ᠸᠧᠨ ᠵᠦᠩ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠦᠶᠡᠷ ᠤᠰᠠᠳᠤᠯ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠪᠡ
ᠨᠡᠶᠢᠲᠡᠯᠡᠭᠰᠡᠨ ᠴᠠᠭ᠄
2016-07-27
       ᠤᠶᠢᠷ᠎ᠠ ᠳᠤ᠂ ᠴᠠᠭ ᠠᠭᠤᠷ ᠤᠨ ᠰᠠᠯᠠᠭ᠎ᠠ ᠮᠦᠴᠢᠷ ᠤᠨ ᠤᠷᠢᠳᠴᠢᠯᠠᠨ ᠮᠡᠳᠡᠭᠡᠯᠡᠭᠰᠡᠨ ᠢ ᠦᠨᠳᠦᠰᠦᠯᠡᠪᠡᠯ᠂ ᠮᠠᠨ ᠤ ᠲᠤᠭᠤᠷᠢᠭ ᠲᠤ ᠠᠶᠤᠩᠭᠠᠲᠤ ᠪᠤᠷᠤᠭᠠᠨ ᠤᠯᠠᠰᠢᠷᠠᠵᠤ᠂ ᠦᠶᠡᠷ ᠤᠰᠠᠳᠤᠯ ᠡᠭᠦᠰᠬᠦ ᠪᠤᠯᠤᠯᠴᠠᠭ᠎ᠠ ᠶᠡᠬᠡᠰᠪᠡ᠃ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠬᠤᠷᠠᠯ ᠤᠨ ᠵᠢᠯᠤᠭᠤᠳᠬᠤ ᠵᠤᠷᠢᠭ ᠰᠠᠨᠠᠭ᠎ᠠ ᠵᠢᠴᠢ ᠳᠡᠭᠡᠷ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠦᠯᠦᠭᠡ᠂  ᠸᠧᠨ ᠵᠦᠩ ᠪᠠᠯᠭᠠᠰᠤᠨ ᠤ ᠵᠠᠰᠠᠭ ᠤᠨ ᠤᠷᠳᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠢ ᠲᠤᠬᠢᠷᠠᠭᠤᠯᠤᠨ ᠪᠠᠶᠢᠷᠢᠰᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠦᠨ᠂ ᠤᠨᠴᠠᠭᠠᠶᠢᠯᠠᠨ ᠰᠢᠩ ᠲᠠᠢ ᠶᠢᠨ ᠦᠶᠡᠷ ᠤᠨ ᠭᠠᠮᠰᠢᠭ ᠠᠴᠠ ᠰᠤᠷᠭᠠᠮᠵᠢ ᠠᠪᠴᠤ᠂ ᠤᠯᠠᠨ ᠲᠦᠷᠦᠯ ᠤᠨ ᠠᠷᠭ᠎ᠠ ᠬᠡᠮᠵᠢᠶ᠎ᠡ ᠠᠪᠴᠤ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠪᠠ᠃       ᠨᠢᠭᠡ ᠳᠤ᠂ ᠤᠬᠠᠭᠤᠯᠭ᠎ᠠ ᠵᠢᠯᠤᠭᠤᠳᠤᠮᠵᠢ ᠶᠢ ᠴᠢᠩᠭᠠᠳᠬᠠᠪᠠ᠃ ᠡᠯ᠎ᠡ ᠲᠦᠷᠦᠯ ᠤᠨ ᠦᠶᠡᠷ ᠢ ᠰᠡᠷᠭᠡᠶᠢᠯᠡᠬᠦ ᠂ ᠭᠠᠮᠰᠢᠭ ᠠᠴᠠ ᠠᠪᠤᠷᠠᠬᠤ ᠮᠡᠳᠡᠭᠳᠡᠯ ᠢ ᠲᠠᠷᠬᠠᠭᠠᠬᠤ ᠪᠠ ᠳᠠᠮᠵᠢᠭᠤᠯᠬᠤ᠂ ᠪᠢᠴᠢᠭᠡᠰᠦ ᠡᠯᠭᠦᠬᠦ᠂ ᠪᠤᠳᠠᠳᠤ ᠭᠠᠵᠠᠷ  ᠲᠤᠨᠢ ᠪᠠᠶᠢᠴᠠᠭᠠᠬᠤ᠂ ᠲᠤᠬᠠᠢ ᠶᠢᠨ ᠲᠠᠯᠠᠪᠤᠷ ᠲᠤᠨᠢ ᠮᠡᠳᠡᠭᠳᠡᠬᠦ᠂ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠤᠯᠪᠠᠰᠤᠷᠠᠯ ᠬᠦᠷᠲᠡᠭᠡᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠨ ᠦᠷᠭᠡᠨ ᠢᠶᠠᠷ ᠤᠬᠠᠭᠤᠯᠵᠤ᠂ ᠤᠯᠠᠨ ᠲᠦᠮᠡᠨ ᠳᠤ ᠦᠶᠡᠷ᠂ ᠰᠢᠪᠡᠷ ᠴᠢᠯᠠᠭᠤᠨ ᠤᠷᠤᠰᠬᠠᠭᠳᠠᠯ ᠪᠠ ᠦᠶᠡᠷ ᠢ ᠰᠡᠷᠭᠡᠶᠢᠯᠡᠬᠦ ᠮᠡᠳᠡᠯᠭᠡ ᠶᠢ ᠤᠶᠢᠯᠠᠭᠤᠯᠵᠤ᠂  ᠤᠨᠴᠠᠭᠠᠶᠢᠯᠠᠨ ︽ᠶᠡᠭᠡ ᠦᠶᠡᠷ ᠤᠰᠠᠳᠤᠯ ᠢ ᠰᠡᠷᠭᠡᠶᠢᠯᠡᠬᠦ︾ ᠪᠠᠴᠢᠮ ᠠᠪᠤᠷᠠᠬᠤ ᠪᠡᠯᠡᠳᠬᠡᠯ ᠢ ᠰᠠᠶᠢᠲᠤᠷ ᠬᠢᠵᠦ᠂ ᠴᠠᠭ ᠲᠤᠬᠠᠢ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠪᠠ᠃ ᠠᠮᠤᠷ ᠲᠦᠪᠰᠢᠨ ᠤ ᠰᠡᠷᠭᠡᠶᠢᠯᠡᠯᠲᠡ᠂ ᠪᠠᠴᠢᠮ ᠠᠪᠤᠷᠠᠵᠤ ᠭᠠᠮᠰᠢᠭ ᠠᠴᠠ ᠵᠠᠶᠢᠯᠠᠬᠤ ᠪᠠ ᠭᠠᠮᠰᠢᠭ ᠠᠴᠠ ᠠᠪᠤᠷᠠᠬᠤ ᠲᠦᠬᠦᠭᠡᠷᠦᠮᠵᠢ ᠶᠢ ᠤᠷᠢᠳᠴᠢᠯᠠᠨ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠭᠠᠮᠰᠢᠭ ᠢ ᠰᠡᠷᠭᠡᠶᠢᠯᠡᠬᠦ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃        ᠬᠤᠶᠠᠷ ᠲᠤ᠂ ᠨᠢᠭᠤᠭᠳᠠᠮᠠᠯ ᠠᠶᠤᠯ ᠢ ᠪᠠᠶᠢᠴᠠᠭᠠᠬᠤ ᠶᠢ ᠴᠢᠩᠭᠠᠳᠬᠠᠪᠠ᠃ ᠸᠧᠨ ᠵᠦᠩ ᠪᠠᠯᠭᠠᠰᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠤᠬᠢᠶᠠᠯ ᠢ ᠠᠳᠬᠤᠵᠤ᠂ ︽ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ︾ ᠪᠠᠷ ᠠᠵᠢᠯ ᠤᠨ ᠬᠠᠷᠠᠯᠲᠠ ᠪᠤᠯᠭᠠᠨ᠂ ᠡᠯ᠎ᠡ ᠠᠵᠢᠯ ᠤᠨ ᠳᠤᠭᠤᠶᠢᠯᠠᠩ ᠬᠦᠳᠡᠭᠡ ᠪᠠᠭᠤᠬᠤ ᠶᠠᠪᠤᠴᠠ ᠳᠤ᠂ ᠭᠤᠤᠯ ᠤᠨ ᠵᠠᠮ᠂ ᠨᠤᠷᠠᠬᠤ ᠠᠶᠤᠯᠲᠠᠢ ᠬᠡᠷᠡᠮ᠂ ᠠᠶᠤᠯᠲᠠᠢ ᠭᠡᠷ ᠪᠠᠶᠢᠰᠢᠩ ᠢ ᠪᠦᠷᠢᠳᠬᠡᠵᠦ ᠳᠡᠭᠡᠭᠰᠢ ᠮᠡᠳᠡᠭᠦᠯᠬᠦ ᠠᠵᠢᠯ ᠢ ᠭᠤᠤᠯᠳᠠᠯᠭ᠎ᠠ ᠲᠠᠢ ᠴᠢᠩᠭᠠᠳᠬᠠᠨ᠂ ᠪᠠᠶᠢᠭᠠᠯᠢ ᠶᠢᠨ ᠭᠠᠮᠰᠢᠭ ᠤᠯᠠᠨ ᠡᠭᠦᠰᠳᠡᠭ ᠤᠷᠤᠨ᠂ ᠭᠤᠤ ᠰᠤᠵᠢᠭ᠂ ᠨᠠᠭᠤᠷ᠂ ᠦᠶᠡᠷ ᠤᠰᠠᠳᠤᠯ ᠡᠭᠦᠰᠴᠦ ᠮᠡᠳᠡᠬᠦ ᠤᠷᠤᠨ ᠵᠢᠴᠢ ᠭᠤᠤᠯᠳᠠᠯᠭ᠎ᠠ ᠲᠠᠢ ᠢᠨᠵᠧᠨᠧᠷᠢᠩ ᠤᠨ ᠠᠮᠤᠷ ᠲᠦᠪᠰᠢᠨ ᠢᠶᠠᠷ ᠦᠶᠡᠷ ᠤᠰᠠᠳᠤᠯ ᠢ ᠲᠤᠭᠤᠯᠬᠤ ᠵᠡᠷᠭᠡ ᠪᠦᠬᠦ ᠲᠠᠯ᠎ᠠ ᠶᠢᠨ ᠦᠶᠡᠷ ᠠᠴᠠ ᠡᠮᠦᠨᠡᠬᠢ ᠪᠠᠶᠢᠴᠠᠭᠠᠯᠲᠠ ᠶᠢ ᠦᠷᠨᠢᠭᠦᠯᠵᠦ᠂ ᠬᠠᠲᠠᠮᠠᠯ ᠨᠠᠭᠤᠷ᠂ ᠲᠤᠤᠷ᠎ᠠ ᠤᠰᠤᠨ ᠲᠦᠪᠰᠢᠨ ᠤ ᠠᠵᠢᠯᠯᠠᠭᠠᠨ ᠢ ᠪᠠᠲᠤᠯᠠᠬᠤ ᠶᠢ ᠱᠠᠭᠠᠷᠳᠠᠪᠠ᠃ ᠬᠦᠮᠦᠨ ᠰᠠᠭᠤᠵᠦ ᠪᠠᠶᠢᠭ᠎ᠠ ᠠᠶᠤᠯᠲᠠᠢ ᠭᠡᠷ ᠪᠠᠶᠢᠰᠢᠩ᠂ ᠦᠶᠡᠷ ᠤᠰᠠᠳᠤᠯ ᠡᠭᠦᠰᠴᠦ ᠮᠡᠳᠡᠬᠦ ᠪᠠᠶᠢᠭᠠᠯᠢᠯᠢᠭ ᠲᠤᠰᠬᠤᠨ ᠳᠤ ᠪᠦᠬᠦ ᠲᠠᠯ᠎ᠠ ᠪᠠᠷ ᠲᠤᠭᠤᠷᠢᠨ ᠪᠠᠶᠢᠴᠠᠭᠠᠬᠤ ᠶᠢᠨ ᠬᠠᠮᠲᠤ ᠠᠶᠤᠯᠲᠠᠢ ᠭᠠᠵᠠᠷ ᠤᠷᠤᠨ ᠤ ᠰᠠᠭᠤᠭᠠᠯᠢ ᠠᠷᠠᠳ ᠢ ᠴᠠᠭ ᠲᠤᠬᠠᠢ ᠳᠤᠨᠢ ᠢᠳᠬᠠᠨ ᠨᠡᠭᠦᠯᠭᠡᠪᠡ︔ ᠠᠶᠤᠯᠲᠠᠢ ᠬᠦᠯᠡᠮᠵᠢ ᠲᠠᠢ ᠲᠠᠷᠢᠶᠠᠴᠢᠨ ᠳᠤ ᠠᠮᠤᠷ ᠲᠦᠪᠰᠢᠨ ᠲᠠᠷᠢᠶᠠᠯᠠᠬᠤ ᠶᠢ ᠢᠳᠬᠠᠨ ᠰᠡᠷᠡᠮᠵᠢᠯᠡᠭᠦᠯᠪᠡ᠃        ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠪᠠᠯᠭᠠᠰᠤ ᠲᠤᠰᠬᠤᠨ ᠬᠤᠶᠠᠷ ᠱᠠᠲᠤᠨ ᠤ ᠰᠢᠷᠦᠭᠦᠨ ᠪᠤᠷᠤᠭᠠᠨ ᠢ ᠰᠡᠷᠭᠡᠶᠢᠯᠡᠬᠦ᠂ ᠦᠶᠡᠷ ᠢ ᠰᠡᠷᠭᠡᠶᠢᠯᠡᠬᠦ ᠠᠵᠢᠯ ᠤᠨ ᠲᠦᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨᠴᠢ ᠪᠠᠷ ᠭᠠᠮᠰᠢᠭ ᠢ ᠡᠰᠡᠷᠭᠦᠴᠡᠬᠦ ᠳᠤ ᠯᠠᠪᠳᠠᠭᠤᠨ ᠰᠠᠭᠤᠷᠢ ᠲᠠᠯᠪᠢᠪᠠ᠃ ᠳᠡᠭᠡᠷ᠎ᠡ ᠱᠠᠲᠤᠨ ᠤ ᠦᠶᠡᠷ ᠢ ᠰᠡᠷᠭᠡᠶᠢᠯᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠪᠠᠯᠭᠠᠰᠤ ᠲᠤᠰᠬᠤᠨ ᠤ ᠺᠠᠳ᠋ᠷ ᠤᠨ ᠦᠶᠡᠷ ᠢ ᠰᠡᠷᠭᠡᠶᠢᠯᠡᠬᠦ ᠠᠵᠢᠯ ᠤᠨ ᠲᠤᠤᠷᠵᠢᠭᠰᠠᠨ ᠬᠠᠮᠢᠶᠠᠷᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠂ ᠪᠦᠬᠦ ᠪᠠᠯᠭᠠᠰᠤᠨ ᠤ ᠦᠶᠡᠷ ᠢ ᠰᠡᠷᠭᠡᠶᠢᠯᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠵᠠᠰᠠᠭ ᠤᠨ ᠤᠷᠳᠤᠨ ᠪᠠ ᠡᠯ᠎ᠡ ᠲᠤᠰᠬᠤᠨ ᠦᠶᠡᠷ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠠᠵᠢᠯ ᠤᠨ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠲᠤᠰᠬᠤᠨ ᠤ ᠳᠡᠰ ᠤᠨ ᠤᠬᠠᠭᠤᠯᠭ᠎ᠠ ᠵᠢᠯᠤᠭᠤᠳᠤᠯᠭ᠎ᠠ᠂ ᠪᠠᠶᠢᠴᠠᠭᠠᠨ ᠴᠠᠭᠳᠠᠬᠤ᠂ ᠪᠠᠴᠢᠮ ᠠᠪᠤᠷᠠᠬᠤ ᠰᠢᠯᠵᠢᠭᠦᠯᠬᠦ᠂ ᠵᠢᠵᠢᠭᠦᠷᠯᠡᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠤᠳᠤᠷᠬᠠᠢ ᠱᠠᠭᠠᠷᠳᠠᠯᠭ᠎ᠠ ᠳᠤᠷᠠᠳᠤᠨ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠪᠤᠯᠬᠤ ᠤᠳᠤᠷᠢᠳᠤᠯᠭ᠎ᠠ ᠡᠳᠦᠷ ᠪᠦᠷᠢ ᠬᠢᠨᠠᠨ ᠪᠠᠶᠢᠴᠠᠭᠠᠬᠤ ᠶᠢ ᠪᠠᠷᠢᠮᠲᠠᠯᠠᠨ᠂ ᠡᠯ᠎ᠡ ᠲᠤᠰᠬᠤᠨ ᠤ ︽ᠨᠢᠭᠡᠳᠦᠭᠡᠷ ᠱᠦᠵᠢ︾ ᠡᠳᠦᠷ ᠪᠦᠷᠢ ᠠᠵᠢᠯ ᠤᠨ ᠪᠦᠲᠦᠮᠵᠢ ᠪᠠᠨ ᠲᠡᠭᠡᠭᠰᠢ ᠮᠡᠳᠡᠭᠦᠯᠵᠦ᠂ ᠡᠯ᠎ᠡ ᠲᠤᠰᠬᠤᠨ ᠤ ᠳᠡᠰ ᠤᠨ ᠬᠠᠷᠢᠭᠤᠴᠠᠯᠭᠠᠲᠠᠨ ᠪᠤᠳᠠᠲᠠᠢ ᠨᠠᠶᠢᠳᠠᠪᠤᠷᠢᠵᠢᠭᠤᠯᠤᠨ᠂ ᠳᠡᠰ ᠳᠡᠰ ᠢᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃        ᠳᠦᠷᠪᠡ ᠳᠤ᠂ ᠰᠤᠷᠠᠭ ᠵᠠᠩᠭᠢ ᠶᠢ ᠳᠡᠭᠡᠭᠰᠢ ᠮᠡᠳᠡᠭᠦᠯᠬᠦ ᠶᠢ ᠴᠢᠩᠭᠠᠳᠬᠠᠪᠠ᠃ ᠸᠧᠨ ᠵᠦᠩ ᠪᠠᠯᠭᠠᠰᠤᠨ ᠤ ᠤᠰᠤᠨ ᠠᠰᠢᠭᠯᠠᠯᠲᠠ ᠶᠢᠨ ᠦᠷᠲᠡᠭᠡ ᠴᠠᠭ ᠠᠭᠤᠷ ᠤᠨ ᠪᠠᠶᠢᠳᠠᠯ ᠤᠨ ᠬᠤᠪᠢᠷᠠᠯᠲᠠ ᠶᠢᠨ ᠰᠤᠷᠠᠭ ᠵᠠᠩᠭᠢ ᠶᠢ ᠴᠠᠭ ᠲᠤᠬᠠᠢ ᠳᠤᠨᠢ ᠠᠩᠬᠠᠷᠤᠨ᠂ ᠰᠤᠷᠠᠭ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠪᠠ᠃ ᠪᠠᠯᠭᠠᠰᠤ᠂ ᠲᠤᠰᠬᠤᠨ ᠨᠢᠭᠡᠲᠦᠯᠲᠡᠢ ᠵᠢᠵᠢᠭᠦᠷ ᠡᠭᠡᠯᠵᠢ ᠶᠢᠨ ᠳᠦᠷᠢᠮ ᠬᠡᠷᠡᠭᠵᠢᠭᠦᠯᠦᠨ᠂ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠯᠭᠠᠰᠤ᠂ ᠲᠤᠰᠬᠤᠨ ᠤ ᠺᠠᠳ᠋ᠷ 24 ᠴᠠᠭ ᠢᠶᠠᠷ ᠴᠢᠮᠡᠭᠡ ᠨᠡᠪᠲᠡᠷᠡᠯᠭᠡ ᠢᠯᠭᠤᠮ ᠨᠡᠪᠲᠡᠷᠡᠬᠦ ᠶᠢ ᠪᠠᠲᠤᠯᠠᠨ᠂ ᠭᠡᠨᠡᠳᠲᠡ ᠶᠢᠨ ᠤᠴᠢᠷ ᠪᠤᠯᠤᠨ ᠠᠶᠤᠯᠲᠤ ᠪᠠᠶᠢᠳᠠᠯ ᠢ ᠴᠠᠭ ᠲᠤᠬᠠᠢ  ᠳᠤᠨᠢ ᠳᠡᠭᠡᠭᠰᠢ ᠮᠡᠳᠡᠭᠦᠯᠬᠦ ᠶᠢ ᠱᠠᠭᠠᠷᠲᠠᠵᠦ᠂ ᠭᠠᠮᠰᠢᠭ ᠤᠨ ᠪᠠᠶᠢᠳᠠᠯ ᠢ ᠠᠯᠢ ᠲᠦᠷᠭᠡᠨ ᠢᠶᠠᠷ ᠡᠵᠡᠮᠳᠡᠬᠦ ᠶᠢ ᠪᠠᠲᠤᠯᠠᠪᠠ ᠃ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠲᠠᠷᠢᠮᠠᠯ᠂ ᠬᠦᠮᠦᠨ ᠮᠠᠯ᠂ ᠡᠳ᠋ ᠬᠦᠷᠦᠩᠭᠡ ᠵᠡᠷᠭᠡ ᠶᠢᠨ ᠭᠠᠮᠰᠢᠭᠳᠠᠭᠰᠠᠨ ᠪᠠᠶᠢᠳᠠᠯ ᠢ ᠴᠠᠭ ᠲᠤᠬᠠᠢ ᠳᠤᠨᠢ ᠪᠦᠷᠢᠳᠬᠡᠨ ᠳᠡᠭᠡᠭᠰᠢ ᠮᠡᠳᠡᠭᠦᠯᠵᠦ᠂ ᠤᠯᠠᠨ ᠲᠦᠮᠡᠨ ᠤ ᠬᠤᠬᠢᠷᠠᠯ ᠢ ᠬᠠᠮᠤᠭ ᠲᠤᠤᠷ᠎ᠠ ᠬᠡᠮᠵᠢᠶᠡᠨ ᠳᠤ ᠬᠦᠷᠭᠡᠬᠦ ᠪᠠᠷ ᠴᠢᠷᠮᠠᠶᠢᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号