ᠠᠷᠠᠯᠵᠢᠶ᠎ᠠ ᠬᠤᠳᠠᠯᠳᠤᠭ᠎ᠠ ᠵᠤᠭᠠᠴᠠᠯ ᠤᠨ ᠲᠤᠪᠴᠢᠶ᠎ᠡ
ᠨᠡᠶᠢᠲᠡᠯᠡᠭᠰᠡᠨ ᠴᠠᠭ᠄
2016-06-07
                                  ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠬᠠᠮᠢᠶ᠎ᠠ ᠪᠦᠭᠦᠢ ᠠᠷᠠᠯᠵᠢᠶ᠎ᠠ ᠬᠤᠳᠠᠠᠯᠳᠤᠭᠠᠨ ᠤ ᠭᠦᠢᠯᠭᠡᠭᠡ᠂ ᠭᠠᠳᠠᠭᠠᠳᠦ ᠠᠷᠠᠯᠵᠢᠶ᠎ᠠ᠂ ᠤᠯᠠᠨ ᠤᠯᠤᠰ ᠤᠨ ᠠᠵᠦ ᠠᠬᠤᠢ ᠶᠢᠨ ᠬᠠᠮᠳᠤᠷᠠᠯᠴᠠᠭ᠎ᠠ᠂ ᠭᠠᠳᠠᠭᠠᠳᠦ ᠬᠤᠳᠠᠯᠳᠤᠭᠠᠴᠢᠨ ᠤ ᠪᠡᠯᠨ ᠤᠷᠤᠭᠤᠯᠤᠯᠲᠠ ᠶᠢᠨ ᠴᠢᠭᠯᠡᠯᠲᠡ ᠲᠦᠷᠦ ᠶᠢᠨ ᠪᠤᠳᠤᠯᠭ᠎ᠠ ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠬᠤᠩᠱᠠᠨ ᠲᠤᠭᠤᠷᠢᠭ ᠤᠨ ᠠᠷᠠᠯᠵᠢᠶ᠎ᠠ ᠬᠤᠳᠠᠠᠯᠳᠤᠭᠠᠨ ᠤ ᠭᠦᠢᠯᠭᠡᠭᠡ᠂ ᠭᠠᠳᠠᠭᠠᠳᠦ ᠠᠷᠠᠯᠵᠢᠶ᠎ᠠ᠂ ᠤᠯᠠᠨ ᠤᠯᠤᠰ ᠤᠨ ᠠᠵᠦ ᠠᠬᠤᠢ ᠶᠢᠨ ᠬᠠᠮᠳᠤᠷᠠᠯᠴᠠᠭ᠎ᠠ᠂ ᠭᠠᠳᠠᠭᠠᠳᠦ ᠬᠤᠳᠠᠯᠳᠤᠭᠠᠴᠢᠨ ᠤ ᠪᠡᠯᠨ ᠤᠷᠤᠭᠤᠯᠤᠯᠲᠠ ᠶᠢᠨ ᠠᠵᠢᠯ ᠤᠨ ᠭᠦᠭᠵᠢᠯᠲᠡ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠬᠤᠶᠠᠷ︶ ᠪᠦᠬᠦ ᠲᠤᠭᠤᠷᠢᠭ ᠤᠨ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠰᠠᠨᠠᠯ ᠢ ᠲᠦᠯᠦᠪᠯᠡᠨ ᠲᠤᠭᠲᠠᠭᠠᠵᠦ᠂ ᠭᠦᠢᠯᠭᠡᠭᠡᠨ ᠤ ᠠᠵᠦ ᠠᠬᠤᠶᠢᠯᠡᠯ ᠤᠨ ᠦᠭᠡᠷᠡᠴᠢᠯᠡᠯᠲᠡ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠠ ᠨᠡᠶᠢᠭᠡᠮ ᠲᠤᠭᠤᠷᠢᠭ ᠤᠨ ᠬᠤᠳᠠᠯᠳᠤᠭᠠᠨ ᠤ ᠦᠢᠯᠡᠰ ᠤᠨ ᠭᠦᠭᠵᠢᠯᠲᠠ ᠶᠢ ᠵᠢᠭᠠᠨ ᠵᠢᠯᠦᠭᠤᠳᠴᠤ᠂ ᠭᠦᠢᠯᠭᠡᠭᠡᠨ ᠤ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠲᠠ ᠶᠢ ᠠᠬᠢᠭᠤᠯᠤᠨ᠎ᠠ︔ ᠠᠷᠠᠯᠵᠢᠶ᠎ᠠ ᠬᠤᠳᠠᠯᠳᠤᠭᠠᠨ ᠤ ᠳᠤᠮᠳᠠ ᠪᠠᠭ᠎ᠠ ᠠᠵᠦ ᠠᠬᠤᠶᠢᠯᠡᠯ ᠤᠨ ᠭᠦᠭᠵᠢᠯᠲᠠ ᠶᠢ ᠠᠬᠢᠭᠤᠯᠬᠤ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ︔ ᠭᠦᠢᠯᠭᠡᠭᠡᠨ ᠤ ᠪᠠᠷᠢᠮᠵᠢᠶᠠᠵᠢᠭᠤᠯᠤᠯᠲᠠ ᠪᠠ ᠬᠡᠯᠬᠢᠶᠡᠳᠦ ᠡᠵᠡᠩᠨᠡᠯᠲᠡ᠂ ᠬᠤᠳᠠᠯᠳᠤᠭᠠᠨ ᠤ ᠦᠢᠯᠡᠰ ᠤᠨ ᠤᠨᠴᠠ ᠵᠦᠪᠰᠢᠶᠡᠷᠡᠯ ᠡᠵᠡᠩᠨᠡᠯᠲᠡ᠂ ᠪᠠᠷᠠᠭᠠᠨ ᠤ ᠭᠦᠢᠯᠭᠡᠭᠡᠨ ᠢ ᠲᠤᠬᠢᠷᠠᠭᠤᠯᠤᠨ ᠭᠦᠷᠭᠡᠬᠦ᠂ ᠡᠯᠺᠧᠲᠷᠤᠨ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠭᠦᠢᠯᠭᠡᠭᠡᠨ ᠤ ᠠᠷᠭ᠎ᠠ ᠬᠡᠯᠪᠡᠷᠢ ᠶᠢᠨ ᠭᠦᠭᠵᠢᠯᠲᠡ ᠶᠢ ᠠᠬᠢᠭᠤᠯᠤᠨ᠎ᠠ᠃       ︵ᠭᠤᠷᠪᠠ︶ ᠲᠤᠭᠤᠷᠢᠭ ᠤᠨ ᠳᠤᠳᠤᠷ᠎ᠡ ᠭᠠᠳᠠᠨᠠᠬᠢ ᠪᠡᠯᠨ ᠮᠦᠩᠭᠦ ᠶᠢᠨ ᠵᠠᠬ᠎ᠠ ᠳᠡᠯᠭᠡᠭᠦᠷ ᠤᠨ ᠰᠢᠰᠲ᠋ᠧᠮ  ᠤᠨ ᠪᠦᠳᠦᠭᠡᠨ ᠪᠠᠶᠢᠭᠤᠯᠤᠯᠲᠠ ᠳᠤ ᠪᠡᠯᠨ ᠤᠷᠤᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ ᠭᠠᠷᠭᠠᠵᠦ᠂ ᠬᠤᠲᠠ ᠪᠠᠯᠭᠠᠰᠤᠨ ᠤ ᠵᠠᠬ᠎ᠠ ᠶᠢᠨ ᠭᠦᠭᠵᠢᠯᠲᠠ ᠶᠢ ᠠᠬᠢᠭᠤᠯᠤᠨ᠎ᠠ︔ ᠶᠡᠭᠡ ᠬᠡᠮᠵᠢᠶᠡᠨ ᠤ ᠪᠦᠳᠦᠭᠡᠭᠳᠡᠭᠦᠨ ᠤ ᠪᠦᠭᠡᠮ  ᠢᠶᠠᠷ ᠬᠤᠳᠠᠯᠳᠤᠬᠤ ᠵᠠᠬ᠎ᠠ ᠶᠢᠨ ᠲᠦᠯᠦᠪᠵᠢᠭᠦᠯᠭᠡ ᠪᠠ ᠬᠤᠲᠠ ᠶᠢᠨ ᠬᠤᠳᠠᠯᠳᠤᠭᠠᠨ ᠤ ᠦᠢᠯᠡᠰ ᠤᠨ ᠲᠤᠤᠷ ᠴᠢᠭ  ᠤᠨ ᠲᠦᠯᠦᠪᠵᠢᠭᠦᠯᠭᠡ᠂ ᠬᠤᠳᠠᠯᠳᠤᠭᠠᠨ ᠤ ᠦᠢᠯᠡᠰ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠵᠢᠭᠠᠨ ᠵᠢᠯᠦᠭᠤᠳᠤᠨ᠎ᠠ︔ ᠭᠦᠳᠡᠭᠡ ᠲᠤᠰᠬᠤᠨ ᠤ ᠵᠠᠬ᠎ᠠ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠦ᠂ ᠭᠦᠳᠡᠭᠡ ᠲᠤᠰᠬᠤᠨ ᠤ ᠤᠳᠤᠬᠢᠴᠢᠯᠠᠭᠰᠡᠨ ᠭᠦᠢᠯᠭᠡᠭᠡᠨ ᠤ ᠲᠤᠤᠷ ᠰᠦᠯᠵᠢᠶ᠎ᠡ ᠶᠢᠨ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠳᠦᠷᠪᠡ︶ ᠪᠦᠬᠦ ᠲᠤᠭᠤᠷᠢᠭ ᠤᠨ ᠵᠠᠬ᠎ᠠ ᠳᠡᠯᠭᠡᠭᠦᠷ ᠤᠨ ᠠᠵᠦ ᠠᠬᠤᠢ ᠶᠢᠨ ᠡᠮᠬᠢ ᠲᠢᠭᠯᠢᠮ ᠢ ᠴᠡᠭᠴᠡᠯᠡᠬᠦ ᠪᠠ ᠳᠦᠷᠢᠮᠵᠢᠭᠦᠯᠬᠦ ᠠᠵᠢᠯ ᠢ ᠲᠤᠯᠤᠭᠠᠶᠢᠯᠡᠨ ᠵᠤᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠵᠠᠬ᠎ᠠ ᠳᠡᠯᠭᠡᠭᠦᠷ  ᠤᠨ ᠡᠷᠬᠢᠯᠲᠡ ᠪᠠ ᠭᠦᠢᠯᠭᠡᠭᠡᠨ ᠤ ᠡᠮᠬᠢ ᠲᠢᠭᠯᠢᠮ ᠢ ᠳᠦᠷᠢᠮᠵᠢᠭᠦᠯᠬᠦ ᠠᠷᠭ᠎ᠠ ᠪᠠᠷᠢᠯ ᠢ ᠲᠦᠯᠦᠪᠯᠡᠨ ᠲᠤᠭᠲᠠᠭᠠᠨ᠎ᠠ︔ ᠬᠤᠳᠠᠯᠳᠤᠭᠠᠨ ᠤ ᠶᠠᠪᠤᠳᠠᠯ ᠤᠨ ᠭᠦᠷᠢᠶ᠎ᠡ ᠬᠡᠪᠴᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠦ᠂ ᠬᠤᠳᠠᠯᠳᠤᠭᠠᠨ ᠤ ᠦᠢᠯᠡᠰ ᠤᠨ ᠢᠲᠡᠭᠡᠮᠵᠢᠲᠦ ᠪᠤᠷᠤᠯᠠᠭᠤᠯᠭ᠎ᠠ ᠶᠢ ᠵᠢᠭᠠᠨ ᠵᠢᠯᠦᠭᠤᠳᠴᠤ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠯᠲᠡᠢ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠢᠩ ᠢ ᠪᠠᠶᠢᠭᠤᠯᠤᠨ᠎ᠠ︔ ᠤᠯᠤᠰ ᠤᠨ ᠬᠠᠮᠢᠶ᠎ᠠ ᠪᠦᠭᠦᠢ ᠲᠤᠭᠲᠠᠭᠠᠯ ᠶᠤᠰᠤᠭᠠᠷ ᠤᠨᠴᠠᠭᠠᠢ ᠭᠦᠢᠯᠭᠡᠭᠡᠨ ᠤ ᠠᠵᠢᠯ ᠦᠢᠯᠡᠰ ᠲᠤ ᠬᠢᠨᠡᠯᠲᠡ ᠬᠠᠮᠢᠶᠠᠷᠤᠯᠲᠠ ᠶᠠᠪᠤᠭᠤᠯᠤᠨ᠎ᠠ︔ ᠠᠵᠦ ᠠᠬᠤᠶᠢᠯᠡᠯ ᠤᠨ ᠤᠯᠤᠰ ᠤᠨ ᠭᠠᠳᠠᠭᠠᠳᠦ ᠳᠠᠬᠢ ᠭᠠᠭᠴᠠᠭᠠᠷ ᠡᠵᠡᠮᠰᠢᠯ ᠢ ᠡᠰᠡᠷᠭᠦᠴᠡᠬᠦ ᠵᠠᠷᠭᠤ ᠶᠢ ᠡᠶᠡᠳᠡᠭᠦᠯᠬᠦ ᠠᠵᠢᠯ ᠢ ᠵᠢᠭᠠᠨ ᠵᠢᠯᠦᠭᠤᠳᠤᠨ᠎ᠠ᠃       ︵ᠲᠠᠪᠤ︶ ᠪᠦᠬᠦ ᠲᠤᠭᠤᠷᠢᠭ ᠤᠨ ᠴᠢᠬᠤᠯᠨ ᠬᠡᠷᠡᠭᠯᠡᠭᠡᠨ ᠤ ᠡᠳ᠋ ᠤᠨ ᠵᠠᠬ᠎ᠠ ᠶᠢᠨ ᠲᠤᠬᠢᠷᠠᠭᠤᠯᠤᠯᠲᠠ ᠡᠵᠡᠮᠰᠢᠯ ᠪᠠ ᠴᠢᠬᠤᠯᠨ ᠦᠢᠯᠡᠳᠪᠦᠷᠢᠯᠡᠯ ᠤᠨ ᠮᠠᠲ᠋ᠧᠷᠢᠶᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠠᠮᠢᠳᠤᠷᠠᠯ ᠤᠨ ᠴᠢᠬᠤᠯᠨ ᠪᠦᠭᠦᠢ ᠡᠳ᠋ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠦ᠂ ᠵᠠᠬ᠎ᠠ ᠳᠡᠯᠭᠡᠭᠦᠷ ᠤᠨ ᠡᠷᠬᠢᠯᠲᠡ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠡᠨ ᠬᠡᠮᠵᠢᠵᠦ ᠵᠠᠳᠠᠯᠤᠨ ᠰᠢᠨᠵᠢᠯᠡᠨ᠎ᠡ︔ ᠲᠠᠸᠠᠷ ᠤᠨ ᠦᠨ᠎ᠡ ᠶᠢᠨ ᠰᠤᠷᠠᠭ ᠵᠠᠩᠬᠢ ᠶᠢ ᠪᠠᠶᠢᠴᠠᠭᠠᠨ ᠰᠤᠳᠤᠯᠵᠦ ᠵᠠᠳᠠᠯᠤᠨ ᠰᠢᠨᠵᠢᠯᠡᠵᠦ᠂ ᠵᠢᠱᠢᠭᠰᠡᠨ ᠰᠡᠷᠡᠮᠵᠢ ᠪᠠ ᠰᠤᠷᠠᠭ ᠵᠠᠩᠬᠢ ᠶᠢᠨ ᠭᠦᠳᠦᠯᠦᠨ ᠵᠢᠯᠦᠭᠤᠳᠤᠯᠭ᠎ᠠ ᠬᠢᠵᠦ᠂ ᠴᠢᠬᠤᠯᠨ ᠬᠡᠷᠡᠭᠯᠡᠭᠡᠨ ᠤ ᠡᠳ᠋  ᠤᠨ ᠬᠠᠳᠠᠭᠠᠯᠠᠮᠵᠢ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠲᠤᠬᠢᠷᠠᠭᠤᠯᠤᠯᠲᠠ ᠡᠵᠡᠮᠰᠢᠯ ᠤᠨ ᠠᠵᠢᠯ ᠢ ᠬᠠᠷᠢᠭᠤᠴᠠᠨ᠎ᠠ︔ ᠤᠯᠤᠰ ᠤᠨ ᠬᠠᠮᠢᠶ᠎ᠠ ᠪᠦᠭᠦᠢ ᠲᠤᠭᠲᠠᠭᠠᠯ ᠶᠤᠰᠤᠭᠠᠷ ᠲᠤᠰᠤᠨ ᠪᠦᠳᠦᠭᠡᠭᠳᠡᠭᠦᠨ᠂ ᠲᠤᠭᠲᠠᠭᠰᠡᠨ ᠭᠠᠵᠠᠷ ᠲᠤ ᠭᠠᠭ᠋ᠠᠢ ᠠᠯᠠᠵᠦ ᠨᠢᠳᠦᠯᠡᠬᠦ ᠪᠠ ᠠᠷᠢᠬᠢᠨ ᠤ ᠲᠦᠷᠦᠯ ᠤᠨ ᠭᠦᠢᠯᠭᠡᠭᠡᠨ ᠳᠤ ᠬᠢᠨᠡᠯᠲᠡ ᠬᠠᠮᠢᠶᠠᠷᠤᠯᠲᠠ ᠶᠠᠪᠤᠭᠤᠯᠤᠨ᠎ᠠ᠃              ︵ᠵᠢᠷᠭᠤᠭ᠎ᠠ︶ ᠪᠦᠬᠦ ᠲᠤᠭᠤᠷᠢᠭ ᠤᠨ ᠭᠠᠳᠠᠭᠠᠳᠦ ᠠᠷᠠᠯᠵᠢᠶ᠎ᠠ ᠶᠢᠨ ᠨᠡᠮᠡᠭᠳᠡᠯ ᠤᠨ ᠬᠡᠯᠪᠡᠷᠢ ᠶᠢᠨ ᠬᠤᠪᠢᠷᠠᠯᠲᠠ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠦᠯᠦᠪᠯᠡᠨ ᠲᠤᠭᠲᠠᠭᠠᠵᠦ᠂ ᠪᠦᠬᠦ ᠲᠤᠭᠤᠷᠢᠭ ᠤᠨ ᠠᠷᠠᠯᠵᠢᠶ᠎ᠠ ᠶᠢ ᠠᠬᠢᠭᠤᠯᠬᠤ ᠠᠵᠢᠯᠯᠠᠭᠠᠨ ᠪᠠ ᠭᠠᠳᠠᠭᠠᠳᠦ ᠠᠷᠠᠯᠵᠢᠶ᠎ᠠ ᠶᠢ ᠠᠬᠢᠭᠤᠯᠬᠤ ᠰᠢᠰᠲ᠋ᠧᠮ  ᠤᠨ ᠪᠠᠶᠢᠭᠤᠯᠤᠯᠲᠠ ᠶᠢ ᠵᠢᠭᠠᠨ ᠵᠢᠯᠦᠭᠤᠳᠴᠤ᠂ ᠭᠠᠳᠠᠭᠠᠳᠦ ᠠᠷᠠᠯᠵᠢᠶ᠎ᠠ ᠶᠢᠨ ᠬᠠᠮᠢᠶ᠎ᠠ ᠪᠦᠭᠦᠢ ᠲᠠᠸᠠᠷ᠂ ᠮᠡᠷᠭᠡᠵᠢᠯ ᠢ ᠤᠷᠤᠭᠤᠯᠵᠦ ᠭᠠᠷᠭᠠᠬᠤ ᠲᠦᠯᠦᠪᠯᠡᠭᠡ ᠶᠢᠨ ᠬᠠᠮᠢᠶᠠᠷᠤᠯᠲᠠ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠳᠤᠯᠤᠭ᠎ᠠ︶ ᠤᠯᠤᠰ ᠤᠨ ᠭᠠᠳᠠᠭᠠᠳᠦ ᠮᠡᠷᠭᠡᠵᠢᠯ ᠤᠨ ᠠᠷᠠᠯᠵᠢᠶ᠎ᠠ᠂ ᠭᠠᠳᠠᠭᠠᠳᠦ ᠳᠤ ᠭᠠᠷᠭᠠᠬᠤ ᠬᠠᠮᠢᠶᠠᠷᠤᠯᠲᠠ ᠵᠢᠴᠢ ᠮᠡᠷᠭᠡᠵᠢᠯ ᠢ ᠵᠤᠷᠢᠭᠵᠢᠭᠤᠯᠬᠤ ᠪᠠ ᠢᠵᠢ ᠪᠦᠷᠢᠳᠦᠭᠰᠡᠨ ᠲᠦᠭᠦᠭᠡᠷᠦᠮᠵᠢ ᠶᠢ ᠤᠷᠤᠭᠤᠯᠵᠦ ᠭᠠᠷᠭᠠᠬᠤ ᠠᠷᠠᠯᠵᠢᠶ᠎ᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ︔ ᠤᠷᠤᠭᠤᠯᠵᠦ ᠭᠠᠷᠭᠠᠬᠤ ᠠᠷᠠᠯᠵᠢᠶ᠎ᠠ  ᠶᠢᠨ ᠪᠠᠷᠢᠮᠵᠢᠶᠠᠵᠢᠭᠰᠡᠨ ᠠᠵᠢᠯ ᠢ ᠠᠬᠢᠭᠤᠯᠤᠨ᠎ᠠ︔ ᠬᠠᠤᠯᠢ ᠴᠠᠭᠠᠵᠠ ᠬᠠᠤᠯᠢ ᠳᠦᠷᠢᠮ ᠪᠠ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠮᠡᠷᠭᠡᠵᠢᠯ ᠤᠨ ᠤᠷᠤᠭᠤᠯᠤᠯᠲᠠ᠂ ᠲᠦᠭᠦᠭᠡᠷᠦᠮᠵᠢ ᠤᠷᠤᠭᠤᠯᠬᠤ᠂ ᠤᠯᠠᠨ ᠤᠯᠤᠰ ᠤᠨ ᠬᠢᠵᠠᠭᠠᠷᠯᠠᠭᠰᠡᠨ ᠮᠡᠷᠭᠡᠵᠢᠯ ᠭᠠᠷᠭᠠᠬᠤ ᠠᠵᠢᠯ ᠳᠤ ᠬᠢᠨᠡᠯᠲᠡ ᠲᠠᠯᠪᠢᠨ᠎ᠠ᠃       ︵ᠨᠠᠢᠮᠠ︶ ᠤᠯᠤᠰ ᠤᠨ ᠠᠷᠠᠯᠵᠢᠶ᠎ᠠ ᠶᠢᠨ ᠭᠦᠭᠵᠢᠭᠦᠯᠦᠯᠲᠠ ᠳᠤ ᠦᠢᠯᠡᠴᠢᠯᠡᠬᠦ ᠲᠦᠯᠦᠪᠵᠢᠭᠦᠯᠭᠡ ᠶᠢ ᠬᠡᠷᠡᠭᠵᠢᠭᠦᠯᠬᠦ ᠶᠢᠨ ᠬᠠᠮᠳᠦ ᠬᠠᠮᠢᠶ᠎ᠠ ᠪᠦᠭᠦᠢ ᠠᠵᠢᠯ ᠢ ᠦᠷᠨᠢᠭᠦᠯᠦᠨ᠎ᠡ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠤᠯᠤᠰ ᠤᠨ ᠭᠠᠳᠠᠭᠠᠳᠦ ᠳᠤ ᠭᠠᠷᠭᠠᠬᠤ ᠳᠤ ᠦᠢᠯᠡᠴᠢᠯᠡᠬᠦ ᠪᠠ ᠭᠠᠳᠠᠭᠠᠳᠦ ᠳᠠᠭᠠᠭᠠᠯᠲᠠ ᠳᠤ ᠦᠢᠯᠡᠴᠢᠯᠡᠬᠦ ᠭᠦᠭᠵᠢᠭᠦᠯᠦᠯᠲᠠ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠲᠠᠭᠠᠨ ᠨᠠᠶᠢᠳᠡᠪᠦᠷᠢᠵᠢᠭᠤᠯᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠦ ᠳᠠᠭᠠᠭᠠᠯᠲᠠ  ᠳᠤ ᠦᠢᠯᠡᠴᠢᠯᠡᠬᠦ ᠲᠠᠪᠴᠢᠩ ᠤᠨ ᠪᠠᠶᠢᠭᠤᠯᠤᠯᠲᠠ ᠶᠢ ᠠᠬᠢᠭᠤᠯᠤᠨ᠎ᠠ᠃            ︵ᠶᠢᠰᠦ︶ ᠤᠯᠭᠤᠭᠰᠡᠨ ᠡᠷᠬᠡ ᠶᠢ ᠦᠨᠳᠦᠰᠦᠯᠡᠨ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠭᠠᠳᠠᠭᠠᠳᠦ ᠳᠤ ᠬᠤᠯᠪᠤᠭᠳᠠᠭᠰᠡᠨ ᠠᠵᠦ ᠠᠬᠤᠢ ᠠᠷᠠᠯᠵᠢᠶᠠᠨ ᠤ ᠬᠡᠷᠡᠭ ᠤᠴᠢᠷ ᠪᠤᠯᠤᠨ ᠭᠠᠵᠠᠷ ᠤᠷᠤᠨ ᠤ ᠬᠤᠭᠤᠷᠤᠨᠳᠤᠬᠢ ᠠᠵᠦ ᠠᠬᠤᠢ ᠠᠷᠠᠯᠵᠢᠶᠠᠨ ᠤ ᠬᠠᠷᠢᠴᠠᠭᠠᠨ ᠳᠠᠬᠢ ᠴᠢᠬᠤᠯᠨ ᠶᠠᠪᠤᠳᠠᠯ ᠤᠴᠢᠷ ᠢ ᠰᠢᠢᠳᠪᠦᠷᠢᠯᠡᠨ᠎ᠡ᠃       ︵ᠠᠷᠪᠠ︶ ᠮᠡᠨ ᠤ ᠤᠯᠤᠰ ᠤᠨ ᠳᠡᠯᠡᠭᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠲᠠ ᠳᠤ ᠤᠷᠤᠭᠰᠡᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠲᠦᠪ ᠭᠤᠤᠯᠴᠢ ᠠᠷᠠᠯᠵᠢᠶᠠᠨ ᠤ ᠬᠠᠮᠢᠶ᠎ᠠ ᠪᠦᠭᠦᠢ ᠠᠵᠢᠯ ᠢ ᠵᠤᠬᠢᠶᠠᠨ ᠪᠠᠶᠢᠭᠤᠯᠵᠦ ᠵᠤᠬᠢᠴᠠᠭᠤᠯᠤᠨ ᠵᠢᠯᠦᠭᠤᠳᠤᠨ᠎ᠠ︔ ᠠᠵᠦ ᠦᠢᠯᠡᠰ ᠤᠨ ᠬᠤᠬᠢᠷᠠᠯ  ᠤᠨ ᠪᠠᠶᠢᠴᠠᠭᠠᠨ ᠰᠤᠳᠤᠯᠤᠯᠲᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠠᠵᠦ ᠦᠢᠯᠡᠰ ᠤᠨ ᠬᠤᠬᠢᠷᠠᠯ ᠪᠠ ᠲᠦᠪ ᠭᠤᠤᠯᠴᠢ ᠠᠷᠠᠯᠵᠢᠶᠠᠨ ᠤ ᠰᠡᠷᠡᠮᠵᠢ ᠶᠢᠨ ᠲᠤᠭᠲᠠᠴᠠ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠬᠤᠩᠱᠠᠨ ᠲᠤᠭᠤᠷᠢᠭ ᠲᠤ ᠬᠤᠯᠪᠤᠭᠳᠠᠬᠤ ᠠᠵᠦ ᠠᠬᠤᠢ ᠠᠷᠠᠯᠵᠢᠶᠠᠨ ᠤ ᠬᠡᠯᠡᠯᠴᠠᠭᠡᠷ ᠵᠡᠷᠭᠡ ᠠᠵᠢᠯ ᠢ ᠬᠠᠪᠰᠤᠷᠤᠨ ᠪᠠᠶᠠᠯᠡᠭᠦᠯᠦᠨ᠎ᠡ᠃                ︵ᠠᠷᠪᠠᠨ ᠨᠢᠭᠡ︶ ᠬᠤᠩᠱᠠᠨ ᠲᠤᠭᠤᠷᠢᠭ ᠤᠨ ᠭᠠᠳᠠᠭᠠᠳᠦ ᠠᠵᠦ ᠠᠬᠤᠢ ᠶᠢᠨ ᠬᠠᠮᠳᠤᠷᠠᠯᠴᠠᠭᠠᠨ ᠤ ᠠᠵᠢᠯ ᠢ ᠬᠠᠷᠢᠭᠤᠴᠠᠵᠦ᠂ ᠤᠯᠤᠰ ᠤᠨ ᠭᠠᠳᠠᠭᠠᠳᠦ ᠠᠵᠦ ᠠᠬᠤᠢ ᠶᠢᠨ ᠬᠠᠮᠳᠤᠷᠠᠯᠴᠠᠭᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠳᠦᠷᠢᠮ ᠪᠠ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠭᠠᠳᠠᠭᠠᠳᠦ  ᠳᠤ ᠳᠠᠭᠠᠭᠠᠴᠢᠯᠠᠭᠤᠯᠤᠭᠰᠡᠨ ᠢᠨᠵᠧᠨᠧᠷᠢᠩ᠂ ᠭᠠᠳᠠᠭᠠᠳᠦ ᠳᠤ ᠲᠤᠮᠢᠯᠠᠭᠰᠡᠨ ᠭᠦᠳᠡᠯᠮᠦᠷᠢ ᠭᠦᠴᠦᠨ᠂ ᠬᠢᠯᠢ ᠶᠢᠨ ᠭᠠᠳᠠᠨᠠᠬᠢ ᠠᠵᠢᠯ ᠤᠯᠭᠤᠯᠲᠠ᠂ ᠭᠠᠳᠠᠭᠠᠳᠦ ᠳᠤ ᠪᠡᠯᠨ ᠤᠷᠤᠭᠤᠯᠤᠨ ᠡᠷᠬᠢᠯᠡᠭᠰᠡᠨ ᠠᠵᠦ ᠠᠬᠤᠶᠢᠯᠡᠯ ︵ᠮᠦᠩᠭᠦᠨ ᠭᠦᠢᠯᠭᠡᠭᠡᠨ ᠤ ᠠᠵᠦ ᠠᠬᠤᠶᠢᠯᠡᠯ ᠠᠴᠠ ᠭᠠᠳᠠᠨ᠎ᠠ︶ ᠢ ᠬᠠᠮᠢᠶᠠᠷᠤᠨ᠎ᠠ︔ ᠬᠤᠩᠱᠠᠨ ᠲᠤᠭᠤᠷᠢᠭ ᠤᠨ ᠭᠠᠳᠠᠭᠠᠳᠦ ᠲᠤᠰᠠᠯᠠᠮᠵᠢ ᠶᠢᠨ ᠠᠵᠢᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠠᠷ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠠᠴᠠ ᠮᠡᠨ ᠤ ᠲᠤᠭᠤᠷᠢᠭ ᠤᠨ ᠠᠵᠦ ᠠᠬᠤᠢ ᠮᠡᠷᠭᠡᠵᠢᠯ ᠤᠨ ᠬᠠᠮᠳᠤᠷᠠᠯᠴᠠᠭᠠᠨ ᠳᠠᠬᠢ ᠬᠠᠮᠢᠶ᠎ᠠ ᠪᠦᠭᠦᠢ ᠬᠠᠮᠢᠶᠠᠷᠤᠯᠲᠠ ᠶᠢᠨ ᠬᠡᠷᠡᠭ ᠤᠴᠢᠷ ᠢ ᠡᠭᠦᠷᠭᠡᠯᠡᠨ᠎ᠡ᠃                ︵ᠠᠷᠪᠠᠨ ᠬᠤᠶᠠᠷ︶ ᠤᠯᠤᠰ ᠤᠨ ᠭᠠᠳᠠᠭᠠᠳᠦ ᠠᠷᠠᠯᠵᠢᠶᠠᠴᠢᠨ ᠤ ᠪᠡᠯᠨ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠬᠤᠩᠱᠠᠨ ᠲᠤᠭᠤᠷᠢᠭ ᠤᠨ ᠭᠠᠳᠠᠭᠠᠳᠦ ᠠᠷᠠᠯᠵᠢᠶᠠᠴᠢᠨ ᠤ ᠪᠡᠯᠨ ᠤᠷᠤᠭᠤᠯᠤᠯᠲᠠ ᠶᠢ ᠰᠢᠩᠭᠡᠭᠡᠬᠦ ᠠᠵᠢᠯ ᠢ ᠵᠢᠭᠠᠨ ᠵᠢᠯᠦᠭᠤᠳᠬᠤ ᠪᠠ ᠬᠠᠮᠢᠶᠠᠷᠤᠨ᠎ᠠ︔ ᠭᠠᠳᠠᠭᠠᠳᠦ ᠪᠡᠯᠨ ᠶᠢ ᠠᠰᠢᠭᠯᠠᠬᠤ ᠭᠦᠭᠵᠢᠯᠲᠠ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠭᠦᠯᠭᠡ ᠶᠢ ᠲᠤᠭᠲᠠᠭᠠᠬᠤ ᠳᠤ ᠤᠷᠤᠯᠴᠠᠵᠦ᠂ ᠬᠠᠤᠯᠢ ᠴᠠᠭᠠᠵᠠ ᠬᠠᠤᠯᠢ ᠳᠦᠷᠢᠮ ᠪᠠ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠭᠠᠳᠠᠭᠠᠳᠦ ᠬᠤᠳᠠᠯᠳᠤᠭᠠᠴᠢᠨ ᠤ ᠪᠡᠯᠨ ᠤᠷᠤᠭᠤᠯᠤᠭᠰᠡᠨ ᠠᠵᠦ ᠠᠬᠤᠶᠢᠯᠡᠯ ᠤᠨ ᠪᠠᠶᠢᠭᠤᠯᠤᠭᠳᠠᠬᠤ᠂ ᠬᠤᠪᠢᠷᠠᠭᠤᠯᠬᠤ ᠵᠡᠷᠭᠡ ᠬᠡᠷᠡᠭ ᠤᠴᠢᠷ ᠤᠨ ᠬᠢᠨᠡᠨ ᠵᠦᠪᠰᠢᠶᠡᠷᠡᠬᠦ ᠪᠠ ᠭᠤᠶᠤᠴᠢᠯᠡᠨ ᠮᠡᠳᠡᠭᠦᠯᠬᠦ ᠠᠵᠢᠯ ᠢ ᠬᠠᠮᠢᠶᠠᠷᠤᠨ᠎ᠠ᠃       ︵ᠠᠷᠪᠠᠨ ᠭᠤᠷᠪᠠ︶ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠵᠤᠭᠠᠴᠠᠯ  ᠤᠨ ᠦᠢᠯᠡᠰ ᠤᠨ ᠭᠦᠭᠵᠢᠯᠲᠠ ᠶᠢᠨ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠬᠤᠩᠱᠠᠨ ᠲᠤᠭᠤᠷᠢᠭ ᠤᠨ ᠵᠤᠭᠠᠴᠠᠯ ᠤᠨ ᠦᠢᠯᠡᠰ ᠤᠨ ᠭᠦᠭᠵᠢᠯᠲᠠ ᠶᠢᠨ ᠲᠦᠯᠦᠪᠵᠢᠭᠦᠯᠭᠡ ᠪᠠ ᠵᠤᠭᠠᠴᠠᠯ ᠤᠨ ᠦᠢᠯᠡᠰ ᠤᠨ ᠬᠠᠮᠢᠶᠠᠷᠤᠯᠲᠠ ᠶᠢᠨ ᠪᠤᠲᠠᠲᠠᠢ ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ ᠢ ᠰᠤᠳᠤᠯᠤᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠡ᠃          ︵ᠠᠷᠪᠠᠨ ᠳᠦᠷᠪᠡ︶ ᠬᠤᠩᠱᠠᠨ ᠲᠤᠭᠤᠷᠢᠭ ᠤᠨ ᠵᠤᠭᠠᠴᠠᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠲᠡᠭᠦᠯᠳᠡᠷᠵᠢᠭᠦᠯᠵᠦ᠂ ᠬᠤᠩᠱᠠᠨ ᠲᠤᠭᠤᠷᠢᠭ ᠤᠨ ᠵᠤᠭᠠᠴᠠᠯ ᠤᠨ ᠦᠢᠯᠡᠰ ᠢ ᠭᠦᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠬᠤ ᠶᠢᠨ ᠬᠠᠮᠳᠦ ᠵᠢᠭᠠᠨ ᠵᠢᠯᠦᠭᠤᠳᠤᠨ ᠬᠡᠷᠡᠭᠵᠢᠭᠦᠯᠦᠨ᠎ᠡ︔ ᠵᠤᠭᠠᠴᠠᠯ ᠤᠨ ᠪᠦᠭᠦᠯᠢ ᠴᠤᠭᠴᠠ  ᠶᠢᠨ ᠳᠦᠷᠢ ᠳᠦᠷᠭᠦ ᠶᠢ ᠭᠠᠳᠠᠭᠰᠢ ᠤᠬᠠᠭᠤᠯᠬᠤ ᠪᠠ ᠴᠢᠬᠤᠯᠨ ᠶᠡᠭᠡ ᠪᠤᠷᠤᠯᠠᠭᠤᠯᠤᠯᠲᠠ ᠶᠢ ᠠᠬᠢᠭᠤᠯᠬᠤ ᠠᠵᠢᠯᠯᠠᠭᠠᠨ ᠢ ᠵᠤᠬᠢᠶᠠᠨ ᠪᠠᠶᠢᠭᠤᠯᠵᠦ᠂ ᠵᠤᠭᠠᠴᠠᠯ ᠤᠨ ᠡᠬᠢ ᠪᠠᠶᠠᠯᠢᠭ ᠪᠠ ᠴᠢᠬᠤᠯᠨ ᠵᠤᠭᠠᠴᠠᠯ ᠤᠨ ᠪᠦᠳᠦᠭᠡᠭᠳᠡᠭᠦᠨ  ᠤ ᠨᠡᠭᠡᠭᠡᠨ ᠭᠦᠭᠵᠢᠭᠦᠯᠦᠯᠲᠠ ᠶᠢ ᠵᠤᠬᠢᠶᠠᠨ ᠪᠠᠶᠢᠭᠤᠯᠤᠨ ᠵᠢᠭᠠᠨ ᠵᠢᠯᠦᠭᠤᠳᠤᠨ᠎ᠠ᠃       ︵ᠠᠷᠪᠠᠨ ᠲᠠᠪᠤ︶ ᠵᠤᠭᠠᠴᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠲᠦᠯᠦᠪᠵᠢᠭᠦᠯᠬᠦ᠂ ᠨᠡᠭᠡᠭᠡᠨ ᠭᠦᠭᠵᠢᠭᠦᠯᠬᠦ ᠪᠠ ᠬᠠᠮᠢᠶ᠎ᠠ ᠪᠦᠭᠦᠢ ᠬᠠᠮᠠᠭᠠᠯᠠᠯᠲᠠ ᠶᠢᠨ ᠠᠵᠢᠯ ᠢ ᠵᠤᠬᠢᠶᠠᠨ ᠪᠠᠶᠢᠭᠤᠯᠤᠨ᠂ ᠠᠮᠠᠷᠠᠯᠲᠠ ᠶᠢᠨ ᠡᠳᠦᠷ  ᠤᠨ ᠵᠤᠭᠠᠴᠠᠯ ᠤᠨ ᠠᠵᠢᠯ ᠢ ᠵᠤᠬᠢᠴᠠᠭᠤᠯᠤᠨ ᠵᠢᠯᠦᠭᠤᠳᠴᠤ᠂ ᠵᠤᠭᠠᠴᠠᠯ ᠤᠨ ᠲᠤᠭ᠎ᠠ ᠪᠦᠷᠢᠳᠬᠡᠯ ᠵᠢᠴᠢ ᠵᠤᠭᠠᠴᠠᠯ  ᠤᠨ ᠠᠵᠢᠯ ᠲᠦᠷᠦᠯ ᠤᠨ ᠡᠳ᠋ ᠤᠨ ᠶᠠᠪᠤᠳᠠᠯ ᠢ ᠵᠢᠭᠠᠨ ᠵᠢᠯᠦᠭᠤᠳᠬᠤ ᠶᠢ ᠬᠠᠷᠢᠭᠤᠴᠠᠨ᠎ᠠ᠃                    ︵ᠠᠷᠪᠠᠨ ᠵᠢᠷᠭᠤᠭ᠎ᠠ︶ ᠤᠯᠤᠰ ᠠᠴᠠ ᠲᠤᠭᠲᠠᠭᠠᠭᠰᠡᠨ ᠡᠯ᠎ᠡ ᠲᠦᠷᠦᠯ ᠤᠨ ᠵᠤᠭᠠᠴᠠᠯ ᠤᠨ ᠦᠵᠡᠮᠵᠢ ᠶᠢᠨ ᠤᠷᠤᠨ᠂ ᠵᠢᠭᠤᠯᠴᠢᠯᠡᠯ ᠤᠨ ᠬᠤᠷᠢᠶ᠎ᠠ᠂ ᠵᠢᠭᠤᠯᠴᠢᠯᠡᠯ ᠤᠨ ᠬᠤᠭᠤᠯᠠᠨ ᠭᠡᠷ᠂ ᠵᠢᠭᠤᠯᠴᠢᠯᠡᠯ ᠤᠨ ᠲᠡᠷᠭᠡ ᠤᠨᠤᠭ᠎ᠠ ᠪᠠ ᠤᠨᠴᠠ ᠲᠦᠷᠦᠯ ᠤᠨ ᠵᠤᠭᠠᠴᠠᠯ ᠤᠨ ᠲᠦᠭᠦᠭᠡᠷᠦᠮᠵᠢ ᠶᠢᠨ ᠪᠠᠷᠢᠮᠵᠢᠶ᠎ᠠ ᠪᠠ ᠦᠢᠯᠡᠴᠢᠯᠡᠭᠡᠨ ᠤ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠠᠷᠪᠠᠨ ᠳᠤᠯᠤᠭ᠎ᠠ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠬᠠᠮᠢᠶ᠎ᠠ ᠪᠦᠭᠦᠢ ᠵᠤᠭᠠᠴᠠᠯ ᠤᠨ ᠵᠦᠪᠳᠡᠯᠴᠡᠭᠡᠷ ᠲᠤ ᠭᠠᠷ ᠤᠨ ᠦᠰᠦᠭ ᠵᠢᠷᠦᠵᠦ᠂ ᠵᠤᠭᠠᠴᠠᠯ ᠤᠨ ᠭᠠᠳᠠᠭᠠᠳᠦ ᠰᠤᠯᠢᠯᠴᠠᠭ᠎ᠠ ᠪᠠ ᠬᠠᠮᠳᠤᠷᠠᠯᠴᠠᠭ᠎ᠠ ᠶᠢ ᠵᠢᠭᠠᠨ ᠵᠢᠯᠦᠭᠤᠳᠤᠨ᠎ᠠ᠃                    ︵ᠠᠷᠪᠠᠨ ᠨᠠᠢᠮᠠ︶ ᠪᠦᠬᠦ ᠲᠤᠭᠤᠷᠢᠭ ᠤᠨ ᠵᠤᠭᠠᠴᠠᠯ ᠤᠨ ᠵᠠᠬ᠎ᠠ ᠶᠢᠨ ᠡᠮᠬᠢ ᠲᠢᠭᠯᠢᠮ ᠢ ᠳᠦᠷᠢᠮᠵᠢᠭᠦᠯᠬᠦ ᠶᠢ ᠡᠭᠦᠷᠭᠡᠯᠡᠵᠦ᠂ ᠦᠢᠯᠡᠴᠢᠯᠡᠭᠡᠨ ᠤ ᠶᠠᠰᠦ ᠴᠢᠨᠡᠷ ᠲᠤ ᠬᠢᠨᠡᠯᠲᠡ ᠲᠠᠯᠪᠢᠨ ᠬᠠᠮᠢᠶᠠᠷᠴᠤ᠂ ᠬᠡᠷᠡᠭᠯᠡᠭᠴᠢᠳ ᠪᠠ ᠡᠵᠡᠩᠨᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠶᠢ ᠬᠠᠷᠢᠭᠤᠴᠠᠨ᠎ᠠ︔ ᠵᠤᠭᠠᠴᠠᠯ ᠤᠨ ᠠᠵᠢᠯ ᠦᠢᠯᠡᠰ ᠤᠨ ᠤᠶᠤᠨ ᠤ ᠪᠤᠯᠪᠠᠰᠤᠨ ᠤ ᠪᠠᠶᠢᠭᠤᠯᠤᠯᠲᠠ ᠪᠠ ᠦᠨᠡᠨᠴᠢ ᠢᠲᠡᠭᠡᠮᠵᠢᠲᠦ ᠰᠢᠰᠲ᠋ᠧᠮ ᠤᠨ ᠪᠠᠶᠢᠭᠤᠯᠤᠯᠲᠠ  ᠶᠢ ᠵᠢᠭᠠᠨ ᠵᠢᠯᠦᠭᠤᠳᠤᠨ᠎ᠠ︔ ᠵᠤᠭᠠᠴᠠᠯ ᠤᠨ ᠠᠮᠤᠷ ᠲᠦᠪᠰᠢᠨ ᠢ ᠶᠡᠷᠦᠩᠭᠡᠶᠢᠯᠡᠨ ᠵᠤᠬᠢᠴᠠᠭᠤᠯᠬᠤ ᠪᠠ ᠬᠢᠨᠡᠯᠲᠡ ᠲᠠᠯᠪᠢᠨ ᠬᠠᠮᠢᠶᠠᠷᠬᠤ ᠶᠢ ᠬᠠᠷᠢᠭᠤᠴᠠᠵᠦ᠂ ᠵᠤᠭᠠᠴᠠᠭᠰᠡᠳ ᠤᠨ ᠭᠤᠮᠤᠳᠠᠯ ᠵᠠᠷᠭᠤ ᠶᠢ ᠭᠦᠯᠢᠶᠡᠨ ᠠᠪᠴᠤ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠵᠤᠭᠠᠴᠠᠯ ᠤᠨ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠠᠵᠢᠯ ᠢ ᠰᠠᠶᠢᠳᠦᠷ ᠬᠢᠨ᠎ᠡ᠃       ︵ᠠᠷᠪᠠ ᠶᠢᠰᠦ︶ ᠵᠤᠭᠠᠴᠠᠯ ᠤᠨ ᠴᠢᠳᠠᠪᠦᠷᠢᠲᠡᠨ ᠢ ᠭᠦᠮᠦᠵᠢᠭᠦᠯᠵᠦ ᠪᠤᠯᠪᠠᠰᠤᠷᠠᠭᠤᠯᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃              ︵ᠬᠤᠷᠢ︶ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠬᠠᠮᠢᠶ᠎ᠠ ᠪᠦᠭᠦᠢ ᠠᠮᠤ ᠪᠤᠳᠠᠭᠠᠨ ᠤ ᠭᠦᠢᠯᠭᠡᠭᠡᠨ᠂ ᠬᠠᠳᠠᠭᠠᠯᠠᠮᠵᠢ ᠶᠢᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠠᠮᠤ ᠪᠤᠳᠠᠭᠠᠨ ᠤ ᠬᠤᠷᠸ᠎ᠠ ᠲᠤᠬᠢᠷᠠᠭᠤᠯᠭ᠎ᠠ ᠡᠵᠡᠮᠰᠢᠯ᠂ ᠶᠡᠷᠦᠩᠭᠡᠢ ᠭᠠᠷᠤᠯᠲᠠ ᠶᠢᠨ ᠲᠡᠩᠴᠠᠭᠦᠷᠢ ᠪᠠ ᠠᠮᠤ ᠪᠤᠳᠠᠭᠠᠨ ᠤ ᠭᠦᠢᠯᠭᠡᠭᠡᠨ ᠤ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠬᠤᠷᠢᠨ ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠠᠮᠤ ᠪᠤᠳᠠᠭᠠᠨ ᠤ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠵᠤᠷᠢᠭ ᠰᠠᠨᠠᠭ᠎ᠠ ᠶᠢ ᠦᠨᠳᠦᠰᠦᠯᠡᠵᠦ᠂ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ ᠤ ᠪᠠᠨᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ ᠢ ᠲᠦᠯᠦᠪᠯᠡᠨ ᠵᠤᠬᠢᠶᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭᠠᠨ ᠤ ᠭᠦᠢᠯᠭᠡᠭᠡᠨ ᠤ ᠠᠵᠦ ᠦᠢᠯᠡᠰ ᠤᠨ ᠭᠦᠭᠵᠢᠯᠲᠠ ᠶᠢᠨ ᠲᠦᠯᠦᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠤᠨ᠎ᠡ᠃      ︵ᠬᠤᠷᠢᠨ ᠬᠤᠶᠠᠷ︶ ᠪᠦᠬᠦ ᠲᠤᠭᠤᠷᠢᠭ ᠤᠨ ᠠᠮᠤ ᠪᠤᠳᠠᠭᠠᠨ ᠤ ᠬᠢᠨᠡᠨ ᠬᠡᠮᠵᠢᠬᠦ ᠰᠡᠷᠡᠮᠵᠢ ᠪᠠ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ  ᠤ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠪᠤᠲᠠᠲᠠᠢ ᠠᠵᠢᠯ ᠢ ᠬᠠᠷᠢᠭᠤᠴᠠᠨ᠎ᠠ︔ ᠲᠦᠷᠦ ᠶᠢᠨ ᠪᠤᠳᠤᠯᠭ᠎ᠠ ᠶᠢᠨ ᠴᠢᠨᠡᠷᠲᠡᠢ ᠠᠮᠤ ᠪᠤᠳᠠᠭ᠎ᠠ ᠪᠠ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ ᠪᠠ ᠬᠠᠮᠢᠶᠠᠷᠤᠯᠲᠠ ᠶᠢ ᠬᠠᠷᠢᠭᠤᠴᠠᠨ᠎ᠠ᠃       ︵ᠬᠤᠷᠢᠨ ᠭᠤᠷᠪᠠ︶ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ ᠳᠤ ᠬᠢᠨᠡᠯᠲᠡ ᠲᠠᠯᠪᠢᠨ ᠪᠠᠶᠢᠴᠠᠭᠠᠵᠦ᠂ ᠠᠮᠤ ᠪᠤᠳᠠᠭᠠᠨ ᠤ ᠭᠦᠢᠯᠭᠡᠭᠡᠨ ᠳᠤ ᠬᠢᠨᠡᠯᠲᠡ ᠲᠠᠯᠪᠢᠨ ᠪᠠᠶᠢᠴᠠᠭᠠᠬᠤ ᠳᠦᠷᠢᠮ ᠢ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠭᠤᠭᠴᠤᠭᠠᠨ ᠳᠠᠬᠢ ᠠᠮᠤ ᠪᠤᠳᠠᠭᠠᠨ ᠤ ᠶᠠᠰᠦ ᠴᠢᠨᠡᠷ ᠤᠨ ᠠᠮᠤᠷ ᠲᠦᠪᠰᠢᠨ ᠪᠠ ᠲᠦᠭᠦᠭᠡᠢ ᠠᠮᠤ ᠶᠢᠨ ᠡᠷᠡᠭᠦᠯ ᠬᠠᠮᠠᠭᠠᠯᠠᠯ ᠳᠤ ᠬᠢᠨᠡᠯᠲᠡ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃       ︵ᠬᠤᠷᠢᠨ ᠳᠦᠷᠪᠡ︶ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠠᠮᠤ ᠪᠤᠳᠠᠭᠠᠨ ᠤ ᠶᠠᠰᠦ ᠴᠢᠨᠡᠷ ᠤᠨ ᠪᠠᠷᠢᠮᠵᠢᠶ᠎ᠠ ᠶᠢ ᠬᠡᠷᠡᠭᠵᠢᠭᠦᠯᠬᠦ᠂ ᠠᠮᠤ ᠪᠤᠳᠠᠭᠠᠨ ᠤ ᠶᠠᠰᠦ ᠴᠢᠨᠡᠷ ᠢ ᠰᠢᠯᠭᠠᠨ ᠪᠠᠶᠢᠴᠠᠭᠠᠬᠤ ᠪᠠ ᠠᠮᠤ ᠪᠤᠳᠠᠭᠠᠨ ᠤ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠰᠠᠶᠢᠳᠦᠷ ᠬᠢᠨ᠎ᠡ᠃      ︵ᠬᠤᠷᠢᠨ ᠲᠠᠪᠤ︶ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ ᠤ ᠠᠵᠢᠯ ᠲᠦᠷᠦᠯ ᠤᠨ ᠬᠠᠮᠢᠶᠠᠷᠤᠯᠲᠠ ᠪᠠ ᠠᠮᠤ ᠪᠤᠳᠠᠭᠠᠨ ᠤ ᠵᠠᠬ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠦ᠂ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ ᠤ ᠰᠢᠨᠵᠢᠯᠡᠭᠡ ᠮᠡᠷᠭᠡᠵᠢᠯ ᠤᠨ ᠳᠠᠪᠰᠢᠯᠲᠠ ᠪᠠ ᠰᠢᠨ᠎ᠡ ᠮᠡᠷᠭᠡᠵᠢᠯ ᠢ ᠳᠡᠯᠭᠡᠷᠡᠭᠦᠯᠬᠦ ᠶᠢ ᠠᠬᠢᠭᠤᠯᠤᠨ᠎ᠠ︔ ᠠᠵᠦ ᠠᠬᠤᠶᠢᠯᠡᠯ ᠢ ᠵᠢᠯᠦᠭᠤᠳᠤᠨ ᠰᠢᠯᠢᠳᠡᠭ ᠠᠮᠤ ᠲᠤᠰᠤᠨ ᠤ ᠦᠢᠯᠡᠳᠪᠦᠷᠢᠯᠡᠯ  ᠤᠨ ᠰᠠᠭᠤᠷᠢᠨ ᠭᠠᠵᠠᠷ ᠪᠠᠶᠢᠭᠤᠯᠵᠦ᠂ ᠭᠦᠳᠡᠭᠡ ᠲᠤᠰᠬᠤᠨ ᠤ ᠲᠡᠷᠢᠮᠡᠯ ᠤᠨ ᠪᠦᠳᠦᠴᠡ ᠶᠢᠨ ᠲᠤᠬᠢᠷᠠᠭᠤᠯᠤᠯᠲᠠ ᠶᠢ ᠠᠬᠢᠭᠤᠯᠤᠨ᠎ᠠ︔ ᠪᠦᠬᠦ ᠲᠤᠭᠤᠷᠢᠭ ᠤᠨ ᠠᠮᠤ ᠪᠤᠳᠠᠭᠠᠨ ᠤ ᠠᠵᠦ ᠦᠢᠯᠡᠰᠵᠢᠭᠰᠡᠨ ᠠᠵᠢᠯ ᠢ ᠬᠠᠷᠢᠭᠤᠴᠠᠵᠦ᠂ ᠠᠮᠤ ᠪᠤᠳᠠᠭᠠᠨ ᠤ ᠠᠵᠦ ᠦᠢᠯᠡᠰᠵᠢᠭᠦᠯᠦᠭᠰᠡᠨ ᠠᠬᠢᠴᠠ ᠶᠢ ᠠᠬᠢᠭᠤᠯᠤᠨ᠎ᠠ᠃       ︵ᠬᠤᠷᠢᠨ ᠵᠢᠷᠭᠤᠭ᠎ᠠ︶ ᠪᠦᠬᠦ ᠲᠤᠭᠤᠷᠢᠭ ᠤᠨ ᠭᠠᠵᠠᠷ ᠤᠷᠤᠨ ᠤ ᠭᠦᠮᠦᠷᠭᠡᠯᠡᠭᠰᠡᠨ ᠠᠮᠤ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠭᠤᠷᠢᠭ ᠤᠨ ᠲᠤᠰ ᠱᠠᠳᠤᠨ ᠤ ᠭᠦᠮᠦᠷᠭᠡᠯᠡᠭᠰᠡᠨ ᠠᠮᠤ ᠲᠤᠰᠤ ᠶᠢ ᠲᠤᠬᠢᠷᠠᠭᠤᠯᠤᠨ ᠰᠢᠯᠵᠢᠭᠦᠯᠵᠦ ᠡᠷᠬᠢᠯᠳᠦᠭᠦᠯᠦᠨ ᠰᠤᠯᠢᠬᠤ ᠪᠠ ᠭᠦᠮᠦᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ︔ ᠬᠠᠮᠢᠶ᠎ᠠ ᠪᠦᠭᠦᠢ ᠰᠠᠯᠠᠭ᠎ᠠ ᠮᠦᠴᠢᠷ  ᠲᠠᠢ ᠬᠠᠮᠵᠢᠯᠴᠠᠨ ᠭᠠᠵᠠᠷ ᠤᠷᠤᠨ ᠤ ᠭᠦᠮᠦᠷᠭᠡᠯᠡᠭᠰᠡᠨ ᠠᠮᠤ ᠲᠤᠰᠤ ᠪᠠ ᠲᠤᠭᠤᠷᠢᠭ ᠤᠨ ᠲᠤᠰ ᠱᠠᠳᠤᠨ ᠤ ᠭᠦᠮᠦᠷᠭᠡᠯᠡᠭᠰᠡᠨ ᠠᠮᠤ ᠲᠤᠰᠤᠨ ᠤ ᠬᠡᠪᠴᠢᠶ᠎ᠡ᠂ ᠶᠡᠷᠦᠩᠭᠡᠢ ᠪᠠᠶᠢᠷᠢᠯᠠᠭᠤᠯᠤᠯᠲᠠ ᠶᠢ ᠰᠤᠳᠤᠯᠤᠨ ᠳᠤᠷᠠᠳᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠤᠯᠤᠰ ᠤᠨ ᠵᠢᠴᠢ ᠤᠯᠤᠰ ᠤᠨ ᠬᠤᠪᠢ ᠡᠵᠡᠮᠳᠡᠭᠰᠡᠨ ᠠᠮᠤ ᠪᠤᠳᠠᠭᠠᠨ ᠤ ᠭᠦᠮᠦᠷᠭᠡ ᠶᠢᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠦᠭᠤᠳᠤᠨ᠎ᠠ᠃       ︵ᠬᠤᠷᠢᠨ ᠳᠤᠯᠤᠭ᠎ᠠ︶ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ ᠤ ᠰᠠᠭᠤᠷᠢ ᠲᠦᠭᠦᠭᠡᠷᠦᠮᠵᠢ  ᠶᠢᠨ ᠪᠦᠳᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ᠂ ᠪᠠᠶᠢᠷᠢᠰᠢᠭᠤᠯᠤᠯᠲᠠ ᠶᠢ ᠬᠠᠷᠢᠭᠤᠴᠠᠵᠦ᠂ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠦᠭᠤᠯᠤᠯᠲᠠ ᠳᠤ ᠪᠡᠯᠨ ᠤᠷᠤᠭᠤᠯᠬᠤ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃          ︵ᠬᠤᠷᠢᠨ ᠨᠠᠢᠮᠨ︶ ᠪᠦᠬᠦ ᠲᠤᠭᠤᠷᠢᠭ ᠤᠨ ᠠᠮᠤ ᠪᠤᠳᠠᠭᠠᠨ ᠤ ᠠᠵᠢᠯ ᠲᠦᠷᠦᠯ ᠤᠨ ᠡᠳ᠋ ᠤᠨ ᠶᠠᠪᠤᠳᠠᠯ ᠤᠨ ᠠᠵᠢᠯ ᠢ ᠵᠢᠭᠠᠨ ᠵᠢᠯᠦᠭᠤᠳᠴᠤ᠂ ᠲᠦᠷᠦ ᠶᠢᠨ ᠪᠤᠳᠤᠯᠭ᠎ᠠ ᠶᠢᠨ ᠴᠢᠨᠡᠷᠲᠡᠢ ᠪᠡᠯᠨ ᠮᠦᠩᠭᠦᠨ ᠤ ᠨᠦᠭᠦᠪᠦᠷᠢ ᠶᠢᠨ ᠤᠷᠤᠨ ᠪᠠᠶᠢᠷᠢ ᠳᠠᠭᠠᠨ ᠭᠦᠷᠦᠭᠰᠡᠨ ᠪᠠ ᠬᠡᠷᠡᠭᠯᠡᠭᠰᠡᠨ ᠪᠠᠶᠢᠳᠠᠯ ᠳᠤ ᠬᠢᠨᠡᠯᠲᠡ ᠲᠠᠯᠪᠢᠨ ᠪᠠᠶᠢᠴᠠᠭᠠᠨ᠎ᠠ︔ ᠬᠠᠷᠢᠶᠠᠯᠠᠭᠳᠠᠬᠤ ᠠᠵᠦ ᠠᠬᠤᠶᠢᠯᠡᠯ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠭᠦᠷᠦᠩᠭᠡ ᠶᠢ ᠬᠢᠨᠡᠨ ᠬᠠᠮᠢᠶᠠᠷᠬᠤ ᠠᠵᠢᠯ ᠢ ᠬᠠᠷᠢᠭᠤᠴᠠᠨ᠎ᠠ︔ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃       ︵ᠬᠤᠷᠢ ᠶᠢᠰᠦ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠵᠤᠭᠠᠴᠠᠯ ᠤᠨ ᠲᠤᠪᠴᠢᠶ᠎ᠠ᠂ ᠠᠮᠤ ᠪᠤᠳᠠᠭᠠᠨ ᠤ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠤᠴᠢᠷ ᠢ ᠡᠭᠦᠷᠭᠡᠯᠡᠨ ᠭᠦᠢᠴᠡᠳᠬᠡᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号