| ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ ᠤᠨ ᠡᠳ᠋ ᠤᠨ ᠵᠠᠰᠠᠭ᠂ ᠭᠠᠶᠢᠯᠢ ᠲᠠᠲᠠᠪᠦᠷᠢᠯᠠᠬᠤ ᠴᠢᠭᠯᠡᠯᠲᠡ᠂ ᠲᠦᠷᠦ ᠶᠢᠨ ᠪᠤᠳᠤᠯᠭ᠎ᠠ | ᠶᠢ ᠲᠤᠤᠱᠯᠠᠭᠤᠯᠤᠨ ᠨᠠᠶᠢᠳᠡᠪᠦᠷᠢᠵᠢᠭᠤᠯᠵᠦ᠂ ᠪᠦᠬᠦ ᠲᠤᠭᠤᠷᠢᠭ ᠤᠨ ᠡᠳ᠋ ᠤᠨ ᠵᠠᠰᠠᠭ᠂ ᠭᠠᠶᠢᠯᠢ ᠲᠠᠲᠠᠪᠦᠷᠢᠯᠠᠬᠤ | ᠠᠵᠢᠯ ᠤᠨ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ᠂ ᠦᠭᠡᠷᠡᠴᠢᠯᠡᠯᠲᠡ ᠶᠢᠨ ᠲᠦᠰᠦᠯ ᠵᠢᠴᠢ ᠬᠠᠮᠢᠶ᠎ᠠ | ᠪᠦᠭᠦᠢ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠨ᠎ᠠ︔ ᠡᠯ᠎ᠡ ᠵᠦᠢᠯ ᠤᠨ ᠬᠤᠷᠸ᠎ᠠ ᠠᠵᠦ ᠠᠬᠤᠢ ᠶᠢᠨ | ᠲᠦᠷᠦ ᠶᠢᠨ ᠪᠤᠳᠤᠯᠭ᠎ᠠ ᠲᠤᠭᠲᠠᠭᠠᠬᠤ ᠳᠤ ᠤᠷᠤᠯᠴᠠᠨ᠎ᠠ︔ ᠡᠳ᠋ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ | ᠬᠤᠷᠸ᠎ᠠ ᠲᠤᠬᠢᠷᠠᠭᠤᠯᠤᠯᠲᠡ ᠬᠢᠬᠦ ᠪᠠ ᠨᠡᠶᠢᠭᠡᠮ ᠤᠨ ᠡᠳ᠋ ᠤᠨ ᠭᠦᠴᠦᠨ ᠢ ᠶᠡᠷᠦᠩᠭᠡᠶᠢᠯᠡᠨ ᠲᠡᠩᠴᠡᠭᠦᠷᠢᠰᠢᠭᠦᠯᠬᠦ | ᠰᠠᠨᠠᠭᠤᠯᠭ᠎ᠠ ᠳᠤᠷᠠᠳᠴᠤ᠂ ᠪᠦᠬᠦ ᠲᠤᠭᠤᠷᠢᠭ ᠤᠨ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠭᠴᠢ | ᠶᠢᠨ ᠬᠠᠮᠢᠶᠠᠷᠤᠯᠲᠠ ᠶᠢᠨ ᠳᠦᠷᠢᠮᠵᠢᠭᠰᠡᠨ ᠪᠢᠴᠢᠭ ᠮᠠᠲ᠋ᠧᠷᠢᠶᠡᠯ᠂ ᠵᠠᠰᠠᠭ ᠤᠨ ᠤᠷᠳᠤᠨ ᠤ ᠳᠦᠷᠢᠮ ᠲᠤᠭᠲᠠᠭᠠᠯ | ᠳᠦᠰᠦᠯ ᠤᠨ ᠡᠬᠡ ᠪᠢᠴᠢᠭ ᠢ ᠵᠤᠬᠢᠶᠠᠨ᠎ᠠ᠃ ᠬᠤᠩᠱᠠᠨ ᠲᠤᠭᠤᠷᠢᠭ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠤᠨ᠎ᠠ᠃ | ︵ᠬᠤᠶᠠᠷ︶ ᠲᠤᠭᠤᠷᠢᠭ ᠤᠨ ᠲᠤᠰ ᠱᠠᠳᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠤᠷᠤᠯᠭ᠎ᠠ | ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠲᠤᠭᠤᠷᠢᠭ ᠵᠢᠴᠢ ᠲᠤᠭᠤᠷᠢᠭ ᠤᠨ | ᠲᠤᠰ ᠱᠠᠳᠤᠨ ᠤ ᠤᠨ ᠤ ᠲᠦᠰᠦᠪ ᠶᠢ ᠨᠠᠶᠢᠷᠡᠭᠤᠯᠤᠨ ᠵᠤᠬᠢᠶᠠᠬᠤ ᠶᠢ ᠬᠠᠷᠢᠭᠤᠴᠠᠬᠤ ᠶᠢᠨ ᠬᠠᠮᠳᠦ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠠ᠃ ᠪᠦᠬᠦ ᠲᠤᠭᠤᠷᠢᠭ ᠵᠢᠴᠢ ᠲᠤᠭᠤᠷᠢᠭ ᠤᠨ ᠲᠤᠰ ᠱᠠᠳᠤᠨ ᠤ ᠡᠳ᠋ ᠤᠨ ᠵᠠᠰᠠᠭ ᠤᠨ | ᠲᠦᠰᠦᠪ ᠤᠨ ᠭᠦᠢᠴᠡᠳᠬᠡᠯ ᠢ ᠨᠠᠶᠢᠷᠡᠭᠤᠯᠤᠨ ᠵᠤᠬᠢᠶᠠᠬᠤ ᠪᠠ ᠬᠤᠷᠢᠶᠠᠩᠭᠤᠶᠢᠯᠡᠨ ᠳ᠋ᠦᠩᠨᠡᠨ᠎ᠡ᠃ ᠲᠤᠭᠤᠷᠢᠭ ᠤᠨ | ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ᠲᠤᠭᠤᠷᠢᠭ ᠤᠨ ᠲᠤᠰ ᠱᠠᠳᠤ ᠪᠠ ᠪᠦᠬᠦ ᠲᠤᠭᠤᠷᠢᠭ ᠤᠨ ᠤᠨ ᠤ ᠡᠳ᠋ ᠤᠨ ᠵᠠᠰᠠᠭ ᠤᠨ ᠲᠦᠰᠦᠪ ᠵᠢᠴᠢ | ᠲᠡᠭᠦᠨ ᠢ ᠭᠦᠢᠴᠡᠳᠬᠡᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠡᠳ᠋ ᠤᠨ ᠵᠠᠰᠠᠭ ᠤᠨ ᠲᠦᠰᠦᠪ ᠤᠨ ᠭᠦᠢᠴᠡᠳᠬᠡᠯ ᠢ ᠮᠡᠳᠡᠭᠦᠯᠦᠨ᠎ᠡ | ᠃ ᠰᠠᠯᠠᠭ᠎ᠠ ᠮᠦᠴᠢᠷ ︵ᠪᠠᠶᠢᠭᠤᠯᠭ᠎ᠠ︶ ᠶᠢᠨ ᠤᠨ ᠤ ᠲᠦᠰᠦᠪ ᠤᠨ ᠳ᠋ᠦᠩᠨᠡᠨ ᠪᠤᠳᠤᠯᠲᠠ ᠶᠢ ᠬᠢᠨᠡᠨ ᠬᠠᠷᠭᠤᠭᠤᠯᠵᠦ | ᠵᠦᠪᠰᠢᠶᠡᠷᠡᠭᠦ ᠶᠢ ᠬᠠᠷᠢᠭᠤᠴᠠᠨ᠎ᠠ᠃ | ︵ᠭᠤᠷᠪᠠ︶ ᠵᠠᠰᠠᠭ ᠤᠨ ᠤᠷᠳᠤᠨ ᠤ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠲᠠ ᠶᠢ | ᠬᠠᠷᠢᠭᠤᠴᠠᠵᠦ᠂ ᠲᠤᠭᠲᠠᠭᠠᠯ ᠶᠤᠰᠤᠭᠠᠷ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠡᠷᠲᠡᠢ ᠵᠠᠷᠤᠳᠠᠯ ᠬᠤᠷᠢᠶᠠᠬᠤ᠂ | ᠵᠠᠰᠠᠭ ᠤᠨ ᠤᠷᠳᠤᠨ ᠤ ᠴᠢᠨᠡᠷᠲᠡᠢ ᠰᠠᠭᠤᠷᠢ ᠮᠦᠩᠭᠦ ᠵᠢᠴᠢ ᠪᠤᠰᠤᠳ ᠭᠠᠶᠢᠯᠢ ᠶᠢᠨ ᠪᠤᠰᠤ ᠤᠷᠤᠯᠭ᠎ᠠ ᠶᠢ | ᠬᠠᠮᠢᠶᠠᠷᠤᠨ᠎ᠠ︔ ᠡᠳ᠋ ᠤᠨ ᠵᠠᠰᠠᠭ ᠤᠨ ᠪᠢᠯᠧᠲ ᠪᠠᠷᠢᠮᠲᠠ ᠶᠢ ᠬᠠᠮᠢᠶᠠᠷᠤᠨ᠎ᠠ︔ ᠬᠤᠨᠵᠢᠪᠦᠷᠢᠲᠦ ᠰᠤᠭᠤᠯᠤᠭ᠎ᠠ ᠶᠢᠨ | ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠪᠠ ᠬᠠᠮᠢᠶ᠎ᠠ ᠪᠦᠭᠦᠢ ᠠᠷᠭ᠎ᠠ ᠶᠢ ᠨᠠᠶᠢᠳᠠᠪᠦᠷᠢᠵᠢᠭᠤᠯᠤᠨ᠎ᠠ᠃ | ︵ᠳᠦᠷᠪᠡ︶ ᠤᠯᠤᠰ ᠤᠨ ᠭᠦᠮᠦᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠭᠦᠮᠦᠷᠭᠡ ᠶᠢᠨ | ᠲᠦᠪᠯᠡᠷᠡᠭᠦᠯᠦᠨ ᠬᠤᠷᠢᠶᠠᠵᠦ ᠲᠦᠯᠦᠪᠦᠷᠢᠯᠡᠬᠦ ᠳᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠲᠤᠭᠲᠠᠭᠠᠯ | ᠶᠤᠰᠤᠭᠠᠷ ᠤᠯᠤᠰ ᠤᠨ ᠭᠦᠮᠦᠷᠭᠡ ᠶᠢᠨ ᠪᠡᠯᠡᠨ ᠮᠦᠩᠭᠦ ᠶᠢᠨ ᠬᠠᠮᠢᠶᠠᠷᠤᠯᠲᠠ ᠶᠢᠨ ᠠᠵᠢᠯ ᠢ ᠦᠷᠨᠢᠭᠦᠯᠦᠨ᠎ᠡ︔ | ᠵᠠᠰᠠᠭ ᠤᠨ ᠤᠷᠳᠤᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠳᠦ ᠬᠢᠨᠡᠯᠲᠡ ᠲᠠᠯᠪᠢᠨ | ᠬᠠᠮᠢᠶᠠᠷᠤᠨ᠎ᠠ᠃ | ︵ᠲᠠᠪᠤ︶ ᠤᠯᠤᠰ ᠤᠨ ᠭᠠᠶᠢᠯᠢ ᠲᠠᠲᠠᠪᠦᠷᠢᠯᠠᠬᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ | ᠪᠠ ᠭᠠᠶᠢᠯᠢ ᠲᠠᠲᠠᠪᠦᠷᠢᠯᠡᠯᠲᠡ ᠶᠢᠨ ᠲᠤᠬᠢᠷᠠᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠦᠷᠢᠵᠢᠭᠤᠯᠵᠦ᠂ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ᠂ ᠳᠡᠭᠡᠳᠦ ᠱᠠᠳᠤᠨ ᠤ ᠡᠳ᠋ ᠤᠨ ᠵᠠᠰᠠᠭ ᠲᠤ | ᠭᠠᠵᠠᠷ ᠤᠷᠤᠨ ᠤ ᠭᠠᠶᠢᠯᠢ ᠲᠠᠲᠠᠪᠦᠷᠢᠯᠡᠯᠲᠡ ᠶᠢ ᠬᠠᠰᠤᠨ ᠬᠡᠯᠳᠦᠷᠢᠭᠦᠯᠬᠦ᠂ ᠭᠠᠶᠢᠯᠢ ᠪᠤᠴᠠᠭᠠᠬᠤ ᠶᠢ ᠬᠢᠨᠡᠨ | ᠵᠦᠪᠰᠢᠶᠡᠷᠡᠬᠦ ᠵᠡᠷᠭᠡ ᠠᠵᠢᠯ ᠢ ᠳᠡᠪᠰᠢᠭᠦᠯᠦᠨ ᠮᠡᠳᠡᠭᠦᠯᠦᠨ᠎ᠡ᠃ | ︵ᠵᠢᠷᠭᠤᠭ᠎ᠠ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠡᠳ᠋ ᠭᠦᠷᠦᠩᠭᠡ ᠶᠢᠨ | ᠬᠠᠮᠢᠶᠠᠷᠤᠯᠲᠠ ᠶᠢᠨ ᠳᠦᠷᠢᠮ ᠲᠤᠭᠲᠠᠭᠠᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭᠲᠠᠭᠠᠯ ᠶᠤᠰᠤᠭᠠᠷ | ᠲᠤᠭᠤᠷᠢᠭ ᠤᠨ ᠲᠤᠰ ᠱᠠᠳᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠡᠳ᠋ | ᠭᠦᠷᠦᠩᠭᠡ ᠶᠢ ᠬᠠᠮᠢᠶᠠᠷᠤᠨ᠎ᠠ᠃ | ︵ᠳᠤᠯᠤᠭ᠎ᠠ︶ ᠤᠯᠤᠰ ᠤᠨ ᠡᠳ᠋ ᠭᠦᠷᠦᠩᠭᠡ ᠶᠢᠨ ᠲᠦᠰᠦᠪ ᠤᠨ ᠳᠦᠷᠢᠮ ᠪᠠ ᠠᠷᠭ᠎ᠠ ᠶᠢ ᠵᠤᠬᠢᠶᠠᠨ | ᠪᠠᠶᠢᠭᠤᠯᠤᠨ ᠬᠡᠷᠡᠭᠵᠢᠭᠦᠯᠵᠦ᠂ ᠲᠤᠭᠤᠷᠢᠭ ᠤᠨ ᠲᠤᠰ ᠱᠠᠳᠤᠨ ᠤ ᠤᠯᠤᠰ ᠤᠨ ᠭᠦᠷᠦᠩᠭᠡ ᠢ ᠡᠵᠡᠩᠨᠡᠯᠲᠡ ᠶᠢᠨ | ᠲᠦᠰᠦᠪ ᠤᠨ ᠲᠦᠰᠦᠯ ᠢ ᠨᠡᠶᠢᠷᠡᠭᠤᠯᠤᠨ ᠵᠤᠬᠢᠶᠠᠬᠤ ᠶᠢ ᠬᠠᠷᠢᠭᠤᠴᠠᠵᠦ᠂ ᠲᠤᠭᠤᠷᠢᠭ ᠤᠨ ᠲᠤᠰ ᠱᠠᠳᠤᠨ ᠤ ᠠᠵᠦ | ᠠᠬᠤᠶᠢᠯᠡᠯ ᠤᠨ ᠤᠯᠤᠰ ᠤᠨ ᠭᠦᠷᠦᠩᠭᠡ ᠶᠢᠨ ᠠᠰᠢᠭ ᠬᠤᠨᠵᠢᠪᠤᠷᠢ ᠶᠢ ᠬᠤᠷᠢᠶᠠᠨ ᠠᠪᠴᠦ᠂ ᠠᠵᠦ ᠠᠬᠤᠶᠢᠯᠡᠯ ᠤᠨ | ᠡᠳ᠋ ᠤᠨ ᠶᠠᠪᠤᠳᠠᠯ ᠤᠨ ᠳᠦᠷᠢᠮ ᠵᠢᠴᠢ ᠵᠠᠰᠠᠭ ᠤᠨ ᠤᠷᠳᠤᠨ ᠪᠤᠯᠤᠨ ᠠᠵᠦ ᠠᠬᠤᠶᠢᠯᠡᠯ ᠤᠨ ᠬᠤᠪᠢᠶᠠᠷᠢᠯᠡᠯᠲᠡ ᠶᠢᠨ | ᠳᠦᠷᠢᠮ ᠪᠠ ᠠᠷᠭ᠎ᠠ ᠶᠢ ᠨᠡᠶᠢᠳᠡᠪᠦᠷᠢᠵᠢᠭᠤᠯᠤᠨ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ᠎ᠠ︔ ᠲᠤᠭᠲᠠᠭᠠᠯ ᠶᠤᠰᠤᠭᠠᠷ | ᠡᠳ᠋ ᠭᠦᠷᠦᠩᠭᠡ ᠶᠢ ᠦᠨᠡᠯᠡᠬᠦ ᠠᠵᠢᠯ ᠢ ᠬᠠᠮᠢᠶᠠᠷᠤᠨ᠎ᠠ᠃ | ︵ᠨᠠᠢᠮᠠ︶ ᠪᠦᠬᠦ ᠲᠤᠭᠤᠷᠢᠭ ᠤᠨ ᠡᠳ᠋ ᠤᠨ ᠵᠠᠰᠠᠭ ᠤᠨ ᠠᠵᠦ ᠠᠬᠤᠢ ᠶᠢᠨ ᠭᠦᠭᠵᠢᠯᠲᠡ ᠶᠢᠨ ᠵᠠᠷᠤᠯᠭ᠎ᠠ | ᠪᠠ ᠲᠦᠪ᠂ ᠦᠪᠡᠷᠲᠡᠭᠡᠨ ᠵᠠᠰᠠᠬᠤ ᠤᠷᠤᠨ ᠵᠢᠴᠢ ᠤᠯᠠᠭᠠᠨᠬᠠᠲᠠ ᠬᠤᠲᠠ ᠶᠢᠨ ᠵᠠᠰᠠᠭ ᠤᠨ ᠤᠷᠳᠤᠨ ᠤ ᠴᠢᠨᠡᠷᠲᠡᠢ | ᠪᠡᠯᠨ ᠤᠷᠤᠭᠤᠯᠤᠯᠲᠠ ᠶᠢᠨ ᠲᠦᠷᠦᠯ ᠵᠦᠢᠯ ᠤᠨ ᠡᠳ᠋ ᠤᠨ ᠶᠠᠪᠤᠳᠠᠯ ᠤᠨ ᠵᠤᠭᠤᠰ ᠰᠢᠯᠵᠢᠭᠦᠯᠵᠦ ᠦᠭᠭᠦ ᠶᠢ | ᠬᠠᠷᠢᠭᠤᠴᠠᠨ ᠭᠦᠢᠴᠡᠳᠬᠡᠵᠦ᠂ ᠪᠦᠬᠦ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠡᠯᠨ ᠤᠷᠤᠭᠤᠯᠤᠯᠲᠠ ᠶᠢᠨ | ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠳᠤ ᠤᠷᠤᠯᠴᠠᠵᠦ᠂ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠲᠠᠭᠠᠵᠦ᠂ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ | ᠶᠢᠨ ᠴᠢᠨᠡᠷᠲᠡᠢ ᠨᠦᠭᠦᠪᠦᠷᠢ ᠪᠠ ᠲᠤᠰᠬᠠᠢ ᠲᠦᠷᠦᠯ ᠤᠨ ᠬᠠᠳᠠᠭᠠᠯᠠᠮᠵᠢ ᠶᠢᠨ ᠪᠡᠯᠨ ᠮᠦᠩᠭᠦᠨ ᠤ ᠡᠳ᠋ ᠤᠨ ᠵᠠᠰᠠᠭ | ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠪᠦᠬᠦ ᠲᠤᠭᠤᠷᠢᠭ ᠤᠨ ᠲᠡᠷᠢᠶᠡᠯᠡᠩ ᠤᠨ ᠶᠡᠷᠦᠩᠭᠡᠶᠢᠯᠡᠭᠰᠡᠨ ᠨᠡᠭᠡᠭᠡᠨ ᠭᠦᠭᠵᠢᠭᠦᠯᠦᠯᠲᠡ᠂ | ᠭᠦᠳᠡᠭᠡ ᠲᠤᠰᠬᠤᠨ ᠮᠠᠯᠵᠢᠬᠤ ᠤᠷᠤᠨ ᠤ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠠᠷᠪᠠ︶ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠪᠦᠬᠦ ᠲᠤᠭᠤᠷᠢᠭ ᠤᠨ ᠡᠳ᠋ ᠤᠨ ᠵᠠᠰᠠᠭ | ᠤᠨ ᠨᠡᠶᠢᠭᠡᠮ ᠤᠨ ᠪᠠᠳᠤᠯᠠᠭ᠎ᠠ ᠪᠠ ᠠᠵᠢᠯ ᠤᠯᠭᠤᠯᠲᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ ᠶᠢ | ᠬᠠᠮᠢᠶᠠᠷᠴᠤ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠪᠦᠬᠦ ᠲᠤᠭᠤᠷᠢᠭ ᠤᠨ ᠨᠡᠶᠢᠭᠡᠮ ᠤᠨ ᠪᠠᠳᠤᠯᠠᠭ᠎ᠠ | ᠶᠢᠨ ᠪᠡᠯᠨ ᠮᠦᠩᠭᠦ ︵ᠰᠠᠭᠤᠷᠢ ᠮᠦᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠦᠯᠦᠪᠯᠡᠨ | ᠲᠤᠭᠲᠠᠭᠠᠵᠦ᠂ ᠪᠦᠬᠦ ᠲᠤᠭᠤᠷᠢᠭ ᠤᠨ ᠨᠡᠶᠢᠭᠡᠮ ᠤᠨ ᠪᠠᠳᠤᠯᠠᠭ᠎ᠠ ᠶᠢᠨ ᠲᠦᠰᠦᠪ ᠳ᠋ᠦᠩᠨᠡᠨ ᠪᠤᠳᠤᠯᠲᠠ ᠶᠢᠨ ᠲᠦᠰᠦᠪ | ᠢ ᠨᠡᠶᠢᠷᠡᠭᠤᠯᠤᠨ ᠲᠤᠭᠲᠠᠭᠠᠨ᠎ᠠ᠃ | ︵ᠠᠷᠪᠠᠨ ᠨᠢᠭᠡ︶ ᠵᠠᠰᠠᠭ ᠤᠨ ᠤᠷᠳᠤᠨ ᠤ ᠳᠤᠳᠤᠭᠠᠳᠦ ᠭᠠᠳᠠᠭᠠᠳᠦ ᠦᠷᠢ ᠦᠭᠴᠢᠭᠡ ᠶᠢᠨ ᠲᠤᠬᠠᠢ | ᠤᠯᠤᠰ ᠤᠨ ᠳᠦᠷᠢᠮ ᠲᠤᠭᠠᠲᠠᠭᠠᠯ ᠪᠠ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠪᠦᠬᠦ | ᠲᠤᠭᠤᠷᠢᠭ ᠤᠨ ᠵᠠᠰᠠᠭ ᠤᠨ ᠤᠷᠳᠤᠨ ᠤ ᠴᠢᠨᠡᠷᠲᠡᠢ ᠦᠷᠢ ᠦᠭᠴᠢᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ | ᠶᠢ ᠬᠠᠤᠯᠢ ᠶᠤᠰᠤᠭᠠᠷ ᠲᠤᠭᠲᠠᠭᠠᠵᠦ᠂ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠵᠠᠰᠠᠭ ᠤᠨ | ᠤᠷᠳᠤᠨ ᠤ ᠳᠤᠳᠤᠭᠠᠳᠦ ᠭᠠᠳᠠᠭᠠᠳᠦ ᠦᠷᠢ ᠦᠭᠴᠢᠭᠡ ᠶᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠬᠤᠶᠠᠷ︶ ᠪᠦᠬᠦ ᠲᠤᠭᠤᠷᠢᠭ ᠤᠨ ᠨᠢᠭᠲᠠᠯᠠᠨ ᠪᠤᠳᠤᠭᠴᠢ ᠶᠢᠨ ᠠᠵᠢᠯ ᠤᠨ ᠬᠠᠮᠢᠶᠠᠷᠤᠯᠲᠠ ᠶᠢ | ᠬᠠᠷᠢᠭᠤᠴᠠᠵᠦ᠂ ᠨᠢᠭᠲᠠᠯᠠᠨ ᠪᠤᠳᠤᠭᠴᠢ ᠶᠢᠨ ᠠᠵᠢᠯᠯᠠᠭᠠᠨ ᠳᠤ ᠬᠢᠨᠡᠯᠲᠡ ᠲᠠᠯᠪᠢᠵᠦ ᠳᠦᠷᠢᠮᠵᠢᠭᠦᠯᠦᠨ᠎ᠡ᠃ | ︵ᠠᠷᠪᠠᠨ ᠭᠤᠷᠪᠠ︶ ᠡᠳ᠋ ᠭᠠᠶᠢᠯᠢ ᠶᠢᠨ ᠬᠠᠤᠯᠢ ᠳᠦᠷᠢᠮ᠂ ᠲᠦᠷᠦ ᠶᠢᠨ ᠪᠤᠳᠤᠯᠭ᠎ᠠ ᠪᠠ ᠡᠳ᠋ ᠤᠨ ᠵᠠᠰᠠᠭ | ᠤᠨ ᠤᠷᠤᠯᠭ᠎ᠠ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ ᠢ ᠬᠢᠨᠡᠯᠲᠡ ᠲᠠᠯᠪᠢᠨ ᠪᠠᠶᠢᠴᠠᠭᠠᠵᠦ᠂ ᠡᠳ᠋ ᠤᠨ ᠵᠠᠰᠠᠭ ᠤᠨ | ᠤᠷᠤᠯᠭ᠎ᠠ ᠵᠠᠷᠤᠯᠭ᠎ᠠ ᠶᠢᠨ ᠬᠠᠮᠢᠶᠠᠷᠤᠯᠲᠠ ᠳᠤᠮᠳᠠᠬᠢ ᠴᠢᠬᠤᠯᠨ ᠠᠰᠠᠭᠤᠳᠠᠯ ᠢ ᠲᠤᠰᠬᠠᠵᠦ᠂ ᠡᠳ᠋ ᠤᠨ ᠵᠠᠰᠠᠭ ᠤᠨ | ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠤᠨ᠎ᠠ᠃ | ︵ᠠᠷᠪᠠᠨ ᠳᠦᠷᠪᠡ︶ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢ ᠰᠤᠳᠤᠯᠭᠠᠨ ᠪᠠ ᠰᠤᠷᠭᠠᠨ ᠭᠦᠮᠦᠵᠢᠯ | ᠤᠨ ᠲᠦᠯᠦᠪᠵᠢᠭᠦᠯᠭᠡ ᠲᠤᠭᠲᠠᠭᠠᠨ᠎ᠠ︔ ᠡᠳ᠋ ᠤᠨ ᠵᠠᠰᠠᠭ ᠤᠨ ᠺᠠᠳ᠋ᠷ ᠤᠨ ᠦᠷᠭᠦᠯᠵᠢᠯᠡᠭᠰᠡᠨ ᠰᠤᠷᠭᠠᠨ ᠭᠦᠮᠦᠵᠢᠯ ᠢ | ᠵᠤᠬᠢᠶᠠᠨ ᠪᠠᠶᠢᠭᠤᠯᠤᠨ᠎ᠠ︔ ᠡᠳ᠋ ᠤᠨ ᠵᠠᠰᠠᠭ ᠤᠨ ᠰᠤᠷᠠᠭ ᠵᠠᠩᠬᠢᠴᠢᠯᠠᠭᠰᠡᠨ ᠪᠦᠳᠦᠭᠡᠨ ᠪᠠᠶᠢᠭᠤᠯᠤᠯᠲᠠ ᠪᠠ ᠡᠳ᠋ ᠤᠨ | ᠵᠠᠰᠠᠭ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ | ︵ᠠᠷᠪᠠᠨ ᠲᠠᠪᠤ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ | ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠡ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠡᠷᠡᠭ ᠶᠠᠪᠤᠳᠠᠯ ᠢ | ᠭᠦᠢᠴᠡᠳᠭᠡᠨ᠎ᠡ᠃ |