| ᠬᠤᠶᠠᠷ᠂ 2016 ᠤᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠦᠰᠦᠪ ᠤᠨ | ᠲᠤᠬᠢᠷᠠᠭᠤᠯᠭ᠎ᠠ ᠶᠢᠨ ᠪᠠᠶᠢᠳᠠᠯ | | 2016 ᠤᠨ ᠤ ᠡᠳ᠋ ᠤᠨ ᠵᠠᠰᠠᠭ ᠤᠨ ᠲᠦᠰᠦᠪ ᠢ ᠨᠠᠶᠢᠷᠠᠭᠤᠯᠤᠭᠰᠠᠨ ᠵᠢᠯᠤᠭᠤᠳᠬᠤ ᠦᠵᠡᠯ ᠰᠠᠨᠠᠭ᠎ᠠ | ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠭᠤᠷᠪᠠᠳᠤᠭᠠᠷ᠂ | ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ | ᠲᠤᠤᠱᠯᠠᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠷ | ᠤᠳᠤᠷᠢᠳᠤᠭᠤᠯᠵᠤ᠂ ᠰᠢᠨ᠎ᠡ ᠶᠢ ᠡᠭᠦᠳᠬᠦ᠂ ᠡᠶ᠎ᠡ ᠵᠤᠬᠢᠴᠠᠯᠲᠤ᠂ ᠪᠤᠬᠢᠷᠳᠦᠯ ᠦᠭᠡᠢ᠂ ᠨᠡᠭᠡᠭᠡᠯᠲᠡᠲᠦ᠂ ᠬᠠᠮᠲᠤᠪᠠᠷ | ᠡᠳ᠋ᠯᠡᠬᠦ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤᠵᠢᠭᠤᠯᠤᠨ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠠᠵᠢᠯ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠡᠳ᠋ ᠤᠨ ᠵᠠᠰᠠᠭ ᠤᠨ ᠲᠦᠰᠦᠪ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠢᠯᠡ᠂ ᠲᠤᠳᠤ᠂ ᠳᠦᠷᠢᠮᠵᠢᠭᠦᠨ᠂ ᠪᠦᠷᠢᠨ ᠲᠡᠭᠦᠯᠳᠡᠷ ᠲᠦᠰᠦᠪ ᠤᠨ | ᠳᠦᠷᠢᠮ ᠢ ᠠᠭᠠᠵᠢᠮ ᠢᠶᠠᠷ ᠪᠠᠶᠢᠭᠤᠯᠤᠨ᠎ᠠ︔ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ | ︽ᠭᠤᠷᠪᠠ ᠶᠢ ᠪᠠᠲᠤᠯᠠᠭᠰᠠᠨ︾ ᠵᠠᠷᠤᠯᠭ᠎ᠠ ᠶᠢ ᠪᠠᠲᠤᠯᠠᠵᠤ᠂ ᠡᠩ ᠤᠨ ᠵᠠᠷᠤᠯᠭ᠎ᠠ ᠶᠢ ᠴᠢᠩᠭ᠎ᠠ ᠡᠵᠡᠮᠳᠡᠨ᠂ ᠴᠢᠬᠤᠯᠠ | ᠬᠦᠷᠢᠶ᠎ᠡ ᠬᠡᠪᠴᠢᠶ᠎ᠡ ᠤᠨᠴᠠᠭᠠᠶᠢᠯᠠᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠱᠠᠭᠠᠷᠳᠠᠯᠭ᠎ᠠ ᠶᠢ ᠪᠠᠲᠤᠯᠠᠨ᠎ᠠ︔ | ᠡᠳ᠋ ᠤᠨ ᠵᠠᠰᠠᠭ ᠤᠨ ᠬᠢᠨᠡᠨ ᠬᠠᠮᠢᠶᠠᠷᠤᠯᠲᠠ ᠶᠢ ᠴᠢᠩᠭᠠᠳᠬᠠᠨ᠂ ᠲᠦᠰᠦᠪ ᠤᠨ ᠪᠦᠲᠦᠮᠵᠢ ᠶᠢᠨ ᠦᠨᠡᠯᠡᠯᠲᠡ ᠶᠢ | ᠠᠬᠢᠭᠤᠯᠵᠤ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠯᠲᠡ ᠶᠢᠨ ᠪᠦᠲᠦᠮᠵᠢ ᠶᠢ ᠳᠡᠭᠡᠭᠰᠢᠯᠡᠭᠦᠯᠦᠨ᠂ ᠬᠤᠩ | ᠱᠠᠨ ᠲᠤᠭᠤᠷᠢᠭ ᠢᠶᠠᠨ ᠤᠯᠠᠭᠠᠨᠬᠠᠳᠠ ᠬᠤᠲᠠ ᠶᠢᠨ ᠠᠵᠤ ᠠᠬᠤᠢ ᠦᠷᠨᠢᠨ ᠬᠦᠭᠵᠢᠭᠰᠡᠨ᠂ ᠠᠮᠢ ᠠᠬᠤᠢ ᠶᠢᠨ | ᠲᠤᠬᠢᠯᠢᠭ ᠰᠠᠭᠤᠴᠠ᠂ ᠪᠤᠯᠪᠠᠰᠤᠨ ᠡᠶ᠎ᠡ ᠵᠤᠬᠢᠴᠠᠯᠲᠤ ᠬᠠᠮᠤᠭ ᠤᠨ ᠰᠠᠶᠢᠬᠠᠨ ᠭᠠᠵᠠᠷ ᠪᠤᠯᠭᠠᠬᠤ ᠳᠤ ᠭᠦᠴᠦᠲᠡᠢ | ᠪᠠᠲᠤᠯᠠᠭ᠎ᠠ ᠬᠠᠩᠭᠠᠨ᠎ᠠ᠃ | ᠳᠡᠭᠡᠷᠡᠬᠢ ᠵᠢᠯᠤᠭᠤᠳᠬᠤ ᠦᠵᠡᠯ ᠰᠠᠨᠠᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠪᠣᠳᠠᠲᠠᠢ ᠲᠠᠢ ᠤᠶᠠᠯᠳᠤᠭᠤᠯᠤᠨ᠂ 2016 ᠤᠨ ᠤ ᠡᠳ᠋ ᠤᠨ ᠵᠠᠰᠠᠭ ᠤᠨ ᠤᠷᠤᠯᠭ᠎ᠠ | ᠵᠠᠷᠤᠯᠭ᠎ᠠ ᠶᠢᠨ ᠲᠦᠰᠦᠪ ᠤᠨ ᠲᠦᠰᠦᠯ ᠢ ᠨᠠᠶᠢᠷᠠᠭᠤᠯᠪᠠ᠃ | 2016 ᠤᠨ ᠤ ᠡᠳ᠋ ᠤᠨ ᠵᠠᠰᠠᠭ ᠤᠨ ᠤᠷᠤᠯᠭ᠎ᠠ ᠶᠢᠨ ᠲᠦᠰᠦᠪ ᠤᠨ ᠲᠤᠬᠢᠷᠠᠭᠤᠯᠭ᠎ᠠ ᠨᠡᠶᠢᠲᠡ 368536 | ᠲᠦᠮᠡᠨ ᠲᠦᠭᠦᠷᠢᠭ᠂ ᠵᠠᠷᠤᠯᠭ᠎ᠠ ᠶᠢᠨ ᠲᠦᠰᠦᠪ ᠨᠡᠶᠢᠲᠡ3652255 ᠲᠦᠮᠡᠨ ᠲᠦᠭᠦᠷᠢᠭ᠃ | ︵ᠨᠢᠭᠡ︶ 2016 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ | ᠲᠤᠬᠢᠷᠠᠭᠤᠯᠭ᠎ᠠ | 1. ᠡᠩ ᠤᠨ ᠤᠯᠠᠨ ᠨᠡᠶᠢᠲᠡ ᠶᠢᠨ ᠤᠷᠤᠯᠭ᠎ᠠ ᠶᠢᠨ ᠲᠦᠰᠦᠪ | 2016 ᠤᠨ ᠤ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠤᠷᠤᠯᠭ᠎ᠠ ᠶᠢᠨ ᠲᠦᠰᠦᠪ ᠤᠨ | ᠡᠭᠦᠷᠭᠡ ᠪᠤᠯ 231335 ᠲᠦᠮᠡᠨ ᠲᠦᠭᠦᠷᠢᠭ᠂ ᠳᠡᠭᠡᠷ᠎ᠡ ᠵᠢᠯ ᠠᠴᠠ 15135 ᠲᠦᠮᠡᠨ ᠲᠦᠭᠦᠷᠢᠭ | ᠨᠡᠮᠡᠭᠳᠡᠭᠦᠯᠦᠨ᠂ 7% ᠨᠡᠮᠡᠭᠳᠡᠭᠦᠯᠦᠨ᠎ᠡ᠃ ᠡᠭᠦᠨ ᠳᠤ᠄ ᠭᠠᠶᠢᠯᠢ ᠶᠢᠨ ᠤᠷᠤᠯᠭ᠎ᠠ 201335 ᠲᠦᠮᠡᠨ ᠲᠦᠭᠦᠷᠢᠭ᠂ | ᠭᠠᠶᠢᠯᠢ ᠶᠢᠨ ᠪᠤᠰᠤ ᠤᠷᠤᠯᠭ᠎ᠠ 30000 ᠲᠦᠮᠡᠨ ᠲᠦᠭᠦᠷᠢᠭ᠃ | 2. ᠡᠩ ᠤᠨ ᠤᠯᠠᠨ ᠨᠡᠶᠢᠲᠡ ᠶᠢᠨ ᠵᠠᠷᠤᠯᠭ᠎ᠠ ᠶᠢᠨ ᠲᠦᠰᠦᠪ | 2016 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠪᠤᠯᠤᠨ ᠡᠳ᠋ ᠤᠨ ᠵᠠᠰᠠᠭ ᠤᠨ | ᠪᠠᠶᠢᠭᠤᠯᠤᠯ ᠤᠨ ᠲᠦᠰᠦᠭᠡᠯᠡᠨ ᠪᠤᠳᠤᠯᠲᠠ ᠶᠢ ᠦᠨᠳᠦᠰᠦᠯᠡᠪᠡᠯ᠂ 2016 ᠤᠨ ᠤ ᠪᠦᠬᠦ ᠲᠤᠭᠤᠷᠢᠭ ᠤᠨ ᠡᠩ ᠤᠨ | ᠤᠯᠠᠨ ᠨᠡᠶᠢᠲᠡ ᠶᠢᠨ ᠲᠦᠰᠦᠪ ᠠᠰᠢᠭᠯᠠᠵᠤ ᠪᠣᠯᠬᠤ ᠪᠡᠯᠡ ᠮᠦᠩᠭᠦ 208000 ᠲᠦᠮᠡᠨ ᠲᠦᠭᠦᠷᠢᠭ᠃ ᠡᠭᠦᠨ ᠳᠤ | ᠄ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 231335 ᠲᠦᠮᠡᠨ ᠲᠦᠭᠦᠷᠢᠭ᠂ ᠳᠡᠭᠡᠷ᠎ᠡ ᠱᠠᠲᠤᠨ ᠤ | ᠨᠦᠬᠦᠪᠦᠷᠢ ᠶᠢᠨ ᠤᠷᠤᠯᠭ᠎ᠠ 82115 ᠲᠦᠮᠡᠨ ᠲᠦᠭᠦᠷᠢᠭ︔ ᠳᠡᠭᠡᠷ᠎ᠡ ᠵᠢᠯ ᠤᠨ ᠦᠯᠡᠳᠡᠪᠦᠷᠢ 20800 ᠲᠦᠮᠡᠨ | ᠲᠦᠭᠦᠷᠢᠭ︔ ᠳᠡᠭᠡᠷ᠎ᠡ ᠱᠠᠲᠤᠨ ᠳᠤ ᠳᠡᠭᠡᠭᠰᠢ ᠳᠤᠰᠢᠶᠠᠭᠰᠠᠨ ᠪᠡᠯᠡ ᠮᠦᠩᠭᠦ 114250 ᠲᠦᠮᠡᠨ ᠲᠦᠭᠦᠷᠢᠭ ᠪᠠ | ᠭᠠᠵᠠᠷ ᠤᠷᠤᠨ ᠤ ᠵᠠᠰᠠᠭ ᠤᠨ ᠤᠷᠳᠤᠨ ᠦᠷᠢ ᠦᠭᠴᠡᠭᠡᠨ ᠤ ᠵᠠᠷᠤᠯᠭ᠎ᠠ 12000 ᠲᠦᠮᠡᠨ ᠲᠦᠭᠦᠷᠢᠭ᠂ ᠪᠤᠳᠠᠲᠠᠢ | ᠠᠰᠢᠭᠯᠠᠵᠤ ᠪᠤᠯᠬᠤᠶᠢᠴᠠ ᠪᠡᠯᠡ ᠮᠦᠩᠭᠦ 208000 ᠲᠦᠮᠡᠨ ᠲᠦᠭᠦᠷᠢᠭ︔ ᠤᠷᠤᠯᠭ᠎ᠠ ᠵᠠᠷᠤᠯᠭ᠎ᠠ ᠶᠢᠨ | ᠲᠡᠩᠴᠡᠭᠦᠷᠢ ᠶᠢᠨ ᠵᠠᠷᠴᠢᠮ ᠢ ᠦᠨᠳᠦᠰᠦᠯᠡᠨ᠂ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠦᠪ ᠢ 20800 ᠲᠦᠮᠡᠨ | ᠲᠦᠭᠦᠷᠢᠭ ᠲᠤᠬᠢᠷᠠᠭᠤᠯᠪᠠ᠃ | ᠠᠵᠤ ᠠᠬᠤᠢ ᠶᠢᠨ ᠲᠦᠷᠦᠯ ᠵᠦᠢᠯ ᠢᠶᠠᠷ ᠠᠩᠭᠢᠯᠠᠪᠠᠯ᠂ ᠡᠩ ᠤᠨ ᠤᠯᠠᠨ ᠨᠡᠶᠢᠲᠡ ᠶᠢᠨ ᠲᠦᠰᠦᠪ ᠤᠨ | ᠵᠠᠷᠤᠯᠭ᠎ᠠ ᠶᠢᠨ ᠲᠤᠬᠢᠷᠠᠭᠤᠯᠭ᠎ᠠ ᠶᠢᠨ ᠪᠠᠶᠢᠳᠠᠯ ᠪᠤᠯ᠄ ᠴᠠᠯᠢᠩ ᠠᠰᠠᠷᠠᠮᠵᠢ ᠶᠢᠨ ᠵᠠᠷᠤᠯᠭ᠎ᠠ 88160 ᠲᠦᠮᠡᠨ | ᠲᠦᠭᠦᠷᠢᠭ᠂ ᠲᠠᠸᠠᠷ ᠪᠤᠯᠤᠨ ᠦᠢᠯᠡᠴᠢᠯᠡᠭᠡ ᠶᠢᠨ ᠵᠠᠷᠤᠯᠭ᠎ᠠ 49045 ᠲᠦᠮᠡᠨ ᠲᠦᠭᠦᠷᠢᠭ᠂ ᠬᠤᠪᠢ ᠬᠦᠮᠦᠨ | ᠪᠤᠯᠤᠨ ᠭᠡᠷ ᠪᠦᠯᠢ ᠶᠢᠨ ᠨᠦᠬᠦᠪᠦᠷᠢ ᠶᠢᠨ ᠵᠠᠷᠤᠯᠭ᠎ᠠ 33427 ᠲᠦᠮᠡᠨ ᠲᠦᠭᠦᠷᠢᠭ᠂ ᠦᠭᠴᠡᠭᠡᠨ ᠤ ᠬᠦᠦ | ᠮᠦᠩᠭᠦ ᠶᠢᠨ ᠵᠠᠷᠤᠯᠭ᠎ᠠ 4390 ᠲᠦᠮᠡᠨ ᠲᠦᠭᠦᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠨᠦᠬᠦᠪᠦᠷᠢ ᠶᠢᠨ ᠵᠠᠷᠤᠯᠭ᠎ᠠ 4390 ᠲᠦᠮᠡᠨ ᠲᠦᠭᠦᠷᠢᠭ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ | 8891 ᠲᠦᠮᠡᠨ ᠲᠦᠭᠦᠷᠢᠭ᠂ ᠪᠤᠰᠤᠳ ᠬᠦᠷᠦᠩᠭᠡ ᠶᠢᠨ ᠴᠢᠨᠠᠷᠲᠠᠢ ᠵᠠᠷᠤᠯᠭ᠎ᠠ 16074 ᠲᠦᠮᠡᠨ ᠲᠦᠭᠦᠷᠢᠭ᠂ | ᠪᠡᠯᠡᠳᠬᠡᠯ ᠪᠡᠯᠡ ᠮᠦᠩᠭᠦ 3400 ᠲᠦᠮᠡᠨ ᠲᠦᠭᠦᠷᠢᠭ᠃ | ᠴᠢᠳᠠᠮᠵᠢ ᠶᠢᠨ ᠲᠦᠷᠦᠯ ᠵᠦᠢᠯ ᠢᠶᠠᠷ ᠠᠩᠭᠢᠯᠠᠪᠠᠯ᠂ ᠡᠩ ᠤᠨ ᠤᠯᠠᠨ ᠨᠡᠶᠢᠲᠡ ᠶᠢᠨ ᠲᠦᠰᠦᠪ ᠤᠨ | ᠵᠠᠷᠤᠯᠭ᠎ᠠ ᠶᠢᠨ ᠭᠤᠤᠯ ᠲᠦᠷᠦᠯ ᠪᠤᠯ᠄ ᠡᠩ ᠤᠨ ᠤᠯᠠᠨ ᠨᠡᠶᠢᠲᠡ ᠶᠢᠨ ᠦᠢᠯᠡᠴᠢᠯᠡᠭᠡ ᠶᠢᠨ ᠵᠠᠷᠤᠯᠭ᠎ᠠ 21732 | ᠲᠦᠮᠡᠨ ᠲᠦᠭᠦᠷᠢᠭ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 1701 ᠲᠦᠮᠡᠨ ᠲᠦᠭᠦᠷᠢᠭ︔ | ᠰᠤᠷᠭᠠᠨ ᠬᠦᠮᠦᠵᠢᠯ ᠤᠨ ᠵᠠᠷᠤᠯᠭ᠎ᠠ 64100 ᠲᠦᠮᠡᠨ ᠲᠦᠭᠦᠷᠢᠭ︔ ᠰᠢᠨᠵᠢᠯᠡᠭᠡ ᠮᠡᠷᠭᠡᠵᠢᠯ ᠤᠨ ᠵᠠᠷᠤᠯᠭ᠎ᠠ | 2715 ᠲᠦᠮᠡᠨ ᠲᠦᠭᠦᠷᠢᠭ᠂ ᠰᠤᠶᠤᠯ ᠲᠠᠮᠢᠷ ᠪᠤᠯᠤᠨ ᠵᠠᠭᠤᠴᠢᠯᠠᠭᠤᠷ ᠤᠨ ᠵᠠᠷᠤᠯᠭ᠎ᠠ 1725 ᠲᠦᠮᠡᠨ ᠲᠦᠭᠦᠷᠢᠭ | ︔ ᠨᠡᠶᠢᠭᠡᠮ ᠤᠨ ᠪᠠᠲᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 33664 ᠲᠦᠮᠡᠨ ᠲᠦᠭᠦᠷᠢᠭ︔ ᠡᠮ | ᠡᠮᠨᠡᠯᠭᠡ᠂ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠤᠨ ᠵᠠᠷᠤᠯᠭ᠎ᠠ 11639 ᠲᠦᠮᠡᠨ ᠲᠦᠭᠦᠷᠢᠭ︔ | ᠡᠨᠧᠷᠭᠢ ᠠᠷᠪᠢᠯᠠᠬᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠷᠤᠯᠭ᠎ᠠ 3753 ᠲᠦᠮᠡᠨ ᠲᠦᠭᠦᠷᠢᠭ︔ | ᠬᠤᠲᠠ ᠪᠠᠯᠭᠠᠰᠤᠨ ᠤ ᠨᠡᠶᠢᠭᠡᠮ ᠲᠤᠭᠤᠷᠢᠭ ᠤᠨ ᠵᠠᠷᠤᠯᠭ᠎ᠠ 23287 ᠲᠦᠮᠡᠨ ᠲᠦᠭᠦᠷᠢᠭ᠂ ᠲᠠᠷᠢᠶᠠᠯᠠᠩ᠂ ᠤᠢ | ᠰᠢᠭᠤᠢ᠂ ᠤᠰᠤᠨ ᠠᠰᠢᠭᠯᠠᠯᠲᠠ ᠶᠢᠨ ᠵᠠᠷᠤᠯᠭ᠎ᠠ 8112 ᠲᠦᠮᠡᠨ ᠲᠦᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠵᠠᠷᠤᠯᠭ᠎ᠠ 1689 ᠲᠦᠮᠡᠨ ᠲᠦᠭᠦᠷᠢᠭ᠂ ᠡᠬᠢ ᠪᠠᠶᠠᠯᠢᠭ ᠤᠨ ᠬᠠᠶᠢᠨ ᠬᠡᠮᠵᠢᠬᠦ᠂ ᠰᠤᠷᠠᠭ ᠵᠠᠩᠭᠢ ᠵᠡᠷᠭᠡ ᠶᠢᠨ | ᠵᠠᠷᠤᠯᠭ᠎ᠠ 282 ᠲᠦᠮᠡᠨ ᠲᠦᠭᠦᠷᠢᠭ᠂ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 935 | ᠲᠦᠮᠡᠨ ᠲᠦᠭᠦᠷᠢᠭ᠂ ᠭᠠᠵᠠᠷ ᠰᠢᠷᠤᠢ᠂ ᠳᠠᠯᠠᠢ ᠲᠠᠩᠭᠢᠰ᠂ ᠠᠭᠤᠷ ᠠᠮᠢᠰᠬᠤᠯ ᠵᠡᠷᠭᠡ ᠶᠢᠨ ᠵᠠᠷᠤᠯᠭ᠎ᠠ 36 ᠲᠦᠮᠡᠨ | ᠲᠦᠭᠦᠷᠢᠭ᠂ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 11952 ᠲᠦᠮᠡᠨ ᠲᠦᠭᠦᠷᠢᠭ᠂ ᠠᠮᠤ ᠲᠤᠰᠤ | ᠡᠳ᠋ ᠪᠠᠷᠠᠭᠠᠨ ᠤ ᠬᠠᠳᠠᠭᠠᠯᠠᠮᠵᠢ ᠶᠢᠨ ᠵᠠᠷᠤᠯᠭ᠎ᠠ 228 ᠲᠦᠮᠡᠨ ᠲᠦᠭᠦᠷᠢᠭ᠂ ᠵᠠᠰᠠᠭ ᠤᠨ ᠤᠷᠳᠤᠨ ᠤ ᠠᠯᠪᠠᠨ | ᠵᠢᠭᠡᠯᠡᠯᠭᠡ ᠶᠢᠨ ᠲᠡᠮᠳᠡᠭᠲᠦ ᠶᠢᠨ ᠬᠦᠦ ᠮᠦᠩᠭᠦ ᠶᠢᠨ ᠵᠠᠷᠤᠯᠭ᠎ᠠ 3050 ᠲᠦᠮᠡᠨ ᠲᠦᠭᠦᠷᠢᠭ᠂ ᠪᠡᠯᠡᠳᠬᠡᠯ ᠪᠡᠯᠡ | ᠮᠦᠩᠭᠦ 3400 ᠲᠦᠮᠡᠨ ᠲᠦᠭᠦᠷᠢᠭ᠃ | ︵ᠬᠤᠶᠠᠷ︶ 2016 ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ ᠤᠨ | ᠤᠷᠤᠯᠭ᠎ᠠ ᠵᠠᠷᠤᠯᠭ᠎ᠠ ᠶᠢᠨ ᠲᠤᠬᠢᠷᠠᠭᠤᠯᠭ᠎ᠠ | 2016 ᠤᠨ ᠳᠤ᠂ ᠪᠦᠬᠦ ᠲᠤᠭᠤᠷᠢᠭ ᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ | ᠤᠷᠤᠯᠭ᠎ᠠ ᠶᠢᠨ ᠲᠤᠬᠢᠷᠠᠭᠤᠯᠭ᠎ᠠ 106000 ᠲᠦᠮᠡᠨ ᠲᠦᠭᠦᠷᠢᠭ᠂ ᠳᠡᠭᠡᠷ᠎ᠡ ᠵᠢᠯ ᠠᠴᠠ 55083 ᠲᠦᠮᠡᠨ | ᠲᠦᠭᠦᠷᠢᠭ ᠨᠡᠮᠡᠭᠳᠡᠨ᠂ 108.2% ᠨᠡᠮᠡᠭᠳᠡᠵᠦ᠂ ᠤᠷᠤᠯᠭ᠎ᠠ ᠶᠢᠨ ᠭᠤᠤᠯ ᠢᠷᠡᠯᠲᠡ ᠨᠢ ᠡᠯ᠎ᠡ ᠬᠦᠷᠢᠶᠡᠯᠡᠩ | ᠲᠤᠭᠤᠷᠢᠭ ᠵᠢᠴᠢ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠴᠠ ᠪᠦᠷᠢᠯᠳᠦᠭᠰᠡᠨ | ᠭᠠᠵᠠᠷ ᠰᠢᠷᠤᠢ ᠶᠢ ᠬᠤᠳᠠᠯᠳᠤᠭᠰᠠᠨ ᠤᠷᠤᠯᠭ᠎ᠠ ᠪᠤᠯᠤᠨ᠎ᠠ︔ ᠵᠠᠰᠠᠭ ᠤᠨ ᠤᠷᠳᠤᠨ ᠤ ᠴᠢᠨᠠᠷᠲᠠᠢ ᠰᠠᠭᠤᠷᠢ | ᠮᠦᠩᠭᠦ ᠶᠢᠨ ᠨᠦᠬᠦᠪᠦᠷᠢ ᠶᠢᠨ ᠤᠷᠤᠯᠭ᠎ᠠ 48 ᠲᠦᠮᠡᠨ ᠲᠦᠭᠦᠷᠢᠭ︔ ᠳᠡᠭᠡᠷ᠎ᠡ ᠵᠢᠯ ᠤᠨ ᠦᠯᠡᠳᠡᠪᠦᠷᠢ 22127 | ᠲᠦᠮᠡᠨ ᠲᠦᠭᠦᠷᠢᠭ︔ ᠪᠦᠬᠦ ᠲᠤᠭᠤᠷᠢᠭ ᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ | ᠲᠦᠰᠦᠪ ᠤᠨ ᠵᠠᠷᠤᠯᠭ᠎ᠠ ᠶᠢᠨ ᠬᠠᠷᠠᠭᠠᠯᠵᠠᠭᠰᠠᠨ ᠲᠤᠬᠢᠷᠠᠭᠤᠯᠭ᠎ᠠ ᠨᠢ 128175 ᠲᠦᠮᠡᠨ ᠲᠦᠭᠦᠷᠢᠭ᠃ | ︵ᠭᠤᠷᠪᠠ︶ 2016 ᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ | ᠵᠠᠷᠤᠯᠭ᠎ᠠ ᠶᠢᠨ ᠲᠦᠰᠦᠪ ᠤᠨ ᠲᠤᠬᠢᠷᠠᠭᠤᠯᠭ᠎ᠠ | 2016 ᠤᠨ ᠳᠤ᠂ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ | ᠤᠷᠤᠯᠭ᠎ᠠ ᠶᠢᠨ ᠲᠤᠬᠢᠷᠠᠭᠤᠯᠭ᠎ᠠ 31201 ᠲᠦᠮᠡᠨ ᠲᠦᠭᠦᠷᠢᠭ᠃ ᠤᠷᠤᠯᠭ᠎ᠠ ᠶᠢᠨ ᠭᠤᠤᠯ ᠢᠷᠡᠯᠲᠡ ᠨᠢ | ᠳᠠᠭᠠᠳᠬᠠᠯ ᠤᠨ ᠰᠦᠢᠳᠬᠡᠯ᠂ ᠡᠳ᠋ ᠤᠨ ᠵᠠᠰᠠᠭ ᠤᠨ ᠨᠦᠬᠦᠪᠦᠷᠢ ᠪᠤᠯᠤᠨ ᠪᠡᠯᠡ ᠤᠷᠤᠭᠤᠯᠤᠯᠲᠠ ᠶᠢᠨ ᠦᠷ᠎ᠡ ᠠᠰᠢᠭ | ᠵᠡᠷᠭᠡ ᠪᠤᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠵᠠᠷᠤᠯᠭ᠎ᠠ ᠶᠢᠨ ᠲᠤᠬᠢᠷᠠᠭᠤᠯᠭ᠎ᠠ 29080 | ᠲᠦᠮᠡᠨ ᠲᠦᠭᠦᠷᠢᠭ᠂ ᠭᠤᠤᠯᠳᠠᠭᠤ ᠬᠤᠲᠠ ᠪᠠᠯᠭᠠᠰᠤᠨ ᠤ ᠰᠠᠭᠤᠭᠠᠯᠢ ᠠᠷᠠᠳ ᠪᠤᠯᠤᠨ ᠠᠵᠢᠯᠲᠠᠨ ᠠᠵᠢᠯᠴᠢᠨ ᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ | ᠳᠠᠭᠠᠳᠬᠠᠯ ᠤᠨ ᠵᠠᠷᠤᠯᠭ᠎ᠠ ᠳᠤ ᠬᠡᠷᠡᠭᠯᠡᠨ᠎ᠡ᠃ | ᠭᠤᠷᠪᠠ᠂ 2016 ᠤᠨ ᠳᠤ ᠡᠳ᠋ ᠤᠨ ᠵᠠᠰᠠᠭ ᠤᠨ ᠲᠦᠰᠦᠪ ᠤᠨ ᠡᠭᠦᠷᠭᠡ ᠶᠢ ᠪᠡᠶᠡᠯᠡᠭᠦᠯᠬᠦ ᠠᠵᠢᠯ ᠤᠨ | ᠠᠷᠭ᠎ᠠ | ︵ᠨᠢᠭᠡ︶ ᠡᠳ᠋ ᠮᠦᠩᠭᠦᠨ ᠤ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠠᠶᠢᠯᠢ ᠶᠢᠨ | ᠲᠠᠲᠠᠪᠤᠷᠢᠯᠠᠨ ᠬᠠᠮᠢᠶᠠᠷᠤᠯᠲᠠ ᠶᠢ ᠴᠢᠩᠭᠠᠳᠬᠠᠵᠤ᠂ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ | ᠤᠳᠤ ᠦᠶ᠎ᠡ ᠶᠢᠨ ᠪᠠᠷᠠᠭᠠᠨ ᠭᠦᠢᠯᠭᠡᠭᠡ᠂ ᠭᠠᠶᠢᠯᠢ ᠪᠠᠲᠤᠯᠠᠬᠤ ᠪᠠᠷᠠᠭᠠᠨ ᠭᠦᠢᠯᠭᠡᠭᠡ᠂ ᠡᠭᠦᠯᠡᠨ ᠪᠤᠳᠤᠯᠲᠠ᠂ | ᠡᠯᠧᠺᠲᠷᠤᠨ ᠬᠤᠳᠠᠯᠳᠤᠭᠠᠨ ᠶᠠᠪᠤᠳᠠᠯ ᠵᠡᠷᠭᠡ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ | ᠬᠦᠭᠵᠢᠭᠦᠯᠬᠦ ᠪᠠ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠵᠡᠷᠭᠡ | ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ | ᠬᠦᠭᠵᠢᠯᠲᠡ ᠳᠤ ᠠᠯᠢ ᠤᠯᠠᠨ ᠠᠰᠢᠭᠲᠠᠢ ᠨᠦᠬᠦᠴᠡᠯ ᠢ ᠬᠠᠩᠭᠠᠪᠠ᠂ ᠪᠢᠳᠡ ᠵᠠᠪᠰᠢᠶᠠᠨ ᠲᠤᠬᠢᠶᠠᠯ ᠢ ᠠᠳᠬᠤᠵᠤ᠂ | ᠰᠢᠨ᠎ᠡ ᠭᠠᠶᠢᠯᠢ ᠶᠢᠨ ᠨᠡᠮᠡᠭᠳᠡᠯ ᠴᠡᠭ ᠢ ᠶᠡᠭᠡ ᠬᠦᠴᠦᠨ ᠢᠶᠠᠷ ᠪᠤᠶᠢᠵᠢᠭᠤᠯᠤᠨ᠂ ᠮᠠᠨ ᠤ ᠲᠤᠭᠤᠷᠢᠭ ᠤᠨ ᠠᠰᠢᠭᠯᠠᠵᠤ | ᠪᠤᠯᠬᠤᠶᠢᠴᠠ ᠡᠳ᠋ ᠤᠨ ᠵᠠᠰᠠᠭ ᠤᠨ ᠬᠦᠴᠦᠨ ᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠭᠤᠤᠯᠳᠠᠯᠭ᠎ᠠ ᠲᠠᠢ | ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠶᠢᠯᠢ ᠶᠢᠨ ᠲᠠᠲᠠᠪᠤᠷᠢᠯᠠᠨ ᠬᠠᠮᠢᠶᠠᠷᠤᠯᠲᠠ ᠶᠢ | ᠬᠠᠤᠯᠢ ᠶᠤᠰᠤᠭᠠᠷ ᠳᠦᠷᠢᠮᠵᠢᠭᠦᠯᠵᠦ᠂ ᠤᠨᠴᠠᠭᠠᠶᠢᠯᠠᠨ ᠭᠤᠤᠯ ᠪᠤᠯᠬᠤ ᠭᠠᠶᠢᠯᠢ ᠶᠢᠨ ᠤᠷᠤᠯᠭ᠎ᠠ ᠶᠢᠨ ᠲᠠᠲᠠᠪᠤᠷᠢᠯᠠᠨ | ᠬᠠᠮᠢᠶᠠᠷᠤᠯᠲᠠ ᠶᠢ ᠴᠠᠭ ᠲᠤᠬᠠᠢ ᠳᠤᠨᠢ ᠭᠠᠶᠢᠯᠢ ᠶᠢᠨ ᠬᠦᠳᠡᠯᠦᠩᠭᠦᠢ ᠪᠠᠶᠢᠳᠠᠯ ᠢ ᠡᠵᠡᠮᠰᠢᠨ᠂ ᠬᠠᠮᠢᠶᠠᠷᠤᠯᠲᠠ ᠶᠢᠨ ᠭᠡᠮ | ᠰᠤᠭᠤᠭ ᠢ ᠠᠷᠢᠯᠭᠠᠵᠤ᠂ ᠡᠯ᠎ᠡ ᠲᠦᠷᠦᠯ ᠤᠨ ᠭᠠᠶᠢᠯᠢ ᠶᠢᠨ ᠬᠤᠷᠢᠶᠠᠯᠲᠠ ᠶᠢ ᠪᠠᠲᠤᠯᠠᠨ᠎ᠠ᠃ ᠤᠷᠤᠨ ᠪᠠᠶᠢᠷᠢ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠤᠲᠠ ᠲᠤᠭᠤᠷᠢᠭ ᠤᠨ ᠰᠢᠨᠡᠴᠢᠯᠡᠯᠲᠡ ᠪᠠ ᠨᠡᠭᠡᠭᠡᠯᠲᠡ ᠶᠢᠨ | ᠠᠰᠢᠭᠲᠠᠢ ᠲᠤᠬᠢᠶᠠᠯ ᠢ ᠠᠳᠬᠤᠵᠤ᠂ ᠭᠠᠵᠠᠷ ᠰᠢᠷᠤᠢ ᠪᠠ ᠬᠦᠷᠦᠩᠭᠡ ᠶᠢ ᠠᠮᠢᠳᠤᠯᠢᠭ ᠠᠰᠢᠭᠯᠠᠨ᠂ ᠬᠠᠮᠤᠭ ᠶᠡᠭᠡ | ᠦᠷ᠎ᠡ ᠠᠰᠢᠭ ᠢ ᠪᠡᠶᠡᠯᠡᠭᠦᠯᠦᠨ᠎ᠡ᠃ PPP ᠲᠦᠷᠦᠯ ᠬᠡᠯᠪᠡᠷᠢ ᠶᠢ ᠲᠦᠭᠡᠮᠡᠯᠵᠢᠭᠦᠯᠦᠨ᠂ ᠨᠡᠶᠢᠭᠡᠮ ᠤᠨ ᠪᠡᠯᠡ | ᠮᠦᠩᠭᠦ ᠶᠢᠨ ᠰᠠᠭᠤᠷᠢ ᠪᠦᠲᠦᠭᠡᠨ ᠪᠠᠶᠢᠭᠤᠯᠤᠯᠲᠠ ᠵᠢᠴᠢ ᠨᠡᠶᠢᠭᠡᠮ ᠤᠨ ᠠᠵᠢᠯ ᠦᠢᠯᠡᠰ ᠵᠡᠷᠭᠡ ᠬᠦᠷᠢᠶ᠎ᠡ | ᠬᠡᠪᠴᠢᠶᠡᠨ ᠤ ᠲᠦᠷᠦᠯ ᠵᠦᠢᠯ ᠳᠤ ᠤᠷᠤᠯᠴᠠᠬᠤ ᠶᠢ ᠵᠤᠷᠢᠭᠵᠢᠭᠤᠯᠤᠨ ᠵᠢᠯᠤᠭᠤᠳᠤᠨ᠎ᠠ᠃ | ︵ᠬᠤᠶᠠᠷ︶ ᠤᠯᠠᠨ ᠠᠷᠭ᠎ᠠ ᠮᠠᠶ᠋ᠢᠭ ᠢᠶᠠᠷ ᠪᠡᠯᠡ ᠴᠤᠭᠯᠠᠭᠤᠯᠤᠨ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠳᠡᠭᠡᠷ᠎ᠡ ᠱᠠᠲᠤᠨ ᠤ ᠪᠡᠯᠡ ᠮᠦᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠨ᠎ᠠ | ᠤᠯᠤᠰ᠂ ᠦᠪᠡᠷᠲᠡᠭᠡᠨ ᠵᠠᠰᠠᠬᠤ ᠤᠷᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠳᠠᠬᠢ ᠴᠢᠬᠤᠯᠠ ᠶᠡᠭᠡ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠳᠤᠯᠵᠤ᠂ ᠤᠯᠤᠰ ᠤᠨ | ᠦᠷᠭᠦᠯᠵᠢᠯᠡᠨ ᠬᠡᠷᠡᠭᠵᠢᠭᠦᠯᠬᠦ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠪᠤᠳᠠᠲᠠᠢ ᠠᠷᠭ᠎ᠠ | ᠠᠪᠴᠠᠯ ᠢ ᠪᠦᠬᠦ ᠲᠠᠯ᠎ᠠ ᠪᠠᠷ ᠡᠵᠡᠮᠰᠢᠨ᠂ ᠮᠠᠨ ᠤ ᠲᠤᠭᠤᠷᠢᠭ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠡᠯ᠎ᠡ | ᠲᠦᠷᠦᠯ ᠤᠨ ᠭᠤᠤᠯᠳᠠᠯᠭ᠎ᠠ ᠲᠠᠢ ᠲᠦᠷᠦᠯ ᠵᠦᠢᠯ ᠵᠢᠴᠢ ᠤᠯᠤᠰ ᠤᠨ ᠠᠵᠤ ᠦᠢᠯᠡᠰ ᠤᠨ ᠲᠦᠷᠦ ᠶᠢᠨ | ᠪᠤᠳᠤᠯᠭ᠎ᠠ ᠶᠢᠨ ᠵᠤᠯᠭᠠᠯᠲᠠ ᠶᠢ ᠪᠡᠶᠡᠯᠡᠭᠦᠯᠦᠨ᠂ ᠬᠠᠮᠤᠭ ᠶᠡᠭᠡ ᠬᠡᠮᠵᠢᠶ᠎ᠡ ᠪᠠᠷ ᠳᠡᠭᠡᠷ᠎ᠡ ᠱᠠᠲᠤᠨ ᠤ ᠡᠳ᠋ ᠤᠨ | ᠵᠠᠰᠠᠭ ᠤᠨ ᠪᠡᠯᠡ ᠮᠦᠩᠭᠦᠨ ᠤ ᠳᠡᠮᠵᠢᠯᠭᠡ ᠤᠯᠬᠤ ᠪᠠᠷ ᠴᠢᠷᠮᠠᠶᠢᠨ᠎ᠠ︔ ᠤᠯᠤᠰ ᠤᠨ ᠰᠢᠶᠠᠨ ᠤ ᠳᠡᠰ ᠤᠨ | ᠦᠨᠳᠦᠰᠦᠨ ᠡᠳ᠋ ᠤᠨ ᠵᠠᠰᠠᠭ ᠤᠨ ᠬᠦᠴᠦᠨ ᠤ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠬᠦ ᠶᠢ | ᠭᠦᠨᠵᠡᠭᠡᠢ ᠰᠤᠳᠤᠯᠤᠨ᠂ ᠪᠡᠯᠡ ᠮᠦᠩᠭᠦ ᠶᠢ ᠲᠦᠯᠦᠪᠦᠷᠢᠯᠡᠬᠦ ᠪᠠ ᠰᠢᠯᠵᠢᠭᠦᠯᠬᠦ ᠠᠵᠢᠯ ᠤᠨ ᠬᠦᠴᠦᠯᠡᠴᠡ ᠪᠠᠨ | ᠴᠢᠷᠮᠠᠶᠢᠨ ᠨᠡᠮᠡᠭᠳᠡᠭᠦᠯᠦᠨ᠎ᠡ︔ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠲᠤᠭ᠎ᠠ | ᠬᠡᠮᠵᠢᠶ᠎ᠡ ᠶᠢ ᠴᠢᠷᠮᠠᠶᠢᠨ ᠨᠡᠮᠡᠭᠳᠡᠭᠦᠯᠵᠦ᠂ ᠮᠠᠨ ᠤ ᠲᠤᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠵᠠᠷᠤᠯᠭ᠎ᠠ ᠳᠤ ᠬᠡᠷᠡᠭᠯᠡᠨ᠂ ᠮᠠᠨ ᠤ ᠲᠤᠭᠤᠷᠢᠭ ᠤᠨ ᠡᠳ᠋ ᠤᠨ ᠵᠠᠰᠠᠭ ᠤᠨ | ᠵᠠᠷᠤᠯᠭ᠎ᠠ ᠶᠢᠨ ᠳᠠᠷᠤᠯᠲᠠ ᠶᠢ ᠨᠠᠮᠬᠠᠳᠬᠠᠨᠠ᠃ | ︵ᠭᠤᠷᠪᠠ︶ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠢ ᠪᠦᠬᠦ | ᠬᠦᠴᠦᠨ ᠢᠶᠠᠷ ᠪᠠᠲᠤᠯᠠᠬᠤ ᠪᠠ ᠰᠠᠶᠢᠵᠢᠷᠠᠭᠤᠯᠤᠨ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠵᠤᠬᠢᠴᠠᠩᠭᠤᠢ | ᠬᠦᠭᠵᠢᠯᠲᠡ ᠶᠢ ᠠᠬᠢᠭᠤᠯᠤᠨ᠎ᠠ | ︽ᠴᠠᠯᠢᠩ ᠢ ᠪᠠᠲᠤᠯᠠᠨ᠂ ᠡᠷᠭᠢᠯᠲᠡ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠬᠤ︾ ᠠᠵᠢᠯ ᠤᠨ | ᠱᠠᠭᠠᠷᠳᠠᠯᠭ᠎ᠠ ᠶᠤᠰᠤᠭᠠᠷ᠂ ᠡᠳ᠋ ᠤᠨ ᠵᠠᠰᠠᠭ ᠤᠨ ᠦᠨᠳᠦᠰᠦᠨ ᠵᠠᠷᠤᠯᠭ᠎ᠠ ᠪᠤᠯᠤᠨ ᠭᠤᠤᠯᠳᠠᠯᠭ᠎ᠠ ᠲᠠᠢ ᠵᠠᠷᠤᠯᠭ᠎ᠠ ᠶᠢ | ᠵᠤᠬᠢᠰᠲᠠᠢ ᠲᠤᠬᠢᠷᠠᠭᠤᠯᠤᠨ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢᠨ ᠲᠡᠩᠴᠡᠭᠦᠷᠢᠰᠢᠯ ᠢ | ᠠᠭᠠᠵᠢᠮ ᠢᠶᠠᠷ ᠪᠡᠶᠡᠯᠡᠭᠦᠯᠦᠨ᠎ᠡ᠃ ᠤᠯᠤᠰ ᠤᠨ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ | ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ | ᠠᠬᠢᠭᠤᠯᠤᠨ᠎ᠠ︔ ᠬᠦᠳᠡᠭᠡ ᠲᠤᠰᠬᠤᠨ ᠤ ︽ᠠᠷᠪᠠ ᠶᠢ ᠪᠦᠷᠬᠦᠭᠦᠯᠬᠦ︾ ᠪᠤᠯᠤᠨ ᠲᠢᠶᠧ ᠨᠠᠨ ᠤ ᠳᠦᠭᠦᠮ | ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠷᠠᠳ ᠤᠨ | ᠠᠮᠢᠳᠤᠷᠠᠯ ᠤᠨ ᠲᠦᠷᠦᠯ ᠵᠦᠢᠯ ᠳᠤ ᠪᠡᠯᠡ ᠮᠦᠩᠭᠦ ᠬᠦᠷᠦᠯᠴᠡᠬᠦᠶᠢᠴᠡ ᠬᠡᠮᠵᠢᠶ᠎ᠡ ᠪᠠᠷ ᠬᠠᠩᠭᠠᠬᠤ ᠶᠢ ᠪᠦᠬᠦ | ᠬᠦᠴᠦᠨ ᠢᠶᠠᠷ ᠪᠠᠲᠤᠯᠠᠨ᠂ ᠪᠡᠯᠡ ᠮᠦᠩᠭᠦ ᠴᠤᠭᠯᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠵᠠᠷᠤᠯᠭ᠎ᠠ ᠶᠢᠨ | ᠠᠬᠢᠴᠠ ᠪᠠᠨ ᠨᠡᠮᠡᠭᠳᠡᠭᠦᠯᠦᠨ᠂ ᠢᠨᠵᠧᠨᠧᠷᠢᠩ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠤᠨ᠎ᠠ︔ ᠰᠤᠷᠭᠠᠨ | ᠬᠦᠮᠦᠵᠢᠯ ᠢ ᠤᠷᠢᠳᠴᠢᠯᠠᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠨᠦᠬᠦᠴᠡᠯ ᠠᠨᠠᠢ | ᠰᠤᠷᠭᠠᠭᠤᠯᠢ ᠶᠢᠨ ᠦᠭᠡᠷᠡᠴᠢᠯᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ | ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠦ ᠬᠥᠭᠵᠢᠯᠲᠡ ᠶᠢᠨ ᠪᠠᠷᠢᠮᠵᠢᠶ᠎ᠠ ᠳᠤ ᠬᠦᠷᠬᠦ ᠶᠢ ᠪᠦᠬᠦ | ᠬᠦᠴᠦᠨ ᠢᠶᠠᠷ ᠠᠬᠢᠭᠤᠯᠤᠨ᠎ᠠ︔ ᠡᠮ ᠡᠮᠨᠡᠯᠭᠡ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠠᠵᠢᠯ ᠤᠯᠭᠤᠬᠤ | ᠵᠡᠷᠭᠡ ᠲᠠᠯ᠎ᠠ ᠶᠢᠨ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠭᠡᠷᠡᠴᠢᠯᠡᠯᠲᠡ ᠪᠤᠯᠤᠨ ᠡᠷᠡᠭᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢᠨ ᠪᠡᠯᠡ ᠮᠦᠩᠭᠦ ᠶᠢᠨ | ᠱᠠᠭᠠᠷᠳᠠᠯᠭ᠎ᠠ ᠶᠢ ᠬᠠᠩᠭᠠᠨ᠎ᠠ᠃ | ︵ᠳᠦᠷᠪᠡ︶ ᠡᠳ᠋ ᠤᠨ ᠵᠠᠰᠠᠭ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠬᠦ ᠲᠠᠯ᠎ᠠ ᠶᠢᠨ | ᠳᠦᠷᠢᠮᠵᠢᠭᠦᠨ᠂ ᠢᠯᠡ ᠲᠤᠳᠤ ᠲᠦᠰᠦᠪ ᠤᠨ ᠬᠠᠮᠢᠶᠠᠷᠤᠯᠲᠠ ᠶᠢᠨ ᠳᠦᠷᠢᠮ ᠢ ᠲᠦᠷᠭᠡᠪᠴᠢᠯᠡᠨ ᠪᠦᠲᠦᠭᠡᠨ | ᠪᠠᠶᠢᠭᠤᠯᠤᠨ᠎ᠠ | ᠨᠢᠭᠡ ᠳᠤ᠂ ᠲᠦᠰᠦᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠵᠠᠰᠠᠭ ᠤᠨ ᠤᠷᠳᠤᠨ ᠤ | ᠤᠷᠤᠯᠭ᠎ᠠ ᠪᠤᠯᠤᠨ ᠵᠠᠷᠤᠯᠭ᠎ᠠ ᠶᠢ ᠪᠦᠬᠦᠨ ᠢ ᠲᠦᠰᠦᠪ ᠤᠨ ᠬᠠᠮᠢᠶᠠᠷᠤᠯᠲᠠ ᠳᠤ ᠤᠷᠤᠭᠤᠯᠵᠤ᠂ ᠡᠩ ᠤᠨ ᠤᠯᠠᠨ | ᠨᠡᠶᠢᠲᠡ ᠶᠢᠨ ᠲᠦᠰᠦᠪ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ᠂ ᠨᠡᠶᠢᠭᠡᠮ ᠤᠨ | ᠳᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠬᠦᠷᠢᠶ᠎ᠡ ᠬᠡᠪᠴᠢᠶ᠎ᠡ ᠶᠢ | ᠲᠤᠳᠤᠷᠬᠠᠶᠢᠯᠠᠨ᠂ ᠬᠡᠪᠴᠢᠶ᠎ᠡ ᠲᠤᠳᠤᠷᠬᠠᠢ᠂ ᠬᠤᠪᠢᠶᠠᠷᠢᠯᠠᠯ ᠨᠢᠭᠲᠠ ᠵᠠᠰᠠᠭ ᠤᠨ ᠤᠷᠳᠤᠨ ᠤ ᠲᠦᠰᠦᠪ ᠤᠨ | ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ᠂ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠪᠤᠯᠭᠠᠬᠤ ᠠᠵᠢᠯ ᠢ | ᠦᠨᠡᠨᠬᠦ ᠰᠠᠶᠢᠲᠤᠷ ᠬᠢᠵᠦ᠂ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠪᠤᠯᠭᠠᠬᠤ ᠳᠦᠷᠢᠮ ᠢ | ᠲᠡᠭᠦᠯᠳᠡᠷᠵᠢᠭᠦᠯᠦᠨ᠂ ᠢᠯᠡ ᠪᠤᠯᠭᠠᠬᠤ ᠲᠦᠷᠦᠯ ᠵᠦᠢᠯ ᠢ ᠤᠯᠠᠮ ᠨᠠᠷᠢᠯᠢᠭ ᠪᠤᠯᠭᠠᠵᠤ᠂ ᠢᠯᠡ ᠪᠤᠯᠭᠠᠬᠤ | ᠠᠭᠤᠯᠭ᠎ᠠ ᠶᠢ ᠳᠦᠷᠢᠮᠵᠢᠭᠦᠯᠦᠨ᠂ ᠡᠳ᠋ ᠤᠨ ᠵᠠᠰᠠᠭ ᠤᠨ ᠲᠦᠰᠦᠪ ᠤᠨ ᠢᠯᠡ ᠲᠤᠳᠤ ᠴᠢᠨᠠᠷ ᠢ ᠲᠠᠰᠤᠷᠠᠯᠲᠠ ᠦᠭᠡᠢ | ᠨᠡᠮᠡᠭᠳᠡᠭᠦᠯᠦᠨ᠎ᠡ᠃ ᠭᠤᠷᠪᠠ ᠳᠤ᠂ ᠤᠳᠤ ᠪᠠᠶᠢᠭ᠎ᠠ ᠡᠳ᠋ ᠤᠨ ᠵᠠᠰᠠᠭ ᠤᠨ ᠪᠡᠯᠡ ᠮᠦᠩᠭᠦ ᠶᠢ ᠠᠮᠢᠳᠤᠯᠢᠭ ᠠᠰᠢᠭᠯᠠᠨ᠂ | ᠦᠯᠡᠳᠡᠪᠦᠷᠢ ᠪᠡᠯᠡ ᠮᠦᠩᠭᠦ ᠶᠢ ᠲᠤᠭᠲᠠᠮᠠᠯ ᠬᠤᠭᠤᠴᠠᠭ᠎ᠠ ᠲᠠᠢ ᠰᠢᠯᠵᠢᠭᠦᠯᠬᠦ ᠲᠤᠭᠲᠠᠴᠠ ᠶᠢ ᠪᠠᠶᠢᠭᠤᠯᠵᠤ᠂ ᠪᠡᠯᠡ | ᠮᠦᠩᠭᠦ ᠶᠢ ᠴᠤᠭᠯᠠᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠪᠡᠯᠡ ᠮᠦᠩᠭᠦ ᠶᠢᠨ ᠠᠰᠢᠭᠯᠠᠯᠲᠠ ᠶᠢᠨ ᠨᠤᠷᠮ᠎ᠠ ᠶᠢ | ᠳᠡᠭᠡᠭᠰᠢᠯᠡᠭᠦᠯᠦᠨ᠎ᠡ᠃ ᠳᠦᠷᠪᠡ ᠳᠤ᠂ ᠤᠯᠤᠰ ᠤᠨ ᠰᠠᠩ ᠤᠨ ᠲᠦᠪᠯᠡᠷᠡᠭᠦᠯᠦᠨ ᠬᠤᠷᠢᠶᠠᠵᠤ ᠲᠦᠯᠦᠪᠦᠷᠢᠯᠡᠬᠦ | ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠪᠡᠯᠡ ᠮᠦᠩᠭᠦ ᠶᠢᠨ | ᠰᠢᠭᠤᠳ ᠲᠦᠯᠦᠪᠦᠷᠢᠯᠡᠬᠦ ᠬᠦᠷᠢᠶ᠎ᠡ ᠬᠡᠪᠴᠢᠶ᠎ᠡ ᠶᠢ ᠦᠷᠭᠡᠳᠬᠡᠨ᠂ ᠪᠡᠯᠡ ᠮᠦᠩᠭᠦ ᠶᠢᠨ ᠲᠦᠯᠦᠪᠦᠷᠢᠯᠡᠬᠦ | ᠭᠤᠭᠴᠤᠭ᠎ᠠ ᠶᠢ ᠴᠦᠭᠡᠳᠬᠡᠵᠦ᠂ ᠡᠳ᠋ ᠤᠨ ᠵᠠᠰᠠᠭ ᠤᠨ ᠪᠡᠯᠡ ᠮᠦᠩᠭᠦ ᠶᠢᠨ ᠲᠦᠯᠦᠪᠦᠷᠢᠯᠡᠬᠦ ᠠᠵᠢᠯᠯᠠᠭ᠎ᠠ ᠶᠢ | ᠳᠦᠷᠢᠮᠵᠢᠭᠦᠯᠦᠨ᠎ᠡ᠃ ᠲᠠᠪᠤ ᠳᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ | ᠬᠦᠴᠦᠯᠡᠴᠡ ᠪᠠᠨ ᠨᠡᠮᠡᠭᠳᠡᠭᠦᠯᠦᠨ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠯᠬᠤᠮ | ᠳᠠᠷᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠎ᠡ᠃ ᠵᠢᠷᠭᠤᠭ᠎ᠠ ᠳᠤ᠂ ᠲᠦᠰᠦᠪ ᠤᠨ ᠪᠦᠲᠦᠮᠵᠢ ᠶᠢᠨ | ᠬᠠᠮᠢᠶᠠᠷᠤᠯᠲᠠ ᠶᠢᠨ ᠲᠤᠭᠲᠠᠴᠠ ᠶᠢ ᠪᠦᠷᠢᠨ ᠲᠦᠬᠦᠷ ᠪᠤᠯᠭᠠᠨ᠂ ᠪᠦᠬᠦ ᠶᠠᠪᠤᠴᠠ ᠶᠢᠨ ᠲᠦᠰᠦᠪ ᠤᠨ ᠪᠦᠲᠦᠮᠵᠢ ᠶᠢᠨ | ᠬᠠᠮᠢᠶᠠᠷᠤᠯᠲᠠ ᠶᠢᠨ ᠲᠤᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ᠎ᠠ᠃ ᠳᠤᠯᠤᠭ᠎ᠠ ᠳᠤ᠂ ᠭᠠᠵᠠᠷ ᠤᠷᠤᠨ ᠤ | ᠵᠠᠰᠠᠭ ᠤᠨ ᠤᠷᠳᠤᠨ ᠤ ᠦᠷᠢ ᠦᠭᠴᠡᠭᠡᠨ ᠤ ᠬᠠᠮᠢᠶᠠᠷᠤᠯᠲᠠ ᠶᠢ ᠳᠦᠷᠢᠮᠵᠢᠭᠦᠯᠦᠨ᠂ ᠵᠠᠰᠠᠭ ᠤᠨ ᠤᠷᠳᠤᠨ ᠤ ᠦᠷᠢ | ᠦᠭᠴᠡᠭᠡ ᠶᠢ ᠬᠡᠪᠴᠢᠶᠡᠵᠢᠭᠦᠯᠦᠨ ᠡᠵᠡᠮᠳᠡᠬᠦ ᠪᠠ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠵᠠᠰᠠᠭ ᠤᠨ | ᠤᠷᠳᠤᠨ ᠤ ᠦᠷᠢ ᠦᠭᠴᠡᠭᠡᠨ ᠤ ᠶᠠᠪᠤᠴᠠ ᠪᠠ ᠪᠡᠯᠡ ᠮᠦᠩᠭᠦ ᠶᠢᠨ ᠠᠰᠢᠭᠯᠠᠯᠲᠠ ᠶᠢ ᠴᠢᠩᠭ᠎ᠠ ᠬᠢᠵᠠᠭᠠᠷᠯᠠᠨ᠂ ᠦᠷᠢ | ᠦᠭᠴᠡᠭᠡᠨ ᠤ ᠠᠶᠤᠯ ᠲᠦᠭᠰᠢᠭᠦᠷᠢ ᠶᠢᠨ ᠤᠷᠢᠳᠴᠢᠯᠠᠨ ᠰᠡᠷᠭᠡᠶᠢᠯᠡᠯᠲᠡ ᠵᠢᠴᠢ ᠨᠠᠮᠬᠠᠳᠬᠠᠬᠤ ᠲᠤᠭᠲᠠᠴᠠ ᠶᠢ | ᠪᠠᠶᠢᠭᠤᠯᠤᠨ᠎ᠠ᠃ ᠨᠠᠢᠮᠠ ᠳᠤ᠂ ᠡᠳ᠋ ᠤᠨ ᠵᠠᠰᠠᠭ ᠤᠨ ᠬᠢᠨᠠᠨ ᠪᠠᠶᠢᠴᠠᠭᠠᠯᠲᠠ ᠵᠢᠴᠢ ᠦᠪᠡᠷ ᠪᠡᠶ᠎ᠡ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦᠶᠢᠯᠡ ᠵᠠᠰᠠᠭ ᠤᠨ ᠤᠷᠳᠤᠨ ᠤ ᠴᠢᠨᠠᠷᠲᠠᠢ ᠪᠡᠯᠡ ᠮᠦᠩᠭᠦ ᠪᠠ ᠡᠳ᠋ ᠤᠨ | ᠵᠠᠰᠠᠭ ᠤᠨ ᠡᠷᠭᠢᠯᠲᠡ ᠶᠢᠨ ᠪᠦᠬᠦ ᠶᠠᠪᠤᠴᠠ ᠳᠠᠬᠢ ᠬᠢᠨᠠᠨ ᠪᠠᠶᠢᠴᠠᠭᠠᠯᠲᠠ ᠶᠢᠨ ᠲᠤᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠠᠵᠢᠯ ᠤᠨ ᠬᠢᠨᠠᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠭᠦᠯᠦᠨ᠂ | ᠡᠳ᠋ ᠤᠨ ᠵᠠᠰᠠᠭ ᠤᠨ ᠠᠵᠢᠯ ᠤᠨ ᠳᠦᠷᠢᠮᠵᠢᠭᠦᠨ ᠡᠷᠭᠢᠯᠲᠡ ᠶᠢ ᠠᠬᠢᠭᠤᠯᠵᠤ᠂ ᠡᠳ᠋ ᠤᠨ ᠵᠠᠰᠠᠭ ᠤᠨ ᠠᠵᠢᠯᠲᠠᠨ ᠤ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠺᠠᠳ᠋ᠷ ᠢ ᠬᠦᠮᠦᠵᠢᠭᠦᠯᠦᠨ ᠪᠤᠯᠪᠠᠰᠤᠷᠠᠭᠤᠯᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠡᠳ᠋ ᠤᠨ ᠵᠠᠰᠠᠭ ᠤᠨ ᠠᠵᠢᠯ ᠤᠨ ᠲᠤᠰᠬᠠᠢ ᠪᠤᠯᠪᠠᠰᠤᠷᠠᠯ ᠢ ᠦᠷᠨᠢᠭᠦᠯᠦᠨ᠂ | ᠺᠠᠳ᠋ᠷ ᠤᠨ ᠠᠵᠢᠯ ᠤᠨ ᠴᠢᠳᠠᠪᠤᠷᠢ ᠪᠤᠯᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠦᠯᠦᠭᠡᠯᠡᠭᠴᠢᠳ ᠡ᠂ 2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠡᠬᠢᠯᠡᠯᠲᠡ ᠶᠢᠨ ᠤᠨ᠂ ᠡᠨᠡ ᠵᠢᠯ ᠤᠨ ᠡᠳ᠋ ᠤᠨ ᠵᠠᠰᠠᠭ ᠤᠨ | ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠶᠤᠮ᠃ ᠲᠤᠭᠤᠷᠢᠭ ᠤᠨ ᠨᠠᠮ ᠤᠨ | ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠪᠠ ᠲᠤᠭᠲᠠᠭᠠᠯ ᠢ ᠡᠷᠡᠰ ᠬᠡᠷᠡᠭᠵᠢᠭᠦᠯᠵᠦ᠂ ᠲᠤᠭᠤᠷᠢᠭ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ | ᠬᠢᠨᠠᠯᠲᠠ᠂ ᠠᠵᠢᠯ ᠤᠨ ᠬᠢᠨᠠᠯᠲᠠ ᠪᠠ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠦ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠪᠦᠬᠦ ᠵᠢᠯ ᠤᠨ ᠡᠳ᠋ ᠤᠨ ᠵᠠᠰᠠᠭ ᠤᠨ ᠲᠦᠰᠦᠪ ᠤᠨ ᠡᠭᠦᠷᠭᠡ ᠶᠢ | ᠪᠡᠶᠡᠯᠡᠭᠦᠯᠬᠦ ᠶᠢ ᠪᠠᠲᠤᠯᠠᠵᠤ᠂ ᠪᠦᠬᠦ ᠲᠤᠭᠤᠷᠢᠭ ᠤᠨ ᠠᠵᠤ ᠠᠬᠤᠢ ᠦᠷᠭᠦᠯᠵᠢᠯᠡᠨ ᠡᠷᠡᠭᠦᠯ ᠬᠦᠭᠵᠢᠬᠦ ᠳᠤ ᠰᠢᠨ᠎ᠡ | ᠬᠤᠪᠢ ᠨᠠᠮᠠᠷᠢ ᠦᠵᠡᠭᠦᠯᠦᠶ᠎ᠡ︕ | |