ᠲᠤᠭ᠎ᠠ ᠪᠦᠷᠢᠳᠬᠡᠯ ᠤᠨ ᠲᠤᠪᠴᠢᠶ᠎ᠡ
ᠨᠡᠶᠢᠲᠡᠯᠡᠭᠰᠡᠨ ᠴᠠᠭ᠄
2016-06-07
                                                        ᠭᠤᠤᠯ ᠡᠭᠦᠷᠭᠡ ᠬᠠᠷᠢᠭᠤᠴᠠᠯᠭ᠎ᠠ            ︵ᠨᠢᠭᠡ︶ ᠤᠯᠤᠰ ᠤᠨ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠲᠤᠭᠤᠷᠢᠭ ᠤᠨ ᠲᠤᠭ᠎ᠠ  ᠪᠦᠷᠢᠳᠬᠡᠯ ᠤᠨ ᠦᠭᠡᠷᠡᠴᠢᠯᠡᠯᠲᠡ᠂ ᠲᠤᠭ᠎ᠠ ᠪᠦᠷᠢᠳᠬᠡᠯ ᠤᠨ ᠪᠦᠳᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ  ᠵᠢᠴᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠨ᠎ᠠ︔ ᠡᠯ᠎ᠡ  ᠪᠠᠯᠭᠠᠰᠤ᠂ ᠵᠡᠭᠡᠯᠢ ᠭᠤᠳᠤᠮᠵᠢ ᠪᠠ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠪᠠ ᠤᠯᠤᠰ ᠠᠷᠠᠳ ᠤᠨ ᠠᠵᠦ  ᠠᠬᠤᠢ ᠶᠢᠨ ᠲᠤᠭᠠᠴᠢᠭ᠎ᠠ ᠬᠢᠬᠦ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠ ᠬᠢᠨᠡᠯᠲᠡ ᠲᠠᠯᠪᠢᠨ ᠪᠠᠶᠢᠴᠠᠭᠠᠨ᠎ᠠ  ︔ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠳᠦᠷᠢᠮ ᠤᠨ ᠬᠡᠷᠡᠭᠵᠢᠭᠦᠯᠦᠯᠲᠡ ᠳᠤ ᠬᠢᠨᠡᠯᠲᠡ ᠲᠠᠯᠪᠢᠨ  ᠪᠠᠶᠢᠴᠭᠠᠨ᠎ᠠ᠃             ︵ᠬᠤᠶᠠᠷ︶ ᠤᠯᠤᠰ ᠠᠷᠠᠳ ᠤᠨ ᠠᠵᠦ ᠠᠬᠤᠢ ᠶᠢᠨ ᠲᠤᠭᠠᠴᠢᠭ᠎ᠠ ᠬᠢᠬᠦ ᠰᠢᠰᠲ᠋ᠧᠮ ᠪᠠ ᠲᠤᠭ᠎ᠠ  ᠪᠦᠷᠢᠳᠬᠡᠯ ᠤᠨ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠪᠠ  ᠦᠪᠡᠷᠲᠡᠭᠡᠨ ᠵᠠᠰᠠᠬᠤ ᠤᠷᠤᠨ ᠤ ᠦᠨᠳᠦᠰᠦᠨ ᠲᠤᠭ᠎ᠠ ᠪᠦᠷᠢᠳᠬᠡᠯ ᠤᠨ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ  ᠂ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠳᠦᠷᠢᠮ ᠢ ᠲᠤᠭᠲᠠᠭᠠᠨ᠎ᠠ︔ ᠲᠤᠭᠲᠠᠭᠰᠡᠨ ᠡᠷᠬᠡ ᠬᠢᠵᠠᠭᠠᠷᠯᠠᠯ  ᠶᠤᠰᠤᠭᠠᠷ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ᠂ ᠰᠠᠠᠯᠠᠭ᠎ᠠ ᠮᠦᠴᠢᠷ ᠤᠨ ᠲᠤᠭ᠎ᠠ ᠪᠦᠷᠢᠳᠬᠡᠯ   ᠤᠨ ᠪᠠᠷᠢᠮᠵᠢᠶ᠎ᠠ ᠶᠢ ᠲᠦᠯᠦᠪᠯᠡᠨ ᠲᠤᠭᠲᠠᠭᠠᠨ᠎ᠠ︔ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠪᠠᠶᠢᠴᠠᠭᠠᠨ  ᠰᠤᠳᠤᠯᠤᠭᠰᠡᠨ ᠲᠦᠷᠦᠯ ᠵᠦᠢᠯ ᠢ ᠵᠤᠬᠢᠶᠠᠨ ᠪᠠᠶᠢᠭᠤᠯᠤᠨ ᠬᠠᠮᠢᠶᠠᠷᠴᠤ᠂ ᠪᠦᠬᠦ ᠲᠤᠭᠤᠷᠢᠭ ᠤᠨ ᠰᠠᠯᠠᠭ᠎ᠠ ᠮᠦᠴᠢᠷ   ᠤᠨ ᠲᠤᠭ᠎ᠠ ᠪᠦᠷᠢᠳᠬᠡᠯ ᠤᠨ ᠪᠠᠶᠢᠴᠠᠭᠠᠨ ᠰᠤᠳᠤᠯᠤᠭᠰᠡᠨ ᠲᠦᠯᠦᠪᠯᠡᠭᠡ᠂ ᠪᠠᠶᠢᠴᠠᠭᠠᠨ ᠰᠤᠳᠤᠯᠤᠭᠰᠡᠨ ᠲᠦᠰᠦᠯ ᠢ  ᠬᠢᠨᠡᠨ ᠵᠦᠪᠰᠢᠶᠡᠷᠡᠨ᠎ᠡ᠃           ︵ᠭᠤᠷᠪᠠ︶ ᠤᠯᠤᠰ ᠪᠠ ᠦᠪᠡᠷᠲᠡᠭᠡᠨ ᠵᠠᠰᠠᠬᠤ ᠤᠷᠤᠨ ᠤ ᠨᠡᠶᠢᠳᠡᠮ ᠪᠠᠶᠢᠴᠠᠭᠠᠯᠲᠠ ᠶᠢᠨ ᠲᠦᠰᠦᠯ  ᠶᠤᠰᠤᠭᠠᠷ᠂ ᠴᠢᠬᠤᠯᠨ ᠶᠡᠭᠡ ᠲᠤᠭᠤᠷᠢᠭ ᠤᠨ ᠪᠠᠶᠢᠳᠠᠯ ᠲᠤᠭᠤᠷᠢᠭ ᠤᠨ ᠭᠦᠴᠦᠨ ᠤ ᠨᠡᠶᠢᠳᠡᠮ ᠪᠠᠶᠢᠴᠠᠭᠠᠯᠲᠠ ᠶᠢᠨ  ᠲᠦᠯᠦᠪᠯᠡᠭᠡ ᠶᠢ ᠰᠤᠳᠤᠯᠤᠨ ᠳᠤᠷᠠᠳᠴᠤ᠂ ᠵᠦᠪᠰᠢᠶᠡᠷᠡᠯᠲᠡ ᠶᠢ ᠳᠠᠮᠵᠢᠭᠰᠡᠨ ᠤ ᠳᠠᠷᠠᠭ᠎ᠠ ᠵᠤᠬᠢᠶᠠᠨ ᠪᠠᠶᠢᠭᠤᠯᠤᠨ  ᠬᠡᠷᠡᠭᠵᠢᠭᠦᠯᠦᠨ᠎ᠡ︔ ᠡᠯ᠎ᠡ ᠪᠠᠯᠭᠠᠰᠤ᠂ ᠵᠡᠭᠡᠯᠢ ᠭᠤᠳᠤᠮᠵᠢ ᠪᠠ ᠡᠯ᠎ᠡ ᠰᠠᠯᠠᠭ᠎ᠠ ᠮᠦᠴᠢᠷ ᠤᠨ ᠨᠡᠶᠢᠭᠡᠮ ᠠᠵᠦ ᠠᠬᠤᠢ   ᠶᠢᠨ ᠪᠠᠶᠢᠴᠠᠭᠠᠨ ᠰᠤᠳᠤᠯᠤᠯᠲᠠ ᠶᠢ ᠨᠢᠬᠡᠳᠦᠯᠲᠡᠢ ᠵᠤᠬᠢᠶᠠᠨ ᠪᠠᠶᠢᠭᠤᠯᠵᠦ᠂ ᠪᠦᠬᠦ ᠲᠤᠭᠤᠷᠢᠭ ᠤᠨ ᠦᠨᠳᠦᠰᠦᠨ  ᠲᠤᠭ᠎ᠠ ᠪᠦᠷᠢᠳᠬᠡᠯ ᠤᠨ ᠮᠠᠲ᠋ᠧᠷᠢᠶᠡᠯ ᠢ ᠬᠤᠷᠢᠶᠠᠩᠭᠤᠶᠢᠯᠡᠨ ᠳ᠋ᠦᠩᠨᠡᠵᠦ ᠡᠮᠬᠢᠯᠡᠨ᠎ᠡ︔ ᠤᠯᠤᠰ ᠠᠷᠠᠳ ᠤᠨ ᠠᠵᠦ  ᠠᠬᠤᠢ᠂ ᠰᠢᠨᠵᠢᠯᠡᠭᠡ ᠮᠡᠷᠭᠡᠵᠢᠯ ᠤᠨ ᠳᠠᠪᠰᠢᠯᠲᠡ ᠪᠠ ᠨᠡᠶᠢᠭᠡᠮ ᠤᠨ ᠭᠦᠭᠵᠢᠯᠲᠡ ᠵᠡᠷᠭᠡ ᠪᠠᠶᠢᠳᠠᠯ ᠳᠤ ᠲᠤᠭ᠎ᠠ  ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ ᠵᠢᠱᠢᠯᠲᠠ ᠪᠠ ᠲᠤᠭ᠎ᠠ ᠪᠦᠷᠢᠳᠬᠡᠯ ᠤᠨ ᠬᠢᠨᠡᠯᠲᠡ ᠲᠠᠯᠪᠢᠵᠦ  ᠂ ᠲᠤᠭᠤᠷᠢᠭ ᠤᠨ ᠨᠡᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠭᠦᠢ ᠰᠠᠯᠠᠭ᠎ᠠ  ᠮᠦᠴᠢᠷ ᠲᠤ ᠲᠤᠭ᠎ᠠ ᠪᠦᠷᠢᠳᠬᠡᠯ ᠤᠨ ᠰᠤᠷᠠᠭ ᠵᠠᠩᠬᠢ ᠪᠠ ᠯᠠᠪᠯᠠᠭ᠎ᠠ ᠰᠠᠨᠠᠭᠤᠯᠭ᠎ᠠ ᠬᠠᠩᠭᠠᠨ᠎ᠠ᠃            ︵ᠳᠦᠷᠪᠡ︶ ᠪᠦᠬᠦ ᠲᠤᠭᠤᠷᠢᠭ ᠤᠨ ᠴᠢᠨᠡᠷᠲᠡᠢ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠡᠯ ᠢ  ᠨᠢᠬᠡᠳᠦᠯᠲᠡᠢ ᠬᠠᠮᠢᠶᠠᠷᠴᠤ᠂ ᠤᠯᠠᠨ ᠳᠤ ᠨᠡᠶᠢᠳᠡᠯᠡᠨ᠂ ᠲᠤᠭᠲᠠᠭᠰᠡᠨ ᠬᠤᠭᠤᠴᠠᠭ᠎ᠠ ᠲᠠᠢ ᠪᠠᠷ ᠨᠡᠶᠢᠭᠡᠮ ᠤᠯᠠᠨ  ᠲᠦᠮᠡᠨ ᠳᠤ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠡ ᠶᠢᠨ  ᠪᠠᠶᠢᠳᠠᠯ ᠤᠨ ᠲᠤᠭ᠎ᠠ ᠪᠦᠷᠢᠳᠬᠡᠯ ᠤᠨ ᠰᠤᠷᠠᠭ ᠵᠠᠩᠬᠢ ᠶᠢ ᠨᠡᠶᠢᠳᠡᠯᠡᠨ᠎ᠡ᠃            ︵ᠲᠠᠪᠤ︶ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠰᠤᠷᠠᠭ ᠵᠠᠩᠭᠢᠴᠢᠯᠠᠭᠰᠡᠨ ᠪᠦᠳᠦᠭᠡᠨ  ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠲᠤᠭ᠎ᠠ  ᠪᠠᠷᠢᠮᠲᠠ ᠶᠢᠨ ᠭᠦᠮᠦᠷᠭᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂  ᠪᠦᠷᠢᠳᠬᠡᠯ ᠤᠨ ᠲᠤᠭ᠎ᠠ  ᠪᠠᠷᠢᠮᠲᠡ  ᠶᠢᠨ ᠭᠦᠮᠦᠷᠭᠡ ᠶᠢᠨ ᠲᠤᠤᠷ ᠰᠦᠯᠵᠢᠶ᠎ᠡ ᠶᠢᠨ ᠦᠨᠳᠦᠰᠦᠨ ᠪᠠᠷᠢᠮᠵᠢᠶ᠎ᠠ ᠪᠠ ᠡᠷᠬᠢᠯᠲᠡ ᠶᠢᠨ ᠳᠦᠷᠢᠮ  ᠲᠤᠭᠲᠠᠭᠠᠯ ᠢ ᠨᠠᠶᠢᠳᠡᠪᠦᠷᠢᠵᠢᠭᠤᠯᠤᠨ᠎ᠠ︔ ᠲᠤᠮᠤ ᠬᠡᠯᠪᠡᠷᠢ ᠶᠢᠨ ᠨᠡᠶᠢᠳᠡᠮ ᠪᠠᠶᠢᠴᠠᠭᠠᠯᠲᠠ᠂ ᠲᠦᠷ ᠴᠠᠭ ᠤᠨ  ᠴᠢᠨᠡᠷᠲᠡᠢ ᠪᠠᠶᠢᠴᠠᠭᠠᠨ ᠰᠤᠳᠤᠯᠤᠯᠲᠠ ᠶᠢᠨ ᠲᠤᠭ᠎ᠠ ᠪᠠᠷᠢᠮᠲᠡ ᠶᠢ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠤᠨ  ᠬᠡᠷᠡᠭᠵᠢᠭᠦᠯᠦᠨ᠎ᠡ︔ ᠲᠤᠭ᠎ᠠ ᠪᠦᠷᠢᠳᠬᠡᠯ ᠤᠨ ᠰᠤᠷᠠᠭ ᠵᠠᠩᠬᠢ ᠶᠢᠨ ᠬᠠᠮᠢᠶᠠᠷᠤᠯᠲᠠ᠂ ᠠᠮᠤᠷ ᠲᠦᠪᠰᠢᠨ ᠨᠢᠭᠤᠴᠠ ᠶᠢ  ᠬᠠᠮᠠᠭᠠᠯᠠᠬᠤ ᠪᠠ ᠬᠠᠯᠠᠨ ᠰᠢᠨᠡᠳᠬᠡᠵᠦ ᠬᠠᠮᠠᠭᠠᠯᠠᠬᠤ ᠠᠵᠢᠯ ᠢ ᠬᠠᠷᠢᠭᠤᠴᠠᠨ᠎ᠠ︔ ᠲᠤᠭ᠎ᠠ ᠪᠦᠷᠢᠳᠬᠡᠯ ᠤᠨ ᠤᠨ ᠤ  ᠮᠡᠳᠡᠭᠦᠯᠦᠯᠲᠡ ᠪᠠ ᠲᠤᠭᠲᠠᠭᠰᠡᠨ ᠬᠤᠭᠤᠴᠠᠭ᠎ᠠ ᠲᠠᠢ ᠮᠡᠳᠡᠭᠦᠯᠭᠦ ᠭᠦᠰᠦᠨᠦᠭᠲᠦ ᠶᠢᠨ ᠲᠤᠭ᠎ᠠ ᠪᠠᠷᠢᠮᠲᠠ ᠶᠢ  ᠰᠢᠢᠳᠪᠦᠷᠢᠯᠡᠬᠦ ᠵᠢᠴᠢ ᠵᠦᠭᠡᠯᠡᠨ ᠲᠤᠨᠤᠭ ᠢ ᠨᠡᠭᠡᠭᠡᠨ ᠭᠦᠭᠵᠢᠭᠦᠯᠬᠦ ᠠᠵᠢᠯ ᠢ ᠵᠢᠭᠠᠨ ᠵᠢᠯᠦᠭᠤᠳᠤᠨ᠎ᠠ᠃              ︵ᠵᠢᠷᠭᠤᠭ᠎ᠠ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ  ᠬᠤᠲᠠ  ᠶᠢᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠤᠴᠢᠷ ᠢ  ᠡᠭᠦᠷᠭᠡᠯᠡᠨ ᠭᠦᠢᠴᠡᠳᠬᠡᠨ᠎ᠡ᠃  
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号