ᠭᠤᠷᠪᠠᠳᠤᠭᠠᠷ ᠳᠤᠮᠳᠠ ᠵᠡᠭᠡᠯᠢ ᠬᠤᠶᠠᠷ ᠲᠦᠷᠦᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠦᠨ ᠂ ᠵᠡᠮᠳᠡᠭᠴᠦᠳ ᠤᠨ ᠠᠮᠢᠳᠤᠷᠠᠯ ᠤᠨ ᠬᠦᠴᠢᠷᠳᠡᠯ ᠪᠠ ᠲᠡᠳᠡᠨ ᠢ ᠠᠰᠠᠷᠠᠨ ᠬᠠᠷᠠᠭᠠᠯᠵᠠᠬᠤ ᠬᠦᠴᠢᠷᠳᠡᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2016-07-25
        ᠤᠶᠢᠷ᠎ᠠ ᠳᠤ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠵᠢᠴᠢ ᠬᠤᠩ ᠱᠠᠨ ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶᠠᠨ ᠤ ᠲᠤᠬᠢᠷᠠᠭᠤᠯᠭ᠎ᠠ ᠶᠢ ᠦᠨᠳᠦᠰᠦᠯᠡᠨ᠂ ᠵᠠᠮᠳᠡᠭᠴᠦᠳ ᠤᠨ ᠠᠮᠢᠳᠤᠷᠠᠯ ᠤᠨ ᠬᠦᠴᠢᠷᠳᠡᠯ ᠪᠠ ᠲᠡᠳᠡᠨ ᠢ ᠠᠰᠠᠷᠠᠨ ᠬᠠᠷᠠᠭᠠᠯᠵᠠᠬᠤ ᠬᠦᠴᠢᠷᠳᠡᠯ ᠢ ᠦᠨᠡᠨᠬᠦ ᠰᠢᠢᠳᠪᠦᠷᠢᠯᠡᠬᠦ ᠶᠢᠨ ᠲᠦᠯᠦᠭᠡ᠂ ᠵᠡᠮᠳᠡᠭᠴᠦᠳ ᠤᠨ ᠬᠠᠮᠤᠭ ᠤᠨ ᠦᠨᠳᠦᠰᠦᠨ᠂ ᠬᠠᠮᠤᠭ ᠤᠨ ᠲᠤᠯᠭᠠᠮ᠎ᠠ ᠬᠡᠷᠡᠭᠴᠡᠭᠡ ᠠᠴᠠ ᠭᠠᠷᠳᠠᠨ᠂ ᠵᠡᠮᠳᠡᠭ ᠠᠴᠠ ᠪᠤᠯᠤᠭᠰᠠᠨ ᠢᠯᠡᠭᠦᠴᠡ ᠠᠮᠢᠳᠤᠷᠠᠯ ᠤᠨ ᠵᠠᠷᠤᠯᠭ᠎ᠠ ᠪᠠ ᠤᠷᠳᠤ ᠬᠤᠭᠤᠴᠠᠭᠠᠨ ᠤ ᠠᠰᠠᠷᠠᠨ ᠬᠠᠷᠠᠭᠠᠯᠵᠠᠬᠤ ᠵᠠᠷᠤᠯᠭ᠎ᠠ ᠶᠢᠨ ᠬᠦᠴᠢᠷᠲᠡᠯ ᠢ ᠬᠦᠴᠦᠯᠡᠨ ᠰᠢᠢᠳᠪᠦᠷᠢᠯᠡᠵᠦ᠂ ᠠᠮᠢᠳᠤᠷᠠᠯ  ᠨᠢ ᠬᠦᠴᠢᠷᠳᠡᠯ ᠲᠠᠢ ᠵᠡᠮᠳᠡᠭᠴᠦᠳ ᠲᠤ ᠠᠮᠢᠳᠤᠷᠠᠯ ᠤᠨ ᠨᠦᠬᠦᠪᠦᠷᠢ ᠪᠠ ᠭᠦᠨᠳᠦ ᠵᠡᠮᠳᠡᠭᠴᠦᠳ ᠲᠤ ᠬᠠᠷᠠᠭᠠᠯᠵᠠᠯ ᠤᠨ ᠨᠦᠬᠦᠪᠦᠷᠢ ᠲᠠᠷᠬᠠᠭᠠᠵᠤ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠪᠡ᠃         ᠭᠤᠷᠪᠠᠳᠤᠭᠠᠷ ᠳᠤᠮᠳᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠤᠭᠤᠷᠢᠭ ᠤᠨ ᠠᠯᠪᠠᠨ ᠭᠡᠷ ᠳᠡᠭᠡᠷ᠎ᠡ ᠱᠠᠲᠤᠨ ᠤ ᠱᠠᠭᠠᠷᠳᠠᠯᠭ᠎ᠠ ᠶᠤᠰᠤᠭᠠᠷ᠂ ᠪᠦᠬᠦ ᠬᠠᠷᠢᠶᠠᠲᠤ ᠬᠦᠷᠢᠶ᠎ᠡ ᠬᠡᠪᠴᠢᠶᠡᠨ ᠳᠤ ᠨᠦᠬᠦᠴᠡᠯ ᠳᠤ ᠨᠡᠶᠢᠴᠡᠭᠰᠡᠨ ᠵᠡᠮᠳᠡᠭᠴᠦᠳ ᠢ ᠨᠡᠶᠢᠳᠡᠮ ᠪᠠᠶᠢᠴᠠᠭᠠᠬᠤ᠂ ᠳᠠᠩᠰᠠᠯᠠᠬᠤ ᠪᠠ ᠪᠦᠷᠢᠳᠬᠡᠬᠦ ᠠᠵᠢᠯ ᠢ ᠦᠷᠨᠢᠭᠦᠯᠵᠦ᠂ ᠬᠠᠷᠢᠶ᠎ᠠ ᠤᠷᠤᠨ ᠳᠤ ᠦᠷᠭᠡᠨ ᠢᠶᠠᠷ ᠤᠬᠠᠭᠤᠯᠤᠨ᠂ ᠰᠠᠶᠢᠨ ᠳᠤᠷ᠎ᠠ ᠠᠴᠠ ᠪᠠᠨ ᠡᠷᠡᠮᠡᠯᠵᠡᠬᠦ ᠵᠠᠷᠴᠢᠮ ᠢ ᠪᠠᠷᠢᠮᠲᠠᠯᠠᠵᠤ᠂ ᠨᠦᠬᠦᠪᠦᠷᠢᠯᠡᠬᠦ ᠶᠤᠰᠤᠲᠠᠢ ᠶᠢ ᠨᠢ ᠨᠦᠬᠦᠪᠦᠷᠢᠯᠡᠨ᠂ ᠵᠡᠮᠳᠡᠭᠴᠦᠳ ᠤᠨ ᠬᠤᠶᠠᠷ ᠲᠦᠷᠦᠯ ᠤᠨ ᠲᠦᠷᠦ ᠶᠢᠨ ᠪᠤᠳᠤᠯᠭ᠎ᠠ ᠠᠯᠢᠪᠠ ᠨᠦᠬᠦᠴᠡᠯ ᠳᠤ ᠨᠡᠶᠢᠴᠡᠭᠰᠡᠨ ᠵᠡᠮᠳᠡᠭᠴᠦᠳ ᠲᠤ ᠬᠠᠷᠠᠭᠠᠯᠵᠠᠯ ᠬᠦᠷᠲᠡᠭᠡᠬᠦ ᠶᠢ ᠪᠠᠲᠤᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号