ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ 2014 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2016-07-06
                              ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ ᠪᠦᠷᠢᠳᠬᠡᠯ ᠤᠨ ᠲᠣᠪᠴᠢᠶ᠎ᠠ ︵2015 ᠤᠨ ᠤ 4 ᠰᠠᠷ᠎ᠠ ᠶᠢᠨ 13 ᠤ ᠡᠳᠦᠷ︶       2014 ᠤᠨ ᠳᠤ᠂ ᠨᠠᠷᠢᠨ ᠪᠤᠳᠤᠯᠢᠶᠠᠨᠲᠠᠢ ᠤᠯᠠᠨ ᠬᠤᠪᠢᠷᠠᠯᠲᠠ ᠪᠦᠭᠦᠢ ᠬᠤᠷᠸ᠎ᠠ ᠪᠠᠶᠢᠳᠠᠯ ᠳᠤ ᠴᠢᠭᠯᠡᠭᠦᠯᠦᠨ᠂ ᠪᠦᠬᠦ ᠲᠤᠭᠤᠷᠢᠭ ᠤᠨ ᠠᠷᠠᠳ ᠲᠦᠮᠡᠨ ᠲᠤᠭᠤᠷᠢᠭ ᠤᠨ ᠨᠡᠮ ᠤᠨ ᠬᠤᠷᠢᠶ᠎ᠡ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠵᠤᠬᠢᠴᠡᠨ᠂ ᠲᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠦᠨᠳᠦᠰᠦᠨ ᠰᠠᠨᠠᠭ᠎ᠠ ᠶᠢ ᠪᠠᠷᠢᠮᠳᠠᠯᠠᠵᠤ᠂ ᠲᠤᠭᠲᠠᠭᠤᠨ ᠨᠡᠮᠡᠭᠳᠡᠯ ᠢ ᠪᠠᠲᠤᠯᠠᠨ᠂  ᠦᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠲᠤᠭᠲᠠᠭᠤᠨ ᠢ ᠪᠠᠲᠤᠯᠠᠵᠤ᠂ ᠠᠵᠤ ᠠᠬᠤᠢ ᠶᠢᠨ ᠪᠦᠲᠦᠴᠡ ᠶᠢ ᠢᠳᠡᠪᠬᠢᠲᠡᠢ ᠬᠤᠪᠢᠷᠠᠭᠤᠯᠤᠨ᠂ ᠴᠢᠨᠠᠷ ᠴᠢᠨᠰᠠᠭ᠎ᠠ ᠦᠷ᠎ᠡ ᠠᠰᠢᠭ ᠲᠤᠭᠲᠠᠭᠤᠨ ᠨᠡᠮᠡᠭᠳᠡᠯ ᠢ ᠪᠡᠶᠡᠯᠡᠭᠦᠯᠵᠦ᠂ ᠪᠦᠬᠦ ᠲᠤᠭᠤᠷᠢᠭ ᠤᠨ ᠠᠵᠤ ᠠᠬᠤᠢ ᠲᠤᠭᠲᠠᠭᠤᠨ ᠮᠦᠷᠳᠡᠭᠡᠨ ᠤᠷᠤᠭᠰᠢᠯᠠᠯᠳᠠ ᠲᠠᠢ᠂ ᠡᠯ᠎ᠡ ᠲᠦᠷᠦᠯ ᠤᠨ ᠠᠵᠢᠯ ᠦᠢᠯᠡᠰ ᠢᠯᠭᠤᠮ ᠬᠦᠭᠵᠢᠯᠳᠡ ᠲᠠᠢ᠂ ᠨᠡᠶᠢᠭᠡᠮ ᠡᠶ᠎ᠡ ᠵᠤᠬᠢᠴᠡᠯ ᠲᠠᠢ ᠲᠤᠭᠲᠠᠭᠤᠨ ᠪᠠᠶᠢᠪᠠ᠃          ᠨᠢᠭᠡ᠂ ᠶᠡᠷᠦᠩᠬᠡᠶᠢᠯᠡᠯ       ᠠᠵᠤ ᠠᠬᠤᠢ ᠶᠢᠨ ᠡᠷᠬᠢᠯᠲᠡ ᠳᠤᠭᠳᠠᠭᠤᠨ ᠳᠤᠮᠳᠠ ᠠᠬᠢᠪᠡ᠃ ᠠᠩᠬ᠎ᠠ ᠠᠯᠬᠤᠮ ᠤᠨ ᠪᠤᠳᠤᠯᠲᠠ ᠪᠠᠷ᠂ ᠪᠦᠬᠦ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 284.56 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠬᠠᠷᠢᠴᠠᠭᠤᠯᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠠᠴᠠ 7.9 % ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ 6.94 ᠳ᠋ᠦᠩᠰᠢᠭᠤᠷ ᠲᠦᠭᠦᠷᠢᠭ᠂ 3.8% ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 131.13 ᠳ᠋ᠦᠩᠰᠢᠭᠤᠷ ᠲᠦᠭᠦᠷᠢᠭ᠂ 8.9% ᠨᠡᠮᠡᠭᠳᠡᠵᠡᠢ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 146.49 ᠳ᠋ᠦᠩᠰᠢᠭᠤᠷ ᠲᠦᠭᠦᠷᠢᠭ᠂ 6.8% ᠨᠡᠮᠡᠭᠳᠡᠵᠡᠢ᠃ ᠠᠵᠤ ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠡᠢ᠃ ᠠᠵᠤ ᠦᠢᠯᠡᠰ ᠤᠨ ᠪᠦᠲᠦᠴᠡ ᠠᠴᠠ ᠦᠵᠡᠪᠡᠯ᠂ ᠭᠤᠷᠪᠠᠨ ᠠᠵᠤ ᠦᠢᠯᠡᠰ ᠤᠨ ᠬᠠᠷᠢᠴᠠᠯ ᠳᠡᠭᠡᠷ᠎ᠡ ᠵᠢᠯ ᠤᠨ 2.7᠄ 50.7᠄ 46.6 ᠠᠴᠠ 2.4᠄ 46.1᠄ 51.5 ᠪᠤᠯᠤᠨ ᠲᠤᠬᠢᠷᠠᠭᠤᠯᠤᠭᠳᠠᠵᠦ᠂ ᠨᠢᠭᠡ᠂ ᠬᠤᠶᠠᠳᠤᠭᠠᠷ ᠠᠵᠤ ᠦᠢᠯᠡᠰ ᠤᠨ ᠬᠠᠷᠢᠴᠠᠯ ᠲᠤᠰᠪᠤᠷᠢ 0.3 ᠪᠠ 4.6 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ ᠭᠤᠷᠪᠠᠳᠤᠭᠠᠷ ᠠᠵᠤ ᠦᠢᠯᠡᠰ ᠤᠨ ᠬᠠᠷᠢᠴᠠᠯ 4.9 ᠵᠠᠭᠤᠨ ᠤ ᠬᠤᠪᠢ ᠶᠢᠨ ᠴᠡᠭ ᠨᠡᠮᠡᠭᠳᠡᠵᠡᠢ︔ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠤᠶᠠᠳᠤᠭᠠᠷ ᠠᠵᠤ ᠦᠢᠯᠡᠰ 8.9% ᠬᠦᠷᠴᠦ᠂ ᠲᠤᠰᠪᠦᠷᠢ ᠨᠢᠭᠡ᠂ ᠭᠤᠷᠪᠠᠳᠤᠭᠠᠷ ᠠᠵᠤ ᠦᠢᠯᠡᠰ ᠠᠴᠠ 5.1 ᠪᠠ 2.1 ᠵᠠᠭᠤᠨ ᠤ ᠬᠤᠪᠢ ᠶᠢᠨ ᠴᠡᠭ ᠦᠨᠳᠦᠷ ᠪᠠᠶᠢᠵᠤ᠂ ᠭᠤᠷᠪᠠᠨ ᠶᠡᠭᠡ ᠠᠵᠤ ᠦᠢᠯᠡᠰ ᠤᠨ ᠲᠡᠷᠢᠭᠦᠨ ᠳᠤ ᠪᠠᠶᠢᠷᠢᠯᠠᠵᠠᠢ᠃ ᠬᠤᠪᠢ ᠨᠡᠮᠡᠷᠢ ᠶᠢᠨ ᠪᠠᠶᠢᠳᠠᠯ ᠠᠴᠠ ᠦᠵᠡᠪᠡᠯ᠂ ᠭᠤᠷᠪᠠᠨ ᠶᠡᠭᠡ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠲᠤᠰᠪᠦᠷᠢ 1% 、56% ᠪᠠ 43%᠂ ᠨᠢᠭᠡ᠂ ᠬᠤᠶᠠᠳᠤᠭᠠᠷ ᠠᠵᠤ ᠦᠢᠯᠡᠰ ᠳᠡᠭᠡᠷ᠎ᠡ ᠵᠢᠯ ᠠᠴᠠ ᠲᠤᠰᠪᠤᠷᠢ 0.1 ᠪᠠ 3.1 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ ᠭᠤᠷᠪᠠᠳᠤᠭᠠᠷ ᠠᠵᠤ ᠦᠢᠯᠡᠰ 3.2 ᠵᠠᠭᠤᠨ ᠤ ᠬᠤᠪᠢ ᠶᠢᠨ ᠴᠡᠭ ᠳᠡᠭᠡᠭᠰᠢᠯᠡᠵᠡᠢ︔ ᠠᠵᠤ ᠠᠬᠤᠢ ᠶᠢᠨ ᠨᠡᠮᠡᠭᠳᠡᠯ ᠢ ᠠᠬᠢᠭᠤᠯᠤᠭᠰᠠᠨ ᠪᠠᠶᠢᠳᠠᠯ ᠠᠴᠠ ᠦᠵᠡᠪᠡᠯ᠂ ᠭᠤᠷᠪᠠᠨ ᠠᠵᠤ ᠦᠢᠯᠡᠰ ᠲᠤᠰᠪᠦᠷᠢ 0.1᠂ 4.2 ᠪᠠ 3.3 ᠵᠠᠭᠤᠨ ᠤ ᠬᠤᠪᠢ ᠶᠢᠨ ᠴᠡᠭ ᠠᠬᠢᠭᠤᠯᠵᠠᠢ᠃ ᠬᠤᠶᠠᠷ᠂ ᠭᠤᠷᠪᠠᠳᠤᠭᠠᠷ ᠠᠵᠤ ᠦᠢᠯᠡᠰ ᠨᠢᠭᠡᠳᠦᠭᠡᠷ ᠠᠵᠤ ᠦᠢᠯᠡᠰ ᠠᠴᠠ ᠲᠤᠰᠪᠦᠷᠢ 4.1 ᠪᠠ 3.2 ᠵᠠᠭᠤᠨ ᠤ ᠬᠤᠪᠢ ᠶᠢᠨ ᠴᠡᠭ ᠦᠨᠳᠦᠷ᠃        ᠠᠵᠢᠯ ᠤᠯᠭᠤᠯᠳᠠ ᠶᠢᠨ ᠪᠠᠶᠢᠳᠠᠯ ᠠᠬᠢᠯᠲᠠ ᠲᠠᠢ᠃ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 6121 ᠬᠦᠮᠦᠨ᠂ ᠰᠢᠯᠵᠢᠭᠦᠯᠦᠭᠰᠡᠨ ᠪᠤᠶᠤ ᠪᠤᠯᠪᠠᠰᠤᠷᠠᠯ ᠬᠦᠷᠳᠡᠭᠡᠭᠰᠡᠨ ᠬᠦᠳᠡᠭᠡ ᠲᠤᠰᠬᠤᠨ ᠤ ᠬᠥᠳᠡᠯᠮᠦᠷᠢ ᠬᠦᠴᠦᠨ 1 ᠲᠦᠮᠡᠨ ᠬᠦᠮᠦᠨ ᠤᠳᠠᠭ᠎ᠠ᠂ ᠪᠤᠳᠠᠳᠠᠢ ᠴᠢᠳᠠᠪᠤᠷᠢ ᠶᠢᠨ ᠪᠤᠯᠪᠠᠰᠤᠷᠠᠯ ᠬᠦᠷᠳᠡᠭᠰᠡᠳ 3053 ᠬᠦᠮᠦᠨ᠂ ᠦᠢᠯᠡᠰ ᠪᠤᠰᠬᠠᠬᠤ ᠪᠤᠯᠪᠠᠰᠤᠷᠠᠯ ᠬᠦᠷᠳᠡᠭᠰᠡᠳ 476 ᠬᠦᠮᠦᠨ᠂ ᠦᠢᠯᠡᠰ ᠪᠤᠰᠬᠠᠬᠤ ᠪᠠᠷ ᠠᠵᠢᠯ ᠤᠯᠭᠤᠯᠲᠠ ᠶᠢ ᠠᠬᠢᠭᠤᠯᠤᠭᠰᠠᠳ 2380 ᠬᠦᠮᠦᠨ᠃ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ 500 ᠶᠢ ᠨᠡᠭᠡᠭᠡᠵᠦ᠂ 500 ᠠᠵᠢᠯ ᠤᠯᠬᠤ ᠳᠤ ᠬᠦᠴᠢᠷᠳᠡᠭᠰᠡᠳ ᠢ ᠲᠤᠬᠢᠷᠠᠭᠤᠯᠵᠠᠢ ᠃ ᠪᠠᠭ᠎ᠠ ᠲᠤᠭᠠᠨ ᠤ ᠪᠠᠳᠤᠯᠠᠨ ᠳᠠᠭᠠᠭᠠᠯᠳᠠ ᠶᠢᠨ ᠵᠢᠭᠡᠯᠡᠯᠭᠡ 1600 ᠲᠦᠮᠡᠨ ᠲᠦᠭᠦᠷᠢᠭ ᠲᠠᠷᠬᠠᠭᠠᠵᠠᠢ᠃ 1031 ᠠᠵᠢᠯ ᠠᠯᠳᠠᠭᠰᠠᠳ ᠲᠤ ᠲᠠᠬᠢᠨ ᠠᠵᠢᠯ ᠤᠯᠭᠤᠵᠤ᠂ 1747 ᠠᠵᠢᠯ ᠤᠯᠬᠤ ᠳᠤ ᠬᠦᠴᠢᠷᠳᠡᠭᠰᠡᠳ ᠲᠤ ᠲᠠᠬᠢᠨ ᠠᠵᠢᠯ ᠤᠯᠭᠤᠵᠠᠢ᠃ ᠬᠤᠲᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠭᠰᠠᠨ ᠨᠤᠷᠮ᠎ᠠ 3.05%᠃      ᠡᠳ᠋ ᠤᠨ ᠵᠠᠰᠠᠭ ᠤᠨ ᠤᠷᠤᠯᠭ᠎ᠠ ᠲᠤᠭᠳᠠᠭᠤᠨ ᠪᠠᠷ ᠨᠡᠮᠡᠭᠳᠡᠪᠡ᠃ ᠪᠦᠬᠦ ᠵᠢᠯ ᠤᠨ ᠭᠠᠵᠠᠷ ᠤᠷᠤᠨ ᠤ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 20.01 ᠳ᠋ᠦᠩᠰᠢᠭᠤᠷ ᠲᠦᠭᠦᠷᠢᠭ ᠢ ᠪᠠᠶᠠᠯᠡᠭᠦᠯᠵᠦ᠂ ᠳᠡᠭᠡᠷ᠎ᠡ ᠵᠢᠯ ᠠᠴᠠ 1.27 ᠳ᠋ᠦᠩᠰᠢᠭᠤᠷ ᠲᠦᠭᠦᠷᠢᠭ ᠨᠡᠮᠡᠭᠳᠡᠵᠦ᠂ 7% ᠨᠡᠮᠡᠭᠳᠡᠵᠡᠢ᠃ ᠳᠡᠭᠡᠭᠰᠢ ᠰᠢᠯᠵᠢᠭᠦᠯᠦᠭᠰᠡᠨ ᠲᠦᠪ ᠪᠠ ᠦᠪᠡᠷᠳᠡᠭᠡᠨ ᠵᠠᠰᠠᠬᠤ ᠤᠷᠤᠨ ᠤ ᠭᠠᠶᠢᠯᠢ ᠶᠢᠨ ᠤᠷᠤᠯᠭ᠎ᠠ 12.18 ᠳ᠋ᠦᠩᠰᠢᠭᠤᠷ ᠲᠦᠭᠦᠷᠢᠭ᠂ 2.5 % ᠨᠡᠮᠡᠭᠳᠡᠵᠡᠢ᠃ ᠪᠦᠬᠦ ᠵᠢᠯ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 26 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 2.83 ᠳ᠋ᠦᠩᠰᠢᠭᠤᠷ ᠲᠦᠭᠦᠷᠢᠭ ᠨᠡᠮᠡᠭᠳᠡᠵᠦ᠂ 12.2% ᠨᠡᠮᠡᠭᠳᠡᠵᠡᠢ᠃ ᠡᠭᠦᠨ ᠳᠤ᠂ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 1.68 ᠳ᠋ᠦᠩᠰᠢᠭᠤᠷ ᠲᠦᠭᠦᠷᠢᠭ᠂ 17.9% ᠳᠤᠷᠤᠭᠰᠢᠯᠠᠵᠠᠢ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 1.34 ᠳ᠋ᠦᠩᠰᠢᠭᠤᠷ ᠲᠦᠭᠦᠷᠢᠭ᠂ 12.1% ᠨᠡᠮᠡᠭᠳᠡᠵᠡᠢ︔ ᠰᠤᠷᠭᠠᠨ ᠬᠦᠮᠦᠵᠢᠯ ᠤᠨ ᠵᠠᠷᠤᠯᠭ᠎ᠠ 5.12 ᠳ᠋ᠦᠩᠰᠢᠭᠤᠷ ᠲᠦᠭᠦᠷᠢᠭ᠂ 6.8% ᠨᠡᠮᠡᠭᠳᠡᠵᠡᠢ︔ ᠰᠢᠨᠵᠢᠯᠡᠭᠡ ᠮᠡᠷᠭᠡᠵᠢᠯ ᠤᠨ ᠵᠠᠷᠤᠯᠭ᠎ᠠ 0. 23 ᠳ᠋ᠦᠩᠰᠢᠭᠤᠷ ᠲᠦᠭᠦᠷᠢᠭ᠂ 18.1% ᠨᠡᠮᠡᠭᠳᠡᠵᠡᠢ︔ ᠨᠡᠶᠢᠭᠡᠮ ᠤᠨ ᠪᠠᠳᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 3.42 ᠳ᠋ᠦᠩᠰᠢᠭᠤᠷ ᠲᠦᠭᠦᠷᠢᠭ᠂ 0.9% ᠨᠡᠮᠡᠭᠳᠡᠵᠡᠢ︔ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ 1.59 ᠳ᠋ᠦᠩᠰᠢᠭᠤᠷ ᠲᠦᠭᠦᠷᠢᠭ᠂ 46.4% ᠨᠡᠮᠡᠭᠳᠡᠵᠡᠢ︔ ᠬᠤᠲᠠ ᠪᠠᠯᠭᠠᠰᠤᠨ ᠤ ᠨᠡᠶᠢᠭᠡᠮ ᠲᠤᠭᠤᠷᠢᠭ ᠤᠨ ᠶᠠᠪᠤᠳᠠᠯ ᠤᠴᠢᠷ ᠤᠨ ᠵᠠᠷᠤᠯᠭ᠎ᠠ 5 ᠳ᠋ᠦᠩᠰᠢᠭᠤᠷ ᠲᠦᠭᠦᠷᠢᠭ᠂ 12.7 ᠲᠠᠬᠢᠨ ᠨᠡᠮᠡᠭᠳᠡᠵᠡᠢ︔ ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠲᠠ ᠤᠨ ᠶᠠᠪᠤᠳᠠᠯ ᠤᠨ ᠵᠠᠷᠤᠯᠭ᠎ᠠ 0.96 ᠳ᠋ᠦᠩᠰᠢᠭᠤᠷ ᠲᠦᠭᠦᠷᠢᠭ᠂ 8.4% ᠨᠡᠮᠡᠭᠳᠡᠵᠡᠢ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 1.2 ᠳ᠋ᠦᠩᠰᠢᠭᠤᠷ ᠲᠦᠭᠦᠷᠢᠭ᠂ 2.7 ᠳᠠᠬᠢᠨ ᠨᠡᠮᠡᠭᠳᠡᠵᠡᠢ︔ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 2. 69 ᠳ᠋ᠦᠩᠰᠢᠭᠤᠷ ᠲᠦᠭᠦᠷᠢᠭ᠂ 26.7% ᠨᠡᠮᠡᠭᠳᠡᠵᠡᠢ᠃         ᠬᠤᠶᠠᠷ᠂ ᠲᠠᠷᠢᠶᠠᠯᠠᠩ       ᠲᠠᠷᠢᠶᠠᠯᠠᠩ ᠤᠨ ᠦᠢᠯᠡᠳᠪᠦᠷᠢᠯᠡᠯ ᠳᠤᠭᠳᠠᠭᠤᠨ ᠪᠠᠷ ᠨᠡᠮᠡᠭᠳᠡᠪᠡ᠃ ᠪᠦᠬᠦ ᠲᠤᠭᠤᠷᠢᠭ ᠤᠨ ᠲᠡᠷᠢᠶᠡᠯᠡᠩ ᠤᠨ ᠲᠠᠷᠢᠮᠠᠯ ᠤᠨ ᠲᠠᠯᠠᠪᠠᠢ 11272 ᠾᠧᠺᠲ᠋ᠠᠷ᠂ ᠳᠡᠭᠡᠷ᠎ᠡ ᠵᠢᠯ ᠠᠴᠠ 1% ᠳᠤᠷᠤᠭᠰᠢᠯᠠᠵᠠᠢ᠃ ᠠᠵᠤ ᠠᠬᠤᠢ ᠶᠢᠨ ᠲᠠᠷᠢᠮᠠᠯ 1756 ᠾᠧᠺᠲ᠋ᠠᠷ᠂ ᠳᠡᠭᠡᠷ᠎ᠡ ᠵᠢᠯ ᠠᠴᠠ 4.9% ᠨᠡᠮᠡᠭᠳᠡᠵᠡᠢ︔ ᠪᠦᠬᠦ ᠲᠤᠭᠤᠷᠢᠭ ᠤᠨ ᠠᠮᠤ ᠪᠤᠳᠠᠭᠠᠨ ᠤ ᠭᠠᠷᠤᠯᠳᠠ 5.32 ᠲᠦᠮᠡᠨ ᠲᠤᠨ᠂ 0.5% ᠳᠤᠷᠤᠭᠰᠢᠯᠠᠵᠠᠢ᠃ ᠡᠭᠦᠨ ᠳᠤ᠂ ᠠᠮᠤ ᠪᠤᠳᠠᠭ᠎ᠠ 5.26 ᠲᠦᠮᠡᠨ ᠲᠤᠨ᠂ 1.1% ᠳᠤᠷᠤᠭᠰᠢᠯᠠᠵᠠᠢ︔ ᠪᠤᠷᠴᠠᠭ ᠤᠨ ᠵᠦᠢᠯ 618 ᠲᠤᠨ᠂ 94.3% ᠨᠡᠮᠡᠭᠳᠡᠵᠡᠢ᠃ ᠠᠵᠤ ᠠᠬᠤᠢ ᠶᠢᠨ ᠲᠠᠷᠢᠮᠠᠯ ᠤᠨ ᠭᠠᠷᠤᠯᠳᠠ ᠨᠡᠮᠡᠭᠳᠡᠯ ᠲᠠᠢ ᠮᠦᠷᠳᠡᠭᠡᠨ ᠬᠠᠰᠤᠭᠳᠠᠯ ᠲᠠᠢ᠂ ᠡᠭᠦᠨ ᠳᠤ᠂ ᠲᠤᠰᠤᠨ ᠤ ᠭᠠᠷᠤᠯᠳᠠ 518 ᠲᠤᠨ᠂ 5.6% ᠳᠤᠷᠤᠭᠰᠢᠯᠠᠵᠠᠢ︔ ᠢᠳᠡᠰᠢᠨ ᠨᠤᠭᠤᠭ᠎ᠠ 12.98 ᠲᠦᠮᠡᠨ ᠲᠤᠨ᠂ 5.1% ᠨᠡᠮᠡᠭᠳᠡᠵᠡᠢ︔ ᠭᠤᠸᠠ ᠶᠢᠨ ᠵᠦᠢᠯ 1232 ᠲᠤᠨ᠂ 5.5% ᠳᠤᠷᠤᠭᠰᠢᠯᠠᠵᠠᠢ᠃        ᠲᠦᠬᠦᠭᠦᠷᠦᠮᠵᠢ ᠶᠢᠨ ᠲᠠᠷᠢᠶᠠᠯᠠᠩ ᠲᠠᠰᠤᠷᠠᠯᠳᠠ ᠦᠭᠡᠢ ᠰᠠᠶᠢᠵᠢᠷᠠᠵᠠᠢ᠃ ᠪᠦᠬᠦ ᠲᠤᠭᠤᠷᠢᠭ ᠤᠨ ᠬᠤᠸᠠᠷ ᠴᠡᠴᠡᠭ᠂ ᠤᠨᠴᠠᠯᠢᠭᠳᠤ ᠵᠢᠮᠢᠰ ᠤᠨ ᠲᠠᠷᠢᠮᠠᠯ ᠤᠨ ᠲᠠᠯᠠᠪᠠᠢ 1257 ᠮᠦ︔ ᠲᠦᠬᠦᠭᠡᠷᠦᠮᠵᠢ ᠶᠢᠨ ᠲᠠᠷᠢᠶᠠᠯᠠᠩ ᠤᠨ ᠲᠠᠯᠠᠪᠠᠢ 1.66 ᠲᠦᠮᠡᠨ ᠮᠦ︔ 14.7 ᠲᠦᠮᠡᠨ ᠮᠦ ᠭᠠᠵᠠᠷ ᠢ ᠬᠡᠮᠵᠢᠨ ᠰᠢᠯᠭᠠᠵᠤ ᠵᠤᠷ ᠲᠤᠬᠢᠷᠠᠭᠤᠯᠤᠨ ᠪᠤᠷᠳᠤᠭᠤᠷ ᠤᠷᠤᠭᠤᠯᠬᠤ ᠮᠡᠷᠭᠡᠵᠢᠯ ᠢ ᠳᠠᠯᠭᠡᠷᠡᠭᠦᠯᠦᠨ ᠨᠠᠶᠢᠳᠡᠪᠦᠷᠢᠵᠢᠭᠤᠯᠪᠠ︔ ᠲᠠᠷᠢᠶᠠᠯᠠᠩ ᠤᠨ ᠮᠠᠰᠢᠨ ᠮᠧᠬᠠᠨᠢᠭ ᠬᠤᠳᠠᠯᠳᠤᠨ ᠠᠪᠬᠤ ᠨᠦᠬᠦᠪᠦᠷᠢ ᠮᠦᠩᠭᠦ 205 ᠲᠦᠮᠡᠨ ᠲᠦᠭᠦᠷᠢᠭ ᠢ ᠨᠡᠶᠢᠳᠡᠪᠦᠷᠢᠵᠢᠭᠤᠯᠵᠠᠢ︔ ᠮᠠᠰᠢᠨ ᠢᠶᠠᠷ ᠲᠠᠷᠢᠵᠤ ᠮᠠᠰᠢᠨ ᠢᠶᠠᠷ ᠬᠠᠭᠠᠯᠪᠦᠷᠢᠯᠠᠬᠤ ᠠᠵᠢᠯ ᠢ ᠲᠤᠰᠪᠦᠷᠢ 12 ᠲᠦᠮᠡᠨ ᠮᠦ᠂ 18 ᠲᠦᠮᠡᠨ ᠮᠦ ᠳᠤ ᠭᠦᠷᠭᠡᠵᠡᠢ︔ 5 ᠲᠦᠮᠡᠨ ᠮᠦ ᠭᠠᠵᠠᠷ ᠲᠤ ᠮᠧᠬᠠᠨᠢᠭ ᠢᠶᠠᠷ ᠭᠦᠨ ᠳᠠᠪᠬᠤᠷᠭ᠎ᠠ ᠳᠤ ᠪᠤᠷᠳᠤᠭᠤᠷ ᠤᠷᠤᠭᠤᠯᠬᠤ ᠶᠢ ᠪᠡᠶᠡᠯᠡᠭᠦᠯᠵᠡᠢ︔ 8 ᠲᠦᠮᠡᠨ ᠮᠦ ᠭᠠᠵᠠᠷ ᠲᠤ ᠮᠧᠬᠠᠨᠢᠭ ᠢᠶᠠᠷ ᠴᠦᠭᠡᠨ ᠬᠡᠮᠵᠢᠶᠡᠨ ᠤ ᠰᠢᠯᠢᠳᠡᠭ ᠦᠷ᠎ᠡ ᠪᠤᠶᠢᠵᠢᠭᠤᠯᠵᠠᠢ︔ ᠬᠠᠭᠠᠯᠪᠤᠷᠢᠯᠠᠬᠤ᠂ ᠪᠤᠶᠢᠵᠢᠭᠤᠯᠬᠤ᠂ ᠬᠤᠷᠢᠶᠠᠬᠤ ᠶᠡᠷᠦᠩᠬᠡᠶᠢᠯᠡᠭᠰᠡᠨ ᠮᠧᠬᠠᠨᠢᠭᠵᠢᠯᠳᠠ ᠶᠢᠨ ᠲᠦᠪᠰᠢᠨ 59.5% ᠬᠦᠷᠴᠦ᠂ ᠳᠡᠭᠡᠷ᠎ᠡ ᠵᠢᠯ ᠠᠴᠠ 2.8 ᠵᠠᠭᠤᠨ ᠤ ᠬᠤᠪᠢ ᠶᠢᠨ ᠴᠡᠭ ᠨᠡᠮᠡᠭᠳᠡᠵᠡᠢ᠃ ᠪᠦᠬᠦ ᠲᠤᠭᠤᠷᠢᠭ ᠤᠨ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠭᠴᠢ ᠬᠦᠴᠦ 9.3 ᠲᠦᠮᠡᠨ ᠺᠢᠯᠤᠸᠠᠲ᠂ ᠳᠡᠭᠡᠷ᠎ᠡ ᠵᠢᠯ ᠠᠴᠠ 3.3% ᠨᠡᠮᠡᠭᠳᠡᠵᠡᠢ᠃      ᠲᠠᠷᠢᠶᠠᠯᠠᠩ ᠤᠨ ᠠᠵᠦ ᠦᠢᠯᠡᠰᠵᠢᠯᠲᠡ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠡᠢ᠃ ᠲᠤᠯᠤᠭᠠᠶᠢᠯᠠᠭᠴᠢ ᠠᠵᠤ ᠠᠬᠤᠶᠢᠯᠠᠯ ᠦᠳᠲᠡᠷ ᠲᠦᠷᠭᠡᠨ ᠬᠦᠭᠵᠢᠵᠦ᠂ ᠤᠳᠤᠬᠠᠨ ᠳᠤ ᠪᠦᠬᠦ ᠲᠤᠭᠤᠷᠢᠭ ᠲᠤ 91 ᠲᠤᠯᠤᠭᠠᠶᠢᠯᠠᠭᠴᠢ ᠠᠵᠤ ᠠᠬᠤᠶᠢᠯᠠᠯ ᠪᠠᠶᠢᠵᠤ᠂ ᠡᠭᠦᠨ ᠳᠤ ᠦᠪᠡᠷᠳᠡᠭᠡᠨ ᠵᠠᠰᠠᠬᠤ ᠤᠷᠤᠨ ᠤ ᠳᠡᠰ ᠤᠨ 17 ᠠᠵᠤ ᠠᠬᠤᠶᠢᠯᠠᠯ᠂ ᠬᠤᠲᠠ ᠶᠢᠨ ᠳᠡᠰ ᠤᠨ 10 ᠠᠵᠤ ᠠᠬᠤᠶᠢᠯᠠᠯ ᠪᠤᠢ᠃ ᠡᠭᠦᠨ ᠳᠤ᠂ 66 ᠪᠤᠯᠪᠠᠰᠤᠷᠠᠭᠤᠯᠬᠤ ᠮᠠᠶ᠋ᠢᠭ ᠤᠨ ᠲᠤᠯᠤᠭᠠᠶᠢᠯᠠᠭᠴᠢ ᠠᠵᠤ ᠠᠬᠤᠶᠢᠯᠠᠯ᠂ 19 ᠭᠦᠢᠯᠭᠡᠭᠡᠨ ᠤ ᠮᠠᠶ᠋ᠢᠭ ᠤᠨ ᠠᠵᠤ ᠠᠬᠤᠶᠢᠯᠠᠯ᠂ 3 ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ 3 ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ ᠪᠠᠶᠢᠵᠤ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠲᠦᠷᠦᠯ ᠵᠦᠢᠯ ᠢ ᠪᠦᠷᠢᠯᠳᠦᠭᠦᠯᠵᠦ᠂ ᠡᠷᠭᠢᠨ ᠲᠤᠭᠤᠷᠢᠨ ᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠦ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠤᠨ ᠪᠦᠯᠦᠭᠯᠡᠯ ᠢ ᠳᠠᠶᠢᠴᠢᠯᠡᠨ ᠳᠠᠭᠠᠭᠤᠯᠪᠠ᠃         ᠮᠠᠯ ᠠᠵᠤ ᠠᠬᠤᠢ ᠶᠢᠨ ᠦᠢᠯᠡᠳᠪᠦᠷᠢᠯᠡᠯ ᠪᠠᠭ᠎ᠠ ᠪᠠᠭᠤᠷᠠᠯᠲᠠ ᠲᠠᠢ᠃ ᠮᠠᠯᠵᠢᠯ ᠤᠨ ᠤᠯᠠᠷᠢᠯ ︵ 6 ᠰᠠᠷ᠎ᠠ ᠶᠢᠨ ᠰᠡᠭᠦᠯᠴᠢ︶ ᠤᠨ ᠮᠠᠯ ᠤᠨ ᠵᠤᠭᠰᠤᠭ᠎ᠠ ᠲᠤᠭ᠎ᠠ 7.72 ᠲᠦᠮᠡᠨ ᠲᠤᠯᠤᠭᠠᠢ ᠪᠠᠶᠢᠵᠤ᠂ ᠳᠡᠭᠡᠷ᠎ᠡ ᠵᠢᠯ ᠠᠴᠠ 36.8% ᠪᠠᠭᠠᠰᠪᠠ᠃ ᠡᠭᠦᠨ ᠳᠤ᠂ ᠪᠤᠳᠠ ᠮᠠᠯ 1.29 ᠲᠦᠮᠡᠨ ᠲᠤᠯᠤᠭᠠᠢ᠂ 72.8% ᠳᠤᠷᠤᠭᠰᠢᠯᠠᠵᠠᠢ︔ ᠪᠤᠭ ᠮᠠᠯ 4.42 ᠲᠦᠮᠡᠨ ᠲᠤᠯᠤᠭᠠᠢ᠂ 27.2% ᠨᠡᠮᠡᠭᠳᠡᠵᠡᠢ︔ ᠭᠠᠭ᠋ᠠᠢ 2.01 ᠲᠦᠮᠡᠨ ᠲᠤᠯᠤᠭᠠᠢ᠂ 49.8% ᠪᠠᠭᠠᠰᠴᠠᠢ᠃       ᠤᠢ ᠰᠢᠭᠤᠢ ᠶᠢᠨ ᠦᠢᠯᠡᠳᠪᠦᠷᠢᠯᠡᠯ ᠲᠤᠭᠳᠠᠭᠤᠨ ᠬᠦᠭᠵᠢᠯᠳᠡ ᠲᠠᠢ᠃ ᠪᠦᠬᠦ ᠵᠢᠯ ᠳᠤ 4200 ᠮᠦ ᠤᠶᠢᠵᠢᠭᠤᠯᠵᠤ᠂ ᠭᠤᠤᠯᠳᠠᠯᠭ᠎ᠠ ᠲᠠᠢ ᠤᠷᠤᠨ ᠭᠦᠷᠢᠶᠡᠨ ᠤ ᠨᠤᠭᠤᠭᠠᠷᠠᠭᠤᠯᠤᠯᠳᠠ ᠶᠢᠨ ᠲᠠᠯᠠᠪᠠᠢ 2884 ᠮᠦ᠂ ᠠᠯᠪᠠᠨ ᠵᠢᠷᠦᠮ ᠢᠶᠠᠷ 10 ᠲᠦᠮᠡᠨ ᠰᠠᠭᠤᠷᠢ ᠮᠤᠳᠤ ᠲᠠᠷᠢᠬᠤ ᠶᠢ ᠪᠠᠶᠠᠯᠡᠭᠦᠯᠵᠦ᠂ ᠬᠠᠵᠠᠭᠤ ᠬᠠᠪᠢᠷᠭ᠎ᠠ ᠶᠢᠨ ᠮᠤᠳᠤ 6 ᠲᠦᠮᠡᠨ ᠰᠠᠭᠤᠷᠢ ᠤᠶᠢᠵᠢᠭᠤᠯᠵᠤ᠂ ᠰᠢᠨ᠎ᠡ ᠪᠠᠷ ᠴᠢᠬᠢ ᠪᠤᠶᠢᠵᠢᠭᠤᠯᠤᠭᠰᠠᠨ ᠲᠠᠯᠠᠪᠠᠢ 200 ᠮᠦ᠂ 4200 ᠮᠦ ᠤᠷᠭᠤᠮᠡᠯ ᠤᠨ ᠪᠦᠷᠭᠦᠴᠡ ᠶᠢ ᠰᠡᠷᠭᠦᠭᠡᠨ ᠤᠶᠢᠵᠢᠭᠤᠯᠵᠤ᠂ ᠠᠵᠤ ᠠᠬᠤᠢ ᠶᠢᠨ ᠤᠢ 300 ᠮᠦ ᠤᠶᠢᠵᠢᠭᠤᠯᠵᠠᠢ᠃ ᠤᠢ ᠰᠢᠭᠤᠢ ᠶᠢᠨ ᠪᠦᠷᠭᠦᠴᠡ ᠶᠢᠨ ᠨᠤᠷᠮ᠎ᠠ 30.7% ᠬᠦᠷᠴᠦ᠂ ᠪᠦᠳᠦᠭᠡᠨ ᠪᠠᠶᠢᠭᠤᠯᠤᠭᠰᠠᠨ ᠤᠷᠤᠨ ᠤ ᠨᠤᠭᠤᠭᠠᠷᠠᠭᠤᠯᠤᠯᠳᠠ ᠶᠢᠨ ᠪᠦᠷᠭᠦᠴᠡ ᠶᠢᠨ ᠨᠤᠷᠮ᠎ᠡ 38.86%᠃ ᠪᠦᠬᠦ ᠲᠤᠭᠤᠷᠢᠭ ᠤᠨ ᠬᠤᠷᠤᠬᠠᠢ ᠰᠢᠪᠡᠵᠢ  ᠶᠢᠨ ᠡᠭᠦᠰᠭᠡᠭᠰᠡᠨ ᠤᠢ ᠰᠢᠭᠤᠢ ᠶᠢᠨ ᠡᠪᠡᠳᠴᠢᠨ ᠤ ᠬᠢᠨᠡᠨ ᠬᠡᠮᠵᠢᠭᠰᠡᠨ ᠲᠠᠯᠠᠪᠠᠢ 1.2 ᠲᠦᠮᠡᠨ ᠮᠦ ᠳᠤ ᠭᠦᠷᠴᠦ᠂ ᠰᠡᠷᠭᠡᠶᠢᠯᠡᠨ ᠵᠠᠰᠠᠭᠰᠠᠨ ᠨᠤᠷᠮ᠎ᠠ ᠡᠵᠡᠮᠳᠡᠭᠰᠡᠨ ᠨᠤᠷᠮ᠎ᠠ ᠪᠦᠷ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃         ᠭᠤᠷᠪᠠ᠂ ᠠᠵᠤ ᠦᠢᠯᠡᠳᠪᠦᠷᠢ ᠪᠤᠯᠤᠨ ᠪᠠᠷᠢᠯᠭ᠎ᠠ ᠶᠢᠨ ᠦᠢᠯᠡᠰ      ᠠᠵᠤ ᠦᠢᠯᠡᠳᠪᠦᠷᠢ ᠶᠢᠨ ᠦᠢᠯᠡᠳᠪᠦᠷᠢᠯᠡᠯ ᠲᠤᠭᠳᠠᠭᠤᠨ ᠨᠡᠮᠡᠭᠳᠡᠯ ᠲᠠᠢ᠃ ᠪᠦᠬᠦ ᠵᠢᠯ ᠳᠤ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 114.82 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 8% ᠨᠡᠮᠡᠭᠳᠡᠵᠡᠢ᠃ ᠡᠭᠦᠨ ᠳᠤ᠂ ᠬᠡᠪᠴᠢᠶᠡᠵᠢᠯ ᠠᠴᠠ ᠳᠠᠭᠡᠭᠰᠢᠬᠢ ᠠᠵᠤ ᠦᠢᠯᠡᠳᠪᠦᠷᠢ ᠤᠨ ︵ᠵᠢᠯ ᠤᠨ ᠡᠵᠡᠩᠨᠡᠯᠳᠡ ᠶᠢᠨ ᠤᠷᠤᠯᠭ᠎ᠠ 2000 ᠲᠦᠮᠡᠨ ᠲᠦᠭᠦᠷᠢᠭ ᠠᠴᠠ ᠲᠡᠭᠡᠭᠰᠢ ᠬᠠᠤᠯᠢ ᠶᠢᠨ ᠡᠷᠬᠡᠳᠡᠨ ᠠᠵᠤ ᠦᠢᠯᠡᠳᠪᠦᠷᠢ ᠶᠢᠨ ᠠᠵᠤ ᠠᠬᠤᠶᠢᠯᠠᠯ︶ ᠨᠡᠮᠡᠭᠳᠡᠯ ᠦᠷᠳᠡᠭ 8.5% ᠨᠡᠮᠡᠭᠳᠡᠵᠡᠢ︔ ᠪᠦᠬᠦ ᠵᠢᠯ ᠤᠨ76 ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠶᠡᠷᠦᠩᠬᠡᠢ ᠦᠷᠳᠡᠭ 374.21 ᠳ᠋ᠦᠩᠰᠢᠭᠤᠷ ᠲᠦᠭᠦᠷᠢᠭ᠂ 6.9% ᠨᠡᠮᠡᠭᠳᠡᠵᠡᠢ᠃ ᠠᠵᠤ ᠠᠬᠤᠶᠢᠯᠠᠯ ᠤᠨ ᠬᠡᠪᠴᠢᠶ᠎ᠡ ᠪᠠᠷ ᠬᠤᠪᠢᠶᠠᠪᠠᠯ᠂ ᠲᠤᠮᠤ ᠲᠤᠮᠳᠠ ᠬᠡᠯᠪᠡᠷᠢ ᠶᠢᠨ ᠠᠵᠤ ᠦᠢᠯᠡᠳᠪᠦᠷᠢ 6.8% ᠨᠡᠮᠡᠭᠳᠡᠵᠡᠢ︔ ᠠᠵᠤ ᠠᠬᠤᠶᠢᠯᠠᠯ ᠤᠨ ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠪᠠᠯ᠂ ᠤᠯᠤᠰ ᠤᠨ ᠦᠮᠴᠢᠯᠡᠯᠳᠦ ᠠᠵᠤ ᠠᠬᠤᠶᠢᠯᠠᠯ 1.1% ᠨᠡᠮᠡᠭᠳᠡᠵᠦ᠂ ᠪᠤᠰᠤᠳ ᠲᠦᠷᠦᠯ ᠤᠨ ᠠᠵᠤ ᠠᠬᠤᠶᠢᠯᠠᠯ 10.5% ᠨᠡᠮᠡᠭᠳᠡᠵᠡᠢ︔ ᠬᠦᠨᠳᠦ ᠬᠦᠩᠭᠡᠨ‌ᠠᠵᠤ ᠦᠢᠯᠡᠳᠪᠦᠷᠢ ᠪᠠᠷ ᠬᠤᠪᠢᠶᠠᠪᠠᠯ᠂ ᠬᠦᠩᠭᠡᠨ ᠠᠵᠤ ᠦᠢᠯᠡᠳᠪᠦᠷᠢ 4.5% ᠪᠠᠭᠠᠰᠴᠤ᠂ ᠬᠦᠨᠳᠦ ᠠᠵᠤ ᠦᠢᠯᠡᠳᠪᠦᠷᠢ 7.2% ᠪᠠᠭᠠᠰᠴᠠᠢ᠃ ᠭᠤᠤᠯ ᠨᠡᠮᠡᠭᠳᠡᠯ ᠤᠨ ᠡᠯᠧᠮᠧᠨ᠋ᠲ ᠠᠴᠠ ᠦᠵᠡᠪᠡᠯ ᠂ ᠭᠤᠤᠯᠳᠠᠯᠭ᠎ᠠ ᠲᠠᠢ ᠠᠵᠤ ᠦᠢᠢᠯᠡᠰ ᠨᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠡᠨ ᠳᠠᠭᠠᠭᠤᠯᠬᠤ ᠭᠤᠤᠯ ᠬᠦᠴᠦᠨ ᠵᠦᠢᠯ ᠪᠤᠯᠵᠠᠢ᠃ ᠡᠭᠦᠨ ᠳᠤ ᠲᠡᠮᠦᠷᠯᠢᠭ ᠪᠤᠯᠪᠠᠰᠤᠷᠠᠭᠤᠯᠬᠤ ᠦᠢᠯᠡᠰ ᠤᠨ ᠦᠢᠯᠡᠳᠪᠦᠷᠢᠯᠡᠯ ᠤᠨ ᠦᠷᠳᠡᠭ 251.83 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 9.6% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠶᠡᠷᠦᠩᠬᠡᠢ ᠦᠷᠳᠡᠭ ᠤᠨ 67.3 % ᠶᠢ ᠡᠵᠡᠯᠡᠨ᠎ᠡ᠃        ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠷᠤᠯᠲᠠ ᠪᠤᠷᠤᠯᠠᠭᠤᠯᠭ᠎ᠠ ᠶᠢᠨ ᠵᠤᠯᠭᠠᠯᠲᠠ ᠨᠡᠯᠢᠶᠡᠳ ᠰᠠᠶᠢᠨ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠦᠲᠦᠭᠡᠭᠳᠡᠭᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠪᠦᠬᠦ ᠲᠤᠭᠤᠷᠢᠭ ᠤᠨ ᠬᠦᠬᠦᠷ ᠬᠦᠴᠢᠯ ᠤᠨ ᠭᠠᠷᠤᠯᠲᠠ 87.89 ᠲᠦᠮᠡᠨ ᠲᠤᠨ᠂ 12.1% ᠨᠡᠮᠡᠭᠳᠡᠵᠡᠢ︔ ᠠᠷᠪᠠᠨ ᠵᠦᠢᠯ ᠤᠨ ᠦᠩᠭᠡᠲᠦ ᠲᠡᠮᠦᠷᠯᠢᠭ ᠤᠨ ᠭᠠᠷᠤᠯᠲᠠ 35.61 ᠲᠦᠮᠡᠨ ᠲᠤᠨ᠂ 42.8% ᠨᠡᠮᠡᠭᠳᠡᠵᠡᠢ︔ ᠪᠤᠯᠤᠳ ᠮᠠᠲ᠋ᠧᠷᠢᠶᠠᠯ 262.84 ᠲᠦᠮᠡᠨ ᠲᠤᠨ᠂ 16% ᠨᠡᠮᠡᠭᠳᠡᠵᠡᠢ᠃ ᠡᠭᠦᠨ ᠳᠤ᠂ ᠤᠲᠠᠰᠤᠯᠢᠭ ᠮᠠᠲ᠋ᠧᠷᠢᠶᠠᠯ 149.66 ᠲᠦᠮᠡᠨ ᠲᠤᠨ᠂ 14.9% ᠨᠡᠮᠡᠭᠳᠡᠵᠡᠢ︔ ᠱᠦᠢᠨᠢ 11.07% ᠪᠠᠭᠠᠰᠴᠠᠢ᠃ ᠪᠤᠰᠤᠳ ᠭᠤᠤᠯ ᠠᠵᠤ ᠦᠢᠯᠡᠳᠪᠦᠷᠢ ᠶᠢᠨ ᠪᠦᠲᠦᠭᠡᠭᠳᠡᠭᠦᠨ ᠤ ᠭᠠᠷᠤᠯᠲᠠ ᠠᠳᠠᠯᠢ ᠪᠤᠰᠤ ᠬᠡᠮᠵᠢᠶᠡᠨ ᠤ ᠨᠡᠮᠡᠭᠳᠡᠯ ᠪᠠ ᠬᠤᠷᠤᠭᠳᠠᠯ ᠲᠠᠢ᠃ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠦᠲᠦᠭᠡᠭᠳᠡᠭᠦᠨ ᠤ ᠭᠠᠷᠤᠯᠲᠠ ᠶᠢᠨ ᠨᠤᠷᠮ᠎ᠠ 98.5%᠂ ᠳᠡᠭᠡᠷ᠎ᠡ ᠵᠢᠯ ᠠᠴᠠ 1.1 ᠵᠠᠭᠤᠨ ᠤ ᠬᠤᠪᠢ ᠶᠢᠨ ᠴᠡᠭ ᠪᠠᠭᠠᠰᠴᠠᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号