| | ᠰᠤᠷᠪᠤᠯᠵᠢᠯᠠᠭᠰᠠᠨ ᠴᠠᠭ᠄ 2015 ᠣᠨ ᠤ 11 ᠳ᠋ᠦᠭᠡᠷ ᠰᠠᠷ᠎ᠠ ᠶᠢᠨ 30 ᠤ ᠡᠳᠦᠷ ᠤᠨ ᠦᠳᠡ ᠶᠢᠨ | ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ | ᠲᠥᠪ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠸᠧᠨ ᡁᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠨᠢ 2013 ᠣᠨ ᠤ 8 | ᠳ᠋ᠤᠭᠠᠷ ᠰᠠᠷ᠎ᠠ ᠶᠢᠨ 8 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠵᠦ᠂ ᠪᠣᠭᠤᠮᠲᠠ ᠶᠢᠨ | ᠶᠡᠷᠦᠩᠬᠡᠶ ᠵᠠᠬᠢᠷᠭ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ | ᠪᠣᠯᠤᠨ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠥᠷᠪᠡᠨ ᠶᠠᠮᠤᠨ | ᠵᠥᠪᠯᠡᠯ ᠤᠨ ᠵᠥᠪᠰᠢᠶᠡᠷᠡᠯ ᠢᠶᠠᠷ ᠪᠠᠶᠢᠭᠤᠯᠵᠤ᠂ 2014 ᠣᠨ ᠤ 9 ᠳ᠋ᠦᠭᠡᠷ ᠰᠠᠷ᠎ᠠ ᠶᠢᠨ 12 ᠤ ᠡᠳᠦᠷ | ᠤᠯᠤᠰ ᠠᠴᠠ ᠰᠢᠯᠭᠠᠨ ᠠᠪᠴᠤ᠂ ᠡᠨᠡ ᠵᠢᠯ ᠤᠨ 1 ᠳ᠋ᠦᠭᠡᠷ ᠰᠠᠷ᠎ᠠ ᠶᠢᠨ 1 ᠤ ᠡᠳᠦᠷ ᠠᠯᠪᠠᠨ ᠶᠣᠰᠣᠭᠠᠷ | ᠪᠣᠭᠤᠮᠲᠠ ᠶᠢᠨ ᠭᠠᠶᠢᠯᠢ ᠬᠤᠷᠢᠵᠤ ᠡᠵᠡᠩᠨᠡᠪᠡ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠪᠣᠯᠤᠨ᠎ᠠ᠃ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ | ᠪᠠᠷᠠᠭᠠᠨ ᠭᠦᠢᠯᠭᠡᠭᠡᠨ ᠤ ᠲᠥᠪ ᠤᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠲᠤᠰᠠᠳᠠ᠂ | ᠣᠶᠢᠷ᠎ᠡ ᠳᠤ ᠪᠢᠳᠡ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠸᠧᠨ ᡁᠢ ᠶᠢ ᠤᠷᠢᠵᠤ ︽ᠳᠤᠮᠳᠠᠳᠤ ᠤᠯᠤᠰ · ᠥᠪᠥᠷ | ᠮᠣᠩᠭᠤᠯ︾ ᠰᠦᠯᠵᠢᠶᠡᠨ ᠳᠡᠭᠡᠷ᠎ᠡ ᠲᠠ ᠨᠠᠷ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ | ᠨᠠᠷ ᠲᠤᠬᠠᠶ ᠶᠢᠨ ᠴᠠᠭ ᠲᠤ ᠢᠳᠡᠪᠬᠢᠲᠡᠶ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ︕ | ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠠᠨᠳᠠ ᠨᠠᠷ ᠡ᠂ ᠰᠠᠶᠢᠨ ᠪᠠᠶᠢᠨ᠎ᠠ ᠤᠤ︕ ᠲᠠ ᠪᠦᠬᠦᠨ ᠲᠣᠰ | ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ | ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡᠨ ᠤ ᠦᠨᠦᠳᠦᠷ ᠤᠨ ᠤᠷᠢᠵᠤ ᠢᠷᠡᠭᠰᠡᠨ ᠡᠷᠬᠢᠮ | ᠵᠣᠴᠢᠳ ᠪᠣᠯ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ ᠵᠣᠣ ᠸᠧᠨ ᡁᠢ ᠪᠣᠯᠣᠨ᠎ᠠ᠂ ᠲᠡᠷᠡ ᠪᠢᠳᠡᠨ ᠳᠤ ᠤᠯᠠᠭᠠᠨᠬᠠᠳᠠ ᠶᠢᠨ ᠭᠠᠶᠢᠯᠢ ᠶᠢ | ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ ᠪᠥᠳᠥᠭᠡᠨ ᠪᠠᠶᠢᠭᠤᠯᠤᠯᠲᠠ ᠡᠵᠡᠩᠨᠡᠯᠲᠡ ᠵᠡᠷᠭᠡ ᠲᠠᠯ᠎ᠠ ᠪᠠᠷ ᠬᠢ | ᠪᠠᠶᠢᠳᠠᠯ ᠢ ᠲᠠᠨᠢᠯᠴᠠᠭᠤᠯᠵᠤ ᠥᠭᠭᠦᠨ᠎ᠡ᠃ ᠵᠣᠣ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠵᠣᠣ ᠸᠧᠨ ᡁᠢ᠄ ᠬᠥᠲᠥᠯᠥᠭᠴᠢ ᠰᠠᠶᠢᠨ ᠪᠠᠶᠢᠨ᠎ᠠ ᠤᠤ︕ ᠰᠦᠯᠵᠢᠶᠡᠨ ᠤ ᠨᠠᠶᠢᠵᠠ ᠨᠠᠷ ᠲᠤ ᠮᠡᠨᠳᠦ | ᠠᠶᠢᠯᠠᠳᠬᠠᠶ᠎ᠠ︕ | ᠬᠥᠲᠥᠯᠥᠭᠴᠢ᠄ ᠵᠤᠤ ᠡᠷᠬᠢᠯᠡᠭᠴᠢ ᠡ᠂ ᠪᠢᠳᠠᠨ ᠤ ᠣᠶᠢᠯᠠᠭᠠᠭᠰᠠᠨ ᠢᠶᠠᠷ᠂ ᠤᠯᠠᠭᠠᠨᠬᠠᠳᠠ ᠶᠢᠨ ᠭᠠᠶᠢᠯᠢ ᠶᠢ | ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠨᠢ 2013 ᠣᠨ ᠤ 8 ᠳ᠋ᠤᠭᠠᠷ ᠰᠠᠷ᠎ᠠ ᠶᠢᠨ 8 ᠤ ᠡᠳᠦᠷ᠂ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠵᠦ᠂ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠡᠳ᠋ ᠤᠨ ᠵᠠᠰᠠᠭ ᠤᠨ ᠶᠠᠮᠤᠨ | ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠣᠯᠤᠨ ᠤᠯᠤᠰ ᠤᠨ ᠭᠠᠳᠠᠭᠠᠳᠤ | ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠥᠷᠪᠡᠨ ᠶᠠᠮᠤᠨ ᠵᠥᠪᠯᠡᠯ ᠤᠨ ᠵᠥᠪᠰᠢᠶᠡᠷᠡᠯ ᠢᠶᠠᠷ | ᠪᠠᠶᠢᠭᠤᠯᠵᠤ᠂ 2014 ᠣᠨ ᠤ 9 ᠳ᠋ᠦᠭᠡᠷ ᠰᠠᠷ᠎ᠠ ᠶᠢᠨ 12 ᠤ ᠡᠳᠦᠷ ᠤᠯᠤᠰ ᠠᠴᠠ ᠰᠢᠯᠭᠠᠨ ᠠᠪᠴᠤ᠂ ᠡᠨᠡ | ᠵᠢᠯ ᠤᠨ 1 ᠳ᠋ᠦᠭᠡᠷ ᠰᠠᠷ᠎ᠠ ᠶᠢᠨ 1 ᠤ ᠡᠳᠦᠷ ᠠᠯᠪᠠᠨ ᠶᠣᠰᠣᠭᠠᠷ ᠪᠣᠭᠤᠮᠲᠠ ᠶᠢᠨ ᠭᠠᠶᠢᠯᠢ ᠬᠤᠷᠢᠵᠤ ᠡᠵᠡᠩᠨᠡᠪᠡ᠂ | ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ | ᠲᠥᠪ ᠪᠣᠯᠤᠨ᠎ᠠ᠃ ᠵᠣᠣ ᠡᠷᠬᠢᠯᠡᠭᠴᠢ ᠡ᠂ ᠲᠠ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ | ᠲᠥᠪ ᠤᠨ ᠪᠠᠶᠢᠭᠤᠯᠤᠭᠳᠠᠭᠰᠠᠨ ᠠᠬᠤᠶ ᠪᠠᠶᠢᠳᠠᠯ ᠵᠢᠴᠢ ᠲᠡᠭᠦᠨ ᠤ ᠴᠢᠳᠠᠪᠬᠢ ᠦᠢᠯᠡᠳᠦᠯ ᠢ ᠶᠠᠷᠢᠭᠠᠳ ᠥᠭᠭᠦᠨ᠎ᠡ | ᠤᠤ︖ | ᠵᠣᠣ ᠸᠧᠨ ᡁᠢ᠄ ᠤᠯᠠᠭᠠᠨᠬᠠᠳᠠ ᠭᠠᠵᠠᠷ ᠣᠷᠣᠨ ᠪᠣᠯ ᠥᠪᠥᠷ ᠮᠣᠩᠭᠤᠯ ᠡᠾᠧᠪᠸᠢ ᠯᠢᠶᠣᠤᠨᠢᠩ ᠤᠨ ᠵᠠᠬ᠎ᠠ | ᠨᠡᠶᠢᠯᠡᠭᠰᠡᠨ ᠬᠡᠰᠡᠭ ᠢᠶᠠᠷ ᠪᠠᠶᠢᠷᠢᠯᠠᠵᠤ᠂ ᠵᠡᠭᠦᠨ ᠬᠤᠶᠢᠲᠤ ᠣᠷᠣᠨ ᠬᠢᠭᠡᠳ ᠤᠮᠠᠷᠠᠲᠤ ᠣᠷᠣᠨ ᠤ ᠠᠭᠤᠯᠵᠠᠷ | ᠬᠡᠰᠡᠭ ᠲᠤ ᠪᠠᠶᠢᠷᠢᠯᠠᠨ᠂ ᠵᠡᠭᠦᠨ ᠬᠤᠶᠢᠲᠤ ᠶᠢᠨ ᠠᠵᠤ ᠠᠬᠤᠶ ᠶᠢᠨ ᠲᠣᠭᠤᠷᠢᠭ ᠪᠣᠯᠤᠨ ᠨᠡᠶᠢᠰᠯᠡᠯ ᠤᠨ ᠠᠵᠤ | ᠠᠬᠤᠶ ᠶᠢᠨ ᠲᠣᠭᠤᠷᠢᠭ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠤ ᠪᠥᠸᠧᠬᠠᠢ ᠲᠠᠩᠭᠢᠰ ᠳᠠᠭᠠᠤ ᠠᠵᠤ | ᠠᠬᠤᠶ ᠶᠢᠨ ᠬᠦᠷᠢᠶ᠎ᠡ ᠶᠢᠨ ᠴᠢᠬᠤᠯᠠ ᠬᠡᠰᠡᠭ ᠮᠦᠨ᠂ ᠤᠯᠠᠨ ᠠᠴᠠ ᠬᠡᠲᠦ᠋ᠢᠳᠦᠭᠰᠡᠨ ᠭᠠᠵᠠᠷ ᠣᠷᠣᠨ ᠤ ᠳᠠᠪᠠᠭᠤᠯᠢᠭ | ᠲᠠᠯ᠎ᠠ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠪᠣᠯᠣᠨ ᠪᠣᠯᠪᠠᠰᠤᠷᠠᠭᠤᠯᠬᠤ | ᠠᠷᠠᠯᠵᠢᠶ᠎ᠠ ᠶᠢᠨ ᠥᠷᠨᠢᠨ ᠬᠥᠭᠵᠢᠵᠦ᠂ ᠤᠯᠠᠨ ᠤᠯᠤᠰ ᠤᠨ ᠪᠠᠷᠠᠭᠠᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ | ᠯᠤᠲᠤ ᠶᠡᠭᠡ ᠪᠠᠶᠢᠭ᠎ᠠ ᠠᠬᠤᠶ ᠪᠠᠶᠢᠳᠠᠯ ᠤᠨ ᠳᠣᠣᠷ᠎ᠠ᠂ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ | ᠭᠦᠢᠯᠭᠡᠭᠡᠨ ᠤ ᠲᠥᠪ ᠪᠠᠶᠢᠭᠤᠯᠤᠭᠳᠠᠭᠰᠠᠨ ᠶᠤᠮ᠃ ᠡᠭᠦᠨ ᠤ ᠬᠠᠮᠲᠤ ︽ᠭᠠᠳᠠᠭᠰᠢᠯ ᠠᠵᠤ ᠠᠬᠤᠶ︾ ᠶᠢᠨ | ᠬᠥᠭᠵᠢᠯᠲᠡ ᠶᠢᠨ ᠰᠡᠳᠭᠢᠮᠵᠢ ᠪᠠᠷ ᠭᠠᠳᠠᠭᠠᠳᠤ ᠠᠴᠠ ᠣᠷᠣᠭᠤᠯᠬᠤ ᠪᠠᠷᠠᠭᠠᠨ ᠤ ᠭᠠᠶᠢᠯᠢ ᠶᠢ ᠪᠠᠲᠤᠯᠠᠬᠤ ᠰᠠᠩ | ᠬᠥᠮᠥᠷᠭᠡ᠂ ᠭᠠᠳᠠᠭᠠᠳᠤ ᠳᠤ ᠭᠠᠷᠭᠠᠬᠤ ᠡᠳ᠋ ᠪᠠᠷᠠᠭᠠᠨ ᠤ ᠲᠣᠭᠤᠷᠢᠭ ᠲᠤ ᠣᠷᠣᠭᠤᠯᠵᠤ ᠭᠠᠶᠢᠯᠢ ᠶᠢ ᠪᠤᠴᠠᠭᠠᠬᠤ᠂ | ᠤᠯᠠᠨ ᠤᠯᠤᠰ ᠤᠨ ᠪᠠᠷᠠᠭᠠᠨ ᠭᠦᠢᠯᠭᠡᠭᠡᠨ ᠢ ᠬᠤᠪᠢᠶᠠᠨ ᠰᠠᠯᠭᠠᠵᠤ ᠲᠣᠬᠢᠷᠠᠭᠤᠯᠤᠨ ᠬᠦᠷᠭᠡᠬᠦ᠂ ᠭᠠᠷᠠᠮ ᠳᠠᠮᠵᠢᠭᠰᠠᠨ | ᠠᠷᠠᠯᠵᠢᠶ᠎ᠠ᠂ ᠭᠠᠶᠢᠯᠢ ᠶᠢ ᠪᠠᠲᠤᠯᠠᠬᠤ ᠳᠡᠯᠭᠡᠨ ᠦᠵᠡᠭᠦᠯᠦᠭᠡ᠂ ᠡᠩ ᠤᠨ ᠪᠣᠯᠪᠠᠰᠤᠷᠠᠭᠤᠯᠭᠠ ᠵᠢᠴᠢ ᠦᠷᠳᠡᠭ | ᠨᠡᠮᠡᠭᠳᠡᠭᠰᠡᠨ ᠦᠢᠯᠡᠴᠢᠯᠡᠭᠡ ᠵᠡᠷᠭᠡ ᠴᠢᠳᠠᠪᠬᠢ ᠶᠢ ᠬᠦᠴᠦᠯᠡᠨ ᠪᠠᠶᠢᠭᠤᠯᠵᠤ ᠪᠦᠷᠢᠨᠰᠢᠭᠦᠯᠦᠨ᠂ ᠶᠡᠷᠦᠩᠬᠡᠶ ᠱᠦᠵᠢ | ᠰᠢ ᠶᠢᠨ ᠫᠢᠩ ᠤᠨ ᠳᠤᠷᠠᠳᠤᠭᠰᠠᠨ ︽ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢ ᠶᠢᠨ ᠣᠷᠣᠨ ᠢ | ᠴᠣᠭᠴᠠᠯᠠᠬᠤ ᠪᠠ ᠤᠮᠠᠷᠠᠰᠢ ᠨᠡᠭᠡᠭᠡᠬᠦ ᠬᠥᠭᠦᠷᠭᠡᠨ ᠪᠠᠬᠢᠯᠡᠯᠲᠡ︾ ᠶᠢᠨ ᠪᠠᠷᠠᠭᠠᠯᠬᠢᠯᠠᠯᠳᠤ ᠴᠢᠨᠠᠷ ᠲᠠᠢ ᠬᠥᠭᠵᠢᠯᠲᠡ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠪᠣᠳᠠᠰ ᠤᠨ ᠰᠠᠭᠤᠷᠢ ᠲᠠᠯᠪᠢᠵᠤ᠂ | ᠤᠯᠠᠭᠠᠨᠬᠠᠳᠠ ᠶᠢᠨ ᠠᠵᠤ ᠠᠬᠤᠶ ᠶᠢᠨ ᠣᠷᠣᠨ ᠪᠠᠶᠢᠷᠢᠰᠢᠯ ᠤᠨ ᠳᠠᠪᠠᠭᠤᠯᠢᠭ ᠲᠠᠯ᠎ᠠ ᠶᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠠᠵᠤ ᠦᠢᠯᠡᠰ ᠤᠨ ᠰᠠᠴᠤᠷᠠᠭ ᠤᠨ ᠥᠷᠭᠡᠴᠡ ᠶᠢ ᠨᠡᠮᠡᠭᠳᠡᠭᠦᠯᠵᠦ᠂ ᠬᠤᠲᠠ ᠶᠢᠨ ᠲᠥᠪᠯᠡᠷᠡᠯ ᠤᠨ | ᠦᠢᠯᠡᠳᠦᠯ ᠳᠡᠭᠡᠭᠰᠢᠯᠡᠭᠦᠯᠬᠦ ᠳᠤ ᠪᠠᠶᠢᠭᠤᠯᠤᠯ ᠤᠨ ᠴᠢᠨᠠᠷᠲᠠᠶ ᠪᠠᠲᠤᠯᠠᠭ᠎ᠠ ᠣᠯᠭᠤᠪᠠ᠃ ᠤᠯᠠᠭᠠᠨᠬᠠᠳᠠ ᠶᠢᠨ ᠭᠠᠶᠢᠯᠢ ᠶᠢ | ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ ᠲᠤᠬᠠᠶᠢᠯᠠᠭᠰᠠᠨ ᠠᠵᠢᠯ ᠨᠢ ᠤᠯᠠᠭᠠᠨᠬᠠᠳᠠ ᠬᠤᠲᠠ᠂ ᠲᠦᠩᠯᠢᠶᠣᠤ | ᠬᠤᠳᠠ᠂ ᠰᠢᠯᠢ ᠶᠢᠨ ᠭᠤᠣᠯ ᠠᠶᠢᠮᠠᠭ᠂ ᠯᠢᠶᠣᠤᠨᠢᠩ ᠤᠨ ᠪᠠᠷᠠᠭᠤᠨ ᠬᠡᠰᠡᠭ᠂ ᠡᠾᠧᠪᠸᠢ ᠶᠢᠨ ᠬᠤᠶᠢᠲᠤ ᠬᠡᠰᠡᠭ ᠢ | ᠪᠦᠷᠬᠦᠵᠦ᠂ ᠲᠡᠷᠡᠴᠢᠯᠡᠨ ᠤᠯᠠᠭᠠᠨᠬᠠᠳᠠ ᠬᠤᠳᠠ ᠬᠢᠭᠡᠳ ᠲᠢᠶᠠᠨᠵᠢᠨ᠂ ᠵᠢᠨᠵᠧᠦ ᠵᠡᠷᠭᠡ ᠭᠠᠵᠠᠷ ᠲᠠᠢ ᠭᠠᠶᠢᠯᠢ ᠶᠢ | ᠪᠠᠲᠤᠯᠠᠬᠤ ᠲᠣᠭᠤᠷᠢᠭ ᠭᠠᠷᠠᠮ ᠲᠠᠢ ᠬᠠᠮᠲᠤᠷᠠᠨ ᠬᠥᠳᠡᠯᠦᠯᠴᠡᠬᠦ ᠶᠢ ᠤᠯᠠᠮ ᠴᠢᠨᠠᠭᠰᠢᠳᠠ ᠨᠢᠭᠲᠠᠷᠠᠭᠤᠯᠵᠤ᠂ | ᠤᠯᠠᠭᠠᠨᠬᠠᠳᠠ ᠬᠤᠳᠠ ᠵᠢᠴᠢ ᠬᠦᠷᠰᠢ ᠵᠡᠷᠭᠡᠯᠡᠳᠡᠭᠡ ᠭᠠᠵᠠᠷ ᠣᠷᠣᠨ ᠤ ᠭᠠᠳᠠᠭᠰᠢᠯ ᠠᠵᠤ ᠠᠬᠤᠶ ᠶᠢᠨ | ᠬᠤᠷᠳᠤᠴᠠ ᠪᠠᠨ ᠨᠡᠮᠡᠭᠳᠡᠭᠦᠯᠦᠨ ᠬᠦᠭᠵᠢᠬᠦ ᠶᠢ ᠲᠦᠯᠬᠢᠨ ᠠᠬᠢᠭᠤᠯᠪᠠ᠃ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ | ᠪᠠᠷᠠᠭᠠᠨ ᠭᠦᠢᠯᠭᠡᠭᠡᠨ ᠤ ᠲᠥᠪ ᠤᠨ ᠲᠣᠭᠤᠷᠢᠨ ᠳᠤ ᠪᠡᠶᠡᠯᠡᠭᠳᠡᠭᠰᠡᠨ ᠰᠦᠯᠵᠢᠶᠡᠨ ᠤ ᠠᠵᠤ ᠠᠬᠤᠶ ᠨᠢ ᠤᠯᠠᠭᠠᠨᠬᠠᠳᠠ | ᠬᠤᠳᠠ ᠬᠢᠭᠡᠳ ᠬᠦᠷᠰᠢ ᠵᠡᠷᠭᠡᠯᠡᠳᠡᠭᠡ ᠭᠠᠵᠠᠷ ᠣᠷᠣᠨ ᠤ ᠪᠡᠯᠡ ᠮᠥᠩᠭᠦ᠂ ᠲᠧᠭᠨᠢᠭ ᠮᠡᠷᠭᠡᠵᠢᠯ᠂ ᠮᠡᠳᠡᠭᠡ ᠵᠠᠩᠭᠢ᠂ | ᠬᠥᠳᠡᠯᠮᠦᠷᠢ ᠶᠢᠨ ᠬᠦᠴᠦ ᠵᠡᠷᠭᠡ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠤᠨ ᠡᠷᠭᠢᠯᠲᠡ ᠶᠢ ᠬᠦᠴᠦᠲᠡᠢ | ᠲᠦᠯᠬᠢᠨ ᠠᠬᠢᠭᠤᠯᠵᠤ᠂ ᠠᠳᠠᠯᠢᠳᠬᠠᠯ ᠳᠠᠪᠠᠭᠤᠯᠢᠭ ᠪᠠᠷ ᠢᠶᠠᠨ ᠳᠠᠮᠵᠢᠭᠤᠯᠤᠨ᠂ ᠡᠯ᠎ᠡ ᠲᠦᠷᠦᠯ ᠤᠨ | ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠠᠳᠠᠯᠢ ᠪᠤᠰᠤ ᠦᠢᠯᠡᠳᠪᠦᠷᠢᠯᠡᠯ ᠤᠨ ᠣᠷᠣᠨ ᠪᠦᠰᠡ ᠶᠢᠨ | ᠬᠤᠭᠤᠷᠣᠨᠳᠣ ᠵᠦᠢ ᠵᠣᠬᠢᠰᠲᠠᠶ ᠲᠣᠬᠢᠷᠠᠭᠤᠯᠵᠤ᠂ ᠡᠭᠦᠨ ᠤ ᠤᠯᠠᠮ ᠢᠶᠠᠷ ᠬᠦᠷᠰᠢ ᠵᠡᠷᠭᠡᠯᠡᠳᠡᠭᠡ ᠣᠷᠣᠨ ᠤ ᠠᠵᠤ | ᠠᠬᠤᠶ ᠶᠢ ᠨᠦᠯᠦᠭᠡᠯᠡᠨ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠬᠤ ᠪᠣᠯᠣᠨ᠎ᠠ᠃ | ᠬᠥᠲᠦᠯᠦᠭᠴᠢ᠄ ᠵᠣᠣ ᠡᠷᠬᠢᠯᠡᠭᠴᠢ ᠡ᠂ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ | ᠭᠦᠢᠯᠭᠡᠭᠡᠨ ᠤ ᠲᠥᠪ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠨᠢ ᠶᠠᠮᠠᠷ ᠪᠠᠶᠢᠬᠤ | ᠪᠣᠢ︖ | ᠵᠣᠣ ᠸᠧᠨ ᡁᠢ᠄ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠨᠢ | ᠤᠯᠠᠭᠠᠨᠬᠠᠳᠠ ᠬᠤᠲᠠ ᠶᠢᠨ ᠬᠤᠩ ᠱᠠᠨ ᠲᠣᠭᠤᠷᠢᠭ ᠤᠨ ᠬᠦᠭᠦᠷᠭᠡᠨ ᠬᠤᠶᠢᠳᠤᠬᠢ ᠪᠠᠷᠠᠭᠠᠨ ᠭᠦᠢᠯᠭᠡᠭᠡᠨ ᠤ | ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠤᠯᠠᠭᠠᠨᠬᠠᠳᠠ ᠬᠤᠲᠠ᠂ ᠬᠤᠩ ᠱᠠᠨ ᠲᠣᠭᠤᠷᠢᠭ ᠤᠨ ᠬᠤᠶᠠᠷ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠠᠮᠲᠤ ᠪᠠᠷ ᠪᠠᠶᠢᠭᠤᠯᠪᠠ᠃ ᠪᠠᠷᠠᠭᠠᠨ ᠭᠦᠢᠯᠭᠡᠭᠡᠨ ᠤ | ᠲᠥᠪ ᠤᠨ ᠲᠦᠯᠦᠪᠵᠢᠭᠦᠯᠦᠭᠰᠡᠨ ᠲᠠᠯᠠᠪᠠᠢ ᠨᠢ 1.43 ᠲᠡᠭᠰᠢ ᠳᠦᠷᠪᠡᠯᠵᠢᠨ ᠺᠢᠯᠤᠮᠧᠲᠷ᠂ ᠨᠢᠭᠡᠳᠦᠭᠡᠷ | ᠬᠤᠭᠤᠴᠠᠭᠠᠨ ᠤ ᠬᠦᠷᠢᠶᠡᠯᠡᠭᠰᠡᠨ ᠲᠣᠣᠷ ᠤᠨ ᠲᠠᠯᠠᠪᠠᠢ ᠨᠢ 18.41 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ | ᠲᠦᠷᠦᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 7.2 ᠳ᠋ᠦᠩᠰᠢᠭᠤᠷ ᠲᠦᠭᠦᠷᠢᠭ ᠪᠣᠯᠤᠨ᠎ᠠ᠃ | ᠬᠦᠷᠢᠶᠡᠯᠡᠭᠰᠡᠨ ᠲᠣᠣᠷ ᠤᠨ ᠳᠣᠲᠤᠷ᠎ᠠ ᠲᠥᠪ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠲᠠᠪᠴᠠᠩ ᠲᠠᠢ᠂ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠭᠡᠪᠡᠯ ᠬᠤᠷᠢᠭ᠎ᠠ ᠵᠢᠴᠢ ᠲᠤᠬᠠᠶᠢᠯᠠᠭᠰᠠᠨ | ᠠᠵᠢᠯ ᠤᠨ ᠶᠡᠷᠦᠩᠬᠡᠶᠢᠯᠡᠭᠰᠡᠨ ᠨᠢᠭᠡ ᠠᠰᠠᠷ ᠪᠣᠢ︔ ᠬᠢᠯᠢ ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠬᠦᠮᠦᠷᠭᠡ | ᠨᠢᠭᠡ ᠪᠣᠢ︔ ᠭᠠᠶᠢᠯᠢ ᠪᠠᠲᠤᠯᠠᠬᠤ ᠬᠦᠮᠦᠷᠭᠡ 6 ᠪᠠᠶᠢᠵᠤ ᠨᠡᠶᠢᠲᠡ 3.2 ᠲᠦᠮᠡᠨ ᠲᠡᠭᠰᠢ ᠳᠦᠷᠪᠡᠯᠵᠢᠨ ᠮᠧᠲᠷ | ᠲᠠᠯᠠᠪᠠᠢ ᠲᠠᠢ︔ ᠪᠠᠷᠠᠭ᠎ᠠ ᠣᠪᠤᠭᠠᠯᠠᠬᠤ ᠵᠠᠳᠠᠭᠠᠢ ᠲᠠᠯᠠᠪᠤᠷ 2 ᠪᠠᠶᠢᠵᠤ ᠨᠡᠶᠢᠲᠡ 2 ᠲᠦᠮᠡᠨ ᠲᠡᠭᠰᠢ ᠳᠦᠷᠪᠡᠯᠵᠢᠨ | ᠮᠧᠲᠷ ᠲᠠᠯᠠᠪᠠᠢ ᠲᠠᠢ᠃ ᠬᠦᠷᠢᠶᠡᠯᠡᠭᠰᠡᠨ ᠲᠣᠣᠷ ᠤᠨ ᠭᠠᠳᠠᠨ᠎ᠠ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 | ᠵᠣᠷᠪᠤᠰ ᠲᠡᠮᠦᠷ ᠵᠠᠮ ᠤᠨ ᠲᠡᠭᠡᠭᠡᠪᠦᠷᠢ ᠶᠢᠨ ᠲᠤᠰᠬᠠᠢ ᠱᠤᠭᠤᠮ ᠲᠠᠢ᠂ 3 ᠲᠦᠮᠡᠨ ᠲᠡᠭᠰᠢ ᠳᠦᠷᠪᠡᠯᠵᠢᠨ ᠮᠧᠲᠷ ᠤᠨ | ᠴᠢᠨᠡᠭᠡᠯᠢᠭ ᠤᠨ ᠪᠠᠷᠠᠭ᠎ᠠ ᠣᠪᠤᠭᠠᠯᠠᠬᠤ ᠲᠠᠯᠠᠪᠤᠷ ᠵᠢᠴᠢ 1 ᠲᠦᠮᠡᠨ ᠲᠡᠭᠰᠢ ᠳᠦᠷᠪᠡᠯᠵᠢᠨ ᠮᠧᠲᠷ ᠤᠨ ᠦᠷᠲᠡᠭᠡᠨ | ᠲᠠᠪᠴᠠᠩ ᠤᠨ ᠤᠷᠳᠤᠳᠬᠠᠭᠰᠠᠨ ᠬᠦᠮᠦᠷᠭᠡ ᠪᠠᠶᠢᠨ᠎ᠠ᠃ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ | ᠭᠦᠢᠯᠭᠡᠭᠡᠨ ᠤ ᠲᠥᠪ ᠤᠨ ᠴᠢᠳᠠᠪᠤᠷᠢ ᠶᠢ ᠤᠯᠠᠮ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠢ | ᠳᠡᠪᠰᠢᠭᠦᠯᠬᠦ ᠬᠡᠷᠡᠭᠴᠡᠭᠡ ᠶᠢ ᠬᠠᠩᠭᠠᠵᠤ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ | ᠬᠦᠭᠵᠢᠯᠲᠡ ᠶᠢᠨ ᠪᠦᠲᠦᠴᠡ ᠶᠢ ᠰᠢᠯᠢᠳᠡᠭᠵᠢᠭᠦᠯᠬᠦ ᠶᠢᠨ ᠲᠤᠰᠠᠳᠠ᠂ 2015 ᠣᠨ ᠤ 5 ᠳ᠋ᠤᠭᠠᠷ ᠰᠠᠷ᠎ᠠ ᠳᠤ | ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠤᠨ | ᠪᠦᠲᠦᠭᠡᠨ ᠪᠠᠶᠢᠭᠤᠯᠤᠯᠲᠠ ᠪᠠ ᠪᠡᠯᠡᠳᠬᠡᠯ ᠠᠵᠢᠯ ᠢ ᠵᠢᠩᠬᠢᠨᠢ ᠪᠠᠷ ᠡᠬᠢᠯᠡᠭᠦᠯᠵᠦ᠂ 8 ᠳ᠋ᠤᠭᠠᠷ ᠰᠠᠷ᠎ᠠ ᠶᠢᠨ 16 ᠤ | ᠡᠳᠦᠷ ᠵᠢᠩᠬᠢᠨᠢ ᠪᠠᠷ ᠠᠰᠢᠭᠯᠠᠯᠲᠠ ᠳᠤ ᠣᠷᠤᠭᠤᠯᠪᠠ᠃ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠲᠠᠸᠠᠷ ᠤᠨ | ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠤᠨ ᠪᠠᠷᠢᠯᠭ᠎ᠠ ᠶᠢᠨ ᠲᠠᠯᠠᠪᠠᠢ ᠨᠢ 2400 ᠲᠡᠭᠰᠢ ᠳᠦᠷᠪᠡᠯᠵᠢᠨ | ᠮᠧᠲᠷ ᠪᠠᠶᠢᠵᠤ᠂ ᠨᠡᠶᠢᠲᠡ 1200 ᠲᠦᠮᠡᠨ ᠲᠦᠭᠦᠷᠢᠭ ᠤᠨ ᠪᠡᠯᠡ ᠣᠷᠤᠭᠤᠯᠵᠤ᠂ ︽ᠡᠮᠦᠨ᠎ᠡ ᠨᠢ ᠳᠡᠯᠭᠡᠭᠦᠷ + | ᠬᠤᠶᠢᠨ᠎ᠠ ᠨᠢ ᠬᠦᠮᠦᠷᠭᠡ︾ ᠶᠢᠨ ᠴᠢᠳᠠᠮᠵᠢ ᠲᠠᠢ ᠪᠠᠶᠢᠷᠢᠰᠢᠭᠤᠯᠵᠤ᠂ ᠡᠮᠦᠨᠡᠬᠢ ᠳᠡᠯᠭᠡᠭᠦᠷ ᠢ ᠭᠠᠶᠢᠯᠢ ᠶᠢ ᠪᠠᠲᠤᠯᠠᠬᠤ | ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ᠂ ᠬᠤᠶᠢᠨᠠᠬᠢ ᠬᠦᠮᠦᠷᠭᠡ ᠶᠢ ᠭᠠᠶᠢᠯᠢ ᠶᠢ ᠪᠠᠲᠤᠯᠠᠬᠤ | ᠪᠠᠷᠠᠭᠠᠨ ᠭᠦᠢᠯᠭᠡᠭᠡᠨ ᠤ ᠲᠥᠪ ᠤᠨ ᠭᠠᠶᠢᠯᠢ ᠶᠢ ᠪᠠᠲᠤᠯᠠᠬᠤ ᠬᠦᠮᠦᠷᠭᠡ ᠪᠣᠯᠭᠠᠵᠤ᠂ ᠳᠣᠲᠤᠷ᠎ᠠ ᠨᠢ 3 ᠴᠢᠳᠠᠮᠵᠢ ᠶᠢᠨ | ᠲᠣᠭᠤᠷᠢᠭ ᠪᠠᠶᠢᠭᠤᠯᠵᠤ᠂ ᠲᠤᠰ ᠲᠤᠰ ᠭᠠᠶᠢᠯᠢ ᠶᠢ ᠪᠠᠲᠤᠯᠠᠬᠤ ᠲᠠᠸᠠᠷ ᠤᠨ ᠦᠵᠡᠭᠦᠯᠦᠯᠭᠡ ᠪᠠ ᠠᠷᠠᠯᠵᠢᠶ᠎ᠠ | ᠰᠣᠯᠢᠯᠴᠠᠭᠠᠨ ᠤ ᠲᠣᠭᠤᠷᠢᠭ᠂ ᠠᠵᠢᠯᠯᠠᠬᠤ ᠲᠣᠭᠤᠷᠢᠭ ᠪᠠ ᠵᠥᠪᠯᠡᠨ ᠶᠠᠷᠢᠯᠴᠠᠬᠤ ᠲᠣᠭᠤᠷᠢᠭ ᠭᠠᠷᠭᠠᠵᠠᠢ᠃ | ᠠᠰᠳᠠᠭᠠᠨ ᠪᠠᠰᠠ ᠤᠯᠤᠰ ᠤᠨ ᠮᠢᠬᠠᠨ ᠤ ᠲᠦᠷᠦᠯ ᠵᠢᠴᠢ ᠲᠡᠭᠦᠨ ᠤ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ | ᠤᠷᠤᠨ ᠬᠤᠪᠢᠶᠠᠷᠢ ᠶᠢᠨ ᠴᠢᠨᠠᠷ ᠲᠠᠢ ᠭᠤᠣᠯ ᠲᠤᠷᠰᠢᠯᠲᠠ ᠶᠢᠨ ᠲᠠᠰᠤᠭ ᠵᠢᠴᠢ ᠢᠵᠢ ᠪᠦᠷᠢᠳᠦᠭᠦᠯᠦᠭᠰᠡᠨ | ᠪᠡᠯᠡᠳᠭᠡᠮᠵᠢ ᠶᠢ ᠨᠢᠭᠡᠨᠲᠡ ᠪᠠᠶᠢᠭᠤᠯᠤᠨ ᠳᠠᠭᠤᠰᠴᠤ᠂ ᠣᠳᠣ ᠦᠷᠦᠭᠡᠨ ᠳᠣᠲᠤᠷᠠᠬᠢ ᠶᠢ ᠨᠢ ᠵᠠᠰᠠᠨ ᠴᠢᠮᠡᠵᠦ ᠪᠠᠶᠢᠨ᠎ᠠ | ᠃ ᠤᠯᠤᠰ ᠤᠨ ᠮᠢᠬᠠᠨ ᠤ ᠲᠦᠷᠦᠯ ᠵᠢᠴᠢ ᠲᠡᠭᠦᠨ ᠤ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠤᠷᠤᠨ | ᠬᠤᠪᠢᠶᠠᠷᠢ ᠶᠢᠨ ᠴᠢᠨᠠᠷ ᠲᠠᠢ ᠭᠤᠣᠯ ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠨᠢ ᠤᠯᠠᠭᠠᠨᠬᠠᠳᠠ ᠶᠢᠨ ᠭᠠᠶᠢᠯᠢ | ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ ᠬᠢᠯᠢ ᠪᠠᠷ ᠣᠷᠣᠭᠤᠯᠵᠤ ᠭᠠᠷᠭᠠᠬᠤ ᠲᠠᠸᠠᠷ ᠦᠢᠯᠡᠴᠢᠯᠡᠭᠡ ᠶᠢ | ᠬᠢᠨᠠᠨ ᠬᠠᠮᠢᠶᠠᠷᠬᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠪᠣᠯᠤᠨ᠎ᠠ᠃ | ᠬᠦᠲᠦᠯᠦᠭᠴᠢ᠄ ᠣᠳᠣ ᠶᠠᠮᠠᠷ ᠶᠠᠮᠠᠷ ᠰᠠᠯᠠᠭ᠎ᠠ ᠮᠦᠴᠢᠷ ᠨᠢᠭᠡᠨᠲᠡ ᠲᠥᠪ ᠲᠤ ᠣᠷᠤᠵᠤ ᠰᠠᠭᠤᠷᠢᠰᠢᠭᠰᠠᠨ | ᠪᠣᠢ︖ ᠲᠥᠪ ᠲᠤ ᠣᠷᠤᠵᠤ ᠰᠠᠭᠤᠷᠢᠰᠢᠭᠰᠠᠨ ᠠᠵᠤ ᠠᠬᠤᠶᠢᠯᠠᠯ ᠶᠠᠮᠠᠷ ᠶᠠᠮᠠᠷ ᠬᠠᠷᠠᠭᠠᠯᠵᠠᠯ ᠤᠨ ᠲᠥᠷᠦ ᠶᠢᠨ | ᠪᠣᠳᠤᠯᠭ᠎ᠠ ᠬᠦᠷᠲᠡᠬᠦ ᠪᠣᠢ︖ | ᠵᠣᠣ ᠸᠧᠨ ᡁᠢ᠄ ᠣᠳᠣᠬᠠᠨ ᠳᠤ᠂ ᠬᠢᠯᠢ ᠶᠢᠨ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ᠂ ᠪᠠᠩᠬᠢ᠂ ᠭᠠᠶᠢᠯᠢ ᠶᠢᠨ ᠶᠠᠪᠤᠳᠠᠯ᠂ ᠳᠠᠭᠠᠳᠬᠠᠯ᠂ ᠭᠠᠳᠠᠭᠠᠳᠤ ᠭᠤᠪᠢᠭᠤᠯᠭ᠎ᠠ᠂ ᠡᠳ᠋ ᠪᠠᠷᠠᠭ᠎ᠠ | ᠣᠷᠣᠯᠠᠨ ᠭᠦᠢᠴᠡᠳᠬᠡᠬᠦ ᠵᠡᠷᠭᠡ ᠰᠠᠯᠠᠭ᠎ᠠ ᠮᠦᠴᠢᠷ ᠤᠳ ᠲᠥᠪ ᠲᠤ ᠣᠷᠤᠵᠤ ᠰᠠᠭᠤᠷᠢᠰᠢᠪᠠ᠃ ᠱᠠᠩᠬᠠᠶ ᠶᠢᠨ | ᠴᠢᠯᠥᠭᠡᠲᠦ ᠠᠷᠠᠯᠵᠢᠶᠠᠨ ᠤ ᠣᠷᠣᠨ ᠤ ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ | ᠡᠭᠦᠳᠦᠯᠲᠡ ᠶᠢᠨ 14 ᠳᠦᠷᠢᠮ ᠢ ᠲᠥᠪ ᠲᠡᠭᠡᠨ ᠰᠢᠯᠵᠢᠭᠦᠯᠵᠦ ᠪᠣᠯᠬᠤ ᠪᠦᠭᠡᠳ ᠣᠳᠣ ᠨᠢᠭᠡᠨᠲᠡ ︽ᠤᠷᠢᠳᠠᠪᠡᠷ | ᠲᠣᠭᠤᠷᠢᠭ ᠲᠤ ᠣᠷᠤᠵᠤ ᠳᠠᠷᠠᠭ᠎ᠠ ᠨᠢ ᠪᠣᠭᠤᠮᠲᠠ ᠳᠤ ᠮᠡᠳᠡᠭᠦᠯᠬᠦ︾᠂ ︽ᠲᠣᠭᠤᠷᠢᠭ ᠤᠨ ᠳᠣᠲᠤᠷ᠎ᠠ ᠦᠪᠡᠰᠦᠪᠡᠨ | ᠲᠡᠭᠡᠭᠡᠪᠦᠷᠢᠯᠡᠬᠦ︾᠂ ︽ᠭᠠᠶᠢᠯᠢ ᠶᠢ ᠪᠠᠲᠤᠯᠠᠬᠤ ᠦᠵᠡᠭᠦᠯᠦᠯᠭᠡ ᠶᠢᠨ ᠰᠣᠯᠢᠯᠴᠠᠭ᠎ᠠ ᠠᠷᠠᠯᠵᠢᠶ᠎ᠠ ᠬᠢᠬᠦ︾᠂ ︽ | ᠪᠣᠭᠤᠮᠲᠠ ᠪᠠᠷ ᠥᠩᠭᠡᠷᠡᠬᠦ ᠠᠵᠢᠯ ᠤᠨ ᠳᠠᠭᠠᠯᠳᠤᠭᠤᠯᠬᠤ ᠬᠠᠭᠤᠳᠠᠰᠤ ᠪᠠᠷᠢᠮᠲᠠ ᠶᠢ ᠳᠦᠭᠦᠮᠴᠢᠯᠡᠬᠦ︾᠂ ︽ᠨᠠᠷᠢᠨ | ᠳᠠᠩᠰᠠ ᠶᠢ ᠨᠢᠭᠡᠳᠦᠯᠲᠡᠶ ᠳᠠᠩᠰᠠᠯᠠᠬᠤ︾᠂ ︽ᠪᠦᠭᠡᠮ ᠤᠳᠠᠭ᠎ᠠ ᠪᠠᠷ ᠣᠷᠤᠭᠤᠯᠵᠤ ᠭᠠᠷᠭᠠᠬᠤ ᠶᠢ ᠲᠥᠪᠯᠡᠷᠡᠭᠦᠯᠦᠨ | ᠭᠤᠶᠤᠴᠢᠯᠠᠬᠤ︾᠂ ︽ᠲᠥᠪᠯᠡᠷᠡᠭᠦᠯᠦᠨ ᠬᠤᠷᠢᠶᠠᠩᠭᠤᠶᠢᠯᠠᠵᠤ ᠪᠠᠶᠢᠭᠠᠳ ᠭᠠᠶᠢᠯᠢ ᠲᠤᠰᠢᠶᠠᠬᠤ︾ ᠪᠠ ︽ | ᠤᠶᠤᠨᠴᠢᠯᠠᠭᠰᠠᠨ ᠬᠤᠷᠢᠭ᠎ᠠ ᠪᠠᠷ ᠰᠢᠯᠭᠠᠨ ᠪᠠᠶᠢᠴᠠᠭᠠᠬᠤ ᠦᠩᠭᠡᠷᠡᠭᠦᠯᠬᠦ ᠬᠠᠮᠢᠶᠠᠷᠬᠤ︾ ᠵᠡᠷᠭᠡ ᠨᠠᠢᠮᠠᠨ ᠵᠦᠢᠯ ᠤᠨ | ᠲᠤᠬᠠᠶᠢᠯᠠᠭᠰᠠᠨ ᠠᠵᠢᠯ ᠢ ᠦᠷᠨᠢᠭᠦᠯᠵᠦ᠂ ᠲᠥᠪ ᠤᠨ ︽ᠨᠢᠭᠡ ᠦᠷᠲᠡᠭᠡᠨ ᠤ ᠬᠡᠯᠪᠡᠷᠢ︾ ᠶᠢᠨ ᠲᠦᠷᠭᠡᠨ ᠢᠶᠠᠷ | ᠪᠣᠭᠤᠮᠲᠠ ᠦᠩᠭᠡᠷᠡᠭᠦᠯᠬᠦ ᠵᠠᠭᠪᠤᠷ ᠢ ᠠᠮᠢᠳᠤᠯᠢᠭ ᠪᠣᠯᠭᠠᠪᠠ᠃ ᠪᠣᠰᠤᠳ ᠬᠠᠷᠠᠭᠠᠯᠵᠠᠯ ᠦᠵᠡᠭᠦᠯᠬᠦ ᠲᠦᠷᠦ ᠶᠢᠨ | ᠪᠤᠳᠤᠯᠭ᠎ᠠ ᠶᠢᠨ ᠲᠠᠯ ᠪᠠᠷ᠂ ᠣᠷᠤᠵᠤ ᠰᠠᠭᠤᠷᠢᠰᠢᠭᠰᠠᠨ ᠠᠵᠤ ᠠᠬᠤᠶᠢᠯᠠᠯ ᠪᠠᠰᠠ ︽ᠨᠢᠭᠡᠳᠦᠭᠡᠷ ᠵᠢᠯ ᠳᠤ | ᠬᠡᠯᠲᠦᠷᠢᠭᠦᠯᠦᠨ ᠬᠤᠶᠠᠳᠤᠭᠠᠷ ᠵᠢᠯ ᠳᠤ ᠬᠠᠭᠠᠰ ᠢ ᠬᠠᠰᠤᠬᠤ︾ ᠭᠠᠶᠢᠯᠢ ᠶᠢ ᠪᠠᠲᠤᠯᠠᠬᠤ ᠬᠦᠮᠦᠷᠭᠡ ᠶᠢ | ᠳᠦᠷᠢᠶᠡᠰᠦᠯᠡᠬᠦ ᠲᠦᠷᠦ ᠶᠢᠨ ᠪᠤᠳᠤᠯᠭ᠎ᠠ ᠶᠢ ᠬᠦᠷᠲᠡᠵᠦ ᠪᠣᠯᠤᠨ᠎ᠠ᠂ ᠲᠤᠬᠠᠶᠢᠯᠠᠪᠠᠯ 2015 ᠣᠨ ᠳᠤ ᠲᠥᠪ ᠲᠤ | ᠣᠷᠤᠵᠤ ᠰᠠᠭᠤᠷᠢᠰᠢᠭᠰᠠᠨ ᠠᠵᠤ ᠠᠬᠤᠶᠢᠯᠠᠯ ᠠᠴᠠ ᠭᠠᠶᠢᠯᠢ ᠶᠢ ᠪᠠᠲᠤᠯᠠᠬᠤ ᠬᠦᠮᠦᠷᠭᠡ ᠳᠤ ᠬᠥᠮᠥᠷᠭᠡᠯᠡᠨ | ᠬᠠᠳᠠᠭᠠᠯᠠᠬᠤ ᠰᠦᠢᠳᠬᠡᠯ ᠢ ᠥᠯᠥ ᠬᠤᠷᠢᠶᠠᠬᠤ᠂ 2016 ᠣᠨ ᠠᠴᠠ 2017 ᠣᠨ ᠳᠤ ᠲᠥᠪ ᠲᠤ ᠣᠷᠤᠵᠤ | ᠰᠠᠭᠤᠷᠢᠰᠢᠭᠰᠠᠨ ᠠᠵᠤ ᠠᠬᠤᠶᠢᠯᠠᠯ ᠠᠴᠠ ᠭᠠᠶᠢᠯᠢ ᠶᠢ ᠪᠠᠲᠤᠯᠠᠬᠤ ᠬᠦᠮᠦᠷᠭᠡ ᠳᠤ ᠬᠥᠮᠥᠷᠭᠡᠯᠡᠨ ᠬᠠᠳᠠᠭᠠᠯᠠᠬᠤ | ᠰᠦᠢᠳᠬᠡᠯ ᠢ ᠬᠠᠭᠠᠰ ᠢᠶᠠᠷ ᠬᠤᠷᠢᠶᠠᠬᠤ ᠪᠣᠯᠤᠨ᠎ᠠ᠃ ᠡᠭᠦᠨ ᠤ ᠬᠠᠮᠲᠤ ᠲᠥᠪ ᠲᠤ ᠣᠷᠤᠵᠤ ᠰᠠᠭᠤᠷᠢᠰᠢᠬᠤ ᠠᠵᠤ | ᠠᠬᠤᠶᠢᠯᠠᠯ ᠤᠨ ᠪᠠᠶᠢᠭᠤᠯᠬᠤ᠂ ᠬᠤᠪᠢᠷᠠᠭᠤᠯᠬᠤ᠂ ᠲᠠᠩᠰᠠ ᠡᠪᠬᠡᠮᠡᠯ ᠢ ᠪᠠᠶᠢᠴᠠᠭᠠᠨ ᠠᠰᠠᠭᠤᠬᠤ᠂ ᠡᠵᠡᠩᠨᠡᠯᠲᠡ ᠶᠢᠨ | ᠦᠨᠡᠮᠯᠡᠯ ᠤᠨ ᠬᠥᠯᠥᠰᠥ ᠦᠷᠳᠡᠭ ᠤᠨ ᠵᠠᠷᠤᠳᠠᠯ ᠪᠣᠯᠤᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠤᠭᠤᠯᠤᠭᠰᠠᠨ | ᠠᠵᠤ ᠠᠬᠤᠶᠢᠯᠠᠯ ᠤᠨ ᠪᠠᠶᠢᠭᠤᠯᠬᠤ ᠳᠠᠩᠰᠠᠯᠠᠭᠤᠯᠬᠤ ᠪᠠ ᠬᠤᠪᠢᠷᠠᠭᠤᠯᠬᠤ ᠵᠠᠷᠤᠳᠠᠯ᠂ ᠣᠨ ᠤ ᠪᠠᠶᠢᠴᠠᠭᠠᠯᠲᠠ ᠵᠡᠷᠭᠡ | ᠠᠵᠤ ᠦᠢᠯᠡᠳᠪᠦᠷᠢ ᠬᠤᠳᠠᠯᠳᠤᠭᠠᠨ ᠤ ᠵᠠᠷᠤᠳᠠᠯ ᠢ ᠬᠡᠯᠲᠦᠷᠢᠭᠦᠯᠦᠨ᠎ᠡ᠃ | ᠬᠦᠲᠦᠯᠦᠭᠴᠢ᠄ ᠵᠣᠤ ᠡᠷᠬᠢᠯᠡᠭᠴᠢ ᠡ᠂ ᠣᠳᠣᠬᠠᠨ ᠳᠤ ᠲᠥᠪ ᠤᠨ ᠡᠵᠡᠩᠨᠡᠯᠲᠡ ᠶᠢᠨ ᠪᠠᠶᠢᠳᠠᠯ ᠨᠢ ᠶᠠᠮᠠᠷ | ᠪᠠᠶᠢᠨ᠎ᠠ ᠪᠣᠢ︖ | ᠵᠣᠣ ᠸᠧᠨ ᡁᠢ᠄ ᠣᠳᠣᠬᠠᠨ ᠳᠤ᠂ ᠲᠥᠪ ᠲᠤ ᠣᠷᠤᠵᠤ ᠰᠠᠭᠤᠭᠰᠠᠨ ᠠᠵᠤ ᠠᠬᠤᠶᠢᠯᠠᠯ 14 ᠪᠠᠶᠢᠵᠤ᠂ | ᠲᠤᠬᠠᠶᠢᠯᠠᠭᠰᠠᠨ ᠠᠵᠢᠯ ᠤᠨ ᠠᠵᠢᠯᠯᠠᠭ᠎ᠠ 206 ᠤᠳᠠᠭ᠎ᠠ ᠦᠷᠨᠢᠭᠦᠯᠪᠡ᠃ ᠭᠠᠳᠠᠭᠠᠳᠤ ᠳᠤ ᠭᠠᠷᠭᠠᠵᠤ ᠪᠠᠶᠢᠭ᠎ᠠ | ᠲᠠᠸᠠᠷ ᠨᠢ ᠭᠤᠣᠯᠳᠠᠭᠤ ᠤᠯᠠᠭᠠᠨᠬᠠᠳᠠ ᠶᠢᠨ ᠸᠧᠢ ᠰᠢᠨ ᠺᠣᠮᠫᠠᠨᠢ ᠠᠴᠠ ᠶᠠᠫᠤᠨ ᠤ ᠶᠤᠺᠤᠬᠠᠮᠠ᠂ ᠤᠤᠰᠠᠺᠠ ᠳᠤ | ᠭᠠᠷᠭᠠᠵᠤ ᠪᠠᠶᠢᠭ᠎ᠠ ᠬᠤᠨᠢᠨ ᠤ ᠬᠠᠶᠢᠴᠢᠮᠠᠯ ᠨᠣᠯᠤᠤᠷ ᠤᠨ ᠲᠠᠩᠽᠢ ᠳᠡᠪᠢᠰᠬᠡᠷ︔ ᠦᠪᠦᠷ ᠮᠣᠩᠭᠤᠯ ᠤᠨ ᠢ ᠫᠢᠩ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠠᠴᠠ ᠸᠢᠶᠧᠲᠨᠠᠮ ᠤᠨ ᠳᠠᠯᠠᠢ ᠶᠢᠨ | ᠬᠠᠮᠠᠭᠠᠯᠠᠯᠲᠠ ᠳᠤ ᠭᠠᠷᠭᠠᠵᠤ ᠪᠠᠶᠢᠭ᠎ᠠ ᠯᠢᠰᠢᠨ ᠬᠦᠴᠢᠯ︔ ᠦᠪᠦᠷ ᠮᠣᠩᠭᠤᠯ ᠤᠨ ᠭᠧᠯᠢᠨᠲ ᠡᠮ ᠦᠢᠯᠡᠳᠬᠦ | ᠺᠣᠮᠫᠠᠨᠢ ᠠᠴᠠ ᠫᠠᠺᠢᠰᠲ᠋ᠠᠨ ᠤ ᠺᠠᠷᠠᠴᠢ ᠳᠤ ᠭᠠᠷᠭᠠᠵᠤ ᠪᠠᠶᠢᠭ᠎ᠠ ᠰᠢᠩᠭᠡᠨ ᠶᠡᠭᠦᠯᠡᠬᠦ ᠪᠠᠭᠠᠵᠢ᠂ ᠡᠨᠡᠳᠬᠡᠭ ᠤᠨ | ᠨᠠᠸᠠᠰᠢᠸᠠ ᠳᠤ ᠭᠠᠷᠭᠠᠵᠤ ᠪᠠᠶᠢᠭ᠎ᠠ ᠭᠷᠢᠰᠧᠤᠹᠦ᠋ᠯᠸᠢᠢᠨ ᠵᠡᠷᠭᠡ ᠪᠠᠶᠢᠨ᠎ᠠ᠃ ᠣᠷᠤᠭᠤᠯᠵᠤ ᠪᠠᠶᠢᠭ᠎ᠠ ᠲᠠᠸᠠᠷ ᠨᠢ | ᠭᠤᠣᠯᠳᠠᠭᠤ ᠺᠣᠷᠢᠶᠠ ᠶᠢᠨ ᠵᠠᠰᠠᠯ ᠴᠢᠮᠡᠭ ᠤᠨ ᠡᠳ᠋᠂ ᠬᠡᠷ ᠤᠨ ᠴᠠᠬᠢᠯᠭᠠᠨ ᠬᠡᠷᠡᠭᠰᠡᠯ ᠪᠠ ᠬᠤᠪᠴᠠᠰᠤ ᠬᠤᠨᠠᠷ᠂ | ᠶᠠᠫᠤᠨ ᠤ ᠵᠢᠷᠮᠦᠰᠦᠨ ᠡᠬᠡᠨᠡᠷ ᠪᠠ ᠨᠢᠯᠬ᠎ᠠ ᠬᠡᠤᠬᠡᠳ ᠤᠨ ᠬᠡᠷᠡᠭᠰᠡᠯ᠂ ᠧᠦ᠋ᠷᠣᠫᠠ ᠲᠢᠪ ᠤᠨ ᠤᠯᠠᠭᠠᠨ ᠠᠷᠢᠬᠢ᠂ | ᠤᠮᠠᠷᠠᠲᠤ ᠠᠮᠧᠷᠢᠺᠠ ᠲᠢᠪ ᠤᠨ ᠢᠳᠡᠭᠡᠨ᠂ ᠣᠷᠣᠰ ᠤᠨ ᠭᠤᠯᠢᠷ ᠵᠢᠴᠢ ᠦᠺᠷᠠᠢᠨ ᠤ ᠨᠡᠷᠡᠨ ᠬᠤᠸᠠᠷ ᠤᠨ ᠲᠣᠰᠣ | ᠵᠡᠷᠭᠡ ᠪᠠᠶᠢᠵᠤ᠂ 10 ᠭᠠᠷᠤᠢ ᠤᠯᠤᠰ ᠤᠷᠤᠨ ᠳᠤ ᠬᠤᠯᠪᠤᠭᠳᠠᠬᠤ 1600 ᠭᠠᠷᠤᠢ ᠲᠠᠸᠠᠷ ᠪᠠᠶᠢᠨ᠎ᠠ᠃ | ᠣᠷᠤᠭᠤᠯᠵᠤ ᠭᠠᠷᠭᠠᠵᠤ ᠪᠠᠶᠢᠭ᠎ᠠ ᠬᠢᠨᠠᠨ ᠬᠠᠮᠢᠶᠠᠷᠬᠤ ᠪᠠᠷᠠᠭ᠎ᠠ ᠶᠢᠨ ᠦᠷᠲᠡᠭ ᠨᠢ 2000 ᠭᠠᠷᠤᠢ ᠲᠦᠮᠡᠨ | ᠲᠦᠭᠦᠷᠢᠭ ᠬᠦᠷᠴᠦ᠂ 200 ᠭᠠᠷᠤᠢ ᠲᠦᠮᠡᠨ ᠲᠦᠭᠦᠷᠢᠭ ᠤᠨ ᠭᠠᠶᠢᠯᠢ ᠲᠤᠰᠢᠶᠠᠵᠤ ᠪᠠᠶᠢᠨ᠎ᠠ᠃ | ᠬᠥᠲᠥᠯᠥᠭᠴᠢ᠄ ᠡᠨᠡ ᠵᠢᠯ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠨᠢ ᠶᠠᠮᠠᠷ ᠶᠠᠮᠠᠷ | ᠭᠤᠣᠯᠳᠠᠯᠭ᠎ᠠ ᠲᠠᠢ ᠠᠵᠢᠯ ᠤᠨ ᠡᠭᠦᠷᠭᠡ ᠡᠭᠦᠷᠭᠡᠯᠡᠭᠰᠡᠨ ᠪᠤᠢ︖ | ᠵᠣᠣ ᠸᠧᠨ ᡁᠢ᠄ ᠡᠨᠡ ᠵᠢᠯ ᠤᠨ ᠠᠵᠢᠯ ᠢ ᠭᠤᠣᠯᠳᠠᠭᠤ ᠳᠣᠣᠷᠠᠬᠢ ᠵᠢᠷᠭᠤᠭᠠᠨ ᠵᠦᠢᠯ ᠤᠨ | ᠭᠤᠣᠯᠳᠠᠯᠭ᠎ᠠ ᠶᠢᠨ ᠲᠣᠭᠤᠷᠢᠨ ᠳᠤ ᠥᠷᠨᠢᠭᠦᠯᠪᠡ᠃ ᠪᠣᠳᠠᠲᠠᠶ ᠪᠠᠷ ᠬᠡᠯᠡᠪᠡᠯ᠄ ᠨᠢᠭᠡ ᠳᠤ᠂ ᠣᠷᠣᠨ ᠬᠤᠪᠢᠶᠠᠷᠢ ᠶᠢᠨ | ᠪᠣᠭᠤᠮᠲᠠ ᠥᠩᠭᠡᠷᠡᠬᠦ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠤᠳ ᠲᠤ | ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠪᠡ᠃ ᠰᠠᠯᠠᠭ᠎ᠠ ᠮᠥᠴᠢᠷ ᠤᠳ ᠤᠨ ᠨᠡᠪᠲᠡᠷᠡᠯᠴᠡᠨ | ᠵᠣᠬᠢᠴᠠᠯᠳᠤᠬᠤ ᠶᠢ ᠴᠢᠩᠭᠠᠳᠬᠠᠵᠤ᠂ ︽ᠨᠢᠭᠡ ᠤᠳᠠᠭ᠎ᠠ ᠭᠤᠶᠤᠴᠢᠯᠠᠬᠤ᠂ ᠨᠢᠭᠡ ᠤᠳᠠᠭ᠎ᠠ ᠪᠠᠶᠢᠴᠠᠭᠠᠨ ᠰᠢᠯᠭᠠᠬᠤ᠂ | ᠨᠢᠭᠡ ᠤᠳᠠᠭ᠎ᠠ ᠳᠡᠭᠡᠷ᠎ᠡ ᠥᠩᠭᠡᠷᠡᠭᠦᠯᠬᠦ︾ ᠬᠡᠪ ᠵᠠᠭᠪᠤᠷ ᠢ ᠳᠡᠯᠭᠡᠷᠡᠭᠦᠯᠬᠦ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠵᠦ᠂ ᠳᠠᠪᠬᠤᠷᠳᠠᠭᠤᠯᠤᠨ ᠪᠠᠶᠢᠴᠠᠭᠠᠨ ᠰᠢᠯᠭᠠᠬᠤ ᠠᠴᠠ ᠵᠠᠶᠢᠯᠠᠰᠬᠢᠵᠤ᠂ ᠪᠣᠭᠤᠮᠲᠠ ᠪᠠᠷ ᠥᠩᠭᠡᠷᠡᠬᠦ ᠭᠠᠷᠳᠠᠮ ᠢ | ᠪᠦᠲᠦᠮᠵᠢᠲᠡᠶ ᠳᠥᠭᠦᠮᠴᠢᠯᠡᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠤᠶᠠᠷ ᠲᠤ᠂ | ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢ ᠨᠡᠮᠡᠭᠳᠡᠭᠦᠯᠵᠦ᠂ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ | ᠰᠢᠯᠢᠳᠡᠭᠵᠢᠭᠦᠯᠪᠡ᠃ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ ᠪᠣᠭᠤᠮᠲᠠ ᠶᠢᠨ ᠣᠨᠴᠠᠭᠠᠶ ᠬᠢᠨᠠᠨ | ᠬᠠᠮᠢᠶᠠᠷᠬᠤ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠪᠣᠯᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠬᠥᠲᠥᠯᠥᠨ | ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠪᠣᠭᠤᠮᠲᠠ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠭᠠᠷᠠᠮ ᠪᠠ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠯᠦᠭᠡ ᠶᠢᠨ | ᠬᠠᠷᠢᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠪᠣᠭᠤᠮᠲᠠ ᠥᠩᠭᠡᠷᠡᠬᠦ᠂ ᠭᠠᠷᠠᠮ ᠤᠨ ᠶᠠᠪᠤᠳᠠᠯ᠂ ᠪᠠᠷᠠᠭᠠᠨ ᠤ | ᠭᠦᠢᠯᠭᠡᠭᠡ ᠵᠡᠷᠭᠡ ᠲᠠᠯ᠎ᠠ ᠪᠠᠷ ᠳᠠᠯᠠᠢ ᠳᠠᠭᠠᠤ ᠣᠷᠣᠨ ᠤ ᠭᠠᠷᠠᠮ ᠪᠠ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ | ᠣᠷᠣᠨ ᠪᠦᠰᠡ ᠯᠦᠭᠡ ᠨᠢᠭᠲᠠ ᠬᠤᠷᠰᠢᠯᠴᠠᠭ᠎ᠠ ᠶᠢ ᠥᠷᠨᠢᠭᠦᠯᠵᠦ᠂ ᠣᠷᠣᠨ ᠪᠦᠰᠡ ᠪᠠ ᠭᠠᠷᠠᠮ ᠤᠨ ᠬᠠᠮᠲᠤᠷᠠᠨ | ᠬᠥᠳᠡᠯᠦᠯᠴᠡᠬᠦ᠂ ᠵᠠᠪᠰᠠᠷ ᠦᠭᠡᠶ ᠵᠣᠯᠭᠠᠯᠳᠤᠭᠤᠯᠬᠤ ᠶᠢ ᠲᠦᠯᠬᠢᠨ ᠠᠬᠢᠭᠤᠯᠪᠠ᠃ ᠭᠤᠷᠪᠠ ᠳᠤ᠂ ᠭᠠᠶᠢᠯᠢ ᠶᠢ | ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠤᠬᠠᠶᠢᠯᠠᠭᠰᠠᠨ ᠠᠵᠢᠯ ᠢ ᠲᠦᠯᠬᠢᠨ | ᠠᠬᠢᠭᠤᠯᠵᠤ᠂ ᠲᠥᠪ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ ᠥᠷᠭᠡᠳᠬᠡᠪᠡ᠃ 2015 ᠣᠨ ᠤ 8 | ᠳ᠋ᠤᠭᠠᠷ ᠰᠠᠷ᠎ᠠ ᠳᠤ᠂ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠶᠢ ᠪᠠᠲᠤᠯᠠᠬᠤ ᠲᠠᠸᠠᠷ ᠤᠨ ᠦᠵᠡᠭᠦᠯᠦᠯᠭᠡ | ᠠᠷᠠᠯᠵᠢᠶ᠎ᠠ ᠰᠣᠯᠢᠯᠴᠠᠭᠠᠨ ᠤ ᠲᠥᠪ ᠵᠢᠩᠬᠢᠨᠢ ᠪᠠᠷ ᠠᠵᠢᠯᠯᠠᠭ᠎ᠠ ᠪᠠᠨ ᠡᠬᠢᠯᠡᠭᠦᠯᠵᠦ᠂ ᠧᠦ᠋ᠷᠣᠫᠠ ᠠᠮᠧᠷᠢᠺᠠ᠂ ᠶᠠᠫᠣᠨ | ᠺᠣᠷᠢᠶᠠ᠂ ᠠᠦ᠋ᠰᠲᠷᠠᠯᠢᠶ᠎ᠠ᠂ ᠣᠷᠣᠰ ᠵᠡᠷᠭᠡ ᠤᠯᠤᠰ ᠣᠷᠣᠨ ᠤ 1600 ᠵᠦᠢᠯ ᠤᠨ ᠭᠠᠳᠠᠭᠠᠳᠤ ᠠᠴᠠ | ᠣᠷᠣᠭᠤᠯᠤᠭᠰᠠᠨ ᠣᠯᠠᠨ ᠵᠦᠢᠯ ᠤᠨ ᠲᠠᠸᠠᠷ ᠢ ᠳᠡᠯᠭᠡᠨ ᠠᠷᠠᠯᠵᠢᠶᠠᠯᠠᠵᠤ᠂ ᠭᠤᠣᠯᠳᠠᠭᠤ ᠤᠯᠠᠭᠠᠨ ᠠᠷᠢᠬᠢ᠂ ᠢᠳᠡᠭᠡᠨ | ᠂ ᠵᠠᠰᠠᠯ ᠴᠢᠮᠡᠭ ᠤᠨ ᠡᠳ᠋᠂ ᠡᠷᠡᠭᠦᠯᠵᠢᠯ ᠤᠨ ᠡᠳ᠋᠂ ᠵᠢᠷᠮᠤᠰᠤᠨ ᠡᠮᠡᠭᠲᠡᠢ ᠪᠠ ᠨᠢᠯᠬ᠎ᠠ ᠬᠡᠦᠬᠡᠳ ᠤᠨ ᠬᠡᠷᠡᠭᠰᠡᠯ᠂ | ᠭᠡᠷ ᠤᠨ ᠴᠠᠬᠢᠯᠭᠠᠨ ᠬᠡᠷᠡᠭᠰᠡᠯ ᠵᠡᠷᠭᠡ ᠡᠳᠦᠷ ᠲᠤᠳᠤᠮ ᠤᠨ ᠲᠦᠷᠭᠡᠨ ᠬᠡᠷᠡᠭᠯᠡᠭᠡᠨ ᠤ ᠵᠦᠢᠯ ᠢᠶᠠᠷ ᠭᠤᠣᠯ ᠪᠣᠯᠭᠠᠪᠠ᠃ | ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠶᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ | ᠰᠣᠯᠢᠯᠴᠠᠭᠠᠨ ᠤ ᠲᠥᠪ ᠤᠨ ᠲᠥᠷᠥᠯ ᠵᠦᠢᠯ ᠢ ᠬᠡᠷᠡᠭᠵᠢᠭᠦᠯᠦᠭᠰᠡᠨ ᠨᠢ᠂ ᠮᠠᠰᠢ ᠣᠬᠤᠷᠬᠠᠨ ᠴᠠᠭ ᠤᠨ ᠲᠣᠲᠣᠷ᠎ᠠ | ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ ᠲᠤᠬᠠᠶᠢᠯᠠᠭᠰᠠᠨ ᠠᠵᠢᠯ ᠢ | ᠬᠥᠭᠵᠢᠶᠡᠨᠲᠡᠢ ᠪᠣᠯᠭᠠᠭᠰᠠᠨ ᠮᠥᠷᠲᠡᠭᠡᠨ ᠪᠠᠰᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠵᠢᠯ | ᠣᠯᠭᠤᠯᠲᠠ ᠶᠢ ᠠᠬᠢᠭᠤᠯᠵᠤ᠂ ᠭᠠᠶᠢᠯᠢ ᠶᠢᠨ ᠡᠬᠢ ᠰᠤᠷᠪᠤᠯᠵᠢ ᠶᠢ ᠪᠤᠶᠢᠵᠢᠭᠤᠯᠪᠠ᠃ ᠳᠥᠷᠪᠡ ᠳᠤ᠂ ᠣᠯᠠᠨ | ᠤᠯᠤᠰ ᠤᠨ ᠲᠦᠷᠭᠡᠨ ᠬᠦᠷᠭᠡᠬᠦ ᠵᠦᠢᠯ ᠤᠨ ᠬᠢᠨᠠᠨ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠦᠢᠯᠡᠰ ᠤᠨ ᠰᠠᠭᠤᠷᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠪᠡ᠃ | ᠳᠤᠮᠳᠠᠳᠤ ᠤᠯᠤᠰ ᠤᠨ ᠰᠢᠦᠳᠠᠨ ᠤ ᠲᠦᠷᠭᠡᠨ ᠬᠦᠷᠭᠡᠬᠦ ᠪᠠᠷᠠᠭᠠᠨ ᠭᠦᠢᠯᠭᠡᠭᠡᠨ ᠤ ᠬᠤᠪᠢ ᠣᠷᠤᠭᠤᠯᠤᠯᠲᠠ ᠶᠢᠨ | ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠬᠤᠲᠠ ᠳᠠᠬᠢ ᠬᠤᠪᠢᠶᠠᠷᠢ ᠺᠣᠮᠫᠠᠨᠢ ᠲᠠᠢ ᠬᠠᠮᠵᠢᠯᠴᠠᠨ ᠪᠣᠭᠤᠮᠲᠠ ᠶᠢᠨ | ᠳᠠᠩᠰᠠᠯᠠᠭᠤᠯᠤᠯ ᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠤᠷᠤᠭᠰᠢᠲᠠᠶ ᠭᠦᠢᠴᠡᠳᠬᠡᠬᠦ ᠪᠣᠯᠭᠠᠭᠰᠠᠨ ᠤ ᠬᠠᠮᠲᠤ | ᠤᠯᠠᠨ ᠤᠯᠤᠰ ᠤᠨ ᠲᠦᠷᠭᠡᠨ ᠬᠦᠷᠭᠡᠬᠦ ᠵᠦᠢᠯ ᠢ ᠬᠢᠨᠠᠨ ᠬᠠᠮᠢᠶᠠᠷᠬᠤ ᠲᠥᠪ ᠤᠨ ᠲᠥᠷᠥᠯ ᠵᠦᠢᠯ ᠢ | ᠲᠥᠯᠥᠪᠵᠢᠭᠦᠯᠦᠨ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ | ᠬᠤᠳᠠᠯᠳᠤᠨ ᠠᠪᠬᠤ ᠵᠡᠷᠭᠡ ᠲᠠᠯ᠎ᠠ ᠪᠠᠷ ᠮᠥᠨ ᠴᠢᠨᠠᠷ ᠤᠨ ᠠᠬᠢᠯᠳᠠ ᠲᠠᠢ ᠪᠣᠯᠬᠤ ᠶᠢ ᠢᠳᠡᠪᠬᠢᠲᠡᠢ ᠠᠬᠢᠭᠤᠯᠵᠤ᠂ | ᠲᠤᠰ ᠲᠥᠷᠥᠯ ᠵᠦᠢᠯ ᠢ ᠡᠷᠲᠡᠬᠡᠨ ᠡᠵᠡᠩᠨᠡᠯᠲᠡ ᠳᠤ ᠣᠷᠣᠭᠤᠯᠬᠤ ᠪᠠᠷ ᠴᠢᠷᠮᠠᠶᠢᠪᠠ᠃ ᠲᠠᠪᠤ ᠳᠤ᠂ ᠺᠣᠷᠢᠶᠠ ᠶᠢᠨ | interpark ᠺᠣᠮᠫᠠᠨᠢ ᠯᠤᠭ᠎ᠠ ᠲᠤᠬᠠᠶᠢᠯᠠᠭᠰᠠᠨ ᠠᠵᠢᠯ ᠢ ᠵᠣᠯᠭᠠᠯᠳᠤᠭᠤᠯᠬᠤ ᠶᠢ ᠢᠳᠡᠪᠬᠢᠲᠡᠢ ᠪᠠᠷ ᠥᠷᠨᠢᠭᠦᠯᠵᠦ᠂ | ᠬᠢᠯᠢ ᠠᠯᠤᠰᠯᠠᠭᠰᠠᠨ ᠠᠷᠠᠯᠵᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠤᠶᠤᠴᠢᠯᠠᠨ ᠮᠡᠳᠡᠭᠦᠯᠬᠦ ᠬᠢᠨᠠᠨ | ᠵᠥᠪᠰᠢᠶᠡᠷᠡᠬᠦ ᠠᠵᠢᠯ ᠢ ᠲᠦᠷᠭᠡᠳᠬᠡᠨ ᠠᠬᠢᠭᠤᠯᠪᠠ᠃ ᠭᠤᠶᠤᠴᠢᠯᠠᠨ ᠮᠡᠳᠡᠭᠦᠯᠬᠦ ᠬᠤᠯᠪᠣᠭᠳᠠᠯ ᠪᠦᠬᠦᠢ ᠠᠵᠢᠯ ᠢ | ᠰᠠᠶᠢᠲᠤᠷ ᠬᠢᠬᠦ ᠪᠥᠭᠡᠳ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠡᠯᠧᠺᠲᠷᠣᠨ ᠬᠤᠳᠠᠯᠳᠤᠭᠠᠨ ᠤ | ᠠᠵᠤ ᠠᠬᠤᠶᠢᠯᠠᠯ ᠵᠡᠷᠭᠡ ᠭᠤᠣᠯ ᠴᠣᠭᠴᠠ ᠶᠢ ᠵᠣᠬᠢᠴᠠᠭᠤᠯᠵᠤ᠂ ᠬᠢᠯᠢ ᠠᠯᠤᠰᠯᠠᠭᠰᠠᠨ ᠠᠷᠠᠯᠵᠢᠶ᠎ᠠ ᠬᠤᠳᠠᠯᠳᠤᠭᠠᠨ ᠤ | ᠡᠯᠧᠺᠲᠷᠣᠨ ᠠᠷᠠᠯᠵᠢᠶᠠᠨ ᠤ ᠶᠠᠪᠤᠳᠠᠯ ᠤᠨ ᠲᠠᠪᠴᠠᠩ ᠢ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠠᠵᠢᠯ ᠢ | ᠬᠠᠮᠲᠤ ᠪᠠᠷ ᠲᠦᠯᠬᠢᠨ ᠠᠬᠢᠭᠤᠯᠪᠠ᠃ ᠵᠢᠷᠭᠤᠭ᠎ᠠ ᠳᠤ᠂ ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠲᠣᠭᠤᠷᠢᠭ ᠤᠨ | ᠳᠡᠰ ᠳᠡᠪᠰᠢᠭᠦᠯᠬᠦ ᠠᠵᠢᠯ ᠢ ᠡᠬᠢᠯᠡᠭᠦᠯᠪᠡ᠃ ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠲᠣᠭᠤᠷᠢᠭ ᠪᠣᠯ ᠮᠠᠨ ᠤ | ᠤᠯᠤᠰ ᠤᠨ ᠨᠡᠭᠡᠭᠡᠯᠲᠡ ᠬᠢᠬᠦ ᠲᠡᠰ ᠳᠠᠪᠬᠤᠷᠭ᠎ᠠ ᠬᠠᠮᠤᠭ ᠥᠨᠳᠥᠷ᠂ ᠬᠠᠷᠠᠭᠠᠯᠵᠠᠯ ᠤᠨ ᠲᠥᠷᠥ ᠶᠢᠨ ᠪᠤᠳᠤᠯᠭ᠎ᠠ | ᠬᠠᠮᠤᠭ ᠣᠯᠠᠨ᠂ ᠴᠢᠳᠠᠮᠵᠢ ᠨᠢ ᠬᠠᠮᠤᠭ ᠤᠨ ᠪᠦᠷᠢᠨ ᠭᠦᠢᠴᠡᠳ᠂ ᠭᠠᠷ ᠭᠦᠢᠴᠡᠳᠬᠡᠯ ᠨᠢ ᠬᠠᠮᠤᠭ ᠳᠦᠭᠦᠮ | ᠨᠡᠬᠡᠬᠡᠯᠳᠠ ᠶᠢᠨ ᠣᠨᠴᠠᠭᠠᠶ ᠣᠷᠣᠨ ᠪᠣᠯᠣᠨ᠎ᠠ᠃ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠲᠠᠢ | ᠠᠳᠠᠯᠢᠳᠬᠠᠪᠠᠯ᠂ ᠣᠯᠠᠨ ᠤᠯᠤᠰ ᠤᠨ ᠬᠤᠳᠠᠯᠳᠤᠨ ᠠᠪᠬᠤ ᠶᠢ ᠰᠠᠯᠭᠠᠨ ᠪᠣᠷᠣᠯᠠᠭᠤᠯᠬᠤ ᠪᠠ ᠲᠣᠬᠢᠷᠠᠭᠤᠯᠤᠨ | ᠬᠦᠷᠭᠡᠬᠦ᠂ ᠣᠯᠠᠨ ᠤᠯᠤᠰ ᠤᠨ ᠭᠠᠷᠠᠮ ᠳᠠᠮᠵᠢᠬᠤ ᠠᠷᠠᠯᠵᠢᠶ᠎ᠠ᠂ ᠤᠯᠠᠨ ᠤᠯᠤᠰ ᠤᠨ ᠬᠤᠭᠤᠷᠣᠨᠳᠣ ᠳᠠᠮᠵᠢᠭᠤᠯᠬᠤ | ᠵᠡᠷᠭᠡ ᠴᠢᠳᠠᠪᠬᠢ ᠲᠠᠢ ᠠᠴᠠ ᠭᠠᠳᠠᠨ᠎ᠠ ᠪᠠᠰᠠ ᠰᠤᠳᠤᠯᠤᠨ ᠨᠡᠭᠡᠭᠡᠬᠦ᠂ ᠪᠣᠯᠪᠠᠰᠤᠷᠠᠭᠤᠯᠬᠤ᠂ ᠦᠢᠯᠡᠳᠬᠦ ᠵᠡᠷᠭᠡ | ᠴᠢᠳᠠᠪᠬᠢ ᠶᠢ ᠪᠠᠳᠠᠷᠠᠭᠤᠯᠵᠤ ᠪᠤᠯᠤᠨ᠎ᠠ᠃ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ | ᠲᠥᠪ ᠤᠨ ᠠᠮᠵᠢᠯᠲᠠ ᠲᠠᠢ ᠪᠠᠶᠢᠭᠤᠯᠤᠭᠳᠠᠭᠰᠠᠨ ᠪᠠ ᠤᠷᠤᠭᠰᠢᠲᠠᠶ ᠡᠵᠡᠩᠨᠡᠭᠰᠡᠨ ᠶᠠᠪᠤᠳᠠᠯ ᠨᠢ ᠶᠡᠷᠦᠩᠬᠡᠶᠢᠯᠡᠭᠰᠡᠨ | ᠭᠠᠶᠢᠯᠢ ᠶᠢ ᠪᠠᠲᠤᠯᠠᠬᠤ ᠲᠣᠭᠤᠷᠢᠭ ᠢ ᠳᠡᠰ ᠳᠡᠪᠰᠢᠭᠦᠯᠬᠦ ᠰᠠᠭᠤᠷᠢ ᠶᠢ ᠪᠠᠲᠤᠵᠢᠭᠤᠯᠵᠤ ᠥᠭᠪᠡ᠃ | ᠬᠥᠲᠥᠯᠥᠭᠴᠢ᠄ ᠰᠠᠶ᠋ᠢ ᠵᠣᠣ ᠡᠷᠬᠢᠯᠡᠭᠴᠢ ᠪᠢᠳᠡᠨ ᠳᠤ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ | ᠭᠦᠢᠯᠭᠡᠭᠡᠨ ᠤ ᠲᠥᠪ ᠤᠨ ᠪᠠᠶᠢᠳᠠᠯ ᠢ ᠲᠠᠨᠢᠯᠴᠠᠭᠤᠯᠵᠤ᠂ ᠪᠢᠳᠡ ᠤᠯᠠᠭᠠᠨᠬᠠᠳᠠ ᠶᠢᠨ ᠭᠠᠶᠢᠯᠢ ᠶᠢ ᠪᠠᠲᠤᠯᠠᠬᠤ ᠪᠠᠷᠠᠭᠠᠨ | ᠭᠦᠢᠯᠭᠡᠭᠡᠨ ᠤ ᠲᠥᠪ ᠨᠢ ᠤᠯᠠᠭᠠᠨᠬᠠᠳᠠ ᠵᠢᠴᠢ ᠪᠦᠬᠦ ᠣᠷᠣᠨ ᠤ ᠠᠵᠤ ᠠᠬᠤᠶ ᠨᠡᠶᠢᠭᠡᠮ ᠳᠤ ᠢᠳᠡᠪᠬᠢᠲᠡᠶ ᠬᠥᠲᠥᠯᠥᠨ | ᠳᠠᠭᠠᠭᠤᠯᠬᠤ ᠪᠠ ᠳᠠᠶᠢᠴᠢᠯᠠᠬᠤ ᠦᠢᠯᠡᠳᠦᠯ ᠦᠵᠡᠭᠦᠯᠬᠦ ᠨᠢ ᠯᠠᠪᠲᠠᠢ ᠶᠤᠮ ᠭᠡᠳᠡᠭ ᠢ ᠤᠯᠠᠮ ᠨᠢᠭᠡ ᠠᠯᠬᠤᠮ | ᠣᠶᠢᠯᠠᠭᠠᠵᠤ ᠮᠡᠳᠡᠯ᠎ᠡ᠃ ᠵᠣᠣ ᠡᠷᠬᠢᠯᠡᠭᠴᠢ ᠶᠢᠨ ᠲᠠᠶᠢᠯᠪᠤᠷᠢᠯᠠᠯᠲᠠ ᠳᠤ ᠲᠠᠯᠠᠷᠬᠠᠵᠤ ᠪᠠᠶᠢᠨ᠎ᠠ᠂ ᠮᠥᠨᠴᠦ | ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ ᠵᠣᠯᠭᠠᠶ᠎ᠠ︕ | |