ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ
ᠨᠡᠶᠢᠲᠡᠯᠡᠭᠰᠡᠨ ᠴᠠᠭ᠄
2016-06-07
                                      ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠤᠯᠤᠰ᠂ ᠦᠪᠠᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠪᠠ ᠬᠤᠩᠱᠠᠨ ᠲᠤᠭᠤᠷᠢᠭ  ᠤᠨ ᠬᠠᠮᠢᠶ᠎ᠠ ᠪᠦᠭᠦᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠴᠠᠭᠠᠵᠠ ᠬᠠᠤᠯᠢ ᠳᠦᠷᠢᠮ ᠪᠠ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ᠂ ᠲᠦᠯᠦᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠦᠨ᠎ᠠ︔ ᠪᠦᠭᠦ ᠲᠤᠭᠤᠷᠢᠭ ᠤᠨ ᠵᠠᠮ ᠬᠠᠷᠢᠯᠴᠠᠭᠠᠨ ᠤ ᠭᠦᠭᠵᠢᠯᠲᠠ ᠶᠢᠨ ᠲᠦᠯᠦᠪᠵᠢᠭᠦᠯᠭᠡ᠂ ᠲᠦᠯᠦᠪᠯᠡᠭᠡ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠰᠤᠳᠤᠯᠤᠨ ᠲᠤᠭᠲᠠᠭᠠᠨ᠎ᠠ ︔ ᠪᠠᠷᠠᠭᠠᠨ ᠤ ᠭᠦᠢᠯᠭᠡᠭᠡᠨ ᠤ ᠦᠢᠯᠡᠰ ᠤᠨ ᠭᠦᠭᠵᠢᠯᠲᠠ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠳᠤ ᠤᠷᠤᠯᠴᠠᠵᠦ᠂ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠵᠠᠮ ᠬᠠᠷᠢᠯᠴᠠᠭᠠᠨ ᠤ ᠠᠵᠢᠯ ᠲᠦᠷᠦᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ ᠵᠢᠭᠠᠨ ᠵᠢᠯᠦᠭᠤᠳᠤᠨ᠎ᠠ᠃       ︵ᠬᠤᠶᠠᠷ︶ ᠪᠦᠬᠦ ᠲᠤᠭᠤᠷᠢᠭ ᠤᠨ ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠳᠤ ᠬᠤᠯᠪᠤᠭᠳᠠᠬᠤ ᠲᠦᠯᠦᠪᠵᠢᠭᠦᠯᠭᠡ ᠶᠢ ᠵᠤᠬᠢᠴᠠᠭᠤᠯᠬᠤ ᠠᠵᠢᠯ ᠢ ᠡᠭᠦᠷᠭᠡᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠤᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠡᠶᠢᠷᠡᠭᠤᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯ ᠭᠦᠢᠰᠦ ᠶᠢᠨ ᠲᠦᠯᠦᠪᠵᠢᠭᠦᠯᠭᠡ ᠪᠠ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ᠎ᠠ᠃            ︵ᠭᠤᠷᠪᠠ︶ ᠪᠦᠬᠦ ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠶᠢᠨ ᠬᠢᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠰᠠᠮᠠᠯ ᠵᠠᠮ᠂ ᠤᠰᠤᠨ ᠵᠠᠮ ᠶᠢᠨ ᠲᠡᠭᠡᠭᠡᠪᠦᠷᠢ ᠶᠢᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ᠂ ᠵᠠᠬ᠎ᠠ ᠳᠤ ᠤᠷᠤᠬᠤ ᠵᠦᠪᠰᠢᠶᠡᠷᠡᠯ ᠤᠨ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠲᠡᠭᠡᠭᠡᠪᠦᠷᠢ ᠶᠢᠨ ᠡᠵᠡᠩᠨᠡᠯᠲᠡ ᠶᠢᠨ ᠳᠦᠷᠢᠮᠵᠢᠭᠰᠡᠨ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠬᠠᠮᠢᠶᠠᠷᠤᠯᠲᠠ ᠶᠢᠨ ᠡᠷᠬᠡ ᠬᠢᠵᠠᠭᠠᠷᠯᠠᠯ ᠶᠤᠰᠤᠭᠠᠷ ᠬᠤᠲᠠ ᠪᠠᠯᠭᠠᠰᠤᠨ ᠤ ᠠᠶᠠᠨᠴᠢᠳ ᠤᠨ ᠵᠦᠭᠡᠭᠡᠪᠦᠷᠢ ᠶᠢᠨ ᠡᠵᠡᠩᠨᠡᠯᠲᠡ ᠶᠢᠨ ᠬᠠᠮᠢᠶᠠᠷᠤᠯᠲᠠ ᠶᠢ ᠬᠠᠷᠢᠭᠤᠴᠠᠵᠦ᠂ ᠬᠤᠲᠠ ᠪᠠᠯᠭᠠᠰᠤᠨ ᠤ ᠠᠶᠠᠨᠴᠢᠳ ᠤᠨ ᠵᠦᠭᠡᠭᠡᠪᠦᠷᠢ ᠶᠢᠨ ᠬᠠᠮᠢᠶᠠᠷᠤᠯᠲᠠ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ᠂ ᠳᠦᠷᠢᠮ ᠪᠠ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠬᠠᠮᠢᠶᠠᠷᠤᠯᠲᠠ ᠶᠢᠨ ᠡᠷᠬᠡ ᠬᠢᠵᠠᠭᠠᠷᠯᠠᠯ ᠶᠤᠰᠤᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠪᠦᠬᠦ ᠲᠤᠭᠤᠷᠢᠭ ᠤᠨ ᠭᠤᠤᠯᠳᠠᠯᠭ᠎ᠠ ᠲᠠᠢ ᠡᠳ᠋ ᠪᠠᠷᠠᠭ᠎ᠠ ᠵᠦᠭᠡᠭᠡᠪᠦᠷᠢᠯᠡᠬᠦ ᠪᠠ ᠠᠶᠠᠨᠴᠢᠳ᠂ ᠡᠳ᠋ ᠪᠠᠷᠠᠭ᠎ᠠ ᠵᠦᠭᠡᠭᠡᠪᠦᠷᠢᠯᠡᠬᠦ ᠪᠠᠴᠢᠮ ᠪᠠᠶᠢᠳᠠᠯ  ᠳᠤ ᠡᠵᠡᠮᠰᠢᠯ ᠲᠤᠬᠢᠷᠠᠭᠤᠯᠭ᠎ᠠ ᠭᠢᠬᠦ ᠶᠢ ᠬᠠᠷᠢᠭᠤᠴᠠᠨ᠎ᠠ᠃       ︵ᠳᠦᠷᠪᠠ︶ ᠪᠦᠬᠦ ᠲᠤᠭᠤᠷᠢᠭ ᠤᠨ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠮ ᠬᠠᠷᠢᠯᠴᠠᠭ᠎ᠠ ᠶᠢᠨ ᠪᠦᠳᠦᠭᠡᠨ ᠪᠠᠶᠢᠭᠤᠯᠤᠯᠲᠠ᠂ ᠠᠷᠠᠴᠢᠯᠠᠵᠦ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ᠂ ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠦᠯᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠵᠠᠮ ᠬᠠᠷᠢᠯᠴᠠᠭ᠎ᠠ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠨ ᠮᠦᠩᠭᠦ ᠪᠠ ᠪᠠᠷᠢᠯᠭ᠎ᠠ ᠶᠢᠨ ᠶᠠᠰᠦ ᠴᠢᠨᠡᠷ᠂ ᠠᠶᠤᠯᠭᠦᠢ ᠦᠢᠯᠡᠳᠪᠦᠷᠢᠯᠡᠯ ᠤᠨ ᠬᠢᠨᠡᠯᠲᠡ ᠬᠠᠮᠢᠶᠠᠷᠤᠯᠲᠠ ᠶᠢᠨ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠦᠭᠦᠭᠡᠷᠦᠮᠵᠢ ᠶᠢᠨ ᠬᠠᠮᠢᠶᠠᠷᠤᠯᠲᠠ ᠪᠠ ᠬᠠᠮᠠᠭᠠᠯᠠᠬᠤ ᠶᠢ ᠵᠢᠭᠠᠨ ᠵᠢᠯᠦᠭᠤᠳᠤᠨ᠎ᠠ᠃        ︵ᠲᠠᠪᠤ︶ ᠪᠦᠬᠦ ᠲᠤᠭᠤᠷᠢᠭ ᠤᠨ ᠵᠠᠮ ᠬᠠᠷᠢᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠤᠭᠲᠠᠮᠡᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠬᠡᠪᠴᠢᠶ᠎ᠡ ᠪᠠ ᠴᠢᠭᠯᠡᠯ ᠢ ᠰᠤᠳᠤᠯᠤᠨ ᠳᠤᠷᠠᠳᠤᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠪᠠ ᠬᠤᠩᠱᠠᠨ ᠲᠤᠭᠤᠷᠢᠭ ᠤᠨ ᠲᠦᠯᠦᠪᠵᠢᠭᠦᠯᠭᠡ ᠳᠤᠲᠤᠷᠠᠬᠢ ᠪᠠ ᠤᠨ ᠤ ᠲᠦᠯᠦᠪᠯᠡᠭᠡ ᠶᠢᠨ ᠬᠡᠪᠴᠢᠶ᠎ᠡ ᠳᠤᠲᠤᠷᠠᠬᠢ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠲᠦᠷᠦᠯ ᠵᠦᠢᠯ ᠢ ᠬᠢᠨᠡᠨ ᠵᠦᠪᠰᠢᠶᠡᠷᠡᠵᠦ ᠬᠠᠷᠭᠤᠭᠤᠯᠤᠨ᠎ᠠ᠃       ︵ᠵᠢᠷᠭᠤᠭ᠎ᠠ︶ ᠵᠠᠮ ᠬᠠᠷᠢᠯᠴᠠᠭ᠎ᠠ ᠶᠢᠨ ᠦᠢᠯᠡᠰ ᠲᠤ ᠬᠡᠷᠡᠭᠯᠡᠬᠦ ᠡᠳ᠋ ᠤᠨ ᠵᠠᠰᠠᠭ ᠤᠨ ᠴᠢᠨᠡᠷᠲᠡᠢ ᠪᠡᠯᠨ ᠮᠦᠩᠭᠦ ᠪᠠ ᠲᠤᠰᠬᠠᠢ ᠲᠦᠷᠦᠯ ᠤᠨ ᠪᠡᠯᠨ ᠮᠦᠩᠭᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠶᠢᠨ ᠲᠤᠬᠠᠢ ᠰᠠᠨᠠᠭᠤᠯᠭ᠎ᠠ ᠰᠤᠳᠤᠯᠤᠨ ᠳᠤᠷᠠᠳᠤᠨ᠎ᠠ︔ ᠵᠠᠮ ᠬᠠᠷᠢᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ  ᠤᠨ ᠲᠤᠳᠤᠭᠠᠳᠦ ᠬᠢᠨᠡᠨ ᠪᠤᠳᠤᠯᠲᠠ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠬᠠᠮᠢᠶ᠎ᠠ ᠪᠦᠭᠦᠢ ᠵᠠᠮ ᠬᠠᠷᠢᠯᠴᠠᠭ᠎ᠠ ᠶᠢᠨ ᠲᠤᠭᠲᠠᠭᠠᠯ ᠰᠦᠢᠳᠬᠡᠯ ᠤᠨ ᠲᠦᠷᠦ ᠶᠢᠨ ᠪᠤᠳᠤᠯᠭ᠎ᠠ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠬᠠᠮᠢᠶ᠎ᠠ ᠪᠦᠭᠦᠢ ᠡᠳ᠋ ᠤᠨ ᠵᠠᠰᠠᠭ᠂ ᠭᠠᠵᠠᠷ ᠰᠢᠷᠦᠢ᠂ ᠦᠨ᠎ᠡ ᠵᠡᠷᠭᠡ ᠲᠡᠯ᠎ᠡ  ᠶᠢᠨ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ᠃          ︵ᠳᠤᠯᠤᠭ᠎ᠠ︶ ᠤᠰᠤᠨ ᠵᠠᠮ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠮᠠᠭᠠᠯᠠᠯᠲᠠ  ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ ᠪᠦᠬᠦ ᠲᠤᠭᠤᠷᠢᠭ ᠤᠨ ᠤᠰᠤᠨ ᠳᠡᠭᠡᠷᠡᠬᠢ ᠵᠠᠮ ᠬᠠᠷᠢᠯᠴᠠᠭ᠎ᠠ ᠶᠢᠨ ᠠᠮᠤᠷ ᠲᠦᠪᠰᠢᠨ ᠢ ᠬᠢᠨᠡᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠳᠡᠭᠡᠷᠡᠬᠢ ᠵᠠᠮ ᠬᠠᠷᠢᠯᠴᠠᠭ᠎ᠠ  ᠶᠢ ᠬᠢᠨᠡᠨ ᠬᠠᠮᠢᠶᠠᠷᠬᠤ᠂ ᠤᠩᠭᠤᠴᠠ ᠰᠡᠯ ᠵᠢᠴᠢ ᠬᠠᠮᠢᠶ᠎ᠠ ᠪᠦᠭᠦᠢ ᠤᠰᠤᠨ ᠳᠡᠭᠡᠷᠡᠬᠢ ᠲᠦᠭᠦᠭᠡᠷᠦᠮᠵᠢ ᠶᠢ ᠰᠢᠯᠭᠠᠨ ᠪᠠᠶᠢᠴᠠᠭᠠᠬᠤ᠂ ᠳᠠᠩᠰᠠᠯᠠᠬᠤ ᠪᠠ ᠪᠤᠬᠢᠷᠳᠦᠯ ᠢ ᠰᠡᠷᠭᠡᠶᠢᠯᠡᠬᠦ᠂ ᠠᠪᠤᠷᠠᠨ ᠲᠤᠰᠠᠯᠠᠵᠦ ᠱᠦᠭᠦᠭᠦ᠂ ᠴᠢᠮᠡᠭᠡ ᠨᠡᠪᠳᠡᠷᠡᠭᠦᠯᠭᠡ ᠶᠢᠨ ᠵᠢᠯᠦᠭᠤᠳᠤᠮᠵᠢ᠂ ᠤᠩᠭᠤᠴᠠ ᠰᠡᠯ ᠪᠠ ᠭᠠᠷᠠᠮ ᠤᠨ ᠲᠦᠭᠦᠭᠡᠷᠦᠮᠵᠢ ᠶᠢᠨ ᠠᠮᠤᠷ ᠢ ᠬᠠᠮᠠᠭᠠᠯᠠᠬᠤ ᠵᠢᠴᠢ ᠠᠶᠤᠯᠳᠦ ᠪᠤᠳᠠᠰ ᠢ ᠵᠦᠭᠡᠭᠡᠪᠦᠷᠢᠯᠡᠬᠦ ᠳᠤ ᠬᠢᠨᠡᠯᠲᠡ ᠬᠠᠮᠢᠶᠠᠷᠤᠯᠲᠠ ᠶᠠᠪᠤᠭᠤᠯᠬᠤ ᠵᠡᠷᠭᠡ ᠠᠵᠢᠯ ᠢ ᠬᠠᠷᠢᠭᠤᠴᠠᠨ᠎ᠠ︔ ᠤᠩᠭᠤᠴᠠᠴᠢᠨ ᠤ ᠬᠠᠮᠢᠶ᠎ᠠ ᠪᠦᠭᠦᠢ ᠠᠵᠢᠯ ᠢ ᠬᠠᠷᠢᠭᠤᠴᠠᠨ᠎ᠠ᠃       ︵ᠨᠠᠢᠮᠨ︶ ᠪᠦᠬᠦ ᠲᠤᠭᠤᠷᠢᠭ ᠤᠨ ᠵᠠᠮ ᠬᠠᠷᠢᠯᠴᠠᠭᠠᠨ ᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ ᠠᠳᠡᠭᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠵᠦ ᠤᠷᠤᠯᠴᠠᠨ᠎ᠠ᠃              ︵ᠶᠢᠰᠦ︶ ᠪᠦᠬᠦ ᠲᠤᠭᠤᠷᠢᠭ ᠤᠨ ᠵᠠᠰᠠᠮᠠᠯ ᠵᠠᠮ ᠤᠨ ᠲᠤᠤᠷ ᠤᠨ ᠡᠷᠬᠢᠯᠲᠡ ᠶᠢᠨ ᠪᠠᠶᠢᠳᠠᠯ ᠢ ᠬᠢᠨᠡᠨ ᠬᠡᠮᠵᠢᠬᠦ ᠪᠠ ᠵᠤᠬᠢᠴᠠᠭᠤᠯᠬᠤ ᠶᠢ ᠬᠠᠷᠢᠭᠤᠴᠠᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠤᠷᠠᠭ ᠵᠠᠩᠬᠢᠴᠢᠯᠠᠭᠰᠡᠨ ᠪᠦᠳᠦᠭᠡᠨ ᠪᠠᠶᠢᠭᠤᠯᠤᠯᠲᠠ ᠶᠢ ᠵᠢᠭᠠᠨ ᠵᠢᠯᠦᠭᠤᠳᠴᠤ᠂ ᠡᠷᠬᠢᠯᠲᠠ ᠶᠢᠨ ᠪᠠᠶᠢᠳᠠᠯ ᠢ ᠬᠢᠨᠡᠨ ᠬᠡᠮᠵᠢᠵᠦ ᠵᠠᠳᠠᠯᠤᠨ ᠰᠢᠨᠵᠢᠯᠡᠵᠦ᠂ ᠬᠠᠮᠢᠶ᠎ᠠ ᠪᠦᠭᠦᠢ ᠪᠦᠷᠢᠳᠬᠡᠯ ᠤᠨ ᠠᠵᠢᠯ ᠢ ᠦᠷᠨᠢᠭᠦᠯᠵᠦ᠂ ᠬᠠᠮᠢᠶ᠎ᠠ ᠪᠦᠭᠦᠢ ᠰᠤᠷᠠᠭ ᠵᠠᠩᠬᠢ ᠶᠢ ᠨᠡᠶᠢᠳᠡᠯᠡᠨ᠎ᠡ︔ ᠵᠠᠮ ᠬᠠᠷᠢᠯᠴᠠᠭᠠᠨ ᠤ ᠠᠵᠢᠯ ᠲᠦᠷᠦᠯ ᠤᠨ ᠤᠷᠴᠢᠨ ᠲᠤᠭᠤᠷᠢᠨ ᠤ ᠬᠠᠮᠠᠭᠠᠯᠠᠯᠲᠠ ᠪᠠ ᠡᠨᠧᠷᠬᠢ ᠠᠷᠪᠢᠯᠠᠵᠦ ᠪᠤᠬᠢᠷᠳᠦᠯ ᠢ ᠭᠠᠳᠠᠭᠰᠢᠯᠠᠭᠤᠯᠬᠤ ᠠᠵᠢᠯ ᠢ ᠵᠢᠭᠠᠨ ᠵᠢᠯᠦᠭᠤᠳᠤᠨ᠎ᠠ᠃       ︵ᠠᠷᠪᠠ︶ ᠬᠤᠩᠱᠠᠨ ᠲᠤᠭᠤᠷᠢᠭ ᠤᠨ ᠵᠠᠮ ᠬᠠᠷᠢᠯᠴᠠᠭ᠎ᠠ ᠳᠠᠶᠢᠨ ᠤ ᠪᠡᠯᠡᠳᠬᠡᠯ ᠤᠨ ᠠᠯᠪᠠᠨ ᠭᠡᠷ ᠤᠨ ᠡᠳᠦᠷ ᠳᠤᠳᠤᠮ ᠤᠨ ᠠᠵᠢᠯ ᠪᠠ ᠤᠯᠤᠰ ᠤᠨ ᠪᠠᠳᠤᠯᠠᠨ ᠬᠠᠮᠠᠭᠠᠯᠠᠯᠲᠠ ᠶᠢᠨ ᠵᠦᠪᠯᠡᠯ ᠤᠨ ᠬᠠᠮᠢᠶ᠎ᠠ ᠪᠦᠭᠦᠢ ᠠᠵᠢᠯ ᠢ ᠡᠭᠦᠷᠭᠡᠯᠡᠨ᠎ᠡ᠃       ︵ᠠᠷᠪᠠᠨ ᠨᠢᠭᠡ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠡᠷᠡᠭ ᠤᠴᠢᠷ ᠢ ᠡᠭᠦᠷᠭᠡᠯᠡᠨ ᠭᠦᠢᠴᠡᠳᠬᠡᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号