ᠴᠠᠬᠢᠯᠭᠠᠨ ᠵᠤᠭᠰᠤᠬᠤ ᠡ᠊ᠨᠳᠡᠯ ᠢ ᠶᠠᠭᠠᠬᠢᠵᠤ ᠦᠢᠯᠠᠭᠠᠬᠤ ᠪᠤᠢ
ᠨᠡᠶᠢᠲᠡᠯᠡᠭᠰᠡᠨ ᠴᠠᠭ᠄
2016-06-08
ᠴᠠᠬᠢᠯᠭᠠᠨ ᠭᠡᠨᠡᠳᠳᠡ ᠵᠤᠭᠰᠤᠭᠰᠠᠨ ᠠᠴᠠ ᠪᠤᠯᠵᠤ ᠴᠠᠬᠢᠯᠭᠠᠨ ᠭᠡᠷᠡᠭᠰᠡᠯ ᠡᠪᠳᠡᠭᠳᠡᠵᠤ᠂ ᠡ᠊ᠨᠳᠡᠯ ᠡᠬᠦᠰᠬᠦ ᠶᠢᠨ ᠲᠠᠭᠠᠤ ᠬᠥᠮᠥᠰ ᠤᠨ ᠭᠡᠪ ᠤᠨ ᠠᠮᠢᠳᠤᠷᠠᠯ ᠢ ᠰᠢᠭᠤᠳ ᠨᠥᠯᠥᠭᠡᠯᠡᠳᠡᠭ᠃ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ ○ ᠴᠠᠬᠢᠯᠭᠠᠨ ᠵᠤᠭᠰᠤᠬᠤ ᠤᠴᠢᠷ ᠲᠤᠬᠢᠶᠠᠯᠳᠤᠪᠠᠯ᠂ ᠭᠠᠷ ᠳ᠋ᠧᠩ ᠵᠡᠷᠭᠡ ᠭᠡᠷᠡᠯᠳᠥᠬᠦᠯᠭᠡ ᠶᠢᠨ ᠪᠠᠭᠠᠵᠢ ᠶᠢ ᠠᠰᠢᠭᠯᠠᠨ᠂ ᠡᠩ ᠲᠡᠷᠢᠬᠦᠨ ᠳᠤ ᠲᠤᠳᠤᠭᠠᠳᠤ ᠳᠠᠬᠢ ᠴᠠᠬᠢᠯᠭᠠᠨ ᠲᠥᠭᠦᠬᠡᠭᠴᠢ ᠶᠢᠨ ᠨᠡᠭᠡᠭᠡᠯᠳᠡ ᠬᠠᠭᠠᠯᠳᠠ᠂ ᠴᠠᠬᠢᠯᠭᠠᠨ ᠵᠢᠭᠤᠳᠠᠭᠤᠷ ᠤᠨ ᠬᠠᠮᠠᠭᠠᠯᠠᠭᠤᠷ ᠢᠶᠠᠨ ᠪᠠᠶᠢᠴᠠᠭᠠᠵᠤ ᠪᠠᠶᠢᠭᠠᠷᠠᠢ᠃ ○ ᠬᠠᠮᠠᠭᠠᠯᠠᠭᠤᠷ ᠤᠳᠠᠰᠤ ᠨᠢ ᠬᠠᠶᠢᠯᠤᠭᠳᠠᠨ ᠲᠠᠰᠤᠷᠠᠭᠰᠠᠨ ᠪᠤᠯ ᠲᠡᠷᠦ᠋ᠢᠬᠠᠨ ᠰᠤᠯᠢᠬᠤ ᠭᠡᠷᠡᠭᠳᠡᠢ᠂ ᠭᠡᠪᠡᠴᠤ ᠵᠡᠰ ᠂ ᠲᠡᠮᠥᠷ᠂ ᠲᠤᠭᠤᠯᠭᠠᠨ ᠤᠳᠠᠰᠤ ᠪᠠᠷ ᠤᠷᠤᠯᠠᠭᠤᠯᠵᠤ ᠪᠤᠯᠬᠤ ᠥᠭᠡᠢ᠃ ᠬᠠᠮᠠᠭᠠᠯᠠᠭᠤᠷ ᠤᠳᠠᠰᠤ ᠶᠢ ᠰᠤᠯᠢᠬᠤ ᠳᠠᠭᠠᠨ ᠪᠡᠭᠡᠯᠢ ᠵᠡᠬᠦᠬᠦ ᠪᠤᠶᠤ ᠮᠤᠳᠤᠨ ᠰᠠᠨᠳᠠᠯᠢ ᠲᠡᠭᠡᠷ᠎ᠡ ᠵᠤᠭᠰᠤᠵᠤ᠂ ᠴᠠᠬᠢᠯᠭᠠᠨ ᠥᠯᠥ ᠬᠥᠶᠥᠬᠦ ᠬᠥᠨᠳᠡᠶᠢᠷᠡᠬᠦᠯᠬᠦ ᠠᠷᠭ᠎ᠠ ᠭᠡᠮᠵᠢᠶ᠎ᠡ ᠠᠪᠴᠤ᠂ ᠴᠠᠬᠢᠯᠭᠠᠨ ᠳᠤ ᠴᠤᠬᠢᠭᠳᠠᠬᠤ ᠠᠴᠠ ᠰᠡᠷᠭᠡᠶᠢᠯᠡᠨ᠎ᠡ᠃ ○ ᠴᠠᠬᠢᠯᠭᠠᠨ ᠬᠥᠴᠥᠨ ᠤ ᠰᠠᠯᠠᠭ᠎ᠠ ᠮᠥᠴᠢᠷ ᠲᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠵᠠᠪᠳᠤᠨ ᠠᠪᠤᠷᠠᠵᠤ ᠵᠠᠰᠠᠭᠤᠯᠬᠤ ᠪᠠᠷ ᠤᠳᠠᠰᠤᠳᠠᠵᠤ ᠪᠤᠯᠤᠨ᠎ᠠ᠃ ᠲᠤᠰᠬᠠᠢ ᠮᠡᠷᠭᠡᠵᠢᠯᠳᠡᠨ ᠤ ᠰᠠᠨᠠᠭᠤᠯᠤᠮᠵᠢ ◇ ᠭᠡᠷ ᠡᠷᠥᠭᠡ ᠳᠡᠭᠡᠨ ᠯᠠ᠂ ᠭᠠᠷ ᠳ᠋ᠧᠩ ᠵᠡᠷᠭᠡ ᠪᠠᠴᠢᠮ ᠪᠠᠶᠢᠳᠠᠯ ᠢ ᠠᠷᠭᠠᠴᠠᠬᠤ ᠳᠤ ᠭᠡᠷᠡᠭᠯᠡᠬᠦ ᠭᠡᠷᠡᠯᠳᠥᠬᠦᠯᠭᠡ ᠶᠢᠨ ᠪᠠᠭᠠᠵᠢ ᠪᠡᠯᠡᠳᠭᠡᠵᠤ᠂ ᠲᠤᠭᠳᠠᠭᠰᠠᠨ ᠭᠠᠵᠠᠷ ᠲᠤ ᠲᠠᠯᠪᠢᠬᠤ ᠶᠢ ᠠᠩᠬᠠᠷᠤᠭᠠᠷᠠᠢ᠃ ◇ ᠴᠠᠬᠢᠯᠭᠠᠨ ᠤ ᠤᠳᠠᠰᠤ ᠬᠠᠭᠤᠴᠢᠷᠠᠭᠰᠠᠨ ᠠᠴᠠ ᠪᠤᠯᠵᠤ ᠴᠠᠬᠢᠯᠭᠠᠨ ᠵᠤᠭᠰᠤᠬᠤ ᠡ᠊ᠨᠳᠡᠯ ᠠᠮᠠᠷᠬᠠᠨ ᠭᠠᠷᠳᠠᠭ ᠲᠤᠯᠠ ᠬᠤᠯᠪᠤᠭᠳᠠᠯ ᠪᠥᠬᠦᠢ ᠰᠠᠯᠠᠭ᠎ᠠ ᠮᠥᠴᠢᠷ ᠲᠤ ᠲᠥᠷᠭᠡᠨ ᠮᠡᠳᠡᠭᠳᠡᠵᠤ ᠰᠤᠯᠢᠬᠤ ᠭᠡᠷᠡᠭᠳᠡᠢ᠃ ◇ ᠭᠡᠷᠪᠡ ᠭᠡᠷ ᠲᠤᠳᠤᠷᠠᠬᠢ ᠨᠥᠬᠦᠴᠡᠯ ᠰᠢᠯᠳᠠᠭᠠᠨ ᠠᠴᠠ ᠪᠤᠯᠵᠤ ᠴᠠᠬᠢᠯᠭᠠᠨ ᠵᠤᠭᠰᠤᠭᠰᠠᠨ ᠪᠢᠰᠢ ᠪᠤᠯ ᠴᠠᠭ ᠲᠤᠬᠠᠢ ᠳᠤᠨᠢ ᠠᠳᠠᠯ ᠠᠬᠤᠢ ᠶᠢᠨ ᠥᠢᠯᠡᠴᠢᠯᠡᠭᠡᠨ ᠤ ᠬᠠᠮᠢᠶᠠᠷᠤᠯᠳᠠ ᠶᠢᠨ ᠭᠠᠵᠠᠷ ᠪᠤᠶᠤ ᠴᠠᠬᠢᠯᠭᠠᠨ ᠬᠠᠨᠭ᠍ᠭᠠᠬᠤ ᠰᠠᠯᠠᠭ᠎ᠠ ᠮᠥᠴᠢᠷ ᠲᠠᠢ ᠬᠤᠯᠪᠤᠭ᠎ᠠ ᠠᠪᠬᠤ ᠭᠡᠷᠡᠭᠳᠡᠢ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号