ᠬᠢᠨᠡᠨ ᠪᠤᠳᠤᠬᠤ ᠲᠤᠪᠴᠢᠶ᠎ᠠ
ᠨᠡᠶᠢᠲᠡᠯᠡᠭᠰᠡᠨ ᠴᠠᠭ᠄
2016-06-08
                              ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠪᠦᠬᠦ ᠲᠤᠭᠤᠷᠢᠭ ᠤᠨ ᠬᠢᠨᠡᠨ ᠪᠤᠳᠤᠬᠤ ᠠᠵᠢᠯ ᠢ ᠭᠤᠤᠯᠴᠢᠯᠡᠨ ᠬᠠᠮᠢᠶᠠᠷᠤᠨ᠎ᠠ᠃ ᠬᠤᠩᠱᠠᠨ ᠲᠤᠭᠤᠷᠢᠭ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠳᠦᠷᠢᠮ ᠳᠤ ᠲᠤᠭᠲᠠᠭᠠᠭᠰᠡᠨ ᠬᠢᠨᠡᠨ ᠪᠤᠳᠤᠵᠦ ᠬᠢᠨᠡᠯᠲᠡ ᠲᠠᠯᠪᠢᠬᠤ ᠭᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠵᠠᠰᠠᠭ  ᠤᠨ ᠤᠷᠤᠯᠭ᠎ᠠ ᠵᠠᠷᠤᠯᠭ᠎ᠠ ᠶᠢᠨ ᠦᠨᠡᠨ ᠪᠤᠳᠠᠳᠦ ᠴᠢᠨᠡᠷ᠂ ᠬᠠᠤᠯᠢ ᠳᠤ ᠨᠡᠶᠢᠴᠡᠬᠦ ᠴᠢᠨᠡᠷ ᠪᠠ ᠦᠷ᠎ᠡ ᠠᠰᠢᠭᠳᠦ ᠴᠢᠨᠡᠷ  ᠢ ᠬᠢᠨᠡᠨ ᠪᠤᠳᠤᠵᠦ ᠬᠢᠨᠡᠯᠲᠡ ᠲᠠᠯᠪᠢᠬᠤ ᠶᠢ ᠬᠠᠷᠢᠭᠤᠴᠠᠨ᠎ᠠ᠃ ᠬᠢᠨᠡᠨ ᠪᠤᠳᠤᠬᠤ᠂ ᠲᠤᠰᠬᠠᠢ ᠲᠦᠷᠦᠯ ᠤᠨ ᠬᠢᠨᠡᠨ ᠪᠤᠳᠤᠵᠦ ᠪᠠᠶᠢᠴᠠᠭᠠᠨ ᠰᠤᠳᠤᠯᠤᠯᠲᠠ ᠬᠢᠬᠦ ᠪᠠ ᠨᠡᠶᠢᠭᠡᠮ ᠤᠨ ᠬᠢᠨᠡᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠦᠭᠦᠢ ᠬᠢᠨᠡᠨ ᠪᠤᠳᠤᠭᠰᠡᠨ ᠮᠡᠳᠡᠭᠦᠯᠦᠯᠲᠡ ᠶᠢᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠳᠦ ᠬᠢᠨᠡᠨ ᠪᠤᠳᠤᠯᠲᠠ ᠬᠢᠯᠭᠡᠵᠦ ᠪᠠᠶᠢᠭ᠎ᠠ ᠨᠢᠭᠡᠴᠡ ᠶᠢᠨ ᠦᠭᠡᠷᠡᠴᠢᠯᠡᠨ ᠵᠠᠰᠠᠬᠤ ᠶᠢ ᠱᠠᠭᠠᠷᠳᠠᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠨ᠎ᠠ᠃       ︵ᠬᠤᠶᠠᠷ︶ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠬᠠᠮᠢᠶ᠎ᠠ ᠪᠦᠭᠦᠢ ᠬᠢᠨᠡᠨ ᠪᠤᠳᠤᠯᠲᠠ ᠶᠢᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠬᠢᠨᠡᠨ ᠪᠤᠳᠤᠬᠤ ᠳᠦᠷᠢᠮ ᠲᠤᠭᠲᠠᠭᠠᠯ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ᠃ ᠬᠤᠩᠱᠠᠨ ᠲᠤᠭᠤᠷᠢᠭ ᠤᠨ ᠬᠢᠨᠡᠨ ᠪᠤᠳᠤᠬᠤ ᠠᠵᠢᠯ ᠤᠨ ᠭᠦᠭᠵᠢᠯᠲᠠ ᠶᠢᠨ ᠲᠦᠯᠦᠪᠵᠢᠭᠦᠯᠭᠡ ᠪᠠ ᠲᠤᠰᠬᠠᠢ ᠭᠦᠷᠢᠶ᠎ᠡ ᠬᠡᠪᠴᠢᠶᠡᠨ ᠤ ᠬᠢᠨᠡᠨ ᠪᠤᠳᠤᠬᠤ ᠠᠵᠢᠯ ᠤᠨ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠨ ᠤ ᠬᠢᠨᠡᠨ ᠪᠤᠳᠤᠬᠤ ᠲᠦᠯᠦᠪᠯᠡᠭᠡ ᠶᠢ ᠲᠤᠭᠲᠠᠭᠠᠬᠤ ᠪᠠ ᠬᠡᠷᠡᠭᠵᠢᠭᠦᠯᠦᠨ᠎ᠠ᠃ ᠰᠢᠭᠤᠳ ᠬᠢᠨᠡᠨ ᠪᠤᠳᠤᠵᠦ᠂ ᠪᠠᠶᠢᠴᠠᠭᠠᠨ ᠰᠤᠳᠤᠯᠬᠤ ᠪᠠ ᠬᠠᠷᠭᠤᠭᠤᠯᠤᠨ ᠪᠠᠶᠢᠴᠠᠭᠠᠬᠤ ᠬᠡᠷᠡᠭ ᠤᠴᠢᠷ ᠲᠤ ᠬᠠᠤᠯᠢ ᠶᠤᠰᠤᠭᠠᠷ ᠬᠢᠨᠡᠨ ᠪᠤᠳᠤᠵᠦ ᠦᠨᠡᠯᠡᠨ᠂ ᠬᠢᠨᠡᠨ ᠪᠤᠳᠤᠭᠰᠡᠨ ᠰᠢᠢᠳᠪᠦᠷᠢ ᠭᠠᠷᠭᠠᠬᠤ ᠪᠤᠶᠤ ᠬᠢᠨᠡᠨ ᠪᠤᠳᠤᠭᠰᠡᠨ ᠰᠠᠨᠠᠭᠤᠯᠭ᠎ᠠ ᠳᠤᠷᠠᠳᠤᠨ᠎ᠠ᠃                ︵ᠭᠤᠷᠪᠠ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠳᠤ ᠤᠨ ᠤ ᠬᠤᠩᠱᠠᠨ ᠲᠤᠭᠤᠷᠢᠭ ᠤᠨ ᠱᠠᠳᠤᠨ ᠤ ᠲᠦᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ  ᠶᠢᠨ ᠪᠠᠶᠢᠳᠠᠯ ᠤᠨ ᠬᠢᠨᠡᠨ ᠪᠤᠳᠤᠭᠰᠡᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ︔ ᠬᠤᠩᠱᠠᠨ ᠲᠤᠭᠤᠷᠢᠭ  ᠤᠨ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠤᠩᠱᠠᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠤᠭᠤᠷᠢᠭ ᠤᠨ ᠲᠤᠰ ᠱᠠᠳᠤᠨ ᠤ ᠲᠦᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠢ ᠬᠢᠨᠡᠨ ᠪᠤᠳᠤᠭᠰᠡᠨ ᠠᠵᠢᠯ ᠤᠨ ᠮᠡᠳᠡᠭᠦᠯᠦᠯᠲᠡ᠂ ᠬᠢᠨᠡᠨ ᠪᠤᠳᠤᠵᠦ ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠬᠤ ᠪᠠ ᠰᠢᠢᠳᠪᠦᠷᠢᠯᠡᠬᠦ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ︔ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠳᠤ ᠪᠤᠰᠤᠳ ᠬᠡᠷᠡᠭ ᠤᠴᠢᠷ ᠢ ᠬᠢᠨᠡᠨ ᠪᠤᠳᠤᠭᠰᠡᠨ ᠪᠠ ᠲᠤᠰᠬᠠᠢ ᠲᠦᠷᠦᠯ ᠢᠶᠠᠷ ᠬᠢᠨᠡᠨ ᠪᠤᠳᠤᠵᠦ ᠪᠠᠶᠢᠴᠠᠭᠠᠨ ᠰᠤᠳᠤᠯᠤᠭᠰᠡᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠠ︔ ᠬᠢᠨᠡᠨ ᠪᠤᠳᠤᠭᠰᠡᠨ ᠦᠷ᠎ᠡ ᠳ᠋ᠦᠩ ᠢ ᠬᠠᠤᠯᠢ ᠶᠤᠰᠤᠭᠠᠷ ᠨᠡᠶᠢᠭᠡᠮ ᠳᠤ ᠨᠡᠶᠢᠳᠡᠯᠡᠨ᠎ᠠ︔ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠲᠤ ᠬᠢᠨᠡᠨ ᠪᠤᠳᠤᠭᠰᠡᠨ ᠪᠠᠶᠢᠳᠠᠯ ᠪᠠ ᠬᠢᠨᠡᠨ ᠪᠤᠳᠤᠭᠰᠡᠨ ᠦᠷ᠎ᠡ ᠳ᠋ᠦᠩ ᠢ ᠮᠡᠳᠡᠭᠡᠯᠡᠨ᠎ᠡ᠃       ︵ᠳᠦᠷᠪᠡ︶ ᠳᠤᠤᠷᠡᠬᠢ ᠬᠡᠷᠡᠭ ᠤᠴᠢᠷ ᠢ ᠰᠢᠭᠤᠳ ᠬᠢᠨᠡᠨ ᠪᠤᠳᠤᠵᠦ᠂ ᠬᠢᠨᠡᠨ ᠪᠤᠳᠤᠭᠰᠡᠨ ᠮᠡᠳᠡᠭᠦᠯᠦᠯᠲᠡ ᠭᠠᠷᠭᠠᠵᠦ᠂ ᠬᠠᠤᠯᠢ ᠳᠤ ᠲᠤᠭᠲᠠᠭᠰᠡᠨ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠤ ᠬᠢᠨᠡᠨ ᠪᠤᠳᠤᠭᠰᠡᠨ ᠰᠢᠢᠳᠪᠦᠷᠢ ᠭᠠᠷᠭᠠᠬᠤ ᠪᠤᠶᠤ ᠬᠠᠮᠢᠶ᠎ᠠ ᠪᠦᠭᠦᠢ ᠰᠠᠯᠠᠭ᠎ᠠ ᠮᠦᠴᠢᠷ ᠲᠤ ᠰᠢᠢᠳᠪᠦᠷᠢᠯᠡᠨ ᠲᠤᠷᠭᠠᠭᠰᠡᠨ ᠰᠠᠨᠠᠭᠤᠯᠭ᠎ᠠ ᠳᠤᠷᠠᠳᠬᠤ ᠶᠢᠨ ᠬᠠᠮᠳᠦ ᠵᠤᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ᠃       1. ᠬᠤᠩᠱᠠᠨ ᠲᠤᠭᠤᠷᠢᠭ ᠤᠨ ᠲᠤᠰ ᠱᠠᠳᠤᠨ ᠤ ᠲᠦᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠬᠤᠩᠱᠠᠨ ᠲᠤᠭᠤᠷᠢᠭ ᠤᠨ ᠲᠤᠰ ᠱᠠᠳᠤᠨ ᠤ ᠡᠯ᠎ᠡ ᠰᠠᠯᠠᠭ᠎ᠠ ᠮᠦᠴᠢᠷ ︵ᠰᠠᠯᠠᠭ᠎ᠠ ᠮᠦᠴᠢᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠭᠲᠠᠭᠠᠨ᠎ᠠ︶ ᠤᠨ ᠲᠦᠰᠦᠪ ᠢ ᠭᠦᠢᠴᠡᠳᠬᠡᠭᠰᠡᠨ ᠪᠠᠶᠢᠳᠠᠯ᠂ ᠲᠦᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠃                2. ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠲᠦᠰᠦᠪ ᠢ ᠭᠦᠢᠴᠡᠳᠬᠡᠭᠰᠡᠨ ᠪᠠᠶᠢᠳᠠᠯ᠂ ᠲᠦᠰᠦᠪ ᠤᠨ ᠭᠦᠢᠴᠡᠳᠬᠡᠯ ᠵᠢᠴᠢ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠲᠦᠪ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠡᠳ᠋ ᠤᠨ ᠵᠠᠰᠠᠭ ᠤᠨ ᠰᠢᠯᠵᠢᠭᠦᠯᠦᠨ ᠲᠦᠯᠦᠪᠦᠷᠢᠯᠡᠭᠰᠡᠨ ᠪᠡᠯᠨ ᠮᠦᠩᠭᠦ᠃       3. ᠬᠤᠩᠱᠠᠨ ᠲᠤᠭᠤᠷᠢᠭ ᠤᠨ ᠲᠤᠰ ᠱᠠᠳᠤᠨ ᠤ ᠡᠳ᠋ ᠤᠨ ᠵᠠᠰᠠᠭ ᠤᠨ ᠪᠡᠯᠨ ᠮᠦᠩᠭᠦ ᠳᠤ ᠬᠡᠷᠡᠭᠯᠡᠬᠦ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠪᠦᠯᠭᠦᠮ ᠤᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ᠃       4. ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠪᠡᠯᠨ ᠤᠷᠤᠭᠤᠯᠤᠭᠰᠡᠨ ᠪᠠ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠪᠡᠯᠨ ᠤᠷᠤᠭᠤᠯᠬᠤ ᠪᠠᠷ ᠭᠤᠤᠯ ᠪᠤᠯᠭᠠᠭᠰᠡᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠰᠦᠪ ᠢ ᠭᠦᠢᠴᠡᠳᠬᠡᠭᠰᠡᠨ ᠪᠠᠶᠢᠳᠠᠯ ᠪᠠ ᠲᠦᠰᠦᠪ ᠤᠨ ᠭᠦᠢᠴᠡᠳᠬᠡᠯ᠃       5. ᠲᠤᠭᠤᠷᠢᠭ ᠤᠨ ᠲᠤᠰ ᠱᠠᠳᠤᠨ ᠤ ᠤᠯᠤᠰ ᠤᠨ ᠦᠮᠴᠢᠯᠡᠯᠲᠦ ᠭᠦᠷᠦᠩᠭᠡ ᠶᠢᠨ ᠬᠤᠪᠢ ᠤᠷᠤᠭᠤᠯᠤᠭᠰᠡᠨ ᠪᠠᠶᠢᠷᠢ ᠶᠢ ᠡᠵᠡᠯᠡᠬᠦ ᠡᠰᠡᠭᠦᠯ᠎ᠡ ᠭᠤᠤᠯᠯᠠᠬᠤ ᠪᠠᠶᠢᠷᠢ ᠳᠠᠬᠢ ᠬᠤᠪᠢ ᠤᠷᠤᠭᠤᠯᠤᠭᠰᠡᠨ ᠳᠦᠷᠢᠮᠳᠦ ᠠᠵᠦ ᠠᠬᠤᠶᠢᠯᠡᠯ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠦᠷᠦᠩᠭᠡ᠂ ᠦᠷᠢ᠂ ᠠᠯᠳᠠᠪᠦᠷᠢ ᠤᠯᠵᠠᠪᠦᠷᠢ᠃       6. ᠲᠤᠭᠤᠷᠢᠭ ᠤᠨ ᠵᠠᠰᠠᠭ ᠤᠨ ᠤᠷᠳᠤᠨ ᠤ ᠬᠠᠮᠢᠶᠠᠷᠴᠤ ᠪᠠᠶᠢᠭ᠎ᠠ ᠪᠠ ᠲᠤᠭᠤᠷᠢᠭ ᠤᠨ ᠵᠠᠰᠠᠭ ᠤᠨ ᠤᠷᠳᠤᠨ ᠵᠢᠴᠢ ᠲᠡᠭᠦᠨ ᠤ ᠰᠠᠯᠠᠭ᠎ᠠ ᠮᠦᠴᠢᠷ ᠤᠨ ᠨᠠᠶᠢᠳᠠᠯᠭ᠎ᠠ ᠶᠢ ᠭᠦᠯᠢᠶᠡᠨ ᠬᠠᠮᠢᠶᠠᠷᠴᠤ ᠪᠠᠶᠢᠭ᠎ᠠ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠭᠦ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠡᠯᠨ ᠮᠦᠩᠭᠦ᠂ ᠨᠡᠶᠢᠭᠡᠮ ᠤᠨ ᠨᠡᠮᠡᠷᠢ ᠬᠠᠨᠳᠢᠪ ᠤᠨ ᠪᠡᠯᠨ ᠮᠦᠩᠭᠦ ᠵᠢᠴᠢ ᠪᠤᠰᠤᠳ ᠬᠠᠮᠢᠶ᠎ᠠ ᠪᠦᠭᠦᠢ ᠰᠠᠭᠤᠷᠢ ᠮᠦᠩᠭᠦ᠂ ᠪᠡᠯᠨ ᠮᠦᠩᠭᠦ ᠶᠢᠨ ᠡᠳ᠋  ᠤᠨ ᠶᠠᠪᠤᠳᠠᠯ ᠤᠨ ᠤᠷᠤᠯᠭ᠎ᠠ ᠵᠠᠷᠤᠯᠭ᠎ᠠ᠃              7. ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠪᠠ ᠭᠠᠳᠠᠭᠠᠳᠦ ᠤᠯᠤᠰ ᠤᠨ ᠵᠠᠰᠠᠭ ᠤᠨ ᠤᠷᠳᠤᠨ ᠤ ᠲᠤᠰᠠᠯᠠᠨ ᠳᠡᠮᠵᠢᠭᠰᠡᠨ᠂ ᠵᠢᠭᠡᠯᠡᠯᠭᠡ ᠶᠢᠨ ᠲᠦᠷᠦᠯ ᠵᠦᠢᠯ ᠤᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ᠃       8. ᠳᠡᠭᠡᠳᠦ ᠱᠠᠳᠤᠨ ᠤ ᠬᠢᠨᠡᠨ ᠪᠤᠳᠤᠬᠤ ᠰᠠᠯᠠᠭ᠎ᠠ ᠮᠦᠴᠢᠷ ᠤᠨ ᠡᠷᠬᠡ ᠤᠯᠭᠤᠭᠰᠡᠨ ᠬᠢᠨᠡᠨ ᠪᠤᠳᠤᠬᠤ ᠪᠤᠰᠤᠳ ᠬᠢᠨᠡᠨ ᠪᠤᠳᠤᠬᠤ ᠬᠡᠷᠡᠭ ᠤᠴᠢᠷ᠃       9. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠠᠴᠠ ᠲᠤᠭᠲᠠᠭᠠᠭᠰᠡᠨ ᠲᠤᠭᠤᠷᠢᠭ ᠤᠨ ᠬᠢᠨᠡᠨ ᠪᠤᠳᠤᠬᠤ ᠲᠤᠪᠴᠢᠶ᠎ᠡ ᠬᠢᠨᠡᠨ ᠪᠤᠳᠤᠪᠠᠰᠤ ᠵᠤᠬᠢᠬᠤ ᠪᠤᠰᠤᠳ ᠬᠡᠷᠡᠭ ᠤᠴᠢᠷ᠃       ︵ᠲᠠᠪᠤ︶ ᠲᠤᠭᠲᠠᠭᠠᠯ ᠶᠤᠰᠤᠭᠠᠷ ᠬᠤᠩᠱᠠᠨ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠪᠠᠯᠭᠠᠰᠤ᠂ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠮ ᠵᠠᠰᠠᠭ ᠤᠨ ᠤᠳᠤᠷᠢᠳᠬᠤ ᠺᠠᠳ᠋ᠷ ᠵᠢᠴᠢ ᠲᠤᠭᠤᠷᠢᠭ ᠤᠨ ᠬᠢᠨᠡᠨ ᠪᠤᠳᠤᠬᠤ ᠲᠤᠪᠴᠢᠶ᠎ᠠ ᠶᠢᠨ ᠬᠢᠨᠡᠨ ᠪᠤᠳᠤᠵᠦ ᠬᠢᠨᠡᠯᠲᠡ ᠲᠠᠯᠪᠢᠬᠤ ᠡᠲᠡᠭᠡᠳ ᠲᠤ ᠬᠠᠤᠯᠢ ᠶᠤᠰᠤᠭᠠᠷ ᠬᠠᠷᠢᠶᠠᠯᠠᠭᠳᠠᠬᠤ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠡᠨ ᠳᠤ ᠠᠵᠦ ᠠᠬᠤᠢ ᠶᠢᠨ ᠬᠠᠷᠢᠭᠤᠴᠠᠯᠭ᠎ᠠ ᠶᠢᠨ ᠬᠢᠨᠡᠨ ᠪᠤᠳᠤᠯᠲᠠ ᠬᠢᠨ᠎ᠡ᠃       ︵ᠵᠢᠷᠭᠤᠭ᠎ᠠ︶ ᠤᠯᠤᠰ ᠤᠨ ᠡᠳ᠋ ᠤᠨ ᠵᠠᠰᠠᠭ ᠠᠵᠦ ᠠᠬᠤᠢ ᠶᠢᠨ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠤᠭᠲᠠᠭᠠᠯ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠦᠰᠦᠪ  ᠤᠨ ᠬᠠᠮᠢᠶᠠᠷᠤᠯᠲᠠ ᠡᠰᠡᠭᠦᠯ᠎ᠡ ᠤᠯᠤᠰ ᠤᠨ ᠦᠮᠴᠢᠯᠡᠯᠲᠦ ᠭᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ  ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠲᠠᠢ ᠬᠠᠮᠢᠶᠠᠲᠠᠢ ᠤᠨᠴᠠ ᠲᠤᠭᠲᠠᠭᠰᠡᠨ ᠬᠡᠷᠡᠭ ᠤᠴᠢᠷ ᠲᠤ ᠲᠤᠰᠬᠠᠢ ᠬᠢᠨᠡᠨ ᠪᠤᠳᠤᠯᠲᠠ ᠪᠠᠶᠢᠴᠠᠭᠠᠨ ᠰᠤᠳᠤᠯᠤᠯᠲᠠ ᠬᠢᠬᠦ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ ᠤᠯᠤᠰ  ᠤᠨ ᠡᠬᠢ ᠪᠠᠶᠠᠯᠢᠭ᠂ ᠪᠡᠯᠨ ᠮᠦᠩᠭᠦ ᠪᠠ ᠵᠢᠭᠡᠯᠡᠯᠭᠡ ᠶᠢ ᠬᠡᠷᠡᠭᠯᠡᠬᠦ ᠡᠰᠡᠭᠦᠯ᠎ᠡ ᠤᠯᠤᠰ ᠤᠨ ᠭᠠᠶᠢᠯᠢ ᠲᠠᠲᠠᠪᠦᠷᠢᠯᠠᠬᠤ  ᠲᠠᠢ ᠬᠠᠮᠢᠶᠠᠲᠠᠢ ᠪᠤᠰᠤᠳ ᠨᠢᠭᠡᠴᠡ ᠳᠤ ᠬᠢᠨᠡᠨ ᠪᠤᠳᠤᠯᠲᠠ ᠪᠠᠶᠢᠴᠠᠭᠠᠨ ᠰᠤᠳᠤᠯᠤᠯᠲᠠ ᠬᠢᠨ᠎ᠠ᠃                ︵ᠳᠤᠯᠤᠭ᠎ᠠ︶ ᠬᠢᠨᠡᠨ ᠪᠤᠳᠤᠯᠲᠠ ᠶᠢᠨ ᠰᠢᠢᠳᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠤᠰᠤᠭᠠᠷ ᠪᠠᠶᠢᠴᠠᠭᠠᠵᠦ᠂ ᠬᠢᠨᠡᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠱᠠᠭᠠᠷᠳᠠᠨ ᠵᠠᠯᠠᠷᠠᠭᠤᠯᠬᠤ ᠪᠠ ᠰᠢᠢᠳᠪᠦᠷᠢᠯᠠᠵᠦ᠂ ᠬᠢᠨᠡᠨ ᠪᠤᠳᠤᠭᠳᠠᠭᠰᠡᠨ ᠨᠢᠭᠡᠴᠡ ᠠᠴᠠ ᠬᠢᠨᠡᠨ ᠪᠤᠳᠤᠭᠰᠡᠨ ᠰᠢᠢᠳᠪᠦᠷᠢ ᠶᠢ ᠵᠠᠰᠠᠭ ᠵᠠᠬᠢᠷᠭᠠᠨ ᠤ ᠲᠡᠬᠢᠨ ᠵᠦᠪᠯᠡᠬᠦ ᠳᠤᠷᠠᠳᠤᠯᠭ᠎ᠠ ᠳᠡᠪᠰᠢᠭᠦᠯᠬᠦ᠂ ᠵᠠᠰᠠᠭ ᠵᠠᠬᠢᠷᠭᠠᠨ ᠤ ᠵᠠᠭᠠᠯᠳᠤᠯᠭ᠎ᠠ ᠡᠰᠡᠭᠦᠯ᠎ᠡ ᠬᠤᠩᠱᠠᠨ ᠲᠤᠭᠤᠷᠢᠭ  ᠤᠨ ᠠᠷᠠᠳ ᠤᠨ ᠵᠠᠰᠠᠭ ᠤᠨ ᠤᠷᠳᠤᠨ ᠤ ᠲᠡᠰᠤᠯᠤᠯᠲᠠ ᠳᠤᠮᠳᠠᠬᠢ ᠬᠠᠮᠢᠶ᠎ᠠ ᠪᠦᠭᠦᠢ ᠬᠡᠷᠡᠭ ᠤᠴᠢᠷ ᠢ ᠬᠠᠤᠯᠢ ᠶᠤᠰᠤᠭᠠᠷ ᠭᠦᠢᠴᠡᠳᠬᠡᠨ᠎ᠡ᠃ ᠬᠠᠮᠢᠶ᠎ᠠ ᠪᠦᠭᠦᠢ ᠰᠠᠯᠠᠭ᠎ᠠ ᠮᠦᠴᠢᠷ ᠢ ᠬᠠᠪᠰᠤᠷᠤᠨ ᠬᠠᠮᠵᠢᠯᠴᠠᠨ ᠬᠠᠮᠢᠶ᠎ᠠ ᠪᠦᠭᠦᠢ ᠴᠢᠬᠤᠯᠨ ᠶᠡᠭᠡ ᠬᠡᠷᠡᠭ ᠤᠴᠢᠷ ᠢ ᠪᠠᠶᠢᠴᠠᠭᠠᠨ ᠰᠢᠢᠳᠪᠦᠷᠢᠯᠠᠨ᠎ᠠ᠃       ︵ᠨᠠᠢᠮᠨ︶ ᠳᠤᠳᠤᠭᠠᠳᠦ ᠬᠢᠨᠡᠨ ᠪᠤᠳᠤᠯᠲᠠ ᠶᠢᠨ ᠠᠵᠢᠯ ᠢ ᠵᠢᠭᠠᠨ ᠵᠢᠯᠦᠭᠤᠳᠬᠤ ᠪᠠ ᠬᠢᠨᠡᠯᠲᠡ ᠲᠠᠯᠪᠢᠵᠦ᠂ ᠨᠡᠶᠢᠭᠡᠮ ᠤᠨ ᠬᠢᠨᠡᠨ ᠪᠤᠳᠤᠬᠤ ᠪᠠᠶᠢᠭᠤᠯᠤᠮᠵᠢ ᠠᠴᠠ ᠬᠢᠨᠡᠨ ᠪᠤᠳᠤᠵᠦ ᠬᠢᠨᠡᠯᠲᠡ ᠲᠠᠯᠪᠢᠬᠤ ᠡᠲᠡᠭᠡᠳ ᠲᠤ ᠬᠠᠤᠯᠢ ᠶᠤᠰᠤᠭᠠᠷ ᠬᠠᠷᠢᠶᠠᠯᠠᠭᠳᠠᠬᠤ ᠨᠢᠭᠡᠴᠡ ᠶᠢᠨ ᠭᠠᠷᠭᠠᠭᠰᠡᠨ ᠬᠠᠮᠢᠶ᠎ᠠ ᠪᠦᠭᠦᠢ ᠬᠢᠨᠡᠨ ᠪᠤᠳᠤᠯᠲᠠ ᠶᠢᠨ ᠮᠡᠳᠡᠭᠦᠯᠦᠯᠲᠠ ᠶᠢ ᠬᠠᠷᠭᠤᠭᠤᠯᠤᠨ ᠪᠠᠶᠢᠴᠠᠭᠠᠨ᠎ᠠ᠃       ︵ᠶᠢᠰᠦ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠬᠢᠨᠡᠨ ᠪᠤᠳᠤᠯᠲᠠ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠡᠷᠡᠭ ᠤᠴᠢᠷ ᠢ ᠪᠠᠶᠠᠯᠠᠭᠦᠯᠦᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号