| ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠨᠡᠮ ᠪᠠ ᠲᠦᠷᠤ ᠶᠢᠨ ᠬᠠᠮᠢᠶ᠎ᠠ ᠪᠦᠭᠦᠢ ᠠᠵᠦ ᠦᠢᠯᠡᠳᠪᠦᠷᠢ᠂ ᠰᠤᠷᠠᠭ ᠵᠠᠩᠬᠢᠵᠢᠯᠲᠠ ᠶᠢᠨ | ᠭᠦᠭᠵᠢᠯᠲᠠ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ | ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠠᠵᠦ ᠦᠢᠯᠡᠳᠪᠦᠷᠢ ᠰᠤᠷᠠᠭ ᠵᠠᠩᠬᠢᠵᠢᠯᠲᠠ ᠶᠢᠨ ᠭᠦᠭᠵᠢᠯᠲᠠ ᠶᠢᠨ | ᠲᠦᠯᠦᠪᠵᠢᠭᠦᠯᠭᠡ ᠶᠢ ᠰᠤᠳᠤᠯᠤᠨ ᠲᠤᠭᠲᠠᠭᠠᠨ᠎ᠠ︔ ᠪᠦᠬᠦ ᠲᠤᠭᠤᠷᠢᠭ ᠤᠨ ᠰᠢᠨ᠎ᠡ ᠬᠡᠯᠪᠡᠷᠢ ᠶᠢᠨ ᠠᠵᠦ | ᠦᠢᠯᠡᠳᠪᠦᠷᠢᠵᠢᠭᠰᠡᠨ ᠠᠬᠢᠴᠠ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠦ᠂ ᠠᠵᠦ | ᠦᠢᠯᠡᠰ ᠤᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ | ᠳᠠᠪᠰᠢᠬᠤ ᠶᠢ ᠠᠬᠢᠭᠤᠯᠤᠨ᠎ᠠ︔ ᠠᠵᠦ ᠦᠢᠯᠡᠳᠪᠦᠷᠢᠵᠢᠭᠦᠯᠦᠯᠲᠠ ᠪᠠ ᠰᠤᠷᠠᠭ ᠵᠠᠩᠬᠢᠵᠢᠯᠲᠠ ᠶᠢᠨ ᠠᠭᠤᠰᠤᠯᠴᠠᠯ ᠢ | ᠠᠬᠢᠭᠤᠯᠤᠨ᠎ᠠ᠃ | ︵ᠬᠤᠶᠠᠷ︶ ᠪᠦᠬᠦ ᠲᠤᠭᠤᠷᠢᠭ ᠤᠨ ᠠᠵᠦ ᠦᠢᠯᠡᠳᠪᠦᠷᠢ ᠶᠢᠨ ᠠᠵᠦ ᠠᠬᠤᠢ ᠶᠢᠨ ᠡᠷᠬᠢᠯᠲᠠ ᠶᠢᠨ ᠪᠠᠶᠢᠳᠠᠯ | ᠢ ᠬᠢᠨᠡᠨ ᠬᠡᠮᠵᠢᠵᠦ ᠵᠠᠳᠠᠯᠤᠨ ᠰᠢᠨᠵᠢᠯᠡᠵᠦ᠂ ᠬᠠᠮᠢᠶ᠎ᠠ ᠪᠦᠭᠦᠢ ᠰᠤᠷᠠᠭ ᠵᠠᠩᠬᠢ ᠶᠢ ᠪᠦᠷᠢᠳᠬᠡᠬᠦ ᠪᠠ ᠨᠡᠶᠢᠳᠡᠯᠡᠵᠦ᠂ | ᠵᠢᠱᠢᠨ ᠰᠡᠷᠡᠮᠵᠢᠯᠡᠭᠦᠯᠬᠦ᠂ ᠰᠤᠷᠠᠭ ᠵᠠᠩᠬᠢ ᠨᠡᠶᠢᠳᠡᠯᠡᠬᠦ ᠪᠠ ᠰᠤᠷᠠᠭ ᠵᠠᠩᠬᠢ ᠶᠢᠨ ᠵᠢᠯᠦᠭᠤᠳᠤᠯᠭ᠎ᠠ ᠬᠢᠨ᠎ᠠ︔ ᠠᠵᠢᠯ | ᠲᠦᠷᠦᠯ ᠤᠨ ᠡᠷᠬᠢᠯᠲᠡ ᠭᠦᠭᠵᠢᠯᠲᠡ ᠳᠤᠮᠳᠠᠬᠢ ᠬᠠᠮᠢᠶ᠎ᠠ ᠪᠦᠭᠦᠢ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠬᠦ ᠶᠢᠨ | ᠬᠠᠮᠳᠦ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ︔ ᠡᠮ ᠡᠮᠨᠡᠯᠭᠡ ᠶᠢᠨ ᠬᠠᠳᠠᠭᠠᠯᠠᠮᠵᠢ ᠶᠢᠨ ᠠᠵᠢᠯ ᠢ | ᠵᠤᠬᠢᠴᠠᠭᠤᠯᠬᠤ ᠶᠢ ᠬᠠᠷᠢᠭᠤᠴᠠᠨ᠎ᠠ︔ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠪᠠᠶᠢᠭᠠᠯᠢ ᠶᠢᠨ ᠭᠠᠮᠰᠢᠭ | ᠢ ᠠᠷᠭᠠᠴᠠᠬᠤ ᠵᠡᠷᠭᠡ ᠳᠤ ᠬᠡᠷᠡᠭᠯᠡᠬᠦ ᠭᠠᠮᠰᠢᠭ ᠠᠴᠠ ᠠᠪᠤᠷᠠᠬᠤ ᠡᠳ᠋ ᠪᠤᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ | ᠲᠤᠬᠢᠷᠠᠭᠤᠯᠤᠨ ᠵᠦᠭᠡᠭᠡᠪᠦᠷᠢᠯᠡᠬᠦ ᠶᠢ ᠰᠠᠶᠢᠳᠦᠷ ᠬᠢᠨ᠎ᠠ︔ ᠠᠵᠦ ᠦᠢᠯᠡᠳᠪᠦᠷᠢ ᠠᠵᠦ ᠠᠬᠤᠶᠢᠯᠡᠯ ᠤᠨ ᠴᠢᠬᠤᠯᠨ | ᠤᠨᠴᠠ ᠶᠡᠭᠡ ᠠᠮᠤᠷ ᠲᠦᠪᠰᠢᠨ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠠᠵᠢᠯ | ᠢ ᠬᠠᠪᠰᠤᠷᠤᠨ ᠭᠦᠢᠴᠡᠳᠬᠡᠨ᠎ᠡ᠃ | ︵ᠭᠤᠷᠪᠠ︶ ᠪᠦᠬᠦ ᠲᠤᠭᠤᠷᠢᠭ ᠤᠨ ᠠᠵᠦ ᠦᠢᠯᠡᠳᠪᠦᠷᠢ ᠪᠠ ᠰᠤᠷᠠᠭ ᠵᠠᠩᠬᠢᠴᠢᠯᠠᠭᠰᠡᠨ ᠲᠤᠭᠲᠠᠮᠠᠯ | ᠭᠦᠷᠦᠩᠭᠡ ᠶᠢᠨ ᠪᠡᠯᠨ ᠤᠷᠤᠭᠤᠯᠤᠯᠲᠠ ᠶᠢᠨ ᠬᠡᠪᠴᠢᠶ᠎ᠡ ᠪᠠ ᠴᠢᠭᠯᠡᠯ ︵ᠭᠠᠳᠠᠭᠠᠳᠦ ᠪᠡᠯᠨ ᠶᠢ ᠠᠰᠢᠭᠯᠠᠬᠤ ᠪᠠ ᠬᠢᠯᠢ | ᠶᠢᠨ ᠭᠠᠳᠠᠨ᠎ᠠ ᠪᠡᠯᠨ ᠤᠷᠤᠭᠤᠯᠬᠤ ᠶᠢ ᠪᠠᠭᠲᠠᠭᠠᠨ᠎ᠠ︶᠂ ᠲᠤᠭᠤᠷᠢᠭ ᠤᠨ ᠡᠳ᠋ ᠤᠨ ᠵᠠᠰᠠᠭ ᠤᠨ ᠴᠢᠨᠡᠷᠲᠡᠢ ᠪᠦᠳᠦᠭᠡᠨ | ᠪᠠᠶᠢᠭᠤᠯᠤᠯᠲᠠ ᠶᠢᠨ ᠪᠡᠯᠨ ᠮᠦᠩᠭᠦ ᠲᠤᠬᠢᠷᠠᠭᠤᠯᠬᠤ ᠲᠤᠬᠠᠢ ᠰᠠᠨᠠᠯ ᠳᠤᠷᠠᠳᠬᠤ ᠶᠢ ᠬᠠᠷᠢᠭᠤᠴᠠᠨ᠎ᠠ︔ ᠲᠤᠭᠲᠠᠭᠰᠡᠨ | ᠡᠷᠬᠡ ᠬᠢᠵᠠᠭᠠᠷᠯᠠᠯ ᠢ ᠦᠨᠳᠦᠰᠦᠯᠡᠨ᠂ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠪᠠ | ᠬᠤᠩᠱᠠᠨ ᠲᠤᠭᠤᠷᠢᠭ ᠤᠨ ᠲᠦᠯᠦᠪᠵᠢᠭᠦᠯᠭᠡ ᠳᠤᠳᠤᠷᠡᠬᠢ ᠵᠢᠴᠢ ᠤᠨ ᠤ ᠲᠦᠯᠦᠪᠯᠡᠭᠡ ᠬᠡᠪᠴᠢᠶᠡᠨ ᠳᠠᠬᠢ ᠠᠵᠦ | ᠦᠢᠯᠡᠳᠪᠦᠷᠢ ᠪᠠ ᠰᠤᠷᠠᠭ ᠵᠠᠩᠬᠢᠴᠢᠯᠠᠭᠰᠡᠨ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠲᠦᠷᠦᠯ | ᠵᠦᠢᠯ ᠢ ᠬᠢᠨᠡᠨ ᠬᠠᠷᠭᠤᠭᠤᠯᠵᠦ ᠳᠡᠭᠡᠭᠰᠢ ᠮᠡᠳᠡᠭᠦᠯᠦᠨ᠎ᠡ︔ ᠭᠤᠤᠯᠳᠠᠯᠭ᠎ᠠ ᠲᠠᠢ ᠤᠷᠤᠨ ᠪᠦᠰᠡ᠂ ᠭᠤᠤᠯᠳᠠᠯᠭ᠎ᠠ ᠲᠠᠢ | ᠠᠵᠦ ᠦᠢᠯᠡᠰ᠂ ᠭᠤᠤᠯᠳᠠᠯᠭ᠎ᠠ ᠲᠠᠢ ᠠᠵᠦ ᠠᠬᠤᠶᠢᠯᠡᠯ ᠪᠠ ᠠᠵᠦ ᠦᠢᠯᠡᠳᠪᠦᠷᠢ ᠶᠢᠨ ᠭᠦᠷᠢᠶᠡᠯᠡᠩ ᠲᠤᠭᠤᠷᠢᠭ | ᠵᠢᠴᠢ ᠠᠵᠦ ᠦᠢᠯᠡᠳᠪᠦᠷᠢ ᠲᠦᠪᠯᠡᠷᠡᠭᠰᠡᠨ ᠤᠷᠤᠨ ᠤ ᠡᠷᠬᠢᠯᠲᠡ ᠪᠠ ᠵᠤᠬᠢᠴᠠᠭᠤᠯᠤᠯ ᠢ ᠵᠢᠭᠠᠨ ᠵᠢᠯᠦᠭᠤᠳᠤᠨ᠎ᠠ᠃ | ︵ᠳᠦᠷᠪᠡ︶ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠠ | ᠶᠢᠨ ᠶᠡᠷᠦᠩᠭᠡᠢ ᠲᠦᠯᠦᠪᠵᠢᠭᠦᠯᠭᠡ ᠵᠢᠴᠢ ᠠᠵᠦ ᠦᠢᠯᠡᠰ ᠤᠨ ᠭᠦᠭᠵᠢᠯᠲᠡ ᠶᠢᠨ ᠤᠳᠤᠷᠢᠳᠦᠮᠵᠢ ᠪᠠ ᠲᠦᠷᠦ ᠶᠢᠨ | ᠪᠤᠳᠤᠯᠭ᠎ᠠ ᠶᠢ ᠦᠨᠳᠦᠰᠦᠯᠡᠨ᠂ ᠠᠵᠦ ᠦᠢᠯᠡᠰ ᠤᠨ ᠪᠦᠳᠦᠴᠡ ᠶᠢ ᠲᠤᠬᠢᠷᠠᠭᠤᠯᠬᠤ ᠰᠠᠨᠠᠯ ᠳᠤᠷᠠᠳᠤᠨ᠎ᠠ︔ ᠠᠵᠦ | ᠦᠢᠯᠡᠳᠪᠦᠷᠢ ᠶᠢᠨ ᠭᠦᠷᠢᠶᠡᠨ ᠳᠠᠬᠢ ᠠᠵᠢᠯ ᠲᠦᠷᠦᠯ ᠤᠨ ᠬᠠᠨᠮᠢᠶᠠᠷᠤᠯᠲᠠ ᠶᠢ ᠬᠠᠷᠢᠭᠤᠴᠠᠵᠦ᠂ ᠠᠵᠦ ᠦᠢᠯᠡᠳᠪᠦᠷᠢ | ᠶᠢᠨ ᠠᠵᠢᠯ ᠲᠦᠷᠦᠯ ᠤᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠭᠤᠤᠯᠳᠠᠯᠭ᠎ᠠ ᠲᠠᠢ ᠠᠵᠢᠯ ᠲᠦᠷᠦᠯ | ᠤᠨ ᠵᠠᠬ᠎ᠠ ᠳᠤ ᠤᠷᠤᠬᠤ ᠶᠢ ᠵᠦᠪᠰᠢᠶᠡᠷᠡᠬᠦ ᠳᠦᠷᠢᠮ᠂ ᠠᠵᠦ ᠦᠢᠯᠡᠳᠪᠦᠷᠢ ᠶᠢᠨ ᠪᠠᠶᠢᠷᠢᠰᠢᠯᠲᠡ ᠲᠤᠬᠢᠷᠠᠭᠤᠯᠤᠯᠲᠠ | ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠠᠬᠢᠯᠭᠠᠨ ᠭᠦᠴᠦᠨ ᠤ ᠠᠵᠢᠯ ᠲᠦᠷᠦᠯ ᠤᠨ ᠡᠷᠬᠢᠯᠲᠡ ᠶᠢᠨ | ᠬᠠᠮᠢᠶᠠᠷᠤᠯᠲᠠ ᠶᠢ ᠵᠤᠬᠢᠴᠠᠭᠤᠯᠤᠨ ᠡᠭᠦᠷᠭᠡᠯᠡᠨ᠎ᠡ᠃ | ︵ᠲᠠᠪᠤ︶ ᠪᠦᠬᠦ ᠲᠤᠭᠤᠷᠢᠭ ᠤᠨ ᠲᠤᠨᠤᠭᠯᠠᠯ ᠦᠢᠯᠡᠳᠬᠦ ᠦᠢᠯᠡᠰ ᠤᠨ ᠮᠠᠨᠳᠤᠨ ᠭᠦᠭᠵᠢᠬᠦ ᠶᠢ ᠵᠤᠬᠢᠶᠠᠨ | ᠪᠠᠶᠢᠭᠤᠯᠤᠨ ᠵᠤᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠨ ᠶᠡᠭᠡ ᠮᠡᠷᠭᠡᠵᠢᠯ ᠤᠨ ᠲᠤᠨᠤᠭᠯᠠᠯ ᠤᠨ | ᠭᠦᠭᠵᠢᠯᠲᠠ ᠪᠠ ᠪᠠᠶ᠎ᠠ ᠪᠠᠨ ᠳᠠᠭᠠᠭᠠᠵᠦ ᠰᠢᠨ᠎ᠡ ᠶᠢ ᠡᠭᠦᠳᠬᠦ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ | ᠲᠦᠯᠦᠪᠯᠡᠨ ᠲᠤᠭᠲᠠᠭᠠᠨ᠎ᠠ︔ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠳᠤ ᠲᠦᠰᠢᠭᠯᠡᠨ | ᠬᠠᠮᠢᠶ᠎ᠠ ᠪᠦᠭᠦᠢ ᠴᠢᠬᠤᠯᠨ ᠶᠡᠭᠡ ᠲᠤᠰᠬᠠᠢ ᠵᠦᠢᠯ ᠢ ᠬᠡᠷᠡᠭᠵᠢᠭᠦᠯᠬᠦ ᠶᠢ ᠵᠤᠬᠢᠴᠠᠭᠤᠯᠵᠦ᠂ ᠴᠢᠬᠤᠯᠨ ᠶᠡᠭᠡ ᠮᠡᠷᠭᠡᠵᠢᠯ | ᠲᠤᠨᠤᠭᠯᠠᠯ ᠢ ᠤᠷᠤᠭᠤᠯᠤᠨ ᠠᠪᠴᠢᠷᠠᠬᠤ᠂ ᠰᠢᠩᠭᠡᠭᠡᠬᠦ ᠪᠠ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ︵ᠵᠢᠷᠭᠤᠭ᠎ᠠ︶ ᠠᠵᠢᠯ ᠲᠦᠷᠦᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠡ | ᠶᠢ ᠵᠢᠭᠠᠨ ᠵᠢᠯᠦᠭᠤᠳᠤᠨ ᠬᠤᠪᠢᠳᠠᠨ ᠬᠠᠮᠢᠶᠠᠷᠬᠤ ᠶᠢ ᠬᠠᠷᠢᠭᠤᠴᠠᠵᠦ᠂ ᠮᠡᠷᠭᠡᠵᠢᠯ ᠤᠨ ᠦᠭᠡᠷᠡᠴᠢᠯᠡᠯᠲᠡ ᠶᠢ | ᠠᠬᠢᠭᠤᠯᠤᠨ᠂ ᠲᠡᠷᠢᠭᠦᠨ ᠤ ᠮᠡᠷᠭᠡᠵᠢᠯ ᠢᠶᠠᠷ ᠤᠯᠠᠮᠵᠢᠯᠠᠯᠲᠦ ᠠᠵᠦ ᠦᠢᠯᠡᠰ ᠢ ᠦᠭᠡᠷᠡᠴᠢᠯᠡᠨ ᠳᠡᠭᠡᠭᠰᠢᠯᠡᠭᠦᠯᠦᠨ᠎ᠡ︔ | ᠬᠠᠮᠢᠶ᠎ᠠ ᠪᠦᠭᠦᠢ ᠤᠯᠤᠰ᠂ ᠭᠠᠵᠠᠷ ᠤᠷᠤᠨ ᠤ ᠠᠵᠦ ᠦᠢᠯᠡᠳᠪᠦᠷᠢ ᠪᠠ ᠰᠤᠷᠠᠭ ᠵᠠᠩᠬᠢ ᠶᠢᠨ ᠠᠵᠦ ᠦᠢᠯᠡᠰ ᠤᠨ | ᠰᠢᠨᠵᠢᠯᠡᠭᠡ ᠮᠡᠷᠭᠡᠵᠢᠯ ᠤᠨ ᠴᠢᠬᠤᠯᠨ ᠶᠡᠭᠡ ᠲᠤᠰᠬᠠᠢ ᠲᠦᠷᠦᠯ ᠢ ᠵᠤᠬᠢᠴᠠᠭᠤᠯᠵᠦ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠬᠠᠮᠢᠶ᠎ᠠ ᠪᠦᠭᠦᠢ ᠰᠢᠨᠵᠢᠯᠡᠭᠡ ᠰᠤᠳᠤᠯᠭᠠᠨ ᠤ ᠦᠷ᠎ᠡ ᠪᠦᠳᠦᠭᠡᠯ ᠤᠨ ᠠᠵᠦ ᠦᠢᠯᠡᠰᠵᠢᠯᠲᠡ ᠶᠢ | ᠠᠬᠢᠭᠤᠯᠤᠨ᠎ᠠ︔ ᠤᠯᠤᠰ ᠪᠠ ᠭᠠᠵᠠᠷ ᠤᠷᠤᠨ ᠤ ᠮᠡᠷᠭᠡᠵᠢᠯ ᠤᠨ ᠪᠠᠷᠢᠮᠵᠢᠶ᠎ᠠ ᠶᠢ ᠵᠤᠬᠢᠴᠠᠭᠤᠯᠵᠦ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠠ︔ ᠵᠦᠭᠡᠯᠡᠨ ᠲᠤᠨᠤᠭ ᠤᠨ ᠦᠢᠯᠡᠰ᠂ ᠰᠤᠷᠠᠭ ᠵᠠᠩᠬᠢ ᠶᠢᠨ ᠦᠢᠯᠡᠴᠢᠯᠡᠭᠡᠨ ᠤ | ᠦᠢᠯᠡᠰ ᠪᠠ ᠰᠢᠨ᠎ᠠ ᠪᠠᠷ ᠮᠠᠨᠳᠤᠭᠰᠡᠨ ᠠᠵᠦ ᠦᠢᠯᠡᠰ ᠤᠨ ᠭᠦᠭᠵᠢᠯᠲᠠ ᠶᠢ ᠠᠬᠢᠭᠤᠯᠵᠦ᠂ ᠰᠤᠷᠠᠭ ᠵᠠᠩᠬᠢᠵᠢᠯᠲᠠ | ᠪᠠ ᠠᠵᠦ ᠦᠢᠯᠡᠰᠵᠢᠯᠲᠡ ᠶᠢᠨ ᠠᠭᠤᠰᠤᠯᠴᠠᠯ ᠢ ᠠᠬᠢᠭᠤᠯᠤᠨ᠎ᠠ᠃ | ︵ᠳᠤᠯᠤᠭ᠎ᠠ︶ ᠪᠦᠬᠦ ᠲᠤᠭᠤᠷᠢᠭ ᠤᠨ ᠠᠵᠦ ᠦᠢᠯᠡᠳᠪᠦᠷᠢ ᠶᠢᠨ ᠠᠵᠦ ᠠᠬᠤᠢ ᠶᠢᠨ ᠡᠨᠧᠷᠬᠢ ᠠᠷᠪᠢᠯᠠᠬᠤ | ᠪᠠ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ | ᠪᠤᠳᠤᠯᠭ᠎ᠠ ᠪᠠ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠠ︔ ᠠᠵᠦ ᠦᠢᠯᠡᠳᠪᠦᠷᠢ ᠶᠢᠨ ᠤᠷᠴᠢᠨ ᠲᠤᠭᠤᠷᠢᠨ ᠢ ᠬᠠᠮᠠᠭᠠᠯᠠᠬᠤ᠂ ᠠᠵᠦ ᠦᠢᠯᠡᠳᠪᠦᠷᠢ ᠶᠢᠨ | ᠠᠭᠤᠷᠬᠠᠢ ᠶᠢᠨ ᠡᠬᠢ ᠪᠠᠶᠠᠯᠢᠭ ᠪᠠ ᠠᠵᠦ ᠦᠢᠯᠡᠳᠪᠦᠷᠢ ᠶᠢᠨ ᠤᠰᠤᠨ ᠤ ᠡᠬᠢ ᠪᠠᠶᠠᠯᠢᠭ ᠢ ᠨᠡᠭᠡᠭᠡᠨ ᠭᠦᠭᠵᠢᠭᠦᠯᠵᠦ | ᠠᠰᠢᠭᠯᠠᠬᠤ ᠶᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ︔ ᠬᠠᠮᠢᠶ᠎ᠠ ᠪᠦᠭᠦᠢ ᠴᠢᠬᠤᠯᠨ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ ᠪᠠ ᠰᠢᠨ᠎ᠡ ᠪᠦᠳᠦᠭᠡᠭᠳᠡᠭᠦᠨ᠂ ᠰᠢᠨ᠎ᠡ ᠮᠡᠷᠭᠡᠵᠢᠯ᠂ ᠰᠢᠨ᠎ᠡ ᠲᠦᠭᠦᠭᠡᠷᠦᠮᠵᠢ᠂ ᠰᠢᠨ᠎ᠡ ᠮᠠᠲ᠋ᠧᠷᠢᠶᠡᠯ ᠢ | ᠳᠡᠯᠭᠡᠷᠡᠭᠦᠯᠦᠨ ᠬᠡᠷᠡᠭᠯᠡᠬᠦ ᠶᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ᠃ | ︵ᠨᠠᠢᠮᠠ︶ ᠤᠯᠤᠰ ᠤᠨ ᠬᠠᠮᠢᠶ᠎ᠠ ᠪᠦᠭᠦᠢ ᠤᠯᠤᠰ ᠤᠨ ᠪᠠᠳᠤᠯᠠᠨ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ | ᠤᠨ ᠠᠵᠦ ᠦᠢᠯᠡᠳᠪᠦᠷᠢ ᠶᠢᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠠᠷᠠᠳ ᠤᠨ ᠬᠡᠷᠡᠭᠯᠡᠭᠡᠨ ᠤ ᠳᠡᠯᠪᠡᠴᠡᠬᠦ ᠡᠳ᠋ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯ ᠢ ᠬᠠᠷᠢᠭᠤᠴᠠᠵᠦ᠂ ᠪᠦᠬᠦ ᠲᠤᠭᠤᠷᠢᠭ ᠤᠨ ᠠᠷᠠᠳ ᠤᠨ ᠬᠡᠷᠡᠭᠯᠡᠭᠡᠨ ᠤ | ᠡᠳ᠋ ᠤᠨ ᠪᠤᠷᠤᠯᠠᠭᠤᠯᠬᠤ ᠠᠴᠠ ᠡᠮᠤᠨᠡᠬᠢ ᠬᠤᠷᠢᠶᠠᠨ ᠬᠠᠳᠠᠭᠠᠯᠠᠬᠤ ᠠᠮᠤᠷ ᠲᠦᠪᠰᠢᠨ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠡᠭᠦᠷᠭᠡᠯᠡᠨ᠎ᠡ︔ ᠠᠵᠦ ᠦᠢᠯᠡᠳᠪᠦᠷᠢ ᠪᠠ ᠰᠤᠷᠠᠭ ᠵᠠᠩᠬᠢ ᠶᠢᠨ ᠠᠵᠦ ᠦᠢᠯᠡᠰ ᠤᠨ ᠪᠠᠴᠢᠮ | ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠠᠵᠢᠯ ᠢ ᠵᠢᠭᠠᠨ ᠵᠢᠯᠦᠭᠤᠳᠤᠨ᠎ᠠ︔ ᠭᠤᠤᠯᠳᠠᠯᠭ᠎ᠠ ᠲᠠᠢ ᠠᠵᠢᠯ | ᠲᠦᠷᠦᠯ ᠤᠨ ᠠᠮᠤᠷ ᠲᠦᠪᠰᠢᠨ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠢᠭᠠᠨ | ᠵᠢᠯᠦᠭᠤᠳᠤᠨ᠎ᠠ᠃ | ︵ᠶᠢᠰᠦ︶ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠠ ᠶᠢᠨ | ᠶᠡᠷᠦᠩᠭᠡᠢ ᠲᠦᠯᠦᠪᠵᠢᠭᠦᠯᠭᠡ ᠶᠢ ᠦᠨᠳᠦᠰᠦᠯᠡᠨ᠂ ᠠᠵᠦ ᠦᠢᠯᠡᠳᠪᠦᠷᠢ ᠶᠢᠨ ᠠᠵᠦ ᠠᠬᠤᠢ ᠪᠠ ᠦᠢᠯᠡᠳᠪᠦᠷᠢᠯᠡᠯ ᠤᠨ | ᠬᠡᠯᠪᠡᠷᠢᠲᠦ ᠦᠢᠯᠡᠴᠢᠯᠡᠭᠡᠨ ᠤ ᠦᠢᠯᠡᠰ ᠤᠨ ᠭᠦᠭᠵᠢᠯᠲᠠ ᠶᠢᠨ ᠤᠨ ᠤ ᠲᠦᠯᠦᠪᠯᠡᠭᠡ ᠶᠢ ᠲᠦᠯᠦᠪᠯᠡᠨ ᠲᠤᠭᠲᠠᠭᠠᠬᠤ | ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠠᠵᠦ ᠦᠢᠯᠡᠳᠪᠦᠷᠢ ᠶᠢᠨ ᠠᠵᠦ ᠠᠬᠤᠢ ︵ᠡᠨᠧᠷᠬᠢ ᠶᠢᠨ | ᠠᠵᠦ ᠦᠢᠯᠡᠳᠪᠦᠷᠢ ᠠᠴᠠ ᠭᠠᠳᠠᠨ᠎ᠠ︶ ᠶᠢᠨ ᠪᠠᠶᠢᠷᠢᠯᠠᠭᠤᠯᠤᠯᠲᠠ ᠪᠠ ᠪᠦᠳᠦᠴᠡ ᠶᠢᠨ ᠲᠤᠬᠢᠷᠠᠭᠤᠯᠤᠯᠲᠠ ᠶᠢᠨ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ᠎ᠠ︔ ᠤᠯᠤᠰ ᠤᠨ ᠠᠵᠦ ᠦᠢᠯᠡᠰ ᠤᠨ ᠲᠦᠷᠦ ᠶᠢᠨ | ᠪᠤᠳᠤᠯᠭ᠎ᠠ ᠪᠠ ᠭᠠᠵᠠᠷ ᠤᠷᠤᠨ ᠤ ᠠᠵᠦ ᠦᠢᠯᠡᠰ ᠤᠨ ᠭᠦᠭᠵᠢᠯᠲᠠ ᠶᠢᠨ ᠲᠦᠯᠦᠪᠵᠢᠭᠦᠯᠭᠡ ᠶᠢ ᠦᠨᠳᠦᠰᠦᠯᠡᠵᠦ᠂ | ᠭᠠᠵᠠᠷ ᠤᠷᠤᠨ ᠤ ᠠᠵᠦ ᠦᠢᠯᠡᠰ ᠤᠨ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠦᠯᠦᠪᠯᠡᠨ ᠲᠤᠭᠲᠠᠭᠠᠬᠤ ᠶᠢᠨ | ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠦ ᠦᠢᠯᠡᠳᠪᠦᠷᠢ ᠪᠠ ᠰᠤᠷᠠᠭ ᠵᠠᠩᠬᠢ ᠶᠢᠨ ᠠᠵᠦ ᠦᠢᠯᠡᠰ ᠤᠨ | ᠭᠦᠭᠵᠢᠯᠲᠠ ᠶᠢ ᠭᠦᠳᠦᠯᠦᠨ ᠵᠢᠯᠦᠭᠤᠳᠬᠤ ᠪᠠ ᠳᠡᠳᠭᠦᠨ ᠳᠡᠮᠵᠢᠨ᠎ᠡ᠃ | ︵ᠠᠷᠪᠠ︶ ᠰᠤᠷᠠᠭ ᠵᠠᠩᠬᠢ ᠶᠢᠨ ᠡᠬᠢ ᠪᠠᠶᠠᠯᠢᠭ ᠢ ᠨᠡᠭᠡᠭᠡᠨ ᠭᠦᠭᠵᠢᠭᠦᠯᠵᠦ ᠠᠰᠢᠭᠯᠠᠬᠤ᠂ ᠠᠵᠦ ᠠᠬᠤᠶᠢᠯᠡᠯ | ᠤᠨ ᠰᠤᠷᠠᠭ ᠵᠠᠩᠬᠢᠵᠢᠯᠲᠠ᠂ ᠡᠯᠧᠺᠲᠷᠤᠨ ᠵᠠᠰᠠᠭ ᠤᠨ ᠶᠠᠪᠤᠳᠠᠯ ᠤᠨ ᠭᠦᠭᠵᠢᠯᠲᠠ ᠪᠠ ᠡᠯᠧᠺᠲᠷᠤᠨ ᠵᠠᠰᠠᠭ ᠤᠨ | ᠶᠠᠪᠤᠳᠠᠯ ᠢ ᠳᠡᠯᠭᠡᠷᠡᠭᠦᠯᠬᠦ ᠵᠢᠴᠢ ᠨᠡᠶᠢᠭᠡᠮ ᠪᠠ ᠠᠵᠦ ᠠᠬᠤᠢ ᠶᠢᠨ ᠡᠯ᠎ᠡ ᠭᠦᠷᠢᠶᠡᠨ ᠤ ᠰᠤᠷᠠᠭ ᠵᠠᠩᠬᠢᠵᠢᠯᠲᠠ ᠶᠢᠨ | ᠬᠡᠷᠡᠭᠯᠡᠭᠡᠨ ᠢ ᠲᠦᠯᠬᠢᠨ ᠠᠬᠢᠭᠤᠯᠬᠤ ᠠᠵᠢᠯ ᠢ ᠵᠤᠬᠢᠴᠠᠭᠤᠯᠤᠨ ᠵᠢᠯᠦᠭᠤᠳᠤᠨ᠎ᠠ︔ ᠨᠡᠶᠢᠭᠡᠮ ᠤᠨ ᠤᠯᠠᠨ ᠨᠡᠶᠢᠳᠡ | ᠶᠢᠨ ᠰᠤᠷᠠᠭ ᠵᠠᠩᠬᠢ ᠶᠢᠨ ᠡᠬᠢ ᠪᠠᠶᠠᠯᠢᠭ ᠢ ᠬᠠᠮᠳᠦᠪᠡᠷ ᠡᠳ᠋ᠯᠡᠬᠦ ᠶᠢ ᠵᠤᠬᠢᠴᠠᠭᠤᠯᠬᠤ ᠶᠢ ᠬᠠᠷᠢᠭᠤᠴᠠᠵᠦ᠂ ᠰᠠᠯᠠᠭ᠎ᠠ | ᠮᠦᠴᠢᠷ ᠠᠯᠤᠰᠯᠠᠭᠰᠡᠨ᠂ ᠠᠵᠢᠯ ᠲᠦᠷᠦᠯ ᠠᠯᠤᠰᠯᠠᠭᠰᠡᠨ᠂ ᠤᠷᠤᠨ ᠭᠦᠷᠢᠶ᠎ᠡ ᠠᠯᠤᠰᠯᠠᠭᠰᠡᠨ ᠰᠤᠷᠠᠭ ᠵᠠᠩᠬᠢᠵᠢᠯᠲᠠ | ᠶᠢᠨ ᠬᠡᠷᠡᠭᠯᠡᠭᠡᠨ ᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ᠃ | ︵ᠠᠷᠪᠠᠨ ᠨᠢᠭᠡ︶ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠴᠢᠮᠡᠭᠡ ᠬᠠᠷᠢᠯᠴᠠᠭᠠᠨ ᠤ | ᠬᠤᠭᠤᠯᠠᠢ ᠤᠳᠠᠰᠤ᠂ ᠤᠯᠠᠨ ᠨᠡᠶᠢᠲᠡ ᠶᠢᠨ ᠴᠢᠮᠡᠭᠡ ᠬᠠᠷᠢᠯᠴᠠᠭᠠᠨ ᠤ ᠲᠤᠤᠷ᠂ ᠲᠤᠰᠬᠠᠢ ᠬᠡᠷᠡᠭᠯᠡᠬᠦ ᠰᠤᠷᠠᠭ ᠵᠠᠩᠬᠢ | ᠶᠢᠨ ᠲᠤᠤᠷ ᠤᠨ ᠲᠦᠯᠦᠪᠵᠢᠭᠦᠯᠭᠡ ᠶᠢ ᠲᠤᠭᠲᠠᠭᠠᠨ᠎ᠠ︔ ᠴᠠᠬᠢᠯᠭᠠᠨ ᠮᠡᠳᠡᠭᠡ ᠶᠢᠨ ᠵᠠᠬ᠎ᠠ ᠶᠢᠨ ᠨᠡᠶᠢᠭᠡᠮ ᠤᠨ ᠤᠯᠠᠨ | ᠨᠡᠶᠢᠲᠡ ᠶᠢᠨ ᠠᠰᠢᠭ ᠲᠤᠰᠠ ᠳᠤ ᠬᠤᠯᠪᠤᠭᠳᠠᠬᠤ ᠴᠢᠬᠤᠯᠨ ᠶᠡᠭᠡ ᠬᠡᠷᠡᠭ ᠤᠴᠢᠷ ᠢ ᠵᠤᠬᠢᠴᠠᠭᠤᠯᠤᠨ᠎ᠠ︔ ᠠᠵᠢᠯ | ᠲᠦᠷᠦᠯ ᠠᠯᠤᠰᠯᠠᠨ᠂ ᠰᠠᠯᠠᠭ᠎ᠠ ᠮᠦᠴᠢᠷ ᠠᠯᠤᠰᠯᠠᠨ ᠨᠡᠶᠢᠭᠡᠮ ᠤᠨ ᠦᠢᠯᠡᠴᠢᠯᠡᠭᠡᠨ ᠤ ᠲᠤᠤᠷ ᠰᠦᠯᠵᠢᠶᠡᠨ ᠳᠤ | ᠬᠠᠨᠳᠦᠵᠦ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠳᠡᠷᠡᠯᠴᠡᠬᠦ ᠶᠢ ᠬᠠᠷᠢᠭᠤᠴᠠᠵᠦ᠂ ᠪᠦᠬᠦ ᠲᠤᠭᠤᠷᠢᠭ ᠤᠨ | ᠵᠦᠭᠡᠯᠡᠨ ᠲᠤᠨᠤᠭ ᠤᠨ ᠦᠢᠯᠡᠰ ᠤᠨ ᠭᠦᠭᠵᠢᠯᠲᠠ ᠶᠢ ᠵᠢᠭᠠᠨ ᠵᠢᠯᠦᠭᠤᠳᠤᠨ᠎ᠠ︔ ᠡᠯᠧᠺᠲᠷᠤᠨ ᠰᠤᠷᠠᠭ ᠵᠠᠩᠬᠢ ᠶᠢᠨ | ᠪᠦᠳᠦᠭᠡᠭᠳᠡᠭᠦᠨ ᠦᠢᠯᠡᠳᠬᠦ ᠦᠢᠯᠡᠰ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠠ᠃ | ︵ᠠᠷᠪᠠᠨ ᠬᠤᠶᠠᠷ︶ ᠪᠦᠬᠦ ᠲᠤᠭᠤᠷᠢᠭ ᠤᠨ ᠰᠤᠷᠠᠭ ᠵᠠᠩᠬᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠬᠠᠪᠰᠤᠷᠤᠨ ᠡᠭᠦᠷᠭᠡᠯᠡᠵᠦ᠂ ᠰᠤᠷᠠᠭ ᠵᠠᠩᠬᠢ ᠶᠢᠨ ᠠᠮᠤᠷ ᠲᠦᠪᠰᠢᠨ ᠪᠠᠳᠤᠯᠠᠭ᠎ᠠ ᠶᠢᠨ ᠰᠢᠰᠲ᠋ᠧᠮ | ᠪᠠᠶᠢᠭᠤᠯᠬᠤ ᠶᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ︔ ᠰᠤᠷᠠᠭ ᠵᠠᠩᠬᠢ ᠶᠢᠨ ᠠᠮᠤᠷ ᠲᠦᠪᠰᠢᠨ ᠢ ᠰᠡᠷᠭᠡᠶᠢᠯᠡᠬᠦ | ᠠᠵᠢᠯ ᠢ ᠵᠢᠯᠦᠭᠤᠳᠬᠤ ᠪᠠ ᠵᠤᠬᠢᠴᠠᠭᠤᠯᠬᠤ ᠶᠢ ᠬᠠᠷᠢᠭᠤᠴᠠᠵᠦ᠂ ᠲᠤᠤᠷ ᠰᠦᠯᠵᠢᠶ᠎ᠡ ᠪᠠ ᠰᠤᠷᠠᠭ ᠵᠠᠩᠬᠢ ᠶᠢᠨ | ᠠᠮᠤᠷ ᠲᠦᠪᠰᠢᠨ ᠤ ᠴᠢᠬᠤᠯᠨ ᠶᠡᠭᠡ ᠬᠡᠷᠡᠭ ᠢ ᠵᠤᠬᠢᠴᠠᠭᠤᠯᠤᠨ ᠰᠢᠢᠳᠪᠦᠷᠢᠯᠡᠨ᠎ᠡ︔ ᠬᠠᠮᠢᠶ᠎ᠠ ᠪᠦᠭᠦᠢ ᠰᠠᠯᠠᠭ᠎ᠠ | ᠮᠦᠴᠴᠢᠷ ᠲᠠᠢ ᠬᠠᠮᠵᠢᠯᠴᠠᠨ ᠰᠤᠷᠠᠭ ᠵᠠᠩᠬᠢ ᠶᠢᠨ ᠲᠤᠤᠷ ᠰᠦᠯᠵᠢᠶᠡᠨ ᠤ ᠠᠮᠤᠷ ᠲᠦᠪᠰᠢᠨ ᠮᠡᠷᠭᠡᠵᠢᠯ᠂ | ᠲᠦᠭᠦᠭᠡᠷᠦᠮᠵᠢ ᠪᠠ ᠪᠦᠳᠦᠭᠡᠭᠳᠡᠭᠦᠨ ᠳᠤ ᠬᠢᠨᠡᠯᠲᠡ ᠬᠠᠮᠢᠶᠠᠷᠤᠯᠲᠠ ᠪᠠᠨ ᠴᠢᠩᠭᠠᠳᠬᠠᠨ᠎ᠠ᠃ | ︵ᠠᠷᠪᠠᠨ ᠭᠤᠷᠪᠠ︶ ᠪᠦᠬᠦ ᠲᠤᠭᠤᠷᠢᠭ ᠤᠨ ᠳᠤᠮᠳᠠ ᠪᠠᠭ᠎ᠠ ᠠᠵᠦ ᠠᠬᠤᠶᠢᠯᠡᠯ ᠵᠢᠴᠢ ᠨᠡᠶᠢᠲᠡ ᠶᠢᠨ ᠪᠤᠰᠤ | ᠠᠵᠦ ᠠᠬᠤᠢ ᠶᠢᠨ ᠭᠦᠭᠵᠢᠯᠲᠠ ᠶᠢ ᠵᠢᠭᠠᠨ ᠵᠢᠯᠦᠭᠤᠳᠴᠤ᠂ ᠵᠤᠬᠢᠴᠠᠭᠤᠯᠬᠤ᠂ ᠠᠬᠢᠭᠤᠯᠬᠤ ᠶᠢ ᠬᠠᠷᠢᠭᠤᠴᠠᠵᠦ᠂ | ᠳᠤᠮᠳᠠ ᠪᠠᠭ᠎ᠠ ᠠᠵᠦ ᠠᠬᠤᠶᠢᠡᠯᠡᠯ ᠵᠢᠴᠢ ᠨᠡᠶᠢᠲᠡ ᠶᠢᠨ ᠪᠤᠰᠤ ᠠᠵᠦ ᠠᠬᠤᠢ ᠶᠢᠨ ᠭᠦᠭᠵᠢᠯᠲᠠ ᠶᠢ ᠠᠬᠢᠭᠤᠯᠬᠤ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠵᠢᠴᠢ ᠲᠦᠯᠦᠪᠵᠢᠭᠦᠯᠭᠡ ᠶᠢ ᠰᠤᠳᠤᠯᠵᠦ ᠲᠦᠯᠦᠪᠯᠡᠨ ᠲᠤᠭᠲᠠᠭᠠᠵᠦ᠂ | ᠳᠤᠮᠳᠠ ᠪᠠᠭ᠎ᠠ ᠠᠵᠦ ᠠᠬᠤᠶᠢᠯᠡᠯ ᠵᠢᠴᠢ ᠨᠡᠶᠢᠲᠡ ᠶᠢᠨ ᠪᠤᠰᠤ ᠠᠵᠦ ᠠᠬᠤᠢ ᠶᠢᠨ ᠭᠦᠭᠵᠢᠯᠲᠠ ᠶᠢᠨ ᠳᠤᠮᠳᠠᠬᠢ | ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ᠎ᠠ︔ ᠳᠤᠮᠳᠠ ᠪᠠᠭ᠎ᠠ ᠠᠵᠦ ᠠᠬᠤᠶᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ᠃ | ︵ᠠᠷᠪᠠᠨ ᠳᠦᠷᠪᠡ︶ ᠲᠤᠭᠤᠷᠢᠭ ᠤᠨ ᠵᠠᠰᠠᠭ ᠤᠨ ᠤᠷᠳᠤᠨ ᠤ ᠤᠯᠭᠤᠭᠰᠡᠨ ᠡᠷᠬᠡ ᠶᠢ ᠦᠨᠳᠦᠰᠦᠯᠡᠵᠦ᠂ | ᠬᠠᠮᠢᠶ᠎ᠠ ᠪᠦᠭᠦᠢ ᠬᠠᠤᠯᠢ ᠴᠠᠭᠠᠵᠠ ᠬᠠᠤᠯᠢ ᠲᠤᠭᠲᠠᠭᠠᠯ ᠶᠤᠰᠤᠭᠠᠷ ᠪᠡᠯᠨ ᠭᠠᠷᠭᠠᠭᠰᠡᠨ ᠭᠦᠮᠦᠨ ᠤ ᠬᠠᠷᠢᠭᠤᠴᠠᠯᠭ᠎ᠠ | ᠶᠢ ᠭᠦᠢᠴᠡᠳᠬᠡᠵᠦ᠂ ᠬᠢᠨᠡᠨ ᠬᠠᠮᠢᠶᠠᠷᠴᠤ ᠪᠦᠭᠦᠢ ᠤᠯᠤᠰ ᠤᠨ ᠦᠮᠴᠢᠯᠡᠯᠲᠦ ᠠᠵᠦ ᠠᠬᠤᠶᠢᠯᠡᠯ ᠤᠨ ᠦᠭᠡᠷᠡᠴᠢᠯᠡᠯᠲᠡ | ᠪᠠ ᠲᠠᠬᠢᠨ ᠵᠤᠬᠢᠶᠠᠨ ᠪᠠᠶᠢᠭᠤᠯᠬᠤ ᠶᠢ ᠵᠢᠯᠦᠭᠤᠳᠤᠨ ᠠᠬᠢᠭᠤᠯᠤᠨ᠎ᠠ︔ ᠤᠯᠤᠰ ᠤᠨ ᠦᠮᠴᠢᠯᠡᠯᠲᠦ ᠭᠦᠷᠦᠩᠭᠡ ᠶᠢᠨ | ᠬᠠᠮᠢᠶᠠᠷᠤᠯᠲᠠ ᠶᠢ ᠴᠢᠩᠭᠠᠳᠬᠠᠵᠦ᠂ ᠬᠢᠨᠡᠨ ᠬᠠᠮᠢᠶᠠᠷᠴᠤ ᠪᠦᠭᠦᠢ ᠠᠵᠦ ᠠᠬᠤᠶᠢᠯᠡᠯ ᠤᠨ ᠤᠯᠤᠰ ᠤᠨ ᠭᠦᠷᠦᠩᠭᠡ | ᠶᠢᠨ ᠦᠷᠲᠡᠭ ᠪᠠᠳᠤᠯᠠᠬᠤ ᠦᠷᠲᠡᠭ ᠨᠡᠮᠡᠭᠳᠡᠬᠦ ᠳᠤ ᠬᠢᠨᠡᠯᠲᠡ ᠲᠠᠯᠪᠢᠨ᠎ᠠ︔ ᠤᠯᠤᠰ ᠤᠨ ᠦᠮᠴᠢᠯᠡᠯᠲᠦ ᠠᠵᠦ | ᠠᠬᠤᠶᠢᠯᠡᠯ ᠤᠨ ᠤᠳᠤᠬᠢᠴᠢᠯᠠᠭᠰᠡᠨ ᠠᠵᠦ ᠠᠬᠤᠶᠢᠯᠡᠯ ᠤᠨ ᠳᠦᠷᠢᠮ ᠤᠨ ᠪᠠᠶᠢᠭᠤᠯᠤᠯᠲᠠ ᠶᠢ ᠠᠬᠢᠭᠤᠯᠵᠦ᠂ ᠺᠤᠮᠫᠠᠨᠢ | ᠶᠢᠨ ᠵᠠᠰᠠᠨ ᠴᠡᠭᠴᠡᠯᠡᠬᠦ ᠪᠦᠳᠦᠴᠡ ᠶᠢ ᠲᠡᠭᠦᠯᠳᠡᠷᠵᠢᠭᠦᠯᠦᠨ᠎ᠠ︔ ᠲᠤᠭᠤᠷᠢᠭ ᠤᠨ ᠵᠠᠰᠠᠭ ᠤᠨ ᠤᠷᠳᠤᠨ ᠢ | ᠲᠦᠯᠦᠭᠡᠯᠡᠨ ᠤᠯᠤᠰ ᠤᠨ ᠦᠮᠴᠢᠯᠡᠯᠲᠦ ᠠᠵᠦ ᠠᠬᠤᠶᠢᠯᠡᠯ ᠳᠤ ᠬᠢᠨᠡᠨ ᠪᠠᠶᠢᠴᠠᠭᠠᠭᠴᠢ ᠲᠤᠮᠢᠯᠠᠨ᠂ ᠬᠢᠨᠡᠨ | ᠪᠠᠶᠢᠴᠠᠭᠠᠭᠴᠢ ᠶᠢᠨ ᠵᠦᠪᠯᠡᠯ ᠤᠨ ᠡᠳᠦᠷ ᠳᠤᠳᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠬᠠᠤᠯᠢ ᠳᠤ ᠲᠤᠭᠲᠠᠭᠰᠡᠨ ᠳᠠᠷᠠᠭᠠᠯᠠᠯ ᠶᠤᠰᠤᠭᠠᠷ ᠠᠵᠦ ᠠᠬᠤᠶᠢᠯᠡᠯ ᠤᠨ | ᠬᠠᠷᠢᠭᠤᠴᠠᠯᠭᠠᠲᠠᠨ ᠢ ᠬᠢᠨᠡᠨ ᠰᠢᠯᠭᠠᠵᠦ᠂ ᠬᠢᠨᠡᠨ ᠰᠢᠯᠭᠠᠬᠤ ᠪᠠᠷᠢᠮᠵᠢᠶ᠎ᠠ ᠲᠦᠯᠦᠪᠯᠡᠨ ᠲᠤᠭᠲᠠᠭᠠᠨ᠎ᠠ︔ ᠤᠯᠤᠰ ᠤᠨ | ᠭᠦᠷᠦᠩᠭᠡ ᠶᠢᠨ ᠪᠡᠯᠨ ᠭᠠᠷᠭᠠᠭᠴᠢ ᠶᠢᠨ ᠡᠷᠬᠡ ᠠᠰᠢᠭ ᠢ ᠬᠠᠮᠠᠭᠠᠯᠠᠨ᠎ᠠ︔ ᠤᠯᠤᠰ ᠤᠨ ᠦᠮᠴᠢᠯᠡᠯᠲᠦ ᠠᠵᠦ | ᠠᠬᠤᠶᠢᠯᠡᠯ ᠤᠨ ᠤᠳᠤᠷᠢᠳᠬᠤ ᠺᠠᠳ᠋ᠷ ᠤᠨ ᠴᠢᠭᠡᠴᠢ ᠵᠠᠰᠠᠭ ᠰᠠᠬᠢᠯᠭ᠎ᠠ ᠰᠠᠬᠢᠬᠤ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠬᠤᠲᠠ ᠶᠢᠨ ᠠᠵᠦ ᠠᠬᠤᠢ ᠰᠤᠷᠠᠭ ᠵᠠᠩᠬᠢ ᠶᠢᠨ ᠵᠦᠪᠯᠡᠯ ᠢ ᠬᠠᠪᠰᠤᠷᠤᠨ ᠭᠡᠷ ᠤᠨ | ᠲᠤᠳᠤᠭᠠᠳᠦ ᠳᠠᠬᠢ ᠵᠠᠰᠠᠯ ᠴᠢᠮᠡᠭᠯᠡᠯ ᠤᠨ ᠵᠠᠬ᠎ᠠ ᠶᠢᠨ ᠬᠠᠮᠢᠶᠠᠷᠤᠯᠲᠠ᠂ ᠭᠡᠷ ᠤᠨ ᠲᠤᠳᠤᠭᠠᠳᠦ ᠳᠠᠬᠢ ᠵᠠᠰᠠᠯ ᠴᠢᠮᠡᠭᠯᠡᠯ | ᠢ ᠲᠦᠯᠦᠪᠯᠡᠬᠦ ᠨᠢᠭᠡᠴᠡ ᠪᠠ ᠠᠵᠢᠯ ᠡᠬᠢᠯᠡᠭᠰᠡᠨ ᠠᠵᠦ ᠠᠬᠤᠶᠢᠯᠡᠯ ᠤᠨ ᠬᠢᠷᠢ ᠭᠡᠮ ᠢ ᠬᠠᠷᠢᠭᠤᠴᠠᠨ ᠬᠠᠮᠢᠶᠠᠷᠤᠨ᠎ᠠ︔ | ᠳᠤᠮᠳᠠ ᠪᠠᠭ᠎ᠠ ᠠᠵᠦ ᠠᠬᠤᠶᠢᠯᠡᠯ ᠢ ᠵᠢᠭᠠᠨ ᠵᠢᠯᠦᠭᠤᠳᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠳᠤᠯᠤᠭ᠎ᠠ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ | ᠬᠤᠲᠠ ᠶᠢᠨ ᠠᠵᠦ ᠠᠬᠤᠢ ᠪᠠ ᠰᠤᠷᠠᠭ ᠵᠠᠩᠬᠢᠴᠢᠯᠠᠭᠰᠡᠨ ᠵᠦᠪᠯᠡᠯ᠂ ᠳᠤᠮᠳᠠ ᠪᠠᠭ᠎ᠠ ᠠᠵᠦ ᠠᠬᠤᠶᠢᠯᠡᠯ ᠤᠨ | ᠲᠤᠪᠴᠢᠶ᠎ᠠ ᠵᠡᠷᠭᠡ ᠳᠡᠭᠡᠳᠦ ᠱᠠᠳᠤᠨ ᠤ ᠰᠠᠯᠠᠭ᠎ᠠ ᠮᠦᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ | ᠤᠴᠢᠷ ᠢ ᠡᠭᠦᠷᠭᠡᠯᠡᠨ ᠭᠦᠢᠴᠡᠳᠬᠡᠨ᠎ᠡ᠃ | |