ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2016-06-08
        ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠬᠤᠩᠱᠠᠨ ᠲᠤᠭᠤᠷᠢᠭ ᠤᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠮᠬᠢ ᠲᠢᠭᠯᠢᠮ ᠢ ᠲᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠬᠠᠮᠢᠶ᠎ᠠ ᠪᠦᠭᠦᠢ ᠤᠷᠤᠨ ᠰᠠᠭᠤᠴᠠ ᠶᠢᠨ ᠪᠠᠳᠤᠯᠠᠭ᠎ᠠ᠂ ᠪᠠᠷᠢᠯᠭ᠎ᠠ ᠪᠠᠶᠢᠭᠤᠯᠤᠯᠲᠠ᠂ ᠬᠤᠲᠠ ᠶᠢᠨ ᠪᠦᠳᠦᠭᠡᠨ ᠪᠠᠶᠢᠭᠤᠯᠤᠯᠲᠠ᠂ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠭᠠᠵᠠᠷ ᠭᠦᠷᠦᠩᠭᠡ ᠶᠢᠨ ᠦᠢᠯᠡᠰ᠂ ᠬᠠᠶᠢᠨ ᠪᠠᠶᠢᠴᠠᠭᠠᠵᠦ ᠲᠦᠯᠦᠪᠯᠡᠨ ᠯᠠᠪᠯᠠᠬᠤ ᠦᠢᠯᠡᠰ᠂ ᠬᠤᠲᠠ ᠶᠢᠨ ᠶᠠᠪᠤᠳᠠᠯ ᠤᠨ ᠤᠯᠠᠨ ᠨᠡᠶᠢᠳᠡ ᠶᠢᠨ ᠦᠢᠯᠡᠰ᠂ ᠪᠠᠷᠢᠯᠭ᠎ᠠ ᠶᠢᠨ ᠡᠨᠧᠷᠬᠢ ᠠᠷᠪᠢᠯᠠᠬᠤ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠬᠤᠩᠱᠠᠨ ᠲᠤᠭᠤᠷᠢᠭ ᠤᠨ ᠤᠷᠤᠨ ᠰᠠᠭᠤᠴᠠ ᠪᠠ ᠬᠤᠲᠠ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠤᠤᠷᠠᠭᠯᠠᠨ ᠵᠤᠬᠢᠶᠠᠨ᠎ᠠ︔ ᠬᠤᠩᠱᠠᠨ ᠲᠤᠭᠤᠷᠢᠭ ᠤᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ  ᠶᠢᠨ ᠴᠢᠬᠤᠯᠨ ᠠᠰᠠᠭᠤᠳᠠᠯ ᠤᠨ ᠲᠤᠬᠠᠢ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠴᠤ᠂ ᠬᠤᠩᠱᠠᠨ ᠲᠤᠭᠤᠷᠢᠭ  ᠤᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠭᠦᠭᠵᠢᠯᠲᠠ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃       ︵ᠬᠤᠶᠠᠷ︶ ᠬᠤᠲᠠ ᠪᠠᠯᠭᠠᠰᠤᠨ ᠤ ᠳᠤᠤᠷ᠎ᠡ ᠤᠷᠤᠯᠭ᠎ᠠ ᠲᠠᠢ ᠡᠷᠦᠬᠡ ᠶᠢᠨ ᠤᠷᠤᠨ ᠰᠠᠭᠤᠴᠠ ᠶᠢ ᠪᠠᠳᠤᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠠ᠃ ᠬᠤᠩᠱᠠᠨ ᠲᠤᠭᠤᠷᠢᠭ ᠤᠨ ᠤᠷᠤᠨ ᠰᠠᠭᠤᠴᠠ ᠶᠢᠨ ᠪᠠᠳᠤᠯᠠᠭ᠎ᠠ ᠶᠢᠨ ᠭᠦᠭᠵᠢᠭᠦᠯᠦᠯᠲᠠ ᠶᠢᠨ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠬᠡᠷᠡᠭᠵᠢᠭᠦᠯᠬᠦ ᠶᠢ ᠵᠢᠭᠠᠨ ᠵᠢᠯᠦᠭᠤᠳᠤᠨ᠎ᠠ︔ ᠬᠢᠮᠳᠠ ᠲᠦᠷᠢᠶᠡᠰᠦᠨ ᠤᠷᠤᠨ ᠰᠠᠭᠤᠴᠠ ᠶᠢᠨ ᠲᠦᠷᠦ ᠶᠢᠨ ᠪᠤᠳᠤᠯᠭ᠎ᠠ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠲᠦᠪ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠪᠠ ᠬᠤᠩᠱᠠᠨ ᠲᠤᠭᠤᠷᠢᠭ ᠤᠨ ᠬᠠᠮᠢᠶ᠎ᠠ ᠪᠦᠭᠦᠢ ᠬᠢᠮᠲᠡ ᠲᠦᠷᠢᠶᠡᠰᠦᠨ ᠤᠷᠤᠨ ᠰᠠᠭᠤᠴᠠ ᠶᠢᠨ ᠪᠡᠯᠨ ᠮᠦᠩᠭᠦ ᠶᠢ ᠲᠤᠬᠢᠷᠠᠭᠤᠯᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ᠃              ︵ᠭᠤᠷᠪᠠ︶ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠠ᠃ ᠪᠦᠬᠦ ᠬᠤᠲᠠ ᠶᠢᠨ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢᠨ ᠲᠦᠯᠦᠪᠵᠢᠭᠦᠯᠭᠡ  ᠶᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠬᠤᠩᠱᠠᠨ ᠲᠤᠭᠤᠷᠢᠭ ᠤᠨ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠠ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢ ᠵᠢᠭᠠᠨ ᠵᠢᠯᠦᠭᠤᠳᠤᠨ᠎ᠠ᠃ ᠬᠤᠩᠱᠠᠨ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠪᠠ ᠠᠳᠠᠯ ᠠᠬᠤᠢ ᠶᠢᠨ ᠠᠵᠦ ᠠᠬᠤᠶᠢᠯᠡᠯ ᠤᠨ ᠬᠢᠷᠢ ᠭᠡᠮ ᠢ ᠠᠩᠬ᠎ᠠ ᠬᠢᠨᠡᠬᠤ ᠶᠢ ᠬᠠᠷᠢᠭᠤᠴᠠᠨ᠎ᠠ︔ ᠤᠷᠤᠨ ᠰᠠᠭᠤᠴᠠ ᠶᠢᠨ ᠲᠤᠰᠬᠠᠢ ᠲᠦᠷᠦᠯ ᠤᠨ ᠰᠡᠯᠪᠢᠨ ᠵᠠᠰᠠᠬᠤ ᠰᠠᠭᠤᠷᠢ ᠮᠦᠩᠭᠦ ᠶᠢ ᠬᠤᠷᠢᠶᠠᠨ ᠠᠪᠬᠤ᠂ ᠬᠡᠷᠡᠭᠯᠡᠬᠦ᠂ ᠬᠢᠨᠡᠨ ᠬᠠᠮᠢᠶᠠᠷᠬᠤ ᠶᠢ ᠬᠠᠷᠢᠭᠤᠴᠠᠨ᠎ᠠ︔ ᠭᠡᠷ ᠭᠦᠷᠦᠩᠭᠡ ᠶᠢᠨ ᠠᠵᠢᠯ ᠲᠦᠷᠦᠯ ᠳᠤ ᠬᠠᠤᠯᠢ ᠬᠡᠷᠡᠭᠵᠢᠭᠦᠯᠦᠨ ᠬᠢᠨᠡᠯᠲᠡ ᠲᠠᠯᠪᠢᠬᠤ ᠠᠵᠢᠯ ᠢ ᠬᠠᠷᠢᠭᠤᠴᠠᠨ᠎ᠠ᠃       ︵ᠳᠦᠷᠪᠡ︶ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠲᠤᠭᠲᠠᠭᠠᠯ ᠢ ᠲᠦᠯᠦᠪᠯᠡᠨ ᠲᠤᠭᠲᠠᠭᠠᠬᠤ  ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ᠃       ︵ᠲᠠᠪᠤ︶ ᠪᠠᠷᠢᠯᠭ᠎ᠠ ᠪᠠᠶᠢᠭᠤᠯᠤᠯᠲᠠ ᠶᠢᠨ ᠪᠠᠷᠢᠮᠵᠢᠶ᠎ᠠ ᠳᠤ ᠬᠢᠨᠡᠯᠲᠡ ᠲᠠᠯᠪᠢᠨ ᠬᠡᠷᠡᠭᠵᠢᠭᠦᠯᠬᠦ ᠬᠠᠷᠢᠭᠤᠴᠠᠯᠭ᠎ᠠ  ᠶᠢ ᠡᠭᠦᠷᠭᠡᠯᠡᠨ᠎ᠠ᠃       ︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠡᠨ ᠬᠠᠮᠢᠶᠠᠷᠴᠤ᠂ ᠵᠠᠬ᠎ᠠ ᠳᠡᠯᠭᠡᠭᠦᠷ ᠤᠨ ᠡᠯ᠎ᠡ ᠭᠤᠤᠯ ᠴᠤᠭᠴᠠ ᠶᠢᠨ ᠠᠵᠢᠯᠯᠠᠭᠠᠨ ᠢ ᠳᠦᠷᠢᠮᠵᠢᠭᠦᠯᠦᠨ᠎ᠠ᠃ ᠬᠤᠩᠱᠠᠨ ᠲᠤᠭᠤᠷᠢᠭ ᠤᠨ ᠪᠠᠷᠢᠯᠭ᠎ᠠ ᠶᠢᠨ ᠠᠵᠢᠯᠯᠠᠭᠠᠨ ᠢ ᠵᠢᠭᠠᠨ ᠵᠢᠯᠦᠭᠤᠳᠴᠤ᠂ ᠬᠠᠶᠢᠨ ᠪᠠᠶᠢᠴᠠᠭᠠᠭᠰᠡᠨ ᠲᠦᠯᠦᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠶᠢᠨ ᠵᠠᠰᠠᠨ ᠴᠢᠮᠡᠭᠯᠡᠯᠲᠡ᠂ ᠪᠦᠳᠦᠭᠡᠨ ᠪᠠᠶᠢᠭᠤᠯᠤᠯᠲᠡ ᠶᠢᠨ ᠬᠢᠨᠡᠨ ᠪᠠᠶᠢᠴᠠᠭᠠᠬᠤ ᠲᠦᠷᠦ ᠶᠢᠨ ᠪᠤᠳᠤᠯᠭ᠎ᠠ ᠪᠠ ᠳᠦᠷᠢᠮ ᠲᠤᠭᠲᠠᠭᠠᠯ ᠳᠤ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠪᠠᠷᠢᠯᠭ᠎ᠠ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠭᠰᠡᠨ ᠲᠦᠯᠦᠪᠯᠡᠭᠡ ᠶᠢᠨ ᠠᠵᠢᠯ ᠲᠦᠷᠦᠯ ᠤᠨ ᠭᠦᠭᠵᠢᠯᠲᠠ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ᠂ ᠦᠭᠡᠷᠡᠴᠢᠯᠡᠯᠲᠡ ᠶᠢᠨ ᠲᠦᠰᠦᠯ᠂ ᠠᠵᠦ ᠦᠢᠯᠡᠰ ᠤᠨ ᠲᠦᠷᠦ ᠶᠢᠨ ᠪᠤᠳᠤᠯᠭ᠎ᠠ ᠳᠦᠷᠢᠮ ᠲᠤᠭᠲᠠᠭᠠᠯ ᠢ ᠬᠢᠨᠡᠨ ᠬᠡᠷᠡᠭᠵᠢᠭᠦᠯᠦᠨ᠎ᠠ︔ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠯ᠎ᠡ ᠭᠤᠤᠯ ᠴᠤᠭᠴᠠ ᠶᠢᠨ ᠠᠵᠢᠯᠯᠠᠭᠠᠨ ᠢ ᠳᠦᠷᠢᠮᠵᠢᠭᠦᠯᠬᠦ ᠳᠦᠷᠢᠮ ᠲᠤᠭᠲᠠᠭᠠᠯ ᠢ ᠬᠢᠨᠡᠨ ᠬᠡᠷᠡᠭᠵᠢᠭᠦᠯᠬᠦ ᠶᠢᠨ ᠬᠠᠮᠳᠦ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠨᠡᠶᠢᠭᠡᠮ ᠤᠨ ᠪᠠᠳᠤᠯᠠᠭ᠎ᠠ ᠶᠢᠨ ᠵᠠᠷᠤᠳᠠᠯ ᠢ ᠴᠤᠭᠯᠠᠭᠤᠯᠬᠤ ᠬᠠᠮᠢᠶᠠᠷᠤᠯᠲᠠ ᠶᠢ ᠬᠠᠷᠢᠭᠤᠴᠠᠵᠦ᠂ ᠪᠠᠷᠢᠯᠭ᠎ᠠ ᠶᠢᠨ ᠠᠵᠦ ᠠᠬᠤᠶᠢᠯᠡᠯ ᠤᠨ ᠭᠠᠳᠠᠭᠠᠳᠦ ᠳᠠᠭᠠᠭᠠᠯᠲᠠ᠂ ᠪᠠᠷᠢᠯᠭ᠎ᠠ ᠶᠢᠨ ᠭᠦᠳᠡᠯᠮᠦᠷᠢ ᠭᠦᠴᠦᠨ ᠤ ᠬᠠᠮᠳᠤᠷᠠᠯᠴᠠᠭ᠎ᠠ ᠳᠤ ᠤᠷᠤᠯᠴᠠᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃       ︵ᠳᠤᠯᠤᠭ᠎ᠠ︶ ᠬᠤᠲᠠ ᠶᠢᠨ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠵᠢᠭᠠᠨ ᠵᠢᠯᠦᠭᠤᠳᠤᠨ᠎ᠠ᠃ ᠬᠤᠲᠠ ᠶᠢᠨ ᠬᠤᠲᠠ ᠶᠢᠨ ᠶᠠᠪᠤᠳᠠᠯ ᠤᠨ ᠤᠯᠠᠨ ᠨᠡᠶᠢᠲᠡ ᠳᠤ ᠬᠡᠷᠡᠭᠯᠡᠬᠦ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠵᠢᠭᠠᠨ ᠵᠢᠯᠦᠭᠤᠳᠴᠤ᠂ ᠬᠤᠲᠠ ᠶᠢᠨ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠪᠤᠵᠠᠷ ᠤᠰᠤ ᠶᠢ ᠰᠢᠢᠳᠪᠦᠷᠢᠯᠡᠬᠦ ᠵᠡᠷᠭᠡ ᠠᠵᠢᠯ ᠢ ᠵᠢᠭᠠᠨ ᠵᠢᠯᠦᠭᠤᠳᠤᠨ᠎ᠠ︔ ᠬᠤᠩᠱᠠᠨ ᠲᠤᠭᠤᠷᠢᠭ ᠤᠨ ᠦᠵᠡᠮᠵᠢ ᠶᠢᠨ ᠨᠡᠷᠡᠲᠦ ᠤᠷᠤᠨ ᠤ ᠭᠦᠭᠵᠢᠭᠦᠯᠦᠯᠲᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠢᠭᠠᠨ ᠵᠢᠯᠦᠭᠤᠳᠴᠤ ᠬᠡᠷᠡᠭᠵᠢᠭᠦᠯᠦᠨ᠎ᠠ︔ ᠦᠵᠡᠮᠵᠢ ᠶᠢᠨ ᠨᠡᠷᠡᠲᠦ ᠤᠷᠤᠨ ᠢ ᠬᠢᠨᠡᠨ ᠪᠠᠶᠢᠴᠠᠭᠠᠵᠦ ᠮᠡᠳᠡᠭᠦᠯᠦᠨ ᠵᠦᠪᠰᠢᠶᠡᠷᠡᠭᠦᠯᠬᠦ ᠪᠠ ᠬᠢᠨᠡᠨ ᠬᠠᠮᠢᠶᠠᠷᠬᠤ ᠶᠢ ᠬᠠᠷᠢᠭᠤᠴᠠᠵᠦ᠂ ᠳᠡᠯᠡᠬᠡᠢ ᠶᠢᠨ ᠪᠠᠶᠢᠭᠠᠯᠢ ᠶᠢᠨ ᠦᠪ ᠭᠦᠷᠦᠩᠭᠡ ᠶᠢ ᠭᠤᠶᠤᠴᠢᠯᠡᠨ ᠮᠡᠳᠡᠭᠦᠯᠬᠦ ᠶᠢ ᠵᠤᠬᠢᠶᠠᠨ ᠪᠠᠶᠢᠭᠤᠯᠤᠨ ᠬᠢᠨᠡᠨ ᠬᠠᠷᠭᠤᠭᠤᠯᠵᠦ᠂ ᠲᠡᠦᠬᠡ ᠶᠢᠨ ᠲᠤᠷᠠᠰᠬᠠᠯᠲᠦ ᠵᠦᠢᠯ ᠵᠡᠷᠭᠡ ᠬᠠᠮᠢᠶ᠎ᠠ ᠪᠦᠭᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ᠳᠡᠯᠡᠬᠡᠢ ᠶᠢᠨ ᠪᠠᠶᠢᠭᠠᠯᠢ ᠪᠠ ᠰᠤᠶᠤᠯ ᠤᠨ ᠬᠤᠶᠠᠳᠠᠮᠠᠯ ᠦᠪ ᠭᠦᠷᠦᠩᠭᠡ ᠶᠢ ᠭᠤᠶᠤᠴᠢᠯᠡᠨ ᠮᠡᠳᠡᠭᠦᠯᠬᠦ ᠶᠢ ᠵᠤᠬᠢᠶᠠᠨ ᠪᠠᠶᠢᠭᠤᠯᠵᠦ᠂ ᠲᠡᠦᠬᠡ ᠶᠢᠨ ᠲᠤᠷᠠᠰᠬᠠᠯᠲᠦ ᠵᠦᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ᠲᠡᠦᠬᠡ ᠰᠤᠶᠤᠯ ᠤᠨ ᠨᠡᠷᠡᠲᠦ ᠬᠤᠲᠠ ︵ᠪᠠᠯᠭᠠᠰᠤ᠂ ᠲᠤᠰᠬᠤᠨ︶ ᠶᠢ ᠬᠠᠮᠠᠭᠠᠯᠠᠬᠤ ᠪᠠ ᠬᠢᠨᠡᠨ ᠬᠠᠮᠢᠶᠠᠷᠬᠤ ᠠᠵᠢᠯ ᠢ ᠬᠠᠷᠢᠭᠤᠴᠠᠨ᠎ᠠ᠃        ︵ᠨᠠᠢᠮᠨ︶ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠳᠦᠷᠢᠮᠵᠢᠭᠦᠯᠬᠦ ᠪᠠ ᠵᠢᠭᠠᠨ ᠵᠢᠯᠦᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠯ ᠲᠤᠰᠬᠤᠨ ᠪᠠ ᠵᠢᠵᠢᠭ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠢᠭᠠᠨ ᠵᠢᠯᠦᠭᠤᠳᠤᠨ ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠭᠦᠳᠡᠭᠡ ᠲᠤᠰᠬᠤᠨ ᠮᠠᠯᠵᠢᠬᠤ ᠤᠷᠤᠨ ᠤ ᠤᠷᠤᠨ ᠰᠠᠭᠤᠴᠠ ᠶᠢᠨ ᠪᠠᠶᠢᠭᠤᠯᠤᠯᠲᠠ ᠪᠠ ᠠᠶᠤᠯᠲᠡᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠶᠢ ᠵᠢᠭᠠᠨ ᠵᠢᠯᠤᠭᠤᠳᠤᠨ᠎ᠠ︔ ᠵᠢᠵᠢᠭ ᠬᠤᠲᠠ ᠪᠠᠯᠭᠠᠰᠤ᠂ ᠠᠶᠢᠯ ᠲᠤᠰᠬᠤᠨ ᠤ ᠰᠠᠭᠤᠷᠢ ᠲᠦᠭᠦᠭᠡᠷᠦᠮᠵᠢ ᠪᠠ ᠭᠦᠮᠦᠨ ᠰᠠᠭᠤᠷᠢᠰᠢᠯ ᠤᠨ ᠠᠮᠢ ᠠᠬᠤᠢ ᠶᠢᠨ ᠤᠷᠴᠢᠨ ᠲᠤᠭᠤᠷᠢᠨ ᠢ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠵᠢᠭᠠᠨ ᠵᠢᠯᠦᠭᠤᠳᠤᠨ᠎ᠠ︔ ᠵᠢᠵᠢᠭ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠪᠠ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ  ᠶᠢᠨ ᠴᠢᠭ ᠤᠨ ᠠᠵᠢᠯ ᠢ ᠬᠠᠷᠢᠭᠤᠴᠠᠵᠦ᠂ ᠬᠤᠩᠱᠠᠨ ᠲᠤᠭᠤᠷᠢᠭ ᠤᠨ ᠭᠤᠤᠯᠳᠠᠯᠭ᠎ᠠ ᠲᠠᠢ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ᠃       ︵ᠶᠢᠰᠦ︶ ᠪᠠᠷᠢᠯᠭ᠎ᠠ ᠶᠢᠨ ᠢᠨᠵᠧᠨᠧᠷᠢᠩ ᠤᠨ ᠶᠠᠰᠦ ᠴᠢᠨᠡᠷ ᠤᠨ ᠠᠮᠤᠷ ᠲᠦᠪᠰᠢᠨ ᠢ ᠬᠢᠨᠡᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠨᠷᠢᠯᠭ᠎ᠠ ᠶᠢᠨ ᠢᠨᠵᠧᠨᠧᠷᠢᠩ ᠤᠨ ᠶᠠᠰᠦ ᠴᠢᠨᠡᠷ᠂ ᠪᠠᠷᠢᠯᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠪᠠ ᠪᠠᠷᠢᠯᠭ᠎ᠠ ᠳᠠᠭᠤᠰᠴᠤ ᠰᠢᠯᠭᠠᠨ ᠠᠪᠴᠤ ᠳᠠᠩᠰᠠᠨ ᠳᠤ ᠲᠡᠮᠳᠡᠭᠯᠡᠬᠦ ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ ᠢ ᠬᠢᠨᠡᠨ ᠬᠡᠷᠡᠭᠵᠢᠭᠦᠯᠦᠨ᠎ᠠ︔ ᠢᠨᠵᠧᠨᠧᠷᠢᠩ ᠤᠨ ᠴᠢᠬᠤᠯᠨ ᠶᠡᠭᠡ ᠶᠠᠰᠦ ᠴᠢᠨᠡᠷ᠂ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠬᠤ ᠪᠠ ᠤᠷᠤᠯᠴᠠᠵᠦ᠂ ᠪᠠᠷᠢᠯᠭ᠎ᠠ ᠶᠢᠨ ᠦᠢᠯᠡᠰ᠂ ᠢᠨᠵᠧᠨᠧᠷᠢᠩ ᠤᠨ ᠬᠠᠶᠢᠨ ᠪᠠᠶᠢᠴᠠᠭᠠᠵᠦ ᠲᠦᠯᠦᠪᠯᠡᠬᠦ ᠯᠠᠪᠯᠠᠬᠤ ᠦᠢᠯᠡᠰ  ᠤᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠢᠭᠠᠨ ᠵᠢᠯᠦᠭᠤᠳᠤᠨ ᠬᠡᠷᠡᠭᠵᠢᠭᠦᠯᠦᠨ᠎ᠠ᠃        ︵ᠠᠷᠪᠠ︶ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤᠨ ᠤ ᠪᠤᠬᠢᠷᠳᠦᠯ ᠢ ᠭᠠᠳᠠᠭᠰᠢᠯᠠᠭᠤᠯᠬᠤ  ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠠ᠃ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠬᠤᠩᠱᠠᠨ ᠲᠤᠭᠤᠷᠢᠭ ᠤᠨ ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠴᠢᠬᠤᠯᠨ ᠶᠡᠭᠡ ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠭᠡᠷ ᠪᠠᠶᠢᠰᠢᠩ ᠬᠡᠷᠡᠮ ᠬᠠᠨ᠎ᠠ ᠶᠢᠨ ᠮᠠᠲ᠋ᠧᠷᠢᠶᠡᠯ ᠢ ᠰᠢᠨᠡᠳᠬᠡᠬᠦ ᠠᠵᠢᠯ ᠢ ᠵᠢᠭᠠᠨ ᠵᠢᠯᠦᠭᠤᠳᠤᠨ᠎ᠠ︔ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠭᠦᠷᠢᠶᠡᠨ ᠳᠠᠬᠢ ᠰᠢᠨᠵᠢᠯᠡᠭᠡ ᠮᠡᠷᠭᠡᠵᠢᠯ ᠤᠨ ᠲᠦᠷᠦ ᠶᠢᠨ ᠪᠤᠳᠤᠯᠭ᠎ᠠ ᠪᠠ ᠭᠦᠭᠵᠢᠭᠦᠯᠦᠯᠲᠠ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠴᠢᠬᠤᠯᠨ ᠶᠡᠭᠡ ᠰᠢᠨᠵᠢᠯᠡᠭᠡ ᠮᠡᠷᠭᠡᠵᠢᠯ  ᠤᠨ ᠲᠦᠷᠦᠯ ᠵᠦᠢᠯ ᠤᠨ ᠪᠤᠭᠤᠮᠲᠠ ᠰᠢᠪᠳᠤᠯᠬᠤ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠤᠨ ᠤᠯᠠᠷᠢᠨ ᠬᠤᠪᠢᠷᠠᠯᠲᠠ ᠶᠢ ᠵᠤᠬᠢᠶᠠᠨ ᠪᠠᠶᠢᠭᠤᠯᠤᠨ᠎ᠠ︔ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤᠨ ᠤ ᠪᠤᠬᠢᠷᠳᠦᠯ ᠢ ᠭᠠᠳᠠᠭᠰᠢᠯᠠᠭᠤᠯᠬᠤ ᠴᠢᠳᠠᠮᠵᠢ ᠶᠢ ᠬᠢᠨᠡᠨ ᠬᠠᠮᠢᠶᠠᠷᠬᠤ ᠶᠢ ᠬᠠᠷᠢᠭᠤᠴᠠᠨ᠎ᠠ᠃              ︵ᠠᠷᠪᠠᠨ ᠨᠢᠭᠡ︶ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠡᠯ᠎ᠡ  ᠶᠢᠨ ᠭᠠᠳᠠᠭᠠᠳᠦ ᠰᠤᠯᠢᠯᠴᠠᠭ᠎ᠠ ᠪᠠ ᠬᠠᠮᠳᠤᠷᠠᠯᠴᠠᠭ᠎ᠠ ᠶᠢ ᠦᠷᠨᠢᠭᠦᠯᠦᠨ᠎ᠠ᠃      ︵ᠠᠷᠪᠠᠨ ᠬᠤᠶᠠᠷ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠵᠦᠪᠯᠡᠯ ᠤᠨ ᠲᠤᠰᠢᠶᠠᠨ ᠭᠦᠢᠴᠡᠳᠬᠡᠯᠬᠡᠬᠦ ᠪᠤᠰᠤᠳ ᠬᠡᠷᠡᠭ ᠤᠴᠢᠷ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号