ᠭᠤᠷᠪᠠᠳᠤᠭᠠᠷ ᠳᠤᠮᠳᠠ ᠵᠡᠭᠡᠯᠢ ᠶᠢᠨ ᠵᠡᠭᠡᠯᠢ ᠭᠤᠳᠤᠮᠵᠢ ᠶᠢᠨ ᠦᠨᠡᠨ ᠨᠡᠷ᠎ᠡ ᠶᠢᠨ ᠳ᠋ᠠᠶᠢᠲ᠋ᠠ ᠬᠦᠮᠦᠷᠭᠡ ᠨᠢ ᠤᠯᠠᠨ ᠲᠦᠮᠡᠨ ᠤ ᠠᠵᠢᠯ ᠤᠯᠭᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2016-07-26
        ᠠᠵᠢᠯ ᠤᠯᠭᠤᠬᠤ ᠲᠤᠬᠢᠶᠠᠯ ᠢ ᠬᠦᠴᠦᠯᠡᠨ ᠪᠤᠢ ᠪᠤᠯᠭᠠᠨ᠂ ᠬᠠᠷᠢᠶᠠᠲᠦ ᠬᠦᠷᠢᠶ᠎ᠡ ᠬᠡᠪᠴᠢᠶᠡᠨ ᠤ ᠰᠠᠭᠤᠭᠠᠯᠢ ᠠᠷᠠᠳ ᠤᠨ ᠪᠦᠲᠦᠮᠵᠢᠲᠠᠢ ᠪᠠᠷ ᠠᠵᠢᠯ ᠤᠯᠬᠤ ᠪᠠ ᠲᠠᠬᠢᠨ ᠠᠵᠢᠯ ᠤᠯᠬᠤ ᠬᠦᠴᠢᠷᠳᠡᠯ ᠢ ᠰᠢᠢᠳᠪᠦᠷᠢᠯᠡᠵᠦ᠂ ᠠᠵᠢᠯ ᠤᠯᠭᠤᠬᠤ ᠶᠢ ᠤᠨᠤᠪᠴᠢᠲᠠᠢ᠂ ᠳᠦᠷᠢᠮᠵᠢᠭᠦᠨ᠂ ᠰᠢᠨᠵᠢᠯᠡᠬᠦ ᠤᠬᠠᠭᠠᠨᠴᠢ ᠪᠠᠷ ᠳᠡᠮᠵᠢᠬᠦ ᠶᠢ ᠪᠡᠶᠡᠯᠡᠭᠦᠯᠬᠦ ᠶᠢᠨ ᠲᠦᠯᠦᠭᠡ᠂ ᠭᠤᠷᠪᠠᠳᠤᠭᠠᠷ ᠳᠤᠮᠳᠠ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠠᠷᠢᠨ ᠵᠦᠢᠯᠡᠰ ᠠᠴᠠ ᠭᠠᠷᠳᠠᠨ᠂ ᠭᠤᠷᠪᠠᠨ ᠶᠡᠭᠡ ᠳ᠋ᠠᠶᠢᠲ᠋ᠠ ᠶᠢᠨ ᠰᠢᠰᠲ᠋ᠧᠮ ᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠪᠠᠷ ᠳᠠᠮᠵᠢᠵᠦ᠂ ᠤᠯᠠᠨ ᠲᠦᠮᠡᠨ ᠳᠤ ᠠᠵᠢᠯ ᠤᠯᠭᠤᠬᠤ ᠶᠢ ᠪᠠᠲᠤᠯᠠᠪᠠ᠃        ᠨᠢᠭᠡ ᠳᠤ᠂ ᠤᠶᠤᠲᠠᠳ ᠲᠤ ᠠᠵᠢᠯ ᠤᠯᠭᠤᠬᠤ ᠦᠢᠯᠡᠴᠢᠯᠡᠭᠡᠨ ᠤ ᠰᠤᠷᠠᠭ ᠵᠠᠩᠭᠢ ᠶᠢᠨ ᠬᠦᠮᠦᠷᠭᠡ ᠶᠢ ᠲᠡᠭᠦᠯᠳᠡᠷᠵᠢᠭᠦᠯᠦᠨ ᠳᠡᠭᠡᠭᠰᠢᠯᠡᠭᠦᠯᠪᠡ᠃ ᠤᠶᠤᠲᠠᠳ ᠤᠨ ᠳᠠᠩᠰᠠ ᠡᠪᠬᠡᠮᠡᠯ ᠤᠨ ᠬᠦᠮᠦᠨ ᠪᠦᠷᠢ ᠳᠤ ᠨᠢᠭᠡ ᠳᠡᠪᠲᠡᠷ ᠶᠢ ᠲᠦᠷᠭᠡᠪᠴᠢᠯᠡᠨ ᠪᠡᠶᠡᠯᠡᠭᠦᠯᠵᠦ᠂ ᠠᠵᠢᠯ ᠤᠯᠭᠤᠯᠲᠠ ᠶᠢᠨ ᠳᠠᠩᠰᠠᠯᠠᠯᠲᠠ᠂ ᠠᠵᠢᠯ ᠤᠨ ᠪᠠᠶᠢᠷᠢ ᠶᠢᠨ ᠲᠠᠳᠠᠯᠭ᠎ᠠ᠂ ᠠᠵᠢᠯ ᠦᠢᠯᠡᠰ ᠤᠨ ᠵᠢᠯᠤᠭᠤᠳᠤᠯᠭ᠎ᠠ᠂ ᠦᠢᠯᠡᠰ ᠪᠤᠰᠬᠠᠬᠤ ᠪᠤᠯᠪᠠᠰᠤᠷᠠᠯ ᠵᠡᠷᠭᠡ ᠪᠦᠬᠦ ᠶᠠᠪᠤᠴᠠ ᠶᠢᠨ ᠮᠦᠷᠳᠡᠯᠲᠡ ᠦᠢᠯᠡᠴᠢᠯᠡᠭᠡ ᠶᠢ ᠬᠡᠷᠡᠭᠵᠢᠭᠦᠯᠪᠡ᠃ ᠤᠶᠤᠲᠠᠳ ᠤᠨ ᠴᠢᠳᠠᠪᠤᠷᠢᠲᠠᠨ ᠤ ᠰᠤᠯᠢᠯᠴᠠᠭᠠᠨ ᠤ ᠬᠤᠷᠠᠯ ᠵᠡᠷᠭᠡ ᠰᠢᠷᠢᠰ ᠠᠵᠢᠯᠯᠠᠭᠠᠨ ᠦᠷᠨᠢᠭᠦᠯᠬᠦ ᠪᠠᠷ ᠳᠠᠮᠵᠢᠨ᠂ ᠤᠶᠤᠲᠠᠳ ᠤᠨ ᠠᠵᠢᠯ ᠤᠯᠭᠤᠯᠲᠠ ᠶᠢᠨ ᠨᠤᠷᠮ᠎ᠠ ᠶᠢ ᠳᠡᠭᠡᠭᠰᠢᠯᠡᠭᠦᠯᠪᠡ᠃        ᠬᠤᠶᠠᠷ ᠲᠤ᠂ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠤᠷᠠᠭ ᠵᠠᠩᠭᠢ ᠶᠢᠨ ᠬᠦᠮᠦᠷᠭᠡ ᠶᠢ ᠲᠡᠭᠦᠯᠳᠡᠷᠵᠢᠭᠦᠯᠦᠨ ᠳᠡᠭᠡᠭᠰᠢᠯᠡᠭᠦᠯᠪᠡ᠃ ᠬᠠᠷᠢᠶᠠᠲᠦ ᠤᠷᠤᠨ ᠤ ᠴᠢᠬᠤᠯᠠ ᠶᠡᠭᠡ ᠪᠡᠯᠡ ᠤᠷᠤᠭᠤᠯᠤᠯᠲᠠ ᠶᠢᠨ ᠲᠦᠷᠦᠯ ᠵᠦᠢᠯ᠂ ᠤᠷᠤᠭᠤᠯᠤᠭᠰᠠᠨ ᠲᠦᠷᠦᠯ ᠵᠦᠢᠯ ᠵᠢᠴᠢ ᠬᠠᠮᠵᠢᠯᠴᠠᠭᠠᠨ ᠤ ᠲᠦᠷᠦᠯ ᠵᠦᠢᠯ ᠤᠨ ᠠᠵᠢᠯ ᠤᠯᠭᠤᠯᠲᠠ ᠶᠢᠨ ᠦᠨᠡᠯᠡᠯᠲᠡ ᠶᠢ ᠦᠷᠨᠢᠭᠦᠯᠦᠨ᠂ ᠠᠵᠤ ᠠᠬᠤᠶᠢᠯᠠᠯ ᠤᠨ ᠬᠦᠮᠦᠨ ᠬᠡᠷᠡᠭᠯᠡᠵᠦ ᠪᠠᠶᠢᠭ᠎ᠠ ᠪᠠᠶᠢᠳᠠᠯ ᠢ ᠮᠦᠷᠳᠡᠨ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠬᠦᠮᠦᠨ ᠬᠡᠷᠡᠭᠯᠡᠵᠦ ᠪᠠᠶᠢᠭ᠎ᠠ ᠪᠠᠶᠢᠳᠠᠯ᠂ ᠠᠵᠢᠯ ᠠᠯᠳᠠᠯᠲᠠ ᠶᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠭᠤᠯᠭ᠎ᠠ ᠶᠢ ᠬᠠᠮᠤᠷᠤᠭᠰᠠᠨ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠤᠷᠠᠭ ᠵᠠᠩᠭᠢ ᠶᠢᠨ ᠬᠦᠮᠦᠷᠭᠡ ᠶᠢ ᠪᠠᠶᠢᠭᠤᠯᠤᠨ᠂ ᠲᠤᠭᠲᠠᠮᠠᠯ ᠬᠤᠭᠤᠴᠠᠭ᠎ᠠ ᠲᠠᠢ ᠰᠤᠷᠠᠭ ᠵᠠᠩᠭᠢ ᠨᠡᠶᠢᠲᠡᠯᠡᠵᠤ᠂ ᠬᠠᠷᠢᠶᠠᠲᠦ ᠤᠷᠤᠨ ᠤ ᠠᠵᠢᠯ ᠤᠯᠭᠤᠯᠲᠠ᠂ ᠠᠵᠢᠯ ᠠᠯᠳᠠᠯᠲᠠ ᠶᠢ ᠲᠤᠬᠢᠷᠠᠭᠤᠯᠬᠤ ᠠᠵᠢᠯ ᠢ ᠴᠢᠩᠭᠠᠳᠬᠠᠪᠠ᠃        ᠭᠤᠷᠪᠠ ᠳᠤ᠂ ᠤᠨᠴᠠᠭᠠᠢ ᠬᠦᠮᠦᠰ ᠲᠤ ᠠᠵᠢᠯ ᠤᠯᠭᠤᠬᠤ ᠦᠢᠯᠡᠴᠢᠯᠡᠭᠡᠨ ᠤ ᠬᠦᠮᠦᠷᠭᠡ ᠶᠢ ᠲᠡᠭᠦᠯᠳᠡᠷᠵᠢᠭᠦᠯᠦᠨ ᠲᠡᠭᠡᠭᠰᠢᠯᠡᠭᠦᠯᠪᠡ᠃ ᠬᠠᠷᠢᠶᠠᠲᠤ ᠤᠷᠤᠨ ᠤ ᠠᠵᠢᠯ ᠤᠯᠬᠤ ᠳᠤ ᠬᠦᠴᠢᠷᠳᠡᠭᠰᠡᠳ ᠢ ︽4045︾᠂ ︽ᠬᠤᠶᠠᠭᠤᠯᠠ ᠪᠠᠨ ᠠᠵᠢᠯ ᠠᠯᠳᠠᠭᠰᠠᠨ ᠪᠤᠶᠤ ᠠᠵᠢᠯ ᠤᠨ ᠪᠠᠶᠢᠷᠢ ᠠᠴᠠ ᠪᠠᠨ ᠪᠠᠭᠤᠭᠰᠠᠨ︾ ᠭᠡᠷ ᠪᠦᠯᠢ ᠵᠡᠷᠭᠡ ᠪᠠᠷ ᠲᠦᠷᠦᠯ ᠬᠤᠪᠢᠶᠠᠨ᠂ ᠠᠵᠢᠯ ᠤᠯᠭᠤᠯᠲᠠ ᠶᠢ ᠳᠡᠮᠵᠢᠬᠦ ᠰᠤᠷᠠᠭ ᠵᠠᠩᠭᠢ ᠶᠢᠨ ᠬᠦᠮᠦᠷᠭᠡ ᠶᠢ ᠪᠠᠶᠢᠭᠤᠯᠵᠤ᠂ ᠠᠵᠢᠯ ᠤᠯᠬᠤ ᠳᠤ ᠬᠦᠴᠢᠷᠳᠡᠭᠰᠡᠳ ᠢ ᠲᠤᠭᠲᠠᠭᠠᠬᠤ᠂ ᠮᠥᠷᠳᠡᠨ ᠬᠢᠨᠠᠬᠤ᠂ ᠲᠤᠰᠠᠯᠠᠬᠤ᠂ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠬᠤ ᠵᠡᠷᠭᠡ ᠠᠵᠢᠯ ᠤᠯᠭᠤᠬᠤ ᠶᠢ ᠳᠡᠮᠵᠢᠬᠦ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠬᠠᠷᠢᠶᠠᠲᠤ ᠤᠷᠤᠨ ᠤ ᠠᠵᠢᠯ ᠤᠯᠬᠤ ᠳᠤ ᠬᠦᠴᠢᠷᠳᠡᠭᠰᠡᠳ ᠤᠨ ᠠᠵᠢᠯ ᠤᠯᠬᠤ ᠠᠰᠠᠭᠤᠳᠠᠯ ᠢ ᠰᠢᠢᠳᠪᠦᠷᠢᠯᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号