ᠤᠰᠤᠨ ᠠᠰᠢᠭᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2016-06-08
                                      ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠤᠰᠤᠨ ᠤ ᠡᠬᠢ ᠪᠠᠶᠠᠯᠢᠭ ᠢ ᠵᠤᠬᠢᠰᠲᠡᠢ ᠨᠡᠭᠡᠭᠡᠨ ᠭᠦᠭᠵᠢᠭᠦᠯᠵᠦ ᠠᠰᠢᠭᠯᠠᠬᠤ ᠪᠠᠳᠤᠯᠠᠭ᠎ᠠ ᠶᠢ ᠬᠠᠷᠢᠭᠤᠴᠠᠵᠦ᠂ ᠪᠦᠬᠦ ᠲᠤᠭᠤᠷᠢᠭ ᠤᠨ ᠤᠰᠤᠨ ᠠᠰᠢᠭᠯᠠᠯᠲᠠ᠂ ᠵᠢᠭᠠᠰᠤᠨ ᠦᠢᠯᠡᠰ ᠤᠨ ᠲᠦᠯᠦᠪᠵᠢᠭᠦᠯᠭᠡ ᠪᠠ ᠬᠡᠷᠡᠭᠵᠢᠭᠦᠯᠬᠦ ᠠᠷᠭ᠎ᠠ ᠶᠢ ᠲᠦᠯᠦᠪᠯᠡᠨ ᠲᠤᠭᠲᠠᠭᠠᠵᠦ᠂ ᠪᠦᠬᠦ ᠲᠤᠭᠤᠷᠢᠭ ᠤᠨ ᠴᠢᠬᠤᠯᠨ ᠭᠤᠤᠯ ᠮᠦᠷᠡᠨ ᠤ ᠤᠷᠤᠰᠬᠠᠯ ᠤᠨ ᠤᠷᠤᠨ ᠤ ᠶᠡᠷᠦᠩᠭᠡᠶᠢᠯᠡᠭᠰᠡᠨ ᠲᠦᠯᠦᠪᠵᠢᠭᠦᠯᠭᠡ᠂ ᠦᠶᠡᠷ ᠢ ᠰᠡᠷᠭᠡᠶᠢᠯᠡᠬᠦ ᠲᠦᠯᠦᠪᠵᠢᠭᠦᠯᠭᠡ ᠵᠡᠷᠭᠡ ᠴᠢᠬᠤᠯᠨ ᠶᠡᠭᠡ ᠤᠰᠤᠨ ᠠᠰᠢᠭᠯᠠᠯᠲᠠ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠡᠶᠢᠷᠡᠭᠤᠯᠤᠨ ᠲᠤᠭᠲᠠᠭᠠᠨ᠎ᠠ᠃ ᠲᠤᠭᠲᠠᠭᠠᠯ ᠶᠤᠰᠤᠭᠠᠷ ᠪᠦᠬᠦ ᠲᠤᠭᠤᠷᠢᠭ ᠤᠨ ᠴᠢᠨᠡᠷᠲᠡᠢ ᠤᠰᠤᠨ ᠠᠰᠢᠭᠯᠠᠯᠲᠠ ᠶᠢᠨ ᠪᠠᠷᠢᠯᠭ᠎ᠠ ᠪᠠᠶᠢᠭᠤᠯᠤᠯᠲᠠ ᠶᠢᠨ ᠬᠠᠮᠢᠶ᠎ᠠ ᠪᠦᠭᠦᠢ ᠳᠦᠷᠢᠮ ᠢ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠤᠰᠤᠨ ᠠᠰᠢᠭᠯᠠᠯᠲᠠ ᠶᠢᠨ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠴᠢᠭᠯᠡᠯ ᠪᠠ ᠬᠡᠪᠴᠢᠶ᠎ᠡ᠂ ᠳᠡᠭᠡᠳᠦ ᠱᠠᠳᠤ ᠪᠠ ᠲᠤᠭᠤᠷᠢᠭ ᠤᠨ ᠱᠠᠳᠤᠨ ᠤ ᠡᠳ᠋ ᠤᠨ ᠵᠠᠰᠠᠭ ᠤᠨ ᠴᠢᠨᠡᠷᠲᠡᠢ ᠪᠡᠯᠨ ᠮᠦᠩᠭᠦᠨ  ᠤ ᠲᠤᠬᠢᠷᠠᠭᠤᠯᠤᠯᠲᠠ ᠶᠢᠨ ᠰᠠᠨᠠᠯ ᠳᠤᠷᠠᠳᠬᠤ ᠶᠢ ᠬᠠᠷᠢᠭᠤᠴᠠᠵᠦ᠂ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠲᠦᠯᠦᠪᠵᠢᠭᠦᠯᠭᠡ ᠳᠤᠳᠤᠷᠡᠬᠢ ᠪᠠ ᠤᠨ ᠤ ᠲᠦᠯᠦᠪᠯᠡᠭᠡ ᠶᠢᠨ ᠬᠡᠪᠴᠢᠶᠡᠨ ᠳᠤᠳᠤᠷᠡᠬᠢ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠲᠦᠷᠦᠯ ᠵᠦᠢᠯ ᠢ ᠬᠢᠨᠡᠨ ᠵᠦᠪᠰᠢᠶᠡᠷᠡᠵᠦ ᠬᠢᠨᠡᠨ ᠬᠠᠷᠭᠤᠭᠤᠯᠤᠨ᠎ᠠ︔ ᠲᠤᠭᠤᠷᠢᠭ ᠤᠨ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠨ ᠮᠦᠩᠭᠦ ᠶᠢ ᠲᠤᠬᠢᠷᠠᠭᠤᠯᠬᠤ ᠰᠠᠨᠠᠭᠤᠯᠭ᠎ᠠ ᠳᠤᠷᠠᠳᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃            ︵ᠬᠤᠶᠠᠷ︶ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠢ ᠶᠢᠨ ᠤᠷᠴᠢᠨ ᠲᠤᠭᠤᠷᠢᠨ ᠳᠤ ᠬᠡᠷᠡᠭᠯᠡᠬᠦ ᠤᠰᠤ ᠶᠢ ᠨᠢᠭᠡᠳᠦᠯᠲᠡᠢ ᠲᠦᠯᠦᠪᠯᠡᠵᠦ ᠨᠡᠶᠢᠳᠡᠮ ᠬᠠᠷᠠᠭᠠᠯᠵᠠᠬᠤ ᠪᠠ ᠪᠠᠳᠤᠯᠠᠬᠤ ᠶᠢ ᠬᠠᠷᠢᠭᠤᠴᠠᠵᠦ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠢᠨᠡᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠲᠤᠭᠤᠷᠢᠭ ᠤᠨ ᠳᠤᠮᠳᠠ ᠤᠷᠲᠦ ᠬᠤᠭᠤᠴᠠᠭᠠᠨ ᠤ ᠤᠰᠤᠨ ᠤ ᠬᠠᠩᠭᠠᠯᠭ᠎ᠠ ᠬᠡᠷᠡᠭᠴᠡᠭᠡ ᠶᠢᠨ ᠲᠦᠯᠦᠪᠵᠢᠭᠦᠯᠭᠡ᠂ ᠤᠰᠤᠨ ᠬᠡᠮᠵᠢᠶ᠎ᠡ ᠶᠢᠨ ᠬᠤᠪᠢᠶᠠᠷᠢᠯᠡᠯᠲᠡ ᠶᠢᠨ ᠲᠦᠰᠦᠯ ᠢ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠤᠰᠤᠨ ᠤ ᠡᠬᠢ ᠪᠠᠶᠠᠯᠢᠭ ᠤᠨ ᠪᠠᠶᠢᠴᠠᠭᠠᠨ ᠰᠤᠳᠤᠯᠤᠯᠲᠠ ᠦᠨᠡᠯᠡᠯᠲᠡ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠦ᠂ ᠲᠤᠭᠲᠠᠭᠠᠯ ᠶᠤᠰᠤᠭᠠᠷ ᠤᠰᠤᠨ ᠡᠨᠧᠷᠬᠢ ᠤᠰᠤᠨ ᠰᠤᠷᠪᠤᠯᠵᠢ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠦᠷᠨᠢᠭᠦᠯᠦᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠪᠦᠬᠦ ᠲᠤᠭᠤᠷᠢᠭ ᠤᠨ ᠴᠢᠬᠤᠯᠨ ᠤᠷᠤᠰᠬᠠᠯ ᠰᠠᠪᠠ ᠭᠠᠵᠠᠷ᠂ ᠤᠷᠤᠨ ᠪᠦᠰᠡ ᠵᠢᠴᠢ ᠴᠢᠬᠤᠯᠨ ᠶᠡᠭᠡ ᠤᠰᠤ ᠲᠤᠬᠢᠷᠠᠭᠤᠯᠬᠤ ᠢᠨᠵᠧᠨᠧᠷᠢᠩ ᠤᠨ ᠤᠰᠤᠨ ᠰᠤᠷᠪᠤᠯᠵᠢ ᠶᠢ ᠲᠤᠬᠢᠷᠠᠭᠤᠯᠬᠤ ᠶᠢ ᠬᠠᠷᠢᠭᠤᠴᠠᠵᠦ᠂ ᠤᠰᠤ ᠠᠪᠬᠤ ᠵᠦᠪᠰᠢᠶᠡᠷᠡᠯ᠂ ᠤᠰᠤᠨ ᠡᠬᠢ ᠰᠤᠷᠪᠤᠯᠵᠢ ᠶᠢᠨ ᠲᠦᠯᠦᠪᠦᠷᠢ ᠲᠠᠢ ᠬᠡᠷᠡᠭᠯᠡᠯᠲᠡ ᠶᠢᠨ ᠳᠦᠷᠢᠮ ᠪᠠ ᠤᠰᠤᠨ ᠡᠬᠢ ᠰᠤᠷᠪᠤᠯᠵᠢ ᠶᠢᠨ ᠨᠤᠲᠠᠯᠠᠯᠲᠠ᠂ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠤᠰᠤ ᠬᠠᠩᠭᠠᠬᠤ ᠪᠠ ᠭᠦᠳᠡᠭᠡ ᠲᠤᠰᠬᠤᠨ ᠤ ᠤᠰᠤ ᠬᠠᠩᠭᠠᠬᠤ ᠠᠵᠢᠯ ᠢ ᠵᠢᠭᠠᠨ ᠵᠢᠯᠦᠭᠤᠳᠤᠨ᠎ᠠ᠃       ︵ᠭᠤᠷᠪᠠ︶ ᠤᠰᠤᠨ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠬᠠᠷᠢᠭᠤᠴᠠᠵᠦ᠂ ᠤᠰᠤᠨ ᠡᠬᠢ ᠰᠤᠷᠪᠤᠯᠵᠢ ᠶᠢ ᠬᠠᠮᠠᠭᠠᠯᠠᠬᠤ ᠲᠦᠯᠦᠪᠵᠢᠭᠦᠯᠭᠡ ᠶᠢ ᠨᠡᠶᠢᠷᠡᠭᠤᠯᠤᠨ ᠲᠤᠭᠲᠠᠭᠠᠬᠤ ᠶᠢ ᠵᠤᠬᠢᠶᠠᠨ ᠪᠠᠶᠢᠭᠤᠯᠵᠦ᠂ ᠴᠢᠬᠤᠯᠨ ᠭᠤᠤᠯ ᠮᠦᠷᠡᠨ ᠨᠠᠭᠤᠷ ᠴᠦᠭᠦᠷᠦᠮ ᠤᠨ ᠤᠰᠤᠨ ᠴᠢᠳᠠᠮᠵᠢ ᠶᠢᠨ ᠤᠷᠤᠨ ᠤ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢ ᠵᠤᠬᠢᠶᠠᠨ ᠪᠠᠶᠢᠭᠤᠯᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠤᠰᠤᠨ  ᠤ ᠭᠦᠨᠴᠡ ᠶᠢᠨ ᠪᠤᠬᠢᠷᠳᠦᠯ ᠬᠤᠷᠢᠶᠠᠨ ᠠᠪᠬᠤ ᠴᠢᠳᠠᠪᠦᠷᠢ ᠶᠢ ᠬᠢᠨᠡᠨ ᠲᠤᠭᠲᠠᠭᠠᠵᠦ᠂ ᠪᠤᠬᠢᠷᠳᠦᠯ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠰᠠᠨᠠᠭᠤᠯᠭ᠎ᠠ ᠳᠤᠷᠠᠳᠤᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠤᠤᠭᠤᠬᠤ ᠤᠰᠤᠨ ᠤ ᠤᠰᠤᠨ ᠰᠤᠷᠪᠤᠯᠵᠢ ᠶᠢ ᠬᠠᠮᠠᠭᠠᠯᠠᠬᠤ ᠠᠵᠢᠯ ᠢ ᠵᠢᠭᠠᠨ ᠵᠢᠯᠦᠭᠤᠳᠴᠤ᠂ ᠭᠠᠵᠠᠷ ᠳᠤᠤᠷᠡᠬᠢ ᠤᠰᠤ ᠶᠢ ᠨᠡᠭᠡᠭᠡᠨ ᠭᠦᠭᠵᠢᠭᠦᠯᠵᠦ ᠠᠰᠢᠭᠯᠠᠬᠤ ᠪᠠ ᠬᠤᠲᠠ ᠶᠢᠨ ᠲᠦᠯᠦᠪᠵᠢᠭᠦᠯᠭᠡ ᠶᠢᠨ ᠤᠷᠤᠨ ᠤ ᠭᠠᠵᠠᠷ ᠳᠤᠤᠷᠡᠬᠢ ᠤᠰᠤᠨ ᠰᠤᠷᠪᠤᠯᠵᠢ ᠶᠢ ᠬᠠᠮᠢᠶᠠᠷᠴᠤ ᠬᠠᠮᠠᠭᠠᠯᠠᠬᠤ ᠠᠵᠢᠯ ᠢ ᠵᠢᠭᠠᠨ ᠵᠢᠯᠦᠭᠤᠳᠴᠤ᠂ ᠪᠦᠬᠦ ᠲᠤᠭᠤᠷᠢᠭ  ᠤᠨ ᠤᠰᠤᠨ ᠰᠤᠷᠪᠤᠯᠵᠢ ᠶᠢᠨ ᠠᠯᠪᠠᠨ ᠮᠡᠳᠡᠭᠡ ᠶᠢ ᠨᠡᠶᠢᠳᠡᠯᠡᠨ᠎ᠠ᠃      ︵ᠳᠦᠷᠪᠡ︶ ᠤᠰᠤ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠵᠦ᠂ ᠲᠤᠭᠤᠷᠢᠭ ᠤᠨ ᠭᠠᠩ ᠢ ᠡᠰᠡᠷᠭᠦᠴᠡᠨ ᠦᠶᠡᠷ ᠢ ᠰᠡᠷᠭᠡᠶᠢᠯᠡᠬᠦ ᠵᠢᠯᠦᠭᠤᠳᠬᠤ ᠭᠠᠵᠠᠷ ᠤᠨ ᠪᠤᠲᠠᠲᠠᠢ ᠠᠵᠢᠯ ᠢ ᠡᠭᠦᠷᠭᠡᠯᠡᠨ᠎ᠠ᠃ ᠪᠦᠬᠦ ᠲᠤᠭᠤᠷᠢᠭ ᠤᠨ ᠭᠠᠩ ᠢ ᠡᠰᠡᠷᠭᠦᠴᠡᠨ ᠦᠶᠡᠷ ᠢ ᠰᠡᠷᠭᠡᠶᠢᠯᠡᠬᠦ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠵᠦ᠂ ᠬᠢᠨᠡᠯᠲᠡ ᠲᠠᠯᠪᠢᠨ ᠵᠢᠭᠠᠨ ᠵᠢᠯᠦᠭᠤᠳᠤᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠴᠢᠬᠤᠯᠨ ᠭᠤᠤᠯ ᠮᠦᠷᠡᠨ ᠪᠠ ᠴᠢᠬᠤᠯᠨ ᠤᠰᠤᠨ ᠤ ᠢᠨᠵᠧᠨᠧᠷᠢᠩ ᠳᠤ ᠭᠠᠩ ᠢ ᠡᠰᠡᠷᠭᠦᠴᠡᠨ ᠦᠶᠡᠷ ᠢ ᠰᠡᠷᠭᠡᠶᠢᠯᠡᠬᠦ ᠲᠤᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠬᠡᠮᠵᠢᠶ᠎ᠠ ᠶᠢᠨ ᠲᠤᠬᠢᠷᠠᠭᠤᠯᠤᠯᠲᠠ ᠬᠡᠷᠡᠭᠵᠢᠭᠦᠯᠦᠨ᠎ᠠ︔ ᠪᠦᠬᠦ ᠲᠤᠭᠤᠷᠢᠭ  ᠤᠨ ᠭᠠᠩ ᠢ ᠡᠰᠡᠷᠭᠦᠴᠡᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠨᠡᠶᠢᠷᠠᠭᠤᠯᠤᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠤᠰᠤᠨ ᠠᠰᠢᠭᠯᠠᠯᠲᠠ᠂ ᠵᠢᠭᠠᠰᠤᠨ ᠦᠢᠯᠡᠰ  ᠤᠨ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠦᠭᠤᠳᠤᠨ᠎ᠠ᠃       ︵ᠲᠠᠪᠤ︶ ᠤᠰᠤ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠵᠦ᠂ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠨᠡᠶᠢᠷᠠᠭᠤᠯᠤᠨ ᠲᠤᠭᠲᠠᠭᠠᠵᠦ᠂ ᠠᠷᠪᠢᠯᠠᠨ ᠭᠠᠮᠨᠠᠬᠤ ᠬᠡᠯᠪᠡᠷᠢᠲᠦ ᠨᠡᠶᠢᠭᠡᠮ ᠢ ᠪᠦᠳᠦᠭᠡᠨ ᠪᠠᠶᠢᠭᠤᠯᠬᠤ ᠠᠵᠢᠯ ᠢ ᠵᠢᠭᠠᠨ ᠵᠢᠯᠦᠭᠤᠳᠬᠤ ᠪᠠ ᠲᠦᠯᠬᠢᠨ ᠠᠬᠢᠭᠤᠯᠤᠨ᠎ᠠ᠃       ︵ᠵᠢᠷᠭᠤᠭ᠎ᠠ︶ ᠪᠦᠬᠦ ᠲᠤᠭᠤᠷᠢᠭ ᠤᠨ ᠵᠢᠭᠠᠰᠤᠨ ᠦᠢᠯᠡᠰ ᠤᠨ ᠭᠦᠭᠵᠢᠯᠲᠠ ᠶᠢᠨ ᠲᠦᠯᠦᠪᠵᠢᠭᠦᠯᠭᠡ᠂ ᠲᠦᠯᠦᠪᠯᠡᠭᠡ ᠶᠢ ᠲᠤᠭᠲᠠᠭᠠᠬᠤ ᠪᠠ ᠬᠡᠷᠡᠭᠵᠢᠭᠦᠯᠵᠦ᠂ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠤᠰᠤᠨ ᠭᠠᠷᠤᠯᠲᠠ ᠶᠢᠨ ᠶᠠᠰᠦ ᠴᠢᠨᠡᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠦ᠂ ᠪᠦᠬᠦ ᠲᠤᠭᠤᠷᠢᠭ ᠤᠨ ᠵᠢᠭᠠᠰᠤᠨ ᠦᠢᠯᠡᠰ ᠤᠨ ᠠᠵᠢᠯ ᠢ ᠵᠢᠭᠠᠨ ᠵᠢᠯᠦᠭᠤᠳᠤᠨ᠎ᠠ᠃       ︵ᠳᠤᠯᠤᠭ᠎ᠠ︶ ᠤᠰᠤᠨ ᠠᠰᠢᠭᠯᠠᠯᠲᠠ ᠶᠢᠨ ᠲᠦᠭᠦᠭᠡᠷᠦᠮᠵᠢ᠂ ᠤᠰᠤᠨ ᠤᠷᠤᠨ ᠵᠢᠴᠢ ᠲᠡᠭᠦᠨ ᠤ ᠭᠦᠪᠡᠭᠡ ᠬᠢᠵᠠᠭᠠᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠭᠠᠨ ᠵᠢᠯᠦᠭᠤᠳᠴᠤ᠂ ᠪᠦᠬᠦ ᠲᠤᠭᠤᠷᠢᠭ ᠤᠨ ᠴᠢᠬᠤᠯᠨ ᠭᠤᠤᠯ ᠮᠦᠷᠡᠨ ᠵᠢᠴᠢ ᠭᠤᠤᠯ ᠤᠨ ᠡᠬᠢ ᠶᠢ ᠵᠠᠰᠠᠬᠤ ᠪᠠ ᠨᠡᠭᠡᠭᠡᠨ ᠭᠦᠭᠵᠢᠭᠦᠯᠬᠦ ᠶᠢ ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠪᠠᠷᠢᠯᠭ᠎ᠠ ᠪᠠᠶᠢᠭᠤᠯᠤᠯᠲᠠ ᠪᠠ ᠡᠷᠬᠢᠯᠲᠠ ᠶᠢᠨ ᠬᠠᠮᠢᠶᠠᠷᠤᠯᠲᠠ ᠶᠢ ᠬᠠᠷᠢᠭᠤᠴᠠᠵᠦ᠂ ᠡᠵᠡᠮᠳᠡᠯ ᠤᠨ ᠴᠢᠨᠡᠷᠲᠡᠢ ᠴᠢᠬᠤᠯᠨ ᠤᠰᠤᠨ ᠠᠰᠢᠭᠯᠠᠯᠲᠠ ᠶᠢᠨ ᠪᠠᠷᠢᠯᠭ᠎ᠠ ᠪᠠᠶᠢᠭᠤᠯᠤᠯᠲᠠ ᠪᠠ ᠡᠷᠬᠢᠯᠲᠠ ᠶᠢᠨ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃              ︵ᠨᠠᠢᠮᠨ︶ ᠤᠰᠤ ᠭᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠤᠰᠤ ᠭᠦᠷᠦᠰᠦ  ᠶᠢ ᠪᠠᠳᠤᠯᠠᠬᠤ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠵᠦ᠂ ᠤᠰᠤ ᠭᠦᠷᠦᠰᠦ ᠶᠢᠨ ᠢᠳᠡᠭᠳᠡᠯ ᠢ ᠶᠡᠷᠦᠩᠭᠡᠶᠢᠯᠡᠨ ᠵᠠᠰᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠲᠤᠭᠤᠷᠢᠭ ᠤᠨ ᠲᠤᠰ ᠱᠠᠳᠤᠨ ᠤ ᠪᠠᠶᠢᠭᠤᠯᠤᠭᠰᠡᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤ ᠭᠦᠷᠦᠰᠦ ᠶᠢ ᠪᠠᠳᠤᠯᠠᠬᠤ ᠲᠦᠰᠦᠯ ᠢ ᠬᠢᠨᠡᠨ ᠵᠦᠪᠰᠢᠶᠡᠷᠡᠬᠦ᠂ ᠬᠢᠨᠡᠯᠲᠡ ᠲᠠᠯᠪᠢᠨ ᠬᠡᠷᠡᠭᠵᠢᠭᠦᠯᠬᠦ ᠵᠢᠴᠢ ᠤᠰᠤ ᠭᠦᠷᠦᠰᠦ ᠶᠢ ᠪᠠᠳᠤᠯᠠᠬᠤ ᠲᠦᠭᠦᠭᠡᠷᠦᠮᠵᠢ ᠶᠢ ᠰᠢᠯᠭᠠᠨ ᠠᠪᠬᠤ ᠠᠵᠢᠯ ᠢ ᠬᠠᠷᠢᠭᠤᠴᠠᠵᠦ᠂ ᠭᠤᠤᠯᠳᠠᠯᠭ᠎ᠠ ᠲᠠᠢ ᠤᠰᠤ ᠭᠦᠷᠦᠰᠦ ᠶᠢ ᠪᠠᠳᠤᠯᠠᠬᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠵᠢᠭᠠᠨ ᠵᠢᠯᠦᠭᠤᠳᠤᠨ᠎ᠠ᠃       ︵ᠶᠢᠰᠦ︶ ᠭᠦᠳᠡᠭᠡ ᠲᠤᠰᠬᠤᠨ ᠤ ᠤᠰᠤᠨ ᠠᠰᠢᠭᠯᠠᠯᠲᠠ ᠶᠢᠨ ᠠᠵᠢᠯ ᠢ ᠬᠠᠷᠢᠭᠤᠴᠠᠵᠦ᠂ ᠪᠦᠬᠦ ᠲᠤᠭᠤᠷᠢᠭ ᠤᠨ ᠲᠡᠷᠢᠶᠡᠯᠡᠩ ᠤᠨ ᠤᠰᠤᠨ ᠠᠰᠢᠭᠯᠠᠯᠲᠠ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ ᠵᠤᠬᠢᠴᠠᠭᠤᠯᠵᠦ᠂ ᠭᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠤᠰᠤ ᠠᠷᠪᠢᠯᠠᠬᠤ ᠤᠰᠤᠯᠠᠯᠲᠠ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠭᠦᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ︔ ᠲᠤᠭᠲᠠᠭᠠᠯ ᠶᠤᠰᠤᠭᠠᠷ ᠭᠦᠳᠡᠭᠡ ᠲᠤᠰᠬᠤᠨ ᠤ ᠤᠰᠤᠨ ᠤ ᠡᠨᠧᠷᠬᠢ ᠰᠤᠷᠪᠤᠯᠵᠢ ᠶᠢ ᠨᠡᠭᠡᠭᠡᠨ ᠭᠦᠭᠵᠢᠭᠦᠯᠬᠦ ᠬᠠᠮᠢᠶ᠎ᠠ ᠪᠦᠭᠦᠢ ᠠᠵᠢᠯ ᠢ ᠵᠢᠭᠠᠨ ᠵᠢᠯᠦᠭᠤᠳᠤᠨ᠎ᠠ᠃              ︵ᠠᠷᠪᠠ︶ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠪᠦᠬᠦ ᠲᠤᠭᠤᠷᠢᠭ ᠤᠨ ᠴᠢᠬᠤᠯᠨ ᠶᠡᠭᠡ ᠤᠰᠤᠨ ᠤ ᠶᠠᠪᠤᠳᠠᠯ ᠳᠤ ᠬᠤᠯᠪᠤᠭᠳᠠᠬᠤ ᠬᠠᠤᠯᠢ ᠶᠢ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠤᠷᠤᠨ ᠬᠢᠵᠠᠭᠠᠷ ᠤᠨ ᠳᠤᠳᠤᠷᠡᠬᠢ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠤᠬᠢᠴᠠᠭᠤᠯᠵᠦ ᠰᠢᠢᠳᠪᠦᠷᠢᠯᠡᠨ᠂ ᠤᠰᠤᠨ ᠤ ᠶᠠᠪᠤᠳᠠᠯ᠂ ᠵᠢᠭᠠᠰᠤᠨ ᠤ ᠶᠠᠪᠤᠳᠠᠯ ᠤᠨ ᠬᠢᠨᠡᠨ ᠪᠠᠶᠢᠴᠠᠭᠠᠯᠲᠠ ᠪᠠ ᠤᠰᠤᠨ ᠤ ᠵᠠᠰᠠᠭ ᠵᠠᠬᠢᠷᠭᠠᠨ᠂ ᠵᠢᠭᠠᠰᠤᠨ ᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠤᠰᠤᠨ ᠠᠰᠢᠭᠯᠠᠯᠲᠠ᠂ ᠵᠢᠭᠠᠰᠤᠨ ᠤ ᠦᠢᠯᠡᠰ ᠤᠨ ᠠᠵᠢᠯ ᠲᠦᠷᠦᠯ ᠤᠨ ᠠᠮᠤᠷ ᠲᠦᠪᠰᠢᠨ ᠦᠢᠯᠡᠳᠪᠦᠷᠢᠯᠡᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠬ᠎ᠠ ᠶᠢᠨ ᠬᠢᠨᠡᠯᠲᠡ ᠬᠠᠮᠢᠶᠠᠷᠤᠯᠲᠠ ᠶᠢ ᠵᠢᠭᠠᠨ ᠵᠢᠯᠦᠭᠤᠳᠴᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠢᠨᠡᠯᠲᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃       ︵ᠠᠷᠪᠠᠨ ᠨᠢᠭᠡ︶ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠢᠯ ᠢ ᠦᠷᠨᠢᠭᠦᠯᠵᠦ᠂ ᠤᠰᠤᠨ ᠠᠰᠢᠭᠯᠠᠯᠲᠠ᠂ ᠵᠢᠭᠠᠰᠤᠨ ᠤ ᠦᠢᠯᠡᠰ ᠤᠨ ᠠᠵᠢᠯ ᠲᠦᠷᠦᠯ ᠤᠨ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠤᠨ ᠪᠤᠭᠤᠮᠲᠠ ᠰᠢᠪᠳᠤᠯᠬᠤ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠳᠡᠯᠭᠡᠷᠡᠭᠦᠯᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠠ︔ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠶᠠᠰᠦ ᠴᠢᠨᠡᠷ ᠲᠤ ᠬᠢᠨᠡᠯᠲᠡ ᠲᠠᠯᠪᠢᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠦ᠂ ᠤᠰᠤᠨ ᠠᠰᠢᠭᠯᠠᠯᠲᠠ᠂ ᠵᠢᠭᠠᠰᠤᠨ ᠤ ᠦᠢᠯᠡᠰ  ᠤᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃       ︵ᠠᠷᠪᠠᠨ ᠬᠤᠶᠠᠷ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠤᠴᠢᠷ ᠢ ᠡᠭᠦᠷᠭᠡᠯᠡᠨ ᠭᠦᠢᠴᠡᠳᠬᠡᠨ᠎ᠡ᠃        
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号