ᠨᠠᠨ ᠰᠢᠨ ᠵᠡᠭᠡᠯᠢ ᠨᠡᠭᠦᠳᠡᠯ ᠠᠷᠠᠳ ᠲᠤ ︽ᠭᠤᠷᠪᠠᠨ ᠬᠠᠯᠠᠮᠵᠢᠯᠠᠯ︾ ᠭᠦᠷᠲᠡᠭᠡᠪᠡ
ᠨᠡᠶᠢᠲᠡᠯᠡᠭᠰᠡᠨ ᠴᠠᠭ᠄
2016-07-19
       ᠬᠤᠩ ᠱᠠᠨ ᠲᠤᠭᠤᠷᠢᠭ ᠤᠨ ᠨᠠᠨ ᠰᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠨᠡᠭᠦᠳᠡᠯ ᠠᠷᠠᠳ ᠢ ᠬᠠᠯᠠᠮᠵᠢᠯᠠᠨ ᠬᠠᠶᠢᠷᠠᠯᠠᠬᠤ᠂ ᠬᠠᠯᠠᠭᠤᠨ ᠲᠤᠲᠤᠨᠤᠰᠤᠭ ᠦᠢᠯᠡᠴᠢᠯᠡᠬᠦ ᠭᠤᠤᠯ ᠰᠡᠳᠦᠪᠲᠦ ᠠᠵᠢᠯᠯᠠᠭᠠᠨ ᠢ ᠢᠳᠡᠪᠬᠢᠲᠡᠢ ᠦᠷᠨᠢᠭᠦᠯᠵᠦ᠂ ᠨᠡᠭᠦᠳᠡᠯ ᠬᠦᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃        ᠤᠬᠠᠭᠤᠯᠭ᠎ᠠ ᠬᠦᠮᠦᠵᠢᠯ ᠢ ᠴᠢᠩᠭᠠᠳᠬᠠᠪᠠ᠃ ᠤᠯᠠᠨ ᠲᠦᠷᠦᠯ ᠤᠨ ᠬᠡᠯᠪᠡᠷᠢ ᠮᠠᠶ᠋ᠢᠭ ᠢ ᠠᠪᠴᠤ᠂ ᠨᠡᠭᠦᠳᠡᠯ ᠬᠦᠮᠦᠨ ᠠᠮᠠ ᠳᠤ ᠲᠦᠯᠦᠪᠯᠡᠭᠡᠲᠦ ᠦᠷᠡᠵᠢᠯ ᠤᠨ ᠲᠦᠷᠦ ᠶᠢᠨ ᠪᠤᠳᠤᠯᠭ᠎ᠠ ᠬᠠᠤᠯᠢ ᠲᠤᠭᠲᠠᠭᠠᠯ᠂ ᠨᠡᠭᠦᠳᠡᠯ ᠬᠦᠮᠦᠨ ᠠᠮᠠ ᠶᠢᠨ ᠲᠦᠯᠦᠪᠯᠡᠭᠡᠲᠦ ᠦᠷᠡᠵᠢᠯ ᠤᠨ ᠭᠡᠷᠡᠴᠢ ᠬᠢᠯᠭᠡᠬᠦ ᠳᠤ ᠳᠦᠭᠦᠮ ᠦᠵᠡᠭᠦᠯᠬᠦ ᠠᠷᠭ᠎ᠠ ᠠᠪᠴᠠᠯ ᠵᠡᠷᠭᠡ ᠶᠢ ᠦᠷᠭᠡᠨ ᠢᠶᠠᠷ ᠤᠬᠠᠭᠤᠯᠵᠤ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠪᠡ᠃        ᠨᠡᠶᠢᠭᠡᠮᠯᠢᠭ ᠤᠨ ᠪᠠᠶᠢᠭᠤᠯᠤᠯᠲᠠ ᠶᠢ ᠴᠢᠬᠤᠯᠠᠴᠢᠯᠠᠪᠠ᠃ ᠲᠦᠯᠦᠪᠯᠡᠭᠡᠲᠦ ᠦᠷᠡᠵᠢᠯ ᠤᠨ ᠨᠡᠶᠢᠭᠡᠮᠯᠢᠭ ᠤᠨ ᠨᠡᠭᠦᠳᠡᠯ ᠬᠦᠮᠦᠨ ᠠᠮᠠ ᠶᠢᠨ ᠬᠤᠪᠢᠶᠠᠷᠢ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠨ᠂ ᠨᠡᠭᠦᠳᠡᠯ ᠬᠦᠮᠦᠨ ᠠᠮᠠ ᠲᠦᠪᠯᠡᠷᠡᠭᠰᠡᠨ ᠨᠡᠶᠢᠭᠡᠮ ᠲᠤᠭᠤᠷᠢᠭ ᠲᠤ ᠨᠡᠭᠦᠳᠡᠯ ᠬᠦᠮᠦᠨ ᠠᠮᠠ ᠶᠢᠨ ᠲᠦᠯᠦᠪᠯᠡᠭᠡᠲᠦ ᠦᠷᠡᠵᠢᠯ ᠤᠨ ᠨᠡᠶᠢᠭᠡᠮᠯᠢᠭ ᠪᠤᠶᠤ ᠨᠡᠶᠢᠭᠡᠮᠯᠢᠭ ᠤᠨ ᠪᠠᠭ᠎ᠠ ᠳᠤᠭᠤᠶᠢᠯᠠᠩ ᠪᠠᠶᠢᠭᠤᠯᠵᠤ᠂ ᠨᠡᠭᠦᠳᠡᠯ ᠬᠦᠮᠦᠨ ᠠᠮᠠ ᠶᠢ ᠨᠡᠶᠢᠭᠡᠮᠯᠢᠭ ᠲᠤ ᠤᠷᠤᠯᠴᠠᠭᠤᠯᠪᠠ᠃ ᠤᠷᠤᠭᠯᠠᠭᠰᠠᠨ ᠬᠦᠩᠭᠡᠵᠢᠬᠦ ᠨᠠᠰᠤᠨ ᠤ ᠡᠮᠡᠭᠲᠡᠶᠢᠴᠦᠳ ᠤᠨ ᠬᠠᠮᠢᠶ᠎ᠠ ᠪᠦᠬᠦᠢ ᠰᠤᠷᠠᠭ ᠵᠠᠩᠭᠢ ᠶᠢ ᠴᠠᠭ ᠲᠤᠬᠠᠢ ᠳᠤᠨᠢ ᠤᠶᠢᠯᠠᠭᠠᠵᠤ ᠡᠵᠡᠮᠰᠢᠨ᠂ ᠨᠡᠭᠦᠳᠡᠯ ᠬᠦᠮᠦᠨ ᠠᠮᠠ ᠶᠢᠨ ᠡᠳ᠋ᠯᠡᠪᠡᠰᠦ ᠵᠤᠬᠢᠬᠤ ᠡᠷᠬᠡ ᠠᠰᠢᠭ ᠪᠠ ᠭᠦᠢᠴᠡᠳᠬᠡᠪᠡᠰᠦ ᠵᠤᠬᠢᠬᠤ ᠡᠭᠦᠷᠭᠡ ᠬᠠᠷᠢᠭᠤᠴᠠᠯᠭ᠎ᠠ ᠶᠢ ᠤᠬᠠᠭᠤᠯᠪᠠ᠃        ᠶᠡᠷᠦᠩᠬᠡᠶᠢᠯᠡᠭᠰᠡᠨ ᠦᠢᠯᠡᠴᠢᠯᠡᠭᠡ ᠶᠢ ᠴᠢᠬᠤᠯᠠᠴᠢᠯᠠᠪᠠ᠃ ᠨᠡᠭᠦᠳᠡᠯ ᠬᠦᠮᠦᠨ ᠠᠮᠠ ᠲᠦᠪᠯᠡᠷᠡᠭᠰᠡᠨ ᠲᠤᠭᠤᠷᠢᠭ ᠲᠤ ᠲᠦᠯᠦᠪᠯᠡᠭᠡᠲᠦ ᠦᠷᠡᠵᠢᠯ ᠤᠨ ᠤᠬᠠᠭᠤᠯᠭ᠎ᠠ ᠶᠢᠨ ᠰᠠᠮᠪᠠᠷ᠎ᠠ ᠲᠤᠬᠢᠶᠠᠵᠤ᠂ ᠲᠦᠯᠦᠪᠯᠡᠭᠡᠲᠦ ᠦᠷᠡᠵᠢᠯ ᠤᠨ ᠲᠦᠷᠦ ᠶᠢᠨ ᠪᠤᠳᠤᠯᠭ᠎ᠠ ᠬᠠᠤᠯᠢ ᠲᠤᠭᠲᠠᠭᠠᠯ᠂ ᠠᠵᠢᠯ ᠤᠨ ᠠᠯᠬᠤᠮ ᠳᠠᠷᠠᠭ᠎ᠠ ᠵᠢᠴᠢ ᠦᠢᠯᠡᠴᠢᠯᠡᠭᠡᠨ ᠤ ᠲᠦᠷᠦᠯ ᠵᠦᠢᠯ ᠤᠨ ᠤᠬᠠᠭᠤᠯᠭ᠎ᠠ ᠶᠢ ᠴᠢᠩᠭᠠᠳᠬᠠᠨ᠂ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠰᠤᠪᠠᠭ ᠢ ᠢᠯᠭᠤᠮ ᠨᠡᠪᠲᠡᠷᠡᠭᠦᠯᠪᠡ᠃ ᠨᠡᠶᠢᠭᠡᠮ ᠲᠤᠭᠤᠷᠢᠭ ᠤᠨ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠷᠲᠡᠭᠡ ᠳᠤ ᠲᠦᠰᠢᠭᠯᠡᠨ᠂ ᠲᠤᠭᠲᠠᠮᠠᠯ ᠬᠤᠭᠤᠴᠠᠭ᠎ᠠ ᠲᠠᠢ ᠪᠠᠷ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠢ ᠵᠤᠬᠢᠶᠠᠨ ᠪᠠᠶᠢᠭᠤᠯᠵᠤ᠂ ᠨᠡᠶᠢᠭᠡᠮ ᠲᠤᠭᠤᠷᠢᠭ᠂ ᠵᠠᠬ᠎ᠠ ᠳᠡᠯᠭᠡᠭᠦᠷ᠂ ᠠᠵᠤ ᠠᠬᠤᠶᠢᠯᠠᠯ ᠳᠤ ᠬᠦᠷᠴᠦ᠂ ᠲᠦᠯᠦᠪᠦᠷᠢ ᠦᠭᠡᠢ ᠪᠠᠷ ᠬᠦᠩᠭᠡᠵᠢᠭᠦ ᠨᠠᠰᠤᠨ ᠤ ᠨᠡᠭᠦᠳᠡᠯ ᠬᠦᠮᠦᠨ ᠠᠮᠠ ᠳᠤ ᠡᠷᠡᠭᠦᠯ ᠮᠡᠨᠳᠦ ᠶᠢᠨ ᠪᠠᠶᠢᠴᠠᠭᠠᠯᠲᠠ ᠪᠠ ᠡᠮᠡᠭᠲᠡᠢ ᠶᠢᠨ ᠰᠠᠯᠠᠭᠠᠨ ᠤ ᠡᠪᠡᠳᠴᠢᠨ ᠢ ᠡᠮᠴᠢᠯᠡᠨ ᠵᠠᠰᠠᠬᠤ ᠦᠢᠯᠡᠴᠢᠯᠡᠭᠡ ᠬᠠᠩᠭᠠᠬᠤ ᠶᠢᠨ ᠬᠠᠮᠲᠤ᠂ ᠲᠦᠯᠦᠪᠦᠷᠢ ᠦᠭᠡᠢ ᠪᠠᠷ ᠵᠢᠷᠮᠦᠰᠦᠯᠡᠬᠦ ᠶᠢ ᠬᠤᠷᠢᠭᠯᠠᠬᠤ ᠡᠮ ᠬᠡᠷᠡᠭᠰᠡᠯ ᠬᠠᠩᠭᠠᠪᠠ᠃ ᠨᠡᠭᠦᠳᠡᠯ ᠬᠦᠮᠦᠨ ᠠᠮᠠ ᠳᠤ ᠠᠵᠢᠯ ᠤᠯᠭᠤᠬᠤ᠂ ᠭᠡᠷ ᠳᠦᠷᠢᠶᠡᠰᠦᠯᠡᠬᠦ᠂ ᠦᠷ᠎ᠡ ᠬᠡᠦᠬᠡᠳ ᠢ ᠨᠢ ᠰᠤᠷᠭᠠᠭᠤᠯᠢ ᠳᠤ ᠤᠷᠤᠭᠤᠯᠬᠤ᠂ ᠰᠤᠷᠠᠭ ᠵᠠᠩᠭᠢ ᠬᠠᠩᠭᠠᠬᠤ ᠵᠡᠷᠭᠡ ᠰᠢᠷᠢᠰ ᠦᠢᠯᠡᠴᠢᠯᠡᠭᠡ ᠬᠠᠩᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号