| ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠦᠬᠦ ᠲᠤᠭᠤᠷᠢᠭ ᠤᠨ ᠤᠢ ᠰᠢᠭᠤᠢ ᠵᠢᠴᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ | ᠬᠢᠨᠡᠯᠲᠡ ᠬᠠᠮᠢᠶᠠᠷᠤᠯᠲᠠ ᠶᠢ ᠬᠠᠷᠢᠭᠤᠴᠠᠵᠦ᠂ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ | ᠶᠢᠨ ᠠᠮᠢ ᠠᠬᠤᠢ ᠶᠢᠨ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠲᠠ᠂ ᠤᠢ ᠰᠢᠭᠤᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠪᠠ ᠤᠯᠤᠰ ᠤᠨ ᠭᠠᠵᠠᠷ ᠰᠢᠷᠦᠢ ᠶᠢᠨ ᠨᠤᠭᠤᠭᠠᠷᠠᠭᠤᠯᠤᠯᠲᠠ ᠶᠢᠨ ᠴᠢᠭᠯᠡᠯᠲᠡ᠂ ᠲᠦᠷᠦ ᠶᠢᠨ | ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠤᠨ᠎ᠠ︔ ᠪᠦᠬᠦ ᠲᠤᠭᠤᠷᠢᠭ ᠤᠨ | ᠤᠢ ᠰᠢᠭᠤᠢ ᠵᠢᠴᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ᠂ ᠭᠦᠭᠵᠢᠯᠲᠠ ᠶᠢᠨ | ᠪᠠᠶᠢᠯᠳᠤᠬᠤ ᠪᠤᠳᠤᠯᠭ᠎ᠠ᠂ ᠳᠤᠮᠳᠠ ᠤᠷᠳᠦ ᠬᠤᠭᠤᠴᠠᠭᠠᠨ ᠤ ᠭᠦᠭᠵᠢᠯᠲᠠ ᠶᠢᠨ ᠲᠦᠯᠦᠪᠵᠢᠭᠦᠯᠭᠡ ᠶᠢ ᠲᠦᠯᠦᠪᠯᠡᠨ | ᠲᠤᠭᠲᠠᠭᠠᠨ᠎ᠠ︔ ᠬᠠᠮᠢᠶ᠎ᠠ ᠪᠦᠭᠦᠢ ᠭᠠᠵᠠᠷ ᠤᠷᠤᠨ ᠤ ᠴᠢᠨᠡᠷᠲᠡᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ᠂ ᠵᠠᠰᠠᠭ | ᠤᠨ ᠤᠷᠳᠤᠨ ᠤ ᠳᠦᠷᠢᠮ ᠲᠤᠭᠲᠠᠭᠠᠯ ᠢ ᠨᠤᠤᠷᠠᠭᠯᠠᠨ ᠵᠤᠬᠢᠶᠠᠬᠤ ᠶᠢᠨ ᠬᠠᠮᠳᠦ ᠬᠢᠨᠡᠯᠲᠠ ᠲᠠᠯᠪᠢᠨ ᠬᠡᠷᠡᠭᠵᠢᠭᠦᠯᠦᠨ᠎ᠠ︔ | ᠪᠦᠬᠦ ᠲᠤᠭᠤᠷᠢᠭ ᠤᠨ ᠤᠢ ᠰᠢᠭᠤᠢ ᠶᠢᠨ ᠡᠬᠢ ᠪᠠᠶᠠᠯᠢᠭ᠂ ᠬᠠᠭᠤᠷᠠᠢ ᠭᠠᠵᠠᠷ ᠤᠨ ᠬᠡᠬᠡᠷ᠎ᠡ ᠶᠢᠨ ᠠᠮᠢᠲᠡᠨ ᠤᠷᠭᠤᠮᠠᠯ | ᠤᠨ ᠡᠬᠢ ᠪᠠᠶᠠᠯᠢᠭ᠂ ᠴᠢᠬᠢᠭᠯᠢᠭ ᠭᠠᠵᠠᠷ ᠪᠠ ᠮᠠᠩᠬᠠᠨ ᠭᠠᠵᠠᠷ ᠤᠨ ᠪᠠᠶᠢᠴᠠᠭᠠᠨ ᠰᠤᠳᠤᠯᠤᠯᠲᠠ᠂ ᠭᠦᠳᠡᠯᠦᠯ ᠪᠠᠶᠢᠳᠠᠯ | ᠢ ᠬᠠᠶᠢᠨ ᠬᠡᠮᠵᠢᠬᠦ ᠪᠠ ᠦᠨᠡᠯᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠬᠦ ᠶᠢᠨ ᠬᠠᠮᠳᠦ ᠬᠠᠮᠢᠶ᠎ᠠ ᠪᠦᠭᠦᠢ ᠰᠤᠷᠠᠭ | ᠵᠠᠩᠬᠢ ᠶᠢ ᠨᠢᠭᠡᠳᠦᠯᠲᠡᠢ ᠨᠡᠶᠢᠳᠡᠯᠡᠨ᠎ᠡ︔ ᠪᠦᠬᠦ ᠲᠤᠭᠤᠷᠢᠭ ᠤᠨ ᠤᠢ ᠰᠢᠭᠤᠢ ᠶᠢᠨ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠲᠠ ᠶᠢᠨ ᠬᠠᠮᠢᠶ᠎ᠠ ᠪᠦᠭᠦᠢ ᠠᠵᠢᠯ ᠢ ᠡᠭᠦᠷᠭᠡᠯᠡᠨ᠎ᠡ᠃ | ︵ᠬᠤᠶᠠᠷ︶ ᠪᠦᠬᠦ ᠲᠤᠭᠤᠷᠢᠭ ᠤᠨ ᠤᠶᠢᠵᠢᠭᠤᠯᠵᠦ ᠨᠤᠭᠤᠭᠠᠷᠠᠭᠤᠯᠬᠤ ᠠᠵᠢᠯ ᠢ ᠵᠤᠬᠢᠶᠠᠨ ᠪᠠᠶᠢᠭᠤᠯᠵᠦ᠂ | ᠵᠤᠬᠢᠴᠠᠭᠤᠯᠤᠨ᠂ ᠵᠢᠭᠠᠨ ᠵᠢᠯᠦᠭᠤᠳᠬᠤ ᠪᠠ ᠬᠢᠨᠡᠯᠲᠠ ᠲᠠᠯᠪᠢᠵᠦ᠂ ᠪᠦᠬᠦ ᠲᠤᠭᠤᠷᠢᠭ ᠤᠨ ᠤᠶᠢᠵᠢᠢᠭᠤᠯᠤᠯᠲᠠ | ᠨᠤᠭᠤᠭᠠᠷᠠᠭᠤᠯᠤᠯᠲᠠ ᠶᠢᠨ ᠵᠢᠯᠦᠭᠤᠳᠤᠯᠭ᠎ᠠ ᠶᠢᠨ ᠴᠢᠨᠡᠷᠲᠡᠢ ᠲᠦᠯᠦᠪᠯᠡᠭᠡ ᠶᠢ ᠲᠤᠭᠲᠠᠭᠠᠵᠦ᠂ ᠬᠠᠮᠢᠶ᠎ᠠ ᠪᠦᠭᠦᠢ | ᠪᠠᠷᠢᠮᠵᠢᠶ᠎ᠠ ᠪᠠ ᠳᠦᠷᠢᠮᠵᠢᠯ ᠢ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠡᠯ᠎ᠡ | ᠲᠦᠷᠦᠯ ᠤᠨ ᠨᠡᠶᠢᠳᠡ ᠶᠢᠨ ᠠᠰᠢᠭᠳᠦ ᠤᠢ ᠪᠠ ᠲᠠᠸᠠᠷ ᠤᠨ ᠤᠢ ᠶᠢᠨ ᠪᠤᠶᠢᠵᠢᠭᠤᠯᠤᠯᠲᠠ ᠶᠢ ᠵᠢᠭᠠᠨ ᠵᠢᠯᠦᠭᠤᠳᠴᠤ | ᠂ ᠮᠤᠳᠤ ᠲᠡᠷᠢᠵᠦ ᠤᠶᠢᠵᠢᠭᠤᠯᠬᠤ᠂ ᠠᠭᠤᠯᠨ ︵ᠡᠯᠡᠰᠦ︶ ᠶᠢ ᠪᠢᠲᠡᠭᠦᠮᠵᠢᠯᠡᠨ ᠤᠶᠢᠵᠢᠭᠤᠯᠬᠤ ᠪᠠ ᠡᠪᠡᠰᠦ ᠮᠤᠳᠤ | ᠲᠡᠷᠢᠬᠤ ᠵᠡᠷᠭᠡ ᠠᠮᠢᠳᠦ ᠪᠤᠳᠠᠰ ᠤᠨ ᠠᠷᠭ᠎ᠠ ᠬᠡᠮᠵᠢᠶ᠎ᠡ ᠪᠠᠷ ᠤᠰᠤ ᠭᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ | ᠠᠵᠢᠯ ᠢ ᠵᠢᠭᠠᠨ ᠵᠢᠯᠦᠭᠤᠳᠤᠨ᠎ᠠ︔ ᠪᠦᠬᠦ ᠲᠤᠭᠤᠷᠢᠭ ᠤᠨ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ᠂ | ᠤᠢ ᠰᠢᠭᠤᠢ ᠶᠢᠨ ᠴᠡᠴᠡᠷᠯᠢᠭ ᠵᠢᠴᠢ ᠦᠨᠳᠦᠰᠦᠨ ᠱᠠᠳᠤᠨ ᠤ ᠤᠢ ᠰᠢᠭᠤᠢ ᠶᠢᠨ ᠠᠵᠢᠯ ᠤᠨ ᠪᠠᠶᠢᠭᠤᠯᠤᠮᠵᠢ ᠶᠢᠨ | ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠭᠠᠨ ᠵᠢᠯᠦᠭᠤᠳᠴᠤ᠂ ᠤᠢ ᠰᠢᠭᠤᠢ ᠶᠢᠨ ᠠᠭᠤᠷ ᠠᠮᠢᠰᠬᠤᠯ | ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠭᠦᠢ ᠠᠵᠢᠯ ᠢ ᠡᠭᠦᠷᠭᠡᠯᠡᠨ᠎ᠡ᠃ | ︵ᠭᠤᠷᠪᠠ︶ ᠪᠦᠬᠦ ᠲᠤᠭᠤᠷᠢᠭ ᠤᠨ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠦ ᠭᠦᠭᠵᠢᠭᠦᠯᠬᠦ | ᠬᠢᠨᠡᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠤᠶᠢᠲᠦ ᠭᠠᠵᠠᠷ ᠢ ᠬᠠᠮᠠᠭᠠᠯᠠᠵᠦ ᠠᠰᠢᠭᠯᠠᠬᠤ | ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠢᠭᠠᠨ ᠵᠢᠯᠦᠭᠤᠳᠤᠨ ᠬᠡᠷᠡᠭᠵᠢᠭᠦᠯᠦᠨ᠎ᠠ︔ ᠪᠦᠬᠦ | ᠲᠤᠭᠤᠷᠢᠭ ᠤᠨ ᠤᠢ ᠮᠤᠳᠤ ᠶᠢ ᠤᠭᠳᠤᠯᠬᠤ ᠲᠤᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ | ᠬᠠᠮᠳᠦ ᠬᠢᠨᠡᠯᠲᠡ ᠲᠠᠯᠪᠢᠨ ᠬᠡᠷᠡᠭᠵᠢᠭᠦᠯᠵᠦ᠂ ᠡᠷᠬᠡ ᠬᠢᠵᠠᠭᠠᠷᠯᠠᠯ ᠤᠨ ᠳᠤᠳᠤᠷᠡᠬᠢ ᠤᠢ ᠮᠤᠳᠤ ᠶᠢ ᠭᠡᠷᠡᠴᠢ ᠲᠡᠮᠳᠡᠭ | ᠲᠠᠢ ᠪᠠᠷ ᠤᠭᠳᠤᠯᠬᠤ᠂ ᠵᠦᠭᠡᠭᠡᠪᠦᠷᠢᠯᠡᠬᠦ ᠵᠠᠰᠠᠭ ᠵᠠᠬᠢᠷᠭᠠᠨ ᠤ ᠵᠦᠪᠰᠢᠶᠡᠷᠡᠯ ᠪᠠ ᠬᠠᠤᠯᠢ ᠬᠡᠷᠡᠭᠵᠢᠭᠦᠯᠦᠨ | ᠪᠠᠶᠢᠴᠠᠭᠠᠬᠤ ᠠᠵᠢᠯ ᠢ ᠬᠠᠷᠢᠭᠤᠴᠠᠵᠦ᠂ ᠤᠶᠢᠲᠦ ᠭᠠᠵᠠᠷ᠂ ᠤᠢ ᠶᠢᠨ ᠡᠷᠬᠡ ᠶᠢᠨ ᠬᠠᠮᠢᠶᠠᠷᠤᠯᠲᠠ ᠶᠢ ᠵᠤᠬᠢᠶᠠᠨ | ᠪᠠᠶᠢᠭᠤᠯᠤᠨ ᠵᠢᠭᠠᠨ ᠵᠢᠯᠦᠭᠤᠳᠤᠨ᠎ᠠ︔ ᠤᠢ ᠰᠢᠭᠤᠢ ᠶᠢᠨ ᠡᠷᠬᠡ ᠶᠢ ᠳᠠᠩᠰᠠᠯᠠᠬᠤ᠂ ᠭᠡᠷᠡᠴᠢ ᠲᠡᠮᠳᠡᠭ ᠲᠠᠷᠬᠠᠭᠠᠬᠤ | ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ | ᠬᠤᠲᠠ᠂ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠭᠰᠡᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠳᠤ ᠳᠠᠲᠠᠪᠦᠷᠢᠯᠡᠨ ᠬᠡᠷᠡᠭᠯᠡᠬᠦ᠂ ᠡᠵᠡᠯᠡᠨ ᠬᠡᠷᠡᠭᠯᠡᠬᠦ ᠤᠶᠢᠲᠦ ᠭᠠᠵᠠᠷ ᠢ ᠬᠢᠨᠡᠨ | ᠬᠠᠷᠭᠤᠭᠤᠯᠬᠤ ᠠᠵᠢᠯ ᠢ ᠬᠠᠤᠯᠢ ᠶᠤᠰᠤᠭᠠᠷ ᠡᠭᠦᠷᠭᠡᠯᠡᠨ᠎ᠡ᠃ | ︵ᠳᠦᠷᠪᠡ︶ ᠪᠦᠬᠦ ᠲᠤᠭᠤᠷᠢᠭ ᠤᠨ ᠴᠢᠭᠢᠭᠯᠢᠭ ᠭᠠᠵᠠᠷ ᠤᠨ ᠬᠠᠮᠠᠭᠠᠯᠠᠯᠲᠠ ᠶᠢ ᠵᠤᠬᠢᠶᠠᠨ ᠪᠠᠶᠢᠭᠤᠯᠵᠦ | ᠵᠤᠬᠢᠴᠠᠭᠤᠯᠤᠨ᠂ ᠵᠢᠭᠠᠨ ᠵᠢᠯᠦᠭᠤᠳᠤᠨ ᠬᠢᠨᠡᠯᠲᠡ ᠲᠠᠯᠪᠢᠵᠦ᠂ ᠪᠦᠬᠦ ᠲᠤᠭᠤᠷᠢᠭ ᠤᠨ ᠴᠢᠬᠢᠭᠯᠢᠭ ᠭᠠᠵᠠᠷ ᠤᠨ | ᠬᠠᠮᠠᠭᠠᠯᠠᠯᠲᠠ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠠ︔ ᠴᠢᠬᠢᠭᠯᠢᠭ ᠭᠠᠵᠠᠷ ᠢ ᠵᠤᠬᠢᠰᠲᠡᠢ ᠠᠰᠢᠭᠯᠠᠬᠤ ᠳᠤ ᠬᠢᠨᠡᠯᠲᠡ ᠲᠠᠯᠪᠢᠨ᠎ᠠ︔ ᠬᠠᠮᠢᠶ᠎ᠠ ᠪᠦᠭᠦᠢ | ᠤᠯᠠᠨ ᠤᠯᠤᠰ ᠤᠨ ᠴᠢᠬᠢᠭᠯᠢᠭ ᠭᠠᠵᠠᠷ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠲᠠᠪᠤ︶ ᠪᠦᠬᠦ ᠲᠤᠭᠤᠷᠢᠭ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠵᠤᠬᠢᠶᠠᠨ ᠪᠠᠶᠢᠭᠤᠯᠤᠨ | ᠵᠤᠬᠢᠴᠠᠭᠤᠯᠵᠦ᠂ ᠵᠢᠭᠠᠨ ᠵᠢᠯᠦᠭᠤᠳᠬᠤ ᠪᠠ ᠬᠢᠨᠡᠯᠲᠡ ᠲᠠᠯᠪᠢᠵᠦ᠂ ᠪᠦᠬᠦ ᠲᠤᠭᠤᠷᠢᠭ ᠤᠨ ᠡᠯᠡᠰᠦ ᠶᠢ ᠰᠡᠷᠭᠡᠶᠢᠯᠡᠨ | ᠵᠠᠰᠠᠬᠤ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠡᠯᠡᠰᠦᠷᠬᠡᠭᠵᠢᠭᠰᠡᠨ ᠭᠠᠵᠠᠷ ᠰᠢᠷᠦᠢ ᠶᠢ ᠵᠤᠬᠢᠰᠲᠡᠢ | ᠠᠰᠢᠭᠯᠠᠬᠤ ᠳᠤ ᠬᠢᠨᠡᠯᠲᠡ ᠲᠠᠯᠪᠢᠨ᠎ᠠ︔ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠠᠴᠠ ᠭᠠᠵᠠᠷ ᠰᠢᠷᠦᠢ | ᠶᠢᠨ ᠡᠯᠡᠰᠦᠷᠬᠡᠭᠵᠢᠯ ᠳᠤ ᠦᠵᠡᠭᠦᠯᠬᠦ ᠨᠦᠯᠦᠭᠡ ᠶᠢ ᠬᠢᠨᠡᠨ ᠬᠠᠷᠭᠤᠭᠤᠯᠬᠤ ᠶᠢ ᠵᠤᠬᠢᠶᠠᠨ ᠪᠠᠶᠢᠭᠤᠯᠤᠨ ᠵᠢᠭᠠᠨ | ᠵᠢᠯᠦᠭᠤᠳᠤᠨ᠎ᠠ︔ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠡᠨ ᠬᠡᠮᠵᠢᠵᠦ ᠤᠷᠢᠳᠴᠢᠯᠡᠨ ᠮᠡᠳᠡᠭᠦᠯᠭᠦ ᠪᠠ | ᠪᠠᠴᠢᠮ ᠪᠠᠶᠢᠳᠠᠯ ᠢ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠠ︔ ᠬᠠᠮᠢᠶ᠎ᠠ ᠪᠦᠭᠦᠢ ᠤᠯᠠᠨ ᠤᠯᠤᠰ | ᠤᠨ ᠡᠯᠡᠰᠦᠷᠭᠡᠭᠵᠢᠬᠦ ᠶᠢ ᠰᠡᠷᠭᠡᠶᠢᠯᠡᠬᠦ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠪᠦᠬᠦ ᠲᠤᠭᠤᠷᠢᠭ ᠤᠨ ᠬᠠᠭᠤᠷᠠᠢ ᠭᠠᠵᠠᠷ ᠤᠨ ᠬᠡᠬᠡᠷ᠎ᠡ ᠶᠢᠨ ᠠᠮᠢᠲᠡᠨ ᠤᠷᠭᠤᠮᠠᠯ ᠤᠨ ᠡᠬᠢ | ᠪᠠᠶᠠᠯᠢᠭ ᠤᠨ ᠬᠠᠮᠠᠭᠠᠯᠠᠯᠲᠠ ᠪᠠ ᠵᠤᠬᠢᠰᠲᠡᠢ ᠪᠠᠷ ᠨᠡᠭᠡᠭᠡᠨ ᠭᠦᠭᠵᠢᠭᠦᠯᠵᠦ ᠠᠰᠢᠭᠯᠠᠬᠤ ᠶᠢ ᠵᠤᠬᠢᠶᠠᠨ | ᠪᠠᠶᠢᠭᠤᠯᠤᠨᠵᠢᠭᠠᠨ ᠵᠢᠯᠦᠭᠤᠳᠴᠤ᠂ ᠪᠦᠬᠦ ᠲᠤᠭᠤᠷᠢᠭ ᠤᠨ ᠭᠤᠤᠯᠳᠠᠯᠭ᠎ᠠ ᠲᠠᠢ ᠬᠠᠮᠠᠭᠠᠯᠠᠬᠤ ᠬᠠᠭᠤᠷᠠᠢ ᠭᠠᠵᠠᠷ ᠤᠨ | ᠬᠡᠭᠡᠷ᠎ᠡ ᠶᠢᠨ ᠠᠮᠢᠲᠡᠨ ᠤᠷᠭᠤᠮᠠᠯ ᠤᠨ ᠨᠡᠷᠡᠶᠢᠳᠦᠯ ᠢ ᠨᠠᠶᠢᠷᠡᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ | ᠬᠠᠭᠤᠷᠠᠢ ᠭᠠᠵᠠᠷ ᠤᠨ ᠬᠡᠭᠡᠷ᠎ᠡ ᠶᠢᠨ ᠠᠮᠢᠳᠡᠨ ᠤᠷᠭᠤᠮᠠᠯ ᠢ ᠠᠪᠤᠷᠠᠵᠦ ᠲᠤᠰᠠᠯᠠᠬᠤ ᠦᠷᠡᠵᠢᠭᠦᠯᠵᠦ ᠪᠤᠶᠢᠵᠢᠭᠤᠯᠬᠤ᠂ | ᠠᠮᠠᠷᠠᠵᠦ ᠰᠡᠯᠡᠭᠦᠴᠡᠬᠦ ᠭᠠᠵᠠᠷ ᠤᠨ ᠭᠦᠭᠵᠢᠯᠲᠠ ᠶᠢ ᠰᠡᠷᠭᠦᠭᠡᠬᠦ᠂ ᠬᠢᠵᠢᠭ ᠤᠨ ᠢᠷᠡᠯᠲᠡ ᠡᠪᠡᠳᠴᠢᠨ ᠤ ᠢᠷᠡᠯᠲᠡ ᠶᠢ | ᠬᠢᠨᠡᠨ ᠬᠡᠮᠵᠢᠬᠦ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠦᠷᠨᠢᠭᠦᠯᠦᠨ᠎ᠠ︔ ᠪᠦᠬᠦ ᠲᠤᠭᠤᠷᠢᠭ ᠤᠨ ᠬᠠᠭᠤᠷᠠᠢ | ᠭᠠᠵᠠᠷ ᠤᠨ ᠬᠡᠭᠡᠷ᠎ᠡ ᠶᠢᠨ ᠠᠮᠢᠳᠡᠨ ᠤᠷᠭᠤᠮᠠᠯ ᠢ ᠠᠪᠠᠯᠠᠵᠦ ᠠᠩᠨᠠᠬᠤ ᠪᠤᠶᠤ ᠮᠠᠯᠳᠠᠵᠦ ᠴᠤᠭᠯᠠᠭᠤᠯᠬᠤ᠂ ᠰᠤᠷᠭᠠᠨ | ᠠᠷᠠᠴᠢᠯᠠᠵᠦ ᠦᠷᠡᠵᠢᠭᠦᠯᠦᠨ ᠪᠤᠶᠢᠵᠢᠭᠤᠯᠬᠤ ᠡᠰᠡᠭᠦᠯ᠎ᠡ ᠪᠤᠶᠢᠵᠢᠭᠤᠯᠤᠨ ᠤᠷᠭᠤᠭᠤᠯᠵᠦ᠂ ᠡᠵᠡᠩᠨᠡᠨ ᠠᠰᠢᠭᠯᠠᠬᠤ ᠶᠢ | ᠬᠢᠨᠡᠯᠲᠡ ᠲᠠᠯᠪᠢᠨ ᠬᠠᠮᠢᠶᠠᠷᠴᠤ᠂ ᠬᠡᠭᠡᠷ᠎ᠡ ᠶᠢᠨ ᠠᠮᠢᠳᠡᠨ ᠤᠷᠭᠤᠮᠠᠯ ᠢ ᠤᠷᠤᠭᠤᠯᠵᠦ ᠭᠠᠷᠭᠠᠬᠤ ᠶᠢ ᠬᠢᠨᠡᠯᠲᠡ ᠲᠠᠯᠪᠢᠨ | ᠬᠠᠮᠢᠶᠠᠷᠤᠨ᠎ᠠ︔ ᠤᠰᠠᠳᠬᠤ ᠠᠶᠤᠯᠲᠠᠢ ᠪᠤᠯᠤᠭᠰᠡᠨ ᠠᠮᠢᠳᠡᠨ ᠤ ᠲᠦᠷᠦᠯ ᠢ ᠤᠷᠤᠭᠤᠯᠵᠦ ᠭᠠᠷᠭᠠᠬᠤ ᠪᠠ ᠤᠯᠤᠰ | ᠤᠨ ᠬᠠᠮᠠᠭᠠᠯᠠᠯᠲᠠ ᠶᠢᠨ ᠬᠡᠭᠡᠷ᠎ᠡ ᠶᠢᠨ ᠠᠮᠢᠳᠡᠨ᠂ ᠬᠤᠪᠤᠷ ᠴᠤᠬᠠᠭ ᠮᠤᠳᠤᠨ ᠤ ᠲᠦᠷᠦᠯ᠂ ᠬᠤᠪᠤᠷ ᠴᠤᠬᠠᠭ ᠬᠡᠭᠡᠷ᠎ᠡ | ᠶᠢᠨ ᠤᠷᠭᠤᠮᠠᠯ ᠵᠢᠴᠢ ᠲᠡᠭᠦᠨ ᠤ ᠪᠦᠳᠦᠭᠡᠭᠳᠡᠭᠦᠨ ᠢ ᠭᠠᠳᠠᠭᠰᠢ ᠭᠠᠷᠭᠠᠬᠤ ᠶᠢ ᠬᠢᠨᠡᠨ ᠬᠠᠷᠭᠤᠭᠤᠯᠵᠦ ᠮᠡᠳᠡᠭᠦᠯᠦᠨ | ᠵᠦᠪᠰᠢᠶᠡᠷᠡᠭᠦᠯᠬᠦ ᠠᠵᠢᠯ ᠢ ᠡᠭᠦᠷᠭᠡᠯᠡᠨ᠎ᠡ᠃ | ︵ᠳᠤᠯᠤᠭ᠎ᠠ︶ ᠤᠢ ᠰᠢᠭᠤᠢ ᠶᠢᠨ ᠰᠢᠰᠲ᠋ᠧᠮ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶ᠎ᠠ | ᠪᠦᠭᠦᠢ ᠠᠵᠢᠯ ᠢ ᠬᠠᠷᠢᠭᠤᠴᠠᠨ᠎ᠠ︔ ᠤᠢ ᠰᠢᠭᠤᠢ ᠶᠢᠨ ᠠᠮᠢᠳᠦ ᠪᠤᠳᠠᠰ ᠤᠨ ᠲᠦᠷᠦᠯ ᠵᠦᠢᠯ ᠤᠨ ᠡᠬᠢ ᠪᠠᠶᠠᠯᠢᠭ᠂ | ᠭᠧᠨ ᠢ ᠬᠤᠪᠢᠷᠠᠭᠤᠯᠬᠤ ᠠᠮᠢᠳᠦ ᠪᠤᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠦᠷᠦᠯ ᠵᠦᠢᠯ ᠤᠨ | ᠬᠠᠮᠠᠭᠠᠯᠠᠯᠲᠠ ᠵᠡᠷᠭᠡ ᠶᠢ ᠬᠢᠨᠡᠯᠲᠡ ᠲᠠᠯᠪᠢᠨ ᠬᠠᠮᠢᠶᠠᠷᠤᠨ᠎ᠠ︔ ᠠᠵᠢᠯ ᠤᠨ ᠬᠤᠪᠢᠶᠠᠷᠢᠯᠠᠯ ᠶᠤᠰᠤᠭᠠᠷ ᠠᠮᠢᠳᠦ ᠪᠤᠳᠠᠰ | ᠤᠨ ᠤᠯᠠᠨ ᠶᠠᠩᠵᠦᠲᠦ ᠴᠢᠨᠡᠷ ᠤᠨ ᠬᠠᠮᠠᠭᠠᠯᠠᠯᠲᠠ ᠶᠢᠨ ᠬᠠᠮᠢᠶ᠎ᠠ ᠪᠦᠭᠦᠢ ᠠᠵᠢᠯ ᠢ ᠬᠠᠷᠢᠭᠤᠴᠠᠨ᠎ᠠ︔ ᠬᠠᠮᠢᠶ᠎ᠠ | ᠪᠦᠭᠦᠢ ᠤᠯᠠᠨ ᠤᠯᠤᠰ ᠤᠨ ᠨᠡᠶᠢᠳᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠨᠠᠢᠮᠨ︶ ᠪᠦᠬᠦ ᠲᠤᠭᠤᠷᠢᠭ ᠤᠨ ᠤᠢ ᠰᠢᠭᠤᠢ ᠶᠢᠨ ᠦᠭᠡᠷᠡᠴᠢᠯᠡᠯᠲᠡ ᠶᠢ ᠠᠬᠢᠭᠤᠯᠵᠦ᠂ ᠲᠡᠷᠢᠶᠡᠴᠢᠳ | ᠤᠨ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠦ᠂ ᠬᠠᠮᠳᠦ ᠶᠢᠨ ᠤᠢ ᠶᠢᠨ ᠡᠷᠬᠡ ᠶᠢᠨ | ᠦᠮᠴᠢᠯᠡᠯ ᠤᠨ ᠳᠦᠷᠢᠮ ᠪᠠ ᠤᠯᠤᠰ ᠤᠨ ᠦᠮᠴᠢᠯᠡᠯᠲᠡ ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠲᠡ ᠶᠢ | ᠵᠢᠭᠠᠨ ᠵᠢᠯᠦᠭᠤᠳᠴᠤ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠭᠦᠳᠡᠭᠡ ᠲᠤᠰᠬᠤᠨ ᠤ ᠤᠢ ᠰᠢᠭᠤᠢ ᠶᠢᠨ | ᠭᠦᠭᠵᠢᠯᠲᠠ᠂ ᠲᠡᠷᠢᠶᠠᠴᠢᠳ ᠤᠨ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠲᠦᠷᠦ | ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠦᠯᠦᠪᠯᠡᠨ ᠲᠤᠭᠲᠠᠭᠠᠨ᠎ᠠ︔ ᠭᠦᠳᠡᠭᠡ ᠲᠤᠰᠬᠤᠨ ᠤ ᠤᠶᠢᠲᠦ ᠭᠠᠵᠠᠷ ᠢ | ᠳᠠᠭᠠᠭᠠᠴᠢᠯᠠᠨ ᠡᠵᠡᠩᠨᠡᠬᠦ ᠪᠠ ᠤᠢ ᠶᠢᠨ ᠡᠷᠬᠡ ᠶᠢ ᠰᠢᠯᠵᠢᠭᠦᠯᠬᠦ ᠶᠢ ᠵᠢᠭᠠᠨ ᠵᠢᠯᠦᠭᠤᠳᠤᠨ᠎ᠠ︔ ᠤᠢ ᠶᠢᠨ ᠡᠷᠬᠡ ᠶᠢᠨ | ᠵᠢᠭᠤᠷᠠᠯᠳᠤᠭᠠᠨ ᠪᠠ ᠤᠶᠢᠲᠦ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ ᠶᠢᠨ ᠵᠢᠭᠤᠷᠠᠯᠳᠤᠭᠠᠨ ᠢ ᠵᠤᠬᠢᠴᠠᠭᠤᠯᠤᠨ | ᠰᠢᠢᠳᠪᠦᠷᠢᠯᠡᠬᠦ ᠶᠢ ᠵᠢᠭᠠᠨ ᠵᠢᠯᠦᠭᠤᠳᠤᠨ᠎ᠠ︔ ᠲᠡᠷᠢᠶᠠᠯᠠᠬᠤ ᠶᠢ ᠵᠤᠭᠰᠤᠵᠦ ᠤᠶᠢᠵᠢᠭᠤᠯᠬᠤ ᠠᠵᠢᠯ ᠢ ᠬᠠᠤᠯᠢ | ᠶᠤᠰᠤᠭᠠᠷ ᠬᠠᠷᠢᠭᠤᠴᠠᠨ᠎ᠠ᠃ | ︵ᠶᠢᠰᠦ︶ ᠡᠯ᠎ᠡ ᠠᠵᠦ ᠦᠢᠯᠡᠰ ᠤᠨ ᠤᠢ ᠰᠢᠭᠤᠢ᠂ ᠴᠢᠬᠢᠭᠯᠢᠭ ᠭᠠᠵᠠᠷ᠂ ᠡᠯᠡᠰᠦ ᠮᠠᠩᠬ᠎ᠠ ᠪᠠ ᠬᠠᠭᠤᠷᠠᠢ | ᠭᠠᠵᠠᠷ ᠤᠨ ᠬᠡᠭᠡᠷ᠎ᠡ ᠶᠢᠨ ᠠᠮᠢᠲᠡᠨ ᠤᠷᠭᠤᠮᠠᠯ ᠤᠨ ᠡᠬᠢ ᠪᠠᠶᠠᠯᠢᠭ ᠢ ᠨᠡᠭᠡᠭᠡᠨ ᠭᠦᠭᠵᠢᠭᠦᠯᠵᠦ ᠠᠰᠢᠭᠯᠠᠬᠤ ᠳᠤ | ᠬᠢᠨᠡᠯᠲᠡ ᠲᠠᠯᠪᠢᠨ ᠪᠠᠶᠢᠴᠠᠭᠠᠨ᠎ᠠ︔ ᠪᠦᠬᠦ ᠲᠤᠭᠤᠷᠢᠭ ᠤᠨ ᠤᠢ ᠰᠢᠭᠤᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ | ᠲᠤᠬᠢᠷᠠᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠵᠦ᠂ ᠤᠢ ᠰᠢᠭᠤᠢ ᠶᠢᠨ ᠪᠦᠳᠦᠭᠡᠭᠳᠡᠭᠦᠨ ᠤ ᠶᠠᠰᠦ ᠴᠢᠨᠡᠷ | ᠲᠤ ᠬᠢᠨᠡᠯᠲᠠ ᠲᠠᠯᠪᠢᠬᠤ ᠶᠢ ᠵᠤᠬᠢᠶᠠᠨ ᠪᠠᠶᠢᠭᠤᠯᠤᠨ᠎ᠠ︔ ᠲᠠᠸᠠᠷ ᠤᠨ ᠤᠢ ᠶᠢᠨ ᠭᠦᠭᠵᠢᠯᠲᠠ ᠪᠠ ᠠᠰᠢᠭᠯᠠᠯᠲᠠ ᠶᠢ | ᠵᠢᠭᠠᠨ ᠵᠢᠯᠦᠭᠤᠳᠴᠤ᠂ ᠠᠭᠤᠯᠠᠨ ︵ᠮᠠᠩᠬᠠᠨ︶ ᠭᠠᠵᠠᠷ ᠤᠨ ᠶᠡᠷᠦᠩᠭᠡᠶᠢᠯᠡᠭᠰᠡᠨ ᠨᠡᠭᠡᠭᠡᠨ ᠭᠦᠭᠵᠢᠭᠦᠯᠦᠯᠲᠠ ᠶᠢ | ᠵᠢᠭᠠᠨ ᠵᠢᠯᠦᠭᠤᠳᠤᠨ᠎ᠠ᠃ | ︵ᠠᠷᠪᠠ︶ ᠪᠦᠬᠦ ᠲᠤᠭᠤᠷᠢᠭ ᠤᠨ ᠤᠢ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠢ ᠵᠤᠬᠢᠶᠠᠨ ᠪᠠᠶᠢᠭᠤᠯᠤᠨ | ᠵᠤᠬᠢᠴᠠᠭᠤᠯᠵᠦ᠂ ᠵᠢᠭᠠᠨ ᠵᠢᠯᠦᠭᠤᠳᠬᠤ ᠪᠠ ᠬᠢᠨᠡᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠤᠢ ᠰᠢᠭᠤᠢ | ᠶᠢᠨ ᠭᠠᠯ ᠤᠨ ᠭᠠᠮᠰᠢᠭ ᠢ ᠤᠷᠢᠳᠴᠢᠯᠡᠨ ᠰᠡᠷᠭᠡᠶᠢᠯᠡᠵᠦ ᠤᠨᠲᠠᠷᠠᠭᠠᠨ ᠠᠪᠤᠷᠠᠬᠤ ᠠᠵᠢᠯ ᠢ ᠰᠠᠶᠢᠳᠦᠷ ᠬᠢᠨ᠎ᠡ︔ | ᠵᠠᠪᠰᠡᠭᠲᠦ ᠴᠠᠭᠳᠠᠭ᠎ᠠ ᠶᠢᠨ ᠤᠢ ᠰᠢᠭᠤᠢ ᠶᠢᠨ ᠴᠠᠭᠳᠠᠭᠴᠢ ᠶᠢᠨ ᠠᠩᠬᠢ ᠪᠠ ᠲᠤᠰᠬᠠᠢ ᠮᠡᠷᠭᠡᠵᠢᠯ ᠤᠨ ᠭᠠᠯ | ᠤᠨᠲᠠᠷᠠᠭᠠᠬᠤ ᠡᠩᠨᠡᠭᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠵᠤᠬᠢᠶᠠᠨ ᠪᠠᠶᠢᠭᠤᠯᠵᠦ ᠵᠤᠬᠢᠴᠠᠭᠤᠯᠤᠨ | ᠵᠢᠭᠠᠨ ᠵᠢᠯᠦᠭᠤᠳᠤᠨ᠎ᠠ︔ ᠬᠤᠩᠱᠠᠨ ᠲᠤᠭᠤᠷᠢᠭ ᠤᠨ ᠤᠢ ᠰᠢᠭᠤᠢ ᠶᠢᠨ ᠭᠠᠯ ᠢ ᠰᠡᠷᠭᠡᠶᠢᠯᠡᠬᠦ ᠵᠢᠯᠦᠭᠤᠳᠬᠤ ᠭᠠᠵᠠᠷ | ᠤᠨ ᠪᠤᠲᠠᠲᠠᠢ ᠠᠵᠢᠯ ᠢ ᠡᠭᠦᠷᠭᠡᠯᠡᠵᠦ᠂ ᠤᠢ ᠰᠢᠭᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠡᠭᠦᠷᠭᠡᠯᠡᠨ᠎ᠡ︔ ᠪᠦᠬᠦ ᠲᠤᠭᠤᠷᠢᠭ ᠤᠨ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠠᠵᠢᠯ ᠢ ᠵᠢᠭᠠᠨ | ᠵᠢᠯᠦᠭᠤᠳᠴᠤ᠂ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ | ᠶᠢ ᠴᠢᠩᠭᠠᠳᠬᠠᠵᠦ᠂ ᠤᠢ ᠰᠢᠭᠤᠢ ᠶᠢᠨ ᠬᠠᠤᠯᠢ ᠶᠢ ᠵᠦᠷᠢᠴᠡᠭᠰᠡᠨ ᠶᠠᠯᠠᠳᠦ ᠬᠡᠷᠡᠭ ᠢ ᠪᠠᠶᠢᠴᠠᠭᠠᠨ ᠰᠢᠢᠳᠪᠦᠷᠢᠯᠡᠬᠦ | ᠭᠦᠴᠦᠯᠡᠴᠡ ᠶᠢ ᠨᠡᠮᠡᠭᠳᠡᠭᠦᠯᠦᠨ᠎ᠠ︔ ᠤᠢ ᠰᠢᠭᠤᠢ ᠶᠢᠨ ᠬᠤᠤᠷᠠᠳᠦ ᠠᠮᠢᠳᠦ ᠪᠤᠳᠠᠰ ᠢ ᠰᠡᠷᠭᠡᠶᠢᠯᠡᠨ ᠵᠠᠰᠠᠬᠤ ᠬᠠᠮᠢᠶ᠎ᠠ | ᠪᠦᠭᠦᠢ ᠠᠵᠢᠯ ᠢ ᠵᠢᠭᠠᠨ ᠵᠢᠯᠦᠭᠤᠳᠤᠨ᠎ᠠ᠃ | ︵ᠠᠷᠪᠠᠨ ᠨᠢᠭᠡ︶ ᠪᠦᠬᠦ ᠲᠤᠭᠤᠷᠢᠭ ᠤᠨ ᠤᠢ ᠰᠢᠭᠤᠢ ᠶᠢᠨ ᠠᠵᠦ ᠠᠬᠤᠢ ᠶᠢ ᠲᠤᠬᠢᠷᠠᠭᠤᠯᠬᠤ ᠪᠠ ᠤᠢ | ᠰᠢᠭᠤᠢ ᠶᠢᠨ ᠪᠡᠯᠨ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠳᠤ ᠤᠷᠤᠯᠴᠠᠵᠦ᠂ | ᠪᠦᠬᠦ ᠲᠤᠭᠤᠷᠢᠭ ᠤᠨ ᠤᠢ ᠰᠢᠭᠤᠢ ᠵᠢᠴᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠠᠮᠢ ᠠᠬᠤᠢ ᠶᠢᠨ | ᠨᠦᠭᠦᠪᠦᠷᠢ ᠶᠢᠨ ᠳᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ ᠵᠢᠭᠠᠨ ᠵᠢᠯᠦᠭᠤᠳᠤᠨ᠎ᠠ︔ | ᠰᠠᠯᠠᠭ᠎ᠠ ᠮᠦᠴᠢᠷ ᠤᠨ ᠲᠦᠰᠦᠪ ᠢ ᠨᠠᠶᠢᠷᠠᠭᠤᠯᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠪᠦᠬᠦ | ᠲᠤᠭᠤᠷᠢᠭ ᠤᠨ ᠤᠢ ᠰᠢᠭᠤᠢ ᠶᠢᠨ ᠪᠡᠯᠨ ᠮᠦᠩᠭᠦ ᠶᠢ ᠬᠠᠮᠢᠶᠠᠷᠴᠤ᠂ ᠪᠦᠬᠦ ᠲᠤᠭᠤᠷᠢᠭ ᠤᠨ ᠤᠢ ᠰᠢᠭᠤᠢ ᠶᠢᠨ ᠪᠡᠯᠨ | ᠮᠦᠩᠭᠦ ᠶᠢᠨ ᠬᠠᠮᠢᠠᠶ᠋ᠷᠤᠯᠲᠠ ᠪᠠ ᠬᠡᠷᠡᠭᠯᠡᠯᠲᠡ ᠳᠤ ᠬᠢᠨᠡᠯᠲᠠ ᠲᠠᠯᠪᠢᠵᠦ᠂ ᠤᠢ ᠰᠢᠭᠤᠢ ᠶᠢᠨ ᠭᠦᠭᠵᠢᠯᠲᠠ ᠶᠢᠨ ᠠᠵᠦ | ᠠᠬᠤᠢ ᠶᠢᠨ ᠲᠤᠬᠢᠷᠠᠭᠤᠯᠤᠯᠲᠠ ᠶᠢᠨ ᠰᠠᠨᠠᠯ ᠢ ᠰᠤᠳᠤᠯᠤᠨ ᠳᠤᠷᠠᠳᠤᠨ᠎ᠠ︔ ᠤᠯᠤᠰ ᠤᠨ ᠦᠮᠴᠢᠯᠡᠯᠲᠦ ᠤᠢ ᠰᠢᠭᠤᠢ | ᠶᠢᠨ ᠭᠦᠷᠦᠩᠭᠡ ᠶᠢ ᠬᠠᠪᠰᠤᠷᠭᠠᠨ ᠬᠠᠮᠢᠶᠠᠷᠴᠤ᠂ ᠬᠠᠮᠢᠶ᠎ᠠ ᠪᠦᠭᠦᠢ ᠲᠤᠭᠲᠠᠭᠠᠯ ᠶᠤᠰᠤᠭᠠᠷ ᠭᠤᠤᠯᠳᠠᠯᠭ᠎ᠠ ᠲᠠᠢ ᠤᠢ | ᠰᠢᠭᠤᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠡᠨ ᠬᠠᠷᠭᠤᠭᠤᠯᠤᠨ᠎ᠠ︔ ᠪᠦᠬᠦ ᠲᠤᠭᠤᠷᠢᠭ ᠤᠨ | ᠤᠢ ᠰᠢᠭᠤᠢ ᠵᠢᠴᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠤᠨ ᠤ ᠲᠦᠯᠦᠪᠯᠡᠭᠡ ᠶᠢ ᠨᠠᠶᠢᠷᠡᠭᠤᠯᠤᠨᠠ᠃ | | ︵ᠠᠷᠪᠠᠨ ᠬᠤᠶᠠᠷ︶ ᠪᠦᠬᠦ ᠲᠤᠭᠤᠷᠢᠭ ᠤᠨ ᠤᠢ ᠰᠢᠭᠤᠢ ᠵᠢᠴᠢ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ᠂ ᠪᠤᠯᠪᠠᠰᠤᠷᠠᠭᠤᠯᠤᠯ ᠪᠠ ᠭᠠᠳᠠᠭᠠᠳᠦ ᠶᠠᠪᠤᠳᠠᠯ ᠤᠨ ᠠᠵᠢᠯ ᠢ ᠵᠤᠬᠢᠶᠠᠨ | ᠪᠠᠶᠢᠭᠤᠯᠤᠨ ᠵᠢᠭᠠᠨ ᠵᠢᠯᠦᠭᠤᠳᠤᠨ᠎ᠠ︔ ᠪᠦᠬᠦ ᠲᠤᠭᠤᠷᠢᠭ ᠤᠨ ᠤᠢ ᠰᠢᠭᠤᠢ ᠶᠢᠨ ᠡᠩᠨᠡᠭᠡᠨ ᠤ ᠪᠠᠶᠢᠭᠤᠯᠤᠯᠲᠠ ᠶᠢ | ᠵᠢᠭᠠᠨ ᠵᠢᠯᠦᠭᠤᠳᠤᠨ᠎ᠠ᠃ | ︵ᠠᠷᠪᠠᠨ ᠭᠤᠷᠪᠠ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ | ᠬᠤᠲᠠ ᠶᠢᠨ ᠤᠢ ᠰᠢᠭᠤᠢ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠤᠴᠢᠷ ᠢ | ᠡᠭᠦᠷᠭᠡᠯᠡᠨ ᠭᠦᠢᠴᠡᠳᠬᠡᠨ᠎ᠡ᠃ |