ᠫᠤᠤᠵᠢᠩ ᠤᠨ ᠡ᠊ᠨᠳᠡᠯ ᠢ ᠠᠩᠬᠠᠷᠬᠤ ᠨᠢ
ᠨᠡᠶᠢᠲᠡᠯᠡᠭᠰᠡᠨ ᠴᠠᠭ᠄
2016-06-08
ᠫᠤᠤᠵᠢᠩ ᠤᠨ ᠡ᠊ᠨᠳᠡᠯ ᠪᠤᠯ ᠶᠡᠷᠥ ᠨᠢ ᠫᠤᠤᠵᠢᠩ ᠲᠠᠯᠪᠢᠬᠤ ᠶᠡᠷᠥ ᠶᠢᠨ ᠮᠡᠳᠡᠯᠭᠡ ᠮᠡᠬᠦᠰ ᠪᠤᠶᠤ ᠰᠤᠬᠤᠷ ᠪᠠᠯᠠᠢ ᠪᠠᠷ ᠲᠡᠯᠪᠢᠭ᠌ᠰᠠᠨ ᠠᠴᠠ ᠡᠬᠦᠰᠳᠡᠭ᠃ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ ᠰᠢᠷᠬᠠᠳᠠᠭᠰᠠᠳ ᠢ ᠲᠠᠷᠦ᠋ᠢᠬᠠᠨ ᠤᠢᠢᠷᠠᠯᠴᠠᠭ᠎ᠠ ᠡᠮᠨᠡᠯᠭᠡ ᠳᠤ ᠬᠥᠷᠭᠡᠨ ᠠᠪᠤᠷᠠᠨ ᠡᠮᠨᠡᠭᠦᠯᠤᠨ ᠠᠪᠤᠷᠠᠯᠳᠠ ᠬᠢᠨ᠎ᠠ᠃ ᠲᠤᠰᠬᠠᠢ ᠮᠡᠷᠭᠡᠵᠢᠯᠳᠡᠨ ᠤ ᠰᠠᠨᠠᠭᠤᠯᠤᠮᠵᠢ ◇ ᠫᠤᠤᠵᠢᠩ ᠲᠠᠯᠪᠢᠬᠤ ᠠᠴᠠ ᠪᠠᠨ ᠡᠮᠥᠨ᠎ᠡ ᠫᠤᠤᠵᠢᠩ ᠲᠠᠯᠪᠢᠬᠤ ᠲᠤᠳᠤᠷᠬᠠᠢᠢᠯᠠᠯᠳᠠ ᠪᠤᠯᠤᠨ ᠰᠡᠷᠡᠮᠵᠢ ᠶᠢᠨ ᠥᠭᠡᠰ ᠢ ᠬᠢᠨᠠᠮᠠᠭᠠᠢ ᠤᠡᠭᠰᠢᠨ ᠤᠢᠢᠯᠠᠭᠠᠬᠤ ᠭᠡᠷᠡᠭᠳᠡᠢ᠃ ◇ ᠬᠥᠭᠵᠢᠭᠡᠨ ᠲᠠᠢ ᠵᠡᠭᠡᠯᠢ ᠭᠤᠳᠤᠮᠵᠢ᠂ ᠵᠥᠴᠥᠭᠡ ᠶᠢᠨ ᠲᠢᠶᠠᠨᠳ᠋ᠷ ᠵᠡᠷᠭᠡ ᠤᠯᠠᠨ ᠨᠡᠶᠢᠳᠡ ᠶᠢᠨ ᠭᠠᠵᠠᠷ ᠲᠠᠯᠠᠪᠤᠷ ᠪᠤᠯᠤᠨ ᠤᠢ ᠰᠢᠭᠤᠢ᠂ ᠴᠠᠬᠢᠯᠭᠠᠨ ᠲᠠᠢ ᠪᠡᠯᠡᠳᠭᠡᠮᠵᠢ ᠵᠢᠴᠢ ᠠᠮᠠᠷᠬᠠᠨ ᠨᠤᠴᠤᠵᠤ ᠲᠡᠯᠪᠡᠷᠡᠬᠦ ᠪᠤᠳᠠᠰ ᠤᠨ ᠤᠢᠢᠷᠠᠯᠴᠠᠭ᠎ᠠ ᠭᠠᠵᠠᠷ ᠲᠤ ᠫᠤᠤᠵᠢᠩ ᠲᠠᠯᠪᠢᠬᠤ ᠶᠢ ᠴᠠᠭᠠᠵᠠᠯᠠᠨ᠎ᠠ᠃ ᠡᠷᠭᠡᠪᠰᠢ ᠡᠵᠡᠬᠦᠢ ᠬᠤᠭᠤᠰᠤᠨ᠂ ᠲᠡᠭᠰᠢ ᠲᠥᠪᠰᠢᠨ᠂ ᠬᠠᠷᠰᠢᠯᠠᠯ ᠡᠳ᠋ ᠥᠭᠡᠢ ᠭᠠᠵᠠᠷ ᠲᠤ ᠫᠤᠤᠵᠢᠩ ᠲᠠᠯᠪᠢᠬᠤ ᠪᠠᠷ ᠲᠤᠬᠢᠷᠠᠭᠤᠯᠵᠤ ᠪᠤᠯᠤᠨ᠎ᠠ᠃ ◇ ᠬᠤᠸᠠᠷ ᠫᠤᠤᠵᠢᠩ ᠲᠠᠯᠪᠢᠬᠤ ᠳᠠᠭᠠᠨ ᠲᠤᠩᠭᠤᠷᠠᠭᠤᠯᠤᠨ ᠲᠠᠯᠪᠢᠬᠤ ᠪᠠ ᠬᠥᠮᠥᠨ ᠪᠤᠶᠤ ᠪᠤᠳᠠᠰ ᠤᠨ ᠥᠭᠡᠳᠡ ᠴᠢᠭᠯᠡᠬᠦᠯᠥᠨ ᠲᠠᠯᠪᠢᠵᠤ ᠪᠤᠯᠬᠤ ᠥᠭᠡᠢ᠃ ᠫᠤᠤᠵᠢᠩ ᠲᠠᠯᠪᠢᠬᠤ ᠳᠠᠭᠠᠨ ᠪᠢᠯᠳᠡ ᠶᠢᠨ ᠨᠤᠴᠤᠬᠤ ᠴᠠᠭ ᠵᠢᠴᠢ ᠲᠤᠮᠳᠠ ᠨᠢ ᠠᠯᠤᠰᠯᠠᠬᠤ ᠴᠠᠭ ᠢ ᠠᠩᠬᠠᠷᠤᠯ ᠳᠠᠭᠠᠨ ᠠᠪᠬᠤ ᠭᠡᠷᠡᠭᠳᠡᠢ᠃ ᠬᠠᠭᠠᠰ ᠲᠤᠮᠳᠠ ᠨᠢ ᠤᠢᠢᠷᠠᠳᠤᠨ ᠥᠵᠡᠵᠤ ᠤᠭᠳᠤ ᠪᠤᠯᠬᠤ ᠥᠭᠡᠢ᠃ ᠭᠡᠷᠪᠡ ᠪᠢᠯᠳᠡ ᠨᠢ ᠤᠨᠳᠠᠷᠠᠪᠠᠯ᠂ ᠶᠡᠷᠥᠩᠭᠡᠢ ᠳᠡᠭᠡᠨ 15 ᠮᠢᠨᠦ᠋ᠲ ᠤᠨ ᠲᠠᠷᠠᠭ᠎ᠠ ᠲᠡᠬᠢᠨ ᠰᠢᠢᠳᠪᠦᠷᠢᠯᠡᠨ᠎ᠡ᠃ ◇ ᠨᠤᠴᠤᠭᠠᠬᠤ ᠪᠠᠶᠢᠷᠢᠰᠢᠯ ᠢ ᠤᠯᠵᠤ ᠠᠪᠴᠤ᠂ ᠨᠤᠴᠤᠭᠠᠬᠤ ᠪᠢᠯᠳᠡ ᠶᠢᠨ ᠱᠤᠭᠤᠮ ᠢ ᠪᠠᠶᠢᠴᠠᠭᠠᠨ ᠥᠵᠡᠵᠤ᠂ ᠲᠥᠷᠭᠡᠨ ᠨᠤᠴᠤᠬᠤ ᠪᠠ ᠤᠳᠠᠭᠠᠨ ᠨᠤᠴᠤᠬᠤ ᠶᠢ ᠢᠯᠭᠠᠨ ᠲᠤᠳᠤᠯᠤᠭᠠᠳ᠂ ᠲᠡᠮᠡᠬᠢᠨ ᠭᠠᠯ ᠪᠤᠶᠤ ᠬᠥᠵᠢ ᠪᠠᠷ ᠨᠤᠴᠤᠭᠠᠪᠠᠯ ᠰᠠᠶᠢᠨ᠃ ◇ ᠵᠥᠪ ᠨᠤᠴᠤᠭᠠᠬᠤ ᠠᠷᠭ᠎ᠠ ᠪᠤᠯ ᠬᠠᠵᠠᠭᠤ ᠲᠡᠯ᠎ᠠ ᠪᠠᠷ ᠨᠤᠴᠤᠭᠠᠵᠤ᠂ ᠪᠡᠶ᠎ᠡ ᠪᠠᠨ ᠫᠤᠤᠵᠢᠩ ᠲᠠᠯᠪᠢᠬᠤ ᠵᠠᠮ ᠮᠥᠷ ᠵᠥᠭ ᠬᠠᠨᠳᠤᠭᠤᠯᠵᠤ ᠪᠤᠯᠬᠤ ᠥᠭᠡᠢ᠃ ◇ ᠨᠤᠴᠤᠭᠠᠮᠠᠭᠴᠠ ᠪᠠᠨ ᠲᠥᠷᠭᠡᠨ ᠭᠡᠭᠴᠢ ᠠᠮᠤᠷ ᠲᠥᠪᠰᠢᠨ ᠭᠠᠵᠠᠷ ᠵᠠᠶᠢᠯᠠᠨ᠎ᠠ᠃ ◇ ᠭᠡᠥᠭᠡᠳ ᠪᠤᠯ ᠡᠷᠭᠡᠪᠰᠢ ᠲᠤᠮᠤ ᠬᠥᠮᠥᠰ ᠤᠨ ᠵᠢᠯᠤᠭᠤᠳᠤᠯᠭ᠎ᠠ ᠲᠤᠤᠷ᠎ᠠ ᠲᠠᠯᠪᠢᠨ᠎ᠠ᠃ ◇ ᠮᠡᠳᠡᠷᠡᠯ ᠤᠨ ᠡᠪᠡᠳᠴᠢᠨ ᠲᠠᠢ ᠪᠠ ᠠᠷᠢᠬᠢ ᠤᠤᠭᠤᠭᠰᠠᠨ ᠬᠥᠮᠥᠰ ᠫᠤᠤᠵᠢᠩ ᠲᠠᠯᠪᠢᠵᠤ ᠪᠤᠯᠬᠤ ᠥᠭᠡᠢ᠂ ᠶᠡᠭᠡ ᠰᠠᠯᠬᠢ᠂ ᠶᠡᠭᠡ ᠪᠤᠷᠤᠭ᠎ᠠ᠂ ᠶᠡᠭᠡ ᠮᠠᠨᠠᠨ ᠲᠠᠢ ᠥᠶ᠎ᠡ ᠳᠤ ᠫᠤᠤᠵᠢᠩ ᠲᠠᠯᠪᠢᠵᠤ ᠪᠤᠯᠬᠤ ᠥᠭᠡᠢ᠃  
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号