ᠭᠦᠭᠵᠢᠭᠦᠯᠦᠯᠲᠠ ᠪᠠ ᠦᠭᠡᠷᠡᠴᠢᠯᠡᠯᠲᠡ ᠶᠢᠨ ᠲᠤᠪᠴᠢᠶ᠎ᠠ
ᠨᠡᠶᠢᠲᠡᠯᠡᠭᠰᠡᠨ ᠴᠠᠭ᠄
2016-06-07
                                      ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠣᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠠ ᠶᠢᠨ ᠲᠤᠬᠠᠢ ᠪᠠᠶᠢᠯᠳᠤᠬᠤ ᠪᠤᠳᠤᠯᠭ᠎ᠠ᠂ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠡ ᠶᠢᠨ ᠳᠤᠮᠳᠠ ᠤᠷᠳᠦ ᠬᠤᠭᠤᠴᠠᠭᠠᠨ ᠤ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠨᠡᠶᠢᠷᠡᠭᠤᠯᠤᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠦ ᠠᠬᠤᠢ ᠨᠡᠶᠢᠭᠡᠮ ᠤᠨ ᠭᠦᠭᠵᠢᠯᠲᠡ ᠶᠢ ᠨᠢᠬᠡᠳᠦᠯᠲᠡᠢ ᠲᠦᠯᠦᠪᠯᠡᠨ ᠵᠤᠬᠢᠴᠠᠭᠤᠯᠵᠦ᠂ ᠲᠤᠭᠤᠷᠢᠭ ᠤᠨ ᠳᠤᠳᠤᠨ᠎ᠠ ᠭᠠᠳᠠᠨᠠᠬᠢ ᠠᠵᠦ ᠠᠬᠤᠢ  ᠶᠢᠨ ᠪᠠᠶᠢᠳᠠᠯ ᠢ ᠰᠤᠳᠤᠯᠤᠨ ᠵᠠᠳᠠᠯᠵᠦ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠶᠢᠨ ᠭᠦᠭᠵᠢᠯᠲᠡ᠂ ᠦᠨ᠎ᠡ ᠶᠢᠨ ᠲᠤᠬᠢᠷᠡᠭᠤᠯᠤᠯᠲᠡ ᠡᠵᠡᠮᠰᠢᠯ ᠪᠠ ᠠᠵᠦ ᠠᠬᠤᠢ ᠶᠢᠨ ᠪᠦᠳᠦᠴᠡ ᠶᠢ ᠰᠢᠯᠢᠳᠡᠭᠵᠢᠭᠦᠯᠬᠦ ᠬᠠᠷᠠᠯᠲᠠ᠂ ᠲᠦᠷᠦ ᠶᠢᠨ ᠪᠤᠳᠤᠯᠭ᠎ᠠ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠦ᠂ ᠡᠯ᠎ᠡ ᠵᠦᠢᠯ  ᠤᠨ ᠠᠵᠦ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ ᠶᠡᠷᠦᠩᠭᠡᠶᠢᠯᠡᠨ ᠬᠡᠷᠡᠭᠯᠡᠬᠦ ᠰᠠᠨᠠᠭᠤᠯᠭ᠎ᠠ ᠳᠤᠷᠠᠳᠤᠨ᠂ ᠲᠤᠭᠤᠷᠢᠭ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠡ ᠶᠢᠨ ᠲᠦᠯᠦᠪᠯᠡᠭᠡ ᠶᠢᠨ ᠮᠡᠳᠡᠭᠦᠯᠦᠯᠲᠡ ᠶᠢ ᠲᠤᠰᠢᠶᠠᠨ᠎ᠠ᠃       ︵ᠬᠤᠶᠠᠷ︶ ᠪᠦᠬᠦ ᠲᠤᠭᠤᠷᠢᠭ ᠤᠨ ᠬᠤᠷᠸ᠎ᠠ ᠠᠵᠦ ᠠᠬᠤᠢ ᠪᠠ ᠨᠡᠶᠢᠭᠡᠮ ᠤᠨ ᠭᠦᠭᠵᠢᠯᠲᠠ ᠶᠢᠨ ᠪᠠᠶᠢᠳᠠᠯ᠂ ᠤᠷᠢᠳᠴᠢᠯᠡᠨ ᠵᠢᠱᠢᠭᠰᠡᠨ ᠰᠡᠷᠡᠮᠵᠢ᠂ ᠰᠤᠷᠠᠭ ᠵᠠᠩᠬᠢ ᠶᠢᠨ ᠵᠢᠭᠠᠨ ᠵᠢᠯᠦᠭᠤᠳᠤᠯᠭ᠎ᠠ ᠶᠢ ᠬᠢᠨᠡᠨ ᠬᠡᠮᠵᠢᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠲᠤᠭᠤᠷᠢᠭ ᠤᠨ ᠠᠵᠦ ᠠᠬᠤᠢ ᠶᠢᠨ ᠡᠷᠬᠢᠯᠲᠡ᠂ ᠶᠡᠷᠦᠩᠭᠡᠢ ᠬᠡᠮᠵᠢᠶᠡᠨ ᠤ ᠲᠡᠩᠴᠡᠭᠦᠷᠢ᠂ ᠠᠵᠦ ᠠᠬᠤᠢ ᠶᠢᠨ ᠠᠮᠤᠷ ᠲᠦᠪᠰᠢᠨ ᠪᠠ ᠠᠵᠦ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠳᠦ ᠲᠤᠬᠢᠷᠠᠭᠤᠯᠤᠨ ᠡᠵᠡᠮᠳᠡᠬᠦ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ︔ ᠠᠵᠦ ᠠᠬᠤᠢ ᠶᠢᠨ ᠡᠷᠬᠢᠯᠲᠡ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠦ᠂ ᠠᠵᠦ ᠠᠬᠤᠢ ᠶᠢᠨ ᠡᠷᠬᠢᠯᠲᠡ ᠶᠢ ᠲᠤᠬᠢᠷᠠᠭᠤᠯᠵᠦ᠂ ᠴᠢᠬᠤᠯᠨ ᠡᠳ᠋ ᠪᠠᠷᠠᠭᠠᠨ ᠤ ᠪᠠᠴᠢᠮ ᠲᠤᠬᠢᠷᠠᠭᠤᠯᠤᠯᠲᠠ ᠶᠢ ᠵᠤᠬᠢᠶᠠᠨ ᠪᠠᠶᠢᠭᠤᠯᠬᠤ ᠪᠠ ᠵᠠᠮ ᠬᠠᠷᠢᠯᠴᠠᠭᠠᠨ ᠤ ᠲᠡᠭᠡᠭᠡᠪᠦᠷᠢ ᠶᠢᠨ ᠵᠤᠬᠢᠴᠠᠭᠤᠯᠤᠯ ᠢ ᠬᠠᠷᠢᠭᠤᠴᠠᠨ᠎ᠠ︔        ︵ᠭᠤᠷᠪᠠ︶ ᠪᠦᠬᠦ ᠲᠤᠭᠤᠷᠢᠭ ᠤᠨ ᠡᠳ᠋ ᠤᠨ ᠵᠠᠰᠠᠭ᠂ ᠮᠦᠩᠭᠦᠨ ᠭᠦᠢᠯᠭᠡᠭᠡᠨ ᠵᠡᠷᠭᠡ ᠲᠡᠯ᠎ᠡ ᠶᠢᠨ ᠪᠠᠶᠢᠳᠠᠯ  ᠢ ᠬᠤᠷᠢᠶᠠᠩᠭᠤᠶᠢᠯᠡᠨ ᠵᠠᠳᠠᠯᠬᠤ ᠶᠢ ᠬᠠᠷᠢᠭᠤᠴᠠᠨ᠎ᠠ︔ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠵᠠᠷ ᠰᠢᠷᠦᠢ  ᠶᠢᠨ ᠲᠦᠷᠦ ᠶᠢᠨ ᠪᠤᠳᠤᠯᠭ᠎ᠠ ᠲᠤᠭᠲᠠᠭᠠᠬᠤ ᠳᠤ ᠤᠷᠤᠯᠴᠠᠵᠦ᠂ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠵᠠᠷ ᠰᠢᠷᠦᠢ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠭᠳᠡᠭᠰᠡᠨ ᠦᠷ᠎ᠡ ᠪᠦᠳᠦᠮᠵᠢ ᠶᠢ ᠶᠡᠷᠦᠩᠭᠡᠶᠢᠯᠡᠨ ᠵᠠᠳᠠᠯᠤᠨ ᠰᠢᠨᠵᠢᠯᠡᠨ᠎ᠡ︔ ᠪᠦᠬᠦ ᠲᠤᠭᠤᠷᠢᠭ ᠤᠨ ᠠᠯᠢᠪᠠ ᠤᠷᠤᠯᠭ᠎ᠠ ᠶᠢᠨ ᠭᠠᠳᠠᠭᠠᠳᠦ ᠦᠭᠴᠢᠭᠡ ᠶᠢᠨ ᠶᠡᠷᠦᠩᠭᠡᠢ ᠬᠡᠮᠵᠢᠶ᠎ᠡ  ᠶᠢᠨ ᠡᠵᠡᠮᠳᠡᠯ᠂ ᠪᠦᠳᠦᠴᠡ ᠶᠢᠨ ᠰᠢᠯᠢᠳᠡᠭᠵᠢᠭᠦᠯᠦᠯᠲᠡ ᠪᠠ ᠬᠢᠨᠡᠨ ᠬᠡᠮᠵᠢᠯᠲᠡ ᠶᠢᠨ ᠠᠵᠢᠯ ᠢ ᠬᠠᠷᠢᠭᠤᠴᠠᠨ᠎ᠠ᠃       ︵ᠳᠦᠷᠪᠡ︶ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠦᠨ᠎ᠡ ᠬᠠᠩᠰᠢ ᠵᠠᠷᠤᠳᠠᠯ ᠬᠤᠷᠢᠶᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠦᠨ᠎ᠡ ᠬᠠᠩᠰᠢ ᠶᠢᠨ ᠲᠤᠬᠢᠷᠠᠭᠤᠯᠤᠯᠲᠠ ᠡᠵᠡᠮᠰᠢᠯ ᠤᠨ ᠬᠠᠷᠠᠯᠲᠠ ᠶᠢ ᠳᠤᠷᠠᠳᠤᠨ᠎ᠠ︔ ᠪᠦᠬᠦ ᠲᠤᠭᠤᠷᠢᠭ ᠤᠨ ᠬᠠᠮᠢᠶᠠᠷᠴᠤ ᠪᠦᠭᠦᠢ ᠲᠠᠸᠠᠷ ᠤᠨ ᠦᠢᠯᠡᠴᠢᠯᠡᠭᠡᠨ ᠪᠠ ᠵᠠᠷᠤᠳᠠᠯ ᠬᠤᠷᠢᠶᠠᠬᠤ ᠪᠠᠷᠢᠮᠵᠢᠶ᠎ᠠ ᠶᠢ ᠲᠤᠭᠲᠠᠭᠠᠬᠤ ᠪᠠ ᠲᠤᠬᠢᠷᠠᠭᠤᠯᠬᠤ ᠶᠢ ᠵᠤᠬᠢᠶᠠᠨ ᠪᠠᠶᠢᠭᠤᠯᠤᠨ᠎ᠠ︔ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠳᠤ ᠬᠢᠨᠡᠯᠲᠡ ᠲᠠᠯᠪᠢᠨ ᠬᠠᠮᠢᠶᠠᠷᠬᠤ ᠶᠢ ᠬᠠᠷᠢᠭᠤᠴᠠᠵᠦ᠂ ᠪᠦᠬᠦ ᠲᠤᠭᠤᠷᠢᠭ ᠤᠨ ᠦᠨ᠎ᠡ ᠬᠠᠩᠰᠢ ᠶᠢ ᠵᠦᠷᠢᠴᠡᠭᠰᠡᠨ ᠠᠵᠢᠯᠯᠠᠭ᠎ᠠ ᠪᠠ ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠠᠵᠢᠯᠯᠠᠭ᠎ᠠ ᠵᠡᠷᠭᠡ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃      ︵ᠲᠠᠪᠤ︶ ᠪᠦᠬᠦ ᠲᠤᠭᠤᠷᠢᠭ ᠤᠨ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠵᠢᠭᠠᠨ ᠵᠢᠯᠦᠭᠤᠳᠴᠤ ᠠᠬᠢᠭᠤᠯᠬᠤ ᠪᠠ ᠶᠡᠷᠦᠩᠭᠡᠶᠢᠯᠡᠨ ᠵᠤᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠦ ᠠᠬᠤᠢ  ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠭᠠᠳᠠᠭᠠᠳᠦ ᠨᠡᠭᠡᠭᠡᠯᠲᠡ ᠶᠢᠨ ᠴᠢᠬᠤᠯᠨ ᠶᠡᠭᠡ ᠠᠰᠠᠭᠤᠳᠠᠯ ᠢ ᠰᠤᠳᠤᠯᠤᠨ᠎ᠠ︔ ᠶᠡᠷᠦᠩᠭᠡᠶᠢᠯᠡᠭᠰᠡᠨ ᠴᠢᠨᠡᠷᠲᠡᠢ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ ᠢ ᠵᠤᠬᠢᠶᠠᠨ ᠪᠠᠶᠢᠭᠤᠯᠤᠨ ᠨᠠᠶᠢᠷᠡᠭᠤᠯᠤᠨ ᠲᠤᠭᠲᠠᠭᠠᠵᠦ᠂ ᠬᠠᠮᠢᠶ᠎ᠠ ᠪᠦᠭᠦᠢ ᠲᠤᠰᠬᠠᠢ ᠲᠦᠷᠦᠯ ᠤᠨ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ ᠢ ᠵᠤᠬᠢᠴᠠᠭᠤᠯᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠲᠤᠰᠬᠠᠢ ᠲᠦᠷᠦᠯ ᠤᠨ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠬᠤᠭᠤᠷᠤᠨᠳᠦᠬᠢ ᠵᠤᠯᠭᠠᠯᠳᠤᠯ ᠢ ᠰᠠᠶᠢᠳᠦᠷ ᠬᠢᠨ᠎ᠡ︔ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠵᠢᠭᠠᠨ ᠵᠢᠯᠦᠭᠤᠳᠤᠨ᠎ᠠ᠃       ︵ᠵᠢᠷᠭᠤᠭ᠎ᠠ︶ ᠪᠦᠬᠦ ᠲᠤᠭᠤᠷᠢᠭ ᠤᠨ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠ ᠦᠢᠯᠡᠳᠪᠦᠷᠢᠯᠡᠯ ᠤᠨ ᠭᠦᠴᠦᠨ ᠢ ᠲᠦᠯᠦᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠨᠡᠶᠢᠭᠡᠮ ᠤᠨ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠶᠡᠷᠦᠩᠭᠡᠢ ᠬᠡᠪᠴᠢᠶ᠎ᠡ ᠪᠠ ᠪᠡᠯᠨ ᠤᠷᠤᠭᠤᠯᠤᠯᠲᠠ ᠶᠢᠨ ᠪᠦᠳᠦᠴᠡ ᠶᠢ ᠲᠤᠬᠢᠷᠠᠭᠤᠯᠤᠨ ᠡᠵᠡᠮᠳᠡᠬᠦ ᠬᠠᠷᠠᠯᠲᠠ᠂ ᠲᠦᠷᠦ ᠶᠢᠨ ᠪᠤᠳᠤᠯᠭ᠎ᠠ ᠵᠢᠴᠢ ᠠᠷᠭ᠎ᠠ ᠬᠡᠮᠵᠢᠶ᠎ᠡ ᠶᠢ ᠲᠦᠯᠦᠪᠯᠡᠨ ᠲᠤᠭᠲᠠᠭᠠᠵᠦ᠂ ᠵᠠᠰᠠᠭ ᠤᠨ ᠤᠷᠳᠤᠨ ᠤ ᠪᠡᠯᠨ ᠤᠷᠤᠭᠤᠯᠤᠯᠲᠠ ᠶᠢ ᠲᠤᠬᠢᠷᠠᠭᠤᠯᠬᠤ ᠴᠢᠬᠤᠯᠠᠲᠡᠢ ᠪᠤᠯᠤᠨ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠤᠯᠪᠤᠭᠳᠠᠬᠤ ᠲᠤᠰᠬᠠᠢ ᠲᠦᠷᠦᠯ ᠤᠨ ᠲᠦᠯᠦᠪᠵᠢᠭᠦᠯᠭᠡ ᠶᠢ ᠵᠤᠯᠭᠠᠯᠳᠤᠭᠤᠯᠤᠨ ᠲᠡᠩᠴᠡᠭᠦᠷᠢᠰᠢᠭᠦᠯᠦᠨ᠎ᠡ︔ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠬᠢᠨᠡᠨ ᠵᠦᠪᠰᠢᠶᠡᠷᠡᠭᠰᠡᠨ ︵ᠬᠠᠷᠭᠤᠭᠤᠯᠤᠨ ᠵᠦᠪᠰᠢᠶᠡᠷᠡᠭᠰᠡᠨ︶ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠡᠨ ᠬᠠᠷᠭᠤᠭᠤᠯᠬᠤ ᠶᠢᠨ ᠬᠠᠮᠳᠦ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠴᠢᠬᠤᠯᠨ ᠶᠡᠭᠡ ᠭᠠᠳᠠᠭᠠᠳᠦ ᠳᠤ ᠬᠤᠯᠪᠤᠭᠳᠠᠬᠤ ᠲᠦᠷᠦᠯ ᠵᠦᠢᠯ ᠪᠠ ᠶᠡᠭᠡ ᠬᠡᠮᠵᠢᠶᠡᠨ ᠤ ᠭᠤᠪᠢᠭᠤᠯᠭ᠎ᠠ ᠳᠤ ᠬᠡᠷᠡᠭᠯᠡᠬᠦ ᠪᠡᠯᠨ ᠤᠷᠤᠭᠤᠯᠤᠯᠲᠠ ᠶᠢᠨ ᠲᠦᠷᠦᠯ ᠵᠦᠢᠯ ᠢ ᠬᠢᠨᠡᠨ ᠵᠦᠪᠰᠢᠶᠡᠷᠡᠵᠦ᠂ ᠬᠠᠷᠭᠤᠭᠤᠯᠤᠨ ᠵᠦᠪᠰᠢᠶᠡᠷᠡᠵᠦ᠂ ᠬᠢᠨᠡᠨ ᠬᠠᠷᠭᠤᠭᠤᠯᠵᠦ᠂ ᠳᠠᠩᠰᠠᠨ᠎ᠠ ᠲᠡᠮᠳᠡᠭᠯᠡᠨ᠎ᠡ︔ ᠪᠦᠬᠦ ᠲᠤᠭᠤᠷᠢᠭ ᠤᠨ ᠤᠯᠤᠰ ᠤᠨ ᠭᠠᠳᠠᠨᠠᠬᠢ ᠵᠢᠭᠡᠯᠡᠯᠭᠡ ᠶᠢᠨ ᠪᠦᠳᠦᠭᠡᠨ ᠪᠠᠶᠢᠭᠤᠯᠤᠯᠲᠠ ᠶᠢᠨ ᠪᠡᠯᠨ ᠮᠦᠩᠭᠦ ᠶᠢᠨ ᠬᠡᠷᠡᠭᠯᠡᠯᠲᠡ ᠳᠤ ᠵᠢᠭᠠᠨ ᠵᠢᠯᠦᠭᠤᠳᠤᠯᠭ᠎ᠠ ᠪᠠ ᠬᠢᠨᠡᠯᠲᠡ ᠲᠠᠯᠪᠢᠵᠦ᠂ ᠠᠷᠠᠳ ᠤᠨ ᠳᠤᠮᠳᠠᠬᠢ ᠪᠡᠯᠨ ᠤᠷᠤᠭᠤᠯᠤᠯᠲᠠ ᠶᠢᠨ ᠴᠢᠭᠯᠡᠯ ᠢ ᠭᠦᠳᠦᠯᠦᠨ ᠵᠢᠯᠦᠭᠤᠳᠴᠤ᠂ ᠭᠠᠳᠠᠭᠠᠳᠦ ᠪᠡᠯᠨ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠨ ᠤᠷᠤᠭᠤᠯᠤᠯᠲᠠ  ᠶᠢᠨ ᠲᠦᠯᠦᠪᠵᠢᠭᠦᠯᠭᠡ᠂ ᠶᠡᠷᠦᠩᠭᠡᠢ ᠬᠡᠮᠵᠢᠶᠡᠨ ᠤ ᠲᠡᠩᠴᠡᠭᠦᠷᠢᠰᠢᠯ ᠪᠠ ᠪᠦᠳᠦᠴᠡ ᠶᠢᠨ ᠰᠢᠯᠢᠳᠡᠭᠵᠢᠭᠦᠯᠦᠯᠲᠡ ᠶᠢᠨ ᠬᠠᠷᠠᠯᠲᠠ ᠵᠢᠴᠢ ᠲᠦᠷᠦ ᠶᠢᠨ ᠪᠤᠳᠤᠯᠭ᠎ᠠ ᠰᠠᠨᠠᠭᠤᠯᠭ᠎ᠠ ᠰᠤᠳᠤᠯᠤᠨ ᠳᠤᠷᠠᠳᠤᠨ᠎ᠠ︔ ᠢᠨᠵᠧᠨᠧᠷᠢᠩ ᠤᠨ ᠯᠠᠪᠯᠠᠯᠭ᠎ᠠ  ᠶᠢᠨ ᠦᠢᠯᠡᠰ ᠤᠨ ᠭᠦᠭᠵᠢᠯᠲᠡ ᠶᠢ ᠵᠢᠭᠠᠨ ᠵᠢᠯᠦᠭᠤᠳᠤᠨ᠎ᠠ᠃          ︵ᠳᠤᠯᠤᠭ᠎ᠠ︶ ᠪᠦᠬᠦ ᠲᠤᠭᠤᠷᠢᠭ ᠤᠨ ᠠᠵᠦ ᠠᠬᠤᠢ ᠶᠢᠨ ᠪᠦᠳᠦᠴᠡ ᠶᠢᠨ ᠲᠤᠬᠢᠷᠠᠭᠤᠯᠤᠯᠲᠠ ᠶᠢ ᠠᠬᠢᠭᠤᠯᠵᠦ᠂ ᠶᠡᠷᠦᠩᠭᠡᠶᠢᠯᠡᠭᠰᠡᠨ ᠴᠢᠨᠡᠷᠲᠡᠢ ᠠᠵᠦ ᠦᠢᠯᠡᠰ ᠤᠨ ᠲᠦᠷᠦ ᠶᠢᠨ ᠪᠤᠳᠤᠯᠭ᠎ᠠ ᠨᠡᠶᠢᠷᠡᠭᠤᠯᠤᠨ ᠲᠤᠭᠲᠠᠭᠠᠬᠤ ᠶᠢ ᠵᠤᠬᠢᠶᠠᠨ ᠪᠠᠶᠢᠭᠤᠯᠤᠨ᠎ᠠ︔ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠤᠨ ᠭᠦᠭᠵᠢᠯᠲᠡ ᠶᠢᠨ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠬᠤ ᠶᠢᠨ ᠬᠠᠮᠳᠦ ᠬᠠᠮᠢᠶ᠎ᠠ ᠪᠦᠭᠦᠢ ᠭᠦᠭᠵᠢᠯᠲᠠ ᠶᠢᠨ ᠲᠦᠯᠦᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠯᠭᠠᠯᠳᠤᠭᠤᠯᠤᠨ ᠲᠡᠩᠴᠡᠭᠦᠷᠢᠰᠢᠭᠦᠯᠬᠦ ᠶᠢ ᠬᠠᠷᠢᠭᠤᠴᠠᠨ᠎ᠠ᠃       ︵ᠨᠠᠢᠮᠠ︶ ᠭᠤᠤᠯ ᠴᠤᠭᠴᠠᠳᠦ ᠴᠢᠳᠠᠪᠬᠢ ᠶᠢᠨ ᠤᠷᠤᠨ ᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠡᠶᠢᠷᠡᠭᠤᠯᠤᠨ ᠲᠤᠭᠲᠠᠭᠠᠬᠤ ᠶᠢᠨ ᠬᠠᠮᠳᠦ ᠵᠤᠬᠢᠴᠠᠭᠤᠯᠤᠨ ᠬᠡᠷᠡᠭᠵᠢᠭᠦᠯᠬᠦ ᠶᠢ ᠡᠭᠦᠷᠭᠡᠯᠡᠨ᠎ᠡ᠃       ︵ᠶᠢᠰᠦ︶ ᠴᠢᠬᠤᠯᠨ ᠲᠠᠸᠠᠷ ᠤᠨ ᠶᠡᠷᠦᠩᠭᠡᠢ ᠬᠡᠮᠵᠢᠶᠡᠨ ᠤ ᠲᠡᠩᠴᠡᠭᠦᠷᠢᠰᠢᠯ ᠪᠠ ᠲᠤᠬᠢᠷᠠᠭᠤᠯᠤᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠨ ᠲᠡᠷᠢᠶᠡᠯᠡᠩ ᠤᠨ ᠪᠦᠳᠦᠭᠡᠭᠳᠡᠭᠦᠨ᠂ ᠠᠵᠦ ᠦᠢᠯᠡᠳᠪᠦᠷᠢ ᠶᠢᠨ ᠪᠦᠳᠦᠭᠡᠭᠳᠡᠭᠦᠨ ᠪᠠ ᠲᠦᠭᠦᠭᠡᠢ ᠮᠠᠲ᠋ᠧᠷᠢᠶᠡᠯ ᠢ ᠤᠷᠤᠭᠤᠯᠵᠦ ᠭᠠᠷᠭᠠᠬᠤ ᠶᠡᠷᠦᠩᠭᠡᠢ ᠬᠡᠮᠵᠢᠶᠡᠨ ᠤ ᠲᠦᠯᠦᠪᠯᠡᠭᠡ ᠶᠢ ᠨᠡᠶᠢᠷᠡᠭᠤᠯᠤᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠵᠦ᠂ ᠠᠵᠦ ᠠᠬᠤᠢ ᠶᠢᠨ ᠡᠷᠬᠢᠯᠲᠡ ᠶᠢᠨ ᠪᠠᠶᠢᠳᠠᠯ ᠢ ᠦᠨᠳᠦᠰᠦᠯᠡᠨ ᠤᠷᠤᠭᠤᠯᠵᠦ ᠭᠠᠷᠭᠠᠬᠤ ᠶᠡᠷᠦᠩᠭᠡᠢ ᠬᠡᠮᠵᠢᠶᠡᠨ ᠤ ᠲᠦᠯᠦᠪᠯᠡᠭᠡ ᠳᠤ ᠲᠤᠬᠢᠷᠠᠭᠤᠯᠤᠯᠲᠠ ᠬᠢᠵᠦ᠂ ᠪᠠᠶᠢᠯᠳᠤᠬᠤ ᠪᠤᠳᠤᠯᠭ᠎ᠠ ᠶᠢᠨ ᠡᠳ᠋ ᠪᠠᠷᠠᠭᠠᠨ ᠤ ᠬᠠᠳᠠᠭᠠᠯᠠᠮᠵᠢ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠪᠠᠶᠢᠯᠳᠤᠬᠤ ᠪᠤᠳᠤᠯᠭ᠎ᠠ ᠶᠢᠨ ᠡᠳ᠋ ᠪᠠᠷᠠᠭ᠎ᠠ ᠶᠢ ᠬᠤᠷᠢᠶᠠᠨ ᠬᠠᠳᠠᠭᠠᠯᠠᠬᠤ᠂ ᠭᠦᠳᠡᠯᠭᠡᠨ ᠬᠡᠷᠡᠭᠯᠡᠬᠦ᠂ ᠰᠤᠯᠢᠬᠤ ᠪᠠ ᠬᠠᠮᠢᠶᠠᠷᠬᠤ ᠶᠢ ᠵᠤᠬᠢᠶᠠᠨ ᠪᠠᠶᠢᠭᠤᠯᠤᠨ ᠬᠠᠷᠢᠭᠤᠴᠠᠨ᠎ᠠ᠃          ︵ᠠᠷᠪᠠ︶ ᠪᠦᠬᠦ ᠲᠤᠭᠤᠷᠢᠭ ᠤᠨ ᠨᠡᠶᠢᠭᠡᠮ ᠤᠨ ᠭᠦᠭᠵᠢᠯᠲᠡ ᠪᠠ ᠤᠯᠤᠰ ᠠᠷᠠᠳ ᠤᠨ ᠠᠵᠦ ᠠᠬᠤᠢ ᠶᠢᠨ ᠭᠦᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠵᠤᠯᠭᠠᠯᠳᠤᠯ ᠢ ᠬᠠᠷᠢᠭᠤᠴᠠᠵᠦ᠂ ᠨᠡᠶᠢᠭᠡᠮ ᠤᠨ ᠭᠦᠭᠵᠢᠯᠲᠠ ᠶᠢᠨ ᠪᠠᠶᠢᠯᠳᠤᠬᠤ ᠪᠤᠳᠤᠯᠭ᠎ᠠ᠂ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠲᠦᠯᠦᠪᠯᠡᠨ ᠲᠤᠭᠲᠠᠭᠠᠬᠤ ᠶᠢ ᠵᠤᠬᠢᠶᠠᠨ ᠪᠠᠶᠢᠭᠤᠯᠤᠨ᠎ᠠ︔ ᠪᠦᠬᠦ ᠲᠤᠭᠤᠷᠢᠭ ᠤᠨ ᠨᠡᠡᠶᠢᠭᠡᠮ ᠤᠨ ᠭᠦᠭᠵᠢᠯᠲᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ  ᠶᠢ ᠲᠦᠯᠦᠪᠯᠡᠨ ᠲᠤᠭᠲᠠᠭᠠᠬᠤ ᠳᠤ ᠤᠷᠤᠯᠴᠠᠵᠦ᠂ ᠪᠦᠬᠦ ᠲᠤᠭᠤᠷᠢᠭ ᠤᠨ ᠠᠵᠢᠯ ᠤᠯᠭᠤᠯᠲᠠ ᠶᠢ ᠠᠬᠢᠭᠤᠯᠬᠤ᠂ ᠤᠷᠤᠯᠭ᠎ᠠ ᠶᠢᠨ ᠬᠤᠪᠢᠶᠠᠷᠢᠯᠡᠯᠲᠡ ᠶᠢ ᠲᠤᠬᠢᠷᠠᠭᠤᠯᠬᠤ᠂ ᠨᠠᠶᠢᠭᠡᠮ ᠤᠨ ᠪᠠᠳᠤᠯᠠᠭ᠎ᠠ ᠶᠢ ᠲᠡᠭᠦᠯᠳᠡᠷᠵᠢᠭᠦᠯᠬᠦ ᠪᠠ ᠠᠵᠦ ᠠᠬᠤᠢ ᠶᠢᠨ ᠵᠤᠬᠢᠴᠠᠩᠭᠤᠢ ᠭᠦᠭᠵᠢᠯᠲᠠ ᠶᠢᠨ ᠲᠦᠷᠦ ᠶᠢᠨ ᠪᠤᠳᠤᠯᠭ᠎ᠠ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠨᠡᠶᠢᠭᠡᠮ ᠤᠨ ᠦᠢᠯᠡᠰ ᠤᠨ ᠭᠦᠭᠵᠢᠯᠲᠡ ᠪᠠ ᠦᠭᠡᠷᠡᠴᠢᠯᠡᠯᠲᠡ ᠶᠢᠨ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ᠎ᠠ᠃       ︵ᠠᠷᠪᠠᠨ ᠨᠢᠭᠡ︶ ᠡᠨᠧᠷᠬᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠷᠢᠭᠤᠴᠠᠵᠦ᠂ ᠡᠨᠧᠷᠬᠢ ᠶᠢᠨ ᠭᠦᠭᠵᠢᠭᠦᠯᠦᠯᠲᠡ ᠶᠢᠨ ᠲᠦᠯᠦᠪᠵᠢᠭᠦᠯᠭᠡ ᠲᠦᠯᠦᠪᠯᠡᠭᠡ ᠶᠢ ᠲᠦᠯᠦᠪᠯᠡᠨ ᠲᠤᠭᠲᠠᠭᠠᠵᠦ᠂ ᠡᠨᠧᠷᠬᠢ  ᠶᠢᠨ ᠨᠡᠭᠡᠭᠡᠨ ᠭᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠪᠠ ᠴᠢᠬᠤᠯᠨ ᠶᠡᠭᠡ ᠲᠦᠷᠦ ᠶᠢᠨ ᠪᠤᠳᠤᠯᠭ᠎ᠠ ᠳᠤᠷᠠᠳᠤᠨ᠎ᠠ︔ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ᠂ ᠴᠠᠬᠢᠯᠭᠠᠨ ᠭᠦᠴᠦᠨ᠂ ᠰᠢᠨ᠎ᠡ ᠡᠨᠧᠷᠬᠢ ᠪᠠ ᠨᠡᠭᠦᠷᠡᠰᠦ ᠪᠠᠷ ᠦᠢᠯᠡᠳᠦᠭᠰᠡᠨ ᠰᠢᠲᠠᠮᠠᠬᠠᠢ ᠮᠡᠲ᠋ᠧᠷᠢᠶᠡᠯ ᠵᠡᠷᠭᠡ ᠡᠨᠧᠷᠬᠢ ᠶᠢᠨ ᠨᠡᠭᠡᠭᠡᠨ ᠭᠦᠭᠵᠢᠭᠦᠯᠦᠯᠲᠡ  ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠢᠶ᠎ᠠ ᠪᠦᠭᠦᠢ ᠪᠠᠷᠢᠮᠵᠢᠶ᠎ᠡ ᠲᠤᠭᠲᠠᠭᠠᠨ᠂ ᠡᠨᠧᠷᠬᠢ ᠶᠢᠨ ᠨᠡᠭᠡᠭᠡᠨ ᠭᠦᠭᠵᠢᠭᠦᠯᠦᠯᠲᠡ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ᠎ᠠ︔ ᠡᠨᠧᠷᠬᠢ ᠶᠢᠨ ᠡᠬᠢ ᠪᠠᠶᠠᠯᠢᠭ ᠢ ᠲᠤᠬᠢᠷᠠᠭᠤᠯᠬᠤ ᠰᠠᠨᠠᠯ ᠵᠢᠴᠢ ᠡᠨᠧᠷᠬᠢ ᠠᠷᠪᠢᠯᠠᠬᠤ᠂ ᠶᠡᠷᠦᠩᠭᠡᠶᠢᠯᠡᠨ ᠠᠰᠢᠭᠯᠠᠬᠤ᠂ ᠰᠢᠨ᠎ᠡ ᠡᠨᠧᠷᠬᠢ ᠶᠢ ᠭᠦᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠠᠮᠢᠶ᠎ᠠ ᠪᠦᠭᠦᠢ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠨᠡ ᠬᠠᠷᠭᠤᠭᠤᠯᠵᠦ᠂ ᠪᠦᠬᠦ ᠲᠤᠭᠤᠷᠢᠭ ᠤᠨ ᠡᠨᠧᠷᠬᠢ ᠶᠢᠨ ᠪᠠᠶᠢᠭᠤᠯᠤᠮᠵᠢ  ᠶᠢᠨ ᠦᠭᠡᠷᠡᠴᠢᠯᠡᠯᠲᠡ ᠶᠢ ᠠᠬᠢᠭᠤᠯᠤᠨ᠎ᠠ᠃      ︵ᠠᠷᠪᠠᠨ ᠬᠤᠶᠠᠷ︶ ᠬᠤᠩᠱᠠᠨ ᠲᠤᠭᠤᠷᠢᠭ ᠤᠨ ᠪᠦᠬᠦ ᠨᠡᠶᠢᠭᠡᠮ ᠤᠨ ᠡᠨᠧᠷᠬᠢ ᠠᠷᠪᠢᠯᠠᠵᠦ ᠪᠤᠬᠢᠷᠳᠦᠯ ᠢ ᠭᠠᠳᠠᠭᠰᠢᠯᠠᠭᠤᠯᠬᠤ ᠢ ᠵᠤᠬᠢᠴᠠᠭᠤᠯᠬᠤ ᠠᠵᠢᠯ ᠪᠠ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠲᠦᠷᠦᠯ ᠵᠦᠢᠯ ᠤᠨ ᠡᠨᠧᠷᠬᠢ ᠠᠷᠪᠢᠯᠠᠬᠤ ᠶᠢ ᠬᠢᠨᠡᠨ ᠪᠠᠶᠢᠴᠠᠭᠠᠬᠤ ᠠᠵᠢᠯ ᠢ ᠬᠠᠷᠢᠭᠤᠴᠠᠵᠦ᠂ ᠪᠦᠬᠦ ᠲᠤᠭᠤᠷᠢᠭ ᠤᠨ ᠤᠷᠴᠢᠯᠲᠦ ᠠᠵᠦ ᠠᠬᠤᠢ ᠶᠢ ᠭᠦᠭᠵᠢᠭᠦᠯᠬᠦ᠂ ᠪᠦᠬᠦ ᠨᠡᠶᠢᠭᠡᠮ ᠤᠨ ᠡᠨᠧᠷᠬᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠲᠦᠯᠦᠪᠵᠢᠭᠦᠯᠭᠡ ᠵᠢᠴᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠴᠠᠭᠤᠯᠤᠨ ᠬᠡᠷᠡᠭᠵᠢᠭᠦᠯᠦᠨ᠎ᠡ︔ ᠪᠦᠬᠦ ᠲᠤᠭᠤᠷᠢᠭ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠤᠷᠴᠢᠨ ᠲᠤᠭᠤᠷᠢᠨ ᠢ ᠬᠠᠮᠠᠭᠠᠯᠠᠬᠤ ᠲᠦᠯᠦᠪᠵᠢᠭᠦᠯᠭᠡ ᠨᠡᠶᠢᠷᠠᠭᠤᠯᠤᠨ ᠲᠤᠭᠲᠠᠭᠠᠬᠤ ᠳᠤ ᠤᠷᠤᠯᠴᠠᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠡᠨᠧᠷᠬᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠵᠦ᠂ ᠪᠦᠬᠦ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠠᠵᠦ ᠦᠢᠯᠡᠰ ᠪᠠ ᠴᠡᠪᠡᠷ ᠦᠢᠯᠡᠳᠪᠦᠷᠢᠯᠡᠯ ᠤᠨ ᠠᠬᠢᠯᠲᠠ  ᠶᠢᠨ ᠬᠠᠮᠢᠶ᠎ᠠ ᠪᠦᠭᠦᠢ ᠠᠵᠢᠯ ᠢ ᠶᠡᠷᠦᠩᠭᠡᠶᠢᠯᠡᠨ ᠵᠤᠬᠢᠴᠠᠭᠤᠯᠤᠨ᠎ᠠ᠃       ︵ᠠᠷᠪᠠᠨ ᠭᠤᠷᠪᠠ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠᠶᠢᠯᠳᠤᠬᠤ ᠪᠤᠳᠤᠯᠭ᠎ᠠ᠂ ᠲᠦᠯᠦᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠲᠤᠭᠤᠷᠢᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠦᠷᠦ ᠶᠢᠨ ᠪᠤᠤᠳᠯᠭ᠎ᠠ ᠠᠷᠭ᠎ᠠ ᠬᠡᠮᠵᠢᠶ᠎ᠡ ᠶᠢ ᠲᠦᠯᠦᠪᠯᠡᠨ ᠲᠤᠭᠲᠠᠭᠠᠬᠤ ᠶᠢ ᠵᠤᠬᠢᠶᠠᠨ ᠪᠠᠶᠢᠭᠤᠯᠤᠨ᠎ᠠ᠃          ︵ᠠᠷᠪᠠᠨ ᠳᠦᠷᠪᠡ︶ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠠ᠂ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠭᠠᠳᠠᠭᠠᠳᠦ ᠨᠡᠭᠡᠭᠡᠯᠲᠡ ᠶᠢᠨ ᠬᠠᠮᠢᠶ᠎ᠠ ᠪᠦᠭᠦᠢ ᠳᠦᠷᠢᠮ ᠲᠤᠭᠲᠠᠭᠠᠯ ᠵᠢᠴᠢ ᠪᠤᠰᠤᠳ ᠳᠦᠷᠢᠮᠵᠢᠯ ᠤᠨ ᠴᠢᠨᠡᠷᠲᠡᠢ ᠪᠢᠴᠢᠭ ᠮᠠᠲ᠋ᠧᠷᠢᠶᠡᠯ ᠤᠨ ᠡᠬᠡ ᠪᠢᠴᠢᠭ ᠢ ᠵᠤᠬᠢᠶᠠᠨ᠎ᠠ︔ ᠲᠤᠭᠲᠠᠭᠠᠯ ᠶᠤᠰᠤᠭᠠᠷ ᠪᠦᠬᠦ ᠲᠤᠭᠤᠷᠢᠭ ᠤᠨ ᠳᠠᠭᠠᠭᠠᠴᠢᠯᠠᠯᠲᠡ ᠵᠠᠷᠯᠠᠵᠦ ᠳᠠᠭᠠᠭᠠᠴᠢᠯᠠᠯᠲᠠ ᠡᠯᠰᠡᠬᠦ ᠠᠵᠢᠯ ᠢ ᠵᠢᠭᠠᠨ ᠵᠢᠯᠦᠭᠤᠳᠬᠤ ᠪᠠ ᠵᠤᠬᠢᠴᠠᠭᠤᠯᠤᠨ᠎ᠠ︔ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠲᠠ ᠬᠤᠲᠠ ᠶᠢᠨ ᠤᠯᠤᠰ ᠠᠷᠠᠳ ᠤᠨ ᠠᠵᠦ ᠠᠬᠤᠢ ᠶᠢᠨ ᠳᠠᠶᠢᠴᠢᠯᠠᠯᠲᠠ ᠶᠢᠨ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ ᠲᠦᠯᠦᠪᠯᠡᠭᠡ ᠶᠢ ᠲᠤᠤᠱᠯᠠᠭᠤᠯᠤᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠵᠦ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠶᠢᠨ ᠳᠠᠶᠢᠴᠢᠯᠡᠯᠲᠡ ᠶᠢᠨ ᠬᠠᠮᠢᠶ᠎ᠠ ᠪᠦᠭᠦᠢ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠲᠠᠪᠤ︶ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠭᠦᠢ ᠠᠵᠢᠯ ᠲᠦᠷᠦᠯ ᠪᠤᠯᠤᠨ ᠭᠠᠵᠠᠷ ᠤᠷᠤᠨ ᠤ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠪᠡᠯᠨ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ ᠪᠠ ᠲᠤᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠮᠦᠷᠳᠡᠨ ᠪᠠᠶᠢᠴᠠᠭᠠᠯᠲᠠ ᠬᠢᠨ᠎ᠡ︔ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠡᠳ᠋ ᠤᠨ ᠵᠠᠰᠠᠭ ᠤᠨ ᠴᠢᠨᠡᠷᠲᠡᠢ ᠪᠦᠳᠦᠭᠡᠨ ᠪᠠᠶᠢᠭᠤᠯᠤᠯᠲᠠ ᠶᠢᠨ ᠪᠡᠯᠨ ᠮᠦᠩᠭᠦ ᠶᠢᠨ ᠪᠡᠯᠨ ᠤᠷᠤᠭᠤᠯᠤᠯᠲᠠ ᠶᠢ ᠲᠤᠬᠢᠷᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠡᠯᠲᠡ ᠲᠠᠯᠪᠢᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃       ︵ᠠᠷᠪᠠᠨ ᠵᠢᠷᠭᠤᠭ᠎ᠠ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠲᠠ ᠶᠢᠨ ᠦᠭᠡᠷᠡᠴᠢᠯᠡᠯᠲᠡ ᠭᠦᠭᠵᠢᠭᠦᠯᠦᠯᠲᠠ ᠶᠢᠨ ᠵᠦᠪᠯᠡᠯ ᠤᠨ ᠲᠤᠰᠢᠶᠠᠨ ᠭᠦᠢᠴᠡᠳᠭᠡᠯᠭᠡᠬᠦ ᠪᠤᠰᠤᠳ ᠶᠠᠪᠤᠳᠠᠯ ᠤᠴᠢᠷ ᠢ ᠡᠭᠦᠷᠭᠡᠯᠡᠨ᠎ᠡ᠃                
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号