| ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠤᠷᠴᠢᠨ ᠲᠤᠭᠤᠷᠢᠨ | ᠢ ᠬᠠᠮᠠᠭᠠᠯᠠᠬᠤ ᠲᠤᠬᠠᠢ ᠬᠠᠤᠯᠢ ᠴᠠᠭᠠᠵᠠ᠂ ᠬᠠᠤᠯᠢ ᠳᠦᠷᠢᠮ᠂ ᠲᠦᠷᠦ ᠶᠢᠨ ᠪᠤᠳᠤᠯᠭ᠎ᠠ ᠪᠠ ᠦᠨᠳᠦᠰᠦᠨ ᠳᠦᠷᠢᠮ᠂ | ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠠ᠃ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ | ᠬᠠᠮᠠᠭᠠᠯᠠᠬᠤ ᠲᠦᠷᠦ ᠶᠢᠨ ᠪᠤᠳᠤᠯᠭ᠎ᠠ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠠ᠃ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠳᠤ ᠬᠠᠮᠢᠶᠠᠲᠡᠢ | ᠬᠠᠮᠢᠶᠠᠷᠤᠯᠲᠠ ᠶᠢᠨ ᠠᠷᠭ᠎ᠠ ᠪᠠ ᠴᠢᠬᠤᠯᠨ ᠶᠡᠭᠡ ᠠᠵᠦ ᠠᠬᠤᠢ ᠶᠢᠨ ᠲᠦᠷᠦ ᠶᠢᠨ ᠪᠤᠳᠤᠯᠭ᠎ᠠ᠂ ᠠᠵᠦ ᠠᠬᠤᠢ | ᠨᠡᠶᠢᠭᠡᠮ ᠤᠨ ᠭᠦᠭᠵᠢᠯᠲᠠ ᠶᠢᠨ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ᠂ ᠬᠠᠮᠢᠶ᠎ᠠ ᠪᠦᠭᠦᠢ ᠲᠤᠰᠬᠠᠢ | ᠲᠦᠷᠦᠯ ᠤᠨ ᠲᠦᠯᠦᠪᠵᠢᠭᠦᠯᠭᠡ ᠵᠢᠴᠢ ᠭᠤᠤᠯ ᠴᠤᠭᠴᠠᠲᠦ ᠴᠢᠳᠠᠮᠵᠢ ᠶᠢ ᠤᠷᠤᠨ ᠬᠤᠪᠢᠶᠠᠬᠤ ᠶᠢ ᠲᠦᠯᠦᠪᠯᠡᠨ | ᠲᠤᠭᠲᠠᠭᠠᠬᠤ ᠳᠤ ᠤᠷᠤᠯᠴᠠᠨ᠎ᠠ᠃ | ︵ᠬᠤᠶᠠᠷ︶ ᠬᠤᠩᠱᠠᠨ ᠲᠤᠭᠤᠷᠢᠭ ᠤᠨ ᠭᠦᠨᠳᠦ ᠶᠡᠭᠡ ᠤᠷᠴᠢᠨ ᠲᠤᠭᠤᠷᠢᠨ ᠤ ᠠᠰᠠᠭᠤᠳᠠᠯ ᠢ | ᠨᠢᠭᠡᠳᠦᠯᠲᠡᠢ ᠲᠦᠯᠦᠪᠯᠡᠨ ᠵᠤᠬᠢᠴᠠᠭᠤᠯᠬᠤ ᠪᠠ ᠬᠢᠨᠡᠨ ᠬᠠᠮᠢᠶᠠᠷᠬᠤ ᠶᠢ ᠬᠠᠷᠢᠭᠤᠴᠠᠨ᠎ᠠ᠃ ᠬᠤᠩᠱᠠᠨ ᠲᠤᠭᠤᠷᠢᠭ ᠤᠨ | ᠭᠦᠨᠳᠦ ᠶᠡᠭᠡ ᠤᠷᠴᠢᠨ ᠲᠤᠭᠤᠷᠢᠨ ᠤ ᠪᠤᠬᠢᠷᠳᠦᠯ ᠤᠨ ᠬᠡᠷᠡᠭ ᠪᠠ ᠠᠮᠢ ᠠᠬᠤᠢ ᠶᠢ ᠡᠪᠳᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢ ᠲᠤᠯᠤᠭᠠᠶᠢᠯᠠᠨ ᠵᠤᠬᠢᠴᠠᠭᠤᠯᠵᠦ᠂ ᠬᠤᠩᠱᠠᠨ ᠲᠤᠭᠤᠷᠢᠭ ᠤᠨ ᠭᠡᠨᠡᠳᠲᠡ ᠡᠭᠦᠰᠬᠦ ᠤᠷᠴᠢᠨ | ᠲᠤᠭᠤᠷᠢᠨ ᠤ ᠬᠡᠷᠡᠭ ᠢ ᠰᠢᠢᠳᠪᠦᠷᠢᠯᠡᠬᠦ ᠰᠡᠷᠡᠮᠵᠢ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠤᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠠ᠃ ᠬᠤᠩᠱᠠᠨ ᠲᠤᠭᠤᠷᠢᠭ ᠤᠨ ᠭᠤᠤᠯᠳᠠᠯᠭ᠎ᠠ ᠲᠠᠢ ᠤᠷᠤᠨ ᠪᠦᠰᠡ ᠶᠢᠨ | ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯ ᠢ ᠨᠡᠶᠢᠳᠡᠪᠦᠷᠢᠵᠢᠭᠤᠯᠬᠤ ᠶᠢ ᠬᠠᠷᠢᠭᠤᠴᠠᠨ᠎ᠠ᠃ ᠤᠷᠴᠢᠨ ᠲᠤᠭᠤᠷᠢᠨ ᠢ | ᠬᠢᠨᠡᠨ ᠪᠠᠶᠢᠴᠠᠭᠠᠬᠤ ᠪᠠ ᠤᠷᠴᠢᠨ ᠲᠤᠭᠤᠷᠢᠨ ᠤ ᠵᠠᠰᠠᠭ ᠵᠠᠬᠢᠷᠭᠠᠨ ᠤ ᠮᠦᠷᠳᠡᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ | ︵ᠭᠤᠷᠪᠠ︶ ᠬᠤᠩᠱᠠᠨ ᠲᠤᠭᠤᠷᠢᠭ ᠤᠨ ᠪᠤᠬᠢᠷᠳᠦᠯ ᠢ ᠭᠠᠳᠠᠭᠰᠢᠯᠠᠭᠤᠯᠬᠤ ᠬᠠᠷᠠᠯᠲᠠ ᠶᠢ | ᠨᠡᠶᠢᠳᠡᠪᠦᠷᠢᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠤᠯ ᠪᠤᠬᠢᠷᠳᠦᠯ ᠤᠨ ᠡᠳ᠋ ᠢ ᠭᠠᠳᠠᠭᠰᠢᠯᠠᠭᠤᠯᠬᠤ | ᠶᠡᠷᠦᠩᠭᠡᠢ ᠬᠡᠮᠵᠢᠶ᠎ᠠ ᠶᠢᠨ ᠡᠵᠡᠮᠳᠡᠯ ᠪᠠ ᠭᠤᠤᠯ ᠪᠤᠬᠢᠷᠳᠦᠯ ᠡᠳ᠋ ᠢ ᠭᠠᠳᠠᠭᠰᠢᠯᠠᠭᠤᠯᠬᠤ ᠠᠵᠢᠯ ᠢ ᠬᠠᠷᠢᠭᠤᠴᠠᠨ᠎ᠠ᠃ | ᠬᠤᠩᠱᠠᠨ ᠲᠤᠭᠤᠷᠢᠭ ᠤᠨ ᠭᠤᠤᠯ ᠪᠤᠬᠢᠷᠳᠦᠯ ᠤᠨ ᠡᠳ᠋ ᠢ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠠ ᠶᠢᠨ ᠡᠵᠡᠮᠳᠡᠯ | ᠤᠨ ᠳᠦᠷᠢᠮ ᠪᠠ ᠪᠤᠬᠢᠷᠳᠦᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠤᠨ ᠳᠦᠷᠢᠮ ᠢ ᠲᠤᠭᠲᠠᠭᠠᠬᠤ ᠶᠢᠨ | ᠬᠠᠮᠳᠦ ᠬᠡᠷᠡᠭᠵᠢᠭᠦᠯᠦᠨ᠎ᠠ︔ ᠤᠷᠴᠢᠨ ᠲᠤᠭᠤᠷᠢᠨ ᠢ ᠬᠠᠮᠠᠭᠠᠯᠠᠬᠤ ᠬᠠᠷᠠᠯᠲᠠ ᠬᠠᠷᠢᠭᠤᠴᠠᠯᠭ᠎ᠠ ᠶᠢᠨ ᠳᠦᠷᠢᠮ ᠪᠠ | ᠭᠤᠤᠯ ᠪᠤᠬᠢᠷᠳᠦᠯ ᠡᠳ᠋ ᠭᠠᠳᠠᠭᠰᠢᠯᠠᠭᠤᠯᠬᠤ ᠶᠢ ᠬᠢᠨᠡᠨ ᠰᠢᠯᠭᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ | ︵ᠳᠦᠷᠪᠡ︶ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠭᠦᠷᠢᠶᠡᠨ ᠳᠠᠬᠢ ᠲᠤᠭᠲᠠᠮᠠᠯ | ᠭᠦᠷᠦᠩᠭᠡ ᠶᠢᠨ ᠪᠡᠯᠨ ᠤᠷᠤᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠡᠷᠲᠡᠢ ᠪᠡᠯᠨ ᠮᠦᠩᠭᠦ | ᠶᠢ ᠲᠤᠬᠢᠷᠠᠭᠤᠯᠬᠤ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ︔ ᠬᠤᠩᠱᠠᠨ ᠲᠤᠭᠤᠷᠢᠭ ᠤᠨ ᠵᠠᠰᠠᠭ ᠤᠨ ᠤᠷᠳᠤᠨ | ᠤ ᠲᠤᠭᠲᠠᠭᠠᠭᠰᠡᠨ ᠡᠷᠬᠡ ᠬᠢᠵᠠᠭᠠᠷᠯᠠᠯ ᠶᠤᠰᠤᠭᠠᠷ᠂ ᠬᠤᠩᠱᠠᠨ ᠲᠤᠭᠤᠷᠢᠭ ᠤᠨ ᠲᠦᠯᠦᠪᠵᠢᠭᠦᠯᠭᠡ ᠳᠤᠳᠤᠷᠡᠬᠢ ᠪᠠ | ᠤᠨ ᠤ ᠲᠦᠯᠦᠪᠯᠡᠭᠡ ᠶᠢᠨ ᠬᠡᠪᠴᠢᠶᠡᠨ ᠳᠤᠳᠤᠷᠡᠬᠢ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ | ᠲᠦᠷᠦᠯ ᠵᠦᠢᠯ ᠢ ᠬᠢᠨᠡᠨ ᠵᠦᠪᠰᠢᠶᠡᠷᠡᠵᠦ ᠬᠢᠨᠡᠨ ᠬᠠᠷᠭᠤᠭᠤᠯᠬᠤ ᠶᠢᠨ ᠬᠠᠮᠳᠦ ᠬᠠᠮᠢᠶ᠎ᠠ ᠪᠦᠭᠦᠢ ᠰᠠᠯᠠᠭ᠎ᠠ ᠮᠦᠴᠢᠷ | ᠲᠠᠢ ᠬᠠᠮᠵᠢᠯᠴᠠᠨ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠡᠯᠲᠡ ᠲᠠᠯᠪᠢᠬᠤ ᠠᠵᠢᠯ ᠢ ᠦᠷᠨᠢᠭᠦᠯᠦᠨ᠎ᠠ᠃ | | ︵ᠲᠠᠪᠤ︶ ᠬᠤᠩᠱᠠᠨ ᠲᠤᠭᠤᠷᠢᠭ ᠤᠨ ᠤᠷᠴᠢᠨ ᠲᠤᠭᠤᠷᠢᠨ ᠤ ᠪᠤᠬᠢᠷᠳᠦᠯ ᠪᠠ ᠤᠷᠴᠢᠨ ᠲᠤᠭᠤᠷᠢᠨ ᠤ | ᠡᠪᠳᠡᠭᠳᠡᠯ ᠢ ᠡᠬᠢ ᠢᠷᠡᠯᠲᠡ ᠠᠴᠠ ᠨᠢ ᠤᠷᠢᠳᠴᠢᠯᠡᠨ ᠰᠡᠷᠭᠡᠶᠢᠯᠡᠵᠦ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠡᠶᠢᠳᠡᠯᠭ᠎ᠠ ᠪᠠᠷ᠂ ᠬᠤᠩᠱᠠᠨ ᠲᠤᠭᠤᠷᠢᠭ ᠤᠨ | ᠴᠢᠬᠤᠯᠨ ᠶᠡᠭᠡ ᠠᠵᠦ ᠠᠬᠤᠢ ᠪᠠ ᠮᠡᠷᠭᠡᠵᠢᠯ ᠤᠨ ᠲᠦᠷᠦ ᠶᠢᠨ ᠪᠤᠳᠤᠯᠭ᠎ᠠ᠂ ᠭᠦᠭᠵᠢᠭᠦᠯᠦᠯᠲᠠ ᠶᠢᠨ | ᠲᠦᠯᠦᠪᠵᠢᠭᠦᠯᠭᠡ ᠵᠢᠴᠢ ᠴᠢᠬᠤᠯᠨ ᠶᠡᠭᠡ ᠠᠵᠦ ᠠᠬᠤᠢ ᠶᠢᠨ ᠨᠡᠭᠡᠭᠡᠨ ᠭᠦᠭᠵᠢᠭᠦᠯᠦᠯᠲᠡ ᠶᠢᠨ ᠲᠦᠯᠦᠪᠯᠡᠭᠡ ᠳᠤ | ᠤᠷᠴᠢᠨ ᠲᠤᠭᠤᠷᠢᠨ ᠤ ᠨᠦᠯᠦᠭᠡ ᠶᠢᠨ ᠦᠨᠡᠯᠡᠯᠲᠡ ᠬᠢᠬᠦ ᠶᠢ ᠬᠠᠷᠢᠭᠤᠴᠠᠨ᠎ᠠ︔ ᠤᠷᠴᠢᠨ ᠲᠤᠭᠤᠷᠢᠨ ᠤ | ᠬᠠᠮᠠᠭᠠᠯᠠᠯᠲᠠ ᠳᠤ ᠬᠤᠯᠪᠤᠭᠳᠠᠬᠤ ᠲᠦᠷᠦ ᠶᠢᠨ ᠪᠤᠳᠤᠯᠭ᠎ᠠ ᠬᠠᠮᠢᠶᠠᠷᠤᠯᠲᠠ ᠶᠢᠨ ᠠᠷᠭ᠎ᠠ ᠳᠤ ᠬᠠᠮᠢᠶ᠎ᠠ ᠪᠦᠭᠦᠢ | ᠤᠷᠴᠢᠨ ᠲᠤᠭᠤᠷᠢᠨ ᠢ ᠨᠦᠯᠦᠭᠡᠯᠡᠬᠦ ᠲᠡᠯ᠎ᠡ ᠶᠢᠨ ᠰᠠᠨᠠᠯ ᠳᠤᠷᠠᠳᠤᠨ᠎ᠠ᠃ ᠬᠤᠩᠱᠠᠨ ᠲᠤᠭᠤᠷᠢᠭ ᠤᠨ ᠡᠯ᠎ᠡ ᠲᠦᠷᠦᠯ | ᠤᠨ ᠲᠦᠯᠦᠪᠵᠢᠭᠦᠯᠭᠡ ᠶᠢᠨ ᠤᠷᠴᠢᠨ ᠲᠤᠭᠤᠷᠢᠨ ᠤ ᠨᠦᠯᠦᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠡᠯ ᠢ | ᠵᠤᠬᠢᠶᠠᠨ ᠪᠠᠶᠢᠭᠤᠯᠤᠨ ᠬᠢᠨᠡᠨ ᠪᠠᠶᠢᠴᠠᠭᠠᠨ᠎ᠠ︔ ᠬᠤᠩᠱᠠᠨ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠤᠷᠴᠢᠨ ᠲᠤᠭᠤᠷᠢᠨ ᠳᠤ ᠦᠵᠡᠭᠦᠯᠬᠦ ᠨᠦᠯᠦᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠡᠯ ᠢ ᠬᠢᠨᠡᠨ | ᠵᠦᠪᠰᠢᠶᠡᠷᠡᠨ᠎ᠠ᠃ | ︵ᠵᠢᠷᠭᠤᠭ᠎ᠠ︶ ᠬᠤᠩᠱᠠᠨ ᠲᠤᠭᠤᠷᠢᠭ ᠤᠨ ᠤᠷᠴᠢᠨ ᠲᠤᠭᠤᠷᠢᠨ ᠤ ᠪᠤᠬᠢᠷᠳᠦᠯ ᠢ ᠰᠡᠷᠭᠡᠶᠢᠯᠡᠨ ᠵᠠᠰᠠᠬᠤ | ᠬᠢᠨᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠭᠦᠢ ᠰᠠᠯᠠᠭ᠎ᠠ ᠮᠦᠴᠢᠷ ᠠᠴᠠ ᠬᠤᠩᠱᠠᠨ ᠲᠤᠭᠤᠷᠢᠭ ᠤᠨ | ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ | ᠳᠤ ᠬᠢᠨᠡᠯᠲᠡ ᠬᠠᠮᠢᠶᠠᠷᠤᠯᠲᠠ ᠬᠢᠬᠦ ᠠᠵᠢᠯ ᠢ ᠲᠤᠯᠤᠭᠠᠶᠢᠯᠠᠨ ᠵᠤᠬᠢᠶᠠᠨ ᠪᠠᠶᠢᠭᠤᠯᠤᠨ᠎ᠠ᠃ ᠬᠤᠲᠠ ᠪᠠᠯᠭᠠᠰᠤᠨ ᠤ | ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠵᠦ ᠴᠡᠭᠴᠡᠯᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠠ᠃ ᠴᠠᠭ | ᠠᠭᠤᠷ ᠤᠨ ᠬᠤᠪᠢᠷᠠᠯᠲᠠ ᠶᠢ ᠠᠷᠭᠠᠴᠠᠬᠤ ᠠᠵᠢᠯ ᠳᠤ ᠤᠷᠤᠯᠴᠠᠨ᠎ᠠ᠃ | ︵ᠳᠤᠯᠤᠭ᠎ᠠ︶ ᠬᠤᠩᠱᠠᠨ ᠲᠤᠭᠤᠷᠢᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠵᠢᠭᠠᠨ | ᠵᠢᠯᠦᠭᠤᠳᠴᠤ ᠵᠤᠬᠢᠴᠠᠭᠤᠯᠤᠨ ᠬᠢᠨᠡᠯᠲᠡ ᠲᠠᠯᠪᠢᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠭᠦᠭᠵᠢᠭᠦᠯᠵᠦ | ᠠᠰᠢᠭᠯᠠᠬᠤ᠂ ᠠᠮᠢ ᠠᠬᠤᠢ ᠶᠢᠨ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠡᠪᠳᠡᠯᠭᠡ | ᠶᠢ ᠰᠡᠷᠭᠦᠭᠡᠬᠦ ᠪᠠ ᠠᠮᠢᠳᠦ ᠪᠤᠳᠠᠰ ᠤᠨ ᠮᠡᠷᠭᠡᠵᠢᠯ ᠤᠨ ᠤᠷᠴᠢᠨ ᠲᠤᠭᠤᠷᠢᠨ ᠤ ᠠᠮᠤᠷ ᠲᠦᠪᠰᠢᠨ ᠳᠤ ᠬᠢᠨᠡᠯᠲᠡ | ᠲᠠᠯᠪᠢᠨ᠎ᠠ᠃ ᠬᠤᠩᠱᠠᠨ ᠲᠤᠭᠤᠷᠢᠭ ᠤᠨ ᠭᠦᠳᠡᠭᠡ ᠲᠤᠰᠬᠤᠨ ᠤ ᠤᠷᠴᠢᠨ ᠲᠤᠭᠤᠷᠢᠨ ᠤ ᠬᠠᠮᠠᠭᠠᠯᠠᠯᠲᠡ ᠶᠢᠨ ᠠᠵᠢᠯ | ᠪᠠ ᠡᠯ᠎ᠡ ᠲᠦᠷᠦᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠡ ᠶᠢᠨ ᠤᠷᠤᠨ᠂ ᠦᠵᠡᠮᠵᠢ ᠶᠢᠨ ᠨᠡᠷᠡᠲᠦ ᠤᠷᠤᠨ᠂ | ᠤᠢ ᠰᠢᠭᠤᠢ ᠶᠢᠨ ᠴᠡᠴᠡᠷᠯᠢᠭ ᠤᠨ ᠤᠷᠴᠢᠨ ᠲᠤᠭᠤᠷᠢᠨ ᠤ ᠬᠠᠮᠠᠭᠠᠯᠠᠯᠲᠡ ᠶᠢᠨ ᠠᠵᠢᠯ ᠢ ᠵᠢᠭᠠᠨ ᠵᠢᠯᠦᠭᠤᠳᠴᠤ | ᠵᠤᠬᠢᠴᠠᠭᠤᠯᠤᠨ ᠬᠢᠨᠡᠯᠲᠡ ᠲᠠᠯᠪᠢᠨ᠎ᠠ᠃ ᠬᠤᠩᠱᠠᠨ ᠲᠤᠭᠤᠷᠢᠭ ᠤᠨ ᠠᠮᠢᠲᠡᠨ ᠤᠷᠭᠤᠮᠠᠯ ᠤᠨ ᠬᠠᠮᠠᠭᠠᠯᠠᠯᠲᠡ᠂ | ᠴᠢᠬᠢᠭᠯᠢᠭ ᠭᠠᠵᠠᠷ ᠤᠨ ᠤᠷᠴᠢᠨ ᠲᠤᠭᠤᠷᠢᠨ ᠤ ᠬᠠᠮᠠᠭᠠᠯᠠᠯᠲᠡ᠂ ᠡᠯᠡᠰᠦᠷᠬᠡᠭᠵᠢᠭᠦ ᠶᠢ ᠰᠡᠷᠭᠡᠶᠢᠯᠡᠨ ᠵᠠᠰᠠᠬᠤ ᠠᠵᠢᠯ ᠢ | ᠵᠤᠬᠢᠴᠠᠭᠤᠯᠤᠨ ᠬᠢᠨᠡᠯᠲᠡ ᠲᠠᠯᠪᠢᠨ᠎ᠠ᠃ ᠠᠮᠢᠳᠦ ᠪᠤᠳᠠᠰ ᠤᠨ ᠲᠦᠷᠦᠯ ︵ᠤᠳᠤᠮᠯᠠᠯ ᠤᠨ ᠡᠬᠢ ᠪᠠᠶᠠᠯᠢᠭ ᠢ | ᠪᠠᠭᠲᠠᠭᠠᠨ᠎ᠠ︶ ᠤᠨ ᠬᠠᠮᠠᠭᠠᠯᠠᠯᠲᠠ ᠶᠢᠨ ᠠᠵᠢᠯ ᠢ ᠲᠤᠯᠤᠭᠠᠶᠢᠯᠡᠨ ᠬᠠᠷᠢᠭᠤᠴᠠᠵᠦ᠂ ᠠᠮᠢᠳᠦ ᠪᠤᠳᠠᠰ ᠤᠨ ᠤᠯᠠᠨ | ᠶᠠᠩᠵᠦᠳᠦ ᠴᠢᠨᠡᠷ ᠤᠨ ᠬᠠᠮᠠᠭᠠᠯᠠᠯᠲᠡ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ | ︵ᠨᠠᠢᠮᠨ︶ ᠬᠤᠩᠱᠠᠨ ᠲᠤᠭᠤᠷᠢᠭ ᠤᠨ ᠴᠦᠮ᠎ᠡ ᠶᠢᠨ ᠠᠮᠤᠷ ᠲᠦᠪᠰᠢᠨ ᠪᠠ ᠰᠠᠴᠤᠷᠠᠭ ᠤᠨ ᠠᠮᠤᠷ | ᠲᠦᠪᠰᠢᠨ ᠤ ᠬᠢᠨᠡᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠩᠱᠠᠨ ᠲᠤᠭᠤᠷᠢᠭ ᠤᠨ ᠬᠠᠮᠢᠶ᠎ᠠ ᠪᠦᠭᠦᠢ ᠲᠦᠷᠦ ᠶᠢᠨ | ᠪᠤᠳᠤᠯᠭ᠎ᠠ᠂ ᠬᠠᠮᠢᠶᠠᠷᠤᠯᠲᠠ ᠶᠢᠨ ᠠᠷᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠠ︔ ᠴᠦᠮ᠎ᠡ ᠪᠠ ᠰᠠᠴᠤᠷᠠᠭ ᠶᠢᠨ ᠤᠷᠴᠢᠨ ᠲᠤᠭᠤᠷᠢᠨ ᠤ ᠬᠡᠷᠡᠭ ᠤᠨ ᠪᠠᠴᠢᠮ ᠪᠠᠶᠢᠳᠠᠯ ᠢ | ᠠᠷᠭᠠᠴᠠᠵᠦ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠤᠨ᠎ᠠ︔ ᠴᠦᠮ᠎ᠡ ᠪᠠ ᠰᠠᠴᠤᠷᠠᠭ ᠤᠨ ᠪᠤᠬᠢᠷᠳᠦᠯ ᠢ | ᠰᠡᠷᠭᠡᠶᠢᠯᠡᠨ ᠵᠠᠰᠠᠬᠤ ᠠᠵᠢᠯ ᠢ ᠬᠢᠨᠡᠨ ᠬᠠᠮᠢᠶᠠᠷᠤᠨ᠎ᠠ᠃ | ︵ᠶᠢᠰᠦ︶ ᠪᠦᠬᠦ ᠲᠤᠭᠤᠷᠢᠭ ᠤᠨ ᠤᠷᠴᠢᠨ ᠲᠤᠭᠤᠷᠢᠨ ᠤ ᠪᠦᠷᠢᠳᠬᠡᠯ᠂ ᠤᠷᠴᠢᠨ ᠲᠤᠭᠤᠷᠢᠨ ᠢ ᠬᠢᠨᠡᠨ | ᠬᠡᠮᠵᠢᠬᠦ᠂ ᠤᠷᠴᠢᠨ ᠲᠤᠭᠤᠷᠢᠨ ᠤ ᠶᠠᠰᠦ ᠴᠢᠨᠡᠷ ᠢ ᠵᠠᠳᠠᠯᠤᠨ ᠮᠠᠭᠠᠳᠯᠠᠬᠤ ᠪᠠ ᠰᠤᠷᠠᠭ ᠵᠠᠩᠬᠢ ᠨᠡᠶᠢᠳᠡᠯᠡᠬᠦ ᠶᠢ | ᠬᠠᠷᠢᠭᠤᠴᠠᠨ᠎ᠠ᠃ ᠬᠤᠩᠱᠠᠨ ᠲᠤᠭᠤᠷᠢᠭ ᠤᠨ ᠤᠷᠴᠢᠨ ᠲᠤᠭᠤᠷᠢᠨ ᠤ ᠪᠦᠷᠢᠳᠬᠡᠯ᠂ ᠤᠷᠴᠢᠨ ᠲᠤᠭᠤᠷᠢᠨ ᠢ ᠬᠢᠨᠡᠨ | ᠬᠡᠮᠵᠢᠬᠦ ᠪᠠ ᠰᠤᠷᠠᠭ ᠵᠠᠩᠬᠢ ᠨᠡᠶᠢᠳᠡᠯᠡᠬᠦ ᠳᠦᠷᠢᠮ ᠢ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠠ᠃ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ ᠬᠢᠨᠡᠨ ᠬᠡᠮᠵᠢᠬᠦ ᠲᠤᠤᠷ ᠪᠠ ᠤᠷᠴᠢᠨ | ᠲᠤᠭᠤᠷᠢᠨ ᠤ ᠰᠤᠷᠠᠭ ᠵᠠᠩᠬᠢ ᠶᠢᠨ ᠲᠤᠤᠷ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ᠎ᠠ᠃ | ᠤᠷᠴᠢᠨ ᠲᠤᠭᠤᠷᠢᠨ ᠤ ᠶᠠᠰᠦ ᠴᠢᠨᠡᠷ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠦᠨᠡᠯᠡᠯᠲᠡ ᠬᠢᠬᠦ ᠶᠢ ᠵᠤᠬᠢᠶᠠᠨ | ᠪᠠᠶᠢᠭᠤᠯᠤᠨ᠎ᠠ᠃ | ︵ᠠᠷᠪᠠ︶ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠰᠢᠨᠵᠢᠯᠡᠭᠡ ᠮᠡᠷᠭᠡᠵᠢᠯ ᠤᠨ | ᠠᠵᠢᠯ ᠢ ᠬᠠᠷᠢᠭᠤᠴᠠᠨ᠎ᠠ᠃ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠭᠦ ᠶᠢ ᠵᠤᠬᠢᠶᠠᠨ ᠪᠠᠶᠢᠭᠤᠯᠤᠨ᠎ᠠ᠃ ᠤᠷᠴᠢᠨ | ᠲᠤᠭᠤᠷᠢᠨ ᠢ ᠬᠠᠮᠠᠭᠠᠯᠠᠬᠤ ᠠᠵᠦ ᠦᠢᠯᠡᠰ ᠤᠨ ᠭᠦᠭᠵᠢᠯᠲᠠ ᠶᠢ ᠬᠠᠷᠢᠭᠤᠴᠠᠵᠦ᠂ ᠤᠷᠴᠢᠯᠲᠦ ᠠᠵᠦ ᠠᠬᠤᠢ ᠪᠠ | ᠠᠷᠢᠭᠤᠨ ᠴᠡᠪᠡᠷ ᠦᠢᠯᠡᠳᠪᠦᠷᠢᠯᠡᠯ ᠤᠨ ᠠᠵᠢᠯ ᠳᠤ ᠤᠷᠤᠯᠴᠠᠬᠤ ᠪᠠ ᠵᠢᠭᠠᠨ ᠵᠢᠯᠦᠭᠤᠳᠤᠨ ᠠᠬᠢᠭᠤᠯᠤᠨ᠎ᠠ᠃ | ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠤᠯᠠᠨ ᠤᠯᠤᠰ ᠤᠨ ᠬᠠᠮᠳᠤᠷᠠᠯᠴᠠᠭ᠎ᠠ ᠪᠠ | ᠭᠠᠳᠠᠭᠠᠳᠦ ᠬᠠᠷᠢᠯᠴᠠᠭ᠎ᠠ ᠶᠢ ᠬᠠᠷᠢᠭᠤᠴᠠᠨ᠎ᠠ᠃ | ︵ᠠᠷᠪᠠᠨ ᠨᠢᠭᠡ︶ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠤᠬᠠᠭᠤᠯᠤᠯ ᠭᠦᠮᠦᠵᠢᠯ | ᠤᠨ ᠠᠵᠢᠯ ᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ᠃ ᠬᠤᠩᠱᠠᠨ ᠲᠤᠭᠤᠷᠢᠭ ᠤᠨ ᠤᠷᠴᠢᠨ ᠲᠤᠭᠤᠷᠢᠨ ᠢ | ᠬᠠᠮᠠᠭᠠᠯᠠᠬᠤ ᠤᠬᠠᠭᠤᠯᠤᠯ ᠭᠦᠮᠦᠵᠢᠯ ᠤᠨ ᠲᠦᠯᠦᠪᠵᠢᠭᠦᠯᠭᠡ᠂ ᠲᠦᠯᠦᠪᠯᠡᠭᠡ ᠶᠢ ᠲᠦᠯᠦᠪᠯᠡᠨ ᠲᠤᠭᠲᠠᠭᠠᠬᠤ ᠶᠢᠨ | ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠨ ᠲᠦᠮᠡᠨ ᠪᠠ ᠨᠡᠶᠢᠭᠡᠮ ᠤᠨ ᠵᠤᠬᠢᠶᠠᠨ ᠪᠠᠶᠢᠭᠤᠯᠤᠯᠲᠡ | ᠤᠷᠴᠢᠨ ᠲᠤᠭᠤᠷᠢᠨ ᠢ ᠬᠠᠮᠭᠠᠯᠠᠬᠤ ᠠᠵᠢᠯ ᠳᠤ ᠤᠷᠤᠯᠴᠠᠬᠤ ᠶᠢ ᠠᠬᠢᠭᠤᠯᠤᠨ᠎ᠠ᠃ | ︵ᠠᠷᠪᠠᠨ ᠬᠤᠶᠠᠷ︶ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ | ᠬᠤᠲᠠ ᠶᠢᠨ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠡ ᠶᠢᠨ ᠲᠤᠰᠢᠶᠠᠨ ᠭᠦᠢᠴᠡᠳᠬᠡᠯᠬᠡᠬᠦ ᠪᠤᠰᠤᠳ ᠬᠡᠷᠡᠭ | ᠤᠴᠢᠷ ᠢ ᠳᠠᠭᠠᠭᠠᠨ ᠭᠦᠢᠴᠡᠳᠬᠡᠨ᠎ᠡ᠃ |