ᠲᠥᠷᠭᠡᠨ ᠬᠤᠷᠳᠤᠴᠠᠳᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2016-06-08
  ᠲᠥᠷᠭᠡᠨ ᠬᠤᠷᠳᠤᠴᠠᠳᠤ ᠵᠠᠰᠠᠮᠠᠯ ᠵᠠᠮ ᠢᠶᠠᠷ ᠲᠡᠷᠭᠡ ᠠᠶᠠᠯᠠᠬᠤ ᠳᠠᠭᠠᠨ ᠬᠥᠶᠥᠬᠦ ᠨᠢ ᠲᠥᠷᠭᠡᠨ᠂ ᠵᠢᠯᠤᠭᠤᠴᠢ ᠶᠢᠨ ᠬᠥᠳᠡᠯᠥᠩᠬᠦᠢ ᠬᠠᠷᠠᠴᠠ ᠪᠠᠭᠤᠷᠠᠵᠤ᠂ ᠥᠵᠡᠬᠦ ᠥᠷᠭᠡᠴᠡ ᠨᠢ ᠢᠪᠴᠤᠷᠠᠵᠤ᠂ ᠮᠠᠭᠠᠳᠯᠠᠬᠤ ᠴᠢᠳᠠᠪᠤᠷᠢ ᠨᠢ ᠪᠠᠭᠤᠷᠠᠵᠤ ᠂ ᠲᠡᠩᠴᠡᠬᠦᠷᠢᠳᠤ ᠰᠡᠷᠡᠯ ᠨᠢ ᠴᠤ   ᠬᠤᠪᠢᠷᠠᠯᠳᠠ ᠲᠠᠢ ᠪᠤᠯᠳᠠᠭ ᠲᠤᠯᠠ ᠵᠠᠮ ᠬᠠᠷᠢᠯᠴᠠᠭᠠᠨ ᠤ ᠡ᠊ᠨᠳᠡᠯ ᠲᠤᠩ ᠠᠮᠠᠷᠬᠠᠨ ᠡᠬᠦᠰᠳᠡᠭ᠃ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ ᠮᠠᠰᠢᠨᠳᠤ ᠲᠡᠷᠭᠡ ᠨᠢ ᠲᠥᠷᠭᠡᠨ ᠬᠤᠷᠳᠤᠴᠠᠳᠤ ᠵᠠᠰᠠᠮᠠᠯ ᠵᠠᠮ ᠲᠡᠭᠡᠷ᠎ᠡ ᠡ᠊ᠨᠳᠡᠯ ᠭᠠᠷᠬᠤ ᠳᠤ ᠬᠥᠷᠪᠡᠯ᠂ ᠲᠡᠷᠭᠡ ᠪᠠᠨ ᠲᠡᠷᠦ᠋ᠢᠬᠠᠨ ᠵᠤᠭᠰᠤᠭᠠᠵᠤ᠂ ᠲᠤᠬᠠᠢ ᠶᠢᠨ ᠲᠠᠯᠠᠪᠠᠢ ᠶᠢ ᠬᠠᠮᠠᠭᠠᠯᠠᠬᠤ ᠭᠡᠷᠡᠭᠳᠡᠢ᠃ ᠴᠠᠭᠳᠠᠭ᠎ᠠ ᠳᠤ ᠤᠳᠠᠰᠤᠳᠠᠨ ᠮᠡᠳᠡᠬᠦᠯᠬᠦ ᠳᠡᠭᠡᠨ ᠬᠡᠷᠡᠭ ᠭᠠᠷᠤᠭᠰᠠᠨ ᠴᠠᠭ᠂ ᠤᠷᠤᠨ ᠪᠠᠶᠢᠷᠢ᠂ ᠥᠷ᠎ᠡ ᠳ᠋ᠦᠩ ᠵᠡᠷᠭᠡ ᠶᠢ ᠲᠤᠳᠤᠷᠬᠠᠢ ᠮᠡᠳᠡᠭᠳᠡᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠪᠠᠶᠢᠴᠠᠭᠠᠬᠤ ᠳᠤ ᠬᠠᠮᠵᠢᠯᠴᠠᠬᠤ ᠭᠡᠷᠡᠭᠳᠡᠢ᠃ ᠬᠥᠮᠥᠨ ᠥᠬᠦᠵᠤ ᠰᠢᠷᠬᠠᠳᠤᠭᠰᠠᠨ ᠡ᠊ᠨᠳᠡᠯ ᠭᠠᠷᠤᠭᠰᠠᠨ ᠪᠤᠯ ᠤᠷᠢᠳᠠᠪᠡᠷ ᠬᠥᠮᠥᠨ ᠢ ᠠᠪᠤᠷᠠᠬᠤ ᠶᠢᠨ ᠲᠠᠭᠠᠤ 122 ᠂ 120 ᠳᠤ ᠲᠡᠷᠦ᠋ᠢᠬᠠᠨ ᠤᠳᠠᠰᠤᠳᠠᠭᠠᠷᠠᠢ᠃ ᠠᠶᠤᠯ ᠲᠥᠭᠰᠢᠬᠦᠷᠢ ᠶᠢ ᠮᠡᠳᠡᠬᠦᠯᠬᠦ ᠳ᠋ᠧᠩ ᠢᠶᠠᠨ ᠨᠡᠭᠡᠭᠡᠵᠤ᠂ ᠲᠡᠷᠭᠡ ᠢᠷᠡᠬᠦ ᠵᠥᠭ ᠲᠤ 150 ᠮᠧᠳ᠋ᠷ ᠠᠴᠠ ᠭᠠᠳᠠᠨ᠎ᠠ ᠰᠠᠷᠠᠮᠵᠢ ᠶᠢᠨ ᠲᠡᠮᠳᠡᠭ ᠭᠠᠷᠭᠠᠨ᠎ᠠ᠃ ᠲᠡᠷᠭᠡᠨ ᠲᠡᠭᠡᠷᠡᠬᠢ ᠬᠥᠮᠥᠰ ᠢ ᠵᠠᠮ ᠤᠨ ᠪᠠᠷᠠᠭᠤᠨ ᠲᠠᠯ᠎ᠠ ᠪᠤᠶᠤ ᠪᠠᠴᠢᠮ ᠠᠷᠭᠠᠴᠠᠬᠤ ᠲᠡᠷᠭᠡᠨ ᠲᠡᠭᠡᠷ᠎ᠡ ᠲᠥᠷᠭᠡᠨ ᠰᠢᠯᠵᠢᠬᠦᠯᠬᠦ ᠭᠡᠷᠡᠭᠳᠡᠢ᠃ ᠥᠪᠡᠷᠰᠡᠳ ᠢᠶᠠᠨ ᠵᠥᠪᠳᠡᠯᠴᠡᠨ ᠰᠢᠢᠳᠪᠥᠷᠢᠯᠡᠵᠤ ᠲᠡᠶᠢᠯᠬᠦ ᠬᠥᠡᠭᠭᠡᠨ ᠡ᠊ᠨᠳᠡᠯ ᠪᠤᠯ ᠮᠠᠰᠢᠨᠳᠤ ᠲᠡᠷᠭᠡ ᠶᠢ ᠲᠡᠷᠦ᠋ᠢᠬᠠᠨ ᠪᠠᠴᠢᠮ ᠠᠪᠤᠷᠠᠬᠤ ᠵᠠᠮ ᠪᠤᠶᠤ ᠥᠢᠯᠡᠴᠢᠯᠡᠭᠡᠨ ᠤ ᠲᠤᠭᠤᠷᠢᠬ ᠲᠤ ᠪᠤᠯᠪᠠᠤ᠃     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ ᠡ᠊ᠨᠳᠡᠯ ᠤᠨ ᠲᠤᠰᠬᠠᠢ ᠲᠠᠯᠠᠪᠤᠷ ᠪᠠ ᠰᠢᠷᠬᠠᠳᠠᠨ ᠤ ᠭᠡᠪᠳᠡᠭᠡ ᠪᠠᠶᠢᠷᠢᠰᠢᠯ ᠳᠤ ᠲᠡᠮᠳᠡᠭ ᠲᠡᠯᠪᠢᠵᠤ᠂ ᠲᠤᠬᠠᠢ ᠶᠢᠨ ᠲᠠᠯᠠᠪᠤᠷ ᠤᠨ ᠮᠥᠷ ᠰᠤᠷᠪᠢ ᠪᠤᠳᠠᠰ ᠤᠨ ᠬᠡᠷᠡᠴᠢ ᠶᠢ ᠪᠥᠷᠢᠨ ᠬᠠᠮᠠᠭᠠᠯᠠᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠬᠠᠪᠰᠤᠷᠤᠨ ᠬᠡᠷᠡᠴᠢᠯᠡᠬᠦ ᠬᠥᠮᠥᠰ ᠢ ᠡᠷᠢᠵᠤ ᠤᠯᠬᠤ ᠭᠡᠷᠡᠭᠳᠡᠢ᠃ ᠥᠷᠬᠦᠯᠵᠢᠯᠡᠨ ᠤᠷᠤᠭᠤ ᠪᠠᠭᠤᠬᠤ ᠳᠤ ᠲᠤᠷᠤᠮᠰᠤᠯᠠᠭᠤᠷ ᠢᠶᠠᠨ ᠬᠠᠭᠠᠵᠤ ᠭᠤᠯᠭᠤᠭᠤᠯᠵᠤ ᠪᠤᠯᠬᠤ ᠥᠭᠡᠢ︔ ᠬᠥᠨᠳᠤ ᠠᠴᠢᠶ᠎ᠠ ᠲᠠᠢ ᠮᠠᠰᠢᠨ ᠲᠡᠷᠭᠡ ᠨᠢ ᠠᠯᠢ ᠴᠢᠳᠠᠬᠤ ᠪᠠᠷ ᠲᠤᠮᠳᠠᠴᠢ ᠬᠤᠷᠳᠤᠴᠠ ᠶᠢᠨ ᠲᠤᠷᠤᠮᠰᠤᠯᠠᠭᠤᠷ ᠢᠶᠠᠷ ᠠᠶᠠᠯᠠᠵᠤ᠂ ᠲᠤᠷᠤᠮᠰᠤᠯᠠᠭᠤᠷ ᠨᠢ ᠬᠡᠳᠥᠷᠭᠡᠢ ᠬᠠᠯᠠᠭᠠᠤᠨ ᠥᠢᠯᠡᠳᠥᠯ ᠢᠶᠠᠨ ᠠᠯᠳᠠᠬᠤ ᠠᠴᠠ ᠰᠡᠷᠭᠡᠶᠢᠯᠡᠨ᠎ᠡ᠃ ᠡᠮᠥᠨ᠎ᠡ ᠲᠡᠯ᠎ᠠ ᠳᠤ ᠲᠡᠷᠭᠡ ᠲᠥᠭᠵᠢᠷᠡᠭᠰᠡᠨ ᠪᠠᠶᠢᠪᠠᠯ ᠲᠡᠰ ᠲᠠᠷᠠᠭᠠᠯᠠᠨ ᠮᠥᠷᠯᠡᠨ ᠬᠥᠯᠢᠶᠡᠬᠦ ᠭᠡᠷᠡᠭᠳᠡᠢ᠂ ᠠᠵᠠ ᠭᠤᠷᠢᠳᠠᠵᠤ ᠰᠥᠯᠵᠢᠯᠡᠨ ᠶᠠᠪᠤᠬᠤ ᠪᠤᠶᠤ ᠪᠠᠴᠢᠮ ᠠᠷᠭᠠᠴᠠᠭᠠᠬᠤ ᠵᠠᠮ ᠢ ᠡᠵᠡᠯᠡᠵᠤ ᠤᠭᠳᠤ ᠪᠤᠯᠬᠤ ᠥᠭᠡᠢ᠂ ᠢᠡᠭᠬᠢᠬᠦ ᠳᠤ ᠬᠥᠷᠪᠡᠯ᠂ ᠨᠡᠩ ᠬᠥᠨᠳᠤ ᠨᠤᠴᠢᠳᠠᠢ ᠵᠠᠮ ᠬᠠᠷᠢᠯᠴᠠᠭᠠᠨ ᠤ ᠲᠥᠭᠵᠢᠷᠡᠯ ᠢ ᠪᠤᠢ ᠪᠤᠯᠭᠠᠬᠤ ᠪᠥᠭᠡᠳ ᠤᠨᠴᠠ ᠲᠥᠷᠥᠯ ᠤᠨ ᠲᠡᠷᠭᠡ ᠬᠥᠰᠭᠡ ᠶᠢᠨ ᠠᠶᠤᠯ ᠠᠴᠠ ᠠᠪᠤᠷᠠᠬᠤ ᠶᠢ ᠨᠥᠯᠥᠭᠡᠯᠡᠬᠦ ᠪᠤᠯᠤᠨ᠎ᠠ᠃ ᠰᠠᠯᠬᠢ ᠰᠢᠭᠤᠷᠭᠠᠨ ᠴᠠᠰᠤ ᠮᠥᠰᠤ ᠪᠠ ᠡᠬᠦᠯᠡ ᠮᠠᠨᠠᠨ ᠲᠠᠢ ᠥᠶᠡᠰ ᠠᠭᠠᠵᠢᠮ ᠠᠶᠠᠯᠠᠬᠤ ᠶᠢᠨ ᠲᠠᠭᠠᠤ ᠵᠠᠮ ᠤᠨ ᠴᠠᠭᠳᠠᠭ᠎ᠠ ᠶᠢᠨ ᠵᠢᠯᠤᠭᠤᠳᠤᠯᠭ᠎ᠠ ᠶᠢ ᠲᠠᠭᠠᠵᠤ᠂ ᠬᠠᠮᠤᠭ ᠤᠨ ᠤᠢᠢᠷ᠎ᠠ ᠪᠥᠬᠦᠢ ᠭᠠᠷᠬᠤ ᠵᠠᠮ ᠢᠶᠠᠷ ᠲᠥᠷᠭᠡᠨ ᠬᠤᠷᠳᠤᠴᠠᠳᠤ ᠵᠠᠰᠠᠮᠠᠯ ᠵᠠᠮ ᠠᠴᠠ ᠪᠠᠭᠤᠬᠤ ᠪᠤᠶᠤ ᠥᠢᠯᠡᠴᠢᠯᠡᠭᠡᠨ ᠤ ᠲᠤᠭᠤᠷᠢᠬ ᠲᠤ ᠵᠤᠭᠰᠤᠨ ᠠᠮᠠᠷᠠᠬᠤ ᠭᠡᠷᠡᠭᠳᠡᠢ᠃  
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号