︽ᠭᠠᠯᠳᠠᠨ ᠪᠤᠱᠤᠭᠲᠤ ᠬᠠᠭᠠᠨ︾ ᠭᠡᠬᠦ ᠨᠤᠮ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016-07-18
        ᠲᠠ ᠪᠦᠬᠦᠨ ᠳᠤ ᠦᠪᠡᠷ ᠤᠨ ᠤᠶᠢᠯᠠᠭᠠᠯᠲᠠ ᠪᠠᠷ ᠦᠪᠦᠷ ᠮᠤᠩᠭᠤᠯ ᠤᠨ ᠬᠡᠪᠯᠡᠯ ᠤᠨ ᠪᠦᠯᠦᠭᠯᠡᠯ᠂ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶᠠᠨ ᠤ ︽ᠭᠠᠯᠳᠠᠨ ᠪᠤᠱᠤᠭᠲᠤ ᠬᠠᠭᠠᠨ︾ ᠭᠡᠬᠦ ᠨᠤᠮ ᠢ ᠲᠠᠨᠢᠯᠴᠠᠭᠤᠯᠤᠶ᠎ᠠ᠃ ︽ᠭᠠᠯᠳᠠᠨ ᠪᠤᠱᠤᠭᠲᠤ ᠬᠠᠭᠠᠨ︾ ᠭᠡᠬᠦ ᠨᠤᠮ ᠪᠤᠯ ᠮᠤᠩᠭᠤᠯ ᠤᠯᠤᠰ ᠤᠨ ᠳ᠋᠊᠂ ᠵᠠᠮᠢᠶᠠᠨ ᠭᠤᠸᠠᠢ ᠶᠢᠨ ᠴᠤᠷᠤᠰ ᠷᠣᠮᠠᠨ ᠪᠤᠯᠤᠨ᠎ᠠ᠃         ᠲᠡᠦᠬᠡ ᠰᠤᠳᠤᠷ ᠢ ᠰᠡᠬᠦᠨ ᠦᠵᠡᠪᠡᠰᠦ ᠮᠠᠨ ᠤ ᠮᠤᠩᠭᠤᠯᠴᠤᠳ ᠬᠦᠮᠦᠨ ᠲᠦᠷᠦᠯᠬᠢᠲᠡᠨ ᠤ ᠲᠡᠦᠬᠡᠨ ᠳᠤ ᠪᠠᠯᠠᠷᠠᠰᠢ ᠦᠭᠡᠢ᠂ ᠬᠤᠪᠢ ᠨᠡᠮᠡᠷᠢ ᠤᠷᠤᠭᠤᠯᠵᠤ᠂ ᠨᠢᠭᠡᠨ ᠴᠠᠭ ᠲᠤ ᠲᠡᠦᠬᠡᠨ ᠬᠦᠭᠵᠢᠯ ᠤᠨ ᠴᠢᠭ ᠬᠠᠨᠳᠤᠯᠭ᠎ᠠ ᠶᠢ ᠲᠤᠭᠲᠠᠭᠠᠵᠤ ᠪᠠᠶᠢᠵᠠᠢ᠃ ᠡᠨᠡ ᠨᠢ ᠶᠡᠭᠡ ᠮᠤᠩᠭᠤᠯ ᠤᠯᠤᠰ᠂ ᠮᠤᠩᠭᠤᠯ ᠤᠨ ᠡᠵᠡᠨᠲᠦ ᠭᠦᠷᠦᠨ ᠤ ᠦᠶ᠎ᠡ ᠪᠠᠶᠢᠯ᠎ᠠ᠃ ᠡᠭᠦᠨ ᠢ ᠡᠷᠳᠡᠮᠲᠡᠳ ︽ᠮᠤᠩᠭᠤᠯᠴᠤᠳ ᠤᠨ ᠡᠷᠡᠨ︾ ᠭᠡᠮᠡᠨ ᠲᠡᠮᠳᠡᠭᠯᠡᠳᠡᠭ ᠪᠠᠶᠢᠵᠠᠢ᠃ ᠲᠤᠬᠠᠢ ᠶᠢᠨ ᠦᠶ᠎ᠡ ᠳᠤ ᠮᠤᠩᠭᠤᠯᠴᠤᠳ ᠬᠤᠷᠳᠤ᠂ ᠬᠦᠴᠦ᠂ ᠤᠬᠠᠭᠠᠨ ᠭᠤᠷᠪᠠ ᠪᠠᠷ ᠬᠤᠷᠸ᠎ᠠ ᠳᠡᠯᠡᠬᠡᠢ ᠶᠢ ᠨᠢᠭᠡᠨ ᠵᠢᠯᠤᠭᠤᠨ ᠳᠤ ᠬᠤᠷᠢᠶᠠᠵᠤ᠂ ᠬᠠᠶᠢᠷ᠎ᠠ᠂ ᠢᠲᠡᠭᠡᠯ᠂ ᠢᠪᠡᠭᠡᠯ ᠭᠤᠷᠪᠠ ᠪᠠᠷ ᠬᠦᠮᠦᠨ ᠲᠦᠷᠦᠯᠬᠢᠲᠡᠨ ᠢ ᠨᠢᠭᠡᠨ ᠰᠠᠨᠠᠭᠠᠨ ᠳᠤ ᠵᠠᠩᠭᠢᠳᠴᠦ ᠭᠠᠶᠢᠬᠠᠮᠰᠢᠭᠲᠤ ᠰᠠᠶᠢᠬᠠᠨ ᠲᠡᠦᠬᠡ᠂ ᠰᠤᠶᠤᠯ᠂ ᠤᠷᠠᠯᠢᠭ ᠢ ᠪᠦᠲᠦᠭᠡᠭᠰᠡᠨ ᠨᠢ ᠦᠨᠦᠳᠦᠷ ᠴᠦ ᠭᠡᠰᠡᠨ ᠳᠡᠯᠡᠬᠡᠢ ᠶᠢᠨ ᠲᠡᠦᠬᠡᠨ ᠳᠤ ᠮᠦᠩᠬᠡ ᠶᠢᠨ ᠬᠦᠰᠢᠶ᠎ᠡ ᠪᠤᠯᠤᠨ ᠰᠦᠨᠳᠡᠷᠯᠡᠵᠦ ᠪᠠᠶᠢᠨᠠᠮ᠃ ᠬᠠᠷᠠᠮᠰᠠᠯᠲᠠᠢ ᠨᠢ ︽ᠡᠷᠭᠢᠬᠦ ᠨᠠᠷᠠᠨ ᠡᠭᠡᠯᠵᠢᠯᠡᠬᠦ ᠲᠦᠷᠦ︾ ᠭᠡᠳᠡᠭᠴᠢᠯᠡᠨ ᠴᠢᠩᠭᠢᠰ ᠬᠠᠭᠠᠨ ᠤ ᠦᠷ᠎ᠡ ᠰᠠᠲᠤᠨ ᠡᠶ᠎ᠡ ᠡᠪ ᠢ ᠬᠢᠴᠢᠶᠡᠨ ᠰᠠᠬᠢᠵᠤ᠂ ᠡᠷᠴᠢ ᠬᠦᠴᠦ ᠪᠠᠨ ᠨᠢᠭᠡᠳᠬᠡᠵᠦ ᠴᠢᠳᠠᠭ᠎ᠠ ᠦᠭᠡᠢ ᠶᠢᠨ ᠤᠯᠠᠮ ᠠᠴᠠ 17 ᠳ᠋ᠤᠭᠠᠷ ᠵᠠᠭᠤᠨ ᠠᠴᠠ ᠬᠤᠶᠢᠰᠢ ᠮᠠᠨᠵᠤ ᠴᠢᠩ ᠤᠯᠤᠰ ᠤᠨ ᠡᠷᠬᠡᠰᠢᠶᠡᠯ ᠳᠤ ᠤᠷᠤᠵᠤ᠂ ᠦᠨᠳᠦᠰᠦᠲᠡᠨ ᠤ ᠡᠷᠬᠡ ᠴᠢᠯᠦᠭᠡ᠂ ᠲᠤᠰᠠᠭᠠᠷ ᠲᠤᠭᠲᠠᠨᠢᠯ ᠢᠶᠠᠨ ᠠᠯᠳᠠᠭᠰᠠᠨ ᠪᠠᠶᠢᠪᠠ᠃ ᠲᠤᠬᠠᠶᠢᠯᠠᠪᠠᠯ 1636 ᠤᠨ ᠳᠤ ᠡᠮᠦᠨᠡᠲᠦ ᠮᠤᠩᠭᠤᠯ ᠮᠠᠨᠵᠤ ᠳᠤ ᠡᠵᠡᠯᠡᠭᠳᠡᠵᠦ᠂ 1691 ᠤᠨ ᠳᠤ ᠬᠠᠯᠬ᠎ᠠ ᠮᠤᠩᠭᠤᠯ ᠮᠠᠨᠵᠤ ᠳᠤ ᠬᠠᠷᠢᠶᠠᠯᠠᠭᠳᠠᠨ᠂ 1755 ᠤᠨ ᠳᠤ ᠪᠠᠷᠠᠭᠤᠨ ᠮᠤᠩᠭᠤᠯ — ᠵᠡᠭᠦᠨᠭᠠᠷ ᠮᠠᠨᠵᠤ ᠳᠤ ᠡᠷᠬᠡᠰᠢᠶᠡᠭᠳᠡᠭᠰᠡᠨ ᠠᠴᠠ ᠬᠤᠶᠢᠰᠢ 1911 ᠤᠨ ᠪᠤᠯᠲᠠᠯ᠎ᠠ ᠮᠤᠩᠭᠤᠯᠴᠤᠳ ᠮᠠᠨᠵᠤ ᠴᠢᠩ ᠤᠯᠤᠰ ᠤᠨ ᠨᠤᠶᠠᠷᠬᠠᠯ ᠳᠤ ᠳᠠᠷᠤᠩᠭᠤᠶᠢᠯᠠᠭᠳᠠᠨ ᠪᠤᠭᠤᠯᠴᠢᠯᠠᠭᠳᠠᠵᠤ᠂ ᠳᠠᠷᠤᠯᠠᠭᠳᠠᠨ ᠮᠦᠯᠵᠢᠭᠳᠡᠵᠦ ᠶᠠᠪᠤᠵᠠᠢ᠃ ᠡᠨᠡᠬᠦ ᠭᠠᠰᠢᠭᠤᠨ ᠵᠤᠪᠠᠯᠠᠩᠳᠤ ᠲᠡᠦᠬᠡᠨ ᠶᠠᠪᠤᠴᠠ ᠳᠤ ᠮᠤᠩᠭᠤᠯᠴᠤᠳ ᠤᠨ ᠮᠡᠳᠡᠯᠭᠡ ᠬᠠᠭᠠᠭᠳᠠᠵᠤ᠂ ᠳᠠᠶᠢᠴᠢᠨ ᠴᠢᠨᠠᠷ ᠠᠯᠳᠠᠭᠳᠠᠭᠰᠠᠨ ᠢᠶᠠᠷ ᠦᠯᠦ ᠪᠠᠷᠠᠨ ᠦᠨᠳᠦᠰᠦᠲᠡᠨ ᠤ ᠨᠢᠭᠡᠲᠦᠮᠡᠯ ᠤᠬᠠᠮᠰᠠᠷ ᠰᠤᠯᠠᠷᠠᠵᠤ᠂ ᠮᠤᠩᠭᠤᠯ ᠤᠭᠰᠠᠭᠠᠲᠠᠨ ᠭᠡᠬᠦ ᠠᠴᠠ ᠪᠠᠨ ᠢᠯᠡᠭᠦᠦ ᠵᠢᠯᠠᠭ᠎ᠠ ᠳᠤᠪᠤ ᠶᠢᠨ ᠢᠪᠴᠤᠤ ᠪᠤᠳᠤᠯ ᠭᠠᠵᠠᠷ ᠠᠪᠴᠤ᠂ ᠬᠠᠷᠢᠯᠴᠠᠨ ᠨᠢᠭᠡᠨ ᠢᠶᠠᠨ ᠬᠠᠷᠢᠶᠠᠨ ᠵᠦᠬᠡᠬᠦ ᠶᠢᠨ ᠲᠡᠳᠦᠢ ᠪᠤᠰᠤ᠂ ᠬᠠᠷᠢᠨ ᠢᠯᠳᠦ ᠰᠡᠯᠡᠮ᠎ᠡ ᠪᠠᠷᠢᠵᠤ ᠬᠢᠲᠦᠯᠳᠤᠨ ᠲᠡᠮᠡᠴᠡᠭᠰᠡᠨ ᠦᠶ᠎ᠡ ᠪᠠᠶᠢᠭᠰᠠᠨ ᠢ ᠪᠤᠳᠤᠪᠠᠰᠤ ᠡᠷᠬᠡ ᠦᠭᠡᠢ ᠵᠢᠷᠦᠬᠡ ᠲᠦᠭᠰᠢᠮᠦᠢ᠃         ᠶᠠᠭ ᠡᠨᠡ ᠬᠦ ᠲᠡᠦᠬᠡᠨ ᠠᠬᠤᠢ ᠳᠤ ᠨᠢᠭᠡᠨ ᠠᠭᠤᠤ ᠶᠡᠭᠡ ᠤᠯᠤᠰ ᠲᠦᠷᠦᠴᠢᠨ᠂ ᠴᠡᠷᠢᠭ ᠲᠠᠶᠢᠨ ᠤ ᠪᠤᠳᠤᠯᠭᠠᠲᠠᠨ᠂ ᠡᠬᠡ ᠤᠷᠤᠨᠴᠢ ᠬᠦᠪᠡᠭᠦᠨ — ᠭᠠᠯᠳᠠᠨ ᠪᠤᠱᠤᠭᠲᠤ ᠬᠠᠭᠠᠨ ᠴᠢᠩ ᠤᠯᠤᠰ ᠢ ᠡᠰᠡᠷᠭᠦᠴᠡᠨ ᠲᠡᠮᠡᠴᠡᠯ ᠦᠷᠨᠢᠭᠦᠯᠵᠦ ᠪᠠᠶᠢᠪᠠ᠃ ᠳᠡᠭᠡᠪᠡᠯ ︽ᠮᠢᠨᠦ ᠨᠤᠲᠤᠭ ᠤᠨ ᠭᠠᠵᠠᠷ ᠰᠢᠷᠤᠢ ᠠᠴᠠ ᠪᠤᠷᠬᠠᠨ ᠭᠤᠶᠤᠭᠰᠠᠨ ᠴᠦ ᠪᠤᠤ ᠦᠢᠭ︕︾ ᠭᠡᠮᠡᠨ ᠡᠷᠡᠯᠬᠡᠭᠯᠡᠨ ᠲᠡᠮᠡᠴᠡᠵᠦ ᠶᠠᠪᠤᠭᠰᠠᠨ ᠡᠬᠡ ᠤᠷᠤᠨᠴᠢ ᠬᠦᠪᠡᠭᠦᠨ ᠤ ᠨᠢᠭᠡ ᠨᠠᠰᠤᠨ ᠤ ᠠᠮᠢᠳᠤᠷᠠᠯ ᠲᠡᠮᠡᠴᠡᠯ᠂ ᠬᠤᠪᠢ ᠲᠦᠭᠡᠷᠭᠡ ᠶᠠᠮᠠᠷᠬᠠᠨ ᠪᠠᠶᠢᠭᠰᠠᠨ ᠪᠤᠯ︖ ᠲᠠ ᠪᠦᠬᠦᠨ ︽ᠭᠠᠯᠳᠠᠨ ᠪᠤᠱᠤᠭᠲᠤ ᠬᠠᠭᠠᠨ︾ ᠭᠡᠬᠦ ᠴᠤᠷᠤᠰ ᠷᠣᠮᠠᠨ ᠳᠤ ᠠᠩᠬᠠᠷᠤᠯ ᠢᠶᠠᠨ ᠬᠠᠨᠳᠤᠭᠤᠯᠤᠭᠠᠷᠠᠢ︕
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号