ᠠᠶᠤᠯᠭᠦᠢ ᠦᠢᠯᠡᠳᠪᠦᠷᠢᠯᠡᠯ ᠳᠤ ᠬᠢᠨᠡᠯᠲᠡ ᠲᠠᠯᠪᠢᠬᠤ ᠲᠤᠪᠴᠢᠶ᠎ᠠ
ᠨᠡᠶᠢᠲᠡᠯᠡᠭᠰᠡᠨ ᠴᠠᠭ᠄
2016-06-07
                                      ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠮᠡᠨ ᠤ ᠲᠤᠭᠤᠷᠢᠭ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠠᠷᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠲᠦᠯᠦᠪᠵᠢᠭᠦᠯᠭᠡ ᠶᠢ ᠲᠤᠭᠲᠠᠭᠠᠵᠦ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠲᠤᠰᠬᠠᠢ ᠲᠦᠷᠦᠯ ᠤᠨ ᠱᠠᠭᠠᠷᠳᠠᠨ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ᠎ᠠ︔ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠢᠨᠵᠢᠯᠡᠵᠦ ᠤᠷᠢᠳᠴᠢᠯᠡᠨ ᠵᠢᠱᠢᠵᠦ᠂ ᠠᠶᠤᠯᠭᠦᠢ ᠦᠢᠯᠡᠳᠪᠦᠷᠢᠯᠡᠯ ᠤᠨ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃       ︵ᠬᠤᠶᠠᠷ︶ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠭᠡᠶᠢᠯᠡᠭᠰᠡᠨ ᠬᠢᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠶᠡᠷᠦᠩᠭᠡᠶᠢᠯᠡᠭᠰᠡᠨ ᠬᠢᠨᠡᠯᠲᠡ ᠬᠠᠮᠢᠶᠠᠷᠤᠯᠲᠠ ᠶᠢᠨ ᠡᠷᠬᠡ ᠬᠠᠷᠢᠭᠤᠴᠠᠯᠭ᠎ᠠ ᠶᠢ ᠬᠠᠤᠯᠢ ᠶᠤᠰᠤᠭᠠᠷ ᠶᠠᠪᠤᠭᠤᠯᠤᠨ᠎ᠠ︔ ᠲᠤᠭᠤᠷᠢᠭ ᠤᠨ ᠬᠠᠮᠢᠶ᠎ᠠ ᠪᠦᠭᠦᠢ ᠰᠠᠯᠠᠭ᠎ᠠ ᠮᠦᠴᠢᠷ ᠪᠠ ᠪᠠᠯᠭᠠᠰᠤ᠂ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠬᠢᠨᠡᠯᠲᠡ ᠲᠠᠯᠪᠢᠨ ᠪᠠᠶᠢᠴᠠᠭᠠᠵᠦ᠂ ᠵᠢᠭᠠᠨ ᠵᠢᠯᠦᠭᠤᠳᠤᠨ ᠵᠤᠬᠢᠴᠠᠭᠤᠯᠤᠨ᠎ᠠ︔ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠢ ᠡᠵᠡᠮᠳᠡᠨ ᠰᠢᠯᠭᠠᠬᠤ ᠬᠠᠷᠠᠯᠲᠠ ᠶᠢ ᠲᠤᠭᠲᠠᠭᠠᠬᠤ ᠪᠠ ᠵᠠᠳᠠᠯᠤᠨ ᠨᠡᠶᠢᠳᠡᠪᠦᠷᠢᠵᠢᠭᠤᠯᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠵᠦ᠂ ᠤᠨ ᠵᠢᠯ ᠢᠶᠠᠷ ᠬᠢᠨᠡᠨ ᠰᠢᠯᠭᠠᠬᠤ ᠪᠠ ᠪᠠᠶᠢᠴᠠᠭᠠᠨ᠎ᠠ᠃            ︵ᠭᠤᠷᠪᠠ︶ ᠠᠶᠤᠯᠭᠦᠢ ᠦᠢᠯᠡᠳᠪᠦᠷᠢᠯᠡᠯ ᠤᠨ ᠰᠤᠷᠠᠭ ᠵᠠᠩᠬᠢ ᠶᠢ ᠨᠡᠶᠢᠳᠡᠯᠡᠬᠦ ᠶᠢ ᠬᠠᠷᠢᠭᠤᠴᠠᠵᠦ᠂ ᠦᠢᠯᠡᠳᠪᠦᠷᠢᠯᠡᠯ ᠤᠨ ᠬᠡᠷᠡᠭ ᠢ ᠲᠤᠬᠢᠷᠠᠭᠤᠯᠤᠨ ᠪᠦᠷᠢᠳᠬᠡᠨ ᠰᠢᠨᠵᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠶᠡᠷᠦᠩᠭᠡᠶᠢᠯᠡᠨ ᠬᠠᠮᠢᠶᠠᠷᠤᠨ᠎ᠠ᠃ ᠲᠤᠭᠤᠷᠢᠭ ᠤᠨ ᠠᠷᠠᠳ ᠤᠨ ᠵᠠᠰᠠᠭ  ᠤᠨ ᠤᠷᠳᠤᠨ ᠤ ᠤᠯᠭᠤᠭᠰᠡᠨ ᠡᠷᠬᠡ ᠶᠢ ᠦᠨᠳᠦᠰᠦᠯᠡᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠬᠡᠷᠡᠭ ᠢ ᠰᠢᠢᠳᠪᠦᠷᠢᠯᠡᠨ ᠳᠠᠭᠤᠰᠬᠠᠬᠤ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ᠎ᠠ︔ ᠰᠠᠯᠠᠭ᠎ᠠ ᠮᠦᠴᠢᠷ ᠤᠨ ᠵᠤᠬᠢᠶᠠᠨ ᠪᠠᠶᠢᠭᠤᠯᠤᠯᠲᠠ ᠠᠴᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠨ ᠴᠤᠬᠤᠯᠠᠪᠦᠷᠢᠯᠡᠭᠤᠯᠬᠤ ᠴᠢᠬᠤᠯᠠᠲᠠᠢ ᠦᠢᠯᠡᠳᠪᠦᠷᠢᠯᠡᠯ ᠤᠨ ᠠᠮᠤᠷ ᠲᠦᠪᠰᠢᠨ ᠬᠡᠷᠡᠭ ᠤᠨ ᠪᠠᠶᠢᠴᠠᠭᠠᠭᠰᠡᠨ ᠮᠡᠳᠡᠭᠦᠯᠦᠯᠲᠠ ᠳᠤ ᠬᠢᠨᠡᠨ ᠪᠠᠶᠢᠴᠠᠭᠠᠭᠰᠡᠨ ᠰᠠᠨᠠᠯ ᠳᠤᠷᠠᠳᠴᠤ᠂ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠡᠶᠢᠳᠡᠪᠦᠷᠢᠵᠢᠭᠤᠯᠤᠭᠰᠡᠨ ᠪᠠᠶᠢᠳᠠᠯ ᠳᠤ ᠬᠢᠨᠡᠯᠲᠡ ᠲᠠᠯᠪᠢᠨ᠎ᠠ ︔ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠠᠵᠢᠯ ᠢ ᠵᠢᠭᠠᠨ ᠵᠢᠯᠦᠭᠤᠳᠴᠤ᠂ ᠦᠢᠯᠡᠳᠪᠦᠷᠢᠯᠡᠯ ᠤᠨ ᠠᠶᠤᠯᠭᠦᠢ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠠᠵᠢᠯ ᠢ ᠵᠤᠬᠢᠴᠠᠭᠤᠯᠤᠨ᠎ᠠ᠃       ︵ᠳᠦᠷᠪᠡ︶ ᠬᠠᠷᠢᠭᠤᠴᠠᠯᠭ᠎ᠠ ᠶᠢᠨ ᠬᠡᠪᠴᠢᠶᠡᠨ ᠳᠠᠬᠢ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠵᠦ ᠠᠬᠤᠶᠢᠯᠡᠯ ᠪᠠ ᠠᠶᠤᠯᠲᠡᠢ ᠬᠢᠮᠢ ᠶᠢᠨ ᠡᠳ᠋᠂ ᠫᠤᠤᠵᠢᠩ ᠦᠢᠯᠡᠳᠪᠦᠷᠢᠯᠡᠬᠦ ᠠᠵᠦ ᠠᠬᠤᠶᠢᠯᠡᠯ ᠤᠨ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠯ ᠤᠨ ᠠᠵᠢᠯ ᠢ ᠬᠠᠤᠯᠢ ᠶᠤᠰᠤᠭᠠᠷ ᠡᠭᠦᠷᠭᠡᠯᠡᠨ᠎ᠡ᠃ ᠠᠶᠤᠯᠲᠠᠢ ᠬᠢᠮᠢ ᠶᠢᠨ ᠡᠳ᠋᠂ ᠫᠤᠤᠵᠢᠩ ᠪᠠ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠳᠤ ᠶᠡᠷᠦᠩᠭᠡᠶᠢᠯᠡᠭᠰᠡᠨ ᠬᠢᠨᠡᠯᠲᠡ ᠬᠠᠮᠢᠶᠠᠷᠤᠯᠲᠠ ᠶᠠᠪᠤᠭᠤᠯᠬᠤ ᠠᠵᠢᠯ ᠢ ᠬᠠᠷᠢᠭᠤᠴᠠᠨ᠎ᠠ᠃      ︵ᠲᠠᠪᠤ︶ ᠠᠶᠤᠯᠭᠦᠢ ᠦᠢᠯᠡᠳᠪᠦᠷᠢᠯᠡᠯ ᠢ ᠰᠢᠯᠭᠠᠨ ᠬᠡᠮᠵᠢᠵᠦ ᠰᠢᠯᠭᠠᠨ ᠪᠠᠶᠢᠴᠠᠭᠠᠬᠤ ᠠᠵᠢᠯ ᠢ ᠵᠢᠭᠠᠨ ᠵᠢᠯᠦᠭᠤᠳᠴᠤ᠂ ᠠᠶᠤᠯᠭᠦᠢ ᠦᠢᠯᠡᠳᠪᠦᠷᠢᠯᠡᠯ ᠤᠨ ᠨᠡᠶᠢᠭᠡᠮ ᠤᠨ ᠵᠠᠭᠤᠴᠢ ᠪᠠᠶᠢᠭᠤᠯᠤᠮᠵᠢ ᠪᠠ ᠠᠮᠤᠷ ᠲᠦᠪᠰᠢᠨ ᠢ ᠦᠨᠡᠯᠡᠨ ᠰᠢᠯᠭᠠᠬᠤ ᠠᠵᠢᠯ ᠳᠤ ᠬᠢᠨᠡᠯᠲᠡ ᠬᠠᠮᠢᠶᠠᠷᠤᠯᠲᠠ ᠶᠠᠪᠤᠭᠤᠯᠤᠨ᠎ᠠ᠃      ︵ᠵᠢᠷᠭᠤᠭ᠎ᠠ︶ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠭᠦᠮᠦᠵᠢᠯ ᠤᠨ ᠠᠵᠢᠯ ᠢ ᠵᠤᠬᠢᠶᠠᠨ ᠪᠠᠶᠢᠭᠤᠯᠤᠨ ᠵᠢᠯᠦᠭᠤᠳᠴᠤ᠂ ᠤᠨᠴᠠ ᠲᠦᠷᠦᠯ ᠤᠨ ᠠᠵᠢᠯ ᠤᠨ ᠭᠦᠮᠦᠰ ᠢ ᠪᠤᠯᠪᠠᠰᠤᠷᠠᠭᠤᠯᠬᠤ᠂ ᠰᠢᠯᠭᠠᠨ ᠪᠠᠶᠢᠴᠠᠭᠠᠬᠤ ᠠᠵᠢᠯ ᠪᠠ ᠠᠵᠦ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠤᠯ ᠬᠠᠷᠢᠭᠤᠴᠠᠯᠭᠠᠲᠡᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠭᠴᠢ ᠶᠢᠨ ᠠᠶᠤᠯᠭᠦᠢ ᠦᠢᠯᠡᠳᠪᠦᠷᠢᠯᠡᠯ ᠤᠨ ᠬᠢᠷᠢ ᠭᠡᠮ ᠤᠨ ᠪᠤᠯᠪᠠᠰᠤᠷᠠᠭᠤᠯᠤᠯ᠂ ᠬᠢᠨᠡᠨ ᠰᠢᠯᠭᠠᠬᠤ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠵᠢᠭᠠᠨ ᠵᠢᠯᠦᠭᠤᠳᠬᠤ ᠶᠢᠨ ᠬᠠᠮᠳᠦ ᠬᠢᠨᠡᠯᠲᠡ ᠲᠠᠯᠪᠢᠵᠦ᠂ ᠠᠵᠦ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠪᠤᠯᠪᠠᠰᠤᠷᠠᠭᠤᠯᠤᠯ ᠤᠨ ᠠᠵᠢᠯ ᠢ ᠬᠢᠨᠡᠯᠲᠠ ᠲᠠᠯᠪᠢᠨ ᠪᠠᠶᠢᠴᠠᠭᠠᠨ᠎ᠠ᠃              ︵ᠳᠤᠯᠤᠭ᠎ᠠ︶ ᠬᠠᠷᠢᠭᠤᠴᠠᠯᠭ᠎ᠠ ᠶᠢᠨ ᠬᠡᠪᠴᠢᠶᠡᠨ ᠳᠤᠳᠤᠷᠠᠬᠢ ᠠᠵᠦ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠠᠵᠦ ᠠᠬᠤᠶᠢᠯᠡᠯ ᠤᠨ ᠠᠶᠤᠯᠭᠦᠢ ᠦᠢᠯᠡᠳᠪᠦᠷᠢᠯᠡᠯ ᠤᠨ ᠬᠢᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠳᠡᠰ ᠬᠤᠪᠢᠶᠠᠨ ᠬᠠᠷᠢᠶᠠᠯᠠᠭᠳᠠᠬᠤ ᠭᠠᠵᠠᠷ ᠤᠨ ᠵᠠᠷᠴᠢᠮ ᠶᠤᠰᠤᠭᠠᠷ᠂ ᠠᠵᠦ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ ᠲᠡᠭᠦᠨ ᠤ ᠠᠶᠤᠯᠭᠦᠢ ᠦᠢᠯᠡᠳᠪᠦᠷᠢᠯᠡᠯ ᠶᠢᠨ ᠨᠦᠭᠦᠴᠡᠯ ᠪᠠ ᠬᠠᠮᠢᠶ᠎ᠠ ᠪᠦᠭᠦᠢ ᠲᠦᠭᠦᠭᠡᠷᠦᠮᠵᠢ ︵ᠤᠨᠴᠠ ᠲᠦᠷᠦᠯ ᠤᠨ ᠲᠦᠭᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠡᠯ᠂ ᠭᠦᠳᠡᠯᠮᠦᠷᠢᠯᠡᠭᠴᠢᠳ ᠤᠨ ᠰᠡᠷᠭᠡᠶᠢᠯᠡᠨ ᠬᠠᠮᠠᠭᠠᠯᠠᠬᠤ ᠡᠳ᠋ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠤᠰᠤᠭᠠᠷ ᠬᠢᠨᠡᠯᠲᠡ ᠲᠠᠯᠪᠢᠨ᠎ᠠ᠃       ︵ᠨᠠᠢᠮᠨ︶ ᠰᠢᠨ᠎ᠡ ᠪᠠᠶᠢᠭᠤᠯᠤᠭᠰᠡᠨ᠂ ᠦᠭᠡᠷᠡᠴᠢᠯᠡᠨ ᠪᠠᠶᠢᠭᠤᠯᠤᠭᠰᠡᠨ᠂ ᠦᠷᠭᠡᠳᠬᠡᠨ ᠪᠠᠶᠢᠭᠤᠯᠤᠭᠰᠡᠨ ᠢᠨᠵᠧᠨᠧᠷᠢᠩ ᠤᠨ ᠲᠦᠷᠦᠯ ᠵᠦᠢᠯ ᠤᠨ ᠠᠶᠤᠯᠭᠦᠢ ᠲᠦᠭᠦᠭᠡᠷᠦᠮᠵᠢ ᠪᠠ ᠭᠤᠤᠯ ᠴᠤᠭᠴᠠᠳᠦ ᠪᠠᠷᠢᠯᠭ᠎ᠠ ᠶᠢ ᠵᠡᠷᠭᠡᠪᠡᠷ ᠲᠦᠯᠦᠪᠯᠡᠬᠦ᠂ ᠵᠡᠷᠭᠡᠪᠡᠷ ᠠᠵᠢᠯ ᠡᠬᠢᠯᠡᠭᠦᠯᠬᠦ᠂ ᠵᠡᠷᠭᠡᠪᠡᠷ ᠠᠰᠢᠭᠯᠠᠯᠲᠠ ᠳᠤ ᠤᠷᠤᠭᠤᠯᠤᠨ ᠬᠡᠷᠡᠭᠯᠡᠬᠦ ᠪᠠᠶᠢᠳᠠᠯ ᠳᠤ ᠬᠠᠤᠯᠢ ᠶᠤᠰᠤᠭᠠᠷ ᠬᠢᠨᠡᠯᠲᠡ ᠪᠠᠶᠢᠴᠠᠭᠠᠯᠲᠠ ᠬᠢᠵᠦ᠂ ᠬᠠᠮᠢᠶ᠎ᠠ ᠪᠦᠭᠦᠢ ᠲᠤᠭᠲᠠᠭᠠᠯ ᠶᠤᠰᠤᠭᠠᠷ ᠪᠦᠳᠦᠭᠡᠨ ᠪᠠᠶᠢᠭᠤᠯᠬᠤ ᠲᠦᠷᠦᠯ ᠵᠦᠢᠯ ᠤᠨ ᠠᠶᠤᠯᠭᠦᠢ ᠲᠦᠭᠦᠭᠡᠷᠦᠮᠵᠢ ᠶᠢ ᠬᠢᠨᠡᠨ ᠪᠠᠶᠢᠴᠠᠭᠠᠵᠦ ᠰᠢᠯᠭᠠᠨ ᠠᠪᠬᠤ ᠭᠠᠷ ᠭᠦᠢᠴᠡᠳᠬᠡᠯ ᠢ ᠭᠦᠢᠴᠡᠳᠬᠡᠨ᠎ᠡ᠃ ᠴᠢᠬᠤᠯᠨ ᠶᠡᠭᠡ ᠠᠶᠤᠯ ᠳᠦᠭᠰᠢᠭᠦᠷᠢ ᠶᠢᠨ ᠡᠬᠢ ᠢᠷᠡᠯᠲᠡ ᠶᠢᠨ ᠬᠢᠨᠡᠨ ᠡᠵᠡᠮᠳᠡᠯ᠂ ᠴᠢᠬᠤᠯᠨ ᠶᠡᠭᠡ ᠬᠡᠷᠭ ᠤᠴᠢᠷ ᠤᠨ ᠳᠠᠯᠳᠠ ᠭᠡᠮ ᠢ ᠦᠭᠡᠷᠡᠴᠢᠯᠡᠨ ᠵᠠᠰᠠᠬᠤ ᠠᠵᠢᠯ ᠢ ᠬᠢᠨᠡᠯᠲᠡ ᠲᠠᠯᠪᠢᠨ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠨᠦᠭᠦᠴᠡᠯ ᠢ ᠪᠦᠷᠢᠯᠳᠦᠭᠦᠯᠬᠦ ᠦᠭᠡᠢ ᠠᠵᠦ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ      ︵ᠶᠢᠰᠦ︶ ᠠᠵᠦ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠠᠵᠢᠯᠯᠠᠵᠦ ᠪᠠᠶᠢᠭ᠎ᠠ ᠲᠠᠯᠠᠪᠤᠷ ( ᠨᠡᠭᠦᠷᠡᠰᠦᠨ ᠠᠭᠤᠷᠬᠠᠢ ᠶᠢᠨ ᠠᠵᠢᠯᠯᠠᠵᠦ ᠪᠠᠶᠢᠭ᠎ᠠ ᠲᠠᠯᠠᠪᠤᠷ ᠠᠴᠠ ᠭᠠᠳᠠᠨ᠎ᠠ︶ ᠤᠨ ᠲᠤᠬᠠᠶᠢᠯᠠᠭᠰᠡᠨ ᠠᠵᠢᠯ ᠤᠨ ᠡᠷᠡᠭᠦᠯ ᠬᠠᠮᠠᠭᠠᠯᠠᠯ ᠳᠤ ᠬᠢᠨᠡᠯᠲᠡ ᠲᠠᠯᠪᠢᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤᠴᠠᠯᠭ᠎ᠠ ᠶᠢᠨ ᠬᠡᠪᠴᠢᠶᠡᠨ ᠳᠤᠳᠤᠷᠠᠬᠢ ᠲᠤᠬᠠᠶᠢᠯᠠᠭᠰᠡᠨ ᠠᠵᠢᠯ ᠤᠨ ᠡᠷᠡᠭᠦᠯ ᠬᠠᠨᠮᠠᠭᠠᠯᠠᠯ ᠤᠨ ᠠᠶᠤᠯᠭᠦᠢ ᠵᠠᠰᠠᠭ ᠵᠠᠬᠢᠷᠭᠠᠨ ᠤ ᠵᠠᠬᠢᠷᠭᠠᠨ ᠤ ᠬᠢᠨᠡᠨ ᠵᠦᠪᠰᠢᠶᠡᠷᠡᠯ ᠤᠨ ᠠᠵᠢᠯ ᠢ ᠬᠠᠷᠢᠭᠤᠴᠠᠵᠦ᠂ ᠲᠤᠬᠠᠶᠢᠯᠠᠭᠰᠡᠨ ᠠᠵᠢᠯ ᠤᠨ ᠠᠶᠤᠯᠲᠠᠢ ᠬᠡᠷᠡᠭ ᠪᠠ ᠬᠠᠤᠯᠢ ᠳᠦᠷᠢᠮ ᠢ ᠵᠦᠷᠢᠴᠡᠭᠰᠠᠡ ᠠᠵᠢᠯᠯᠠᠭᠠᠨ ᠢ ᠵᠤᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃       ︵ᠠᠷᠪᠠ︶ ᠠᠶᠤᠯᠭᠦᠢ ᠦᠢᠯᠡᠳᠪᠦᠷᠢᠯᠡᠯ ᠤᠨ ᠰᠢᠨᠵᠢᠯᠡᠭᠡ ᠮᠡᠷᠭᠡᠵᠢᠯ ᠤᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠠᠶᠤᠯᠭᠦᠢ ᠦᠢᠯᠡᠳᠪᠦᠷᠢᠯᠡᠯ ᠤᠨ ᠰᠢᠨᠵᠢᠯᠡᠭᠡ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠵᠢᠱᠢᠶ᠎ᠠ ᠦᠵᠡᠭᠦᠯᠦᠨ ᠳᠡᠯᠭᠡᠷᠡᠭᠦᠯᠬᠦ ᠠᠵᠢᠯ ᠢ ᠵᠤᠬᠢᠶᠠᠨ ᠪᠠᠶᠢᠭᠤᠯᠤᠨ ᠵᠢᠭᠠᠨ ᠵᠢᠯᠦᠭᠤᠳᠬᠤ ᠪᠠ ᠵᠤᠬᠢᠴᠠᠭᠤᠯᠤᠨ᠎ᠠ᠃               ︵ᠠᠷᠪᠠᠨ ᠨᠢᠭᠡ︶ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ᠂ ᠪᠦᠬᠦ ᠲᠤᠭᠤᠷᠢᠭ ᠤᠨ ᠨᠡᠭᠦᠷᠡᠰᠦᠨ ᠤ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠬᠠᠷᠢᠥᠭᠤᠴᠠᠨ᠎ᠠ᠃       ︵ᠠᠷᠪᠠᠨ ᠬᠤᠶᠠᠷ︶ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ  ᠤᠨ ᠡᠳᠦᠷ ᠲᠤᠳᠤᠮ ᠤᠨ ᠠᠵᠢᠯ ᠢ ᠡᠭᠦᠷᠭᠡᠯᠡᠨ᠎ᠡ᠃       ︵ᠠᠷᠪᠠᠨ ᠭᠤᠷᠪᠠ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠬᠠᠮᠢᠶᠠᠷᠤᠨ ᠬᠢᠨᠡᠯᠲᠠ ᠲᠠᠯᠪᠢᠬᠤ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠡᠷᠡᠭ ᠤᠴᠢᠷ ᠢ ᠡᠭᠦᠷᠭᠡᠯᠡᠨ ᠭᠦᠢᠴᠡᠳᠬᠡᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号