ᠰᠠᠨᠠᠭᠤᠯᠭ᠎ᠠ | ᠳᠤᠷᠠᠳᠤᠨ᠎ᠠ᠃ | ︵ᠠᠷᠪᠠᠨ ᠳᠤᠯᠤᠭ᠎ᠠ︶ ᠲᠤᠭᠤᠷᠢᠭ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠬᠡᠯᠭᠡᠬᠦ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠤᠴᠢᠷ ᠢ ᠵᠤᠬᠢᠴᠠᠭᠤᠯᠬᠤ᠂ ᠱᠠᠭᠠᠷᠳᠡᠨ ᠵᠢᠯᠦᠭᠤᠳᠬᠤ᠂ ᠭᠦᠢᠴᠡᠳᠬᠡᠬᠦ ᠶᠢ | ᠬᠠᠷᠢᠭᠤᠴᠠᠬᠤ ᠶᠢᠨ ᠬᠠᠮᠳᠦ ᠨᠠᠶᠢᠳᠡᠪᠦᠷᠢᠵᠢᠭᠤᠯᠤᠯᠲᠠ ᠶᠢ ᠰᠠᠶᠢᠳᠦᠷ ᠠᠳᠬᠤᠨ᠎ᠠ︔ ᠡᠯ᠎ᠡ ᠪᠠᠯᠭᠠᠰᠤ ᠵᠡᠭᠡᠯᠢ ᠪᠠ ᠡᠯ᠎ᠡ | ᠰᠠᠯᠠᠭ᠎ᠠ ᠮᠦᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠴᠢᠷ ᠢ ᠰᠢᠯᠵᠢᠭᠦᠯᠦᠨ ᠭᠦᠢᠴᠡᠳᠬᠡᠯᠬᠡᠬᠦ᠂ ᠲᠤᠰᠢᠶᠠᠨ | ᠭᠦᠢᠴᠡᠳᠬᠡᠯᠭᠡᠬᠦ ᠶᠢ ᠬᠠᠷᠢᠭᠤᠴᠠᠵᠦ᠂ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠴᠢᠷ ᠢ ᠰᠢᠢᠳᠪᠦᠷᠢᠯᠡᠭᠰᠡᠨ | ᠪᠠ ᠨᠡᠶᠢᠳᠡᠪᠦᠷᠢᠵᠢᠭᠤᠯᠤᠭᠰᠡᠨ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠨ᠎ᠠ︔ ᠭᠠᠵᠠᠷ ᠤᠷᠤᠨ ᠠᠯᠤᠰᠯᠠᠭᠰᠡᠨ᠂ | ᠰᠠᠯᠠᠭ᠎ᠠ ᠮᠦᠴᠢᠷ ᠠᠯᠤᠰᠯᠠᠭᠰᠡᠨ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠵᠤᠬᠢᠴᠠᠭᠤᠯᠤᠯᠲᠠ᠂ | ᠱᠠᠭᠠᠷᠳᠠᠯᠲᠠ᠂ ᠰᠢᠢᠳᠪᠦᠷᠢᠯᠡᠯᠲᠡ ᠶᠢ ᠬᠠᠷᠢᠭᠤᠴᠠᠨ᠎ᠠ᠃ | ︵ᠠᠷᠪᠠᠨ ᠨᠠᠢᠮᠨ︶ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠬᠢ ᠶᠢ ᠶᠡᠷᠦᠩᠭᠡᠶᠢᠯᠡᠨ ᠵᠠᠳᠠᠯᠵᠦ | ᠰᠤᠳᠤᠯᠤᠨ ᠮᠠᠭᠠᠳᠯᠠᠬᠤ ᠶᠢ ᠬᠠᠷᠢᠭᠤᠴᠠᠵᠦ᠂ ᠪᠠᠶᠢᠴᠠᠭᠠᠨ ᠰᠤᠳᠤᠯᠤᠯᠲᠠ ᠦᠷᠨᠢᠭᠦᠯᠵᠦ᠂ ᠲᠤᠭᠤᠷᠢᠭ ᠤᠨ ᠨᠡᠮ ᠤᠨ | ᠬᠤᠷᠢᠶ᠎ᠠ᠂ ᠵᠠᠰᠠᠭ ᠤᠨ ᠤᠷᠳᠤᠨ ᠳᠤ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠪᠠ ᠲᠤᠭᠲᠠᠭᠠᠯ ᠢ ᠲᠤᠭᠲᠠᠭᠠᠬᠤ᠂ | ᠦᠭᠡᠷᠡᠴᠢᠯᠡᠨ ᠵᠠᠰᠠᠬᠤ᠂ ᠲᠡᠭᠦᠯᠳᠡᠷᠵᠢᠭᠦᠯᠬᠦ ᠲᠤᠬᠠᠢ ᠰᠠᠨᠠᠭᠤᠯᠭ᠎ᠠ ᠳᠤᠷᠠᠳᠤᠨ᠎ᠠ᠃ | ︵ᠠᠷᠪᠠ ᠶᠢᠰᠦ︶ ᠪᠦᠬᠦ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠬᠢ ᠶᠢᠨ ᠰᠢᠰᠲ᠋ᠧᠮ | ᠤᠨ ᠵᠢᠯᠦᠭᠤᠳᠤᠯᠭ᠎ᠠ᠂ ᠬᠠᠮᠠᠭᠠᠯᠠᠯᠲᠠ᠂ ᠬᠠᠮᠢᠶᠠᠷᠤᠯᠲᠠ ᠶᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ | ᠬᠠᠯᠠᠮᠰᠢᠯ ᠤᠳᠠᠰᠤ᠂ ᠰᠦᠯᠵᠢᠶᠡᠨ ᠳᠠᠬᠢ ᠵᠠᠬᠢᠳᠠᠯ ᠰᠤᠷᠪᠤᠯᠵᠢᠯᠠᠭ᠎ᠠ᠂ ᠲᠤᠭᠤᠷᠢᠭ ᠤᠨ ᠳᠠᠷᠤᠭ᠎ᠠ ᠶᠢᠨ ᠵᠠᠬᠢᠳᠠᠯ ᠤᠨ | ᠬᠠᠶᠢᠷᠴᠠᠭ ᠢ ᠭᠦᠯᠢᠶᠡᠨ ᠠᠪᠬᠤ᠂ ᠭᠦᠢᠴᠡᠳᠬᠡᠬᠦ᠂ ᠬᠠᠷᠢᠭᠤᠯᠲᠠ ᠦᠭᠬᠦ ᠵᠡᠷᠭᠡ ᠠᠵᠢᠯ ᠢ ᠬᠠᠷᠢᠭᠤᠴᠠᠨ᠎ᠠ᠃ | ︵ᠬᠤᠷᠢ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠳᠠᠪᠦᠷᠢᠲᠡᠨ ᠤ ᠡᠩᠨᠡᠭᠡᠨ ᠤ ᠪᠠᠶᠢᠭᠤᠯᠤᠯᠲᠠ ᠪᠠ | ᠨᠡᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠷᠢᠨ ᠨᠢᠭᠡ︶ ᠬᠤᠩᠱᠠᠨ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠡ ᠠᠰᠠᠭᠤᠳᠠᠯ | ᠵᠢᠴᠢ ᠪᠦᠯᠦᠭᠯᠡᠯ ᠤᠨ ᠴᠢᠨᠡᠷᠲᠡᠢ ᠬᠡᠷᠡᠭ ᠤᠴᠢᠷ ᠢ ᠰᠢᠢᠳᠪᠦᠷᠢᠯᠡᠬᠦ ᠬᠤᠯᠪᠤᠭᠠᠯᠠᠭᠰᠡᠨ ᠠᠯᠪᠠᠨ ᠭᠡᠷ ᠤᠨ ᠪᠤᠳᠠᠲᠠᠢ | ᠠᠵᠢᠯ ᠢ ᠬᠠᠷᠢᠭᠤᠴᠠᠵᠦ᠂ ᠬᠤᠯᠪᠤᠭᠠᠯᠠᠭᠰᠡᠨ ᠬᠤᠷᠠᠯᠳᠤᠭᠠᠨ ᠤ ᠲᠤᠭᠲᠠᠭᠠᠭᠰᠡᠨ ᠬᠡᠷᠡᠭ ᠶᠠᠪᠤᠳᠠᠯ ᠢ ᠱᠠᠭᠠᠷᠳᠠᠨ | ᠨᠡᠶᠢᠳᠡᠪᠦᠷᠢᠵᠢᠭᠤᠯᠵᠦ᠂ ᠭᠠᠵᠠᠷ ᠤᠷᠤᠨ ᠪᠠ ᠰᠠᠯᠠᠭ᠎ᠠ ᠮᠦᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠡ | ᠠᠰᠠᠭᠤᠳᠠᠯ ᠵᠢᠴᠢ ᠪᠦᠯᠦᠭᠯᠡᠯ ᠤᠨ ᠴᠢᠨᠡᠷᠲᠡᠢ ᠬᠡᠷᠡᠭ ᠤᠴᠢᠷ ᠢ ᠰᠢᠢᠳᠪᠦᠷᠢᠯᠡᠭᠰᠡᠨ ᠠᠵᠢᠯ ᠢ ᠶᠡᠷᠦᠩᠭᠡᠶᠢᠯᠡᠨ ᠵᠠᠳᠠᠯᠵᠦ | ᠂ ᠵᠤᠬᠢᠶᠠᠨ ᠪᠠᠶᠢᠭᠤᠯᠤᠨ ᠵᠤᠬᠢᠴᠠᠭᠤᠯᠵᠦ᠂ ᠱᠠᠭᠠᠷᠳᠠᠨ ᠪᠠᠶᠢᠴᠠᠭᠠᠵᠦ᠂ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ | ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠭᠦᠨᠵᠡᠭᠡᠢ ᠦᠷᠨᠢᠯᠲᠡ ᠶᠢ ᠠᠬᠢᠭᠤᠯᠤᠨ᠎ᠠ᠃ | ︵ᠬᠤᠷᠢᠨ ᠬᠤᠶᠠᠷ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠮᠦᠩᠭᠦᠨ | ᠭᠦᠢᠯᠭᠡᠭᠡᠨ ᠤ ᠬᠠᠮᠢᠶ᠎ᠠ ᠪᠦᠭᠦᠢ ᠬᠠᠤᠯᠢ ᠴᠠᠭᠠᠵᠠ᠂ ᠬᠠᠤᠯᠢ ᠳᠦᠷᠢᠮ ᠪᠠ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ︔ ᠭᠠᠵᠠᠷ ᠤᠷᠤᠨ ᠤ ᠴᠢᠨᠡᠷᠲᠡᠢ ᠮᠦᠩᠭᠦᠨ ᠭᠦᠢᠯᠭᠡᠭᠡᠨ ᠤ ᠠᠵᠢᠯ ᠤᠨ ᠳᠦᠷᠢᠮ | ᠲᠤᠭᠲᠠᠭᠠᠯ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠭᠦᠷᠦᠩᠭᠡ ᠠᠭᠤᠰᠬᠠᠬᠤ ᠪᠠᠶᠢᠭᠤᠯᠤᠮᠵᠢ ᠶᠢᠨ | ᠭᠦᠭᠵᠢᠯᠲᠡ ᠶᠢ ᠳᠡᠮᠵᠢᠭᠰᠡᠨ ᠠᠷᠭ᠎ᠠ ᠬᠡᠮᠵᠢᠶ᠎ᠡ ᠶᠢ ᠰᠤᠳᠤᠯᠤᠨ ᠵᠤᠬᠢᠶᠠᠨ ᠨᠠᠶᠢᠷᠡᠭᠤᠯᠬᠤ ᠪᠠ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠬᠤᠷᠢᠨ ᠭᠤᠷᠪᠠ︶ ᠪᠦᠬᠦ ᠲᠤᠭᠤᠷᠢᠭ ᠤᠨ ᠮᠦᠩᠭᠦᠨ ᠭᠦᠢᠯᠭᠡᠭᠡᠨ ᠤ ᠭᠦᠭᠵᠢᠯᠲᠡ ᠶᠢᠨ | ᠲᠦᠯᠦᠪᠵᠢᠭᠦᠯᠭᠡ ᠪᠠ ᠤᠨ ᠤ ᠠᠵᠢᠯ ᠤᠨ ᠲᠦᠯᠦᠪᠯᠡᠭᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ | ᠲᠤᠭᠤᠷᠢᠭ ᠤᠨ ᠮᠦᠩᠭᠦᠨ ᠭᠦᠢᠯᠭᠡᠭᠡᠨ ᠤ ᠦᠢᠯᠡᠰ ᠤᠨ ᠭᠦᠭᠵᠢᠯᠲᠡ ᠶᠢ ᠠᠬᠢᠭᠤᠯᠤᠨ᠎ᠠ︔ ᠮᠦᠩᠭᠦᠨ ᠭᠦᠢᠯᠭᠡᠭᠡᠨ ᠤ | ᠪᠠᠶᠢᠳᠠᠯ ᠢ ᠰᠤᠳᠤᠯᠤᠨ ᠵᠠᠳᠠᠯᠵᠦ᠂ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ᠃ | ︵ᠬᠤᠷᠢᠨ ᠳᠦᠷᠪᠡ︶ ᠳᠡᠭᠡᠳᠦ ᠱᠠᠳᠤᠨ ᠤ ᠮᠦᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠲᠠᠢ ᠬᠠᠮᠵᠢᠯᠴᠡᠨ ᠮᠡᠨ ᠤ ᠲᠤᠭᠤᠷᠢᠭ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠮᠦᠩᠭᠦᠨ | ᠭᠦᠢᠯᠭᠡᠭᠡᠨ ᠤ ᠦᠢᠯᠡᠰ ᠤᠨ ᠵᠠᠭᠤᠴᠢ ᠪᠠᠶᠢᠭᠤᠯᠤᠮᠵᠢ ᠳᠤ ᠬᠢᠨᠡᠯᠲᠡ ᠬᠠᠮᠢᠶᠠᠷᠤᠯᠲᠠ ᠶᠠᠪᠤᠭᠤᠯᠵᠦ᠂ ᠬᠠᠤᠯᠢ ᠪᠤᠰᠤ | ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠠᠤᠯᠢ ᠪᠤᠰᠤ ᠮᠦᠩᠭᠦᠨ ᠭᠦᠢᠯᠭᠡᠭᠡᠨ ᠤ ᠲᠤᠬᠠᠶᠢᠯᠠᠭᠰᠡᠨ ᠠᠵᠢᠯ ᠤᠨ | ᠠᠵᠢᠯᠯᠠᠭᠠᠨ ᠳᠤ ᠴᠤᠬᠢᠯᠲᠠ ᠦᠭᠴᠦ᠂ ᠮᠦᠩᠭᠦᠨ ᠭᠦᠢᠯᠭᠡᠭᠡᠨ ᠤ ᠡᠮᠬᠢ ᠲᠢᠭᠯᠢᠮ ᠢ ᠴᠡᠭᠴᠡᠯᠡᠨ ᠳᠦᠷᠢᠮᠵᠢᠭᠦᠯᠦᠨ᠎ᠡ᠃ | ᠡᠯ᠎ᠡ ᠲᠦᠷᠦᠯ ᠤᠨ ᠮᠦᠩᠭᠦᠨ ᠭᠦᠢᠯᠭᠡᠭᠡᠨ ᠤ ᠦᠢᠯᠡᠰ ᠲᠠᠢ ᠬᠠᠮᠢᠶᠠᠲᠡᠢ ᠠᠵᠢᠯ ᠲᠦᠷᠦᠯ ᠤᠨ ᠨᠡᠶᠢᠭᠡᠮᠯᠢᠭ ᠪᠠ | ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠡᠨ ᠠᠵᠢᠯ ᠤᠨ ᠠᠵᠢᠯᠯᠠᠭᠠᠨ ᠢ ᠵᠢᠭᠠᠨ ᠵᠢᠯᠦᠭᠤᠳᠴᠤ᠂ ᠠᠵᠢᠯ ᠲᠦᠷᠦᠯ | ᠤᠨ ᠦᠪᠡᠷ ᠢ ᠪᠠᠨ ᠴᠢᠩᠭ᠎ᠠ ᠬᠠᠮᠢᠶᠠᠷᠬᠤ ᠶᠢ ᠴᠢᠩᠭᠠᠳᠬᠠᠨ᠎ᠠ᠃ | ︵ᠬᠤᠷᠢᠨ ᠲᠠᠪᠤ︶ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠳᠦ ᠮᠦᠩᠭᠦᠨ ᠭᠦᠢᠯᠭᠡᠭᠡᠨ ᠤ ᠭᠡᠨᠡᠳᠳᠡ | ᠡᠭᠦᠰᠭᠦ ᠬᠡᠷᠡᠭ ᠶᠠᠪᠤᠳᠠᠯ ᠢ ᠪᠠᠴᠢᠮ ᠠᠷᠭᠠᠴᠠᠬᠤ ᠲᠦᠰᠦᠯ᠂ ᠪᠠᠴᠢᠮ ᠪᠠᠶᠢᠳᠠᠯ ᠢ ᠰᠢᠢᠳᠪᠦᠷᠢᠯᠡᠬᠦ ᠲᠤᠭᠲᠠᠴᠠ ᠪᠠ | ᠮᠦᠩᠭᠦᠨ ᠭᠦᠢᠯᠭᠡᠭᠡᠨ ᠤ ᠲᠤᠭᠲᠠᠭᠤᠨ ᠢ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠪᠠ ᠰᠢᠢᠳᠪᠦᠷᠢᠯᠡᠵᠦ᠂ ᠭᠠᠵᠠᠷ ᠤᠷᠤᠨ | ᠤ ᠮᠦᠩᠭᠦᠨ ᠭᠦᠢᠯᠭᠡᠭᠡᠨ ᠤ ᠲᠤᠭᠲᠠᠭᠤᠨ ᠢ ᠬᠠᠮᠠᠭᠠᠯᠠᠨ᠎ᠠ᠃ | ︵ᠬᠤᠷᠢᠨ ᠵᠢᠷᠭᠤᠭ᠎ᠠ︶ ᠲᠤᠭᠤᠷᠢᠭ ᠲᠤ ᠰᠠᠭᠤᠷᠢᠰᠢᠭ᠎ᠠ ᠮᠦᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠨᠡᠪᠲᠡᠷᠡᠯᠴᠡᠨ ᠵᠤᠬᠢᠴᠠᠭᠤᠯᠬᠤ ᠠᠵᠢᠯ ᠢ | ᠡᠭᠦᠷᠭᠡᠯᠡᠵᠦ᠂ ᠮᠦᠩᠭᠦᠨ ᠭᠦᠢᠯᠭᠡᠭᠡᠨ ᠤ ᠠᠵᠦ ᠠᠬᠤᠶᠢᠯᠡᠯ ᠤᠨ ᠮᠡᠨ ᠤ ᠲᠤᠭᠤᠷᠢᠭ ᠲᠤ ᠬᠤᠪᠢᠶᠠᠷᠢ ᠪᠠᠶᠢᠭᠤᠯᠤᠮᠵᠢ | ᠪᠠ ᠲᠤᠤᠷ ᠴᠢᠭ ᠪᠠᠶᠢᠭᠤᠯᠬᠤ ᠶᠢ ᠢᠳᠡᠪᠬᠢᠲᠡᠢ ᠠᠬᠢᠭᠤᠯᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ | ᠵᠤᠬᠢᠰᠲᠡᠢ ᠪᠠᠶᠢᠷᠢᠯᠠᠭᠤᠯᠤᠯᠲᠠ ᠪᠠ ᠮᠦᠩᠭᠦᠨ ᠭᠦᠢᠯᠭᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ | ᠶᠢ ᠠᠬᠢᠭᠤᠯᠤᠨ᠎ᠠ᠃ | ︵ᠬᠤᠷᠢᠨ ᠳᠤᠯᠤᠭ᠎ᠠ︶ ᠭᠠᠵᠠᠷ ᠤᠷᠤᠨ ᠤ ᠴᠢᠨᠡᠷᠲᠡᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠦᠭᠡᠷᠡᠴᠢᠯᠡᠯᠲᠡ ᠪᠠ ᠭᠦᠭᠵᠢᠯᠲᠡ ᠶᠢ ᠵᠢᠭᠠᠨ ᠵᠢᠯᠦᠭᠤᠳᠴᠤ᠂ ᠭᠠᠵᠠᠷ ᠤᠷᠤᠨ ᠤ ᠴᠢᠨᠡᠷᠲᠡᠢ ᠮᠦᠩᠭᠦᠨ ᠭᠦᠢᠯᠭᠡᠭᠡᠨ | ᠤ ᠪᠠᠶᠢᠭᠤᠯᠤᠮᠵᠢ ᠶᠢᠨ ᠪᠠᠶᠢᠭᠤᠯᠬᠤ᠂ ᠭᠦᠷᠦᠩᠭᠡ ᠨᠡᠮᠡᠵᠦ ᠬᠤᠪᠢ ᠤᠷᠤᠭᠤᠯᠤᠯᠲᠠ ᠪᠠᠨ ᠦᠷᠭᠡᠳᠬᠡᠬᠦ᠂ ᠬᠤᠪᠢ | ᠤᠷᠤᠭᠤᠯᠤᠯᠲᠠ ᠶᠢᠨ ᠡᠷᠬᠡ ᠪᠠᠨ ᠰᠢᠯᠵᠢᠭᠦᠯᠬᠦ᠂ ᠭᠦᠴᠦᠨ ᠦᠭᠡᠢ ᠪᠤᠯᠭᠠᠨ ᠡᠭᠦᠳᠡ ᠪᠠᠨ ᠬᠠᠭᠠᠬᠤ ᠳᠤ ᠰᠠᠨᠠᠯ | ᠳᠤᠷᠠᠳᠤᠨ᠂ ᠬᠠᠤᠯᠢ ᠶᠢᠨ ᠡᠷᠬᠡᠲᠡᠨ ᠤ ᠵᠠᠰᠠᠬᠤ ᠪᠦᠳᠦᠴᠡ ᠪᠠ ᠡᠵᠡᠩᠨᠡᠨ ᠬᠠᠮᠢᠶᠠᠷᠤᠯᠲᠠ ᠶᠢᠨ ᠲᠤᠭᠲᠠᠴᠠ ᠶᠢᠨ | ᠲᠡᠭᠦᠯᠳᠡᠷᠵᠢᠯᠲᠡ ᠶᠢ ᠠᠬᠢᠭᠤᠯᠤᠨ᠎ᠠ᠃ | ︵ᠬᠤᠷᠢᠨ ᠨᠠᠢᠮᠠ︶ ᠠᠵᠦ ᠠᠬᠤᠶᠢᠯᠡᠯ ᠤᠨ ᠵᠠᠬ᠎ᠠ ᠳᠤ ᠭᠠᠷᠬᠤ ᠠᠴᠠ ᠡᠮᠤᠨᠡᠬᠢ ᠬᠤᠭᠤᠴᠠᠭᠠᠨ ᠤ | ᠪᠠᠶᠢᠭᠤᠯᠤᠯ ᠦᠭᠡᠷᠡᠴᠢᠯᠡᠬᠦ ᠠᠵᠢᠯ ᠢ ᠵᠤᠬᠢᠶᠠᠨ ᠪᠠᠶᠢᠭᠤᠯᠬᠤ ᠪᠠ ᠵᠤᠬᠢᠴᠠᠭᠤᠯᠬᠤ ᠶᠢ ᠬᠠᠷᠢᠭᠤᠴᠠᠵᠦ᠂ ᠵᠠᠬ᠎ᠠ ᠳᠤ | ᠭᠠᠷᠬᠤ ᠪᠠᠷ ᠲᠦᠯᠦᠪᠯᠡᠵᠦ ᠪᠠᠶᠢᠭ᠎ᠠ ᠠᠵᠦ ᠠᠬᠤᠶᠢᠯᠡᠯ ᠤᠨ ᠢᠯᠡ ᠪᠠᠷ ᠬᠤᠪᠢ ᠤᠷᠤᠭᠤᠯᠤᠯᠲᠠ ᠶᠢᠨ ᠲᠡᠮᠳᠡᠭ | ᠲᠠᠷᠬᠠᠭᠠᠬᠤ ᠠᠵᠢᠯ ᠳᠤ ᠰᠠᠨᠠᠯ ᠳᠤᠷᠠᠳᠤᠨ᠎ᠠ︔ ᠲᠡᠮᠲᠡᠭᠳᠦ ᠶᠢ ᠬᠢᠨᠡᠨ ᠬᠠᠮᠢᠶᠠᠷᠬᠤ ᠰᠠᠯᠠᠭ᠎ᠠ ᠮᠦᠴᠢᠷ ᠲᠠᠢ | ᠬᠠᠮᠵᠢᠯᠴᠡᠨ ᠵᠠᠬ᠎ᠠ ᠳᠤ ᠭᠠᠷᠤᠭᠰᠡᠨ ᠺᠤᠮᠫᠠᠨᠢ ᠶᠢᠨ ᠬᠢᠨᠡᠨ ᠬᠠᠮᠢᠶᠠᠷᠤᠯᠲᠠ ᠪᠠᠨ ᠴᠢᠩᠭᠠᠳᠬᠠᠵᠦ᠂ ᠵᠠᠬ᠎ᠠ ᠳᠤ | ᠭᠠᠷᠤᠭᠰᠡᠨ ᠺᠤᠮᠫᠠᠨᠢ ᠶᠢᠨ ᠲᠠᠬᠢᠨ ᠪᠡᠯᠨ ᠠᠭᠤᠰᠬᠠᠬᠤ᠂ ᠬᠤᠳᠠᠯᠳᠤᠨ ᠠᠪᠴᠦ ᠨᠡᠶᠢᠯᠡᠭᠦᠯᠬᠦ ᠪᠠ ᠭᠦᠷᠦᠩᠭᠡ ᠪᠠᠨ | ᠲᠠᠬᠢᠨ ᠵᠤᠬᠢᠶᠠᠨ ᠪᠠᠶᠢᠭᠤᠯᠬᠤ ᠵᠡᠷᠭᠡ ᠠᠵᠢᠯ ᠢ ᠵᠢᠭᠠᠨ ᠵᠢᠯᠦᠭᠤᠳᠴᠤ᠂ ᠵᠠᠬ᠎ᠠ ᠳᠤ ᠭᠠᠷᠤᠭᠰᠡᠨ ᠺᠤᠮᠫᠠᠨᠢ ᠶᠢᠨ | ᠬᠠᠮᠢᠶ᠎ᠠ ᠪᠦᠭᠦᠢ ᠠᠶᠤᠯ ᠲᠦᠭᠰᠢᠭᠦᠷᠢ ᠶᠢ ᠨᠠᠮᠳᠠᠭᠤᠯᠤᠨ᠎ᠠ︔ ᠠᠵᠦ ᠦᠢᠯᠡᠰ ᠤᠨ ᠪᠡᠯᠨ ᠤᠷᠤᠭᠤᠯᠤᠯᠲᠠ ᠶᠢᠨ | ᠰᠠᠭᠤᠷᠢ ᠮᠦᠩᠭᠦ᠂ ᠬᠤᠪᠢᠲᠦ ᠡᠷᠬᠡ ᠶᠢᠨ ᠪᠡᠯᠨ ᠤᠷᠤᠭᠤᠯᠤᠯᠲᠠ ᠶᠢᠨ ᠰᠠᠭᠤᠷᠢ ᠮᠦᠩᠭᠦ ᠵᠡᠷᠭᠡ ᠶᠢᠨ ᠳᠦᠷᠢᠮᠵᠢᠭᠰᠡᠨ | ᠭᠦᠭᠵᠢᠯᠲᠡ ᠶᠢ ᠵᠢᠭᠠᠨ ᠵᠢᠯᠦᠭᠤᠳᠤᠨ᠎ᠠ︔ ᠪᠦᠬᠦ ᠲᠤᠭᠤᠷᠢᠭ ᠤᠨ ᠵᠠᠬ᠎ᠠ ᠶᠢᠨ ᠪᠤᠰᠤ ᠠᠵᠦ ᠠᠬᠤᠶᠢᠯᠡᠯ ᠤᠨ | ᠬᠤᠪᠢᠲᠦ ᠡᠷᠬᠡ ᠶᠢᠨ ᠰᠤᠯᠢᠯᠴᠠᠭᠠᠨ ᠤ ᠵᠠᠬ᠎ᠠ ᠶᠢ ᠬᠠᠮᠢᠶᠠᠷᠤᠨ᠎ᠠ᠃ | ︵ᠬᠤᠷᠢ ᠶᠢᠰᠦ︶ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠨ ᠤᠷᠤᠭᠤᠯᠵᠦ ᠠᠭᠤᠰᠬᠠᠬᠤ | ᠲᠠᠪᠴᠢᠩ ᠵᠢᠴᠢ ᠲᠡᠭᠦᠨ ᠤ ᠲᠦᠷᠦᠯ ᠵᠦᠢᠯ ᠤᠨ ᠭᠦᠷᠦᠩᠭᠡ ᠠᠭᠠᠤᠰᠬᠠᠬᠤ ᠲᠦᠰᠦᠯ ᠤᠨ ᠨᠡᠶᠢᠳᠡᠪᠦᠷᠢᠵᠢᠭᠤᠯᠤᠯᠲᠠ | ᠶᠢ ᠵᠤᠬᠢᠴᠠᠭᠤᠯᠬᠤ ᠶᠢ ᠬᠠᠷᠢᠭᠤᠴᠠᠵᠦ᠂ ᠲᠦᠷᠦᠯ ᠵᠦᠢᠯ ᠤᠨ ᠪᠡᠯᠨ ᠮᠦᠩᠭᠦ ᠶᠢᠨ ᠤᠷᠤᠨ ᠪᠠᠶᠢᠷᠢ ᠳᠠᠭᠠᠨ | ᠭᠦᠷᠦᠭᠰᠡᠨ ᠪᠠᠶᠢᠳᠠᠯ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠲᠦᠷᠦᠯ ᠵᠦᠢᠯ ᠤᠨ ᠪᠡᠯᠨ | ᠤᠷᠤᠭᠤᠯᠤᠯᠲᠠ ᠶᠢᠨ ᠦᠨᠡᠯᠡᠯᠲᠡ᠂ ᠪᠡᠯᠨ ᠮᠦᠩᠭᠦ ᠶᠢ ᠪᠤᠴᠠᠭᠠᠬᠤ ᠶᠢ ᠨᠡᠶᠢᠳᠡᠪᠦᠷᠢᠵᠢᠭᠤᠯᠭᠰᠡᠨ ᠪᠠᠶᠢᠳᠠᠯ ᠵᠡᠷᠭᠡ | ᠲᠡᠯ᠎ᠡ ᠶᠢᠨ ᠬᠠᠮᠢᠶᠠᠷᠤᠯᠲᠠ ᠪᠠ ᠬᠢᠨᠡᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠴᠢ︶ ᠪᠦᠬᠦ ᠲᠤᠭᠤᠷᠢᠭ ᠤᠨ ᠳᠤᠮᠳᠠ ᠪᠠᠭ᠎ᠠ ᠠᠵᠦ ᠠᠬᠤᠶᠢᠯᠡᠯ ᠤᠨ ᠭᠦᠷᠦᠩᠭᠡ ᠠᠭᠤᠰᠬᠠᠬᠤ ᠶᠢ | ᠠᠬᠢᠭᠤᠯᠬᠤ ᠶᠢ ᠬᠠᠷᠢᠭᠤᠴᠠᠵᠦ᠂ ᠭᠠᠵᠠᠷ ᠤᠷᠤᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠪᠠᠭ᠎ᠠ | ᠠᠵᠦ ᠠᠬᠤᠶᠢᠯᠡᠯ ᠲᠠᠢ ᠵᠤᠬᠢᠴᠠᠭᠰᠡᠨ ᠳᠡᠰ ᠦᠨᠡᠯᠡᠨ ᠢᠲᠡᠭᠡᠯ ᠤᠯᠭᠤᠬᠤ ᠲᠦᠷᠢᠮ ᠢ ᠪᠦᠷᠢᠨᠰᠢᠭᠦᠯᠭᠦ ᠶᠢ | ᠵᠤᠬᠢᠴᠠᠭᠤᠯᠵᠦ᠂ ᠳᠤᠮᠳᠠ ᠪᠠᠭ᠎ᠠ ᠠᠵᠦ ᠠᠬᠤᠶᠢᠯᠡᠯ ᠤᠨ ᠱᠠᠭᠠᠷᠳᠠᠯᠭ᠎ᠠ ᠲᠠᠢ ᠵᠤᠬᠢᠴᠠᠭᠰᠡᠨ ᠮᠦᠩᠭᠦᠨ ᠭᠦᠢᠯᠭᠡᠭᠡᠨ ᠤ | ᠦᠢᠯᠡᠴᠢᠯᠡᠭᠡᠨ ᠤ ᠪᠦᠳᠦᠭᠡᠭᠳᠡᠭᠦᠨ ᠢ ᠨᠡᠭᠡᠭᠡᠨ ᠭᠦᠭᠵᠢᠭᠦᠯᠵᠦ᠂ ᠳᠤᠮᠳᠠ ᠪᠠᠭ᠎ᠠ ᠠᠵᠦ ᠠᠬᠤᠶᠢᠯᠡᠯ ᠤᠨ ᠭᠦᠷᠦᠩᠭᠡ | ᠠᠭᠤᠰᠬᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ︵ᠭᠤᠴᠢᠨ ᠨᠢᠭᠡ︶ ᠪᠦᠬᠦ ᠲᠤᠭᠤᠷᠢᠭ ᠤᠨ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠳᠤ ᠬᠢᠨᠡᠯᠲᠡ | ᠲᠠᠯᠪᠢᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ | ᠬᠤᠲᠠ ᠶᠢᠨ ᠬᠠᠮᠢᠶ᠎ᠠ ᠪᠦᠭᠦᠢ ᠵᠢᠭᠡᠯᠡᠯᠭᠡ ᠶᠢᠨ ᠺᠤᠮᠫᠠᠨᠢ ᠶᠢᠨ ᠬᠠᠮᠢᠶᠠᠷᠤᠯᠲᠠ ᠶᠢᠨ ᠲᠤᠭᠲᠠᠭᠠᠯ ᠢ ᠲᠤᠤᠱᠯᠠᠭᠤᠯᠤᠨ | ᠨᠡᠶᠢᠳᠡᠪᠦᠷᠢᠵᠢᠭᠤᠯᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠠᠭ᠎ᠠ ᠲᠤᠭᠠᠨ ᠤ ᠵᠢᠭᠡᠯᠡᠯᠭᠡ ᠶᠢᠨ | ᠺᠤᠮᠫᠠᠨᠢ ᠶᠢᠨ ᠪᠡᠯᠡᠳᠬᠡᠨ ᠪᠠᠶᠢᠭᠤᠯᠬᠤ᠂ ᠡᠭᠦᠳᠡ ᠰᠡᠭᠦᠬᠦ᠂ ᠬᠤᠪᠢ ᠤᠷᠤᠭᠤᠯᠤᠯᠲᠠ ᠶᠢᠨ ᠡᠷᠬᠡ ᠪᠠᠨ ᠬᠤᠪᠢᠷᠠᠭᠤᠯᠬᠤ | ᠪᠠ ᠤᠰᠠᠳᠬᠠᠬᠤ ᠶᠢᠨ ᠠᠩᠬ᠎ᠠ ᠠᠯᠬᠤᠮ ᠤᠨ ᠳᠡᠭᠡᠭᠰᠢ ᠮᠡᠳᠡᠭᠦᠯᠬᠦ ᠠᠵᠢᠯ ᠢ ᠴᠢᠩᠭᠠᠳᠬᠠᠵᠦ᠂ ᠪᠠᠭ᠎ᠠ ᠲᠤᠭᠠᠨ ᠤ | ᠵᠢᠭᠡᠯᠡᠯᠭᠡ ᠶᠢᠨ ᠺᠤᠮᠫᠠᠨᠢ ᠶᠢᠨ ᠲᠤᠬᠠᠶᠢᠯᠠᠭᠰᠡᠨ ᠠᠵᠢᠯ ᠤᠨ ᠡᠵᠡᠩᠨᠡᠯᠲᠡ ᠶᠢᠨ ᠠᠵᠢᠯᠯᠠᠭᠠᠨ ᠢ ᠬᠢᠨᠡᠨ ᠬᠠᠮᠢᠶᠠᠷᠴᠤ᠂ | ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠨ᠎ᠡ᠃ | ︵ᠭᠤᠴᠢᠨ ᠬᠤᠶᠠᠷ︶ ᠪᠦᠬᠦ ᠲᠤᠭᠤᠷᠢᠭ ᠤᠨ ᠭᠦᠷᠦᠩᠭᠡ ᠠᠭᠤᠰᠬᠠᠬᠤ ᠴᠢᠨᠡᠷᠲᠡᠢ ᠪᠠᠳᠤᠯᠠᠯᠲᠠ ᠶᠢᠨ | ᠪᠠᠶᠢᠭᠤᠯᠤᠮᠵᠢ ᠶᠢ ᠬᠢᠨᠡᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ᠂ ᠦᠪᠡᠷᠲᠡᠭᠡᠨ ᠵᠠᠰᠠᠬᠤ ᠤᠷᠤᠨ | ᠪᠠ ᠤᠯᠠᠭᠠᠨᠬᠠᠲᠠ ᠬᠤᠲᠠ ᠶᠢᠨ ᠬᠠᠮᠢᠶ᠎ᠠ ᠪᠦᠭᠦᠢ ᠭᠦᠷᠦᠩᠭᠡ ᠠᠭᠤᠰᠬᠠᠬᠤ ᠴᠢᠨᠡᠷᠲᠡᠢ ᠪᠠᠳᠤᠯᠠᠯᠲᠠ ᠶᠢᠨ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠤᠭᠲᠠᠭᠠᠯ ᠢ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢᠨ ᠬᠠᠮᠳᠦ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠭᠦᠷᠦᠩᠭᠡ ᠠᠭᠤᠰᠬᠠᠬᠤ ᠴᠢᠨᠡᠷᠲᠡᠢ ᠪᠠᠳᠤᠯᠠᠯᠲᠠ ᠶᠢᠨ ᠪᠠᠶᠢᠭᠤᠯᠤᠮᠵᠢ | ᠶᠢᠨ ᠪᠠᠶᠢᠭᠤᠯᠤᠭᠳᠠᠬᠤ ᠪᠠ ᠬᠤᠪᠢᠷᠠᠭᠤᠯᠬᠤ ᠶᠢ ᠬᠢᠨᠡᠨ ᠵᠦᠪᠰᠢᠶᠡᠷᠡᠨ᠎ᠡ︔ ᠳᠤᠮᠳᠠ ᠪᠠᠭ᠎ᠠ ᠠᠵᠦ ᠠᠬᠤᠶᠢᠯᠡᠯ ᠤᠨ | ᠢᠲᠡᠭᠡᠮᠵᠢ ᠶᠢᠨ ᠪᠠᠳᠤᠯᠠᠯᠲᠠ ᠶᠢᠨ ᠲᠤᠰᠬᠠᠢ ᠲᠦᠷᠦᠯ ᠤᠨ ᠪᠡᠯᠨ ᠮᠦᠩᠭᠦ ᠪᠠ ᠳᠤᠮᠳᠠ ᠪᠠᠭ᠎ᠠ ᠠᠵᠦ ᠠᠬᠤᠶᠢᠯᠡᠯ ᠤᠨ | ᠢᠲᠡᠭᠡᠮᠵᠢ ᠶᠢᠨ ᠪᠠᠳᠤᠯᠠᠯᠲᠠ ᠶᠢᠨ ᠠᠶᠤᠯ ᠲᠦᠭᠰᠢᠭᠦᠷᠢ ᠶᠢᠨ ᠨᠦᠭᠦᠪᠦᠷᠢ ᠶᠢᠨ ᠲᠤᠰᠬᠠᠢ ᠲᠦᠷᠦᠯ ᠤᠨ ᠪᠡᠯᠨ | ᠮᠦᠩᠭᠦ ᠵᠡᠷᠭᠡ ᠡᠳ᠋ ᠤᠨ ᠵᠠᠰᠠᠭ ᠠᠴᠠ ᠳᠡᠮᠵᠢᠭᠰᠡᠨ ᠳᠤᠮᠳᠠ ᠪᠠᠭ᠎ᠠ ᠠᠵᠦ ᠠᠬᠤᠶᠢᠯᠡᠯ ᠤᠨ ᠭᠦᠷᠦᠩᠭᠡ ᠠᠭᠤᠰᠬᠠᠬᠤ | ᠲᠤᠰᠬᠠᠢ ᠲᠦᠷᠦᠯ ᠤᠨ ᠪᠡᠯᠨ ᠮᠦᠩᠭᠦ ᠶᠢ ᠭᠤᠶᠤᠴᠢᠯᠡᠨ ᠮᠡᠳᠡᠭᠦᠯᠬᠦ ᠪᠠ ᠬᠢᠨᠡᠨ ᠬᠠᠮᠢᠶᠠᠷᠤᠨ᠎ᠡ᠃ | ︵ᠭᠤᠴᠢᠨ ᠭᠤᠷᠪᠡ︶ ᠪᠦᠬᠦ ᠲᠤᠭᠤᠷᠢᠭ ᠤᠨ ᠢᠲᠡᠭᠡᠮᠵᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠲᠠ | ᠶᠢᠨ ᠠᠵᠢᠯ ᠢ ᠬᠠᠷᠢᠭᠤᠴᠠᠵᠦ᠂ ᠤᠯᠤ ᠰᠠᠨ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ | ᠢᠲᠡᠭᠡᠮᠵᠢ ᠶᠢᠨ ᠭᠠᠵᠠᠷ ᠤᠷᠤᠨ ᠤ ᠴᠢᠨᠡᠷᠲᠡᠢ ᠬᠠᠤᠯᠢ ᠳᠦᠷᠢᠮ᠂ ᠳᠦᠷᠢᠮ ᠲᠤᠭᠲᠠᠭᠠᠯ ᠢ ᠲᠤᠤᠱᠯᠠᠭᠤᠯᠤᠨ | ᠨᠡᠶᠢᠳᠡᠪᠦᠷᠢᠵᠢᠭᠤᠯᠤᠨᠡ︔ ᠢᠲᠡᠭᠡᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠴᠤᠮᠠᠳᠬᠠᠵᠦ᠂ ᠢᠲᠡᠭᠡᠮᠵᠢ | ᠲᠠᠲᠠᠬᠤ ᠠᠵᠢᠯᠯᠠᠭᠠᠨ ᠢ ᠬᠢᠨᠡᠨ ᠬᠠᠮᠢᠶᠠᠷᠤᠨ᠎ᠡ︔ ᠢᠲᠡᠭᠡᠮᠵᠢ ᠶᠢᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠪᠠ | ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠶᠢ ᠬᠢᠨᠡᠨ ᠬᠠᠮᠢᠶᠠᠷᠴᠤ᠂ ᠢᠲᠡᠭᠡᠮᠵᠢ ᠶᠢᠨ ᠬᠠᠤᠯᠢ ᠳᠦᠷᠢᠮ ᠢ | ᠵᠦᠷᠢᠴᠡᠭᠰᠡᠨ ᠠᠵᠢᠯᠯᠠᠭᠠᠨ ᠳᠤ ᠵᠠᠰᠠᠭ ᠵᠠᠬᠢᠷᠭᠠᠨ ᠤ ᠰᠢᠳᠬᠡᠯ ᠦᠭᠭᠦᠨ᠎ᠡ᠃ | ︵ᠭᠤᠴᠢᠨ ᠳᠦᠷᠪᠡ︶ ᠲᠤᠭᠤᠷᠢᠭ ᠤᠨ ᠨᠡᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ᠂ | ᠳᠡᠭᠡᠳᠦ ᠱᠠᠳᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠦᠴᠢᠷ᠂ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ | ᠪᠠ ᠲᠤᠭᠤᠷᠢᠭ ᠤᠨ ᠵᠠᠰᠠᠭ ᠤᠨ ᠤᠷᠳᠤᠨ ᠤᠨ ᠤᠳᠤᠷᠢᠳᠤᠯᠭ᠎ᠠ ᠶᠢᠨ ᠲᠤᠰᠢᠶᠠᠨ ᠭᠦᠴᠡᠳᠬᠡᠯᠭᠡᠬᠦ ᠪᠤᠰᠤᠳ ᠬᠡᠷᠡᠭ | ᠶᠠᠪᠤᠳᠠᠯ ᠢ ᠡᠭᠦᠷᠭᠡᠯᠡᠨ ᠭᠦᠢᠴᠡᠳᠬᠡᠨ᠎ᠡ᠃ |