| 12331 ᠪᠤᠯ ᠪᠦᠬᠦ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ | ᠨᠢᠭᠡᠲᠥᠯᠲᠡᠢ ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠣᠯᠣᠨ᠎ᠠ ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ | ᠤᠯᠠᠨ ᠲᠦᠮᠡᠨ ᠠᠴᠠ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ | ᠡᠷᠡᠭᠦᠯᠵᠢᠯ ᠢᠳᠡᠭᠡᠨ᠂ ᠵᠠᠰᠠᠯ ᠴᠢᠮᠡᠭ ᠤᠨ ᠡᠳ᠋ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠭᠦᠢᠯᠭᠡᠭᠡᠬᠦ᠂ | ᠬᠡᠷᠡᠭᠯᠡᠬᠦ ᠭᠤᠭᠴᠣᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠤᠭᠤᠯᠠ ᠤᠮᠳᠠᠭᠠᠨ ᠤ | ᠦᠢᠯᠡᠴᠢᠯᠡᠭᠡᠨ ᠤ ᠭᠤᠭᠴᠣᠭᠠᠨ ᠳᠠᠬᠢ ᠢᠳᠡᠭᠡᠨ ᠤ ᠠᠶᠤᠯ ᠦᠭᠡᠢ ᠶᠢᠨ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠲᠤᠰᠬᠠᠨ᠎ᠠ᠃ ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ | ᠮᠥᠴᠢᠷ ᠨᠢ ᠲᠤᠰᠬᠠᠢ ᠪᠠᠶᠢᠭᠤᠯᠤᠮᠵᠢ ᠪᠠᠶᠢᠭᠤᠯᠵᠦ᠂ ᠢᠯᠡᠴᠢᠯᠡᠨ ᠮᠡᠳᠡᠭᠦᠯᠥᠭᠰᠡᠨ ᠢ ᠬᠦᠯᠢᠶᠡᠨ ᠠᠪᠴᠤ | ᠰᠢᠢᠳᠪᠦᠷᠢᠯᠡᠬᠦ ᠶᠢ ᠬᠠᠷᠢᠭᠤᠴᠠᠬᠤ ᠬᠡᠷᠡᠭᠲᠡᠢ᠃ ᠵᠠᠭᠠᠯᠳᠤᠵᠤ ᠢᠯᠡᠴᠢᠯᠡᠨ ᠮᠡᠳᠡᠭᠦᠯᠥᠭᠰᠡᠨ ᠢ ᠬᠦᠯᠢᠶᠠᠨ ᠠᠪᠤᠭᠰᠠᠨ ᠤ | ᠳᠠᠷᠠᠭ᠎ᠠ᠂ ᠲᠤᠰ ᠪᠠᠶᠢᠭᠤᠯᠤᠮᠵᠢ ᠨᠢᠭᠡᠳᠦᠯᠲᠡᠢ ᠳ᠋ᠤᠭᠠᠷᠯᠠᠨ ᠬᠠᠮᠢᠶᠠᠷᠴᠤ᠂ ᠲᠤᠰᠬᠠᠢ ᠬᠦᠮᠦᠨ ᠢᠶᠠᠷ | ᠬᠠᠷᠢᠭᠤᠴᠠᠭᠤᠯᠬᠤ ᠶᠢᠨ ᠬᠠᠮᠲᠤ 5 ᠠᠵᠢᠯᠯᠠᠬᠤ ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ | ᠰᠢᠢᠳᠪᠦᠷᠢ ᠭᠠᠷᠭᠠᠬᠤ ᠬᠡᠷᠡᠭᠲᠡᠢ᠃ ᠵᠠᠭᠠᠯᠳᠤᠵᠦ ᠢᠯᠡᠴᠢᠯᠡᠨ ᠮᠡᠳᠡᠭᠦᠯᠦᠭᠰᠡᠨ ᠡᠲᠡᠭᠡᠳ ᠬᠢᠭᠡᠳ ᠬᠠᠤᠯᠢ ᠠᠴᠠ | ᠵᠦᠷᠢᠴᠡᠭᠰᠡᠨ ᠦᠢᠯᠡ ᠠᠵᠢᠯᠯᠠᠭ᠎ᠠ ᠨᠢ ᠲᠣᠲᠣᠷᠬᠠᠢ ᠮᠥᠷᠲᠡᠭᠡᠨ ᠲᠤᠰ ᠵᠠᠰᠠᠭ ᠵᠠᠬᠢᠷᠭᠠᠨ ᠤ ᠣᠷᠣᠨ ᠤ | ᠬᠠᠮᠢᠶᠠᠷᠤᠯᠲᠠ ᠳᠤ ᠬᠠᠷᠢᠶᠠᠯᠠᠭᠳᠠᠪᠠᠯ᠂ ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ | ᠮᠦᠴᠢᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠪᠦᠬᠦᠨ ᠢ ᠰᠢᠢᠳᠪᠦᠷᠢᠯᠡᠵᠦ ᠳᠠᠭᠤᠰᠬᠤ ᠬᠤᠭᠤᠴᠠᠭ᠎ᠠ | ᠬᠢᠵᠠᠭᠠᠷ ᠨᠢ ᠶᠡᠷᠥᠩᠬᠡᠶᠢᠳᠡᠭᠡᠨ 60 ᠡᠳᠦᠷ ᠪᠣᠯᠤᠨ᠎ᠠ᠂ ᠪᠠᠶᠢᠳᠠᠯ ᠨᠢ ᠪᠣᠳᠤᠯᠢᠶᠠᠨᠲᠠᠢ ᠶᠢᠨ ᠤᠷᠲᠤᠳᠬᠠᠬᠤ | ᠬᠤᠭᠤᠴᠠᠭ᠎ᠠ ᠶᠢ 30 ᠡᠳᠦᠷ ᠠᠴᠠ ᠳᠠᠪᠠᠭᠤᠯᠵᠦ ᠪᠣᠯᠬᠤ ᠦᠭᠡᠢ᠃ |